ᠪᠣᠬᠢᠷᠳᠤᠯ ᠦᠭᠡᠢ ᠪᠠᠷ ᠵᠠᠬᠢᠶᠠᠯᠠᠭ᠎ᠠ ᠶᠢᠨ ᠬᠤᠭᠤᠯᠠ ᠬᠦᠷᠭᠡᠬᠦ ᠠᠩᠬᠠᠳᠠᠭᠴᠢ ᠤᠯᠤᠰ ᠤᠨ ᠪᠠᠷᠢᠮᠵᠢᠶ᠎ᠠ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2023/12/20
   ᠢᠳᠡᠭᠡᠨ ᠤᠮᠳᠠᠭᠠᠨ ᠤ ᠠᠵᠤ ᠠᠬᠤᠶᠢᠯᠠᠯ ᠢ ᠵᠢᠯᠣᠭᠤᠳᠤᠨ ᠪᠣᠬᠢᠷᠳᠤᠯ ᠦᠭᠡᠢ ᠪᠠᠷ ᠵᠠᠬᠢᠶᠠᠯᠠᠭ᠎ᠠ ᠶᠢᠨ ᠬᠤᠭᠤᠯᠠ ᠬᠦᠷᠭᠡᠬᠦ ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯᠯᠠᠭ᠎ᠠ ᠶᠢ ᠥᠷᠨᠢᠭᠦᠯᠵᠦ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠳᠤ ᠨᠠᠶᠢᠷᠰᠠᠭ ᠭᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ ᠲᠦᠷᠦᠭᠦᠬᠡᠨ ᠨᠡᠶᠢᠲᠡᠯᠡᠨ ᠬᠡᠷᠡᠭᠵᠢᠭᠦᠯᠦᠭᠰᠡᠨ︽ᠪᠣᠬᠢᠷᠳᠤᠯ ᠦᠭᠡᠢ ᠪᠠᠷ ᠵᠠᠬᠢᠶᠠᠯᠠᠭ᠎ᠠ ᠶᠢᠨ ᠬᠤᠭᠤᠯᠠ ᠬᠦᠷᠭᠡᠬᠦ ᠬᠠᠮᠢᠶᠠᠷᠤᠯᠲᠠ ᠶᠢᠨ ᠵᠢᠷᠤᠮᠵᠢᠯ︾ ᠤᠨ ᠲᠠᠨᠢᠯᠴᠠᠭᠤᠯᠭ᠎ᠠ ᠶᠢᠨ ᠴᠢᠨᠠᠷᠲᠠᠢ ᠤᠯᠤᠰ ᠤᠨ ᠪᠠᠷᠢᠮᠵᠢᠶ᠎ᠠ ᠳᠤ᠄  ᠵᠠᠬᠢᠶᠠᠯᠠᠭ᠎ᠠ ᠶᠢᠨ ᠬᠤᠭᠤᠯᠠ ᠬᠤᠳᠠᠯᠳᠤᠬᠤ ᠠᠵᠤ ᠠᠬᠤᠶᠢᠯᠠᠯ ᠡᠯ᠎ᠡ ᠵᠦᠢᠯ ᠤᠨ ᠪᠣᠭᠤᠳᠠᠯᠯᠠᠬᠤ ᠮᠠᠲ᠋ᠧᠷᠢᠶᠠᠯ ᠤᠨ ᠬᠡᠷᠡᠭᠯᠡᠬᠦ ᠬᠡᠮᠵᠢᠶ᠎ᠡ ᠪᠠᠨ ᠪᠠᠭᠠᠰᠬᠠᠵᠤ᠂ ᠣᠷᠴᠢᠨ ᠲᠣᠭᠤᠷᠢᠨ ᠢ ᠬᠠᠮᠠᠭᠠᠯᠠᠬᠤ ᠮᠠᠲ᠋ᠧᠷᠢᠶᠠᠯ ᠢᠶᠠᠷ ᠣᠷᠣᠯᠠᠭᠤᠯᠵᠤ᠂ ᠣᠷᠴᠢᠨ ᠲᠣᠭᠤᠷᠢᠨ ᠢ ᠪᠣᠬᠢᠷᠲᠤᠭᠤᠯᠬᠤ ᠠᠴᠠ ᠵᠠᠶᠢᠯᠠᠰᠬᠢᠬᠦ ᠪᠤᠶᠤ ᠪᠣᠬᠢᠷᠲᠤᠭᠤᠯᠬᠤ ᠶᠢ ᠪᠠᠭᠠᠰᠬᠠᠬᠤ ᠬᠡᠷᠡᠭᠲᠡᠢ ᠭᠡᠵᠦ ᠲᠣᠳᠣᠷᠬᠠᠶᠢᠯᠠᠪᠠ᠃    ᠪᠣᠳᠠᠲᠠᠢ ᠪᠠᠷ ᠠᠪᠴᠤ ᠦᠵᠡᠪᠡᠯ᠂  ᠭᠤᠣᠯᠳᠠᠭᠤ ᠵᠠᠬᠢᠶᠠᠯᠠᠭ᠎ᠠ ᠶᠢᠨ ᠬᠤᠭᠤᠯᠠ ᠶᠢᠨ ᠵᠦᠢᠯᠡᠰ ᠢ ᠦᠢᠯᠡᠳᠬᠦ᠂ ᠵᠠᠬᠢᠶᠠᠯᠠᠭ᠎ᠠ ᠶᠢᠨ ᠬᠤᠭᠤᠯᠠ ᠶᠢᠨ ᠵᠦᠢᠯ ᠤᠨ ᠬᠠᠩᠭᠠᠯᠭ᠎ᠠ ᠪᠠ ᠪᠣᠬᠢᠷᠳᠤᠯ ᠦᠭᠡᠢ ᠪᠠᠷ ᠬᠦᠷᠭᠡᠬᠦ  ᠵᠠᠬᠢᠶᠠᠯᠠᠭ᠎ᠠ ᠶᠢᠨ ᠬᠤᠭᠤᠯᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠬᠦ ᠭᠤᠷᠪᠠᠨ ᠭᠤᠭᠴᠤᠭ᠎ᠠ ᠶᠢᠨ ᠲᠣᠭᠤᠷᠢᠨ ᠳᠤ᠂ ᠬᠤᠭᠤᠯᠠ ᠶᠢᠨ ᠵᠦᠢᠯᠡᠰ ᠤᠨ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠬᠤᠭᠤᠯᠠ ᠪᠤᠯᠪᠠᠰᠤᠷᠠᠭᠤᠯᠬᠤ᠂ ᠬᠤᠭᠤᠯᠠ ᠬᠢᠬᠦ ᠪᠠ ᠬᠤᠭᠤᠯᠠᠨ ᠭᠡᠷ ᠤᠨ ᠡᠵᠡᠩᠨᠡᠯᠲᠡ᠂ ᠬᠤᠭᠤᠯᠠᠨ ᠤ ᠪᠣᠭᠤᠳᠠᠯ ᠪᠠᠭᠯᠠᠭ᠎ᠠ ᠬᠢᠭᠡᠳ ᠮᠠᠲ᠋ᠧᠷᠢᠶᠠᠯ ᠤᠨ ᠬᠡᠷᠡᠭᠯᠡᠯᠲᠡ᠂ ᠵᠠᠬᠢᠶᠠᠯᠠᠭ᠎ᠠ ᠶᠢᠨ ᠬᠤᠭᠤᠯᠠ ᠶᠢ ᠲᠣᠬᠢᠷᠠᠭᠤᠯᠤᠨ ᠬᠦᠷᠭᠡᠬᠦ᠂ ᠬᠤᠭ ᠨᠣᠪᠰᠢ ᠶᠢ ᠰᠢᠢᠳᠪᠦᠷᠢᠯᠡᠬᠦ᠂ ᠪᠣᠬᠢᠷᠳᠤᠯ ᠦᠭᠡᠢ  ᠪᠠᠷ ᠬᠦᠷᠭᠡᠬᠦ ᠵᠠᠬᠢᠶᠠᠯᠠᠭ᠎ᠠ ᠶᠢᠨ ᠬᠤᠭᠤᠯᠠ ᠶᠢᠨ ᠦᠵᠡᠭᠦᠯᠭᠡ᠂ ᠪᠣᠬᠢᠷᠳᠤᠯ ᠦᠭᠡᠢ ᠤᠬᠠᠭᠤᠯᠭ᠎ᠠ᠂ ᠪᠣᠬᠢᠷᠳᠤᠯ ᠦᠭᠡᠢ ᠶᠠᠰᠤ ᠴᠢᠨᠠᠷ ᠤᠨ ᠬᠠᠮᠢᠶᠠᠷᠤᠯᠲᠠ ᠵᠡᠷᠭᠡ ᠭᠤᠣᠯ ᠠᠭᠤᠯᠭ᠎ᠠ ᠳᠤ ᠬᠠᠮᠢᠶ᠎ᠠ ᠪᠦᠬᠦᠢ ᠱᠠᠭᠠᠷᠳᠠᠯᠭ᠎ᠠ ᠳᠤᠷᠠᠳᠴᠠᠢ᠃    ᠵᠢᠱᠢᠶᠡᠯᠡᠪᠡᠯ᠂ ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ ᠲᠠᠯ᠎ᠠ ᠪᠠᠷ᠂ ᠮᠥᠷᠳᠡᠵᠦ ᠪᠤᠯᠬᠤ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠲᠠ ᠶᠢᠨ ᠰᠢᠰᠲ᠋ᠧᠮ ᠢ  ᠪᠠᠶᠢᠭᠤᠯᠵᠤ᠂ ᠢᠳᠡᠭᠡᠨ ᠤ ᠮᠠᠲ᠋ᠧᠷᠢᠶᠠᠯ ᠤᠨ ᠬᠤᠷᠣᠭᠳᠠᠭᠤᠯᠤᠯ ᠢ ᠪᠠᠭᠠᠰᠬᠠᠬᠤ ᠭᠡᠷᠡᠭᠲᠡᠶ᠃ ᠬᠥᠮᠥᠨ ᠤ ᠪᠡᠶ᠎ᠡ ᠶᠢᠨ ᠡᠷᠡᠭᠦᠯ ᠮᠡᠨᠳᠦ ᠪᠠ ᠠᠮᠢ ᠠᠬᠤᠢ ᠣᠷᠴᠢᠨ ᠲᠣᠭᠤᠷᠢᠨ ᠳᠤ ᠤᠴᠠᠷᠠᠭᠤᠯᠬᠤ ᠬᠤᠣᠷ ᠬᠥᠨᠥᠭᠡᠯ ᠢᠶᠠᠷ ᠪᠠᠭ᠎ᠠ᠂ ᠡᠬᠢ ᠪᠠᠶᠠᠯᠢᠭ ᠡᠨᠧᠷᠭᠢ ᠶᠢᠨ ᠬᠤᠷᠣᠭᠳᠠᠭᠤᠯᠤᠯ ᠢᠶᠠᠷ ᠪᠠᠭ᠎ᠠ ᠪᠣᠭᠤᠳᠠᠯ ᠪᠠᠭᠯᠠᠭ᠎ᠠ ᠶᠢ ᠰᠣᠩᠭᠤᠨ ᠬᠡᠷᠡᠭᠯᠡᠨ᠎ᠡ᠃ ᠵᠠᠬᠢᠶᠠᠯᠠᠭ᠎ᠠ ᠶᠢᠨ ᠬᠤᠭᠤᠯᠠ ᠬᠦᠷᠭᠡᠬᠦ ᠲᠠᠯ᠎ᠠ ᠪᠠᠷ᠂ ᠵᠦᠢ ᠵᠣᠬᠢᠰᠲᠠᠢ ᠵᠠᠮ ᠱᠤᠭᠤᠮ᠂ ᠰᠢᠨᠵᠢᠯᠡᠬᠦ ᠤᠬᠠᠭᠠᠨᠴᠢ ᠲᠣᠨᠤᠭ ᠲᠥᠬᠦᠭᠡᠷᠦᠮᠵᠢ ᠶᠢ ᠰᠣᠩᠭᠤᠵᠤ᠂ ᠡᠨᠧᠷᠭᠢ ᠶᠢᠨ ᠬᠤᠷᠣᠭᠳᠠᠭᠤᠯᠤᠯ ᠢ ᠪᠠᠭᠠᠰᠬᠠᠬᠤ ᠬᠡᠷᠡᠭᠲᠡᠢ ᠭᠡᠵᠦ ᠱᠠᠭᠠᠷᠳᠠᠪᠠ᠃    ᠣᠶᠢᠷ᠎ᠠ ᠶᠢᠨ ᠵᠢᠯ ᠠᠴᠠ ᠨᠠᠭᠠᠰᠢ᠂ ᠵᠠᠬᠢᠶᠠᠯᠠᠭ᠎ᠠ ᠶᠢᠨ ᠬᠤᠭᠤᠯᠠ ᠨᠢ ᠨᠢᠭᠡᠨᠲᠡ ᠣᠲᠣ ᠦᠶ᠎ᠡ ᠶᠢᠨ ᠬᠥᠮᠥᠰ ᠤᠨ ᠬᠤᠭᠤᠯᠠ ᠢᠳᠡᠬᠦ ᠠᠰᠠᠭᠤᠳᠠᠯ ᠢ ᠰᠢᠢᠳᠪᠦᠷᠢᠯᠡᠬᠦ ᠴᠢᠬᠤᠯᠠ ᠭᠡᠯᠪᠡᠷᠢ ᠪᠣᠯᠵᠠᠢ᠃ ᠳᠤᠮᠳᠠᠳᠤ ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠲᠥᠪ ᠤᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠡᠨᠡ ᠵᠢᠯ ᠤᠨ 6 ᠰᠠᠷ᠎ᠠ ᠪᠤᠯᠲᠠᠯ᠎ᠠ᠂ ᠮᠠᠨ ᠤ ᠤᠯᠤᠰ ᠤᠨ ᠰᠦᠯᠵᠢᠶᠡᠨ ᠳᠡᠭᠡᠷᠡᠬᠢ ᠵᠠᠬᠢᠶᠠᠯᠠᠭ᠎ᠠ ᠶᠢᠨ ᠬᠤᠭᠤᠯᠠ ᠶᠢᠨ ᠬᠡᠷᠡᠭᠯᠡᠭᠴᠢ ᠶᠢᠨ ᠬᠡᠪᠴᠢᠶ᠎ᠡ 5.35 ᠳ᠋ᠦᠩᠰᠢᠭᠤᠷ ᠲᠤ ᠬᠦᠷᠴᠦ᠂ ᠰᠦᠯᠵᠢᠶᠡᠨ ᠢᠷᠭᠡᠳ ᠤᠨ ᠪᠦᠬᠦᠯᠢ ᠴᠣᠭᠴᠠ ᠶᠢᠨ 49.6% ᠶᠢ ᠡᠵᠡᠯᠡᠪᠡ᠃    ᠪᠠᠷᠢᠮᠵᠢᠶ᠎ᠠ ᠶᠢᠨ ᠨᠡᠶᠢᠲᠡᠯᠡᠭᠳᠡᠭᠰᠡᠨ ᠨᠢ ᠢᠳᠡᠭᠡᠨ ᠤᠮᠳᠠᠭᠠᠨ ᠤ ᠠᠵᠤ ᠠᠬᠤᠶᠢᠯᠠᠯ ᠤᠨ ᠪᠣᠬᠢᠷᠳᠤᠯ ᠦᠭᠡᠢ ᠪᠠᠷ ᠡᠵᠡᠩᠨᠡᠬᠦ ᠣᠷᠴᠢᠨ ᠲᠣᠭᠤᠷᠢᠨ ᠢ ᠬᠠᠮᠠᠭᠠᠯᠠᠬᠤ ᠬᠠᠩᠭᠠᠯᠭ᠎ᠠ ᠶᠢᠨ ᠬᠡᠯᠬᠢᠶ᠎ᠡ ᠶᠢᠨ ᠰᠢᠰᠲ᠋ᠧᠮ ᠢ ᠪᠠᠶᠢᠭᠤᠯᠬᠤ᠂ ᠪᠣᠭᠤᠳᠠᠯ ᠪᠠᠭᠯᠠᠭ᠎ᠠ ᠬᠡᠷᠡᠭᠯᠡᠬᠦ ᠬᠡᠮᠵᠢᠶ᠎ᠡ ᠶᠢ ᠪᠠᠭᠠᠰᠬᠠᠬᠤ ᠶᠢ ᠴᠢᠨᠠᠭᠰᠢᠳᠠ ᠠᠬᠢᠭᠤᠯᠬᠤ ᠵᠢᠴᠢ ᠬᠡᠷᠡᠭᠯᠡᠭᠴᠢᠳ ᠢ ᠵᠣᠬᠢᠬᠤ ᠬᠡᠮᠵᠢᠶ᠎ᠡ ᠪᠠᠷ ᠬᠤᠭᠤᠯᠠ ᠵᠠᠬᠢᠶᠠᠯᠠᠬᠤ ᠶᠢ ᠴᠢᠨᠠᠭᠰᠢᠳᠠ ᠬᠥᠲᠥᠯᠥᠨ ᠵᠢᠯᠤᠭᠤᠳᠴᠤ᠂ ᠪᠣᠬᠢᠷᠳᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠵᠡᠷᠭᠡ ᠶᠢ ᠪᠦᠷᠢᠯᠳᠦᠭᠦᠯᠬᠦ ᠨᠢ ︽ᠢᠳᠡᠭᠡᠨ ᠤᠮᠳᠠᠭᠠᠨ ᠢ ᠪᠦᠷᠢᠯᠭᠡᠨ ᠰᠦᠢᠳᠬᠡᠬᠦ︾ ᠶᠢ ᠬᠤᠷᠢᠭᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号