ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠠᠮ ᠤᠨ ᠭᠠᠳᠠᠨᠠᠬᠢ ᠬᠥᠮᠥᠰ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/12/28
    12 ᠰᠠᠷ᠎ᠠ ᠶᠢᠨ 21 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠠᠷᠢᠯᠴᠠᠬᠤ ᠬᠤᠷᠠᠯ ᠬᠤᠷᠠᠯᠳᠤᠭᠤᠯᠵᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢᠳ ᠤᠨ 2023 ᠣᠨ ᠤ ᠭᠤᠣᠯᠳᠠᠯᠭ᠎ᠠ ᠲᠠᠢ ᠰᠡᠳᠦᠪ ᠤᠨ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠠᠷᠠᠳᠴᠢᠯᠠᠭᠰᠠᠨ ᠨᠠᠮ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠲᠤᠰᠬᠠᠢ ᠲᠦᠷᠦᠯ ᠤᠨ ᠠᠷᠠᠳᠴᠢᠯᠠᠯ ᠢᠶᠠᠷ ᠬᠢᠨᠠᠯᠲᠠ ᠲᠠᠯᠪᠢᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠨᠠᠮ ᠤᠨ ᠭᠠᠳᠠᠨᠠᠬᠢ ᠬᠥᠮᠥᠰ ᠪᠣᠯᠣᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠲᠥᠯᠥᠭᠡᠯᠡᠭᠴᠢᠳ ᠤᠨ ᠢᠷᠡᠬᠦ ᠵᠢᠯ ᠤᠨ ᠭᠤᠣᠯᠳᠠᠯᠭ᠎ᠠ ᠲᠠᠢ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ 2023 ᠣᠨ ᠤ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠮᠡᠳᠡᠭᠳᠡᠪᠡ᠃     ᠶᠠᠷᠢᠯᠴᠠᠬᠤ ᠬᠤᠷᠠᠯ ᠳᠡᠭᠡᠷ᠎ᠡ᠂ ᠲᠤᠮᠲᠠᠲᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠪᠠᠢ ᠴᠢᠩ ᠶᠤᠸᠠᠨ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠵᠤᠤ ᠵᠢᠢ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠤᠯᠤᠰ ᠢᠶᠠᠨ ᠪᠠᠶᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠶᠢᠨ ᠵᠤᠸᠠᠩ᠂ ᠳᠤᠮᠳᠠᠳᠤ ᠤᠯᠤᠰ ᠤᠨ ᠠᠷᠠᠳᠴᠢᠯᠠᠯ ᠢᠶᠠᠷ ᠠᠬᠢᠭᠤᠯᠬᠤ ᠬᠤᠷᠠᠯ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠰᠦᠨ ᠵᠢᠶᠦ᠋ᠨ ᠴᠢᠩ᠂ ᠳᠤᠮᠳᠠᠳᠤ ᠤᠯᠤᠰ ᠤᠨ ᠲᠠᠷᠢᠶᠠᠴᠢᠨ ᠠᠵᠢᠯᠴᠢᠨ ᠤ ᠠᠷᠠᠳᠴᠢᠯᠠᠭᠰᠠᠨ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠶᠦᠨ ᡁᠢ ᠾᠧᠦ᠂ ︽9·3︾ ᠤ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠡᠷᠭᠢᠯᠡᠭᠴᠢ ᠭᠡᠰᠢᠭᠦᠨ ᠢᠦᠢ ᠷᠧᠨ ᠵᠢᠶᠧ᠂ ᠥᠪᠡᠷᠲᠡᠭᠡᠨ ᠵᠠᠰᠠᠬᠤ ᠣᠷᠣᠨ ᠤ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠶᠢᠨ ᠲᠡᠷᠢᠭᠦᠯᠡᠭᠴᠢ ᠠᠨ ᠷᠦᠨ ᠱᠧᠩ᠂ ᠨᠠᠮ ᠪᠦᠯᠦᠭ ᠤᠨ ᠪᠤᠰᠤ ᠬᠥᠮᠥᠰ ᠤᠨ ᠲᠥᠯᠥᠭᠡᠯᠡᠭᠴᠢ ᠵᠠᠩ ᠯᠢ ᠸᠧᠨ ᠤᠷᠢᠳ ᠬᠤᠵᠢᠳ ᠦᠭᠡ ᠬᠡᠯᠡᠵᠡᠢ᠃ ᠬᠤᠷᠠᠯ ᠠᠴᠠ ᠪᠠᠰᠠ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ  3 ᠲᠥᠯᠥᠭᠡᠯᠡᠭᠴᠢ ᠪᠣᠯᠣᠨ ᠰᠦᠨ ᠱᠤᠤ ᠴᠧᠩ ᠤᠨ ᠬᠠᠷᠢᠯᠴᠠᠵᠤ ᠪᠠᠶᠢᠭ᠎ᠠ ᠨᠠᠮ ᠤᠨ ᠭᠠᠳᠠᠨᠠᠬᠢ 3 ᠬᠥᠮᠥᠨ᠂ ᠬᠤᠯᠪᠣᠭᠳᠠᠯ ᠪᠦᠬᠦᠢ ᠬᠤᠳᠠᠯᠳᠤᠭᠠᠴᠢᠳ ᠤᠨ ᠨᠡᠶᠢᠭᠡᠮᠯᠢᠭ ᠤᠨ ᠬᠠᠷᠢᠭᠤᠴᠠᠯᠭᠠᠲᠠᠨ ᠢ ᠤᠷᠢᠵᠤ ᠣᠷᠣᠯᠴᠠᠭᠤᠯᠤᠭᠰᠠᠨ ᠪᠥᠭᠡᠳ ᠦᠭᠡ ᠬᠡᠯᠡᠪᠡ᠃ ᠣᠯᠠᠨ ᠢᠶᠠᠷ ᠢᠶᠠᠨ 2023 ᠣᠨ ᠤ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠠᠵᠢᠯ ᠤᠨ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠵᠤ᠂ ᠢᠷᠡᠬᠦ ᠵᠢᠯ ᠤᠨ ᠠᠵᠢᠯ ᠳᠤ ᠰᠠᠨᠠᠯ ᠰᠠᠨᠠᠭᠤᠯᠭ᠎ᠠ ᠳᠤᠷᠠᠳᠴᠠᠢ᠃ ᠣᠯᠠᠨ ᠤ  ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠣᠯᠠᠨ ᠤ ᠳᠤᠷᠠᠳᠤᠭᠰᠠᠨ ᠰᠠᠨᠠᠯ ᠰᠠᠨᠠᠭᠤᠯᠭ᠎ᠠ ᠮᠠᠰᠢ ᠦᠨ᠎ᠡ ᠥᠷᠲᠡᠭ ᠲᠠᠢ᠂ ᠪᠠᠶᠢᠴᠠᠭᠠᠨ ᠰᠤᠳᠤᠯᠤᠯᠲᠠ ᠪᠠ ᠬᠢᠨᠠᠯᠲᠠ ᠲᠠᠯᠪᠢᠭᠰᠠᠨ ᠦᠷ᠎ᠡ ᠪᠦᠲᠦᠭᠡᠯ ᠤᠨ ᠶᠠᠰᠤ ᠴᠢᠨᠠᠷ ᠮᠠᠰᠢ ᠥᠨᠳᠥᠷ ᠪᠠᠶᠢᠨ᠎ᠠ᠂ ᠪᠢᠳᠡ ᠨᠠᠷᠢᠨ ᠬᠢᠨᠠᠮᠠᠭᠠᠢ ᠰᠤᠳᠤᠯᠵᠤ᠂ ᠭᠦᠢᠴᠡᠳ ᠰᠢᠩᠭᠡᠬᠡᠨ ᠠᠪᠴᠤ᠂ ᠣᠨᠳᠣᠣᠰᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠨ᠎ᠠ ᠭᠡᠪᠡ᠃     ᠰᠦᠨ ᠱᠤᠤ ᠴᠧᠩ᠂ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶ᠎ᠠ  ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠᠷ ᠬᠥᠲᠥᠯᠥᠮᠵᠢ ᠪᠣᠯᠭᠠᠨ ᠡᠯ᠎ᠡ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠮ ᠤᠨ ᠪᠠᠶᠢᠭᠤᠯᠤᠯᠲᠠ ᠪᠣᠯᠣᠨ ᠠᠵᠤ ᠠᠬᠤᠢ ᠨᠡᠶᠢᠭᠡᠮ ᠤᠨ ᠬᠥᠭᠵᠢᠯᠲᠡ ᠰᠢᠨ᠎ᠡ ᠠᠮᠵᠢᠯᠲᠠ ᠣᠯᠪᠠ᠃ ᠡᠳᠡᠭᠡᠷ ᠠᠮᠵᠢᠯᠲᠠ ᠪᠦᠲᠦᠮᠵᠢ ᠶᠢ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ ᠬᠠᠯᠠᠮᠵᠢᠯᠠᠯ ᠪᠣᠯᠣᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ ᠣᠯᠣᠭᠰᠠᠨ ᠶᠤᠮ᠂ ᠪᠦᠭᠦ ᠣᠷᠣᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠠᠴᠢ ᠡᠨᠡᠷᠢᠯ ᠳᠤᠨᠢ ᠲᠠᠯᠠᠷᠬᠠᠨ ᠡᠷᠡᠯᠬᠡᠭᠯᠡᠨ ᠴᠢᠷᠮᠠᠶᠢᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠤᠯᠬᠤ ᠪᠥᠭᠡᠳ ᠪᠠᠰᠠ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠥᠮᠥᠰ ᠪᠣᠯᠣᠨ ᠥᠷᠭᠡᠨ ᠤᠯᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯᠲᠠᠨ ᠤ ᠤᠶᠤᠨ ᠤᠬᠠᠭᠠᠨ ᠪᠠ ᠬᠦᠴᠦ ᠬᠥᠯᠥᠰᠦ ᠠᠭᠤᠯᠤᠭᠳᠠᠵᠤ ᠪᠤᠢ᠃ ᠤᠯᠠᠨ ᠢᠶᠠᠷ ᠢᠶᠠᠨ ᠵᠣᠷᠢᠭ ᠨᠢᠭᠡᠳᠪᠡᠯ ᠲᠦᠮᠡᠨ ᠬᠡᠷᠡᠭ ᠪᠦᠲᠦᠳᠡᠭ᠃ 2024 ᠣᠨ ᠪᠣᠯ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠣᠯᠠᠨ ᠢᠶᠠᠷ ᠢᠶᠠᠨ ᠦᠷᠭᠦᠯᠵᠢᠯᠡᠨ ᠴᠢᠷᠮᠠᠶᠢᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠲᠠᠢ ᠠᠳᠠᠯᠢ ᠴᠢᠭᠯᠡᠯ ᠢᠶᠠᠷ ᠬᠦᠴᠦᠯᠡᠵᠦ᠂ ᠠᠳᠠᠯᠢ ᠰᠡᠳᠦᠪ ᠢ ᠬᠠᠮᠲᠤ ᠪᠠᠷ ᠬᠠᠷᠢᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢᠶᠠᠷ ᠵᠠᠮᠨᠠᠨ ᠳᠤᠮᠳᠠ ᠲᠦᠪᠰᠢᠨ ᠳᠤ ᠣᠷᠣᠬᠤ ᠳᠤ ᠨᠠᠩ ᠶᠡᠭᠡ ᠬᠤᠪᠢ ᠨᠡᠮᠡᠷᠢ ᠦᠵᠡᠭᠦᠯᠭᠦ ᠶᠢ ᠬᠦᠰᠡᠵᠦ ᠪᠠᠶᠢᠨ᠎ᠠ ᠭᠡᠵᠡᠢ᠃     ᠰᠦᠨ ᠱᠤᠤ ᠴᠧᠩ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠲᠤ 3 ᠲᠠᠯ᠎ᠠ ᠶᠢᠨ ᠬᠦᠰᠡᠯ ᠳᠤᠷᠠᠳᠪᠠ᠃ ᠨᠢᠭᠡ ᠳᠤ᠂ ᠤᠯᠤᠰ ᠲᠥᠷᠥ ᠶᠢ ᠡᠷᠭᠢᠮᠯᠡᠭᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠨᠢᠭᠡᠳᠬᠡᠵᠦ᠂ ︽ᠬᠤᠶᠠᠷ ᠢ ᠲᠣᠭᠲᠠᠭᠠᠭᠰᠠᠨ︾ ᠤ ᠰᠢᠢᠳᠪᠦᠷᠢᠯᠡᠭᠴᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠪᠦᠯᠬᠦᠮᠳᠡᠨ ᠤᠷᠤᠭᠰᠢᠯᠠᠬᠤ ᠬᠠᠮᠲᠤ ᠶᠢᠨ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠷᠭᠦᠯᠵᠢᠯᠡᠨ ᠪᠠᠲᠤ ᠴᠣᠭᠴᠠᠯᠠᠬᠤ ᠬᠡᠷᠡᠭᠲᠡᠢ᠃ ᠬᠤᠶᠠᠷ ᠲᠤ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠬᠦ᠂ ᠨᠡᠶᠢᠭᠡᠮ ᠤᠨ ᠵᠢᠱᠢᠯᠲᠡ ᠶᠢ ᠰᠠᠶᠢᠵᠢᠷᠠᠭᠤᠯᠬᠤ ᠠᠵᠢᠯ ᠢ ᠢᠯᠡᠭᠦᠬᠡᠨ ᠬᠢᠵᠦ᠂ ᠡᠯ᠎ᠡ ᠲᠠᠯ᠎ᠠ ᠶᠢᠨ ᠬᠢᠨ ᠤ ᠡᠷᠴᠢ ᠵᠣᠷᠢᠭ ᠢᠶᠠᠨ ᠬᠥᠪᠴᠢᠯᠡᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠭᠡᠬᠦ ᠡᠨᠡ ᠬᠦ ᠭᠤᠣᠯ ᠠᠵᠢᠯ ᠪᠠ ᠴᠢᠨᠠᠷ ᠰᠠᠶᠢᠲᠠᠢ ᠬᠥᠭᠵᠢᠯᠲᠡ ᠭᠡᠬᠦ ᠡᠨᠡ ᠬᠦ ᠲᠡᠷᠢᠭᠦᠨ ᠴᠢᠬᠤᠯᠠ ᠡᠭᠦᠷᠭᠡ ᠶᠢ ᠰᠠᠶᠢᠲᠤᠷ ᠠᠳᠬᠤᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠳᠠᠪᠠᠭᠤᠯᠢᠭ ᠢᠶᠠᠨ ᠪᠠᠳᠠᠷᠠᠭᠤᠯᠵᠤ᠂ ᠶᠡᠭᠡ ᠲᠠᠯ᠎ᠠ ᠳᠤ ᠦᠢᠯᠡᠴᠢᠯᠡᠵᠦ᠂ ᠪᠠᠶᠢᠴᠠᠭᠠᠨ ᠰᠤᠳᠤᠯᠤᠯᠲᠠ ᠬᠢᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠭᠦᠨᠵᠡᠭᠡᠢ ᠥᠷᠨᠢᠭᠦᠯᠵᠦ᠂ ᠪᠠᠶᠢᠭᠤᠯᠤᠮᠵᠢ ᠲᠣᠭᠲᠠᠴᠠ ᠶᠢᠨ ᠲᠠᠯ᠎ᠠ ᠪᠠ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠤᠨ ᠲᠠᠯ᠎ᠠ ᠪᠠᠷ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠠᠷᠭ᠎ᠠ ᠶᠢ ᠢᠯᠡᠭᠦᠬᠡᠨ ᠰᠤᠳᠤᠯᠤᠨ ᠳᠤᠷᠠᠳᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠣᠯᠣᠨ ᠨᠠᠮ ᠪᠦᠯᠦᠭ ᠤᠨ ᠪᠤᠰᠤ ᠬᠥᠮᠥᠰ ᠤᠨ ᠠᠵᠢᠯ ᠢ ᠳᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠨᠠᠩ ᠬᠦᠴᠦᠲᠡᠢ ᠳᠡᠮᠵᠢᠵᠦ᠂ ᠣᠯᠠᠨ ᠤ ᠠᠵᠢᠯ ᠬᠢᠵᠦ ᠦᠢᠯᠡᠰ ᠪᠣᠰᠬᠠᠬᠤ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ ᠥᠭᠭᠦᠨ᠎ᠡ᠃     ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠵᠠᠩ ᠶᠠᠨ ᠺᠦᠨ᠂ ᠬᠤᠸᠠᠩ ᡁᠢ ᠴᠢᠶᠠᠩ᠂ ᠢᠦᠢ ᠯᠢ ᠰᠢᠨ᠂ ᠵᠠᠩ ᠱᠤᠤ ᠴᠦᠨ ᠬᠤᠷᠠᠯ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号