ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ ᠨᠡᠶᠢᠲᠡᠯᠡᠭᠳᠡᠪᠡ
ᠨᠡᠶᠢᠲᠡᠯᠡᠭᠰᠡᠨ ᠴᠠᠭ᠄
2023/12/21
   ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ᠂ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠵᠡᠷᠭᠡ ᠭᠤᠷᠪᠠᠨ ᠰᠠᠯᠠᠭ᠎ᠠ ᠮᠥᠴᠢᠷ ᠬᠠᠮᠲᠤᠷᠠᠨ︽ᠮᠠᠰᠢᠨ ᠲᠡᠷᠭᠡ  ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠦᠢᠯᠡᠳᠬᠦᠨ ᠤ ᠮᠡᠷᠭᠡᠵᠢᠯ ᠤᠨ ᠱᠠᠭᠠᠷᠳᠠᠯᠭ᠎ᠠ ᠳᠤ ᠲᠣᠬᠢᠷᠠᠭᠤᠯᠤᠯᠲᠠ ᠬᠢᠬᠦ ᠲᠤᠬᠠᠢ ᠠᠯᠪᠠᠨ ᠵᠠᠷᠯᠠᠯ︾   ᠢ ᠳᠠᠷᠤᠮᠠᠯᠯᠠᠨ ᠲᠠᠷᠬᠠᠭᠠᠪᠠ᠂ 2024 ᠣᠨ ᠤ 1 ᠰᠠᠷ᠎ᠠ ᠶᠢᠨ 1 ᠠᠴᠠ ᠡᠬᠢᠯᠡᠨ᠂ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠭᠡᠯᠪᠡᠷᠢ ᠶᠢᠨ ᠭᠠᠷᠴᠠᠭ︾   ᠲᠤ ᠣᠷᠣᠬᠤ  ᠪᠠᠷ ᠭᠤᠶᠤᠴᠢᠯᠠᠭᠰᠠᠨ ᠲᠡᠷᠭᠡ ᠨᠢ ᠰᠢᠨ᠎ᠡ ᠡᠨᠧᠷᠭᠢ ᠶᠢᠨ ᠮᠠᠰᠢᠨ ᠲᠡᠷᠭᠡᠨ  ᠤ ᠮᠡᠷᠭᠡᠵᠢᠯ  ᠤᠨ ᠱᠠᠭᠠᠷᠳᠠᠯᠭ᠎ᠠ  ᠳᠤ ᠨᠡᠶᠢᠴᠡᠭᠰᠡᠨ ᠪᠠᠶᠢᠬᠤ ᠬᠡᠷᠡᠭᠲᠡᠢ ᠭᠡᠵᠦ ᠲᠣᠳᠣᠷᠬᠠᠶᠢᠯᠠᠪᠠ᠃    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠯᠪᠠᠨ ᠵᠠᠷᠯᠠᠯ ᠳᠤ ᠣᠲᠣ ᠶᠢᠨ ᠪᠠᠶᠢᠭ᠎ᠠ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠵᠣᠬᠢᠰᠲᠠᠢ ᠳᠡᠭᠡᠭᠰᠢᠯᠡᠭᠦᠯᠵᠦ᠂ ᠳᠣᠣᠷ᠎ᠠ ᠳᠤᠯᠠᠭᠠᠨ ᠳᠤ ᠵᠠᠮ ᠤᠨ ᠵᠠᠢ ᠪᠠᠭᠤᠷᠠᠬᠤ ᠮᠡᠷᠭᠡᠵᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠰᠢᠨ᠎ᠡ ᠪᠠᠷ ᠨᠡᠮᠡᠭᠳᠡᠭᠦᠯᠵᠦ᠂ ᠴᠠᠭᠢᠯᠭᠠᠨ ᠰᠣᠯᠢᠬᠤ ᠵᠠᠭᠪᠤᠷ ᠤᠨ ᠲᠡᠷᠭᠡᠨ ᠤ ᠲᠦᠷᠦᠯ ᠭᠡᠯᠪᠡᠷᠢ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠳᠣᠷᠬᠠᠢ ᠲᠣᠭᠲᠠᠭᠠᠪᠠ᠃ ᠡᠭᠦᠨ ᠳᠤ ᠴᠠᠭᠢᠯᠭᠠᠨ ᠰᠣᠯᠢᠬᠤ ᠵᠠᠭᠪᠤᠷ ᠤᠨ ᠮᠠᠰᠢᠨ ᠲᠡᠷᠭᠡ ᠨᠢ GB / T 40032︽ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡᠨ ᠤ ᠴᠠᠭᠢᠯᠭᠠᠨ ᠰᠣᠯᠢᠬᠤ ᠠᠮᠤᠷ ᠲᠦᠪᠰᠢᠨ ᠤ ᠱᠠᠭᠠᠷᠳᠠᠯᠭ᠎ᠠ︾ ᠶᠢᠨ ᠪᠠᠷᠢᠮᠵᠢᠶ᠎ᠠ ᠶᠢ ᠬᠠᠩᠭᠠᠬᠤ ᠶᠢᠨ ᠬᠠᠮᠲᠤ ᠭᠤᠶᠤᠴᠢᠯᠠᠨ ᠮᠡᠳᠡᠭᠦᠯᠦᠭᠰᠡᠨ ᠠᠵᠤ ᠠᠬᠤᠶᠢᠯᠠᠯ ᠢ ᠴᠠᠭᠢᠯᠭᠠᠨ ᠰᠣᠯᠢᠬᠤ ᠦᠢᠯᠡᠴᠢᠯᠡᠭᠡ ᠶᠢ ᠪᠠᠲᠤᠯᠠᠬᠤ ᠭᠡᠷᠡᠴᠢ ᠮᠠᠲ᠋ᠧᠷᠢᠶᠠᠯ ᠬᠠᠩᠭᠠᠬᠤ ᠶᠢ ᠱᠠᠭᠠᠷᠳᠠᠵᠠᠢ ᠭᠡᠵᠦ ᠢᠯᠡᠳᠬᠡᠪᠡ᠃    ᠠᠯᠪᠠᠨ ᠵᠠᠷᠯᠠᠯ ᠳᠤ᠂ 2024 ᠣᠨ ᠤ 1 ᠰᠠᠷ᠎ᠠ ᠶᠢᠨ 1 ᠠᠴᠠ 2024 ᠣᠨ ᠤ 5 ᠰᠠᠷ᠎ᠠ ᠶᠢᠨ 31 ᠤ ᠡᠳᠦᠷ ᠪᠤᠯᠲᠠᠯᠠᠭᠢ ᠬᠤᠭᠤᠴᠠᠭ᠎ᠠ ᠪᠣᠯ ᠰᠢᠯᠵᠢᠯᠲᠡ ᠶᠢᠨ ᠬᠤᠭᠤᠴᠠᠭ᠎ᠠ ᠪᠣᠯᠣᠨ᠎ᠠ᠃ 2024 ᠣᠨ ᠤ 1 ᠰᠠᠷ᠎ᠠ ᠶᠢᠨ 1 ᠠᠴᠠ ᠡᠬᠢᠯᠡᠨ᠂ 2023 ᠣᠨ ᠤ 12 ᠰᠠᠷ᠎ᠠ ᠶᠢᠨ 31 ᠠᠴᠠ ᠡᠮᠦᠨ᠎ᠡ ᠨᠢᠭᠡᠨᠲᠡ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠭᠡᠯᠪᠡᠷᠢ ᠶᠢᠨ ᠭᠠᠷᠴᠠᠭ︾ ᠲᠤ ᠣᠷᠣᠭᠰᠠᠨ ᠪᠥᠭᠡᠳ ᠬᠦᠴᠦᠨ ᠪᠦᠬᠦᠢ ᠲᠡᠷᠭᠡᠨ ᠤ ᠭᠡᠯᠪᠡᠷᠢ ᠶᠢ ︽ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠠᠰᠤᠵᠤ ᠬᠡᠯᠲᠦᠷᠢᠭᠦᠯᠬᠦ ᠶᠢ ᠬᠡᠷᠡᠭᠵᠢᠭᠦᠯᠬᠦ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠦᠷᠦᠯ ᠭᠡᠯᠪᠡᠷᠢ ᠶᠢᠨ ᠭᠠᠷᠴᠠᠭ︾ ᠲᠤ ᠠᠶᠠᠨᠳᠠᠭᠠᠨ ᠰᠢᠯᠵᠢᠭᠦᠯᠵᠦ᠂ ᠬᠠᠮᠢᠶ᠎ᠠ ᠪᠦᠬᠦᠢ ᠲᠡᠷᠭᠡᠨ ᠤ ᠲᠦᠷᠦᠯ ᠭᠡᠯᠪᠡᠷᠢ ᠶᠢᠨ ᠭᠠᠶᠢᠯᠢ ᠶᠢ ᠬᠠᠰᠤᠵᠤ ᠬᠡᠯᠲᠦᠷᠢᠭᠦᠯᠬᠦ ᠲᠡᠮᠳᠡᠭ᠂ ᠴᠠᠭᠢᠯᠭᠠᠨ ᠰᠣᠯᠢᠬᠤ ᠵᠠᠭᠪᠤᠷ ᠤᠨ ᠲᠡᠮᠳᠡᠭ᠂ ᠴᠠᠭᠢᠯᠭᠠᠨ ᠰᠣᠯᠢᠬᠤ ᠵᠠᠭᠪᠤᠷ ᠤᠨ ᠮᠠᠰᠢᠨ ᠲᠡᠷᠭᠡᠨ ᠤ ᠲᠦᠷᠦᠯ ᠭᠡᠯᠪᠡᠷᠢ᠂ ᠲᠦᠯᠡᠰᠢᠨ ᠳ᠋ᠢᠶᠠᠨ ᡂᠢ ᠶᠢᠨ ᠭᠡᠯᠪᠡᠷᠢ ᠵᠡᠷᠭᠡ ᠶᠢ ᠴᠠᠭ ᠲᠤᠬᠠᠢ ᠳᠤᠨᠢ ᠰᠦᠯᠵᠢᠶᠡᠨ ᠳᠤ ᠳᠠᠮᠵᠢᠭᠤᠯᠤᠨ ᠬᠠᠷᠠᠭᠠᠯᠵᠠᠭᠰᠠᠨ ᠭᠡᠷᠡᠴᠢ ᠮᠠᠲ᠋ᠧᠷᠢᠶᠠᠯ ᠢ  ᠨᠥᠬᠦᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃    ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠯᠪᠠᠨ ᠵᠠᠷᠯᠠᠯ ᠳᠤ ᠲᠣᠬᠢᠷᠠᠭᠤᠯᠤᠯᠲᠠ ᠬᠢᠭᠰᠡᠨ ᠭᠦᠢᠴᠡᠳᠬᠡᠯ ᠲᠤᠭ᠎ᠠ ᠨᠢ ᠨᠢᠭᠡᠨᠲᠡ ᠬᠡᠷᠡᠭᠵᠢᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠨᠥᠬᠦᠪᠦᠷᠢ᠂ ᠲᠦᠯᠡᠰᠢᠨ ᠳ᠋ᠢᠶᠠᠨ ᡂᠢ ᠶᠢᠨ ᠮᠠᠰᠢᠨ ᠲᠡᠷᠭᠡᠨ ᠤ ᠵᠢᠱᠢᠶ᠎ᠡ ᠦᠵᠡᠭᠦᠯᠭᠦ ᠬᠡᠷᠡᠭᠯᠡᠯᠲᠡ ᠵᠡᠷᠭᠡ ᠲᠥᠷᠥ ᠶᠢᠨ ᠪᠣᠳᠣᠯᠭ᠎ᠠ ᠪᠠᠷ ᠭᠦᠢᠴᠡᠳ ᠯᠠᠪᠯᠠᠯᠲᠠ ᠪᠤᠯᠭᠠᠬᠤ ᠶᠢᠨ ᠬᠠᠮᠲᠤ ᠰᠢᠯᠵᠢᠯᠲᠡ ᠶᠢᠨ ᠬᠤᠭᠤᠴᠠᠭ᠎ᠠ ᠶᠢ ᠤᠷᠢᠳᠴᠢᠯᠠᠨ ᠦᠯᠡᠳᠡᠭᠡᠭᠰᠡᠨ ᠪᠠᠶᠢᠨ᠎ᠠ᠃ ᠠᠵᠢᠯ ᠲᠥᠷᠥᠯ ᠳᠤ ᠦᠵᠡᠭᠦᠯᠭᠦ ᠨᠥᠯᠥᠭᠡ ᠶᠢ ᠬᠡᠯᠡᠪᠡᠯ᠂ ᠡᠨᠡ ᠨᠢ ᠮᠠᠰᠢᠨ ᠲᠡᠷᠭᠡᠨ ᠤ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ᠂ ᠮᠡᠷᠭᠡᠵᠢᠯ ᠤᠨ ᠳᠠᠪᠰᠢᠯᠲᠠ ᠪᠣᠯᠣᠨ ᠡᠨᠧᠷᠭᠢ ᠠᠷᠪᠢᠯᠠᠬᠤ ᠬᠡᠷᠡᠭᠯᠡᠭᠡ ᠶᠢ ᠬᠥᠲᠥᠯᠥᠨ ᠵᠢᠯᠤᠭᠤᠳᠬᠤ᠂ ᠦᠢᠯᠡᠳᠬᠦᠨ ᠤ ᠠᠶᠤᠯ ᠦᠭᠡᠢ ᠶᠢ ᠪᠠᠲᠤᠯᠠᠬᠤ ᠳᠤ ᠴᠥᠮ ᠠᠰᠢᠭᠲᠠᠢ ᠶᠤᠮ ᠭᠡᠵᠦ ᠢᠯᠡᠳᠬᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号