ᠮᠠᠨ ᠤ ᠣᠷᠣᠨ ︽ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2023/12/26
   ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠵᠠᠰᠠᠭ ᠤᠨ ᠣᠷᠳᠣᠨ ᠤ ᠠᠯᠪᠠᠨ ᠲᠢᠩᠬᠢᠮ ᠬᠠᠮᠲᠤᠷᠠᠨ ︽ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ︵ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃    ︽ᠬᠡᠷᠡᠭᠵᠢᠭᠦᠯᠬᠦ ᠲᠥᠰᠥᠯ︾ ᠨᠢ ᠭᠤᠣᠯᠳᠠᠭᠤ 5 ᠲᠠᠯ᠎ᠠ ᠠᠴᠠ 20 ᠵᠦᠢᠯ ᠤᠨ ᠡᠭᠦᠷᠭᠡ ᠶᠢ ᠨᠠᠷᠢᠯᠢᠭᠵᠢᠭᠤᠯᠵᠤ᠂ ᠨᠠᠰᠤᠲᠠᠶᠢᠴᠤᠳ ᠤᠨ ᠵᠣᠯ ᠵᠢᠷᠭᠠᠯᠲᠤ ᠥᠲᠡᠯᠦᠭᠡ ᠨᠠᠰᠤᠨ ᠤ ᠠᠮᠢᠳᠤᠷᠠᠯ ᠢ ᠪᠠᠲᠤᠯᠠᠬᠤ ᠪᠣᠯᠣᠨ᠎ᠠ᠃ ᠨᠢᠭᠡ ᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠶᠢ ᠳᠤᠷᠠᠳᠴᠤ᠂ ᠡᠯ᠎ᠡ ᠱᠠᠲᠤᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠨᠠᠷᠢᠨ ᠲᠠᠩᠰᠠ ᠶᠢᠨ 2 ᠵᠦᠢᠯ ᠤᠨ ᠡᠭᠦᠷᠭᠡ ᠶᠢ ᠲᠣᠭᠲᠠᠭᠠᠨ ᠨᠡᠶᠢᠲᠡᠯᠡᠪᠡ᠃ ᠬᠤᠶᠠᠷ ᠲᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠶᠢ ᠰᠠᠨᠠᠭᠠᠴᠢᠯᠠᠭ᠎ᠠ ᠠᠴᠠ ᠪᠠᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠭ᠎ᠠ ᠪᠦᠷᠢᠳᠬᠡᠯ ᠤᠨ ᠠᠵᠢᠯ ᠢ ᠴᠢᠩᠭᠠᠳᠬᠠᠬᠤ᠂ ᠨᠠᠰᠤᠲᠠᠶᠢᠴᠤᠳ ᠤᠨ ᠴᠢᠳᠠᠪᠤᠷᠢ ᠶᠢ ᠶᠡᠷᠦᠩᠬᠡᠶᠢᠯᠡᠨ ᠦᠨᠡᠯᠡᠨ ᠵᠢᠱᠢᠬᠦ ᠠᠵᠢᠯ ᠢ ᠥᠷᠨᠢᠭᠦᠯᠬᠦ᠂ ᠬᠦᠴᠢᠷᠳᠡᠯᠲᠡᠢ ᠨᠠᠰᠤᠲᠠᠶᠢᠴᠤᠳ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠲᠣᠭᠲᠠᠴᠠ ᠶᠢ ᠪᠠᠶᠢᠭᠤᠯᠬᠤ ᠵᠡᠷᠭᠡ 6 ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ ᠭᠤᠷᠪᠠ ᠳᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠨᠠᠰᠤᠲᠠᠶᠢᠴᠤᠳ ᠢ ᠤᠷᠲᠤ ᠬᠤᠭᠤᠴᠠᠭ᠎ᠠ ᠪᠠᠷ ᠬᠠᠷᠠᠭᠠᠯᠵᠠᠨ ᠠᠰᠠᠷᠠᠬᠤ ᠪᠠᠲᠤᠯᠠᠭ᠎ᠠ ᠶᠢᠨ ᠳᠦᠷᠢᠮ ᠢ ᠪᠦᠷᠢᠨᠰᠢᠭᠦᠯᠬᠦ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠷᠤᠳᠠᠯ ᠢ ᠪᠠᠲᠤᠯᠠᠬᠤ ᠲᠣᠭᠲᠠᠴᠠ ᠶᠢ ᠪᠠᠶᠢᠭᠤᠯᠬᠤ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠷᠠᠭᠠᠯᠵᠠᠯ ᠦᠵᠡᠭᠦᠯᠵᠦ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ 3 ᠵᠦᠢᠯ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠨ᠎ᠠ᠃ ᠳᠥᠷᠪᠡ ᠳᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠬᠡᠨ ᠪᠦᠷᠢᠨ ᠭᠦᠢᠴᠡᠳ ᠨᠥᠬᠦᠪᠦᠷᠢᠯᠡᠵᠦ᠂ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠪᠠᠳᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡᠨ ᠤ ᠲᠥᠬᠦᠭᠡᠷᠦᠮᠵᠢ ᠶᠢᠨ ᠬᠠᠩᠭᠠᠯᠭ᠎ᠠ ᠶᠢᠨ ᠠᠷᠭ᠎ᠠ ᠵᠠᠮ ᠢ ᠥᠷᠭᠡᠳᠬᠡᠬᠦ  4 ᠵᠦᠢᠯ ᠤᠨ ᠡᠭᠦᠷᠭᠡ ᠶᠢ ᠳᠤᠷᠠᠳᠤᠨ ᠭᠠᠷᠭᠠᠪᠠ᠃ ᠲᠠᠪᠤ ᠳᠤ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠳᠥᠭᠦᠮᠴᠢᠯᠡᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠨᠠᠰᠤᠵᠢᠯ ᠳᠤ ᠲᠣᠬᠢᠷᠠᠬᠤ ᠥᠭᠡᠷᠡᠴᠢᠯᠡᠯᠲᠡ ᠪᠠ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠦᠨᠳᠦᠰᠦᠨ ᠨᠠᠰᠤᠵᠢᠯ ᠤᠨ ᠠᠰᠠᠷᠠᠮᠵᠢ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠭᠦ 5 ᠵᠦᠢᠯ ᠤᠨ ᠡᠭᠦᠷᠭᠡ ᠶᠢ ᠳᠤᠷᠠᠳᠤᠨ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号