ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠥ 2023 ᠣᠨ ᠤ ᠠᠵᠢᠯ ᠤᠨ ᠭᠤᠣᠯᠳᠠᠯᠭ᠎ᠠ ᠶᠢ ᠰᠤᠳᠤᠯᠪᠠ
ᠨᠡᠶᠢᠲᠡᠯᠡᠭᠰᠡᠨ ᠴᠠᠭ᠄
2023/2/13
    2 ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ 2023 ᠣᠨ ᠤ ᠬᠤᠶᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠵᠤ᠂ ᠣᠨ ᠤ ᠠᠵᠢᠯ ᠤᠨ ᠭᠤᠣᠯᠳᠠᠯᠭ᠎ᠠ ᠶᠢ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃     ᠬᠤᠷᠠᠯ ᠠᠴᠠ᠂ ᠠᠵᠢᠯ ᠤᠨ ᠭᠤᠤᠯᠳᠠᠯᠭ᠎ᠠ ᠪᠣᠯ ᠪᠥᠬᠦ ᠵᠢᠯ ᠤᠨ ᠡᠭᠦᠷᠭᠡ ᠶᠢᠨ ᠳᠠᠩᠰᠠ ᠶᠢ ᠲᠤᠰᠢᠶᠠᠬᠤ ᠶᠠᠪᠤᠳᠠᠯ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠪᠣᠯᠤᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠴᠢᠩᠭ᠎ᠠ ᠬᠠᠷᠭᠤᠭᠤᠯᠤᠨ ᠪᠠᠷᠢᠮᠵᠢᠶᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ ᠶᠢ ᠴᠢᠨᠠᠭᠰᠢᠳᠠ ᠲᠡᠭᠦᠯᠳᠡᠷᠵᠢᠭᠦᠯᠵᠦ᠂ ᠳᠦᠷᠦᠯ ᠵᠦᠢᠯ ᠢ ᠣᠷᠬᠢᠭᠳᠠᠭᠤᠯᠬᠤ ᠥᠬᠡᠶ ᠲᠤᠳᠠᠭᠳᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠭᠤᠤᠯᠳᠠᠯᠭ᠎ᠠ ᠲᠠᠢ ᠡᠭᠦᠷᠭᠡ ᠶᠢ ᠨᠠᠷᠢᠨ ᠲᠠᠩᠰᠠ ᠶᠢᠨ ᠬᠡᠯᠪᠡᠷᠢ ᠪᠠᠷ ᠲᠣᠬᠢᠷᠠᠭᠤᠯᠵᠤ᠂ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠵᠤ᠂ ᠰᠠᠷ᠎ᠠ ᠰᠠᠷ᠎ᠠ ᠠᠬᠢᠴᠠ ᠲᠠᠢ᠂ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠶ᠃ ᠴᠢᠬᠤᠯᠠ ᠶᠡᠭᠡ ᠬᠤᠷᠠᠯ ᠠᠵᠢᠯᠯᠠᠭ᠎ᠠ ᠶᠢ ᠡᠷᠲᠡ ᠠᠴᠠ ᠲᠥᠯᠥᠪᠵᠢᠭᠦᠯᠵᠦ᠂ ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠵᠤ᠂ ᠲᠥᠰᠦᠯ ᠢᠶᠠᠨ ᠨᠠᠷᠢᠯᠢᠬᠵᠢᠭᠤᠯᠵᠤ᠂ ᠬᠤᠷᠠᠯ ᠠᠵᠢᠯᠯᠠᠭ᠎ᠠ ᠪᠤᠯᠭᠠᠨ ᠢ ᠦᠨᠡᠨ ᠪᠣᠳᠠᠲᠠᠶ ᠡᠷᠭᠢᠯᠡᠵᠦ᠂ ᠪᠣᠳᠠᠲᠤ ᠦᠷ᠎ᠡ ᠪᠦᠲᠦᠮᠵᠢ ᠭᠠᠷᠭᠠᠬᠤ ᠬᠡᠷᠡᠭᠲᠡᠶ᠃ ᠵᠠᠰᠠᠭ ᠤᠨ ᠣᠷᠳᠣᠨ ᠤ ᠠᠯᠪᠠᠨ ᠲᠢᠩᠬᠢᠮ ᠮᠥᠷᠳᠡᠨ ᠪᠠᠶᠢᠴᠠᠭᠠᠵᠤ ᠠᠩᠬᠠᠷᠤᠯ ᠲᠠᠯᠪᠢᠨ ᠰᠢᠢᠳᠪᠦᠷᠢᠯᠡᠵᠥ᠂ ᠶᠠᠮᠠᠷ ᠠᠵᠢᠯ ᠨᠢ ᠤᠷᠤᠭᠰᠢᠲᠠᠶ ᠶᠠᠪᠤᠭᠳᠠᠵᠤ ᠦᠷ᠎ᠡ ᠪᠦᠲᠦᠮᠵᠢ ᠨᠢ ᠰᠠᠶᠢᠨ ᠪᠠᠶᠢᠪᠠᠯ ᠴᠠᠭ ᠲᠤᠬᠠᠶ ᠳᠤᠨᠢ ᠳ᠋ᠦᠩᠨᠡᠨ ᠳᠡᠯᠭᠡᠷᠡᠭᠦᠯᠵᠦ᠂ ᠶᠠᠮᠠᠷ ᠠᠵᠢᠯ ᠨᠢ ᠤᠳᠠᠭᠠᠨ ᠪᠠᠶᠢᠵᠦ ᠬᠦᠴᠢᠷᠳᠠᠢ ᠪᠠᠶᠢᠪᠠᠯ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ᠂ ᠶᠠᠪᠤᠳᠠᠯ ᠪᠦᠬᠦᠨ ᠢ ᠨᠢᠭᠡ ᠶᠢ ᠴᠦ ᠣᠷᠬᠢᠭᠳᠠᠭᠤᠯᠤᠯ ᠥᠬᠡᠶ ᠪᠠᠷ ᠴᠠᠭ ᠲᠤᠬᠠᠶ ᠳᠤᠨᠢ ᠴᠢᠨᠠᠷ ᠰᠠᠶᠢᠳᠠᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号