ᠠᠯᠠᠱᠠ ᠪᠠᠷᠠᠭᠤᠨ ᠬᠤᠰᠢᠭᠤ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ ᠪᠠᠶᠢᠨ᠎ᠠ
ᠨᠡᠶᠢᠲᠡᠯᠡᠭᠰᠡᠨ ᠴᠠᠭ᠄
2023/12/7
    ᠠᠯᠠᠱᠠ ᠪᠠᠷᠠᠭᠤᠨ ᠬᠤᠰᠢᠭᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠷᠢᠰᠢᠭᠤᠯᠤᠯᠲᠠ ᠶᠢ ᠠᠳᠬᠤᠨ ᠰᠠᠭᠤᠷᠢ ᠶᠢ ᠴᠢᠩᠭᠠᠳᠬᠠᠵᠤ᠂ ᠡᠩᠨᠡᠭᠡ ᠶᠢ ᠠᠳᠬᠤᠨ ᠶᠠᠰᠤ ᠴᠢᠨᠠᠷ ᠢ ᠳᠡᠭᠡᠭᠰᠢᠯᠡᠭᠦᠯᠵᠦ᠂ ᠥᠭᠡᠷᠡᠴᠢᠯᠡᠯᠲᠡ ᠶᠢ ᠠᠳᠬᠤᠨ ᠲᠣᠭᠲᠠᠴᠠ ᠶᠢ ᠠᠮᠢᠳᠤᠯᠢᠭ ᠪᠣᠯᠭᠠᠵᠤ᠂ ᠪᠥᠬᠦ ᠬᠤᠰᠢᠭᠤᠨ ᠤ ᠡᠯ᠎ᠡ ᠱᠠᠳᠣᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠢᠯᠡᠳᠲᠡ ᠳᠡᠭᠡᠭᠰᠢᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ᠂ ᠵᠣᠯ ᠵᠢᠷᠭᠠᠯ ᠤᠨ ᠬᠡᠮᠵᠢᠶ᠎ᠡ ᠶᠢ ᠲᠠᠰᠤᠷᠠᠯᠲᠠ ᠥᠬᠡᠶ ᠨᠡᠮᠡᠭᠳᠡᠭᠦᠯᠪᠡ᠃
    ᠠᠯᠠᠱᠠ ᠪᠠᠷᠠᠭᠤᠨ ᠬᠤᠰᠢᠭᠤ ᠵᠢᠭᠠᠨ ᠰᠤᠷᠭᠠᠯᠲᠠ ᠶᠢᠨ ᠶᠠᠰᠤ ᠴᠢᠨᠠᠷ᠂ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ︽ᠬᠤᠶᠠᠷ ᠲᠠᠯ᠎ᠠ ᠶᠢ ᠠᠳᠬᠤᠬᠤ︾ ᠶᠢ ᠪᠠᠷᠢᠮᠲᠠᠯᠠᠵᠤ᠂ ᠰᠤᠷᠭᠠᠭᠤᠯᠢ ᠶᠢᠨ ᠰᠠᠭᠤᠷᠢ ᠢᠵᠢ ᠪᠥᠷᠢᠳᠦᠭᠦᠯᠬᠦ ᠲᠥᠬᠦᠭᠡᠷᠦᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠣᠶᠤᠨᠴᠢ ᠰᠠᠮᠪᠠᠷ᠎ᠠ᠂ LED ᠳᠡᠯᠭᠡᠴᠡ ᠵᠡᠷᠭᠡ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠣᠷᠣᠭᠤᠯᠤᠨ ᠠᠪᠴᠢᠷᠠᠵᠤ ᠣᠶᠤᠨᠴᠢ ᠰᠤᠷᠭᠠᠭᠤᠯᠢ ᠶᠢᠨ ᠬᠦᠷᠢᠶ᠎ᠡ ᠶᠢ ᠪᠣᠶ ᠪᠣᠯᠭᠠᠵᠤ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠶᠢ ᠭᠦᠨᠵᠡᠭᠡᠶ ᠠᠬᠢᠭᠤᠯᠵᠤ᠂ ︽ᠨᠢᠭᠡ ᠰᠤᠷᠭᠠᠭᠤᠯᠢ ᠨᠢᠭᠡ ᠪᠦᠲᠦᠭᠡᠭᠳᠡᠬᠦᠨ︾᠂ ︽ᠨᠢᠭᠡ ᠰᠤᠷᠭᠠᠭᠤᠯᠢ ᠣᠯᠠᠨ ᠪᠦᠲᠦᠭᠡᠭᠳᠡᠬᠦᠨ︾ ᠵᠡᠷᠭᠡ ᠰᠤᠷᠭᠠᠭᠤᠯᠢ ᠶᠢᠨ ᠬᠦᠷᠢᠶᠡᠨ ᠤ ᠣᠨᠴᠠᠯᠢᠭᠲᠤ ᠰᠣᠶᠣᠯ ᠰᠤᠷᠭᠠᠨ ᠬᠥᠮᠦᠵᠢᠯ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠵᠢᠭᠠᠨ ᠰᠤᠷᠭᠠᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃
    ︽ᠬᠤᠶᠠᠷ ᠢ ᠬᠦᠩᠭᠡᠷᠡᠬᠦᠯᠬᠦ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠠᠯᠠᠱᠠ ᠪᠠᠷᠠᠭᠤᠨ ᠬᠤᠰᠢᠭᠤ ︽ᠬᠤᠶᠠᠷ ᠢ ᠬᠦᠩᠭᠡᠷᠡᠬᠦᠯᠬᠦ︾ ᠠᠵᠢᠯ ᠢ ᠠᠷᠠᠳ ᠤᠨ ᠲᠥᠯᠥᠭᠡ ᠪᠣᠳᠠᠲᠠᠶ ᠠᠵᠢᠯ ᠬᠢᠬᠦ ᠲᠥᠷᠥᠯ ᠵᠦᠢᠯ ᠳᠤ ᠣᠷᠣᠭᠤᠯᠵᠤ᠂ ︽ᠬᠤᠶᠠᠷ ᠢ ᠭᠦᠩᠭᠡᠷᠡᠬᠦᠯᠬᠦ︾ ᠬᠢᠴᠢᠶᠡᠯ ᠤᠨ ᠳᠠᠷᠠᠭᠠᠬᠢ ᠦᠢᠯᠡᠴᠢᠯᠡᠭᠡᠨ ᠤ ᠵᠠᠷᠤᠳᠠᠯ ᠢ ᠪᠠᠲᠤᠯᠠᠵᠤ᠂ ᠬᠡᠷ ᠤᠨ ᠠᠬᠠᠮᠠᠳ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠪᠡ︔ ᠳᠠᠭᠤᠤ ᠬᠥᠭᠵᠢᠮ ᠤᠨ ᠲᠠᠰᠤᠭ᠂ ᠪᠡᠶ᠎ᠡ ᠶᠢᠨ ᠲᠠᠮᠢᠷ ᠤᠨ ᠣᠷᠳᠣᠨ᠂ ᠬᠠᠮ ᠵᠠᠭᠤᠴᠢᠯᠠᠭᠤᠷ ᠤᠨ ᠲᠥᠪ ᠢ ᠪᠠᠶᠢᠭᠤᠯᠵᠤ᠂ ᠰᠤᠷ ᠬᠠᠷᠪᠤᠬᠤ᠂ ᠬᠥᠯ ᠪᠥᠮᠪᠦᠭᠡ᠂ ᠪᠥᠵᠢᠭ᠂ ᠬᠥᠭᠵᠢᠮ ᠵᠡᠷᠭᠡ 12 ᠲᠥᠷᠥᠯ ᠤᠨ 30 ᠭᠠᠷᠤᠶ ᠰᠦᠢᠳᠬᠡᠯ ᠬᠤᠷᠢᠶᠠᠬᠤ ᠥᠬᠡᠶ ᠨᠡᠶᠢᠭᠡᠮ ᠤᠨ ᠪᠦᠯᠬᠦᠮ ᠢ ᠵᠣᠬᠢᠶᠠᠨ ᠪᠠᠶᠢᠭᠤᠯᠵᠤ᠂ ᠨᠡᠶᠢᠭᠡᠮ ᠤᠨ ᠪᠦᠯᠬᠦᠮ ᠤᠨ ᠠᠵᠢᠯᠯᠠᠭ᠎ᠠ ᠶᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠪᠥᠬᠦ ᠶᠠᠪᠤᠴᠠ ᠳᠤ ᠬᠠᠮᠣᠷᠣᠭᠤᠯᠪᠠ︔ ︽ᠡᠭᠦᠳᠡ ᠪᠠᠨ ᠨᠡᠭᠡᠭᠡᠵᠦ ᠰᠤᠷᠭᠠᠨ ᠬᠥᠮᠦᠵᠢᠯ ᠡᠷᠭᠢᠯᠡᠬᠦ︾ ᠤᠶᠢᠯᠠᠭᠠᠭᠳᠠᠬᠤᠨ ᠢ ᠪᠠᠷᠢᠮᠲᠠᠯᠠᠨ᠂ ᠲᠣᠭᠲᠠᠮᠠᠯ ᠬᠤᠭᠤᠴᠠᠭ᠎ᠠ ᠲᠠᠢ ᠪᠠᠷ ᠠᠯᠠᠱᠠ ᠵᠡᠭᠦᠨ ᠬᠤᠰᠢᠭᠤ᠂ ᠵᠠᠩ ᠶᠧ ᠬᠤᠲᠠ ᠲᠠᠢ ᠬᠠᠷᠢᠯᠴᠠᠨ ᠭᠤᠤᠯᠯᠠᠭᠴᠢ ᠪᠠᠭᠰᠢ ᠲᠣᠮᠢᠯᠠᠨ ᠰᠤᠷᠤᠯᠴᠠᠯᠭ᠎ᠠ ᠰᠣᠯᠢᠯᠴᠠᠭ᠎ᠠ ᠬᠢᠪᠡ︔ ᠰᠣᠶᠣᠯ ᠲᠠᠮᠢᠷ ᠤᠨ ᠠᠵᠢᠯᠯᠠᠭ᠎ᠠ ᠶᠢ ᠰᠢᠨ᠎ᠡ ᠪᠠᠷ ᠡᠭᠦᠳᠦᠨ ᠥᠷᠨᠢᠭᠦᠯᠵᠦ᠂ ᠤᠷᠠᠨ ᠰᠠᠶᠢᠬᠠᠨ ᠤ ᠦᠵᠡᠭᠦᠯᠦᠯᠭᠡ ᠶᠢᠨ ᠲᠣᠭᠯᠠᠯᠲᠠ᠂ ᠤᠷᠠᠨ ᠪᠢᠴᠢᠯᠭᠡ ᠤᠷᠠᠨ ᠵᠢᠷᠤᠭ ᠤᠨ ᠳᠡᠯᠭᠡᠨ ᠦᠵᠡᠭᠦᠯᠬᠦ᠂ ᠳᠤᠷ᠎ᠠ ᠰᠣᠨᠢᠷᠬᠠᠯ ᠤᠨ ᠤᠷᠤᠯᠳᠤᠭᠠᠨ᠂ ᠲᠤᠬᠠᠶ ᠶᠢᠨ ᠲᠠᠯᠠᠪᠤᠷ ᠲᠤ ᠵᠣᠬᠢᠶᠠᠨ ᠪᠦᠲᠦᠭᠡᠬᠦ ᠵᠡᠷᠭᠡ ᠬᠡᠯᠪᠡᠷᠢ ᠪᠠᠷ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠰᠤᠷᠭᠠᠭᠤᠯᠢ ᠶᠢᠨ ᠬᠤᠭᠤᠷᠣᠨᠳᠣᠬᠢ ᠰᠣᠯᠢᠯᠴᠠᠭ᠎ᠠ ᠶᠢ ᠠᠬᠢᠭᠤᠯᠪᠠ᠃
    ᠠᠯᠠᠱᠠ ᠪᠠᠷᠠᠭᠤᠨ ᠬᠤᠰᠢᠭᠤ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠤᠷᠭᠠᠭᠤᠯᠢ ᠡᠬᠢᠯᠡᠬᠦ ᠠᠩᠬᠠᠨ ᠤ ᠬᠢᠴᠢᠶᠡᠯ᠂ ︽ᠤᠯᠤᠰ ᠤᠨ ᠲᠤᠭ ᠤᠨ ᠳᠣᠤᠷᠠᠬᠢ ᠶᠠᠷᠢᠶ᠎ᠠ︾᠂ ᠭᠤᠤᠯ ᠰᠡᠳᠦᠪᠲᠦ ᠠᠩᠭᠢ ᠶᠢᠨ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠣᠳᠬᠠᠬᠤ ᠬᠥᠮᠦᠵᠢᠯ ᠢ ᠥᠷᠨᠢᠭᠦᠯᠵᠦ ᠂ ᠳᠤᠮᠳᠠᠳᠤ ᠶᠢᠨ ᠰᠣᠩᠭᠤᠳᠠᠭ ᠰᠢᠯᠦᠭ ᠢ ᠤᠩᠰᠢᠬᠤ᠂ ᠭᠠᠷ ᠪᠢᠴᠢᠮᠡᠯ ᠰᠣᠨᠢᠨ᠂ ᠰᠠᠮᠪᠠᠷ᠎ᠠ ᠶᠢᠨ ᠰᠣᠨᠢᠨ ᠵᠡᠷᠭᠡ ᠠᠵᠢᠯᠯᠠᠭ᠎ᠠ ᠶᠢ ᠥᠷᠨᠢᠭᠦᠯᠵᠦ᠂ ᠨᠡᠶᠢᠲᠡᠯᠢᠭ ᠬᠡᠯᠡ ᠶᠠᠷᠢᠬᠤ᠂ ᠳᠦᠷᠢᠮᠵᠢᠭᠦᠨ ᠦᠰᠦᠭ ᠪᠢᠴᠢᠬᠦ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠲᠠᠰᠤᠷᠠᠯᠲᠠ ᠥᠬᠡᠶ ᠠᠬᠢᠭᠤᠯᠪᠠ᠃
   
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号