ᠬᠥᠬᠡᠠ᠋ᠭᠤᠯᠠ ᠭᠠᠴᠠᠭ᠎ᠠ ᠲᠡᠵᠢᠭᠡᠯ ᠪᠣᠷᠳᠤᠭ᠎ᠠ ᠲᠠᠷᠬᠠᠭᠠᠵᠤ ᠮᠠᠯᠴᠢᠳ ᠤᠨ ᠬᠦᠴᠢᠷᠳᠡᠯ ᠢ ᠰᠢᠢᠳᠪᠦᠷᠢᠯᠡᠵᠡᠢ
ᠨᠡᠶᠢᠲᠡᠯᠡᠭᠰᠡᠨ ᠴᠠᠭ᠄
2023/12/6
   11 ᠰᠠᠷ᠎ᠠ ᠶᠢᠨ 30 ᠤ ᠦᠳᠡ ᠶᠢᠨ ᠡᠮᠦᠨ᠎ᠡ᠂ ᠥᠪᠥᠷ ᠮᠣᠩᠭᠤᠯ ᠤᠨ ᠲᠦᠸᠧ ᠵᠢᠶᠠᠨ ᠲᠠᠷᠢᠶᠠᠯᠠᠩ ᠮᠠᠯ ᠠᠵᠤ ᠠᠬᠤᠢ ᠶᠢᠨ ᠡᠪᠡᠰᠦ ᠪᠣᠷᠳᠣᠭᠠᠨ ᠤ ᠰᠠᠭᠤᠷᠢᠨ ᠭᠠᠵᠠᠷ ᠲᠤ ᠡᠪᠡᠰᠦ ᠪᠣᠷᠳᠤᠭ᠎ᠠ ᠬᠠᠨᠳᠢᠪᠯᠡᠬᠤ ᠶᠣᠰᠣᠯᠠᠯ ᠶᠠᠪᠤᠭᠳᠠᠪᠠ᠃ ᠠᠯᠠᠱᠠ ᠪᠠᠷᠠᠭᠤᠨ ᠬᠤᠰᠢᠭᠤᠨ ᠤ ᠶᠢᠨ ᠱᠠ ᠠᠮᠠᠷᠠᠯᠲᠠ ᠶᠢᠨ ᠡᠳᠦᠷ ᠤᠨ ᠪᠠᠭᠤᠳᠠᠯ ᠤᠨ ᠬᠢᠵᠠᠭᠠᠷᠲᠤ ᠺᠤᠮᠫᠠᠨᠢ ᠶᠢᠨ ᠬᠠᠷᠢᠭᠤᠴᠠᠯᠭᠠᠲᠠᠨ ᠵᠠᠩ ᠽᠥᠩ ᠹᠧᠩ ᠬᠥᠬᠡᠠ᠋ᠭᠤᠯᠠ ᠭᠠᠴᠠᠭ᠎ᠠ ᠶᠢᠨ ᠨᠠᠮ ᠤᠨ ᠡᠭᠦᠷ ᠤᠨ ᠱᠦᠵᠢ᠂ ᠭᠠᠴᠠᠭᠠᠨ ᠳᠠᠷᠤᠭ᠎ᠠ ᠪᠠᠲᠤᠮᠦ᠋ᠩᠬᠡ ᠳᠤ ᠬᠠᠨᠳᠢᠪ ᠤᠨ ᠪᠢᠴᠢᠭ ᠢᠶᠠᠨ ᠭᠠᠷᠳᠠᠭᠤᠯᠵᠤ᠂ ᠬᠥᠬᠡᠠ᠋ᠭᠤᠯᠠ ᠭᠠᠴᠠᠭ᠎ᠠ ᠠᠴᠠ ᠳᠤᠰ ᠺᠤᠮᠫᠠᠨᠢ ᠳᠤ ᠬᠡᠮᠡᠷᠯᠢᠭ ᠳᠤᠭ ᠬᠦᠷᠭᠡᠨ᠂ ᠳᠠᠭᠠᠭᠠᠴᠢᠯᠠᠨ ᠬᠠᠪᠰᠤᠷᠬᠤ ᠠᠵᠤ ᠠᠬᠤᠶᠢᠯᠠᠯ ᠳᠠᠭᠠᠨ ᠴᠢᠩ ᠰᠡᠳᠬᠢᠯ ᠤᠨ ᠲᠠᠯᠠᠷᠬᠠᠯ ᠳᠡᠪᠰᠢᠭᠦᠯᠦᠭᠰᠡᠨ ᠪᠠᠶᠢᠨ᠎ᠠ᠃    ᠡᠨᠡ ᠵᠢᠯ ᠠᠯᠠᠱᠠ ᠪᠠᠷᠠᠭᠤᠨ ᠬᠤᠰᠢᠭᠤᠨ ᠳᠤ ᠬᠤᠷ᠎ᠠ ᠲᠤᠨᠤᠳᠠᠰᠤ ᠴᠥᠭᠡᠨ᠂ ᠠᠭᠤᠷ ᠠᠮᠢᠰᠬᠤᠯ ᠭᠠᠩ ᠬᠠᠭᠤᠷᠠᠢ᠂ ᠤᠰᠤᠨ ᠤ ᠡᠬᠢ ᠰᠤᠷᠪᠤᠯᠵᠢ ᠳᠤᠲᠠᠭᠳᠠᠭᠰᠠᠨ ᠠᠴᠠ ᠪᠣᠯᠵᠤ ᠮᠠᠯᠵᠢᠬᠤ ᠣᠷᠣᠨ ᠳᠤ ᠡᠪᠡᠰᠦ ᠪᠣᠷᠳᠤᠭ᠎ᠠ ᠲᠤᠲᠠᠭᠳᠠᠵᠤ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ ᠬᠦᠨᠳᠦ ᠨᠣᠴᠢᠲᠠᠢ ᠨᠥᠯᠥᠭᠡᠯᠡᠵᠡᠢ᠃ ᠠᠯᠲᠠᠨᠴᠤᠭ ᠰᠤᠮᠤᠨ ᠤ ᠬᠥᠬᠡᠠ᠋ᠭᠤᠯᠠ ᠭᠠᠴᠠᠭ᠎ᠠ ᠭᠤᠣᠯ ᠰᠡᠳᠦᠪᠲᠦ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠣᠳᠠᠲᠠᠢ ᠪᠠᠶᠢᠳᠠᠯ ᠢᠶᠠᠨ ᠦᠨᠳᠦᠰᠦᠯᠡᠨ᠂ ᠣᠯᠠᠨ ᠲᠦᠮᠡᠨ ᠤ ᠬᠦᠴᠢᠷᠳᠡᠯ ᠢ ᠢᠳᠡᠪᠬᠢᠲᠡᠢ ᠪᠠᠷ ᠳᠡᠮᠵᠢᠨ ᠲᠤᠰᠠᠯᠠᠭᠰᠠᠨ ᠪᠠᠶᠢᠨ᠎ᠠ᠃ ᠭᠠᠴᠠᠭᠠᠨ ᠤ ︽ᠬᠤᠶᠠᠷ ᠵᠥᠪᠯᠡᠯ︾ ᠤᠨ ᠬᠢᠨ ᠰᠤᠮᠤᠨ ᠤ ᠨᠠᠮ ᠵᠠᠰᠠᠭ ᠤᠨ ᠤᠳᠤᠷᠢᠳᠤᠯᠭ᠎ᠠ ᠪᠣᠯᠣᠨ ᠭᠠᠴᠠᠭ᠎ᠠ ᠲᠣᠰᠬᠤᠨ ᠢ ᠬᠥᠭᠵᠢᠭᠦᠯᠦᠨ ᠮᠠᠨᠳᠤᠭᠤᠯᠬᠤ ᠣᠨᠴᠠ ᠲᠣᠮᠢᠯᠠᠭᠳᠠᠭᠰᠠᠳ ᠲᠠᠢ ᠢᠳᠡᠪᠬᠢᠲᠡᠢ ᠬᠠᠷᠢᠯᠴᠠᠵᠤ᠂ ᠵᠣᠬᠢᠴᠠᠭᠤᠯᠬᠤ ᠪᠠᠷ ᠳᠡᠮᠵᠢᠨ᠂ ᠭᠠᠴᠠᠭ᠎ᠠ ᠶᠢ ᠳᠠᠭᠠᠭᠠᠴᠢᠯᠠᠨ ᠬᠠᠪᠰᠤᠷᠬᠤ ᠠᠵᠤ ᠠᠬᠤᠶᠢᠯᠠᠯ ᠪᠤᠯᠬᠤ ᠶᠢᠨ ᠱᠠ ᠠᠮᠠᠷᠠᠯᠲᠠ ᠶᠢᠨ ᠡᠳᠦᠷ ᠤᠨ ᠪᠠᠭᠤᠳᠠᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠠᠴᠠ 70 ᠲᠣᠨ ᠭᠠᠩ ᠲᠠᠢ ᠲᠡᠮᠡᠴᠡᠬᠦ ᠡᠪᠡᠰᠦ ᠪᠣᠷᠳᠤᠭ᠎ᠠ ᠶᠢ ᠣᠯᠣᠭᠠᠳ᠂ ᠲᠡᠷᠡ ᠳᠠᠷᠤᠢ ᠳᠤᠨᠢ ᠮᠠᠯᠴᠢᠳ ᠲᠤ ᠲᠦᠭᠡᠭᠡᠵᠦ᠂ ᠭᠠᠴᠠᠭᠠᠨ ᠤ 40 ᠰᠢᠬᠠᠮ ᠡᠷᠦᠭᠡ ᠮᠠᠯᠴᠢᠨ ᠤ ᠡᠪᠡᠰᠦ ᠪᠣᠷᠳᠣᠭᠠᠨ ᠤ ᠪᠠᠴᠢᠮ ᠪᠠᠶᠢᠳᠠᠯ ᠢ ᠰᠢᠢᠳᠪᠦᠷᠢᠯᠡᠵᠦ ᠥᠭᠴᠡᠢ᠃    ᠲᠡᠵᠢᠭᠡᠯ ᠪᠣᠷᠳᠤᠭ᠎ᠠ ᠲᠦᠭᠡᠭᠡᠬᠦ ᠲᠤᠬᠠᠢ ᠶᠢᠨ ᠲᠠᠯᠠᠪᠠᠶ ᠳᠤ᠂ ᠭᠠᠴᠠᠭᠠᠨ ᠤ ︽ᠬᠤᠶᠠᠷ ᠵᠥᠪᠯᠡᠯ︾ ᠤᠨ ᠬᠢᠨ ᠠᠵᠢᠯ ᠢᠶᠠᠨ ᠲᠣᠳᠣᠷᠬᠠᠢ ᠬᠤᠪᠢᠶᠠᠷᠢᠯᠠᠨ᠂ ᠲᠡᠵᠢᠭᠡᠯ ᠪᠣᠷᠳᠤᠭ᠎ᠠ ᠶᠢᠨ ᠲᠤᠭ᠎ᠠ ᠬᠡᠮᠵᠢᠶ᠎ᠡ ᠶᠢ ᠲᠣᠭᠠᠯᠠᠨ ᠪᠦᠷᠢᠳᠬᠡᠬᠦ᠂ ᠳᠠᠩᠰᠠᠯᠠᠬᠤ᠂ ᠮᠠᠯᠴᠢᠳ ᠢ ᠬᠠᠪᠰᠤᠷᠤᠨ ᠲᠡᠵᠢᠭᠡᠯ ᠪᠣᠷᠳᠤᠭ᠎ᠠ ᠵᠥᠭᠡᠭᠡᠪᠦᠷᠢᠯᠡᠬᠦ ᠵᠡᠷᠭᠡ ᠠᠵᠢᠯ ᠡᠮᠬᠢ ᠴᠡᠭᠴᠡᠲᠡᠢ ᠶᠠᠪᠤᠭᠳᠠᠵᠤ ᠪᠠᠶᠢᠯ᠎ᠠ᠃ ᠭᠠᠴᠠᠭᠠᠨ ᠤ ︽ᠬᠤᠶᠠᠷ ᠵᠥᠪᠯᠡᠯ︾ ᠠᠴᠠ ᠪᠠᠰᠠ ᠮᠠᠯᠴᠢᠨ ᠲᠠᠷᠢᠶᠠᠴᠢᠨ ᠤ ᠮᠠᠯ ᠤᠨ ᠭᠠᠷᠭᠠᠯᠲᠠ ᠶᠢᠨ ᠨᠣᠷᠮ᠎ᠠ ᠪᠠᠨ ᠳᠡᠭᠡᠭᠰᠢᠯᠡᠭᠦᠯᠵᠦ᠂ ᠡᠪᠡᠰᠦ ᠪᠣᠷᠳᠤᠭ᠎ᠠ ᠶᠢᠨ ᠨᠥᠭᠡᠴᠡ ᠵᠢᠴᠢ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠷᠡᠭᠦᠯᠬᠦ ᠶᠢ ᠵᠣᠷᠢᠭᠵᠢᠭᠤᠯᠵᠤ ᠪᠠᠶᠢᠪᠠ᠃ ︽ᠡᠨᠡ ᠵᠢᠯ ᠭᠠᠩ ᠬᠠᠭᠰᠠᠷᠠᠭᠠᠨ ᠬᠡᠴᠡᠭᠦᠳᠡᠵᠦ᠂ ᠡᠪᠡᠰᠦ ᠪᠡᠯᠴᠢᠭᠡᠷ ᠤᠨ ᠤᠷᠭᠤᠴᠠ ᠶᠢᠨ ᠪᠠᠶᠢᠳᠠᠯ ᠰᠠᠶᠢᠨ ᠪᠢᠰᠢ᠂ ᠮᠠᠯ ᠲᠡᠵᠢᠭᠡᠬᠦ ᠶᠢᠨ ᠥᠷᠲᠡᠭ ᠪᠠᠭ᠎ᠠ ᠪᠤᠰᠤ ᠪᠠᠷ ᠨᠡᠮᠡᠭᠳᠡᠵᠡᠢ᠃ ᠰᠤᠮᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠭᠠᠴᠠᠭ᠎ᠠ ᠪᠣᠯᠣᠨ ᠳᠠᠭᠠᠭᠠᠴᠢᠯᠠᠨ ᠬᠠᠪᠰᠤᠷᠬᠤ ᠠᠵᠤ ᠠᠬᠤᠶᠢᠯᠠᠯ ᠤᠨ ᠬᠢᠨ ᠪᠢᠳᠡᠨ ᠳᠤ ᠭᠠᠩ ᠢ ᠡᠰᠡᠷᠭᠦᠴᠡᠬᠦ ᠪᠣᠷᠳᠤᠭ᠎ᠠ ᠲᠦᠭᠡᠭᠡᠨ ᠥᠭᠭᠦᠭᠰᠡᠨ ᠨᠢ ᠪᠢᠳᠡᠨ ᠤ ᠬᠦᠴᠢᠷᠳᠡᠯ ᠢ ᠶᠡᠬᠡᠪᠡᠷ ᠰᠢᠢᠳᠪᠦᠷᠢᠯᠡᠵᠡᠢ᠃ ᠨᠠᠮ ᠤᠨ ᠰᠠᠶᠢᠨ ᠲᠥᠷᠥ ᠶᠢᠨ ᠪᠣᠳᠣᠯᠭ᠎ᠠ ᠳᠤ ᠲᠠᠯᠠᠷᠬᠠᠵᠤ ᠪᠠᠶᠢᠨ᠎ᠠ︾ ᠭᠡᠵᠦ ᠮᠠᠯᠴᠢᠨ ᠪᠠᠭᠠᠲᠤᠷ ᠪᠠᠶᠠᠷᠯᠠᠨ ᠶᠠᠷᠢᠨ᠎ᠠ᠃    ᠪᠠᠲᠤᠮᠦ᠋ᠩᠬᠡ᠂ ᠳᠠᠷᠠᠭᠠᠴᠢ ᠶᠢᠨ ᠠᠯᠬᠤᠮ ᠳᠤ ᠭᠠᠴᠠᠭᠠᠨ ᠤ ᠨᠠᠮ ᠤᠨ ᠡᠭᠦᠷ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠵᠦᠢᠯ ᠢ ᠪᠣᠳᠣᠯᠬᠢᠯᠠᠨ᠂ ᠤᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠭᠠᠩ ᠤᠨ ᠪᠠᠶᠢᠳᠠᠯ ᠢ ᠦᠷᠭᠦᠯᠵᠢᠯᠡᠨ ᠠᠩᠬᠠᠷᠴᠤ᠂ ᠢᠳᠡᠪᠬᠢᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠭᠠᠩ ᠢ ᠡᠰᠡᠷᠭᠦᠴᠡᠨ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠮᠢᠳᠤᠷᠠᠯ ᠢ ᠪᠦᠭᠦ ᠬᠦᠴᠦᠨ ᠢᠶᠠᠷ ᠢᠶᠠᠨ ᠪᠠᠲᠤᠯᠠᠵᠤ᠂ ᠮᠠᠯᠴᠢᠨ ᠲᠠᠷᠢᠶᠠᠴᠢᠨ ᠳᠤ ᠨᠠᠮ ᠵᠠᠰᠠᠭ ᠤᠨ ᠬᠠᠯᠠᠮᠵᠢᠯᠠᠯ ᠪᠠ ᠬᠠᠪᠰᠤᠷᠤᠯᠭ᠎ᠠ ᠶᠢ ᠭᠦᠢᠴᠡᠳ ᠬᠦᠷᠲᠡᠭᠡᠨ᠎ᠡ ᠭᠡᠵᠦ ᠢᠯᠡᠳᠬᠡᠵᠦ ᠪᠠᠶᠢᠯ᠎ᠠ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号