︽ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠠᠵᠢᠯᠲᠠᠨ ᠤ ᠳᠦᠷᠢᠮ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠤᠭᠤᠳᠬᠤ ᠲᠤᠬᠠᠢ ᠵᠢᠯᠤᠭᠤᠳᠬᠤ ᠰᠠᠨᠠᠯ︾ ᠢ ᠨᠡᠶᠢᠲᠡᠯᠡᠪᠡ
ᠨᠡᠶᠢᠲᠡᠯᠡᠭᠰᠡᠨ ᠴᠠᠭ᠄
2023/12/27
    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ︽ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠠᠵᠢᠯᠲᠠᠨ ᠤ ᠳᠦᠷᠢᠮ ᠲᠡᠶᠢᠰᠢ ᠭᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠳᠡᠮᠵᠢᠬᠦ ᠪᠠ ᠬᠥᠲᠥᠯᠥᠨ ᠵᠢᠯᠤᠭᠤᠳᠬᠤ ᠲᠤᠬᠠᠢ ᠵᠢᠯᠤᠭᠤᠳᠬᠤ ᠰᠠᠨᠠᠯ︾ ᠢ 19 ᠤ ᠡᠳᠦᠷ ᠨᠡᠶᠢᠲᠡᠯᠡᠪᠡ᠃ ᠵᠢᠯᠤᠭᠤᠳᠬᠤ ᠰᠠᠨᠠᠯ ᠳᠤ᠂ ᠨᠥᠬᠦᠴᠡᠯ ᠲᠠᠢ ᠭᠡᠷ ᠠᠬᠤᠢ ᠶᠢᠨ ᠠᠵᠤ ᠠᠬᠤᠶᠢᠯᠠᠯ ᠤᠨ ᠠᠵᠢᠯᠲᠠᠨ ᠤ ᠳᠦᠷᠢᠮ ᠢ ᠢᠳᠡᠪᠬᠢᠲᠡᠢ ᠬᠥᠭᠵᠢᠭᠦᠯᠬᠦ ᠶᠢ ᠵᠣᠷᠢᠭᠵᠢᠭᠤᠯᠵᠤ᠂ ᠭᠡᠷ ᠠᠬᠤᠢ ᠶᠢᠨ ᠠᠵᠢᠯᠲᠠᠨ ᠤ ᠲᠤᠭ᠎ᠠ ᠪᠠ ᠬᠠᠷᠢᠴᠠᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠡᠷ ᠠᠬᠤᠢ ᠶᠢᠨ ᠠᠵᠤ ᠠᠬᠤᠶᠢᠯᠠᠯ ᠤᠨ ᠵᠢᠷᠤᠮᠵᠢᠬᠰᠠᠨ᠂ ᠪᠠᠷᠢᠮᠵᠢᠶᠠᠵᠢᠭᠰᠠᠨ᠂ ᠠᠵᠢᠯ ᠮᠡᠷᠭᠡᠵᠢᠯᠴᠢᠯᠡᠭᠰᠡᠨ ᠬᠥᠭᠵᠢᠯᠲᠡ ᠶᠢ ᠪᠡᠶᠡᠯᠡᠭᠦᠯᠵᠦ᠂ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠶᠢ ᠠᠬᠢᠭᠤᠯᠤᠨ᠎ᠠ ᠭᠡᠵᠦ ᠳᠤᠷᠠᠳᠪᠠ᠃     ᠬᠥᠭᠵᠢᠯᠲᠡ ᠶᠢᠨ ᠬᠠᠷᠠᠯᠲᠠ ᠶᠢᠨ ᠲᠠᠯ᠎ᠠ ᠪᠠᠷ᠂ ᠵᠢᠯᠤᠭᠤᠳᠬᠤ ᠰᠠᠨᠠᠯ ᠳᠤ᠂ 2027 ᠣᠨ ᠪᠤᠯᠬᠤ ᠳᠤ᠂ ᠠᠵᠢᠯᠲᠠᠨ ᠤ ᠳᠦᠷᠢᠮ ᠢ ᠬᠡᠷᠡᠭᠵᠢᠭᠦᠯᠵᠦ ᠪᠠᠶᠢᠭ᠎ᠠ ᠠᠵᠤ ᠠᠬᠤᠶᠢᠯᠠᠯ ᠢ ᠢᠯᠡᠳᠲᠡ ᠨᠡᠮᠡᠭᠳᠡᠭᠦᠯᠵᠦ᠂ ᠭᠡᠷ ᠠᠬᠤᠢ ᠶᠢᠨ ᠠᠵᠢᠯᠲᠠᠨ ᠤ ᠲᠤᠭ᠎ᠠ ᠪᠠ ᠬᠠᠷᠢᠴᠠᠯ ᠢ ᠨᠡᠯᠢᠶᠡᠳ ᠶᠡᠭᠡ ᠬᠡᠮᠵᠢᠶ᠎ᠡ ᠪᠠᠷ ᠨᠡᠮᠡᠭᠳᠡᠭᠦᠯᠵᠦ᠂ ᠠᠵᠢᠯ ᠡᠷᠬᠢᠯᠡᠭᠰᠡᠳ ᠤᠨ ᠲᠤᠰᠬᠠᠢ ᠮᠡᠷᠭᠡᠵᠢᠯ ᠤᠨ ᠬᠡᠪ ᠴᠢᠨᠠᠷ ᠪᠠ ᠠᠵᠢᠯ ᠤᠨ ᠲᠣᠭᠲᠠᠪᠤᠷᠢᠲᠤ ᠴᠢᠨᠠᠷ ᠢ ᠢᠯᠡᠳᠲᠡ ᠳᠡᠭᠡᠭᠰᠢᠯᠡᠭᠦᠯᠦᠨ᠎ᠡ᠃ 2035 ᠣᠨ ᠪᠤᠯᠬᠤ ᠳᠤ᠂ ᠠᠵᠢᠯᠲᠠᠨ ᠤ ᠳᠦᠷᠢᠮ ᠢ ᠭᠡᠷ ᠠᠬᠤᠢ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠴᠢᠬᠤᠯᠠ ᠵᠠᠭᠪᠤᠷ ᠪᠤᠯᠭᠠᠵᠤ᠂ ᠭᠡᠷ ᠠᠬᠤᠢ ᠶᠢᠨ ᠠᠵᠢᠯ ᠬᠢᠵᠦ ᠪᠠᠶᠢᠭ᠎ᠠ ᠬᠥᠮᠥᠰ ᠢ ᠨᠠᠩ ᠨᠡᠷ᠎ᠡ ᠲᠥᠷᠥ ᠲᠠᠢ ᠪᠤᠯᠭᠠᠵᠤ᠂ ᠠᠵᠢᠯ ᠣᠯᠭᠤᠯᠲᠠ ᠶᠢ ᠨᠠᠩ ᠲᠣᠭᠲᠠᠭᠤᠨ ᠪᠤᠯᠭᠠᠵᠤ᠂ ᠭᠡᠷ ᠠᠬᠤᠢ ᠶᠢᠨ ᠦᠢᠯᠡᠴᠢᠯᠡᠭᠡ ᠶᠢ ᠨᠠᠩ ᠵᠢᠷᠤᠮᠵᠢᠭᠤᠯᠵᠤ᠂ ᠠᠵᠤ ᠠᠬᠤᠶᠢᠯᠠᠯ ᠤᠨ ᠠᠶᠤᠯ ᠲᠦᠭᠰᠢᠭᠦᠷᠢ ᠶᠢ ᠨᠠᠩ ᠢᠯᠡᠭᠦᠦ ᠡᠵᠡᠮᠳᠡᠵᠦ ᠪᠣᠯᠬᠤᠶᠢᠴᠠ ᠪᠤᠯᠭᠠᠵᠤ᠂ ᠠᠷᠠᠳ ᠣᠯᠠᠨ ᠤ ᠭᠡᠷ ᠠᠬᠤᠢ ᠶᠢᠨ ᠦᠢᠯᠡᠴᠢᠯᠡᠭᠡᠨ ᠤ ᠲᠠᠯ᠎ᠠ ᠪᠠᠷ ᠬᠢ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ ᠭᠡᠵᠦ ᠲᠣᠳᠣᠷᠬᠠᠶᠢᠯᠠᠪᠠ᠃     ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠣᠨᠢᠨ ᠮᠡᠳᠡᠭᠡᠨ ᠤ ᠥᠭᠦᠯᠡᠭᠴᠢ ᠯᠢ ᠴᠤᠤ ᠲᠣᠰ ᠡᠳᠦᠷ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠭᠡᠷ ᠠᠬᠤᠢ ᠶᠢᠨ ᠠᠵᠤ ᠠᠬᠤᠶᠢᠯᠠᠯ ᠤᠨ ᠭᠡᠯᠪᠡᠷᠢ ᠪᠠᠨ ᠬᠤᠪᠢᠷᠠᠭᠤᠯᠬᠤ ᠢᠳᠡᠪᠬᠢᠵᠢᠯ ᠢ ᠳᠡᠭᠡᠭᠰᠢᠯᠡᠭᠦᠯᠭᠦ ᠶᠢᠨ ᠲᠥᠯᠥᠭᠡ᠂ ᠵᠢᠯᠤᠭᠤᠳᠬᠤ ᠰᠠᠨᠠᠯ ᠳᠤ ᠪᠠᠰᠠ ᠠᠯᠢ ᠣᠯᠠᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠳᠤᠷᠠᠳᠤᠭᠰᠠᠨ ᠪᠥᠭᠡᠳ ᠡᠯ᠎ᠡ ᠭᠠᠵᠠᠷ ᠤᠨ ᠬᠢᠨ ᠢ ᠲᠤᠬᠠᠢ ᠶᠢᠨ ᠭᠠᠵᠠᠷ ᠤᠨ ᠪᠠᠶᠢᠳᠠᠯ ᠳᠠᠭᠠᠨ ᠲᠣᠬᠢᠷᠠᠭᠤᠯᠤᠨ ᠠᠷᠭ᠎ᠠ ᠬᠡᠮᠵᠢᠶ᠎ᠡ ᠠᠪᠴᠤ ᠬᠥᠲᠥᠯᠥᠨ ᠵᠢᠯᠤᠭᠤᠳᠴᠤ ᠳᠡᠮᠵᠢᠬᠦ ᠶᠢ ᠵᠣᠷᠢᠭᠵᠢᠭᠤᠯᠪᠠ᠃ ᠲᠠᠷᠠᠭᠠᠴᠢ ᠶᠢᠨ ᠠᠯᠬᠤᠮ ᠳᠤ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠯ᠎ᠡ ᠵᠦᠢᠯ ᠤᠨ ᠡᠭᠦᠷᠭᠡ ᠶᠢ ᠯᠠᠪᠳᠠᠭᠤᠨ ᠪᠠᠲᠤᠲᠠᠢ ᠠᠬᠢᠭᠤᠯᠵᠤ᠂ ᠭᠡᠷ ᠠᠬᠤᠢ ᠶᠢᠨ ᠦᠢᠯᠡᠴᠢᠯᠡᠭᠡᠨ ᠤ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂  ᠭᠡᠷ ᠠᠬᠤᠢ ᠶᠢᠨ ᠦᠢᠯᠡᠴᠢᠯᠡᠭᠡᠨ ᠤ ᠶᠠᠰᠤ ᠴᠢᠨᠠᠷ ᠤᠨ ᠲᠤᠬᠠᠢ ᠠᠷᠠᠳ ᠣᠯᠠᠨ ᠤ ᠬᠡᠷᠡᠭᠴᠡᠭᠡ ᠶᠢ ᠨᠠᠩ ᠰᠠᠶᠢᠲᠤᠷ ᠬᠠᠩᠭᠠᠬᠤ ᠪᠣᠯᠣᠨ᠎ᠠ ᠭᠡᠵᠦ ᠲᠠᠨᠢᠯᠴᠠᠭᠤᠯᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号