ᠲᠥᠷᠥ ᠶᠢᠨ ᠶᠠᠪᠤᠳᠠᠯ ᠤᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠳᠤᠭ ᠲᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ︵2021 — 2035 ᠣᠨ︶︾ ᠶᠢ ᠴᠣᠬᠤᠯᠠᠪᠤᠷᠢᠯᠠᠨ ᠬᠠᠷᠢᠭᠤᠯᠪᠠ
ᠨᠡᠶᠢᠲᠡᠯᠡᠭᠰᠡᠨ ᠴᠠᠭ᠄
2023/12/28
   ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠣᠶᠢᠷ᠎ᠠ ᠳᠤ ᠲᠥᠷᠥ ᠶᠢᠨ ᠶᠠᠪᠤᠳᠠᠯ ᠤᠨ ᠬᠤᠷᠢᠶ᠎ᠠ  ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ︵2021 - 2035 ᠣᠨ︶︾ ︵ᠳᠣᠷᠣᠭᠰᠢ ︽ᠲᠥᠯᠦᠪᠵᠢᠭᠦᠯᠭᠡ︾ ᠭᠡᠵᠦ ᠲᠣᠪᠴᠢᠯᠠᠨ᠎ᠠ︶ ᠶᠢ ᠵᠢᠩᠬᠢᠨᠢ ᠪᠠᠷ ᠴᠣᠬᠤᠯᠠᠪᠤᠷᠢᠯᠠᠨ ᠬᠠᠷᠢᠭᠤᠯᠪᠠ᠃    ᠣᠶᠢᠯᠠᠭᠠᠭᠰᠠᠨ ᠢᠶᠠᠷ᠂ ︽ᠲᠥᠯᠦᠪᠵᠢᠭᠦᠯᠭᠡ︾ ᠪᠣᠯ ︽ᠣᠯᠠᠨ ᠲᠥᠯᠦᠪᠵᠢᠭᠦᠯᠭᠡ ᠶᠢ ᠨᠢᠭᠡᠳᠬᠡᠬᠦ︾ᠥᠭᠡᠷᠡᠴᠢᠯᠡᠯᠲᠡ  ᠠᠴᠠ ᠨᠠᠭᠠᠰᠢᠬᠢ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ  ᠶᠢᠨ ᠲᠥᠯᠦᠪᠵᠢᠭᠦᠯᠭᠡ ᠪᠠᠶᠢᠵᠤ᠂ ᠪᠦᠭᠦ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠬᠠᠮᠠᠭᠠᠯᠠᠬᠤ᠂ ᠨᠡᠭᠡᠭᠡᠨ ᠬᠥᠭᠵᠢᠭᠦᠯᠬᠦ᠂ ᠠᠰᠢᠭᠯᠠᠬᠤ᠂ ᠰᠡᠷᠭᠦᠭᠡᠬᠦ ᠲᠥᠷᠥ ᠶᠢᠨ ᠪᠣᠳᠣᠯᠭ᠎ᠠ ᠪᠠ ᠶᠡᠷᠦᠩᠬᠡᠢ ᠬᠥᠲᠥᠯᠪᠦᠷᠢ ᠪᠣᠯᠣᠨ᠎ᠠ᠂ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠠᠷᠢᠨ ᠲᠥᠯᠦᠪᠵᠢᠭᠦᠯᠭᠡ᠂ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢᠨ ᠰᠠᠭᠤᠷᠢ ᠮᠥᠨ᠂ ᠪᠠᠰᠠ ᠴᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠪᠡᠶ᠎ᠡ ᠶᠢᠨ ᠪᠠᠶᠢᠴᠠᠭᠠᠯᠲᠠ ᠬᠢᠬᠦ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠬᠡᠷᠡᠭᠴᠡᠭᠡ ᠶᠢᠨ ᠵᠠᠬᠢᠷᠤᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢᠨ ᠦᠨᠳᠦᠰᠦᠯᠡᠯ ᠮᠥᠨ᠃    ᠥᠪᠥᠷ ᠮᠣᠩᠭᠤᠯ ᠤᠨ ᠠᠮᠤᠷ ᠲᠦᠪᠰᠢᠨ ᠬᠥᠭᠵᠢᠯᠲᠡ ᠶᠢᠨ ᠣᠷᠣᠨ ᠵᠠᠢ ᠶᠢᠨ ᠰᠠᠭᠤᠷᠢ ᠶᠢ ᠪᠠᠬᠢᠵᠢᠭᠦᠯᠬᠦ ᠲᠣᠭᠤᠷᠢᠨ ᠳᠤ᠂ 2035 ᠣᠨ ᠪᠤᠯᠲᠠᠯ᠎ᠠ ᠥᠪᠥᠷ ᠮᠣᠩᠭᠤᠯ ᠤᠨ ᠲᠠᠷᠢᠶᠠᠨ ᠭᠠᠵᠠᠷ ᠤᠨ ᠪᠣᠳᠠᠲᠤ ᠬᠡᠮᠵᠢᠶ᠎ᠡ ᠶᠢ 17050 ᠲᠦᠮᠡᠨ ᠮᠦ ᠠᠴᠠ ᠳᠣᠣᠷ᠎ᠠ ᠪᠠᠶᠢᠯᠭᠠᠵᠤ ᠪᠤᠯᠬᠤ ᠦᠭᠡᠢ᠂ ᠡᠭᠦᠨ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠶᠢ 13382.82 ᠲᠦᠮᠡᠨ ᠮᠦ ᠠᠴᠠ ᠳᠣᠣᠷ᠎ᠠ ᠪᠠᠶᠢᠯᠭᠠᠵᠤ ᠪᠤᠯᠬᠤ ᠥᠭᠡᠶ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠶ ᠶᠢ 59.69 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠴᠠ ᠳᠣᠣᠷ᠎ᠠ ᠪᠠᠶᠢᠯᠭᠠᠵᠤ ᠪᠤᠯᠬᠤ ᠥᠭᠡᠶ᠃ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠤᠨ ᠥᠷᠭᠡᠳᠬᠡᠬᠦ ᠳᠠᠭᠢᠨ ᠲᠤᠭ᠎ᠠ ᠶᠢ 2020 ᠣᠨ ᠤ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠪᠴᠢᠶ᠎ᠡ ᠶᠢᠨ 1.3 ᠳᠠᠭᠢᠨ ᠤ ᠳᠣᠲᠣᠷ᠎ᠠ ᠬᠢᠵᠠᠭᠠᠷᠯᠠᠨ᠎ᠠ ᠭᠡᠵᠦ ᠲᠣᠳᠣᠷᠬᠠᠢ ᠴᠣᠬᠤᠯᠠᠪᠤᠷᠢᠯᠠᠪᠠ᠃    ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠤᠯᠭᠠᠭᠤᠷᠢᠯᠠᠬᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ  ᠶᠢᠨ ᠰᠢᠰᠲ᠋ᠧᠮ ᠢ ᠪᠠᠶᠢᠭᠤᠯᠬᠤ ᠲᠣᠭᠤᠷᠢᠨ ᠳᠤ᠂ ᠣᠷᠣᠨ ᠪᠦᠰᠡ ᠶᠢ ᠵᠣᠬᠢᠴᠠᠩᠭᠤᠢ ᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ᠂ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ᠂ ᠪᠡᠶᠡᠴᠢ ᠴᠣᠭᠴᠠ ᠶᠢᠨ ᠴᠢᠳᠠᠮᠵᠢᠲᠤ ᠣᠷᠣᠨ ᠤ ᠪᠠᠶᠢᠯᠳᠤᠬᠤ ᠪᠣᠳᠣᠯᠭ᠎ᠠ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠠᠶᠢᠯᠳᠤᠬᠤ ᠪᠣᠳᠣᠯᠭ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠬᠡᠷᠡᠭᠵᠢᠭᠦᠯᠵᠦ᠂ ᠭᠤᠣᠯ ᠴᠣᠭᠴᠠ ᠶᠢᠨ ᠴᠢᠳᠠᠮᠵᠢ ᠪᠠᠷ ᠢᠯᠡᠷᠬᠡᠢ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠴᠢᠨᠠᠷ ᠰᠠᠶᠢᠲᠠᠢ ᠬᠥᠭᠵᠢᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠤᠶ ᠪᠤᠯᠭᠠᠬᠤ ᠶᠢ ᠠᠬᠢᠭᠤᠯᠤᠨ᠎ᠠ ᠭᠡᠵᠦ ᠲᠣᠳᠣᠷᠬᠠᠢ ᠴᠣᠬᠤᠯᠠᠪᠤᠷᠢᠯᠠᠪᠠ᠃    ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠰᠲ᠋ᠧᠮ ᠲᠠᠢ ᠪᠠᠷ ᠰᠢᠯᠢᠳᠡᠭᠵᠢᠭᠦᠯᠬᠦ ᠲᠣᠭᠤᠷᠢᠨ ᠳᠤ᠂ ᠮᠠᠯ ᠠᠵᠤ ᠠᠬᠤᠢ ᠲᠠᠷᠢᠶᠠᠯᠠᠩ ᠤᠨ ᠡᠬᠢ ᠪᠠᠶᠠᠯᠢᠭ ᠤᠨ ᠳᠠᠪᠠᠭᠤᠯᠢᠭ ᠢ ᠪᠠᠳᠠᠷᠠᠭᠤᠯᠵᠤ᠂ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠨ᠂ ᠨᠥᠬᠦᠴᠡᠯ ᠳᠤ ᠨᠡᠶᠢᠴᠡᠬᠦ ᠭᠠᠵᠠᠷ ᠣᠷᠣᠨ ᠤ ᠬᠤᠵᠢᠷᠯᠢᠭ ᠭᠠᠵᠠᠷ ᠢ ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠤᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠢ ᠪᠦᠲᠦᠭᠡᠨ ᠪᠠᠶᠢᠭᠤᠯᠤᠨ᠎ᠠ᠃ ᠶᠡᠭᠡ ᠬᠢᠩᠭᠠᠨ ᠳᠠᠪᠠᠭ᠎ᠠ᠂ ᠮᠤᠨᠢ ᠠᠭᠤᠯᠠ ᠨᠢᠷᠤᠭᠤ᠂ ᠠᠯᠠᠱᠠ ᠠᠭᠤᠯᠠ ᠨᠢᠷᠤᠭᠤ ᠵᠡᠷᠭᠡ  ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢ ᠴᠢᠩᠭᠠᠷᠠᠭᠤᠯᠤᠨ᠂ ᠴᠥᠯᠯᠡᠷᠭᠡᠭᠵᠢᠯ ᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ᠂ ᠪᠡᠭᠡᠵᠢᠩ ᠲᠢᠶᠠᠨᠵᠢᠨ ᠤ ᠡᠷᠭᠢᠨ ᠲᠣᠭᠤᠷᠢᠨ ᠤ ᠡᠯᠡᠰᠦ ᠰᠠᠯᠬᠢᠨ ᠤ ᠡᠬᠢ ᠶᠢ ᠵᠠᠰᠠᠬᠤ᠂ ︽ᠤᠮᠠᠷᠠᠲᠤ ᠶᠢᠨ ᠭᠤᠷᠪᠠᠨ ᠣᠷᠣᠨ︾   ᠤ ᠬᠠᠯᠬᠠᠪᠴᠢ ᠣᠶ ᠶᠢᠨ ᠰᠢᠰᠲ᠋ᠧᠮ ᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠢᠨᠵᠧᠨᠧᠷᠢᠩ ᠢ ᠬᠠᠮᠵᠢᠯᠴᠠᠨ ᠠᠬᠢᠭᠤᠯᠵᠤ᠂ ᠡᠬᠡ ᠤᠯᠤᠰ ᠤᠨ ᠤᠮᠠᠷᠠᠲᠤ ᠶᠢᠨ ᠲᠦᠮᠡᠨ ᠭᠠᠵᠠᠷ ᠤᠨ ᠨᠣᠮᠢᠨ ᠨᠣᠭᠤᠭᠠᠨ ᠤᠷᠲᠤ ᠴᠠᠭᠠᠨ ᠬᠡᠷᠡᠮ ᠢ ᠴᠣᠭᠴᠠᠯᠠᠨ᠎ᠠ ᠭᠡᠵᠦ ᠲᠣᠳᠣᠷᠬᠠᠢ ᠴᠣᠬᠤᠯᠠᠪᠤᠷᠢᠯᠠᠪᠠ᠃    ︽ᠲᠥᠯᠦᠪᠵᠢᠭᠦᠯᠭᠡ︾  ᠪᠣᠯ ᠥᠪᠥᠷ ᠮᠣᠩᠭᠤᠯ ᠤᠨ ᠣᠷᠣᠨ ᠵᠠᠢ ᠶᠢᠨ ᠬᠥᠭᠵᠢᠯᠲᠡ ᠶᠢᠨ ᠵᠦᠭᠯᠡᠭᠦᠷ᠂ ᠦᠷᠭᠦᠯᠵᠢᠯᠡᠬᠦ ᠬᠥᠭᠵᠢᠯᠲᠡ ᠶᠢᠨ ᠣᠷᠣᠨ ᠵᠠᠢ ᠶᠢᠨ ᠵᠢᠷᠤᠭ ᠲᠥᠯᠥᠪᠯᠡᠭᠡ ᠮᠥᠨ᠂ ᠡᠯ᠎ᠡ ᠲᠥᠷᠥᠯ ᠤᠨ ᠨᠡᠭᠡᠭᠡᠨ ᠬᠥᠭᠵᠢᠭᠦᠯᠵᠦ ᠬᠠᠮᠠᠭᠠᠯᠠᠬᠤ ᠪᠦᠲᠦᠭᠡᠨ ᠪᠠᠶᠢᠭᠤᠯᠬᠤ ᠠᠵᠢᠯᠯᠠᠭ᠎ᠠ ᠶᠢᠨ ᠦᠨᠳᠦᠰᠦᠨ ᠦᠨᠳᠦᠰᠦᠯᠡᠯ ᠮᠥᠨ᠃ ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ  ᠠᠴᠠ︽ᠲᠥᠯᠦᠪᠵᠢᠭᠦᠯᠭᠡ︾ ᠶᠢ ᠬᠡᠷᠡᠭᠵᠢᠭᠦᠯᠬᠦ ᠲᠣᠭᠲᠠᠴᠠ ᠶᠢ ᠱᠠᠯᠠᠪᠳᠠᠨ ᠪᠠᠶᠢᠭᠤᠯᠤᠨ ᠪᠦᠷᠢᠨᠰᠢᠭᠦᠯᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢ ᠬᠡᠷᠡᠭᠵᠢᠭᠦᠯᠬᠦ ᠶᠢ ᠬᠢᠨᠠᠨ ᠬᠡᠮᠵᠢᠵᠦ ᠦᠨᠡᠯᠡᠨ ᠵᠢᠱᠢᠵᠦ ᠤᠷᠢᠳᠴᠢᠯᠠᠨ ᠰᠡᠷᠡᠮᠵᠢᠯᠡᠭᠦᠯᠭᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠲᠥᠯᠦᠪᠵᠢᠭᠦᠯᠭᠡ ︾ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠦᠨᠡᠨ ᠬᠦ ᠬᠠᠮᠠᠭᠠᠯᠠᠨ᠎ᠠ᠃ ᠡᠭᠦᠨ ᠤ ᠬᠠᠮᠲᠤ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶   ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠵᠥᠪᠰᠢᠶᠡᠷᠡᠬᠦ ᠠᠵᠢᠯ ᠢ ᠲᠦᠷᠭᠡᠳᠬᠡᠨ ᠠᠬᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠰᠲ᠋ᠧᠮ ᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠪᠠᠬᠢ ᠣᠷᠣᠨ ᠵᠠᠢ ᠶᠢᠨ ᠰᠠᠭᠤᠷᠢ ᠶᠢ ᠬᠠᠩᠭᠠᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号