ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠭᠦᠭᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/12/26
    12 ᠰᠠᠷ᠎ᠠ ᠶᠢᠨ 25 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠳᠣᠯᠣᠳᠤᠭᠠᠷ ᠪᠦᠭᠦᠳᠡ ᠬᠤᠷᠠᠯ ᠵᠢᠴᠢ ᠪᠦᠭᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠭᠦᠭᠡᠬᠤᠲᠠ ᠳᠤ ᠡᠬᠢᠯᠡᠵᠦ᠂ 2 ᠡᠳᠦᠷ ᠤᠨ ᠬᠤᠭᠤᠴᠠᠭ᠎ᠠ ᠲᠠᠢ ᠶᠠᠪᠤᠭᠳᠠᠨ᠎ᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠠᠩᠬᠠᠳᠤᠭᠠᠷ ᠪᠦᠭᠦᠳᠠ ᠬᠤᠷᠠᠯ ᠢ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ  ᠶᠢᠨ ᠡᠮᠦᠨ᠎ᠡ ᠠᠴᠠ ᠠᠵᠢᠯ ᠤᠨ ᠮᠡᠳᠡᠭᠦᠯᠦᠯᠲᠡ ᠬᠢᠭᠰᠡᠨ ᠪᠥᠭᠡᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠤᠭᠤᠷᠪᠢᠭᠰᠠᠨ ᠪᠠᠶᠢᠳᠠᠯ ᠤᠨ ᠲᠤᠬᠠᠢ ᠪᠦᠭᠦᠳᠠ ᠬᠤᠷᠠᠯ ᠳᠤ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠶᠠᠷᠢᠶ᠎ᠠ ᠲᠠᠯᠪᠢᠪᠠ᠃     ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠬᠢᠨᠠᠨ ᠵᠥᠪᠯᠡᠨ᠎ᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号