ᠠᠯᠠᠱᠠ ᠪᠠᠷᠠᠭᠤᠨ ᠬᠤᠰᠢᠭᠤ᠄ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠷᠠᠳ ᠲᠤ ᠲᠥᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠨ᠎ᠡ
ᠨᠡᠶᠢᠲᠡᠯᠡᠭᠰᠡᠨ ᠴᠠᠭ᠄
2023/12/25
   ᠵᠠᠰᠠᠭ ᠤᠨ ᠶᠠᠪᠤᠳᠠᠯ ᠤᠨ ᠦᠢᠯᠡᠴᠢᠯᠡᠭᠡ ᠪᠣᠯ ᠡᠵᠡᠩᠨᠡᠯᠲᠡ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠶᠢᠨ ᠵᠠᠩᠭᠢᠯᠠᠭ᠎ᠠ ᠮᠥᠨ᠃ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠡᠵᠡᠩᠨᠡᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠦᠭᠭᠦᠶ᠎ᠠ︾ ᠠᠵᠢᠯᠯᠠᠭ᠎ᠠ ᠲᠠᠢ ᠤᠶᠠᠯᠳᠤᠭᠤᠯᠤᠨ᠂ ︽ᠬᠢᠨᠠᠨ ᠵᠥᠪᠰᠢᠶᠡᠷᠡᠬᠦ ᠶᠠᠪᠤᠴᠠ ᠪᠠᠨ ᠰᠢᠯᠢᠳᠡᠭᠵᠢᠭᠦᠯᠦᠨ᠂ ᠦᠷ᠎ᠡ ᠪᠦᠲᠦᠮᠵᠢ  ᠶᠢ ᠥᠨᠳᠥᠷᠵᠢᠭᠦᠯᠵᠦ᠂ ᠦᠢᠯᠡᠴᠢᠯᠡᠭᠡ  ᠪᠠᠨ ᠰᠠᠶᠢᠵᠢᠷᠠᠭᠤᠯᠤᠨ᠂ ᠠᠵᠤ ᠠᠬᠤᠶᠢᠯᠠᠯ  ᠤᠨ ᠬᠦᠷᠲᠡᠮᠵᠢ ᠶᠢᠨ ᠲᠥᠷᠥᠭᠳᠡᠯ  ᠢ ᠨᠠᠩ ᠴᠢᠩᠭ᠎ᠠ ᠪᠤᠯᠭᠠᠬᠤ︾ ᠬᠠᠷᠠᠯᠲᠠ  ᠶᠢ ᠪᠣᠳᠠᠲᠠᠢ ᠨᠠᠶᠢᠳᠠᠪᠤᠷᠢᠵᠢᠭᠤᠯᠵᠤ ᠪᠠᠶᠢᠨ᠎ᠠ᠃    ᠣᠶᠢᠷ᠎ᠠ ᠳᠤ᠂ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠲᠠᠬᠢ ᠥᠯᠥ ᠬᠥᠳᠡᠯᠬᠦ ᠬᠥᠷᠥᠩᠭᠡ ᠶᠢᠨ ᠳᠠᠩᠰᠠᠯᠠᠯᠲᠠ ᠶᠢᠨ ᠲᠥᠪ ᠠᠴᠠ ᠴᠠᠭ ᠤᠷᠲᠤᠳᠬᠠᠨ ᠪᠣᠯᠵᠣᠬᠤ ᠠᠵᠢᠯ ᠤᠨ ᠠᠷᠭ᠎ᠠ ᠬᠡᠮᠵᠢᠶ᠎ᠡ ᠠᠪᠴᠤ᠂ ᠥᠪᠥᠷ ᠮᠣᠩᠭᠤᠯ ᠤᠨ ᠬᠤᠸᠠ ᠳ᠋ᠢᠶᠠᠨ ᠠᠯᠠᠱᠠ ᠶᠢᠨ ᠡᠨᠧᠷᠭᠢ ᠶᠢᠨ ᠬᠢᠵᠠᠭᠠᠷᠲᠤ ᠺᠤᠮᠫᠠᠨᠢ᠂ ᠵᠥᠩ ᠭᠤᠸᠠᠩ ᠴᠥᠮ᠎ᠡ ᠶᠢᠨ ᠰᠢᠨ᠎ᠡ ᠡᠨᠧᠷᠭᠢ ᠶᠢᠨ ᠠᠯᠠᠱᠠ ᠶᠢᠨ ᠬᠢᠵᠠᠭᠠᠷᠲᠤ ᠺᠤᠮᠫᠠᠨᠢ ᠵᠡᠷᠭᠡ ᠠᠵᠤ ᠠᠬᠤᠶᠢᠯᠠᠯ ᠳᠤ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠠᠩᠰᠠᠯᠠᠯᠲᠠ ᠶᠢᠨ ᠦᠨᠡᠮᠯᠡᠯ ᠣᠯᠭᠤᠵᠤ᠂ ᠠᠵᠤ ᠠᠬᠤᠶᠢᠯᠠᠯ ᠤᠨ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠠᠬᠢᠴᠠ ᠶᠢ ᠲᠦᠷᠭᠡᠳᠬᠡᠨ᠂ ᠪᠦᠭᠦ ᠬᠤᠰᠢᠭᠤᠨ ᠤ ᠭᠤᠣᠯᠳᠠᠯᠭ᠎ᠠ ᠲᠠᠢ ᠡᠨᠧᠷᠭᠢ ᠶᠢᠨ ᠠᠵᠤ ᠠᠬᠤᠶᠢᠯᠠᠯ ᠤᠨ ᠵᠠᠰᠠᠭ ᠤᠨ ᠶᠠᠪᠤᠳᠠᠯ ᠤᠨ ᠰᠢᠯᠢᠳᠡᠭ ᠦᠢᠯᠡᠴᠢᠯᠡᠭᠡ ᠶᠢ ᠪᠡᠶᠡᠴᠢᠯᠡᠨ ᠣᠶᠢᠯᠠᠭᠠᠬᠤ ᠶᠢ ᠪᠠᠲᠤᠯᠠᠭᠰᠠᠨ ᠪᠠᠶᠢᠨ᠎ᠠ᠃ ᠡᠶᠢᠮᠦᠷᠬᠦ ᠴᠠᠭ ᠤᠷᠲᠤᠳᠬᠠᠵᠤ ᠪᠣᠯᠵᠣᠬᠤ ᠦᠢᠯᠡᠴᠢᠯᠡᠭᠡ ᠨᠢ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠳᠤ ᠪᠠᠶᠢᠩᠭᠤ ᠬᠠᠷᠠᠭᠳᠠᠳᠠᠭ᠃ ᠥᠪᠥᠷ ᠮᠣᠩᠭᠤᠯ ᠤᠨ ᠬᠤᠸᠠ ᠳ᠋ᠢᠶᠠᠨ ᠠᠯᠠᠱᠠ ᠶᠢᠨ ᠡᠨᠧᠷᠭᠢ ᠶᠢᠨ ᠬᠢᠵᠠᠭᠠᠷᠲᠤ ᠺᠤᠮᠫᠠᠨᠢ ᠶᠢᠨ ᠠᠵᠢᠯᠲᠠᠨ ᠭᠦᠸᠧ ᠠᠪᠤᠭᠠᠢ᠄ ︽ᠵᠠᠰᠠᠭ ᠤᠨ ᠶᠠᠪᠤᠳᠠᠯ ᠤᠨ ᠶᠡᠭᠡ ᠲᠢᠩᠬᠢᠮ ᠪᠢᠳᠡᠨ ᠤ ᠠᠵᠢᠯ ᠢ ᠮᠠᠰᠢ ᠶᠡᠭᠡ ᠳᠡᠮᠵᠢᠵᠦ ᠪᠠᠶᠢᠨ᠎ᠠ᠃ ᠪᠢᠳᠡᠨ ᠤ ᠭᠦᠢᠴᠡᠳᠬᠡᠬᠦ ᠴᠢᠬᠤᠯᠠ ᠲᠠᠢ ᠭᠠᠷ ᠭᠦᠢᠴᠡᠳᠬᠡᠯ ᠨᠡᠯᠢᠶᠡᠳ ᠣᠯᠠᠨ ᠪᠠᠶᠢᠭ᠎ᠠ ᠲᠤᠯᠠ ᠠᠵᠢᠯᠲᠠᠳ ᠴᠠᠭ ᠨᠡᠮᠡᠵᠦ ᠠᠵᠢᠯᠯᠠᠳᠠᠭ᠃ ᠡᠨᠡ ᠨᠢ ᠪᠢᠳᠡᠨ ᠤ ᠴᠠᠭ ᠢ ᠮᠠᠰᠢ ᠠᠷᠪᠢᠯᠠᠵᠤ᠂ ᠠᠵᠤ ᠠᠬᠤᠶᠢᠯᠠᠯ ᠤᠨ ᠠᠵᠢᠯ ᠶᠠᠪᠤᠳᠠᠯ ᠢᠶᠠᠨ ᠰᠢᠢᠳᠪᠦᠷᠢᠯᠡᠬᠦ ᠳᠤ ᠴᠢᠨᠠᠷ ᠰᠠᠶᠢᠲᠠᠢ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠭᠰᠠᠨ ᠪᠠᠶᠢᠨ᠎ᠠ︾ ᠭᠡᠵᠡᠢ᠃    ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠦᠢᠯᠡᠴᠢᠯᠡᠭᠡᠨ ᠤ ᠵᠦᠢᠯᠡᠰ ᠢ ᠲᠡᠭᠦᠯᠳᠡᠷᠵᠢᠭᠦᠯᠬᠦ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠦᠢᠯᠡᠴᠢᠯᠡᠭᠡᠨ ᠤ ᠴᠢᠳᠠᠪᠬᠢ ᠶᠢ ᠳᠡᠭᠡᠭᠰᠢᠯᠡᠭᠦᠯᠭᠦ ᠲᠠᠯ᠎ᠠ ᠪᠠᠷ ᠪᠣᠳᠠᠲᠤ ᠦᠷ᠎ᠡ ᠪᠦᠲᠦᠮᠵᠢ ᠣᠯᠬᠤ ᠪᠠᠷ ᠬᠦᠴᠦᠯᠡᠨ᠂ ︽ᠨᠢᠭᠡ ᠯᠡ ᠡᠭᠦᠳᠡ ᠪᠠᠷ ᠣᠷᠣᠬᠤ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠨᠣᠯᠵᠢᠬᠤᠨ ᠢ ᠪᠤᠶ ᠪᠤᠯᠭᠠᠵᠤ᠂ ᠢᠯᠭᠠᠭ᠎ᠠ ᠦᠭᠡᠢ ᠭᠥᠯᠢᠶᠡᠨ ᠠᠪᠴᠤ ᠰᠢᠢᠳᠪᠦᠷᠢᠯᠡᠬᠦ ᠶᠡᠷᠦᠩᠬᠡᠶᠢᠯᠡᠭᠰᠡᠨ ᠴᠣᠩᠬᠤ ᠪᠠ ᠬᠡᠷᠡᠭ ᠶᠠᠪᠤᠳᠠᠯ ᠡᠷᠭᠢᠯᠡᠭᠦ ᠳᠦᠷᠦᠭᠦᠦ ᠲᠥᠯᠥᠭᠡᠯᠡᠭᠴᠢ ᠶᠢᠨ ᠳᠦᠷᠢᠮ ᠢ ᠠᠬᠢᠭᠤᠯᠪᠠ᠃ ᠬᠠᠪᠰᠤᠷᠤᠨ ᠭᠦᠢᠴᠡᠳᠬᠡᠬᠦ ᠬᠥᠲᠥᠯᠥᠨ ᠵᠢᠯᠤᠭᠤᠳᠬᠤ ᠡᠩᠨᠡᠭᠡ ᠶᠢ ᠵᠣᠬᠢᠶᠠᠨ ᠪᠠᠶᠢᠭᠤᠯᠵᠤ᠂ ︽ᠣᠷᠣᠨ ᠪᠦᠰᠡ ᠠᠯᠤᠰᠯᠠᠨ ᠨᠡᠶᠢᠳᠡᠮ ᠭᠦᠢᠴᠡᠳᠬᠡᠬᠦ︾ ᠲᠤᠰᠬᠠᠢ ᠴᠣᠩᠬᠤ ᠭᠠᠷᠭᠠᠨ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠶᠢᠨ ᠳᠠᠭᠠᠳᠬᠠᠯ᠂ ᠳᠣᠲᠣᠭᠠᠳᠤ ᠶᠢ ᠬᠠᠮᠠᠭᠠᠯᠠᠬᠤ ᠵᠡᠷᠭᠡ ᠠᠵᠢᠯ ᠲᠥᠷᠥᠯ᠂ ᠰᠠᠯᠠᠭ᠎ᠠ ᠮᠥᠴᠢᠷ ᠤᠨ 449 ᠵᠦᠢᠯ ᠢ ᠨᠡᠶᠢᠲᠡᠯᠡᠪᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠰᠤᠮᠤ ︵ᠪᠠᠯᠭᠠᠰᠤ︶᠂ ᠭᠠᠴᠠᠭ᠎ᠠ ︵ᠨᠡᠶᠢᠭᠡᠮ ᠲᠣᠭᠤᠷᠢᠭ︶ ᠲᠡᠶᠢᠰᠢ ᠤᠷᠲᠤᠳᠬᠠᠬᠤ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠢ ᠭᠤᠷᠪᠠᠨ ᠱᠠᠲᠤᠨ ᠳᠤ ᠪᠦᠷᠬᠦᠭᠦᠯᠬᠦ ᠶᠢ ᠪᠡᠶᠡᠯᠡᠭᠦᠯᠦᠨ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠢᠶᠠᠷ ᠦᠨᠳᠦᠰᠦᠨ ᠱᠠᠲᠤᠨ ᠤ ᠵᠠᠰᠠᠯᠲᠠ ᠶᠢ ᠠᠬᠢᠭᠤᠯᠪᠠ᠃ ᠠᠵᠤ ᠠᠬᠤᠶᠢᠯᠠᠯ ᠪᠠ ᠬᠤᠪᠢ ᠬᠥᠮᠥᠨ ᠤ ᠥᠨᠳᠥᠷ ᠳᠠᠪᠲᠠᠮᠵᠢᠲᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠨᠡᠶᠢᠲᠡ 154 ᠵᠦᠢᠯ ᠤᠨ ︽ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠢ ᠨᠡᠶᠢᠲᠡᠯᠡᠵᠦ᠂ ︽ᠨᠢᠭᠡ ᠤᠳᠠᠭ᠎ᠠ ᠪᠠᠷ ᠮᠡᠳᠡᠭᠦᠯᠬᠦ᠂ ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠨᠢᠭᠡ ᠤᠳᠠᠭ᠎ᠠ ᠳᠤ ᠰᠠᠶᠢᠲᠤᠷ ᠭᠦᠢᠴᠡᠳᠬᠡᠬᠦ︾ ᠶᠢ ᠬᠡᠷᠡᠭᠵᠢᠭᠦᠯᠪᠡ᠃    ᠴᠠᠭᠢᠯᠭᠠᠨ ᠬᠠᠩᠭᠠᠬᠤ ᠺᠤᠮᠫᠠᠨᠢ ᠶᠢᠨ ᠠᠵᠢᠯᠲᠠᠨ ᠴᠧᠨ ᠴᠢᠦ ᠵᠦ᠄ ︽ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ︿ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ﹀ ᠪᠠᠷ ᠳᠠᠮᠵᠢᠭᠤᠯᠤᠨ᠂ ᠤᠰᠤ᠂ ᠴᠠᠭᠢᠯᠭᠠᠨ᠂ ᠳᠤᠯᠠᠭᠠᠯᠠᠭ᠎ᠠ ᠶᠢᠨ ᠬᠠᠮᠲᠤᠷᠠᠨ ᠮᠡᠳᠡᠭᠦᠯᠵᠦ ᠤᠭᠰᠠᠷᠠᠭᠤᠯᠬᠤ ᠦᠢᠯᠡᠴᠢᠯᠡᠭᠡᠨ ᠢ ᠬᠤᠯᠪᠤᠭᠠᠯᠠᠨ ᠭᠦᠢᠴᠡᠳᠬᠡᠬᠦ ᠶᠢ ᠪᠡᠶᠡᠯᠡᠭᠦᠯᠵᠦ᠂ ᠭᠦᠢᠴᠡᠳᠬᠡᠬᠦ ᠴᠠᠭ ᠢ ᠠᠷᠪᠢᠯᠠᠨ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠴᠥᠭᠡᠳᠬᠡᠵᠦ᠂ ︽ᠨᠠᠭᠠᠰᠢ ᠴᠠᠭᠠᠰᠢ ᠭᠦᠶᠦᠯᠭᠡᠬᠦ︾ ︽ᠪᠤᠴᠠᠵᠤ ᠭᠦᠶᠦᠯᠭᠡᠬᠦ︾ ᠠᠴᠠ ᠵᠠᠶᠢᠯᠠᠰᠬᠢᠨ᠂ ᠠᠵᠢᠯ ᠶᠠᠪᠤᠳᠠᠯ ᠭᠦᠢᠴᠡᠳᠬᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠠᠮᠠᠷ ᠲᠦᠷᠭᠡᠨ ᠦᠢᠯᠡᠴᠢᠯᠡᠭᠡ ᠬᠠᠩᠭᠠᠵᠤ ᠪᠠᠶᠢᠨ᠎ᠠ︾ ᠭᠡᠵᠡᠢ᠃    ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠᠰᠠ ︽ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ᠣᠷᠣᠵᠤ ᠰᠠᠭᠤᠬᠤ ᠰᠠᠯᠠᠭ᠎ᠠ ᠮᠥᠴᠢᠷ ᠤᠨ ᠴᠣᠩᠬᠤ ᠵᠢᠴᠢ ᠠᠵᠢᠯᠲᠠᠨ ᠢ ᠰᠢᠯᠭᠠᠨ ᠦᠨᠡᠯᠡᠬᠦ ᠠᠷᠭ᠎ᠠ︾ ᠶᠢ ᠲᠣᠭᠲᠠᠭᠠᠨ ᠨᠡᠶᠢᠲᠡᠯᠡᠵᠦ᠂ ᠰᠤᠷᠤᠯᠴᠠᠯᠭ᠎ᠠ ᠰᠣᠯᠢᠯᠴᠠᠭ᠎ᠠ ᠶᠢᠨ ᠲᠣᠭᠲᠠᠮᠠᠯ ᠬᠤᠷᠠᠯ᠂ ᠠᠵᠢᠯ ᠳᠤ ᠭᠠᠷᠬᠤ ᠶᠢ ᠰᠢᠯᠭᠠᠨ ᠪᠠᠶᠢᠴᠠᠭᠠᠬᠤ ᠬᠠᠮᠢᠶᠠᠷᠤᠯᠲᠠ᠂ ᠴᠠᠭ ᠬᠢᠵᠠᠭᠠᠷᠯᠠᠨ ᠰᠢᠢᠳᠪᠦᠷᠢᠯᠡᠵᠦ ᠳᠠᠭᠤᠰᠬᠠᠬᠤ᠂ ᠥᠨᠳᠥᠷ ᠳᠠᠪᠲᠠᠮᠵᠢᠲᠤ ᠦᠢᠯᠡᠴᠢᠯᠡᠭᠡᠨ ᠤ ᠵᠦᠢᠯᠡᠰ ᠪᠠ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠢ ᠰᠢᠯᠭᠠᠨ ᠲᠣᠭᠲᠠᠭᠠᠵᠤ ᠬᠠᠷᠢᠭᠤ ᠲᠤᠰᠬᠠᠬᠤ ᠵᠡᠷᠭᠡ ᠣᠯᠠᠨ ᠵᠦᠢᠯ ᠤᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠶᠡᠷᠦᠩᠬᠡᠶᠢᠯᠡᠭᠰᠡᠨ ᠴᠣᠩᠬᠤᠪᠴᠢ ᠪᠠ ᠬᠠᠪᠰᠤᠷᠤᠨ ᠡᠷᠭᠢᠯᠡᠭᠦ ᠬᠥᠲᠥᠯᠥᠨ ᠵᠢᠯᠤᠭᠤᠳᠬᠤ ᠠᠯᠪᠠᠨ ᠭᠡᠷ ᠤᠨ ᠠᠵᠢᠯᠲᠠᠨ ᠤ ᠦᠢᠯᠡᠴᠢᠯᠡᠭᠡᠨ ᠤ ᠵᠢᠷᠤᠮᠵᠢᠯ᠂ ᠳᠦᠷᠢ ᠲᠥᠷᠬᠦ ᠶᠢᠨ ᠶᠣᠰᠣ ᠵᠢᠷᠤᠮ᠂ ᠪᠣᠯᠪᠠᠰᠤᠨ ᠬᠡᠯᠡᠯᠭᠡ᠂ ᠣᠯᠠᠨ ᠨᠡᠶᠢᠲᠡ ᠶᠢᠨ ᠠᠮᠤᠷ ᠲᠦᠪᠰᠢᠨ ᠤ ᠮᠡᠳᠡᠯᠭᠡ ᠶᠢᠨ ᠲᠤᠰᠬᠠᠢ ᠰᠡᠳᠦᠪᠲᠦ ᠪᠣᠯᠪᠠᠰᠤᠷᠠᠯ ᠵᠢᠴᠢ ᠣᠳᠣᠨ ᠲᠠᠰ ᠤᠨ ᠦᠢᠯᠡᠴᠢᠯᠡᠭᠡᠨ ᠤ ᠰᠠᠯᠠᠭ᠎ᠠ ᠮᠥᠴᠢᠷ ᠪᠠ ᠣᠳᠣᠨ ᠲᠠᠰ ᠤᠨ ᠦᠢᠯᠡᠴᠢᠯᠡᠭᠡᠨ ᠤ ᠵᠢᠱᠢᠶᠡᠴᠢ ᠶᠢ ᠰᠢᠯᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ ︽ᠠᠳᠠᠯᠢᠳᠬᠠᠬᠤ ᠰᠤᠷᠬᠤ ᠭᠦᠢᠴᠡᠬᠦ ᠳᠠᠪᠠᠭ᠋ᠤ︾ ᠰᠠᠶᠢᠨ ᠰᠠᠶᠢᠬᠠᠨ ᠠᠭᠤᠷ ᠠᠮᠢᠰᠬᠤᠯ ᠢ ᠪᠤᠶ ᠪᠤᠯᠭᠠᠬᠰᠠᠨ ᠪᠠᠶᠢᠨ᠎ᠠ᠃ ᠠᠯᠠᠱᠠ ᠪᠠᠷᠠᠭᠤᠨ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠭᠢᠯᠡᠭᠴᠢ ᠹᠠᠩ ᠶᠠ ᠨᠠᠨ ᠄ ︽ᠡᠨᠡ ᠵᠢᠯ ᠠᠴᠠ ᠨᠠᠭᠠᠰᠢ᠂ ᠪᠢᠳᠠ ︿ᠬᠡᠷᠡᠭᠯᠡᠭᠴᠢ ᠶᠢᠨ ᠬᠠᠷᠠᠭᠠᠰᠤ﹀ ︿ᠬᠡᠷᠡᠭᠯᠡᠭᠴᠢ ᠶᠢᠨ ᠣᠶᠢᠯᠠᠭᠠᠯᠲᠠ﹀ ᠶᠢ ᠣᠯᠬᠤ ᠠᠴᠠ ᠭᠠᠷᠳᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠳᠦᠯ ᠴᠢᠳᠠᠪᠤᠷᠢ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠠᠩ ᠲᠥᠭᠦᠮ ᠪᠤᠯᠭᠠᠬᠤ ᠶᠢ ᠦᠨᠡᠨ ᠬᠦ ᠪᠠᠲᠤᠯᠠᠪᠠ᠃ ᠣᠲᠣ ᠪᠤᠯᠲᠠᠯ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠡᠶᠢᠲᠡ 46000 ᠭᠠᠷᠤᠢ ᠵᠦᠢᠯ ᠢ ᠭᠦᠢᠴᠡᠳᠬᠡᠵᠦ᠂ 341 ᠵᠦᠢᠯ ᠢ ᠤᠷᠢᠳᠴᠢᠯᠠᠨ ᠪᠣᠯᠵᠣᠵᠤ᠂ 21626 ᠤᠳᠠᠭ᠎ᠠ ᠶᠢᠨ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡ ᠶᠢ ᠬᠠᠩᠭᠠᠭᠰᠠᠨ ᠪᠠᠶᠢᠨ᠎ᠠ︾ ᠭᠡᠪᠡ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号