ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/12/6
   12 ᠰᠠᠷ᠎ᠠ ᠶᠢᠨ 4 ᠤ ᠡᠳᠦᠷ᠂  ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠭᠦᠭᠡᠬᠤᠲᠠ ᠳᠤ ᠬᠤᠷᠠᠯᠳᠤᠵᠤ᠂  ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠪᠦᠭᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠲᠧᠯᠸᠢᠰ ᠤᠲᠠᠰᠤ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃     ᠸᠠᠩ ᠯᠢ ᠰᠢᠶᠠ᠂ ᠣᠳᠣᠬᠠᠨ ᠳᠤ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠡᠶᠢᠮᠦ ᠰᠠᠶᠢᠨ ᠪᠢᠰᠢ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠳᠠᠪᠬᠤᠴᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠡᠭᠦᠷᠭᠡ ᠬᠠᠲᠠᠭᠤ ᠪᠡᠷᠬᠡ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠣᠷᠣᠭᠰᠢ ᠬᠠᠷᠠᠬᠤ ᠶᠢ ᠪᠠᠷᠢᠮᠲᠠᠯᠠᠵᠤ᠂ ᠴᠢᠩᠭ᠎ᠠ ᠪᠥᠭᠡᠳ ᠲᠤᠰᠠᠲᠠᠢ ᠠᠷᠭ᠎ᠠ ᠬᠡᠮᠵᠢᠶ᠎ᠡ ᠠᠪᠴᠤ ᠦᠨᠡᠨ ᠬᠦ ᠵᠢᠭᠰᠠᠭᠠᠨ ᠪᠠᠶᠢᠴᠠᠭᠠᠵᠤ ᠦᠨᠡᠨ ᠬᠦ ᠴᠡᠭᠴᠡᠯᠡᠨ ᠰᠠᠶᠢᠵᠢᠷᠠᠭᠤᠯᠵᠤ᠂ 1 ᠰᠠᠷ᠎ᠠ ᠶᠢᠨ ᠴᠠᠭ ᠬᠤᠭᠤᠴᠠᠭ᠎ᠠ ᠶᠢ ᠠᠰᠢᠭᠯᠠᠨ᠂ ᠠᠭᠤᠷᠬᠠᠢ ᠶᠢᠨ ᠬᠦᠷᠢᠶ᠎ᠡ ᠴᠠᠷᠠᠭ᠎ᠠ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ᠂ ᠣᠨᠴᠠ ᠲᠥᠷᠥᠯ ᠤᠨ ᠲᠥᠬᠦᠭᠡᠷᠦᠮᠵᠢ ᠶᠢᠨ ᠠᠮᠤᠷ ᠲᠦᠪᠰᠢᠨ ᠤ ᠭᠡᠮ ᠰᠣᠭᠤᠭ ᠢ ᠲᠤᠰᠬᠠᠢ ᠴᠡᠭᠴᠡᠯᠡᠨ ᠵᠠᠰᠠᠬᠤ ᠪᠠ ︽ᠠᠮᠢ ᠨᠠᠰᠤᠨ ᠤ ᠵᠠᠮ︾ ᠢ ᠴᠡᠪᠡᠷᠯᠡᠨ ᠰᠢᠯᠤᠭᠤᠳᠬᠠᠬᠤ ᠠᠵᠢᠯᠯᠠᠭ᠎ᠠ᠂ ᠥᠪᠡᠰᠦᠪᠡᠨ ᠪᠠᠷᠢᠭᠰᠠᠨ ᠭᠡᠷ ᠵᠢᠴᠢ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ︽ᠡᠷᠭᠢᠨ ᠬᠠᠷᠠᠬᠤ︾ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠥᠷᠥᠯ ᠬᠦᠷᠢᠶ᠎ᠡ ᠴᠠᠷᠠᠭᠠᠨ ᠤ ᠠᠶᠤᠯ ᠲᠦᠭᠰᠢᠭᠦᠷᠢ ᠭᠡᠮ ᠰᠣᠭᠤᠭ ᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠬᠦ ᠬᠡᠷᠡᠭᠲᠡᠢ᠃ ᠦᠨᠡᠨ ᠬᠦ ᠠᠷᠭ᠎ᠠ ᠬᠡᠮᠵᠢᠶ᠎ᠡ ᠠᠪᠴᠤ᠂ ᠵᠥᠭᠡᠯᠡᠨ ᠢᠶᠠᠷ ᠬᠠᠨᠳᠤᠬᠤ ᠦᠭᠡᠢ ᠪᠠᠶᠢᠵᠤ᠂ ᠪᠠᠶᠢᠳᠠᠯ ᠲᠣᠳᠣᠷᠬᠠᠢ ᠦᠭᠡᠢ᠂ ᠰᠠᠭᠤᠷᠢ ᠲᠤᠭ᠎ᠠ ᠲᠣᠳᠣᠷᠬᠠᠢ ᠦᠭᠡᠢ ᠪᠠᠶᠢᠬᠤ ᠠᠰᠠᠭᠤᠳᠠᠯ᠂ ᠬᠡᠯᠪᠡᠷᠢᠴᠢ ᠦᠵᠡᠯ ᠤᠨ ᠪᠠᠶᠢᠴᠠᠭᠠᠯᠲᠠ ᠶᠢᠨ ᠠᠰᠠᠭᠤᠳᠠᠯ᠂ ᠲᠣᠷᠭᠠᠭᠤᠯᠢ ᠪᠠᠷ ᠬᠠᠮᠢᠶᠠᠷᠤᠯᠲᠠ ᠶᠢ ᠣᠷᠣᠯᠠᠭᠤᠯᠤᠨ ᠲᠣᠷᠭᠤᠭᠠᠪᠠᠯ ᠪᠣᠯᠭᠠᠴᠢᠬᠠᠬᠤ ᠠᠰᠠᠭᠤᠳᠠᠯ᠂ ᠦᠩᠭᠡᠨ ᠲᠡᠳᠦᠢ ᠴᠡᠭᠴᠡᠯᠡᠨ ᠰᠠᠶᠢᠵᠢᠷᠠᠭᠤᠯᠬᠤ᠂ ᠬᠤᠳᠠᠯ ᠬᠠᠭᠤᠷᠮᠠᠭ ᠢᠶᠠᠷ ᠴᠡᠭᠴᠡᠯᠡᠨ ᠰᠠᠶᠢᠵᠢᠷᠠᠭᠤᠯᠬᠤ ᠠᠰᠠᠭᠤᠳᠠᠯ᠂ ᠬᠤᠳᠠᠯ ᠬᠡᠯᠡᠵᠦ ᠣᠪ ᠮᠡᠭᠡ ᠭᠠᠷᠭᠠᠬᠤ᠂ ᠬᠤᠳᠠᠯ ᠬᠠᠭᠤᠷᠮᠠᠭ ᠢᠶᠠᠷ ᠮᠡᠳᠡᠭᠦᠯᠬᠦ ᠪᠠ ᠤᠳᠠᠭᠠᠰᠢᠷᠠᠭᠤᠯᠤᠨ ᠮᠡᠳᠡᠭᠦᠯᠬᠦ ᠠᠰᠠᠭᠤᠳᠠᠯ ᠢ ᠡᠷᠡᠰ ᠵᠠᠯᠠᠷᠠᠭᠤᠯᠤᠨ ᠵᠠᠰᠠᠬᠤ ᠬᠡᠷᠡᠭᠲᠡᠢ᠃ ᠠᠬᠠᠮᠠᠳ ᠲᠤᠰᠬᠠᠢ ᠮᠡᠷᠭᠡᠵᠢᠯᠲᠡᠨ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠮᠡᠷᠭᠡᠵᠢᠯ ᠤᠨ ᠠᠮᠤᠷ ᠲᠦᠪᠰᠢᠨ ᠤ ᠬᠥᠮᠥᠰ ᠤᠨ ᠦᠢᠯᠡᠳᠦᠯ ᠢ ᠪᠠᠳᠠᠷᠠᠭᠤᠯᠵᠤ᠂ ᠤᠯᠠᠮᠵᠢᠯᠠᠬᠤ ᠬᠠᠪᠰᠤᠷᠬᠤ ᠳᠠᠭᠠᠭᠤᠯᠬᠤ ᠪᠠᠷ ᠳᠠᠮᠵᠢᠨ ᠬᠠᠤᠯᠢ ᠬᠡᠷᠡᠭᠵᠢᠭᠦᠯᠬᠦ ᠡᠩᠨᠡᠭᠡ ᠶᠢᠨ ᠲᠤᠰᠬᠠᠶᠢᠵᠢᠬᠤ ᠲᠦᠪᠰᠢᠨ᠂ ᠪᠣᠳᠠᠲᠤ ᠪᠠᠶᠢᠯᠳᠤᠭᠠᠨᠴᠢᠯᠠᠬᠤ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ︽ᠶᠡᠭᠡ ᠰᠤᠷᠤᠯᠴᠠᠯᠭ᠋᠎ᠠ᠂ ᠶᠡᠭᠡ ᠪᠣᠯᠪᠠᠰᠤᠷᠠᠯ᠂ ᠶᠡᠭᠡ ᠰᠢᠯᠭᠠᠯᠲᠠ︾ ᠶᠢ ᠵᠣᠬᠢᠶᠠᠨ ᠪᠠᠶᠢᠭᠤᠯᠤᠨ ᠥᠷᠨᠢᠭᠦᠯᠵᠦ᠂ ︽ᠰᠢᠯᠭᠠᠨ ᠠᠰᠠᠭᠤᠬᠤ︾ ᠭᠡᠬᠦ ᠵᠠᠩᠭᠢᠯᠠᠭ᠎ᠠ ᠶᠢ ᠠᠳᠬᠤᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠮᠤᠷ ᠲᠦᠪᠰᠢᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠭᠦ ᠬᠡᠷᠡᠭᠲᠡᠢ᠃ ᠠᠵᠤ ᠠᠬᠤᠶᠢᠯᠠᠯ ᠤᠨ ᠳᠣᠲᠣᠭᠠᠳᠤ ᠶᠢᠨ ︽ᠱᠦᠭᠯᠦ ᠦᠯᠢᠶᠡᠭᠴᠢ︾ ᠶᠢᠨ ᠳᠦᠷᠢᠮ ᠪᠣᠯᠣᠨ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠶᠢ ᠱᠠᠩᠨᠠᠬᠤ ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠢᠷᠡᠬᠦ ᠵᠢᠯ ᠢ ︽ᠦᠨᠳᠦᠰᠦᠨ ᠱᠠᠲᠤᠨ ᠤ ᠰᠠᠭᠤᠷᠢ ᠪᠦᠲᠦᠭᠡᠨ ᠪᠠᠶᠢᠭᠤᠯᠤᠯᠲᠠ ᠶᠢᠨ ᠣᠨ︾ ᠪᠤᠯᠭᠠᠵᠤ᠂ ᠠᠮᠤᠷ ᠲᠦᠪᠰᠢᠨ ᠤ ᠪᠠᠷᠢᠮᠵᠢᠶ᠎ᠠ᠂ ᠦᠨᠳᠦᠰᠦᠨ ᠱᠠᠲᠤᠨ ᠤ ᠡᠩᠨᠡᠭᠡ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ᠂ ᠤᠬᠠᠭᠤᠯᠭ᠎ᠠ ᠪᠣᠯᠪᠠᠰᠤᠷᠠᠯ ᠤᠨ ᠲᠣᠭᠤᠷᠢᠨ ᠳᠤ᠂ ᠦᠨᠳᠦᠰᠦᠨ ᠱᠠᠲᠤᠨ ᠤ ᠰᠠᠭᠤᠷᠢ ᠬᠢᠴᠢᠶᠡᠯ ᠢ ᠨᠥᠬᠦᠪᠦᠷᠢᠯᠡᠨ ᠣᠷᠣᠵᠤ᠂ ᠯᠠᠪᠳᠠᠭᠤᠨ ᠪᠠᠲᠤᠲᠠᠢ ᠠᠷᠭ᠎ᠠ ᠬᠡᠮᠵᠢᠶ᠎ᠡ ᠪᠠᠷ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠪᠦᠭᠦ ᠣᠷᠣᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠪᠡ᠃ ᠬᠤᠸᠠᠩ ᡁᠢ ᠴᠢᠶᠠᠩ ᠬᠤᠷᠠᠯ ᠢ ᠡᠷᠭᠢᠯᠡᠭᠰᠡᠡ ᠪᠥᠭᠡᠳ ᠠᠵᠢᠯ ᠤᠨ ᠪᠠᠶᠢᠷᠢᠯᠠᠭᠤᠯᠤᠯᠲᠠ ᠬᠢᠵᠦ᠂  ᠴᠢ᠊ ᠪᠠᠲᠤ᠂  ᠪᠦᠦ ᠰᠢᠶᠠᠨ ᠬᠤᠸᠠ᠂ ᠵᠧᠩ ᠭᠤᠸᠠᠩ ᠵᠤᠤ᠂ ᠶᠣᠣ ᠶᠦᠩ ᠪᠦᠸᠧ᠂  ᠶᠠᠩ ᠶᠢᠨ᠂  ᠪᠠᠢ ᠴᠢᠩ ᠶᠤᠸᠠᠨ᠂ ᠶᠠᠩ ᠵᠢᠶᠧ᠂ ᠰᠦᠨ ᠵᠢᠶᠦ᠋ᠨ ᠴᠢᠩ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号