ᠠᠯᠠᠱᠠ ᠠᠶᠢᠮᠠᠭ ᠪᠣᠯ ᠡᠮᠦᠨᠡᠲᠦ ᠤᠮᠠᠷᠠᠲᠤ ᠶᠢᠨ ᠭᠠᠵᠠᠷ ᠬᠥᠳᠡᠯᠦᠯᠲᠡ ᠶᠢᠨ ᠪᠦᠰᠡ ᠳᠤ ᠣᠷᠣᠰᠢᠵᠤ᠂ ᠭᠠᠵᠠᠷ | ᠬᠥᠳᠡᠯᠦᠯᠲᠡ ᠣᠯᠠᠨ ᠡᠭᠦᠰᠳᠡᠭ ᠣᠷᠣᠨ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ᠂ | ᠪᠠᠶᠢᠭᠠᠯᠢ ᠶᠢᠨ ᠭᠠᠮᠰᠢᠭ ᠣᠯᠠᠨ ᠡᠭᠦᠰᠳᠡᠭ᠃ᠠᠵᠤ ᠦᠢᠯᠡᠳᠪᠦᠷᠢᠵᠢᠯᠲᠡ ᠶᠢᠨ ᠠᠬᠢᠴᠠ ᠶᠢ ᠳᠠᠭᠠᠯᠳᠤᠨ᠂ ᠠᠯᠠᠱᠠ | ᠠᠶᠢᠮᠠᠭ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠣᠮᠣ ᠬᠢᠮᠢ ᠶᠢᠨ ᠠᠵᠤ | ᠦᠢᠯᠡᠳᠪᠦᠷᠢ ᠶᠢᠨ ᠠᠶᠢᠮᠠᠭ ᠬᠤᠲᠠ ᠪᠣᠯᠵᠤ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠣᠯᠠᠨ᠂ ᠤᠷ᠎ᠠ | ᠮᠡᠷᠭᠡᠵᠢᠯ ᠪᠤᠳᠤᠯᠢᠶᠠᠨᠲᠠᠢ᠂ ᠲᠦᠭᠰᠢᠭᠦᠷᠢᠲᠦ ᠴᠢᠨᠠᠷ ᠢᠶᠠᠷ ᠥᠨᠳᠥᠷ ᠮᠥᠷᠲᠡᠭᠡᠨ ᠭᠠᠵᠠᠷ ᠣᠷᠣᠨ ᠥᠷᠭᠡᠨ ᠠᠭᠤᠳᠠᠮ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠴᠢᠩᠭ᠎ᠠ ᠪᠢᠰᠢ᠂ ᠰᠠᠭᠤᠷᠢ ᠲᠥᠬᠦᠭᠡᠷᠦᠮᠵᠢ | ᠪᠠᠭᠤᠷᠠᠢ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠣᠬᠢᠷᠠᠭᠤᠯᠤᠯᠲᠠ ᠬᠦᠷᠦᠯᠴᠡᠬᠦ ᠦᠭᠡᠢ ᠵᠡᠷᠭᠡ ᠬᠦᠴᠦᠨ | ᠵᠦᠢᠯ ᠤᠨ ᠬᠢᠵᠠᠭᠠᠷᠯᠠᠯ ᠠᠴᠠ ᠪᠣᠯᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠴᠢᠳᠠᠪᠤᠷᠢ ᠨᠢ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠲᠠᠢ | ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠮᠠᠨ ᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠬᠦᠴᠦᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ | ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ | ᠬᠠᠩᠭᠠᠬᠤ ᠶᠢᠨ ᠳᠣᠰᠠᠳᠠ᠂ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠠᠶᠤᠯᠭᠦᠢ ᠦᠢᠯᠡᠳᠪᠦᠷᠢᠯᠡᠯ ᠤᠨ | ᠬᠠᠤᠯᠢ︾ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ | ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠠᠶᠤᠯᠲᠠᠢ | ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ | ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ ᠶᠢᠨ ᠭᠤᠷᠪᠠᠨ ᠵᠢᠯ ᠤᠨ ᠠᠵᠢᠯᠯᠠᠭ᠎ᠠ | ᠶᠢ ᠬᠡᠷᠡᠭᠵᠢᠭᠦᠯᠬᠦ ᠲᠥᠰᠥᠯ ︵2022 ︱ 2024 ᠣᠨ︶︾ ᠵᠡᠷᠭᠡ ᠲᠣᠭᠲᠠᠭᠠᠯ ᠢ ᠦᠨᠳᠦᠰᠦᠯᠡᠨ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ | ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠰᠢᠨᠵᠢᠯᠡᠬᠦ ᠤᠬᠠᠭᠠᠨᠴᠢ | ᠥᠨᠳᠥᠷ ᠪᠦᠲᠦᠮᠵᠢᠲᠡᠶ ᠠᠪᠤᠷᠠᠨ ᠲᠤᠰᠠᠯᠠᠬᠤ ᠪᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ᠰᠠᠭᠤᠷᠢ ᠶᠢ | ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠨ᠂ ᠠᠶᠢᠮᠠᠭ᠂ ᠬᠤᠰᠢᠭᠤ ᠣᠷᠣᠨ᠂ ᠰᠤᠮᠤ ᠪᠠᠯᠭᠠᠰᠤ ᠶᠢᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠢᠯᠯᠠᠭᠠᠨ ᠤ | ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠬᠡᠪᠴᠢᠶᠡᠨ ᠳᠤ ᠨᠢᠭᠡᠳᠦᠯᠲᠡᠢ | ᠵᠢᠯᠣᠭᠤᠳᠤᠭᠰᠠᠨ᠂ ᠬᠠᠮᠤᠷᠬᠤ ᠬᠡᠪᠴᠢᠶ᠎ᠡ ᠥᠷᠭᠡᠨ᠂ ᠴᠢᠳᠠᠮᠵᠢ ᠪᠦᠷᠢᠨ ᠲᠡᠭᠦᠯᠳᠡᠷ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠬᠦᠴᠦᠨ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ | ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ︵ᠨᠢᠭᠡ︶ ᠪᠣᠳᠠᠲᠠᠢ ᠳᠤ ᠰᠠᠭᠤᠷᠢᠯᠠᠨ᠂ ᠨᠢᠭᠡᠳᠦᠯᠲᠡᠢ ᠲᠥᠯᠥᠪᠯᠡᠨ ᠬᠦᠭᠵᠢᠬᠦᠯᠦᠨ᠎ᠡ᠃ᠮᠠᠨ ᠤ ᠠᠶᠢᠮᠠᠭ ᠤᠨ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠣᠳᠠᠲᠠᠢ ᠪᠠᠶᠢᠳᠠᠯ ᠳᠤ ᠰᠠᠭᠤᠷᠢᠯᠠᠨ᠂ | ᠰᠠᠭᠤᠷᠢ ᠪᠠᠨ ᠪᠠᠬᠢᠵᠢᠭᠦᠯᠵᠦ᠂ ᠭᠤᠣᠯᠳᠠᠯᠭ᠎ᠠ ᠪᠠᠨ ᠴᠢᠩᠭᠠᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠨ᠎ᠡ᠃ | ᠠᠳᠡᠯ ᠤᠨ ᠭᠠᠮᠰᠢᠭ ᠠᠴᠠ ᠰᠡᠷᠭᠡᠶᠢᠯᠡᠨ ᠬᠠᠮᠠᠭᠠᠯᠠᠬᠤ ᠪᠠᠷᠢᠮᠵᠢᠶᠠᠵᠢᠭᠰᠠᠨ ᠪᠡᠯᠡᠳᠬᠡᠮᠵᠢ ᠶᠢᠨ ᠰᠢᠰᠲ᠋ᠧᠮᠵᠢ᠂ ᠪᠣᠳᠠᠲᠤ | ᠪᠠᠶᠢᠯᠳᠤᠭᠠᠨᠴᠢᠯᠠᠭᠰᠠᠨ ᠪᠠᠴᠢᠮ ᠪᠠᠶᠢᠳᠠᠯ ᠢ ᠠᠷᠭᠠᠴᠠᠬᠤ ᠵᠢᠯᠤᠭᠤᠳᠬᠤ ᠰᠢᠰᠲ᠋ᠧᠮᠵᠢ᠂ ᠲᠤᠰᠬᠠᠢ ᠪᠠ ᠬᠠᠪᠰᠤᠷᠭᠠᠨ | ᠬᠠᠷᠢᠭᠤᠴᠠᠬᠤ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ | ᠰᠢᠰᠲ᠋ᠧᠮᠵᠢ᠂ ᠪᠥᠬᠦ ᠠᠷᠠᠳ ᠤᠨ ᠴᠢᠨᠠᠷᠲᠠᠢ ᠠᠳᠡᠯ ᠤᠨ ᠭᠠᠮᠰᠢᠭ ᠢ ᠰᠡᠷᠭᠡᠶᠢᠯᠡᠬᠦ ᠬᠥᠮᠦᠵᠢᠯ ᠤᠨ ᠰᠢᠰᠲ᠋ᠧᠮᠵᠢ ᠶᠢ | ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠴᠢᠳᠠᠪᠤᠷᠢ ᠶᠢ ᠴᠢᠩᠭᠠᠷᠠᠭᠤᠯᠬᠤ ᠪᠠᠷ ᠭᠤᠣᠯᠳᠠᠯᠭ᠎ᠠ ᠪᠣᠯᠭᠠᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠣᠯᠠᠨ ᠲᠠᠯ᠎ᠠ ᠠᠴᠠ ᠠᠬᠢᠭᠤᠯᠬᠤ ᠬᠡᠷᠡᠭᠲᠡᠢ᠃ | ︵ᠬᠤᠶᠠᠷ︶ ᠲᠤᠰᠬᠠᠢ ᠠᠵᠢᠯ ᠢ ᠬᠠᠪᠰᠤᠷᠭᠠᠨ ᠬᠠᠷᠢᠭᠤᠴᠠᠬᠤ ᠶᠢ ᠵᠡᠷᠭᠡᠪᠡᠷ ᠬᠢᠵᠦ᠂ ᠳᠠᠪᠠᠭᠤᠯᠢᠭ ᠲᠠᠯ᠎ᠠ ᠪᠠᠷ ᠢᠶᠠᠨ | ᠬᠠᠷᠢᠯᠴᠠᠨ ᠨᠥᠬᠦᠪᠦᠷᠢᠯᠡᠨ᠎ᠡ᠃ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠᠷ | ᠭᠤᠣᠯᠳᠠᠯᠭ᠎ᠠ ᠪᠣᠯᠭᠠᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ | ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠰᠢᠰᠲ᠋ᠧᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠲᠤᠰ ᠲᠤᠰ | ᠭᠠᠯ ᠤᠨᠲᠠᠷᠠᠭᠠᠬᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠤᠨᠲᠠᠷᠠᠭᠠᠬᠤ ᠵᠡᠷᠭᠡ ᠤᠯᠤᠰ ᠤᠨ ᠴᠢᠨᠠᠷᠲᠠᠢ | ᠠᠪᠤᠷᠠᠨ ᠲᠤᠰᠠᠯᠠᠬᠤ ᠠᠩᠭᠢ ᠪᠠᠷ ᠰᠠᠭᠤᠷᠢ ᠪᠣᠯᠭᠠᠵᠤ᠂ ᠠᠭᠤᠷᠬᠠᠢ᠂ ᠠᠶᠤᠯ ᠲᠠᠢ ᠬᠢᠮᠢ᠂ ᠤᠰᠤᠨ ᠤ ᠶᠠᠪᠤᠳᠠᠯ᠂ | ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ᠂ ᠭᠠᠵᠠᠷ ᠬᠥᠳᠡᠯᠦᠯᠲᠡ ᠵᠡᠷᠭᠡ ᠠᠵᠢᠯ ᠲᠥᠷᠥᠯ ᠤᠨ | ᠠᠪᠤᠷᠠᠨ ᠲᠤᠰᠠᠯᠠᠬᠤ ᠬᠦᠴᠦᠨ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠬᠦᠴᠦᠨ ᠢᠶᠠᠷ ᠨᠥᠬᠦᠪᠦᠷᠢ ᠪᠣᠯᠭᠠᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ | ᠴᠢᠩᠭᠠᠷᠠᠭᠤᠯᠬᠤ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠣᠬᠢᠷᠠᠭᠤᠯᠤᠯᠲᠠ ᠶᠢ ᠪᠠᠲᠤᠯᠠᠬᠤ᠂ ᠠᠵᠢᠯᠲᠠᠨ ᠤ | ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ | ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠠᠵᠢᠯᠲᠠᠨ ᠤ ᠬᠡᠪ ᠴᠢᠨᠠᠷ᠂ ᠬᠠᠮᠢᠶᠠᠷᠤᠯᠲᠠ ᠶᠢᠨ | ᠬᠢᠷᠢ ᠬᠡᠮᠵᠢᠶ᠎ᠡ ᠪᠠ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ | ︵ᠭᠤᠷᠪᠠ︶ ᠵᠣᠬᠢᠴᠠᠩᠭᠤᠢ ᠪᠥᠭᠡᠳ ᠡᠮᠬᠢ ᠵᠢᠷᠤᠮ ᠲᠠᠢ᠂ ᠪᠠᠲᠤᠯᠠᠭ᠎ᠠ ᠨᠢ ᠬᠦᠴᠦᠨ ᠲᠠᠢ ᠪᠠᠶᠢᠬᠤ ᠬᠡᠷᠡᠭᠲᠡᠢ᠃ | ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ︽ᠶᠡᠷᠦᠩᠬᠡᠶᠢᠯᠡᠨ ᠰᠡᠷᠭᠡᠶᠢᠯᠡᠬᠦ᠂ ᠲᠣᠪᠣᠶᠢᠮ᠎ᠠ ᠠᠪᠤᠷᠠᠬᠤ︾᠂ | ᠠᠵᠢᠯ ᠲᠥᠷᠥᠯ ᠤᠨ ᠰᠠᠯᠠᠭ᠎ᠠ ᠮᠥᠴᠢᠷ ᠤᠨ ︽ᠲᠤᠰᠬᠠᠢ ᠮᠡᠷᠭᠡᠵᠢᠯ ᠢᠶᠠᠷ ᠰᠡᠷᠭᠡᠶᠢᠯᠡᠬᠦ᠂ ᠳᠡᠮᠵᠢᠨ ᠠᠪᠤᠷᠠᠬᠤ︾ | ᠰᠡᠳᠬᠢᠴᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ᠂ ᠬᠦᠴᠦᠨ ᠢᠶᠠᠨ ᠳᠠᠶᠢᠴᠢᠯᠠᠨ ᠠᠶᠤᠯ ᠠᠴᠠ ᠠᠪᠤᠷᠠᠨ ᠲᠤᠰᠠᠯᠠᠬᠤ᠂ ᠤᠰᠤᠨ ᠤ | ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ᠂ ᠭᠠᠵᠠᠷ ᠬᠥᠳᠡᠯᠦᠯᠲᠡ᠂ ᠣᠶ ᠰᠢᠭᠤᠢ ᠡᠪᠡᠰᠦ ᠪᠡᠯᠴᠢᠭᠡᠷ | ᠵᠡᠷᠭᠡ ᠰᠠᠯᠠᠭ᠎ᠠ ᠮᠥᠴᠢᠷ ᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠬᠤ ᠬᠡᠷᠡᠭᠲᠡᠢ᠃ | ᠭᠤᠷᠪᠠ᠂ ᠶᠡᠷᠦᠩᠬᠡᠢ ᠬᠠᠷᠠᠯᠲᠠ | 3 ᠵᠢᠯ ᠣᠷᠴᠢᠮ ᠤᠨ ᠴᠢᠷᠮᠠᠶᠢᠯᠭ᠎ᠠ ᠪᠠᠷ ᠳᠡᠮᠵᠢᠨ᠂ ᠠᠶᠢᠮᠠᠭ᠂ ᠬᠤᠰᠢᠭᠤ ᠣᠷᠣᠨ᠂ ᠰᠤᠮᠤ ᠪᠠᠯᠭᠠᠰᠤ ᠭᠤᠷᠪᠠᠨ | ᠱᠠᠲᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠦᠨᠳᠦᠰᠦᠨ ᠳᠡᠭᠡᠨ | ᠪᠠᠶᠢᠭᠤᠯᠵᠤ ᠳᠠᠭᠤᠰᠬᠠᠨ᠎ᠠ︔ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠲᠤᠰᠬᠠᠢ ᠡᠩᠨᠡᠭᠡ ᠶᠢᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠎ᠠ︔ᠥᠪᠡᠷᠲᠡᠭᠡᠨ ᠵᠠᠰᠠᠬᠤ | ᠣᠷᠣᠨ ᠤ ᠲᠠᠰ ᠤᠨ 2 ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢ ᠪᠡᠶᠡᠯᠡᠭᠦᠯᠦᠨ᠎ᠡ︔ᠭᠤᠣᠯᠳᠠᠯᠭ᠎ᠠ ᠲᠠᠢ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠲᠤᠰᠬᠠᠢ ᠡᠩᠨᠡᠭᠡ ᠶᠢ ᠪᠥᠬᠦ ᠲᠠᠯ᠎ᠠ ᠪᠠᠷ ᠴᠢᠩᠭᠠᠳᠬᠠᠨ᠎ᠠ᠃ | ᠳᠥᠷᠪᠡ᠂ ᠪᠦᠲᠦᠭᠡᠨ ᠪᠠᠶᠢᠭᠤᠯᠤᠯᠲᠠ ᠶᠢᠨ ᠡᠭᠦᠷᠭᠡ | ︵ᠨᠢᠭᠡ︶ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ | ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠤᠨᠲᠠᠷᠠᠭᠠᠬᠤ ᠵᠡᠷᠭᠡ ᠤᠯᠤᠰ ᠤᠨ | ᠴᠢᠨᠠᠷᠲᠠᠢ ᠠᠪᠤᠷᠠᠨ ᠲᠤᠰᠠᠯᠠᠬᠤ ᠠᠩᠭᠢ ᠪᠠᠷ ᠲᠦᠰᠢᠭ ᠪᠣᠯᠭᠠᠵᠤ᠂ ︽ᠨᠢᠭᠡ ᠵᠦᠢᠯ ᠳᠤ ᠮᠡᠷᠭᠡᠰᠢᠵᠦ ᠣᠯᠠᠨ | ᠵᠦᠢᠯ ᠤᠨ ᠴᠢᠳᠠᠪᠤᠷᠢ ᠲᠠᠢ︾ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠡᠩᠨᠡᠭᠡ ᠶᠢ | ᠪᠠᠶᠢᠭᠤᠯᠬᠤ ᠬᠡᠷᠡᠭᠲᠡᠢ᠃ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ | ᠶᠢ ᠡᠭᠦᠷᠭᠡᠯᠡᠵᠦ᠂ ᠡᠭᠦᠨ ᠳᠤ ᠭᠠᠵᠠᠷ ᠬᠥᠳᠡᠯᠦᠯᠲᠡ᠂ ᠪᠠᠷᠢᠯᠭ᠎ᠠ ᠶᠢᠨ ᠠᠵᠢᠯ ᠤᠨ ᠡ᠊ᠨᠳᠡᠯ᠂ ᠵᠠᠮ ᠬᠠᠷᠢᠯᠴᠠᠭᠠᠨ ᠤ | ᠡ᠊ᠨᠳᠡᠯ ᠵᠡᠷᠭᠡ ᠠᠶᠤᠯ ᠠᠴᠠ ᠠᠪᠤᠷᠠᠨ ᠲᠤᠰᠠᠯᠠᠬᠤ ᠡᠭᠦᠷᠭᠡ ᠶᠢ ᠪᠠᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ | ᠲᠤᠰᠬᠠᠢ ᠮᠡᠷᠭᠡᠵᠢᠯ ᠤᠨ ᠡᠩᠨᠡᠭᠡ ᠶᠢ ᠬᠠᠮᠵᠢᠨ ᠦᠶᠡᠷ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠤᠨ | ᠭᠠᠮᠰᠢᠭ᠂ ᠤᠢ ᠰᠢᠭᠤᠢ ᠶᠢᠨ ᠭᠠᠯ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ᠂ | ᠠᠭᠤᠷᠬᠠᠢ ᠶᠢᠨ ᠡ᠊ᠨᠳᠡᠯ᠂ ᠠᠶᠤᠯᠲᠠᠢ ᠬᠢᠮᠢ ᠶᠢᠨ ᠪᠣᠳᠠᠰ ᠤᠨ ᠡ᠊ᠨᠳᠡᠯ᠂ ᠤᠰᠤᠨ ᠳᠡᠭᠡᠷᠡᠬᠢ ᠡ᠊ᠨᠳᠡᠯ ᠤᠨ ᠣᠷᠴᠢᠨ | ᠠᠬᠤᠢ ᠶᠢᠨ ᠪᠣᠬᠢᠷᠳᠤᠯ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠭᠡᠨᠡᠳᠲᠡ ᠶᠢᠨ ᠬᠡᠷᠡᠭ ᠤᠨ | ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ᠵᠠᠰᠠᠭ ᠵᠠᠬᠢᠷᠭᠠᠨ ᠤ ᠣᠷᠣᠨ ᠪᠦᠰᠡ ᠶᠢᠨ ᠣᠨᠴᠠᠯᠢᠭ | ᠪᠠ ᠬᠡᠷᠡᠭᠴᠡᠭᠡ ᠶᠢ ᠦᠨᠳᠦᠰᠦᠯᠡᠨ᠂ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠲᠥᠰᠥᠯ ᠢ ᠲᠣᠭᠲᠠᠭᠠᠵᠤ᠂ ᠡᠩᠨᠡᠭᠡ ᠶᠢᠨ ᠡᠭᠦᠷᠭᠡ ᠬᠠᠷᠢᠭᠤᠴᠠᠯᠭ᠎ᠠ ᠶᠢ | ᠨᠠᠷᠢᠯᠢᠭᠵᠢᠭᠤᠯᠤᠨ᠂ ᠴᠢᠬᠤᠯᠠ ᠪᠦᠬᠦᠢ ᠡᠳ᠋ ᠪᠣᠳᠠᠰ ᠤᠨ ᠲᠣᠨᠤᠭ ᠲᠥᠬᠦᠭᠡᠷᠦᠮᠵᠢ ᠶᠢ ᠲᠣᠬᠢᠷᠠᠭᠤᠯᠵᠤ᠂ ᠲᠤᠰᠬᠠᠢ | ᠡᠩᠨᠡᠭᠡ ᠯᠦᠭᠡ ᠬᠠᠷᠢᠯᠴᠠᠨ ᠬᠥᠳᠡᠯᠦᠯᠴᠡᠵᠦ ᠰᠣᠷᠢᠯᠲᠠ ᠬᠢᠬᠦ ᠶᠢ ᠴᠢᠩᠭᠠᠳᠬᠠᠨ᠂ ᠡᠩᠨᠡᠭᠡ ᠶᠢᠨ ᠪᠠᠴᠢᠮ ᠪᠠᠶᠢᠳᠠᠯ ᠢ | ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠶ ᠰᠢᠭᠤᠢ ᠶᠢᠨ | ᠭᠠᠯ ᠤᠨᠲᠠᠷᠠᠭᠠᠬᠤ ᠶᠡᠭᠡ ᠠᠩᠭᠢ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ | ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ | ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ | ᠳᠡᠭᠦᠯᠳᠡᠷᠵᠢᠬᠦᠯᠦᠨ᠎ᠡ | 1. ᠬᠤᠯᠪᠣᠭᠳᠠᠯ ᠪᠦᠬᠦᠢ ᠨᠢᠭᠡᠴᠡ᠂ ᠠᠵᠤ ᠠᠬᠤᠶᠢᠯᠠᠯ ᠳᠤ ᠲᠦᠰᠢᠭᠯᠡᠨ᠂ ᠪᠠᠶᠢᠭᠠᠯᠢ ᠶᠢᠨ ᠭᠠᠮᠰᠢᠭ ᠤᠨ | ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ 4 ᠪᠠᠶᠢᠭᠤᠯᠵᠤ᠂ | ᠭᠤᠣᠯᠳᠠᠭᠤ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠭᠡᠨᠡᠳᠲᠡ ᠶᠢᠨ ᠬᠡᠷᠡᠭ ᠵᠢᠴᠢ ᠭᠠᠮᠰᠢᠭ ᠤᠨ | ᠲᠥᠷᠥᠯ ᠠᠯᠤᠰᠯᠠᠭᠰᠠᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠭᠦᠷᠭᠡ ᠶᠢ ᠡᠭᠦᠷᠭᠡᠯᠡᠨ᠎ᠡ᠃ | ︵1︶ ᠠᠶᠢᠮᠠᠭ ᠤᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ ᠠᠪᠤᠷᠠᠬᠤ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠣᠶ | ᠰᠢᠭᠤᠢ ᠶᠢᠨ ᠭᠠᠯ ᠤᠨ ᠭᠠᠮᠰᠢᠭ ᠠᠴᠠ ᠠᠪᠤᠷᠠᠬᠤ ᠪᠠ ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠦᠨ᠎ᠡ᠃︵ | ᠠᠶᠢᠮᠠᠭ ᠤᠨ ᠣᠶ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠣᠶ ᠰᠢᠭᠤᠢ ᠶᠢᠨ | ᠭᠠᠯ ᠤᠨᠲᠠᠷᠠᠭᠠᠬᠤ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠠᠶᠢᠮᠠᠭ ᠤᠨ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠦᠶᠡᠷ ᠢ ᠰᠡᠷᠭᠡᠶᠢᠯᠡᠬᠦ᠂ | ᠬᠤᠲᠠ ᠶᠢᠨ ᠤᠰᠤᠲᠤᠯ᠂ ᠭᠠᠩ ᠬᠠᠭᠰᠠᠷᠠᠭᠠᠨ ᠤ ᠭᠠᠮᠰᠢᠭ ᠠᠴᠠ ᠠᠪᠤᠷᠠᠨ ᠲᠤᠰᠠᠯᠠᠬᠤ ᠠᠵᠢᠯ ᠢ ᠬᠠᠷᠢᠭᠤᠴᠠᠨ | ᠥᠷᠨᠢᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵3︶ ᠠᠶᠢᠮᠠᠭ ᠤᠨ ᠱᠠᠲᠤᠨ ᠤ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠭᠠᠵᠠᠷ | ᠬᠥᠳᠡᠯᠦᠯᠲᠡ ᠶᠢᠨ ᠭᠠᠮᠰᠢᠭ ᠤᠨ ᠪᠠᠴᠢᠮ ᠠᠪᠤᠷᠠᠨ ᠲᠤᠰᠠᠯᠠᠬᠤ ᠪᠠ ᠬᠦᠨᠳᠦ ᠶᠡᠭᠡ ᠭᠠᠵᠠᠷ ᠤᠨ ᠭᠠᠮᠰᠢᠭ ᠤᠨ ᠠᠶᠤᠯ | ᠠᠴᠠ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ | ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵4︶ ᠠᠶᠢᠮᠠᠭ ᠤᠨ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ 1 ᠡᠩᠨᠡᠭᠡ ᠶᠢ ᠪᠠᠶᠢᠭᠤᠯᠵᠤ᠂ | ᠭᠤᠣᠯᠳᠠᠭᠤ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠥᠯᠢᠶᠡᠨ ᠠᠪᠬᠤ ᠪᠠ ᠤᠯᠠᠮᠵᠢᠯᠠᠬᠤ᠂ | ᠭᠠᠮᠰᠢᠭᠲᠤ ᠴᠠᠭ ᠠᠭᠤᠷ ᠤᠨ ᠪᠣᠳᠠᠲᠤ ᠪᠠᠶᠢᠳᠠᠯ ᠪᠣᠯᠣᠨ ᠭᠠᠮᠰᠢᠭ ᠤᠨ ᠪᠠᠶᠢᠳᠠᠯ ᠢ ᠮᠡᠳᠡᠭᠦᠯᠬᠦ᠂ ᠴᠠᠭ ᠠᠭᠤᠷ ᠤᠨ | ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠵᠤ ᠦᠨᠡᠯᠡᠨ ᠵᠢᠱᠢᠬᠦ ᠳᠤ ᠣᠷᠤᠯᠴᠠᠬᠤ | ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ᠃︵ᠠᠶᠢᠮᠠᠭ ᠤᠨ ᠴᠠᠭ ᠠᠭᠤᠷ ᠤᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠪᠣᠳᠠᠲᠤ ᠬᠦᠴᠦᠨ ᠲᠠᠢ ᠪᠥᠭᠡᠳ ᠨᠥᠬᠦᠴᠡᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠣᠨ | ᠣᠷᠣᠨ ᠨᠤᠲᠤᠭ ᠤᠨ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ | ᠡᠩᠨᠡᠭᠡ ᠳᠤ ᠲᠦᠰᠢᠭᠯᠡᠨ᠂ ᠠᠶᠣᠯᠬᠦᠢ ᠦᠢᠯᠡᠳᠪᠦᠷᠢᠯᠡᠯ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ | ᠡᠩᠨᠡᠭᠡ ᠶᠢ 17 ᠪᠠᠶᠢᠭᠤᠯᠵᠤ᠂ ᠠᠭᠤᠷᠬᠠᠢ ᠶᠢᠨ ᠨᠡᠯᠢᠶᠡᠳ ᠲᠥᠪᠯᠡᠷᠡᠭᠰᠡᠨ ᠭᠠᠵᠠᠷ ᠣᠷᠣᠨ ᠤ ᠠᠪᠤᠷᠠᠨ ᠲᠤᠰᠠᠯᠠᠬᠤ | ᠡᠩᠨᠡᠭᠡ ᠶᠢ ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃ | ︵1︶ ᠥᠪᠡᠷᠲᠡᠭᠡᠨ ᠵᠠᠰᠠᠬᠤ ᠣᠷᠣᠨ ᠤ ᠲᠠᠰ ᠤᠨ 1 ᠰᠠᠯᠠᠭ᠎ᠠ᠂ ᠠᠶᠢᠮᠠᠭ ᠤᠨ ᠲᠠᠰ ᠤᠨ ᠠᠶᠤᠯᠲᠠᠢ | ᠬᠢᠮᠢ ᠶᠢᠨ ᠪᠣᠳᠠᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 3 ᠰᠠᠯᠠᠭ᠎ᠠ | ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠠᠶᠤᠯᠲᠠᠢ ᠬᠢᠮᠢ ᠶᠢᠨ ᠪᠣᠳᠠᠰ ᠤᠨ ᠠᠳᠡᠯ ᠤᠨ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃ᠡᠭᠦᠨ ᠳᠤ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 | ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠶᠠᠪᠠᠷᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ | ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠳᠤ ᠲᠣᠰ ᠲᠣᠰ ᠠᠶᠢᠮᠠᠭ ᠤᠨ ᠲᠠᠰ ᠤᠨ ᠠᠪᠤᠷᠠᠨ | ᠲᠤᠰᠠᠯᠠᠬᠤ ᠡᠩᠨᠡᠭᠡ ᠶᠢ 1 ᠪᠠᠶᠢᠭᠤᠯᠵᠤ᠂ ᠠᠯᠠᠱᠠ ᠵᠡᠭᠦᠨ ᠬᠤᠰᠢᠭᠤᠨ ᠳᠤ ᠠᠶᠢᠮᠠᠭ ᠤᠨ ᠲᠠᠰ ᠤᠨ ᠠᠪᠤᠷᠠᠨ | ᠲᠤᠰᠠᠯᠠᠬᠤ ᠡᠩᠨᠡᠭᠡ ᠶᠢ 1 ᠪᠠᠶᠢᠭᠤᠯᠤᠨ᠎ᠠ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ | ᠠᠯᠠᠱᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠳᠣᠰᠣ ᠬᠢᠮᠢ ᠶᠢᠨ ᠠᠵᠤ ᠦᠢᠯᠡᠳᠪᠦᠷᠢ ᠶᠢᠨ | ᠠᠯᠠᠱᠠ ᠶᠢᠨ ᠬᠤᠪᠢᠶᠠᠷᠢ ᠺᠣᠮᠫᠠᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵2︶ ᠥᠪᠡᠷᠲᠡᠭᠡᠨ ᠵᠠᠰᠠᠬᠤ ᠣᠷᠣᠨ ᠤ ᠲᠠᠰ ᠤᠨ 1 ᠰᠠᠯᠠᠭ᠎ᠠ᠂ 4 ᠰᠠᠯᠠᠭ᠎ᠠ ᠠᠶᠢᠮᠠᠭ ᠤᠨ ᠲᠠᠰ ᠤᠨ | ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠭᠤᠣᠯᠳᠠᠭᠤ | ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃ᠡᠭᠦᠨ ᠳᠤ᠂ ᠠᠯᠠᠱᠠ ᠵᠡᠭᠦᠨ ᠬᠤᠰᠢᠭᠤᠨ ᠤ ᠬᠢᠨ | ᠵᠣᠯᠵᠠᠭ᠎ᠠ ᠠᠯᠲᠠᠨ ᠤ ᠠᠭᠤᠷᠬᠠᠢ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠪᠤᠷᠠᠨ ᠲᠤᠰᠠᠯᠠᠬᠤ | ᠡᠩᠨᠡᠭᠡ ᠶᠢ 1 ᠪᠠᠶᠢᠭᠤᠯᠵᠤ᠂ ᠣᠯᠠᠨᠪᠣᠯᠠᠭ ᠪᠠᠯᠭᠠᠰᠤᠨ ᠤ ᠠᠵᠤ ᠠᠬᠤᠶᠢᠯᠠᠯ ᠳᠤ ᠲᠦᠰᠢᠭᠯᠡᠨ ᠠᠶᠢᠮᠠᠭ ᠤᠨ ᠲᠠᠰ ᠤᠨ | ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ ᠶᠢᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠠᠯᠠᠱᠠ | ᠪᠠᠷᠠᠭᠤᠨ ᠬᠤᠰᠢᠭᠤᠨ ᠳᠤ ᠠᠶᠢᠮᠠᠭ ᠤᠨ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠡᠵᠡᠨ᠎ᠡ | ᠬᠤᠰᠢᠭᠤᠨ ᠤ ᠬᠠᠷ᠎ᠠ ᠪᠦᠷᠭᠦᠳ ᠤᠨ ᠠᠭᠤᠯᠠ᠂ ᠰᠠᠶᠢᠬᠠᠨᠳᠣᠣᠷᠠᠢ ᠳᠤ ᠲᠣᠰᠪᠣᠷᠢ ᠠᠶᠢᠮᠠᠭ ᠤᠨ ᠲᠠᠰ ᠤᠨ ᠠᠪᠤᠷᠠᠨ | ᠲᠤᠰᠠᠯᠠᠬᠤ ᠡᠩᠨᠡᠭᠡ ᠶᠢ 1 ᠪᠠᠶᠢᠭᠤᠯᠤᠨ᠎ᠠ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵3︶ ᠠᠶᠢᠮᠠᠭ ᠤᠨ ᠱᠠᠲᠤᠨ ᠤ ᠴᠠᠬᠢᠯᠭᠠᠨ ᠬᠠᠩᠭᠠᠬᠤ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ 1 | ᠰᠠᠯᠠᠭ᠎ᠠ ᠡᠩᠨᠡᠭᠡ ᠶᠢ ᠪᠠᠶᠢᠭᠤᠯᠵᠤ᠂ ᠭᠤᠣᠯᠳᠠᠭᠤ ᠡᠪᠳᠡᠭᠳᠡᠭᠰᠡᠨ ᠴᠠᠬᠢᠯᠭᠠᠨ ᠬᠠᠩᠭᠠᠬᠤ ᠱᠤᠭᠤᠮ ᠵᠢᠴᠢ | ᠪᠡᠯᠡᠳᠬᠡᠮᠵᠢ ᠶᠢ ᠵᠠᠪᠳᠤᠨ ᠵᠠᠰᠠᠬᠤ ᠪᠠ ᠰᠡᠷᠭᠦᠭᠡᠬᠦ ᠠᠵᠢᠯ ᠢ ᠬᠠᠷᠢᠭᠤᠴᠠᠨ ᠥᠷᠨᠢᠭᠦᠯᠵᠦ᠂ ᠲᠤᠬᠠᠢ ᠶᠢᠨ ᠲᠠᠯᠠᠪᠤᠷ ᠤᠨ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠪᠠᠲᠤᠯᠠᠨ᠎ᠠ᠃︵ | ᠠᠶᠢᠮᠠᠭ ᠤᠨ ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ︶ | ︵4︶ ᠠᠶᠢᠮᠠᠭ ᠤᠨ ᠱᠠᠲᠤᠨ ᠤ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ | ᠵᠠᠰᠠᠬᠤ 1 ᠡᠩᠨᠡᠭᠡ ᠶᠢ ᠪᠠᠶᠢᠭᠤᠯᠵᠤ᠂ ᠭᠤᠣᠯᠳᠠᠭᠤ ᠰᠢᠲᠠᠮᠠᠬᠠᠢ ᠬᠡᠢ ᠯᠡᠪᠡᠷᠡᠭᠰᠡᠨ᠂ ᠳᠡᠯᠪᠡᠷᠡᠯᠲᠡ ᠠᠴᠠ ᠪᠣᠯᠵᠤ | ᠡᠪᠳᠡᠭᠳᠡᠭᠰᠡᠨ ᠪᠡᠯᠡᠳᠬᠡᠮᠵᠢ ᠶᠢ ᠵᠠᠪᠳᠤᠨ ᠵᠠᠰᠠᠬᠤ᠂ ᠰᠡᠷᠭᠦᠭᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠠᠵᠢᠯ ᠢ ᠬᠠᠷᠢᠭᠤᠴᠠᠨ᠎ᠠ᠃︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶ | ︵5︶ ᠠᠶᠢᠮᠠᠭ ᠤᠨ ᠲᠠᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠡᠩᠨᠡᠭᠡ ᠶᠢ 1 ᠪᠠᠶᠢᠭᠤᠯᠵᠤ᠂ ᠭᠤᠣᠯᠳᠠᠭᠤ ᠵᠣᠤᠬ᠎ᠠ᠂ ᠳᠠᠷᠤᠯᠲᠠᠲᠤ ᠰᠠᠪᠠ᠂ ᠳᠠᠷᠤᠯᠲᠠᠲᠤ | ᠬᠤᠭᠤᠯᠠᠢ᠂ ᠴᠠᠬᠢᠯᠭᠠᠨ ᠱᠠᠲᠤ᠂ ᠡᠷᠭᠦᠭᠦᠯ ᠮᠠᠰᠢᠨ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ᠂ ᠲᠣᠮᠣ | ᠬᠡᠯᠪᠡᠷᠢ ᠶᠢᠨ ᠵᠤᠭ᠎ᠠ ᠴᠡᠩᠭᠡᠯ ᠤᠨ ᠪᠡᠯᠡᠳᠬᠡᠮᠵᠢ ᠪᠠ ᠲᠠᠯᠠᠪᠤᠷ ︵ᠦᠢᠯᠡᠳᠪᠦᠷᠢ︶ ᠤᠨ ᠳᠣᠲᠣᠷᠠᠬᠢ ᠲᠤᠰᠬᠠᠢ | ᠬᠡᠷᠡᠭᠯᠡᠭᠡᠨ ᠤ ᠮᠠᠰᠢᠨ ᠲᠡᠷᠭᠡ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠰᠢᠢᠳᠪᠦᠷᠢᠯᠡᠬᠦ | ᠮᠡᠷᠭᠡᠵᠢᠯ ᠤᠨ ᠳᠡᠮᠵᠢᠯᠭᠡ᠂ ᠪᠠᠶᠢᠴᠠᠭᠠᠨ ᠵᠠᠳᠠᠯᠤᠯᠲᠠ ᠵᠡᠷᠭᠡ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵6︶ ᠠᠶᠢᠮᠠᠭ ᠤᠨ ᠱᠠᠲᠤᠨ ᠤ ᠤᠰᠤ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠡᠩᠨᠡᠭᠡ ᠶᠢ 1 ᠪᠠᠶᠢᠭᠤᠯᠵᠤ᠂ ᠭᠤᠣᠯᠳᠠᠭᠤ ᠤᠰᠤ ᠳᠠᠮᠵᠢᠭᠤᠯᠬᠤ ᠢᠨᠵᠧᠨᠧᠷᠢᠩ ᠤᠨ ᠠᠳᠡᠯ᠂ ᠬᠤᠲᠠ ᠶᠢᠨ ᠤᠰᠤ | ᠬᠠᠩᠭᠠᠬᠤ ᠠᠳᠡᠯ᠂ ᠬᠤᠶᠠᠳᠠᠭᠢ ᠤᠳᠠᠭᠠᠨ ᠤ ᠤᠰᠤ ᠬᠠᠩᠭᠠᠬᠤ ᠠᠳᠡᠯ ᠵᠡᠷᠭᠡ ᠤᠰᠤ ᠬᠠᠩᠭᠠᠬᠤ ᠭᠡᠨᠡᠳᠲᠡ ᠶᠢᠨ | ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠵᠦ᠂ ᠤᠰᠤ ᠬᠠᠩᠭᠠᠬᠤ | ᠤᠰᠤᠨ ᠤ ᠡᠬᠢ ᠰᠤᠷᠪᠤᠯᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ | ᠥᠷᠨᠢᠭᠦᠯᠦᠨ᠎ᠡ᠃︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ | ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ᠎ᠠ︶ | ︵7︶ ᠠᠶᠢᠮᠠᠭ ᠤᠨ ᠱᠠᠲᠤᠨ ᠤ ᠵᠠᠰᠠᠮᠠᠯ ᠵᠠᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ 1 ᠡᠩᠨᠡᠭᠡ ᠶᠢ ᠪᠠᠶᠢᠭᠤᠯᠵᠤ᠂ ᠵᠠᠰᠠᠮᠠᠯ ᠵᠠᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ | ᠠᠷᠭᠠᠴᠠᠨ ᠠᠪᠤᠷᠠᠨ ᠲᠤᠰᠠᠯᠠᠬᠤ ᠪᠠ ᠭᠠᠮᠰᠢᠭᠳᠠᠭᠰᠠᠨ ᠣᠷᠣᠨ ᠤ ᠵᠠᠰᠠᠮᠠᠯ ᠵᠠᠮ ᠢ ᠵᠠᠪᠳᠤᠨ ᠨᠡᠪᠲᠡᠷᠡᠭᠦᠯᠬᠦ ᠠᠵᠢᠯ ᠢ | ᠭᠤᠣᠯᠴᠢᠯᠠᠨ ᠬᠠᠷᠢᠭᠤᠴᠠᠨ᠎ᠠ᠃︵ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵8︶ ᠠᠶᠢᠮᠠᠭ ᠤᠨ ᠱᠠᠲᠤᠨ ᠤ ᠠᠮᠤᠷ ᠢ ᠬᠠᠮᠠᠭᠠᠯᠠᠬᠤ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ | ᠬᠠᠮᠠᠭᠠᠯᠠᠬᠤ ᠡᠩᠨᠡᠭᠡ ᠶᠢ 1 ᠰᠠᠯᠠᠭ᠎ᠠ ᠪᠠᠶᠢᠭᠤᠯᠵᠤ᠂ ᠭᠤᠣᠯᠳᠠᠭᠤ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠶ | ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ᠂ ᠠᠮᠤᠷ ᠲᠦᠪᠰᠢᠨ ᠢ | ᠬᠠᠮᠠᠭᠠᠯᠠᠬᠤ ᠪᠠ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ᠂ ᠵᠠᠯᠠᠵᠤ ᠵᠢᠯᠤᠭᠤᠳᠬᠤ ᠠᠵᠢᠯ ᠢ ᠬᠠᠷᠢᠭᠤᠴᠠᠨ | ᠥᠷᠨᠢᠭᠦᠯᠵᠦ᠂ ᠬᠡᠷᠡᠭ ᠭᠠᠷᠤᠭᠰᠠᠨ ᠭᠠᠵᠠᠷ ᠣᠷᠣᠨ ᠤ ᠨᠡᠶᠢᠭᠡᠮ ᠤᠨ ᠡᠮᠬᠢ ᠳᠢᠭᠯᠢᠮ ᠤᠨ ᠠᠮᠤᠷ ᠲᠦᠪᠰᠢᠨ | ᠲᠣᠭᠲᠠᠭᠤᠨ ᠢ ᠬᠠᠮᠠᠭᠠᠯᠠᠨ᠎ᠠ᠃︵ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠵᠦ᠂ | ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵9︶ ᠠᠶᠢᠮᠠᠭ ᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠡᠩᠨᠡᠭᠡ ᠶᠢ 1 ᠰᠠᠯᠠᠭ᠎ᠠ ᠪᠠᠶᠢᠭᠤᠯᠵᠤ᠂ ᠬᠠᠯᠳᠠᠪᠤᠷᠢᠲᠤ ᠡᠪᠡᠳᠴᠢᠨ᠂ ᠭᠡᠨᠡᠳᠲᠡ ᠶᠢᠨ ᠬᠤᠣᠷᠳᠠᠯᠭ᠎ᠠ᠂ | ᠰᠢᠯᠲᠠᠭᠠᠨ ᠨᠢ ᠲᠣᠳᠣᠷᠬᠠᠢ ᠦᠭᠡᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠵᠢᠴᠢ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠠᠨᠠᠭᠠᠬᠤ | ᠤᠬᠠᠭᠠᠨ ᠤ ᠪᠠᠴᠢᠮ ᠠᠪᠤᠷᠠᠨ ᠲᠤᠰᠠᠯᠠᠯᠲᠠ ᠪᠠ ᠰᠡᠳᠬᠢᠴᠡ ᠶᠢᠨ ᠲᠤᠰᠠᠯᠠᠮᠵᠢ ᠶᠢᠨ ᠠᠵᠢᠯ ᠢ ᠭᠤᠣᠯᠴᠢᠯᠠᠨ | ᠬᠠᠷᠢᠭᠤᠴᠠᠨ᠎ᠠ᠃︵ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠠᠶᠢᠮᠠᠭ ᠤᠨ | ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵10︶ ᠠᠶᠢᠮᠠᠭ ᠤᠨ ᠱᠠᠲᠤᠨ ᠤ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ | ᠡᠩᠨᠡᠭᠡ ᠶᠢ 1 ᠪᠠᠶᠢᠭᠤᠯᠵᠤ᠂ ᠭᠤᠣᠯᠳᠠᠭᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠪᠠᠲᠤᠯᠠᠭ᠎ᠠ ᠪᠠ ᠴᠢᠮᠡᠭᠡ | ᠬᠤᠯᠪᠣᠭᠠᠨ ᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠠᠵᠢᠯ ᠢ ᠬᠠᠷᠢᠭᠤᠴᠠᠨ | ᠥᠷᠨᠢᠭᠦᠯᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠬᠡᠷᠡᠭᠴᠡᠭᠡ ᠶᠢ | ᠪᠠᠲᠤᠯᠠᠨ᠎ᠠ︵ᠠᠶᠢᠮᠠᠭ ᠤᠨ ᠴᠢᠮᠡᠭᠡ ᠬᠤᠯᠪᠣᠭᠠᠨ ᠤ ᠪᠠᠶᠢᠭᠤᠯᠣᠯᠳᠠ ᠬᠠᠮᠢᠶᠠᠷᠤᠯᠲᠠ ᠶᠢᠨ ᠠᠯᠪᠠᠨ ᠭᠡᠷ ᠠᠴᠠ | ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠨ᠎ᠠ | ᠰᠤᠮᠤ ᠪᠠᠯᠭᠠᠰᠤᠨ ᠤ ᠭᠠᠯ ᠤᠨᠲᠠᠷᠠᠭᠠᠬᠤ᠂ ᠡᠷᠦᠬᠡ ᠶᠢᠨ ᠴᠡᠷᠢᠭ᠂ ᠠᠶᠣᠯᠬᠦᠢ ᠦᠢᠯᠡᠳᠪᠦᠷᠢᠯᠡᠯ᠂ ᠭᠠᠮᠰᠢᠭ ᠢ | ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠶ ᠰᠢᠭᠤᠢ ᠶᠢᠨ ᠭᠠᠯ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ | ᠬᠦᠴᠦᠨ ᠢ ᠡᠮᠬᠢᠯᠡᠨ ᠨᠡᠶᠢᠯᠡᠭᠦᠯᠵᠦ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ᠂ ᠭᠠᠯ ᠤᠨ | ᠠᠶᠤᠯ᠂ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠤᠨ ᠭᠠᠮᠰᠢᠭ᠂ ᠭᠠᠵᠠᠷ | ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠵᠡᠷᠭᠡ ᠲᠠᠯ᠎ᠠ ᠪᠠᠷ ᠣᠶᠢᠷ᠎ᠠ ᠬᠠᠪᠢ ᠶᠢᠨ | ᠳᠠᠪᠠᠭᠤᠯᠢᠭ ᠢᠶᠠᠨ ᠪᠠᠳᠠᠷᠠᠭᠤᠯᠵᠤ᠂ ᠠᠳᠡᠯ ᠤᠨ ᠭᠠᠮᠰᠢᠭ ᠠᠴᠠ ᠠᠪᠤᠷᠠᠨ ᠲᠤᠰᠠᠯᠠᠬᠤ ᠶᠢ ᠤᠷᠢᠳᠴᠢᠯᠠᠨ | ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ ᠬᠠᠮᠲᠤ ᠠᠳᠡᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠠᠵᠢᠯ ᠢ | ᠰᠠᠶᠢᠲᠤᠷ ᠬᠢᠬᠦ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠬᠤᠯᠠ ᠪᠦᠬᠦᠢ ᠲᠣᠨᠤᠭ | ᠲᠥᠬᠦᠭᠡᠷᠦᠮᠵᠢ ᠶᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠠᠵᠢᠯ ᠤᠨ ᠭᠠᠷ | ᠳᠡᠪᠲᠡᠷ ᠢ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠢ ᠪᠣᠯᠪᠠᠰᠤᠷᠠᠭᠤᠯᠤᠨ ᠰᠣᠷᠢᠯᠲᠠ ᠬᠢᠵᠦ᠂ ᠭᠠᠮᠰᠢᠭ ᠠᠴᠠ | ᠡᠮᠦᠨᠡᠬᠢ ᠤᠷᠢᠳᠴᠢᠯᠠᠨ ᠰᠡᠷᠭᠡᠶᠢᠯᠡᠬᠦ ᠪᠠ ᠭᠠᠮᠰᠢᠭ ᠤᠨ ᠳᠠᠷᠠᠭᠠᠬᠢ ᠣᠷᠢᠳᠡᠪᠡᠷ ᠰᠢᠢᠳᠪᠦᠷᠢᠯᠡᠬᠦ ᠦᠢᠯᠡᠳᠦᠯ ᠢ ᠨᠢ | ᠪᠠᠳᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠴᠦᠰ ᠤᠨ ︽ᠨᠢᠭᠡ ᠺᠢᠯᠣᠮᠧᠲᠷ︾ ᠢ | ᠨᠡᠪᠲᠡᠷᠡᠭᠦᠯᠬᠦ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠤᠭᠰᠠᠨ ᠦᠭᠡᠢ | ᠰᠤᠮᠤ ᠪᠠᠯᠭᠠᠰᠤ ᠨᠢ᠂ ᠣᠶᠢᠷ᠎ᠠ ᠬᠠᠪᠢ ᠳᠠᠭᠠᠨ ᠠᠪᠤᠷᠠᠨ ᠲᠤᠰᠠᠯᠠᠬᠤ ᠵᠥᠪᠯᠡᠯᠴᠡᠭᠡᠷ ᠲᠣᠭᠲᠠᠵᠤ᠂ ᠲᠦᠭᠰᠢᠭᠦᠷᠢᠲᠦ | ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃ | ︵ᠳᠥᠷᠪᠡ︶ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ | ᠪᠠᠶᠢᠭᠤᠯᠤᠯᠲᠠ ᠶᠢ ᠴᠢᠩᠭᠠᠷᠠᠭᠤᠯᠣᠨ᠎ᠠ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠠᠶᠤᠯᠲᠠᠢ ᠬᠢᠮᠢ ᠶᠢᠨ ᠪᠣᠳᠠᠰ᠂ ᠠᠭᠤᠷᠬᠠᠢ ᠵᠡᠷᠭᠡ | ᠠᠶᠤᠯ ᠶᠡᠬᠡᠲᠡᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠣᠰᠣᠭᠠᠷ ᠠᠪᠤᠷᠠᠨ ᠲᠤᠰᠠᠯᠠᠬᠤ ᠡᠩᠨᠡᠭᠡ | ᠪᠠᠶᠢᠭᠤᠯᠬᠤ ᠶᠢ ᠠᠬᠢᠭᠤᠯᠵᠤ᠂ ᠨᠡᠶᠢᠭᠡᠮ ᠤᠨ ᠲᠤᠰᠬᠠᠢ ᠠᠪᠤᠷᠠᠨ ᠲᠤᠰᠠᠯᠠᠬᠤ ᠬᠦᠴᠦᠨ ᠢ ᠲᠠᠰᠤᠷᠠᠯᠲᠠ ᠦᠭᠡᠢ | ᠴᠢᠩᠭᠠᠷᠠᠭᠤᠯᠵᠤ᠂ ᠲᠣᠰ ᠭᠠᠵᠠᠷ ᠣᠷᠣᠨ ᠤ ᠭᠠᠢ ᠭᠠᠮᠰᠢᠭ ᠤᠨ ᠠᠳᠡᠯ ᠤᠨ ᠲᠦᠭᠰᠢᠭᠦᠷᠢ ᠶᠢᠨ ᠣᠨᠴᠠᠯᠢᠭ ᠪᠣᠯᠣᠨ | ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ᠂ ᠵᠦᠢ ᠵᠣᠬᠢᠰᠲᠠᠢ ᠪᠠᠶᠢᠷᠢᠰᠢᠭᠤᠯᠵᠤ᠂ ᠲᠡᠭᠦᠨ ᠢ ᠪᠠᠴᠢᠮ ᠪᠠᠶᠢᠳᠠᠯ ᠢ ᠠᠷᠭᠠᠴᠠᠬᠤ | ᠲᠤᠰᠬᠠᠢ ᠠᠪᠤᠷᠠᠨ ᠲᠤᠰᠠᠯᠠᠬᠤ ᠡᠩᠨᠡᠭᠡ ᠶᠢᠨ ᠴᠢᠬᠤᠯᠠ ᠨᠥᠬᠦᠪᠦᠷᠢ ᠪᠣᠯᠭᠠᠵᠤ᠂ ᠲᠤᠰᠬᠠᠢ ᠠᠪᠤᠷᠠᠨ ᠲᠤᠰᠠᠯᠠᠬᠤ | ᠡᠩᠨᠡᠭᠡ ᠪᠣᠯᠣᠨ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠰᠠᠶᠢᠨ ᠨᠥᠬᠦᠴᠡᠯᠳᠦᠨ᠂ ᠬᠠᠮᠲᠤᠪᠠᠷ | ᠬᠥᠭᠵᠢᠭᠰᠡᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃ | ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠵᠣᠬᠢᠶᠠᠨ ᠪᠠᠶᠢᠭᠤᠯᠵᠤ ᠪᠠᠶᠢᠷᠢᠯᠠᠭᠤᠯᠤᠨ᠎ᠠ ︵2022 ᠣᠨ ᠤ 6 ᠰᠠᠷ᠎ᠠ ︱ 12 ᠰᠠᠷ᠎ᠠ︶᠃ᠡᠯ᠎ᠡ | ᠬᠤᠰᠢᠭᠤ ᠣᠷᠣᠨ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠲᠠᠢ ᠵᠣᠬᠢᠴᠠᠭᠤᠯᠤᠨ ᠲᠤᠰᠬᠠᠢ ᠠᠪᠤᠷᠠᠨ ᠲᠤᠰᠠᠯᠠᠬᠤ | ᠡᠩᠨᠡᠭᠡ ᠶᠢᠨ ᠨᠡᠷᠡᠰ ᠢ ᠲᠣᠭᠲᠠᠭᠠᠵᠤ᠂ ᠡᠯ᠎ᠡ ᠲᠤᠰᠬᠠᠢ ᠡᠩᠨᠡᠭᠡ ᠶᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ | ᠪᠠᠷᠢᠮᠵᠢᠶ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠠᠭᠠᠵᠢ | ᠬᠡᠷᠡᠭᠰᠡᠯ ᠪᠠ ᠡᠳ᠋ ᠪᠣᠳᠠᠰ ᠢ ᠲᠣᠬᠢᠷᠠᠭᠤᠯᠤᠨ᠎ᠠ᠃ | ︵ᠬᠤᠶᠠᠷ︶ ᠲᠤᠰᠬᠠᠢ ᠵᠦᠢᠯ ᠢᠶᠠᠷ ᠬᠡᠷᠡᠭᠵᠢᠭᠦᠯᠦᠨ᠎ᠡ ︵2023 ᠣᠨ ᠤ 1 ᠰᠠᠷ᠎ᠠ ︱ 12 ᠰᠠᠷ᠎ᠠ︶᠃ᠡᠯ᠎ᠡ | ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ ᠠᠵᠢᠯ ᠲᠥᠷᠥᠯ ᠤᠨ | ᠪᠠᠷᠢᠮᠵᠢᠶ᠎ᠠ ᠪᠠᠷ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠲᠣᠨᠤᠭ | ᠲᠥᠬᠦᠭᠡᠷᠦᠮᠵᠢ ᠡᠳ᠋ ᠪᠣᠳᠠᠰ ᠢ ᠪᠦᠷᠢᠨ ᠲᠣᠬᠢᠷᠠᠭᠤᠯᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ | ᠠᠪᠤᠷᠠᠨ ᠲᠤᠰᠠᠯᠠᠬᠤ ᠰᠢᠰᠲ᠋ᠧᠮᠵᠢ ᠳᠤ ᠣᠷᠣᠭᠤᠯᠤᠨ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠬᠡᠷᠡᠭᠴᠡᠭᠡ ᠳᠤ ᠲᠤᠯᠭᠠᠭᠤᠷᠢᠯᠠᠨ ᠦᠢᠯᠡᠴᠢᠯᠡᠵᠦ᠂ ᠨᠡᠯᠢᠶᠡᠳ ᠶᠡᠭᠡ ᠠᠳᠡᠯ ᠤᠨ ᠭᠠᠮᠰᠢᠭ ᠤᠨ ᠪᠣᠭᠤᠮᠲᠠ | ᠰᠢᠪᠲᠤᠯᠬᠤ ᠡᠭᠦᠷᠭᠡ ᠶᠢ ᠡᠭᠦᠷᠭᠡᠯᠡᠨ᠎ᠡ᠃ | ︵ᠭᠤᠷᠪᠠ︶ ᠳ᠋ᠦᠩᠨᠡᠵᠦ ᠰᠢᠯᠭᠠᠨ ᠠᠪᠬᠤ ︵2024 ᠣᠨ ᠤ 1 ᠰᠠᠷ᠎ᠠ ︱ 12 ᠰᠠᠷ᠎ᠠ︶᠃ᠥᠪᠡᠷᠲᠡᠭᠡᠨ | ᠵᠠᠰᠠᠬᠤ ᠣᠷᠣᠨ ᠤ ᠲᠠᠰ ᠤᠨ 2 ᠰᠠᠯᠠᠭ᠎ᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠲᠠ ᠶᠢᠨ ᠪᠠᠷᠢᠮᠵᠢᠶ᠎ᠠ ᠳᠤ | ᠬᠦᠷᠦᠭᠦᠯᠦᠨ᠎ᠡ᠃ ᠠᠶᠢᠮᠠᠭ ᠤᠨ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠡᠩᠨᠡᠭᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠪᠠ ᠬᠠᠮᠲᠤᠷᠠᠭᠰᠠᠨ | ᠰᠣᠷᠢᠯᠲᠠ ᠶᠢ ᠶᠡᠬᠡᠪᠡᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠤᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ᠡᠯ᠎ᠡ ᠬᠤᠰᠢᠭᠤ ᠣᠷᠣᠨ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ | ᠪᠠᠶᠢᠭᠤᠯᠤᠯᠲᠠ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠲᠤᠰᠬᠠᠢ ᠬᠥᠮᠥᠨ ᠢᠶᠠᠷ | ᠬᠠᠷᠢᠭᠤᠴᠠᠭᠤᠯᠵᠤ᠂ ᠡᠯ᠎ᠡ ᠵᠦᠢᠯ ᠤᠨ ᠪᠠᠶᠢᠭᠤᠯᠤᠯᠲᠠ ᠶᠢᠨ ᠡᠭᠦᠷᠭᠡ ᠶᠢ ᠱᠠᠯᠠᠪᠳᠠᠨ ᠠᠬᠢᠭᠤᠯᠵᠤ᠂ ᠭᠡᠨᠡᠳᠲᠡ | ᠶᠢᠨ ᠬᠡᠷᠡᠭ ᠡᠭᠦᠰᠪᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠦᠳᠲᠡᠷ ᠲᠦᠷᠭᠡᠨ | ᠬᠥᠳᠡᠯᠦᠯᠴᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠷᠠᠳ ᠣᠯᠠᠨ ᠤ ᠠᠮᠢ | ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ | ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠠᠶᠢᠮᠠᠭ ᠤᠨ ᠠᠶᠤᠯᠭᠦᠢ | ᠦᠢᠯᠡᠳᠪᠦᠷᠢᠯᠡᠯ ᠤᠨ ᠵᠥᠪᠯᠡᠯ᠂ ᠭᠠᠮᠰᠢᠭ ᠢ ᠪᠠᠭᠠᠰᠬᠠᠬᠤ ᠵᠥᠪᠯᠡᠯ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ | ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠨᠢᠭᠡ ᠵᠦᠢᠯ ᠤᠨ ᠴᠢᠬᠤᠯᠠ ᠡᠭᠦᠷᠭᠡ | ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠲᠡᠭᠦᠨ ᠢ ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠰᠢᠯᠭᠠᠨ ᠬᠢᠨᠠᠬᠤ ᠳᠤ ᠣᠷᠣᠭᠤᠯᠤᠨ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ | ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠨᠧᠷᠭᠢ᠂ ᠴᠠᠭ ᠠᠭᠤᠷ ᠵᠡᠷᠭᠡ ᠰᠠᠯᠠᠭ᠎ᠠ ᠮᠥᠴᠢᠷ ᠤᠳ ᠡᠭᠦᠷᠭᠡ ᠶᠢᠨ | ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ | ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ᠠᠵᠢᠯ ᠶᠠᠪᠤᠳᠠᠯ ᠤᠨ ᠡᠷᠬᠡ ᠬᠢᠭᠡᠳ | ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠡᠯ᠎ᠡ ᠬᠤᠰᠢᠭᠤ ᠣᠷᠣᠨ᠂ | ᠡᠯ᠎ᠡ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠡᠮᠬᠢᠯᠡᠨ ᠨᠡᠶᠢᠯᠡᠭᠦᠯᠵᠦ᠂ ᠪᠡᠯᠡ | ᠮᠥᠩᠭᠦ ᠶᠢᠨ ᠣᠷᠣᠭᠤᠯᠤᠯᠲᠠ ᠶᠢᠨ ᠠᠷᠭ᠎ᠠ ᠵᠠᠮ ᠢᠶᠠᠨ ᠥᠷᠭᠡᠳᠬᠡᠨ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠢ | ᠣᠯᠬᠤ᠂ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ᠂ ᠵᠠᠷᠤᠯᠭ᠎ᠠ ᠶᠢᠨ | ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠦᠯᠡᠳᠡᠭᠡᠯ ᠪᠡᠯᠡ ᠮᠥᠩᠭᠦ ᠶᠢ ᠢᠯᠭᠠᠷᠠᠭᠤᠯᠤᠨ ᠠᠮᠢᠳᠤᠯᠢᠭ | ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ | ᠴᠢᠳᠠᠪᠤᠷᠢ ᠶᠢᠨ ᠪᠠᠶᠢᠭᠤᠯᠤᠯᠲᠠ ᠶᠢᠨ ᠪᠡᠯᠡ ᠮᠥᠩᠭᠦ ᠶᠢ ᠨᠡᠮᠡᠭᠳᠡᠭᠦᠯᠬᠦ ᠬᠡᠷᠡᠭᠲᠡᠢ᠃ | |