ᠬᠤᠳᠤᠢ ᠶᠢᠨ ᠨᠠᠭᠤᠷ ᠭᠠᠴᠠᠭᠠᠨ ᠤ 52 ᠮᠠᠯᠵᠢᠬᠤ ᠡᠷᠦᠭᠡ ᠳᠤ ᠪᠠᠶᠢᠩᠭᠤ ᠶᠢᠨ ᠴᠠᠭᠢᠯᠭᠠᠨ ᠨᠡᠪᠲᠡᠷᠡᠵᠡᠢ
ᠨᠡᠶᠢᠲᠡᠯᠡᠭᠰᠡᠨ ᠴᠠᠭ᠄
2023/12/4
    ᠣᠶᠢᠷ᠎ᠠ ᠳᠤ᠂ ᠠᠯᠠᠱᠠ ᠵᠡᠭᠦᠨ ᠬᠤᠰᠢᠭᠤᠨ ᠤ ᠪᠠᠶᠠᠠᠨᠢᠷᠤᠭᠤᠨ ᠰᠤᠮᠤᠨ ᠤ ᠬᠤᠳᠤᠢ ᠶᠢᠨ ᠨᠠᠭᠤᠷ ᠭᠠᠴᠠᠭ᠎ᠠ ᠶᠢᠨ 10 ᠺᠢᠯᠤᠸᠤᠯᠲ ᠤᠨ ᠴᠠᠭᠢᠯᠭᠠᠨ ᠤ ᠱᠤᠭᠤᠮ ᠨᠡᠪᠳᠡᠷᠡᠵᠦ 52 ᠮᠠᠯᠵᠢᠬᠤ ᠡᠷᠦᠭᠡ ᠠᠰᠢᠭ ᠬᠦᠷᠲᠡᠵᠦ ᠠᠮᠢᠳᠤᠷᠠᠯ ᠨᠢ ᠳᠤᠩ ᠶᠡᠭᠡ ᠬᠤᠪᠢᠷᠠᠯᠲᠠ ᠲᠠᠢ ᠪᠣᠯᠪᠠ᠃     ᠬᠤᠳᠤᠢ ᠶᠢᠨ ᠨᠠᠭᠤᠷ ᠭᠠᠴᠠᠭ᠎ᠠ ᠨᠢ ᠲᠡᠭᠷᠢ ᠡᠯᠡᠰᠦᠨ ᠤ ᠵᠠᠬ᠎ᠠ ᠭᠦᠪᠡᠭᠡ ᠪᠠᠷ ᠪᠠᠶᠢᠷᠢᠯᠠᠵᠤ᠂ ᠭᠠᠵᠠᠷ ᠠᠭᠤᠳᠠᠮ ᠬᠥᠮᠥᠨ ᠴᠥᠭᠡᠨ᠂ ᠮᠠᠯᠴᠢᠳ ᠤᠨ ᠰᠠᠭᠤᠷᠢᠰᠢᠯ ᠲᠠᠷᠠᠬᠠᠢ᠂ ᠵᠠᠮ ᠬᠠᠷᠢᠯᠴᠠᠭ᠎ᠠ ᠳᠥᠭᠦᠮ ᠦᠭᠡᠢ᠂ ᠴᠠᠭᠢᠯᠭᠠᠨ ᠬᠡᠷᠡᠭᠯᠡᠬᠦ ᠳᠤ ᠬᠦᠴᠢᠷ ᠵᠡᠷᠭᠡ ᠠᠰᠠᠭᠤᠳᠠᠯ ᠨᠢ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠢ ᠨᠥᠯᠥᠭᠡᠯᠡᠵᠦ ᠪᠠᠶᠢᠭᠰᠠᠨ ᠢᠶᠠᠷ ᠪᠠᠷᠠᠬᠤ ᠦᠭᠡᠢ᠂ ᠭᠠᠴᠠᠭ᠎ᠠ ᠶᠢᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠲᠤᠶᠢᠯ ᠤᠨ ᠶᠡᠭᠡ ᠪᠠᠷ ᠬᠢᠵᠠᠭᠠᠷᠯᠠᠵᠤ ᠪᠠᠶᠢᠵᠠᠢ᠃     ︽ᠡᠨᠡ ᠬᠠᠪᠢ ᠪᠠᠷ ᠵᠦᠪᠭᠡᠨ ᠮᠠᠨ ᠤ ᠨᠢᠭᠡ ᠠᠶᠢᠯ ᠰᠠᠭᠤᠷᠢᠰᠢᠵᠤ ᠪᠠᠶᠢᠳᠠᠭ᠃ ᠥᠩᠭᠡᠷᠡᠭᠰᠡᠨ ᠳᠤ ᠰᠠᠯᠬᠢ ᠭᠡᠷᠡᠯ ᠬᠠᠷᠢᠯᠴᠠᠨ ᠨᠥᠬᠦᠪᠦᠷᠢᠯᠡᠬᠦ ᠲᠥᠬᠦᠭᠡᠷᠦᠮᠵᠢ ᠶᠢ ᠬᠡᠷᠡᠭᠯᠡᠵᠦ ᠪᠠᠶᠢᠭᠰᠠᠨ ᠪᠣᠯᠬᠤᠷ᠂ ᠴᠠᠭᠢᠯᠭᠠᠨ ᠬᠦᠴᠦᠳᠡᠯ ᠲᠤᠶᠢᠯ ᠤᠨ ᠲᠣᠭᠲᠠᠪᠤᠷᠢ ᠦᠭᠡᠢ᠂ ᠴᠠᠭᠢᠯᠭᠠᠨ ᠬᠡᠮᠵᠢᠶ᠎ᠡ ᠬᠢᠵᠠᠭᠠᠷ ᠲᠠᠢ ᠲᠤᠯᠠ ᠵᠥᠪᠭᠡᠨ ᠪᠠᠭ᠎ᠠ ᠴᠢᠳᠠᠯ ᠲᠠᠢ ᠠᠮᠢᠳᠤᠷᠠᠯ ᠳᠤ ᠬᠡᠷᠡᠭᠯᠡᠬᠦ ᠴᠠᠭᠢᠯᠭᠠᠨ ᠬᠡᠷᠡᠭᠰᠡᠯ ᠢ ᠬᠡᠷᠡᠭᠯᠡᠨ᠂ ᠲᠣᠮᠣ ᠭᠡᠯᠪᠡᠷᠢ ᠶᠢᠨ ᠴᠠᠭᠢᠯᠭᠠᠨ ᠬᠡᠷᠡᠭᠰᠡᠯ ᠢ ᠬᠡᠷᠡᠭᠯᠡᠬᠦ ᠶᠢᠨ ᠠᠷᠭ᠎ᠠ ᠦᠭᠡᠢ ᠪᠠᠶᠢᠪᠠ᠃ ᠥᠨᠳᠥᠷ ᠳᠠᠷᠤᠯᠲᠠᠲᠤ ᠪᠠᠶᠢᠩᠭᠤ ᠶᠢᠨ ᠴᠠᠭᠢᠯᠭᠠᠨ ᠨᠡᠪᠲᠡᠷᠡᠭᠰᠡᠨ ᠢᠶᠠᠷ ᠤᠳᠤ ᠴᠠᠭᠢᠯᠭᠠᠨ ᠭᠦᠳᠡᠯᠭᠡᠭᠦᠷᠲᠦ ᠲᠠᠷᠢᠶᠠᠯᠠᠩ ᠤᠨ ᠮᠠᠰᠢᠨ ᠢ ᠬᠡᠷᠡᠭᠯᠡᠬᠦ ᠪᠣᠯᠤᠭᠰᠠᠨ ᠮᠥᠷᠲᠡᠭᠡᠨ ᠭᠡᠷ ᠤᠨ ᠡᠯ᠎ᠡ ᠲᠦᠷᠦᠯ ᠤᠨ ᠴᠠᠭᠢᠯᠭᠠᠨ ᠬᠡᠷᠡᠭᠰᠡᠯ ᠢ ᠪᠦᠷ ᠬᠡᠷᠡᠭᠯᠡᠵᠦ ᠡᠳ᠋ᠯᠡᠵᠦ ᠳᠡᠶᠢᠯᠭᠦ ᠪᠣᠯᠵᠠᠢ︾ ᠭᠡᠵᠦ ᠮᠠᠯᠴᠢᠨ ᠮᠠᠤ ᠷᠦᠩ ᠬᠤᠸᠠ ᠪᠠᠶᠠᠷᠲᠠᠢ ᠬᠡᠯᠡᠨ᠎ᠡ᠃      ᠣᠶᠢᠷ᠎ᠠ ᠶᠢᠨ ᠵᠢᠯ ᠳᠤ᠂ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠮᠠᠯᠴᠢᠨ ᠲᠦᠮᠡᠨ ᠤ ᠠᠮᠢᠳᠤᠷᠠᠯ ᠤᠨ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ᠂ ᠰᠠᠯᠬᠢ ᠭᠡᠷᠡᠯ ᠬᠠᠷᠢᠯᠴᠠᠨ ᠨᠥᠬᠦᠪᠦᠷᠢᠯᠡᠬᠦ ᠴᠠᠭᠢᠯᠭᠠᠨ ᠬᠠᠩᠭᠠᠯᠲᠠ ᠨᠢ ᠮᠠᠯᠴᠢᠳ ᠤᠨ ᠬᠡᠪ ᠤᠨ ᠦᠢᠯᠡᠳᠪᠦᠷᠢᠯᠡᠯ ᠠᠮᠢᠳᠤᠷᠠᠯ ᠤᠨ ᠬᠡᠷᠡᠭᠴᠡᠭᠡ ᠶᠢ ᠬᠠᠩᠭᠠᠵᠤ ᠳᠡᠶᠢᠯᠭᠦ ᠦᠭᠡᠢ ᠪᠣᠯᠵᠠᠢ᠃ ᠡᠨᠡ ᠵᠢᠯ᠂ ᠪᠠᠶᠠᠠᠨᠢᠷᠤᠭᠤᠨ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠭᠠᠴᠠᠭ᠎ᠠ ᠶᠢᠨ ︽ᠬᠤᠶᠠᠷ ᠵᠥᠪᠯᠡᠯ︾ ᠣᠯᠠᠨ ᠲᠠᠯ᠎ᠠ ᠶᠢᠨ ᠴᠢᠷᠮᠠᠶᠢᠯᠭ᠎ᠠ ᠪᠠᠷ ᠳᠠᠮᠵᠢᠨ ᠬᠤᠳᠤᠢ ᠶᠢᠨ ᠨᠠᠭᠤᠷ ᠭᠠᠴᠠᠭ᠎ᠠ ᠳᠤ 2023 ᠣᠨ ᠤ ᠰᠢᠨ᠎ᠡ ᠡᠨᠧᠷᠭᠢ ᠶᠢᠨ ᠰᠤᠷᠪᠤᠯᠵᠢ ᠶᠢ ᠴᠠᠭᠢᠯᠭᠠᠨ ᠲᠣᠣᠷ ᠲᠤ ᠰᠢᠯᠵᠢᠭᠦᠯᠬᠦ ᠢᠨᠵᠧᠨᠧᠷᠢᠩ ᠤᠨ ᠲᠥᠷᠥᠯ ᠵᠦᠢᠯ ᠢ ᠲᠡᠮᠡᠴᠡᠨ ᠣᠯᠪᠠ᠃ 9 ᠰᠠᠷ᠎ᠠ ᠠᠴᠠ ᠡᠬᠢᠯᠡᠵᠦ᠂ 10 ᠺᠢᠯᠤᠸᠤᠯᠲ ᠤᠨ ᠱᠤᠭᠤᠮ ᠢ 55 ᠺᠢᠯᠣᠮᠧᠲᠷ ᠲᠠᠲᠠᠵᠤ᠂ 52 ᠮᠠᠯᠴᠢᠨ ᠡᠷᠦᠭᠡ ᠳᠤ ᠴᠠᠭᠢᠯᠭᠠᠨ ᠨᠡᠪᠲᠡᠷᠡᠭᠦᠯᠵᠡᠢ᠃ ︽ᠠᠯᠠᠱᠠ ᠶᠢᠨ ᠴᠠᠭᠢᠯᠭᠠᠨ ᠬᠠᠩᠭᠠᠬᠤ ᠺᠤᠮᠫᠠᠨᠢ ᠮᠠᠨ ᠤ ᠭᠠᠴᠠᠭ᠎ᠠ ᠶᠢᠨ ᠴᠠᠭᠢᠯᠭᠠᠨ ᠬᠡᠷᠡᠭᠯᠡᠬᠦ ᠳᠤ ᠬᠦᠴᠢᠷ ᠪᠠᠶᠢᠭᠰᠠᠨ ᠠᠰᠠᠭᠤᠳᠠᠯ ᠢ ᠰᠢᠢᠳᠪᠦᠷᠢᠯᠡᠵᠦ᠂ ᠮᠠᠯᠴᠢᠨ ᠲᠦᠮᠡᠨ ᠤ ᠠᠮᠢᠳᠤᠷᠠᠯ ᠢ ᠣᠳᠣᠬᠢᠴᠢᠯᠠᠯᠲᠠ ᠳᠤ ᠣᠷᠣᠭᠤᠯᠵᠤ᠂ ᠭᠠᠴᠠᠭ᠎ᠠ ᠶᠢᠨ ᠬᠥᠭᠵᠢᠯᠲᠡ ᠳᠤ ᠰᠢᠨ᠎ᠡ ᠬᠦᠴᠦᠨ ᠨᠡᠮᠡᠷᠢᠯᠡᠵᠡᠢ︾ ᠭᠡᠵᠦ ᠬᠤᠳᠤᠢ ᠶᠢᠨ ᠨᠠᠭᠤᠷ ᠭᠠᠴᠠᠭ᠎ᠠ ᠶᠢᠨ ᠨᠠᠮ ᠤᠨ ᠡᠭᠦᠷ ᠤᠨ ᠱᠦᠵᠢ ᠯᠢᠦ ᠬᠤᠩ ᠮᠢᠩ ᠲᠠᠨᠢᠯᠴᠠᠭᠤᠯᠪᠠ᠃      ᠡᠳᠦᠭᠡ᠂ ᠬᠥᠨᠳᠡᠯᠡᠨ ᠭᠤᠯᠳᠤ ᠰᠦᠯᠵᠢᠯᠳᠦᠭᠰᠡᠨ ᠴᠠᠭᠢᠯᠭᠠᠨ ᠤᠲᠠᠰᠤ ᠲᠠᠯ᠎ᠠ ᠨᠤᠲᠤᠭ ᠤᠨ ᠭᠦᠨ ᠲᠡᠶᠢᠰᠢ ᠲᠠᠰᠤᠷᠠᠯᠳᠡ ᠦᠭᠡᠢ ᠦᠷᠭᠦᠯᠵᠢᠯᠡᠵᠦ᠂ ᠠᠶᠢᠯ ᠡᠷᠦᠭᠡ ᠶᠢ ᠭᠡᠷᠡᠯᠳᠦᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢᠨ ᠠᠬᠢᠴᠠ ᠳᠤ ᠬᠦᠴᠦᠨ ᠨᠡᠮᠡᠷᠢᠯᠡᠵᠦ᠂ ᠮᠠᠯᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠨ ᠴᠢᠨᠡᠭᠡᠯᠢᠭᠵᠢᠬᠦ᠂ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃ ᠲᠠᠷᠠᠭᠠᠴᠢ ᠶᠢᠨ ᠠᠯᠬᠤᠮ ᠳᠤ᠂ ᠪᠠᠶᠠᠠᠨᠢᠷᠤᠭᠤᠨ ᠰᠤᠮᠤ ᠦᠷᠭᠦᠯᠵᠢᠯᠡᠨ ᠭᠤᠣᠯ ᠰᠡᠳᠦᠪᠲᠦ ᠬᠥᠮᠦᠵᠢᠯ ᠢᠶᠠᠷ ᠠᠵᠠ ᠲᠣᠭᠢᠶᠠᠯ ᠪᠤᠯᠭᠠᠵᠤ᠂ ︽ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ︾ ᠠᠵᠢᠯᠯᠠᠭ᠎ᠠ ᠶᠢ ᠦᠷᠭᠦᠯᠵᠢᠯᠡᠨ ᠪᠠᠲᠤᠳᠬᠠᠵᠤ᠂ ᠮᠠᠯᠴᠢᠳ ᠲᠤ ᠭᠤᠣᠯ ᠰᠡᠳᠦᠪᠲᠦ ᠬᠥᠮᠦᠵᠢᠯ ᠠᠴᠠ ᠣᠯᠣᠭᠰᠠᠨ ᠦᠨᠡᠨ ᠪᠣᠳᠠᠲᠠᠢ ᠦᠷ᠎ᠡ ᠪᠦᠲᠦᠮᠵᠢ ᠶᠢ ᠦᠷᠭᠦᠯᠵᠢᠯᠡᠨ ᠡᠳ᠋ᠯᠡᠭᠦᠯᠭᠦ ᠪᠠᠷ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号