ᠡᠵᠡᠨ᠎ᠡ ᠪᠣᠭᠤᠮᠲᠠ ᠶᠢᠨ ᠬᠢᠨ ᠨᠢᠭᠤᠴᠠ ᠪᠠᠷ ᠠᠷᠠᠯᠵᠢᠶᠠᠯᠠᠭᠰᠠᠨ 150 ᠲᠦᠮᠡᠨ ᠲᠥᠭᠦᠷᠢᠭ ᠤᠨ ᠰᠢᠭᠠᠷ ᠲᠠᠮᠠᠬᠢ ᠶᠢ ᠲᠥᠪᠯᠡᠷᠡᠭᠦᠯᠦᠨ ᠰᠢᠲᠠᠭᠠᠪᠠ
ᠨᠡᠶᠢᠲᠡᠯᠡᠭᠰᠡᠨ ᠴᠠᠭ᠄
2023/12/27
   12 ᠰᠠᠷ᠎ᠠ ᠶᠢᠨ 22 ᠤᠨ ᠡᠳᠦᠷ᠂ ᠡᠵᠡᠨ᠎ᠡ ᠪᠣᠭᠤᠮᠲᠠ ᠶᠢᠨ ᠬᠢᠨ ᠡᠵᠡᠨ᠎ᠡ ᠬᠤᠰᠢᠭᠤᠨ ᠤ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ᠂ ᠡᠵᠡᠨ᠎ᠡ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ᠂ ᠠᠯᠠᠱᠠ ᠠᠶᠢᠮᠠᠭ ᠤᠨ ᠨᠠᠪᠴᠢᠨ ᠲᠠᠮᠠᠬᠢ ᠶᠢᠨ ᠲᠤᠰᠬᠠᠢ ᠬᠤᠳᠠᠯᠳᠤᠭᠠᠨ ᠤ ᠲᠣᠪᠴᠢᠶ᠎ᠠ ᠲᠠᠢ ᠬᠠᠮᠲᠤᠷᠠᠨ᠂ ᠴᠡᠭᠡ ᠪᠣᠭᠤᠮᠲᠠ ᠳᠤ ᠪᠠᠶᠢᠴᠠᠭᠠᠨ ᠢᠯᠡᠷᠡᠭᠦᠯᠦᠭᠰᠡᠨ 150 ᠲᠦᠮᠡᠨ ᠲᠥᠭᠦᠷᠢᠭ ᠤᠨ ᠨᠢᠭᠤᠴᠠ ᠪᠠᠷ ᠠᠷᠠᠯᠵᠢᠶᠠᠯᠠᠭᠰᠠᠨ ᠰᠢᠭᠠᠷ ᠲᠠᠮᠠᠬᠢ ᠶᠢ ᠬᠤᠣᠷ ᠦᠭᠡᠢ ᠪᠠᠷ ᠲᠥᠪᠯᠡᠷᠡᠭᠦᠯᠦᠨ ᠰᠢᠲᠠᠭᠠᠵᠤ᠂ ᠤᠯᠤᠰ ᠤᠨ ᠡᠭᠦᠳᠡ ᠶᠢᠨ ᠠᠵᠤ ᠠᠬᠤᠢ ᠶᠢᠨ ᠠᠮᠤᠷ ᠲᠦᠪᠰᠢᠨ ᠪᠠ ᠬᠠᠷᠢᠶ᠎ᠠ ᠣᠷᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠡᠮᠬᠢ ᠵᠢᠷᠤᠮ ᠢ ᠬᠠᠮᠠᠭᠠᠯᠠᠭᠰᠠᠨ ᠪᠠᠶᠢᠨ᠎ᠠ᠃    ᠣᠶᠢᠷ᠎ᠠ ᠳᠤ᠂ ᠡᠵᠡᠨ᠎ᠡ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ ︽YC-3︾ ᠰᠢᠭᠠᠷ ᠲᠠᠮᠠᠬᠢ ᠶᠢ ᠨᠢᠭᠤᠴᠠ ᠪᠠᠷ ᠠᠷᠠᠯᠵᠢᠶᠠᠯᠠᠭᠰᠠᠨ ᠬᠡᠷᠡᠭ ᠢ ᠠᠮᠵᠢᠯᠲᠠᠲᠠᠢ ᠢᠯᠡᠷᠡᠭᠦᠯᠵᠡᠢ᠃ ᠠᠯᠠᠱᠠ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠬᠠᠤᠯᠢ ᠶᠢᠨ ᠲᠠᠰᠤᠯᠤᠯᠲᠠ ᠬᠦᠴᠦᠨ ᠲᠠᠢ ᠪᠣᠯᠤᠭᠰᠠᠨ ᠤ ᠳᠠᠷᠠᠭ᠎ᠠ᠂ ᠡᠵᠡᠨ᠎ᠡ ᠪᠣᠭᠤᠮᠲᠠ ᠶᠢᠨ ᠬᠢᠨ ᠲᠠᠰᠤᠯᠤᠯᠲᠠ ᠶᠢᠨ ᠪᠢᠴᠢᠭ ᠪᠠ ᠪᠣᠭᠤᠮᠲᠠ ᠶᠢᠨ ᠬᠡᠷᠡᠭ ᠲᠤ ᠬᠤᠯᠪᠣᠭᠳᠠᠭᠰᠠᠨ ᠵᠣᠭᠤᠰ ᠮᠥᠩᠭᠦ ᠡᠳ᠋ ᠪᠣᠳᠠᠰ ᠤᠨ ᠬᠠᠮᠢᠶᠠᠷᠤᠯᠲᠠ ᠶᠢᠨ ᠲᠣᠭᠲᠠᠭᠠᠯ ᠢ ᠦᠨᠳᠦᠰᠦᠯᠡᠨ ᠬᠤᠣᠷ ᠦᠭᠡᠢ ᠪᠠᠷ ᠲᠥᠪᠯᠡᠷᠡᠭᠦᠯᠦᠨ ᠰᠢᠲᠠᠭᠠᠪᠠ᠃ ᠲᠣᠰ ᠬᠡᠷᠡᠭ ᠨᠢ ᠭᠤᠸ ᠰᠢ ᠪᠠ᠂ ᠮᠤᠨᠲ᠋ᠧ᠂ ᠫᠠᠲᠺᠠ ᠵᠡᠷᠭᠡ ᠬᠢᠯᠢ ᠶᠢᠨ ᠭᠠᠳᠠᠨᠠᠬᠢ ᠣᠯᠠᠨ ᠰᠢᠭᠠᠷ ᠲᠠᠮᠠᠬᠢ ᠶᠢᠨ ᠨᠠᠷᠠᠲᠤ ᠲᠥᠷᠥᠯ ᠲᠡᠮᠳᠡᠭᠲᠦ ᠶᠢᠨ ᠭᠡᠯᠪᠡᠷᠢ ᠮᠠᠶ᠋ᠢᠭ ᠲᠤ ᠬᠤᠯᠪᠣᠭᠳᠠᠵᠤ᠂ ᠥᠷᠲᠡᠭ ᠨᠢ 150 ᠲᠦᠮᠡᠨ ᠲᠥᠭᠦᠷᠢᠭ ᠲᠤ ᠬᠦᠷᠴᠡᠢ᠃    ᠡᠵᠡᠨ᠎ᠡ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ ᠶᠢᠨ ᠬᠠᠤᠯᠢ ᠳᠦᠷᠢᠮ ᠤᠨ ᠰᠠᠯᠠᠭᠠᠨ ᠤ ᠳᠡᠳ᠋ ᠳᠠᠷᠤᠭ᠎ᠠ ᠹᠦ᠋ ᠲᠤᠸ ᠬᠡᠯᠡᠬᠦ ᠳᠡᠭᠡᠨ᠄ ︽ᠶᠠᠯ᠎ᠠ ᠬᠢᠭᠰᠡᠨ ᠰᠡᠵᠢᠭᠲᠡᠨ ᠬᠢᠯᠢ ᠶᠢᠨ ᠭᠠᠳᠠᠨᠠᠬᠢ ᠰᠦᠯᠵᠢᠶᠡᠨ ᠠᠴᠠ ᠰᠢᠭᠠᠷ ᠲᠠᠮᠠᠬᠢ ᠬᠤᠳᠠᠯᠳᠤᠨ ᠠᠪᠴᠤ ᠤᠯᠤᠰ ᠤᠨ ᠳᠣᠲᠣᠭᠠᠳᠤ ᠳᠤ ᠢᠯᠡᠭᠡᠭᠰᠡᠨ ᠰᠦᠪᠡᠭᠴᠢ ᠶᠢ ᠣᠯᠣᠭᠠᠳ ᠪᠢᠳᠡ ︿ᠤᠯᠤᠰ ᠤᠨ ᠡᠭᠦᠳᠡᠨ ᠤ ᠬᠤᠷᠴᠠ ᠰᠡᠯᠡᠮ᠎ᠡ 2023﹀ ᠶᠢᠨ ᠬᠠᠮᠲᠤᠷᠠᠭᠰᠠᠨ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠨᠢᠭᠤᠴᠠ ᠪᠠᠷ ᠠᠷᠠᠯᠵᠢᠶᠠᠯᠠᠨ ᠬᠢᠯᠢ ᠪᠠᠷ ᠣᠷᠣᠵᠤ ᠢᠷᠡᠭᠰᠡᠨ 1667 ᠰᠢᠭᠠᠷ ᠲᠠᠮᠠᠬᠢ ᠶᠢ ᠪᠠᠶᠢᠴᠠᠭᠠᠨ ᠬᠤᠷᠢᠶᠠᠮᠵᠢᠯᠠᠭᠰᠠᠨ ᠪᠠᠶᠢᠨ᠎ᠠ᠃ ᠶᠠᠯ᠎ᠠ ᠬᠢᠭᠰᠡᠨ ᠰᠡᠵᠢᠭᠲᠡᠨ ᠬᠢᠮᠳᠠ ᠦᠨ᠎ᠡ ᠪᠠᠷ ᠮᠡᠳᠡᠭᠦᠯᠬᠦ ᠪᠤᠶᠤ ᠬᠠᠭᠤᠷᠮᠠᠭ ᠢᠶᠠᠷ ᠮᠡᠳᠡᠭᠦᠯᠦᠭᠰᠡᠨ ᠠᠷᠠᠯᠵᠢᠶ᠎ᠠ ᠶᠢᠨ ᠭᠡᠯᠪᠡᠷᠢ ᠪᠠᠷ ᠤᠯᠤᠰ ᠤᠨ ᠭᠠᠳᠠᠭᠠᠳᠤ ᠠᠴᠠ ᠰᠢᠭᠠᠷ ᠲᠠᠮᠠᠬᠢ ᠬᠤᠳᠠᠯᠳᠤᠨ ᠠᠪᠴᠤ ᠤᠯᠤᠰ ᠤᠨ ᠳᠣᠲᠣᠭᠠᠳᠤ ᠳᠤ ᠪᠣᠷᠣᠯᠠᠭᠤᠯᠤᠭᠰᠠᠨ ᠦᠶᠯᠡ ᠠᠵᠢᠯᠯᠠᠭ᠎ᠠ ᠨᠢ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠭᠰᠡᠨ ᠪᠠᠶᠢᠨ᠎ᠠ︾ ᠭᠡᠵᠡᠢ᠃    ᠲᠣᠰ ᠤᠳᠠᠭᠠᠨ ᠤ ᠰᠢᠭᠠᠷ ᠲᠠᠮᠠᠬᠢ ᠶᠢ ᠲᠣᠷᠭᠠᠵᠤ ᠬᠤᠷᠢᠶᠠᠮᠵᠢᠯᠠᠭᠰᠠᠨ ᠪᠠ ᠲᠥᠪᠯᠡᠷᠡᠭᠦᠯᠦᠨ ᠰᠢᠲᠠᠭᠠᠵᠤ ᠤᠰᠠᠳᠬᠠᠬᠤ ᠪᠦᠭᠦ ᠶᠠᠪᠤᠴᠠ ᠶᠢᠨ ᠠᠮᠤᠷ ᠲᠦᠪᠰᠢᠨ ᠢ ᠡᠵᠡᠮᠳᠡᠬᠦ ᠶᠢ ᠪᠠᠲᠤᠯᠠᠬᠤ ᠶᠢᠨ ᠲᠥᠯᠥᠭᠡ᠂ ᠪᠣᠭᠤᠮᠲᠠ᠂ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠪᠠ ᠨᠠᠪᠴᠢᠨ ᠲᠠᠮᠠᠬᠢ ᠶᠢᠨ ᠰᠠᠯᠠᠭ᠎ᠠ ᠮᠥᠴᠢᠷ ᠲᠣᠭᠲᠠᠭᠠᠯ ᠢ ᠦᠨᠳᠦᠰᠦᠯᠡᠨ᠂ ᠬᠤᠶᠠᠷ ᠬᠥᠮᠥᠨ ᠬᠠᠤᠯᠢ ᠬᠡᠷᠡᠭᠵᠢᠭᠦᠯᠬᠦ ᠠᠵᠢᠯ ᠢ ᠬᠢᠬᠦ ᠶᠢᠨ ᠬᠠᠮᠲᠤ ᠲᠤᠬᠠᠢ ᠶᠢᠨ ᠲᠠᠯᠠᠪᠤᠷ ᠤᠨ ᠬᠠᠤᠯᠢ ᠬᠡᠷᠡᠭᠵᠢᠭᠦᠯᠦᠭᠰᠡᠨ ᠳᠦᠷᠰᠦ ᠰᠢᠩᠭᠡᠭᠡᠯᠲᠡ ᠶᠢᠨ ᠮᠠᠲ᠋ᠧᠷᠢᠶᠠᠯ ᠢ ᠦᠯᠡᠳᠡᠭᠡᠨ ᠬᠠᠳᠠᠭᠠᠯᠠᠵᠤ᠂ ᠪᠦᠭᠦ ᠶᠠᠪᠤᠴᠠ ᠶᠢ ᠬᠠᠤᠯᠢ ᠶᠣᠰᠣᠭᠠᠷ ᠵᠢᠷᠤᠮᠵᠢᠭᠤᠨ᠂ ᠢᠯᠡ ᠲᠣᠳᠣ ᠪᠠᠶᠢᠯᠭᠠᠭᠰᠠᠨ ᠪᠠᠶᠢᠨ᠎ᠠ᠃    ᠡᠵᠡᠨ᠎ᠡ ᠪᠣᠭᠤᠮᠲᠠ ᠶᠢᠨ ᠨᠢᠭᠤᠴᠠ ᠪᠠᠷ ᠠᠷᠠᠯᠵᠢᠶᠠᠯᠠᠭᠰᠠᠳ ᠢ ᠪᠠᠷᠢᠪᠴᠢᠯᠠᠬᠤ ᠬᠤᠪᠢᠶᠠᠷᠢ ᠲᠣᠪᠴᠢᠶ᠎ᠠ 2022 ᠣᠨ ᠤ 10 ᠰᠠᠷ᠎ᠠ ᠠᠴᠠ ᠣᠲᠣ ᠪᠤᠯᠲᠠᠯ᠎ᠠ ᠰᠢᠭᠠᠷ ᠲᠠᠮᠠᠬᠢ ᠶᠢ ᠨᠢᠭᠤᠴᠠ ᠪᠠᠷ ᠠᠷᠠᠯᠵᠢᠶᠠᠯᠠᠭᠰᠠᠨ 2 ᠬᠡᠷᠡᠭ ᠢ ᠵᠠᠯᠭᠠᠭᠠᠪᠡᠷ ᠡᠪᠳᠡᠵᠦ᠂ 300 ᠭᠠᠷᠤᠢ ᠲᠦᠮᠡᠨ ᠲᠥᠭᠦᠷᠢᠭ ᠤᠨ ᠦᠷᠳᠡᠭ ᠪᠦᠬᠦᠢ 3887 ᠰᠢᠭᠠᠷ ᠲᠠᠮᠠᠬᠢ ᠶᠢ ᠪᠠᠶᠢᠴᠠᠭᠠᠨ ᠬᠤᠷᠢᠶᠠᠮᠵᠢᠯᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠳᠤᠰ ᠲᠣᠪᠴᠢᠶ᠎ᠠ ᠶᠢᠨ ᠬᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ ᠬᠠᠮᠵᠢᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠨᠢᠭᠤᠴᠠ ᠪᠠᠷ ᠠᠷᠠᠯᠵᠢᠶᠠᠯᠠᠭᠰᠠᠳ ᠲᠤ ᠴᠣᠬᠢᠯᠲᠠ ᠥᠭᠬᠦ ᠬᠦᠴᠦᠲᠡᠢ ᠳᠠᠷᠤᠯᠲᠠ ᠶᠢᠨ ᠪᠠᠶᠢᠳᠠᠯ ᠢ ᠦᠷᠭᠦᠯᠵᠢᠯᠡᠨ ᠪᠠᠲᠤᠯᠠᠵᠤ᠂ ᠤᠯᠤᠰ ᠤᠨ ᠡᠭᠦᠳᠡᠨ ᠤ ᠠᠮᠤᠷ ᠲᠦᠪᠰᠢᠨ ᠢ ᠬᠠᠮᠠᠭᠠᠯᠠᠨ ᠬᠠᠮᠢᠶᠠᠷᠤᠯᠲᠠ ᠶᠢᠨ ᠬᠠᠷᠢᠶ᠎ᠠ ᠣᠷᠣᠨ ᠤ ᠨᠠᠪᠴᠢᠨ ᠲᠠᠮᠠᠬᠢ ᠶᠢᠨ ᠵᠠᠬ᠎ᠠ ᠳᠡᠯᠭᠡᠭᠦᠷ ᠢ ᠴᠡᠪᠡᠷᠰᠢᠭᠦᠯᠬᠦ ᠪᠠᠷ ᠪᠤᠶ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号