ᠸᠠᠩ ᠯᠢ ᠰᠢᠶᠠ ᠬᠥᠯᠥᠨ ᠪᠤᠶᠢᠷ ᠲᠤ ᠭᠦᠨᠵᠡᠭᠡᠶᠢᠷᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠱᠠᠯᠠᠪᠳᠠᠭᠤᠯᠤᠨ ᠵᠢᠯᠤᠭᠤᠳᠴᠤ ᠲᠣᠬᠢᠷᠠᠭᠤᠯᠪᠠ
ᠨᠡᠶᠢᠲᠡᠯᠡᠭᠰᠡᠨ ᠴᠠᠭ᠄
2023/12/7
    12 ᠰᠠᠷ᠎ᠠ ᠶᠢᠨ 5 ᠠᠴᠠ 6 ᠤ ᠡᠳᠦᠷ ᠪᠤᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠥᠯᠥᠨ ᠪᠤᠶᠢᠷ ᠲᠤ ᠭᠦᠨᠵᠡᠭᠡᠶᠢᠷᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠬᠡᠯ ᠠᠵᠢᠯ ᠢ ᠱᠠᠯᠠᠪᠳᠠᠭᠤᠯᠤᠨ ᠵᠢᠯᠤᠭᠤᠳᠴᠤ ᠲᠣᠬᠢᠷᠠᠭᠤᠯᠪᠠ᠃     ᠬᠠᠶᠢᠯᠠᠷ ᠨᠢᠰᠬᠡᠯ ᠤᠨ ᠪᠠᠭᠤᠳᠠᠯ ᠳᠤ᠂ ᠸᠠᠩ ᠯᠢ ᠰᠢᠶᠠ ᠤᠷᠤᠯᠳᠤᠭᠠᠨ ᠪᠠ ᠬᠤᠷᠠᠯ ᠤᠨ ᠲᠡᠮᠳᠡᠭ ᠢᠯᠡᠷᠬᠡᠶᠢᠯᠡᠯ ᠢᠯᠡ ᠲᠣᠳᠣᠷᠬᠠᠢ ᠪᠢᠰᠢ᠂ ᠤᠬᠠᠭᠤᠯᠭ᠎ᠠ ᠶᠢᠨ ᠠᠭᠤᠷ ᠠᠮᠢᠰᠬᠤᠯ ᠥᠳᠬᠡᠨ ᠵᠤᠵᠠᠭᠠᠨ ᠪᠢᠰᠢ ᠵᠡᠷᠭᠡ ᠠᠰᠠᠭᠤᠳᠠᠯ ᠢ ᠲᠤᠬᠠᠢ ᠶᠢᠨ ᠲᠠᠯᠠᠪᠠᠢ ᠳᠤ  ᠵᠢᠭᠠᠨ ᠭᠠᠷᠭᠠᠵᠤ᠂ ᠵᠣᠴᠢᠳ ᠤᠨ ᠲᠠᠯ᠎ᠠ ᠠᠴᠠ ᠪᠣᠳᠣᠯᠬᠢᠯᠠᠵᠤ᠂  ᠨᠢᠰᠬᠡᠯ ᠠᠴᠠ ᠪᠠᠭᠤᠮᠠᠭᠴᠠ ᠤᠷᠤᠯᠳᠤᠭᠠᠨ ᠡᠷᠭᠢᠯᠡᠭᠦ ᠭᠡᠵᠦ ᠪᠠᠶᠢᠭ᠎ᠠ ᠥᠳᠬᠡᠨ ᠵᠤᠵᠠᠭᠠᠨ ᠠᠭᠤᠷ ᠠᠮᠢᠰᠬᠤᠯ ᠪᠠ ᠢᠯᠡ ᠲᠣᠳᠣ ᠣᠷᠣᠨ ᠪᠦᠰᠡ ᠶᠢᠨ ᠣᠨᠴᠠᠯᠢᠭ ᠢ ᠤᠯᠠᠨ ᠳᠤ ᠮᠡᠳᠡᠷᠡᠭᠦᠯᠬᠦ ᠭᠡᠷᠡᠭᠲᠡᠢ;ᠠᠶᠠᠨᠴᠢᠳ ᠤᠨ  ᠥᠨᠳᠥᠷ ᠨᠢᠭᠲᠠᠴᠠ ᠲᠠᠢ ᠶᠡᠭᠡ ᠤᠷᠤᠰᠬᠠᠯ ᠭᠠᠷᠴᠤ ᠮᠡᠳᠡᠬᠦ ᠪᠠᠶᠢᠳᠠᠯ ᠳᠤ ᠬᠠᠨᠳᠤᠭᠤᠯᠤᠨ᠂ ᠭᠥᠯᠢᠶᠡᠨ ᠠᠪᠬᠤ ᠲᠥᠰᠥᠯ ᠢᠶᠠᠨ ᠨᠠᠷᠢᠯᠢᠭᠵᠢᠭᠤᠯᠵᠤ᠂ ᠪᠦᠭᠦ ᠶᠠᠪᠤᠴᠠ ᠶᠢᠨ ᠰᠣᠷᠢᠯᠲᠠ ᠶᠢ ᠳᠠᠭᠢᠨ ᠳᠠᠪᠲᠠᠨ ᠬᠢᠵᠦ᠂ ᠠᠮᠤᠷ ᠲᠦᠪᠰᠢᠨ ᠤᠷᠤᠭᠰᠢᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ᠺᠠᠢ ᠵᠢᠩ ᠵᠢᠶᠠ ᠬᠤᠸᠠ᠂ ᠪᠠᠢ ᠹᠦ᠋ ᠶᠤᠸᠠᠢ᠂ ᠲᠢᠶᠠᠨ ᠵᠢᠶᠣᠣ ᠵᠡᠷᠭᠡ ᠭᠤᠷᠪᠠᠨ ᠲᠣᠭᠲᠠᠭᠰᠠᠨ ᠴᠡᠭ ᠤᠨ ᠭᠥᠯᠢᠶᠡᠨ ᠠᠪᠬᠤ ᠪᠠᠭᠤᠳᠠᠯ ᠳᠤ᠂ ᠸᠠᠩ ᠯᠢ ᠰᠢᠶᠠ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠨᠠᠷᠢᠨ ᠬᠢᠨᠠᠮᠠᠭᠠᠢ ᠪᠠᠶᠢᠴᠠᠭᠠᠵᠤ ᠂ ᠲᠥᠰᠥᠯ᠂ ᠪᠠᠷᠢᠮᠵᠢᠶ᠎ᠠ ᠪᠠ ᠱᠠᠭᠠᠷᠳᠠᠯᠭ᠎ᠠ ᠶᠢ ᠨᠢᠭᠡᠳᠬᠡᠬᠦ ᠬᠡᠷᠡᠭᠲᠡᠢ ᠭᠡᠵᠦ ᠱᠠᠭᠠᠷᠳᠠᠵᠤ᠂ ᠬᠥᠯᠥᠨ ᠪᠤᠶᠢᠷ ᠬᠤᠲᠠ ᠶᠢᠨ ᠭᠤᠣᠯ ᠬᠠᠷᠢᠭᠤᠴᠠᠯᠭᠠᠲᠠᠨ ᠨᠥᠬᠦᠳ ᠢ ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠨᠠᠷᠢᠨ ᠵᠦᠢᠯᠡᠰ ᠢ ᠨᠢᠭᠲᠠ ᠠᠩᠬᠠᠷᠴᠤ᠂ ᠨᠢᠭᠲᠠ ᠠᠴᠠ ᠨᠢᠭᠲᠠ ᠪᠠᠶᠢᠵᠤ ᠠᠵᠢᠯ ᠢᠶᠠᠨ ᠰᠠᠶᠢᠲᠤᠷ ᠠᠳᠬᠤᠬᠤ ᠬᠡᠷᠡᠭᠲᠡᠢ ᠭᠡᠵᠦ ᠰᠠᠨᠠᠭᠤᠯᠪᠠ᠃     ᠸᠠᠩ ᠯᠢ ᠰᠢᠶᠠ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠲᠥᠪ ᠪᠣᠯᠣᠨ ᠴᠠᠰᠤ ᠮᠥᠰᠥᠨ ᠤ ᠲᠠᠮᠢᠷ ᠤᠨ ᠬᠥᠳᠡᠯᠭᠡᠭᠡᠨ ᠤ ᠰᠤᠷᠭᠠᠭᠤᠯᠢ ᠳᠤ ᠬᠦᠷᠴᠦ᠂ ᠡᠭᠢᠯᠡᠯᠲᠡ ᠶᠢᠨ ᠶᠣᠰᠣᠯᠠᠯ ᠤᠨ ᠪᠡᠯᠡᠳᠬᠡᠯ ᠠᠵᠢᠯ᠂ ᠵᠢᠯᠤᠭᠤᠳᠬᠤ ᠰᠢᠰᠲ᠋ᠧᠮ ᠤᠨ ᠠᠵᠢᠯᠯᠠᠭᠠᠨ ᠪᠣᠯᠣᠨ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠪᠣᠳᠠᠲᠤ ᠪᠠᠶᠢᠯᠳᠤᠭᠠᠨᠴᠢᠯᠠᠬᠰᠠᠠ ᠰᠣᠷᠢᠯᠲᠠ ᠬᠢᠵᠦ᠂ ᠨᠠᠷᠢᠨ ᠵᠦᠢᠯᠡᠰ ᠲᠤ ᠬᠦᠴᠦ ᠣᠷᠣᠭᠤᠯᠵᠤ᠂ ᠵᠢᠯᠤᠭᠤᠳᠬᠤ ᠲᠥᠪ ᠢ ᠡᠷᠲᠡᠬᠡᠨ ᠠᠰᠢᠭᠯᠠᠯᠲᠠ ᠳᠤ ᠣᠷᠣᠭᠤᠯᠵᠤ᠂ ᠠᠵᠢᠯᠯᠠᠭᠠᠨ ᠤ ᠳᠤᠮᠳᠠ ᠠᠰᠠᠭᠤᠳᠠᠯ ᠢ ᠢᠯᠡᠷᠡᠭᠦᠯᠵᠦ᠂ ᠲᠣᠬᠢᠷᠠᠭᠤᠯᠤᠨ ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃     ᠪᠡᠯᠡᠳᠬᠡᠯ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠤᠯᠤᠰ ᠤᠨ ᠶᠡᠭᠡ ᠤᠷᠤᠯᠳᠤᠭᠠᠨ ᠢ ᠡᠷᠭᠢᠯᠡᠭᠦ ᠳᠤ ᠤᠯᠤᠰ ᠤᠨ ᠶᠡᠭᠡ ᠤᠷᠤᠯᠳᠤᠭᠠᠨ ᠢ ᠡᠷᠭᠢᠯᠡᠭᠦ ᠶᠠᠩᠵᠤ ᠲᠠᠢ ᠪᠠᠶᠢᠬᠤ ᠬᠡᠷᠡᠭᠲᠡᠢ᠂ ᠡᠯ᠎ᠡ ᠤᠷᠤᠯᠳᠤᠭᠠᠨ ᠤ ᠲᠣᠭᠤᠷᠢᠭ᠂ ᠡᠯ᠎ᠡ ᠠᠵᠢᠯ ᠤᠨ ᠬᠡᠯᠲᠡᠰ ᠵᠣᠭᠰᠣᠴᠠ ᠪᠠᠨ ᠤᠯᠠᠮ ᠳᠡᠭᠡᠭᠰᠢᠯᠡᠭᠦᠯᠵᠦ᠂ ᠳᠠᠶᠢᠯᠠᠯᠳᠤᠭᠠᠨ ᠤ ᠪᠠᠶᠢᠳᠠᠯ ᠳᠤ ᠣᠷᠣᠵᠤ᠂ ᠦᠨᠳᠦᠰᠦᠨ ᠱᠠᠲᠤᠨ ᠳᠤ ᠭᠦᠨᠵᠡᠭᠡᠶᠢᠷᠡᠨ ᠠᠵᠢᠯᠯᠠᠵᠤ᠂ ᠡᠯ᠎ᠡ ᠵᠦᠢᠯ ᠤᠨ ᠪᠠᠶᠢᠷᠢᠯᠠᠭᠤᠯᠤᠯᠲᠠ ᠲᠣᠬᠢᠷᠠᠭᠤᠯᠤᠯᠲᠠ ᠶᠢᠨ ᠪᠦᠷᠢᠯᠳᠦᠵᠦ ᠢᠵᠢ ᠪᠦᠷᠢᠳᠦᠭᠦ ᠶᠢ ᠠᠬᠢᠭᠤᠯᠬᠤ ᠬᠡᠷᠡᠭᠲᠡᠢ᠃ ᠴᠠᠭ ᠵᠠᠩᠭᠢᠯᠠᠭ᠎ᠠ ᠶᠢᠨ ᠴᠡᠭ ᠢ ᠰᠠᠶᠢᠲᠤᠷ ᠠᠩᠬᠠᠷᠴᠤ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠬᠡᠯᠡᠭᠰᠡᠨ ᠳᠡᠭᠡᠨ ᠬᠦᠷᠬᠦ ᠬᠡᠷᠡᠭᠲᠡᠢ᠃ ᠨᠠᠷᠢᠨ ᠵᠦᠢᠯᠡᠰ ᠢ ᠰᠠᠶᠢᠵᠢᠷᠠᠭᠤᠯᠬᠤ ᠶᠢ ᠰᠠᠶᠢᠲᠤᠷ ᠠᠳᠬᠤᠵᠤ᠂ ᠢᠳᠡᠭᠡᠨ ᠤᠮᠳᠠᠭᠠᠨ᠂ ᠠᠮᠤᠷ ᠲᠦᠪᠰᠢᠨ ᠤ ᠪᠠᠶᠢᠴᠠᠭᠠᠯᠲᠠ᠂ ᠤᠬᠠᠭᠤᠯᠭ᠎ᠠ᠂ ᠭᠥᠯᠢᠶᠡᠨ ᠠᠪᠬᠤ ᠵᠡᠷᠭᠡ ᠭᠤᠭᠴᠤᠭ᠎ᠠ ᠶᠢ ᠴᠥᠮ ᠨᠠᠷᠢᠯᠢᠭ᠂ ᠣᠨᠣᠴᠠᠲᠠᠢ᠂ ᠣᠨᠣᠪᠴᠢᠲᠠᠶ ᠠᠳᠬᠤᠬᠤ ᠬᠡᠷᠡᠭᠲᠡᠢ᠃ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠵᠠᠮ ᠬᠠᠷᠢᠯᠴᠠᠭ᠎ᠠ᠂ ᠢᠳᠡᠭᠡᠨ ᠤᠮᠳᠠᠭᠠᠨ ᠡᠮ ᠤᠨ ᠵᠦᠢᠯ᠂ ᠲᠠᠯᠠᠪᠤᠷ ᠣᠷᠳᠣᠨ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠵᠡᠷᠭᠡ ᠭᠤᠭᠴᠤᠭ᠎ᠠ ᠶᠢᠨ ᠠᠶᠤᠯ ᠲᠦᠭᠰᠢᠭᠦᠷᠢ ᠭᠡᠮ ᠰᠣᠭᠤᠭ ᠢ ᠦᠨᠡᠨ ᠬᠦ ᠵᠢᠭᠰᠠᠭᠠᠨ ᠪᠠᠶᠢᠴᠠᠭᠠᠵᠤ ᠦᠨᠡᠨ ᠬᠦ ᠴᠡᠭᠴᠡᠯᠡᠨ ᠵᠠᠰᠠᠵᠤ᠂ ᠠᠰᠠᠭᠤᠳᠠᠯ ᠢ ᠪᠦᠭᠦᠨ ᠢ ᠲᠤᠶᠢᠯᠪᠤᠷᠢᠲᠠᠢ ᠪᠠᠶᠢᠴᠠᠭᠠᠵᠤ᠂ ᠲᠤᠶᠢᠯᠪᠤᠷᠢᠲᠠᠢ ᠴᠡᠭᠴᠡᠯᠡᠨ ᠵᠠᠰᠠᠬᠤ ᠶᠢ ᠪᠠᠲᠤᠯᠠᠬᠤ ᠬᠡᠷᠡᠭᠲᠡᠢ᠃ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠭᠠᠷᠠᠭ ᠢᠶᠠᠷ ᠠᠰᠠᠭᠤᠳᠠᠯ ᠢ ᠡᠮᠬᠢᠯᠡᠵᠦ᠂ ᠬᠥᠮᠥᠨ ᠳᠤ ᠭᠦᠷᠲᠡᠯ᠎ᠡ ᠨᠠᠶᠢᠳᠠᠪᠤᠷᠢᠵᠢᠭᠤᠯᠵᠤ᠂ ᠦᠳᠲᠡᠷ ᠲᠦᠷᠭᠡᠨ ᠰᠢᠢᠳᠪᠦᠷᠢᠯᠡᠬᠦ ᠬᠡᠷᠡᠭᠲᠡᠢ᠂ ᠬᠠᠷᠢᠭᠤᠴᠠᠯᠭ᠎ᠠ ᠶᠢ ᠱᠠᠲᠤ ᠱᠠᠲᠤ ᠪᠠᠷ ᠰᠢᠯᠵᠢᠭᠦᠯᠦᠨ ᠳᠠᠭᠠᠭᠠᠴᠢᠯᠠᠭᠤᠯᠵᠤ᠂ ᠲᠤᠰᠢᠶᠠᠭᠠᠳ ᠥᠭᠪᠡᠯ ᠳᠠᠭᠤᠰᠬᠠᠴᠢᠬᠠᠵᠤ ᠪᠤᠯᠬᠤ ᠦᠭᠡᠢ᠂ ᠬᠥᠯᠥᠨ ᠪᠤᠶᠢᠷ ᠬᠤᠲᠠ ᠶᠢᠨ ᠬᠢᠨ ᠪᠦᠭᠦ ᠲᠠᠯ᠎ᠠ ᠪᠠᠷ ᠦᠨᠳᠦᠰᠦᠨ ᠵᠦᠢᠯ ᠢ ᠪᠠᠲᠤᠯᠠᠵᠤ᠂ ᠲᠣᠪᠴᠢ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ᠂ ᠠᠷᠢᠭᠤᠨ ᠴᠢᠬᠡᠴᠢ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠦᠪᠡᠳᠡᠭᠰᠢ  ᠴᠤᠭᠯᠠᠭᠠᠨ ᠡᠷᠭᠢᠯᠡᠭᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ  ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号