ᠪᠤᠭᠤᠲᠤ ᠨᠡᠶᠢᠭᠡᠮ ᠲᠣᠭᠤᠷᠢᠭ᠄ ᠣᠨᠴᠣᠭᠤᠢ ᠬᠥᠮᠦᠰ ᠢ ᠬᠠᠯᠠᠮᠵᠢᠯᠠᠨ ᠬᠠᠶᠢᠷᠠᠯᠠᠵᠤ ᠨᠡᠶᠢᠭᠡᠮ ᠲᠣᠭᠤᠷᠢᠭ ᠤᠨ ᠬᠠᠶᠢᠷ᠎ᠠ ᠬᠠᠯᠠᠮᠵᠢ ᠶᠢ ᠬᠦᠷᠳᠡᠭᠡᠵᠦ ᠪᠠᠶᠢᠨ᠎ᠠ
ᠨᠡᠶᠢᠲᠡᠯᠡᠭᠰᠡᠨ ᠴᠠᠭ᠄
2023/12/21
   ᠠᠯᠠᠱᠠ ᠵᠡᠭᠦᠨ ᠬᠤᠰᠢᠭᠤᠨ ᠤ ᠡᠮᠦᠨ᠎ᠡ ᠳᠣᠭᠤᠷᠢᠯᠳᠠ ᠵᠡᠭᠡᠯᠢ ᠭᠤᠳᠤᠮᠵᠢ ᠶᠢᠨ ᠪᠤᠭᠤᠲᠤ ᠨᠡᠶᠢᠭᠡᠮ ᠲᠣᠭᠤᠷᠢᠭ ᠡᠯ᠎ᠡ ᠲᠥᠷᠥᠯ ᠤᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠪᠠ ᠬᠠᠪᠰᠤᠷᠤᠨ ᠲᠡᠳᠬᠦᠬᠦ ᠠᠵᠢᠯᠯᠠᠭ᠎ᠠ ᠶᠢ ᠥᠷᠨᠢᠭᠦᠯᠵᠦ᠂ ᠨᠠᠷᠢᠯᠢᠭ ᠦᠢᠯᠡᠴᠢᠯᠡᠬᠦ ᠪᠠ ᠨᠡᠶᠢᠭᠡᠮ ᠤᠨ ᠲᠠᠯ᠎ᠠ ᠶᠢᠨ ᠬᠠᠯᠠᠮᠵᠢᠯᠠᠯ ᠢᠶᠠᠷ ᠳᠠᠮᠵᠢᠭᠤᠯᠤᠨ᠂ ᠣᠨᠴᠣᠭᠤᠢ ᠬᠥᠮᠦᠰ ᠢ ᠬᠦᠨᠳᠦᠳᠬᠡᠵᠦ᠂ ᠬᠠᠯᠠᠮᠵᠢᠯᠠᠨ ᠬᠠᠶᠢᠷᠠᠯᠠᠬᠤ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠪᠠ᠃
    ᠣᠶᠢᠷ᠎ᠠ ᠳᠤ᠂ ᠡᠮᠦᠨ᠎ᠡ ᠳᠣᠭᠤᠷᠢᠯᠳᠠ ᠵᠡᠭᠡᠯᠢ ᠭᠤᠳᠤᠮᠵᠢ ᠶᠢᠨ ᠪᠤᠭᠤᠲᠤ ᠨᠡᠶᠢᠭᠡᠮ ᠲᠣᠭᠤᠷᠢᠭ ᠨᠢ ᠨᠡᠶᠢᠬᠡᠮ ᠲᠣᠭᠤᠷᠢᠭ ᠤᠨ ᠵᠡᠮᠳᠡᠭᠴᠦᠳ ᠪᠠ  ᠨᠠᠰᠣᠳᠠᠶᠢᠴᠣᠳ ᠵᠡᠷᠭᠡ ᠪᠠᠭᠤᠷᠠᠢ ᠬᠥᠮᠦᠰ ᠢ ᠵᠣᠬᠢᠶᠠᠨ ᠪᠠᠶᠢᠭᠤᠯᠵᠦ᠂ ᠮᠡᠬᠡᠯᠡᠯ ᠪᠠ ᠵᠡᠮᠳᠡᠭᠴᠦᠳ ᠤᠨ ᠪᠡᠶ᠎ᠡ ᠪᠠᠨ ᠰᠣᠪᠢᠯᠠᠬᠤ ᠳᠣᠬᠠᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠢᠨ ᠬᠤᠸᠠ ᠵᠡᠭᠡᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠣᠳᠣᠬᠠᠨ ᠤ ᠰᠢᠨ᠎ᠡ ᠮᠡᠳᠡᠭᠡ ᠵᠠᠩᠭᠢ ᠪᠠᠷ ᠮᠡᠬᠡᠯᠡᠭᠰᠡᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠮᠡᠬᠡᠯᠡᠯ ᠢ ᠰᠡᠷᠭᠡᠶᠢᠯᠡᠬᠦ ᠳᠣᠬᠠᠢ ᠳᠥᠭᠦᠮ ᠣᠶᠢᠯᠠᠭᠠᠮᠵᠢᠲᠠᠶ ᠭᠦᠨᠵᠡᠭᠡᠶ ᠲᠠᠶᠢᠯᠪᠤᠷᠢᠯᠠᠨ ᠨᠠᠷᠢᠨ ᠵᠠᠳᠠᠯᠪᠠ᠃ ᠠᠯᠠᠱᠠ ᠶᠢᠨ ᠯᠦᠩ ᠰᠢᠶᠠᠩ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶᠠᠨ ᠤ ᠡᠷᠡᠬᠦᠯᠵᠢᠯ ᠤᠨ ᠡᠮᠴᠢ ᠨᠤᠭᠤᠰᠤ ᠨᠢ ᠭᠡᠮᠲᠦᠭᠰᠡᠨ ᠡᠪᠡᠳᠴᠢᠨ ᠤ ᠰᠢᠯᠲᠠᠭᠠᠨ᠂ ᠪᠡᠶ᠎ᠡ ᠮᠠᠬᠠᠪᠣᠳ ᠤᠨ ᠪᠣᠯᠪᠠᠰᠤᠷᠠᠯ᠂ ᠠᠮᠢᠳᠤᠷᠠᠯ ᠢᠶᠠᠨ ᠠᠷᠭᠠᠴᠠᠭᠠᠬᠤ ᠴᠢᠳᠠᠪᠤᠷᠢ ᠶᠢᠨ ᠪᠣᠯᠪᠠᠰᠤᠷᠠᠯ ᠵᠡᠷᠭᠡ ᠮᠡᠳᠡᠯᠭᠡ ᠶᠢ ᠲᠠᠶᠢᠯᠪᠤᠷᠢᠯᠠᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠢᠷᠡᠭᠰᠡᠨ ᠵᠡᠮᠳᠡᠭᠴᠦᠳ ᠲᠤ ᠲᠥᠬᠦᠮ ᠰᠤᠪᠢᠯᠠᠯᠲᠠ ᠬᠢᠪᠡ᠃
    ᠣᠳᠣᠬᠠᠨ ᠪᠣᠯᠲᠠᠯ᠎ᠠ᠂ ᠡᠮᠦᠨ᠎ᠡ ᠳᠣᠭᠤᠷᠢᠯᠳᠠ ᠵᠡᠭᠡᠯᠢ ᠭᠤᠳᠤᠮᠵᠢ ᠶᠢᠨ ᠪᠤᠭᠤᠲᠤ ᠨᠡᠶᠢᠭᠡᠮ ᠲᠣᠭᠤᠷᠢᠭ ᠤᠨ ᠬᠢᠨ ᠣᠨᠴᠣᠭᠤᠢ ᠬᠦᠮᠦᠰ ᠲᠤ ᠡᠯ᠎ᠡ ᠲᠥᠷᠥᠯ ᠤᠨ ᠤᠬᠠᠭᠤᠯᠭ᠎ᠠ ᠶᠢᠨ ᠠᠵᠢᠯᠯᠠᠭ᠎ᠠ ᠪᠠ ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ 26 ᠤᠳᠠᠭ᠎ᠠ ᠥᠷᠨᠢᠭᠦᠯᠪᠡ᠃ ᠡᠯ᠎ᠡ ᠲᠥᠷᠥᠯ ᠤᠨ ᠤᠬᠠᠭᠤᠯᠭ᠎ᠠ ᠵᠢᠴᠢ ᠵᠡᠮᠳᠡᠭᠴᠦᠳ ᠢ ᠲᠤᠰᠠᠯᠠᠬᠤ ᠠᠵᠢᠯᠯᠠᠭ᠎ᠠ ᠳᠤ ᠲᠦᠰᠢᠭᠯᠡᠨ᠂ ᠵᠡᠮᠳᠡᠭᠴᠦᠳ ᠢ ᠲᠤᠰᠠᠯᠠᠵᠤ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠬᠦᠷᠳᠡᠬᠡᠵᠦ᠂ ᠵᠡᠮᠳᠡᠭᠴᠦᠳ ᠲᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠴᠢᠷᠮᠠᠶᠢᠨ ᠨᠡᠪᠲᠡᠷᠡᠭᠦᠯᠵᠦ᠂ ᠪᠥᠬᠦ ᠨᠡᠶᠢᠭᠡᠮ ᠢᠶᠠᠷ ᠢᠶᠠᠨ ᠣᠨᠴᠣᠭᠤᠢ ᠬᠥᠮᠦᠰ ᠢ ᠬᠠᠯᠠᠮᠵᠢᠯᠠᠬᠤ᠂ ᠣᠨᠴᠣᠭᠤᠢ ᠬᠥᠮᠦᠰ ᠢ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠪᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号