ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠬᠦ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/12/19
   ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢᠨ ᠲᠥᠯᠥᠭᠡ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠬᠦ ᠲᠤᠬᠠᠢ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃    ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠲᠦᠷᠭᠡᠳᠬᠡᠬᠦ ᠪᠣᠯ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠮᠥᠨ᠂ ᠲᠡᠷᠡ ᠨᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ︽ᠠᠷᠭ᠎ᠠ ᠬᠡᠮᠵᠢᠶ᠎ᠡ ᠨᠦᠭᠦᠳ︾ ᠲᠤ 5 ᠲᠠᠯ᠎ᠠ ᠶᠢᠨ 18 ᠵᠤᠷᠪᠤᠰ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠨᠢᠭᠡ ᠳᠤ᠂ ᠳᠣᠲᠣᠭᠠᠳᠤ ᠭᠠᠳᠠᠭᠠᠳᠤ ᠠᠷᠠᠯᠵᠢᠶᠠᠨ ᠤ ᠳᠦᠷᠢᠮ ᠲᠣᠭᠲᠠᠭᠠᠯ ᠤᠨ ᠵᠣᠯᠭᠠᠯᠳᠤᠨ ᠠᠭᠤᠰᠤᠯᠴᠠᠬᠤ ᠶᠢ ᠠᠬᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶᠠᠨ ᠤ ᠪᠠᠷᠢᠮᠵᠢᠶ᠎ᠠ ᠶᠢ ᠵᠣᠯᠭᠠᠭᠤᠯᠬᠤ ᠶᠢ ᠠᠬᠢᠭᠤᠯᠵᠤ᠂ ᠣᠯᠠᠨ ᠤᠯᠤᠰ ᠤᠨ ᠪᠠᠷᠢᠮᠵᠢᠶ᠎ᠠ ᠶᠢ ᠬᠤᠪᠢᠷᠠᠭᠤᠯᠬᠤ ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠰᠢᠯᠭᠠᠨ ᠪᠠᠶᠢᠴᠠᠭᠠᠬᠤ ᠭᠡᠷᠡᠴᠢᠯᠡᠭᠡ ᠶᠢ ᠵᠣᠯᠭᠠᠭᠤᠯᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ᠂ ︽ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠴᠠᠭ᠎ᠠ ᠶᠢᠨ ᠵᠥᠪᠳᠡᠯᠴᠡᠭᠡᠷ︾ ︵RCEP︶ ᠵᠡᠷᠭᠡ ᠪᠣᠷᠣ ᠲᠥᠯᠥᠪ ᠤᠨ ᠳᠣᠣᠷᠠᠬᠢ ᠬᠢᠵᠢᠭ ᠢ ᠰᠢᠯᠭᠠᠵᠤ ᠬᠢᠵᠢᠭ ᠢ ᠪᠠᠶᠢᠴᠠᠭᠠᠬᠤ᠂ ᠭᠡᠷᠡᠴᠢᠯᠡᠵᠦ ᠵᠥᠪᠰᠢᠶᠡᠷᠡᠬᠦ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢ ᠵᠣᠯᠭᠠᠭᠤᠯᠬᠤ ᠶᠢ ᠠᠬᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶᠠᠨ ᠤ ᠡᠬᠢ ᠪᠠᠶᠠᠯᠢᠭ ᠤᠨ ᠡᠯᠧᠮᠧᠨ᠋ᠲ ᠤᠨ ᠤᠷᠤᠭᠰᠢᠲᠠᠢ ᠭᠦᠢᠯᠭᠡᠭᠡ ᠶᠢ ᠠᠬᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶᠠᠨ ᠤ ᠦᠢᠯᠡᠳᠬᠦᠨ ᠤ ᠠᠳᠠᠯᠢ ᠱᠤᠭᠤᠮ ᠠᠳᠠᠯᠢ ᠪᠠᠷᠢᠮᠵᠢᠶ᠎ᠠ ᠠᠳᠠᠯᠢ ᠴᠢᠨᠠᠷ ᠢ ᠠᠬᠢᠭᠤᠯᠵᠤ᠂ ᠡᠯ᠎ᠡ ᠲᠠᠯ᠎ᠠ ᠶᠢᠨ ᠬᠢᠨ ᠢ ︽ᠭᠤᠷᠪᠠᠨ ᠠᠳᠠᠯᠢ︾ ᠭᠡᠷᠡᠴᠢᠯᠡᠯ ᠤᠨ ᠦᠷ᠎ᠡ ᠳ᠋ᠦᠩ ᠢ ᠦᠨᠡᠮᠰᠢᠬᠦ ᠶᠢ ᠵᠣᠷᠢᠭᠵᠢᠭᠤᠯᠤᠨ᠎ᠠ᠃ ᠬᠤᠶᠠᠷ ᠲᠤ᠂ ᠳᠣᠲᠣᠭᠠᠳᠤ ᠭᠠᠳᠠᠭᠠᠳᠤ ᠠᠷᠠᠯᠵᠢᠶᠠᠨ ᠤ ᠵᠠᠬ᠎ᠠ ᠳᠡᠯᠭᠡᠭᠦᠷ ᠤᠨ ᠠᠷᠭ᠎ᠠ ᠵᠠᠮ ᠢ ᠵᠣᠯᠭᠠᠭᠤᠯᠬᠤ ᠶᠢ ᠠᠬᠢᠭᠤᠯᠤᠨ᠎ᠠ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠶᠢᠨ ᠵᠠᠬ᠎ᠠ ᠳᠡᠯᠭᠡᠭᠦᠷ ᠢᠶᠠᠨ ᠥᠷᠭᠡᠳᠬᠡᠬᠦ ᠶᠢ ᠲᠡᠮᠵᠢᠵᠤ᠂ ᠭᠠᠳᠠᠭᠠᠳᠤ ᠠᠷᠠᠯᠵᠢᠶᠠᠨ ᠤ ᠰᠢᠯᠢᠳᠡᠭ ᠦᠢᠯᠡᠳᠬᠦᠨ ᠢ ᠳᠣᠲᠣᠭᠠᠳᠤ ᠳᠠᠭᠠᠨ ᠪᠣᠷᠣᠯᠠᠭᠤᠯᠬᠤ ᠶᠢ ᠥᠷᠭᠡᠳᠬᠡᠬᠦ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠎ᠡ᠃ ᠳᠣᠲᠣᠭᠠᠳᠤ ᠠᠷᠠᠯᠵᠢᠶᠠᠨ ᠤ ᠠᠵᠤ ᠠᠬᠤᠶᠢᠯᠠᠯ ᠤᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ᠂ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠠᠷᠠᠯᠵᠢᠶ᠎ᠠ ᠵᠡᠷᠭᠡ ᠠᠷᠭ᠎ᠠ ᠮᠠᠶ᠋ᠢᠭ ᠢ ᠬᠡᠷᠡᠭᠯᠡᠨ ᠣᠯᠠᠨ ᠤᠯᠤᠰ ᠤᠨ ᠵᠠᠬ᠎ᠠ ᠳᠡᠯᠭᠡᠭᠦᠷ ᠢ ᠥᠷᠭᠡᠳᠬᠡᠬᠦ ᠶᠢ ᠳᠠᠮᠵᠢᠨ᠎ᠠ᠃ ᠲᠠᠪᠴᠠᠩ ᠤᠨ ᠰᠣᠯᠢᠯᠴᠠᠭ᠎ᠠ ᠵᠣᠯᠭᠠᠯᠴᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠵᠣᠯᠭᠠᠯᠴᠠᠭ᠎ᠠ ᠶᠢ ᠠᠬᠢᠭᠤᠯᠤᠨ᠎ᠠ᠃ ᠭᠤᠷᠪᠠ ᠳᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠮᠡᠳᠡᠯᠭᠡ ᠶᠢᠨ ᠥᠮᠴᠢᠯᠡᠯ ᠤᠨ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠵᠤ᠂ ᠡᠷᠬᠡ ᠳᠤ ᠬᠠᠯᠳᠠᠨ ᠬᠠᠭᠤᠷᠮᠠᠭ ᠮᠠᠭᠤ ᠲᠠᠸᠠᠷ ᠦᠢᠯᠡᠳᠪᠦᠷᠢᠯᠡᠨ ᠪᠣᠷᠣᠯᠠᠭᠤᠯᠬᠤ ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠢᠲᠡᠭᠡᠮᠵᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠠᠬᠢᠭᠤᠯᠤᠨ᠎ᠠ᠃ ᠪᠠᠷᠠᠭᠠᠨ ᠤ ᠭᠦᠢᠯᠭᠡᠭᠡ ᠶᠢᠨ ᠳᠥᠭᠦᠮ ᠲᠦᠷᠭᠡᠨ ᠴᠢᠨᠠᠷ ᠢ ᠳᠡᠭᠡᠭᠰᠢᠯᠡᠭᠦᠯᠵᠦ᠂ ᠳᠠᠯᠠᠢ ᠳᠠᠭᠠᠤ ᠪᠠ ᠳᠣᠲᠣᠭᠠᠳᠤ ᠭᠤᠣᠯ ᠮᠥᠷᠡᠨ ᠤ ᠭᠠᠷᠠᠮ ᠤᠨ ᠲᠡᠮᠦᠷ ᠵᠠᠮ ᠤᠰᠤᠨ ᠵᠠᠮ ᠤᠨ ᠬᠠᠮᠲᠤᠷᠠᠭᠰᠠᠨ ᠲᠡᠭᠡᠭᠡᠪᠦᠷᠢ ᠶᠢ ᠲᠦᠷᠭᠡᠪᠴᠢᠯᠡᠨ ᠬᠥᠭᠵᠢᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠴᠢᠳᠠᠪᠤᠷᠢᠲᠠᠨ ᠤ ᠲᠤᠯᠭᠠᠭᠤᠷᠢᠯᠠᠯ ᠢ ᠴᠢᠩᠭᠠᠳᠬᠠᠵᠤ᠂ ᠰᠦᠯᠵᠢᠶᠡᠨ ᠳᠡᠭᠡᠷᠡᠬᠢ ᠪᠠ ᠪᠣᠳᠠᠲᠤ ᠴᠣᠭᠴᠠ ᠶᠢ ᠠᠭᠤᠰᠤᠯᠴᠠᠭᠤᠯᠬᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠬᠤ ᠴᠢᠳᠠᠪᠤᠷᠢᠲᠠᠨ ᠤ ᠰᠣᠯᠢᠯᠴᠠᠭ᠎ᠠ ᠶᠢ ᠵᠣᠯᠭᠠᠭᠤᠯᠬᠤ ᠲᠠᠪᠴᠠᠩ ᠢ ᠪᠠᠶᠢᠭᠤᠯᠤᠨ᠎ᠠ᠃ ᠳᠥᠷᠪᠡ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠳᠣᠲᠣᠭᠠᠳᠤ ᠭᠠᠳᠠᠭᠠᠳᠤ ᠠᠷᠠᠯᠵᠢᠶᠠᠨ ᠤ ᠠᠭᠤᠰᠤᠯᠴᠠᠨ ᠬᠥᠭᠵᠢᠬᠦ ᠶᠢ ᠲᠦᠷᠭᠡᠳᠬᠡᠨ᠎ᠡ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠲᠤᠷᠰᠢᠯᠲᠠ ᠶᠢᠨ ᠴᠡᠭ ᠤᠨ ᠠᠵᠢᠯ ᠢ ᠭᠦᠨᠵᠡᠭᠡᠶᠢᠷᠡᠭᠦᠯᠵᠦ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠬᠤᠯᠪᠣᠭᠳᠠᠯ ᠪᠦᠬᠦᠢ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠤᠨ᠎ᠠ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠠᠵᠤ ᠠᠬᠤᠶᠢᠯᠠᠯ ᠢ ᠪᠣᠶᠢᠵᠢᠭᠤᠯᠵᠤ᠂ ᠬᠠᠩᠭᠠᠯᠭ᠎ᠠ ᠶᠢᠨ ᠬᠡᠯᠬᠢᠶ᠎ᠡ ᠶᠢᠨ ᠭᠤᠣᠯᠯᠠᠬᠤ ᠠᠵᠤ ᠠᠬᠤᠶᠢᠯᠠᠯ ᠤᠨ ᠬᠡᠯᠬᠢᠶ᠎ᠡ ᠶᠢᠨ ᠡᠬᠢᠨ ᠤ ᠪᠠ ᠡᠴᠦᠰ ᠤᠨ ᠬᠡᠯᠬᠢᠶ᠎ᠡ ᠶᠢᠨ ᠠᠵᠤ ᠠᠬᠤᠶᠢᠯᠠᠯ ᠢ ᠳᠠᠶᠢᠴᠢᠯᠠᠨ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠢ ᠬᠠᠮᠵᠢᠯᠴᠠᠨ ᠨᠡᠭᠡᠭᠡᠬᠦ ᠶᠢ ᠳᠡᠮᠵᠢᠨ᠎ᠡ᠃ ᠳᠣᠲᠣᠭᠠᠳᠤ ᠭᠠᠳᠠᠭᠠᠳᠤ ᠠᠷᠠᠯᠵᠢᠶ᠎ᠠ ᠶᠢ ᠠᠭᠤᠰᠤᠯᠴᠠᠭᠤᠯᠤᠨ ᠬᠥᠭᠵᠢᠭᠦᠯᠬᠦ ᠠᠵᠤ ᠦᠢᠯᠡᠰ ᠤᠨ ᠪᠦᠯᠦᠭᠵᠢᠯ ᠢ ᠪᠣᠶᠢᠵᠢᠭᠤᠯᠵᠤ᠂ ᠳᠤᠮᠳᠠ ᠬᠡᠰᠡᠭ ᠪᠠᠷᠠᠭᠤᠨ ᠬᠡᠰᠡᠭ ᠤᠨ ᠭᠠᠵᠠᠷ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ  ᠲᠦᠪᠰᠢᠨ ᠢ ᠳᠡᠭᠡᠭᠰᠢᠯᠡᠭᠦᠯᠦᠨ᠎ᠡ᠃ ᠳᠣᠲᠣᠭᠠᠳᠤ ᠭᠠᠳᠠᠭᠠᠳᠤ ᠠᠷᠠᠯᠵᠢᠶᠠᠨ ᠤ ᠲᠦᠷᠦᠯ ᠲᠡᠮᠳᠡᠭ ᠤᠨ ᠪᠠᠶᠢᠭᠤᠯᠤᠯᠲᠠ ᠶᠢ ᠲᠦᠷᠭᠡᠳᠬᠡᠵᠦ᠂ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠶ᠎ᠡ ᠪᠠᠨ ᠳᠠᠭᠠᠭᠠᠭᠰᠠᠨ ᠲᠦᠷᠦᠯ ᠲᠡᠮᠳᠡᠭ ᠢᠶᠠᠨ ᠪᠣᠶᠢᠵᠢᠭᠤᠯᠬᠤ ᠶᠢ ᠳᠡᠮᠵᠢᠨ᠎ᠠ᠃ ᠲᠠᠪᠤ ᠳᠤ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠬᠤᠯᠪᠣᠭᠳᠠᠯ ᠪᠦᠬᠦᠢ ᠡᠳ᠋ ᠤᠨ ᠵᠠᠰᠠᠭ ᠤᠨ ᠳᠡᠮᠵᠢᠯᠭᠡ ᠶᠢᠨ ᠲᠥᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠢᠳᠡᠪᠬᠢᠲᠡᠢ ᠳᠠᠮᠵᠢᠨ᠎ᠠ᠃ ᠢᠲᠡᠭᠡᠮᠵᠢ ᠶᠢᠨ ᠳᠠᠭᠠᠳᠬᠠᠯ ᠤᠨ ᠦᠢᠯᠡᠳᠦᠯ ᠢ ᠨᠠᠩ ᠰᠠᠶᠢᠲᠤᠷ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ ᠵᠠᠷᠴᠢᠮ ᠶᠣᠰᠣᠭᠠᠷ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠭᠰᠠᠨ ᠢᠲᠡᠭᠡᠮᠵᠢ ᠶᠢᠨ ᠳᠠᠭᠠᠳᠬᠠᠯ ᠤᠨ ᠶᠡᠷᠦᠩᠬᠡᠶᠢᠯᠡᠭᠰᠡᠨ ᠴᠢᠨᠠᠷᠲᠠᠢ ᠳᠡᠮᠵᠢᠯᠭᠡ ᠶᠢᠨ ᠡᠷᠴᠢᠮ ᠢ ᠴᠢᠩᠭᠠᠷᠠᠭᠤᠯᠤᠨ᠎ᠠ᠃ ᠮᠥᠩᠭᠦᠨ ᠭᠦᠢᠯᠭᠡᠭᠡᠨ ᠤ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠣᠲᠣᠭᠠᠳᠤ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠴᠢᠩᠭᠠᠷᠠᠭᠤᠯᠤᠨ᠎ᠠ᠃    ︽ᠠᠷᠭ᠎ᠠ ᠬᠡᠮᠵᠢᠶ᠎ᠡ ᠨᠦᠭᠦᠳ︾ ᠲᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠵᠤ᠂ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠬᠤ ᠶᠢ ᠬᠦᠯᠢᠶᠡᠰᠦᠯᠡᠵᠦ ᠪᠠᠶᠢᠭ᠎ᠠ ᠵᠠᠩᠭᠢᠯᠠᠭ᠎ᠠ ᠶᠢᠨ ᠲᠦᠭᠵᠢᠷᠡᠯ ᠢ ᠨᠠᠪᠲᠠᠷᠡᠭᠦᠯᠵᠦ᠂ ᠠᠵᠤ ᠠᠬᠤᠶᠢᠯᠠᠯ ᠤᠨ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ ᠲᠤ ᠰᠠᠭᠠᠳ ᠦᠭᠡᠢ ᠰᠣᠯᠢᠭᠳᠠᠬᠤ ᠳᠤ ᠬᠦᠴᠦᠨ ᠨᠡᠮᠡᠷᠢᠯᠡᠵᠦ᠂  ᠪᠣᠳᠠᠲᠠᠢ ᠰᠢᠪᠲᠤᠯᠤᠯᠲᠠ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠡᠯ᠎ᠡ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠢᠵᠢ ᠪᠦᠷᠢᠳᠦᠭᠦᠯᠬᠦ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠲᠤᠰ ᠭᠠᠵᠠᠷ ᠣᠷᠣᠨ ᠤ ᠳᠣᠲᠣᠭᠠᠳᠤ ᠭᠠᠳᠠᠭᠠᠳᠤ ᠠᠷᠠᠯᠵᠢᠶ᠎ᠠ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠶᠢ ᠶᠡᠭᠡ ᠪᠠᠷ ᠠᠬᠢᠭᠤᠯᠬᠤ ᠬᠡᠷᠡᠭᠲᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠠᠶᠢᠳᠠᠯ ᠤᠨ ᠬᠤᠪᠢᠷᠠᠯᠲᠠ ᠶᠢ ᠨᠢᠭᠲᠠ ᠮᠥᠷᠳᠡᠨ ᠵᠠᠳᠠᠯᠵᠤ᠂ ᠵᠣᠬᠢᠴᠠᠯᠳᠤᠨ ᠬᠠᠮᠵᠢᠯᠴᠠᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠨ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠵᠤ᠂ ᠡᠯ᠎ᠡ ᠭᠠᠵᠠᠷ ᠤᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号