ᠠᠯᠠᠱᠠ ᠪᠠᠷᠠᠭᠤᠨ ᠬᠤᠰᠢᠭᠤᠨ ᠤ ᠶᠠᠪᠠᠷᠠᠢ ᠪᠠᠯᠭᠠᠰᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠪᠠᠶᠢᠨ᠎ᠠ
ᠨᠡᠶᠢᠲᠡᠯᠡᠭᠰᠡᠨ ᠴᠠᠭ᠄
2023/12/5
     ︽ᠶᠠᠨ ᠡᠪᠦᠭᠡ ᠠ᠋᠂ ᠪᠢᠳᠡ ᠲᠠᠨ ᠢ ᠦᠵᠡᠬᠦ ᠪᠠᠷ ᠢᠷᠡᠯ᠎ᠡ᠂ ᠲᠠᠨ ᠳᠤ ᠶᠠᠮᠠᠷ ᠬᠦᠴᠢᠷᠳᠡᠯ ᠪᠠᠶᠢᠪᠠᠯ ᠴᠠᠭ ᠲᠤᠬᠠᠢ ᠳᠤᠨᠢ ᠪᠢᠳᠡᠨ ᠲᠠᠢ ᠬᠠᠷᠢᠯᠴᠠᠭᠠᠷᠠᠢ ᠁︾᠃ ᠡᠪᠦᠯ ᠤᠨ ᠡᠬᠢᠨ ᠤ ᠠᠭᠤᠷ ᠠᠮᠢᠰᠬᠤᠯ ᠬᠡᠳᠦᠶᠢᠪᠡᠷ ᠬᠠᠬᠢᠷ ᠬᠦᠢᠲᠡᠨ ᠪᠠᠶᠢᠪᠠᠴᠤ᠂ ᠠᠯᠠᠱᠠ ᠪᠠᠷᠠᠭᠤᠨ ᠬᠤᠰᠢᠭᠤᠨ ᠤ ᠶᠠᠪᠠᠷᠠᠢ ᠪᠠᠯᠭᠠᠰᠤᠨ ᠤ ᠠᠬᠠᠮᠠᠳ ᠨᠠᠮ ᠤᠨ ᠭᠡᠰᠢᠭᠦᠨ ᠶᠠᠨ ᠰᠢᠶᠠᠩ ᠯᠦᠩ ᠤᠨ ᠰᠡᠳᠬᠢᠯ ᠳᠤ ᠲᠤᠩ ᠬᠠᠯᠠᠭᠤᠨ ᠳᠤᠯᠠᠭᠠᠨ ᠰᠠᠨᠠᠭᠳᠠᠨ᠎ᠠ᠃ ᠣᠶᠢᠷ᠎ᠠ ᠳᠤ᠂ ᠲᠣᠰ ᠪᠠᠯᠭᠠᠰᠤᠨ ᠤ ᠰᠢᠩ ᠶᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠨᠠᠮ ᠤᠨ ᠭᠡᠰᠢᠭᠦᠨ ᠺᠠᠳ᠋ᠷᠴᠤᠳ ᠲᠡᠭᠦᠨ ᠤ ᠭᠡᠷ ᠲᠤᠨᠢ ᠢᠷᠡᠵᠦ ᠡᠷᠡᠭᠦᠯ ᠮᠡᠨᠳᠦ ᠶᠢᠨ ᠪᠠᠶᠢᠳᠠᠯ ᠪᠠ ᠠᠮᠢᠳᠤᠷᠠᠯ ᠤᠨ ᠬᠡᠷᠡᠭᠴᠡᠭᠡ ᠶᠢ ᠨᠢ ᠣᠶᠢᠯᠠᠭᠠᠬᠤ ᠶᠢᠨ ᠬᠠᠮᠲᠤ ᠪᠠᠰᠠ ᠭᠤᠣᠯ ᠰᠡᠳᠦᠪᠲᠦ ᠬᠥᠮᠦᠵᠢᠯ ᠰᠤᠷᠤᠯᠴᠠᠯᠭ᠎ᠠ ᠶᠢᠨ ᠮᠠᠲ᠋ᠧᠷᠢᠶᠠᠯ ᠠᠪᠴᠢᠷᠠᠭᠰᠠᠨ ᠪᠠᠶᠢᠪᠠ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ ᠶᠠᠪᠠᠷᠠᠢ ᠪᠠᠯᠭᠠᠰᠤ ᠲᠣᠣᠷ ᠰᠦᠯᠵᠢᠶᠡᠨ ᠤ ᠰᠢᠨ᠎ᠡ ᠵᠠᠭᠤᠴᠢᠯᠠᠭᠤᠷ ᠤᠨ ᠦᠢᠯᠡᠳᠦᠯ ᠢ ᠪᠠᠳᠠᠷᠠᠭᠤᠯᠤᠨ᠂ ᠨᠠᠮ ᠤᠨ ᠭᠡᠰᠢᠭᠦᠨ ᠢ ᠳᠠᠶᠢᠴᠢᠯᠠᠨ ᠵᠢᠯᠤᠭᠤᠳᠴᠤ ︽ᠠᠯᠠᠭᠠᠨ ᠳᠡᠭᠡᠷᠡᠬᠢ︾ ᠰᠤᠷᠤᠯᠴᠠᠯᠭ᠎ᠠ ᠶᠢ ᠥᠷᠨᠢᠭᠦᠯᠵᠡᠢ᠃ ᠨᠠᠰᠤ ᠠᠬᠢᠭᠰᠠᠨ᠂ ᠬᠥᠳᠡᠯᠵᠦ ᠪᠠᠷᠢᠬᠤ ᠳᠤ ᠳᠥᠭᠦᠮ ᠦᠭᠡᠢ ᠠᠬᠠᠮᠠᠳ ᠨᠠᠮ ᠤᠨ ᠭᠡᠰᠢᠭᠦᠨ ᠳᠤ ᠬᠠᠨᠳᠤᠭᠤᠯᠤᠨ᠂ ᠨᠠᠮ ᠤᠨ ᠭᠡᠰᠢᠭᠦᠨ᠂ ᠳᠤᠤᠷᠵᠢᠭᠤᠯᠤᠬᠰᠠᠨ ᠬᠠᠮᠢᠶᠠᠷᠤᠯᠲᠠ ᠶᠢᠨ ᠠᠵᠢᠯᠲᠠᠨ ᠢ ᠵᠣᠬᠢᠶᠠᠨ ᠪᠠᠶᠢᠭᠤᠯᠵᠤ ᠭᠡᠷ ᠲᠤᠨᠢ ᠬᠦᠷᠴᠦ ᠨᠢᠭᠤᠷᠳᠠᠨ ᠰᠤᠷᠤᠯᠴᠠᠬᠤ ᠠᠵᠢᠯᠯᠠᠭ᠎ᠠ ᠥᠷᠨᠢᠭᠦᠯᠵᠡᠢ᠃ ︽ᠪᠢᠳᠡ ᠨᠠᠰᠤᠲᠠᠶᠢᠴᠤᠳ ᠪᠣᠯᠣᠨ ᠬᠥᠳᠡᠯᠵᠦ ᠪᠠᠷᠢᠬᠤ ᠳᠤ ᠳᠥᠭᠦᠮ ᠦᠭᠡᠢ ᠨᠠᠮ ᠤᠨ ᠭᠡᠰᠢᠭᠦᠳ ᠲᠤ ᠰᠤᠷᠤᠯᠴᠠᠯᠭ᠎ᠠ ᠶᠢ ᠭᠡᠷ ᠲᠤᠨᠢ ᠬᠦᠷᠭᠡᠨ᠂ ᠰᠤᠷᠤᠯᠴᠠᠬᠤ ᠮᠠᠲ᠋ᠧᠷᠢᠶᠠᠯ ᠪᠣᠯᠣᠨ ᠭᠥᠯᠢᠶᠡᠨ ᠠᠪᠴᠤ ᠰᠣᠨᠣᠰᠬᠤ ᠲᠥᠬᠦᠭᠡᠷᠦᠮᠵᠢ ᠲᠦᠭᠡᠭᠡᠨ ᠥᠭᠴᠦ᠂ ᠰᠤᠷᠤᠯᠴᠠᠯᠭ᠎ᠠ ᠶᠢ ᠪᠦᠭᠦ ᠲᠠᠯ᠎ᠠ ᠪᠠᠷ ᠪᠦᠷᠬᠦᠭᠦᠯᠵᠦ᠂ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠠᠢ᠃ ᠰᠠᠭᠤᠭᠠᠯᠢ ᠠᠷᠠᠳ ᠤᠨ ᠬᠦᠰᠡᠵᠦ ᠪᠠᠶᠢᠭ᠎ᠠ ᠬᠦᠴᠢᠷᠳᠡᠵᠦ ᠪᠠᠶᠢᠭ᠎ᠠ ᠠᠰᠠᠭᠤᠳᠠᠯ ᠢ ᠣᠶᠢᠯᠠᠭᠠᠵᠤ᠂ ᠠᠰᠠᠭᠤᠳᠠᠯ ᠪᠣᠯᠭᠠᠨ ᠢ ᠬᠠᠷᠢᠭᠤᠯᠵᠤ᠂ ᠬᠦᠴᠢᠷᠳᠡᠯ ᠪᠦᠭᠦᠨ ᠢ ᠰᠢᠢᠳᠪᠦᠷᠢᠯᠡᠨ ᠥᠭᠬᠦ ᠶᠢ ᠪᠠᠷᠢᠮᠲᠠᠯᠠᠪᠠ︾ ᠭᠡᠵᠦ ᠰᠢᠩ ᠶᠠ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠯᠥᠸᠧ ᠴᠦᠨ ᠬᠤᠸᠠ ᠬᠡᠯᠡᠨ᠎ᠡ᠃      ᠡᠨᠡ ᠬᠡᠳᠦᠨ ᠡᠳᠦᠷ᠂ ᠶᠠᠪᠠᠷᠠᠢ ᠪᠠᠯᠭᠠᠰᠤᠨ ᠤ ᠰᠢᠨᠡᠬᠤᠳᠳᠤᠭ ᠭᠠᠴᠠᠭ᠎ᠠ ᠶᠢᠨ ᠮᠠᠯᠴᠢᠨ ᠪᠠᠭᠠᠲᠤᠷ ᠶᠡᠭᠡ ᠪᠠᠶᠠᠷᠲᠠᠢ ᠪᠠᠶᠢᠪᠠ᠃ ︽ᠨᠢᠳᠤᠨᠤᠨ ᠨᠢᠭᠡ ᠤᠳᠠᠭᠠᠨ ᠤ ᠦᠶᠡᠷ ᠲᠤ ᠵᠠᠮ ᠲᠠᠭᠤᠭᠳᠠᠵᠤ᠂ ᠮᠣᠲ᠋ᠣᠷ ᠢᠶᠠᠷ ᠶᠠᠪᠤᠬᠤ ᠳᠤ ᠴᠤ ᠬᠦᠴᠢᠷᠳᠡᠬᠦ ᠪᠣᠯᠪᠠ᠂ ᠡᠨᠡ ᠬᠡᠳᠦᠨ ᠡᠳᠦᠷ ᠪᠠᠯᠭᠠᠰᠤᠨ ᠤ ᠵᠠᠰᠠᠭ ᠤᠨ ᠣᠷᠳᠣᠨ ᠡᠨᠡ ᠵᠠᠮ ᠢ ᠵᠠᠰᠠᠵᠤ ᠳᠠᠭᠤᠰᠬᠠᠭᠰᠠᠨ ᠤ ᠳᠠᠷᠠᠭ᠎ᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠨᠡᠩ ᠳᠥᠭᠦᠮ ᠠᠪᠴᠢᠷᠠᠵᠠᠢ︾ ᠭᠡᠵᠦ ᠮᠠᠭᠲᠠᠨ᠎ᠠ᠃ ᠶᠠᠪᠠᠷᠠᠢ ᠪᠠᠯᠭᠠᠰᠤᠨ ᠤ ᠨᠠᠮ ᠤᠨ ᠬᠤᠷᠢᠶ᠎ᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠶᠢ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠦᠨᠡᠯᠡᠬᠦ ᠦᠨᠳᠦᠰᠦᠨ ᠪᠠᠷᠢᠮᠵᠢᠶ᠎ᠠ ᠪᠤᠯᠭᠠᠵᠤ᠂ ᠣᠯᠠᠨ ᠲᠦᠮᠡᠨ ᠤ ᠲᠤᠰᠬᠠᠯ ᠶᠡᠬᠡᠲᠡᠢ ᠠᠰᠠᠭᠤᠳᠠᠯ ᠳᠤ ᠴᠢᠭᠯᠡᠭᠦᠯᠦᠨ᠂ ︽ᠰᠡᠳᠦᠪ ᠳᠤᠷᠠᠳᠴᠤ ᠴᠡᠭᠴᠡᠯᠡᠨ ᠵᠠᠰᠠᠬᠤ︾ ᠠᠷᠭ᠎ᠠ ᠪᠠᠷ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ︽ᠠᠰᠠᠭᠤᠳᠠᠯ ᠤᠨ ᠨᠠᠷᠢᠨ ᠳᠠᠩᠰᠠ︾ ᠶᠢ ᠣᠯᠠᠨ ᠲᠦᠮᠡᠨ ᠤ ︽ᠰᠡᠳᠬᠢᠯ ᠬᠠᠨᠤᠮᠵᠢᠲᠠᠶ ᠪᠠᠶᠢᠬᠤ ᠨᠠᠷᠢᠨ ᠳᠠᠩᠰᠠ︾ ᠪᠣᠯᠭᠠᠨ ᠬᠤᠪᠢᠷᠠᠭᠤᠯᠤᠭᠰᠠᠨ ᠪᠠᠶᠢᠨ᠎ᠠ᠃      ᠣᠳᠣᠬᠠᠨ ᠳᠤ᠂ ᠶᠠᠪᠠᠷᠠᠢ ᠪᠠᠯᠭᠠᠰᠤ ᠶᠢᠨ ᠵᠣᠬᠢᠶᠠᠨ ᠪᠠᠶᠢᠭᠤᠯᠵᠤ ᠬᠡᠷᠡᠭᠵᠢᠭᠦᠯᠦᠭᠰᠡᠨ ᠲᠦᠩ ᠭᠧᠦ ᠬᠥᠳᠡᠭᠡ ᠲᠣᠰᠬᠤᠨ ᠤ ᠵᠠᠰᠠᠮᠠᠯ ᠵᠠᠮ ᠢ ᠰᠡᠯᠪᠢᠨ ᠵᠠᠰᠠᠬᠤ᠂ ᠪᠠᠯᠭᠠᠰᠤ ᠶᠢ ᠭᠤᠶᠣᠵᠢᠭᠤᠯᠤᠨ ᠭᠡᠷᠡᠯᠳᠦᠭᠦᠯᠭᠦ᠂ ᠰᠡᠯᠡᠭᠦᠴᠡᠯ ᠤᠨ ᠰᠣᠶᠣᠯ ᠤᠨ ᠠᠭᠤᠳᠠᠮ ᠲᠠᠯᠠᠪᠠᠢ ᠶᠢᠨ ᠲᠠᠶᠢᠰᠠᠨ ᠤ ᠲᠥᠬᠦᠭᠡᠷᠦᠮᠵᠢ ᠶᠢ ᠲᠡᠰ ᠳᠡᠪᠰᠢᠭᠦᠯᠦᠨ ᠥᠭᠡᠷᠡᠴᠢᠯᠡᠬᠦ ᠵᠡᠷᠭᠡ 8 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠭᠦᠨ ᠢ ᠰᠢᠢᠳᠪᠦᠷᠢᠯᠡᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠪᠣᠯᠣᠨ ᠠᠮᠤᠷ ᠲᠦᠪᠰᠢᠨ ᠤ ᠲᠥᠷᠥᠭᠳᠡᠯ ᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号