ᠠᠯᠠᠱᠠ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠬᠦ ᠲᠥᠰᠥᠯ ︵2022 ︱ 2024 ᠣᠨ︶
ᠨᠡᠶᠢᠲᠡᠯᠡᠭᠰᠡᠨ ᠴᠠᠭ᠄
2023/2/14
    ᠠᠯᠠᠱᠠ ᠠᠶᠢᠮᠠᠭ ᠪᠣᠯ ᠡᠮᠦᠨᠡᠲᠦ ᠤᠮᠠᠷᠠᠲᠤ ᠶᠢᠨ ᠭᠠᠵᠠᠷ ᠬᠥᠳᠡᠯᠦᠯᠲᠡ ᠶᠢᠨ ᠪᠦᠰᠡ ᠳᠤ ᠣᠷᠣᠰᠢᠵᠤ᠂ ᠭᠠᠵᠠᠷ ᠬᠥᠳᠡᠯᠦᠯᠲᠡ ᠣᠯᠠᠨ ᠡᠭᠦᠰᠳᠡᠭ ᠣᠷᠣᠨ ᠪᠠᠶᠢᠵᠤ᠂ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ᠂ ᠪᠠᠶᠢᠭᠠᠯᠢ ᠶᠢᠨ ᠭᠠᠮᠰᠢᠭ ᠣᠯᠠᠨ ᠡᠭᠦᠰᠳᠡᠭ᠃ᠠᠵᠤ ᠦᠢᠯᠡᠳᠪᠦᠷᠢᠵᠢᠯᠲᠡ ᠶᠢᠨ ᠠᠬᠢᠴᠠ ᠶᠢ ᠳᠠᠭᠠᠯᠳᠤᠨ᠂ ᠠᠯᠠᠱᠠ ᠠᠶᠢᠮᠠᠭ ᠨᠢᠭᠡᠨᠲᠡ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠣᠮᠣ ᠬᠢᠮᠢ ᠶᠢᠨ ᠠᠵᠤ ᠦᠢᠯᠡᠳᠪᠦᠷᠢ ᠶᠢᠨ ᠠᠶᠢᠮᠠᠭ ᠬᠤᠲᠠ ᠪᠣᠯᠵᠤ᠂ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠣᠯᠠᠨ᠂ ᠤᠷ᠎ᠠ ᠮᠡᠷᠭᠡᠵᠢᠯ ᠪᠤᠳᠤᠯᠢᠶᠠᠨᠲᠠᠢ᠂ ᠲᠦᠭᠰᠢᠭᠦᠷᠢᠲᠦ ᠴᠢᠨᠠᠷ ᠢᠶᠠᠷ ᠥᠨᠳᠥᠷ ᠮᠥᠷᠲᠡᠭᠡᠨ ᠭᠠᠵᠠᠷ ᠣᠷᠣᠨ ᠥᠷᠭᠡᠨ ᠠᠭᠤᠳᠠᠮ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠴᠢᠩᠭ᠎ᠠ ᠪᠢᠰᠢ᠂ ᠰᠠᠭᠤᠷᠢ ᠲᠥᠬᠦᠭᠡᠷᠦᠮᠵᠢ ᠪᠠᠭᠤᠷᠠᠢ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠣᠬᠢᠷᠠᠭᠤᠯᠤᠯᠲᠠ ᠬᠦᠷᠦᠯᠴᠡᠬᠦ ᠦᠭᠡᠢ ᠵᠡᠷᠭᠡ ᠬᠦᠴᠦᠨ ᠵᠦᠢᠯ ᠤᠨ ᠬᠢᠵᠠᠭᠠᠷᠯᠠᠯ ᠠᠴᠠ ᠪᠣᠯᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠨᠢ ᠰᠢᠨ᠎ᠡ ᠴᠠᠭ ᠦᠶ᠎ᠡ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠱᠠᠭᠠᠷᠳᠠᠯᠭ᠎ᠠ ᠲᠠᠢ ᠨᠡᠯᠢᠶᠡᠳ ᠶᠡᠭᠡ ᠵᠥᠷᠢᠶ᠎ᠡ ᠲᠠᠢ ᠪᠠᠶᠢᠨ᠎ᠠ᠃ᠪᠦᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠦ᠂ ᠮᠠᠨ ᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ  ᠶᠢ ᠲᠦᠷᠭᠡᠳᠬᠡᠨ ᠠᠬᠢᠭᠤᠯᠵᠤ᠂ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠠ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠪᠦᠬᠦ ᠠᠶᠢᠮᠠᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠠᠮᠤᠷ ᠲᠣᠭᠲᠠᠭᠤᠨ ᠣᠷᠴᠢᠨ ᠲᠣᠭᠤᠷᠢᠨ ᠢ ᠬᠠᠩᠭᠠᠬᠤ ᠶᠢᠨ ᠳᠣᠰᠠᠳᠠ᠂ ︽ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠠᠶᠤᠯᠭᠦᠢ ᠦᠢᠯᠡᠳᠪᠦᠷᠢᠯᠡᠯ ᠤᠨ ᠬᠠᠤᠯᠢ︾ ︽ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠳᠦᠷᠢᠮ︾ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ  ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠪᠠᠶᠢᠭᠤᠯᠤᠯᠲᠠ  ᠶᠢᠨ ᠭᠤᠷᠪᠠᠨ ᠵᠢᠯ  ᠤᠨ ᠠᠵᠢᠯᠯᠠᠭ᠎ᠠ   ᠶᠢ ᠬᠡᠷᠡᠭᠵᠢᠭᠦᠯᠬᠦ ᠲᠥᠰᠥᠯ ︵2022 ︱ 2024 ᠣᠨ︶︾ ᠵᠡᠷᠭᠡ ᠲᠣᠭᠲᠠᠭᠠᠯ  ᠢ ᠦᠨᠳᠦᠰᠦᠯᠡᠨ᠂ ᠪᠣᠳᠠᠲᠤ ᠪᠠᠶᠢᠳᠠᠯ  ᠲᠠᠢ  ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ  ᠢ ᠲᠣᠭᠲᠠᠭᠠᠪᠠ᠃     ᠨᠢᠭᠡ᠂ ᠵᠢᠯᠤᠭᠤᠳᠬᠤ ᠦᠵᠡᠯ ᠰᠠᠨᠠᠭ᠎ᠠ     ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ  ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠪᠠᠲᠤ ᠪᠤᠶ ᠪᠣᠯᠭᠠᠵᠤ᠂ ᠰᠢᠨᠵᠢᠯᠡᠬᠦ ᠤᠬᠠᠭᠠᠨᠴᠢ ᠥᠨᠳᠥᠷ ᠪᠦᠲᠦᠮᠵᠢᠲᠡᠶ ᠠᠪᠤᠷᠠᠨ ᠲᠤᠰᠠᠯᠠᠬᠤ ᠪᠠᠷ ᠬᠠᠷᠠᠯᠲᠠ ᠪᠣᠯᠭᠠᠵᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠪᠠᠷ ᠭᠤᠣᠯᠳᠠᠯᠭ᠎ᠠ ᠪᠣᠯᠭᠠᠨ᠂ ᠠᠶᠢᠮᠠᠭ᠂ ᠬᠤᠰᠢᠭᠤ ᠣᠷᠣᠨ᠂ ᠰᠤᠮᠤ ᠪᠠᠯᠭᠠᠰᠤ ᠶᠢᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠠᠵᠢᠯᠯᠠᠭᠠᠨ ᠤ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠥᠬᠦ ᠠᠶᠢᠮᠠᠭ ᠤᠨ ᠬᠡᠪᠴᠢᠶᠡᠨ ᠳᠤ ᠨᠢᠭᠡᠳᠦᠯᠲᠡᠢ ᠵᠢᠯᠣᠭᠤᠳᠤᠭᠰᠠᠨ᠂ ᠬᠠᠮᠤᠷᠬᠤ ᠬᠡᠪᠴᠢᠶ᠎ᠡ ᠥᠷᠭᠡᠨ᠂ ᠴᠢᠳᠠᠮᠵᠢ ᠪᠦᠷᠢᠨ ᠲᠡᠭᠦᠯᠳᠡᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠰᠢᠰᠲ᠋ᠧᠮᠵᠢ ᠶᠢ ᠪᠣᠶ ᠪᠣᠯᠭᠠᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠪᠠ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠠᠶᠢᠮᠠᠭ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃     ᠬᠤᠶᠠᠷ᠂ ᠦᠨᠳᠦᠰᠦᠨ ᠵᠠᠷᠴᠢᠮ     ︵ᠨᠢᠭᠡ︶ ᠪᠣᠳᠠᠲᠠᠢ ᠳᠤ ᠰᠠᠭᠤᠷᠢᠯᠠᠨ᠂ ᠨᠢᠭᠡᠳᠦᠯᠲᠡᠢ ᠲᠥᠯᠥᠪᠯᠡᠨ ᠬᠦᠭᠵᠢᠬᠦᠯᠦᠨ᠎ᠡ᠃ᠮᠠᠨ ᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠣᠳᠠᠲᠠᠢ ᠪᠠᠶᠢᠳᠠᠯ ᠳᠤ ᠰᠠᠭᠤᠷᠢᠯᠠᠨ᠂ ᠰᠠᠭᠤᠷᠢ ᠪᠠᠨ ᠪᠠᠬᠢᠵᠢᠭᠦᠯᠵᠦ᠂ ᠭᠤᠣᠯᠳᠠᠯᠭ᠎ᠠ ᠪᠠᠨ ᠴᠢᠩᠭᠠᠷᠠᠭᠤᠯᠤᠨ᠂ ᠳᠤᠲᠠᠭᠤᠳᠠᠯ ᠢᠶᠠᠨ ᠨᠥᠬᠦᠪᠦᠷᠢᠯᠡᠨ᠎ᠡ᠃ᠠᠳᠡᠯ ᠤᠨ ᠭᠠᠮᠰᠢᠭ   ᠠᠴᠠ ᠰᠡᠷᠭᠡᠶᠢᠯᠡᠨ ᠬᠠᠮᠠᠭᠠᠯᠠᠬᠤ ᠪᠠᠷᠢᠮᠵᠢᠶᠠᠵᠢᠭᠰᠠᠨ ᠪᠡᠯᠡᠳᠬᠡᠮᠵᠢ ᠶᠢᠨ ᠰᠢᠰᠲ᠋ᠧᠮᠵᠢ᠂ ᠪᠣᠳᠠᠲᠤ ᠪᠠᠶᠢᠯᠳᠤᠭᠠᠨᠴᠢᠯᠠᠭᠰᠠᠨ ᠪᠠᠴᠢᠮ ᠪᠠᠶᠢᠳᠠᠯ   ᠢ ᠠᠷᠭᠠᠴᠠᠬᠤ ᠵᠢᠯᠤᠭᠤᠳᠬᠤ ᠰᠢᠰᠲ᠋ᠧᠮᠵᠢ᠂ ᠲᠤᠰᠬᠠᠢ ᠪᠠ ᠬᠠᠪᠰᠤᠷᠭᠠᠨ ᠬᠠᠷᠢᠭᠤᠴᠠᠬᠤ ᠶᠢ ᠤᠶᠠᠯᠳᠤᠭᠤᠯᠤᠭᠰᠠᠨ ᠪᠠᠴᠢᠮ ᠪᠠᠶᠢᠳᠠᠯ   ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠤ ᠰᠢᠰᠲ᠋ᠧᠮᠵᠢ᠂ ᠪᠥᠬᠦ ᠠᠷᠠᠳ ᠤᠨ ᠴᠢᠨᠠᠷᠲᠠᠢ ᠠᠳᠡᠯ ᠤᠨ ᠭᠠᠮᠰᠢᠭ   ᠢ ᠰᠡᠷᠭᠡᠶᠢᠯᠡᠬᠦ ᠬᠥᠮᠦᠵᠢᠯ ᠤᠨ ᠰᠢᠰᠲ᠋ᠧᠮᠵᠢ ᠶᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠪᠠᠴᠢᠮ ᠪᠠᠶᠢᠳᠠᠯ   ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠴᠢᠳᠠᠪᠤᠷᠢ ᠶᠢ ᠴᠢᠩᠭᠠᠷᠠᠭᠤᠯᠬᠤ ᠪᠠᠷ ᠭᠤᠣᠯᠳᠠᠯᠭ᠎ᠠ ᠪᠣᠯᠭᠠᠨ᠂ ᠪᠠᠴᠢᠮ ᠪᠠᠶᠢᠳᠠᠯ   ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠣᠯᠠᠨ ᠲᠠᠯ᠎ᠠ   ᠠᠴᠠ ᠠᠬᠢᠭᠤᠯᠬᠤ ᠬᠡᠷᠡᠭᠲᠡᠢ᠃     ︵ᠬᠤᠶᠠᠷ︶ ᠲᠤᠰᠬᠠᠢ ᠠᠵᠢᠯ ᠢ ᠬᠠᠪᠰᠤᠷᠭᠠᠨ ᠬᠠᠷᠢᠭᠤᠴᠠᠬᠤ ᠶᠢ ᠵᠡᠷᠭᠡᠪᠡᠷ ᠬᠢᠵᠦ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠨ᠎ᠡ᠃ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ ᠤᠶᠠᠯᠳᠤᠭᠤᠯᠤᠭᠰᠠᠨ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠬᠦᠴᠦᠨ ᠤ ᠰᠢᠰᠲ᠋ᠧᠮ ᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠲᠤᠰ ᠲᠤᠰ ᠭᠠᠯ ᠤᠨᠲᠠᠷᠠᠭᠠᠬᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠤᠨᠲᠠᠷᠠᠭᠠᠬᠤ ᠵᠡᠷᠭᠡ ᠤᠯᠤᠰ ᠤᠨ ᠴᠢᠨᠠᠷᠲᠠᠢ ᠠᠪᠤᠷᠠᠨ ᠲᠤᠰᠠᠯᠠᠬᠤ ᠠᠩᠭᠢ ᠪᠠᠷ ᠰᠠᠭᠤᠷᠢ ᠪᠣᠯᠭᠠᠵᠤ᠂ ᠠᠭᠤᠷᠬᠠᠢ᠂ ᠠᠶᠤᠯ ᠲᠠᠢ ᠬᠢᠮᠢ᠂ ᠤᠰᠤᠨ ᠤ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠣᠶ ᠰᠢᠭᠤᠢ ᠡᠪᠡᠰᠦ ᠪᠡᠯᠴᠢᠭᠡᠷ᠂ ᠭᠠᠵᠠᠷ ᠬᠥᠳᠡᠯᠦᠯᠲᠡ ᠵᠡᠷᠭᠡ ᠠᠵᠢᠯ ᠲᠥᠷᠥᠯ ᠤᠨ ᠠᠪᠤᠷᠠᠨ ᠲᠤᠰᠠᠯᠠᠬᠤ ᠬᠦᠴᠦᠨ ᠢᠶᠠᠷ ᠭᠤᠣᠯᠳᠠᠯᠭ᠎ᠠ ᠪᠣᠯᠭᠠᠨ᠂ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠦᠴᠦᠨ ᠢᠶᠠᠷ ᠨᠥᠬᠦᠪᠦᠷᠢ ᠪᠣᠯᠭᠠᠵᠤ᠂ ᠪᠡᠯᠡ ᠮᠥᠩᠭᠦ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠬᠤ᠂ ᠲᠣᠨᠤᠭ ᠲᠥᠬᠦᠭᠡᠷᠦᠮᠵᠢ ᠡᠳ᠋ ᠪᠣᠳᠠᠰ ᠤᠨ ᠲᠣᠬᠢᠷᠠᠭᠤᠯᠤᠯᠲᠠ ᠶᠢ ᠪᠠᠲᠤᠯᠠᠬᠤ᠂ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠠᠵᠢᠯᠲᠠᠨ ᠤ ᠬᠡᠪ ᠴᠢᠨᠠᠷ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠠᠪᠤᠷᠠᠨ ᠲᠤᠰᠠᠯᠠᠬᠤ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃     ︵ᠭᠤᠷᠪᠠ︶ ᠵᠣᠬᠢᠴᠠᠩᠭᠤᠢ ᠪᠥᠭᠡᠳ ᠡᠮᠬᠢ ᠵᠢᠷᠤᠮ ᠲᠠᠢ᠂ ᠪᠠᠲᠤᠯᠠᠭ᠎ᠠ ᠨᠢ ᠬᠦᠴᠦᠨ ᠲᠠᠢ ᠪᠠᠶᠢᠬᠤ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ︽ᠶᠡᠷᠦᠩᠬᠡᠶᠢᠯᠡᠨ ᠰᠡᠷᠭᠡᠶᠢᠯᠡᠬᠦ᠂ ᠲᠣᠪᠣᠶᠢᠮ᠎ᠠ ᠠᠪᠤᠷᠠᠬᠤ︾᠂ ᠠᠵᠢᠯ ᠲᠥᠷᠥᠯ ᠤᠨ ᠰᠠᠯᠠᠭ᠎ᠠ ᠮᠥᠴᠢᠷ ᠤᠨ ︽ᠲᠤᠰᠬᠠᠢ ᠮᠡᠷᠭᠡᠵᠢᠯ ᠢᠶᠠᠷ ᠰᠡᠷᠭᠡᠶᠢᠯᠡᠬᠦ᠂ ᠳᠡᠮᠵᠢᠨ ᠠᠪᠤᠷᠠᠬᠤ︾ ᠰᠡᠳᠬᠢᠴᠡ ᠶᠣᠰᠣᠭᠠᠷ᠂ ᠪᠠᠴᠢᠮ ᠪᠠᠶᠢᠳᠠᠯ ᠢ ᠠᠷᠭᠠᠴᠠᠬᠤ ᠰᠠᠯᠠᠭ᠎ᠠ ᠮᠥᠴᠢᠷ ᠤᠨ ᠭᠤᠣᠯᠳᠠᠯᠭ᠎ᠠ ᠲᠠᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠬᠦᠴᠦᠨ ᠢᠶᠠᠨ ᠳᠠᠶᠢᠴᠢᠯᠠᠨ ᠠᠶᠤᠯ   ᠠᠴᠠ ᠠᠪᠤᠷᠠᠨ ᠲᠤᠰᠠᠯᠠᠬᠤ᠂ ᠤᠰᠤᠨ ᠤ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠴᠠᠭ ᠠᠭᠤᠷ᠂ ᠭᠠᠵᠠᠷ ᠬᠥᠳᠡᠯᠦᠯᠲᠡ᠂ ᠣᠶ ᠰᠢᠭᠤᠢ ᠡᠪᠡᠰᠦ ᠪᠡᠯᠴᠢᠭᠡᠷ ᠵᠡᠷᠭᠡ ᠰᠠᠯᠠᠭ᠎ᠠ ᠮᠥᠴᠢᠷ ᠤᠨ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠬᠠᠮᠲᠤᠷᠠᠨ ᠬᠥᠳᠡᠯᠦᠯᠴᠡᠬᠦ ᠠᠵᠢᠯ ᠤᠨ ᠲᠣᠭᠲᠠᠴᠠ ᠶᠢ ᠪᠠᠶᠢᠭᠤᠯᠬᠤ ᠬᠡᠷᠡᠭᠲᠡᠢ᠃    ᠭᠤᠷᠪᠠ᠂ ᠶᠡᠷᠦᠩᠬᠡᠢ ᠬᠠᠷᠠᠯᠲᠠ    3 ᠵᠢᠯ ᠣᠷᠴᠢᠮ ᠤᠨ ᠴᠢᠷᠮᠠᠶᠢᠯᠭ᠎ᠠ ᠪᠠᠷ ᠳᠡᠮᠵᠢᠨ᠂ ᠠᠶᠢᠮᠠᠭ᠂ ᠬᠤᠰᠢᠭᠤ ᠣᠷᠣᠨ᠂ ᠰᠤᠮᠤ ᠪᠠᠯᠭᠠᠰᠤ ᠭᠤᠷᠪᠠᠨ ᠱᠠᠲᠤᠨ ᠤ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠎ᠠ︔ᠡᠯ᠎ᠡ ᠰᠠᠯᠠᠭ᠎ᠠ ᠮᠥᠴᠢᠷ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢᠨ ᠪᠣᠷᠣ ᠲᠥᠯᠥᠪ ᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠨ᠎ᠠ︔ᠥᠪᠡᠷᠲᠡᠭᠡᠨ ᠵᠠᠰᠠᠬᠤ ᠣᠷᠣᠨ ᠤ ᠲᠠᠰ ᠤᠨ 2 ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠪᠡᠶᠡᠯᠡᠭᠦᠯᠦᠨ᠎ᠡ︔ᠭᠤᠣᠯᠳᠠᠯᠭ᠎ᠠ ᠲᠠᠢ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ ᠪᠥᠬᠦ ᠲᠠᠯ᠎ᠠ ᠪᠠᠷ ᠴᠢᠩᠭᠠᠳᠬᠠᠨ᠎ᠠ᠃    ᠳᠥᠷᠪᠡ᠂ ᠪᠦᠲᠦᠭᠡᠨ ᠪᠠᠶᠢᠭᠤᠯᠤᠯᠲᠠ ᠶᠢᠨ ᠡᠭᠦᠷᠭᠡ    ︵ᠨᠢᠭᠡ︶ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ    ᠭᠠᠯ ᠤᠨᠲᠠᠷᠠᠭᠠᠵᠤ ᠠᠪᠤᠷᠠᠨ ᠲᠤᠰᠠᠯᠠᠬᠤ᠂ ᠣᠶ ᠰᠢᠭᠤᠢ ᠶᠢᠨ ᠭᠠᠯ ᠤᠨᠲᠠᠷᠠᠭᠠᠬᠤ ᠵᠡᠷᠭᠡ ᠤᠯᠤᠰ ᠤᠨ ᠴᠢᠨᠠᠷᠲᠠᠢ ᠠᠪᠤᠷᠠᠨ ᠲᠤᠰᠠᠯᠠᠬᠤ ᠠᠩᠭᠢ ᠪᠠᠷ ᠲᠦᠰᠢᠭ ᠪᠣᠯᠭᠠᠵᠤ᠂ ︽ᠨᠢᠭᠡ ᠵᠦᠢᠯ ᠳᠤ ᠮᠡᠷᠭᠡᠰᠢᠵᠦ ᠣᠯᠠᠨ ᠵᠦᠢᠯ ᠤᠨ ᠴᠢᠳᠠᠪᠤᠷᠢ ᠲᠠᠢ︾ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠡᠷᠦᠩᠬᠡᠶᠢᠯᠡᠭᠰᠡᠨ ᠡᠩᠨᠡᠭᠡ ᠶᠢ ᠪᠠᠶᠢᠭᠤᠯᠬᠤ ᠬᠡᠷᠡᠭᠲᠡᠢ᠃ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ  ᠶᠢ ᠡᠭᠦᠷᠭᠡᠯᠡᠵᠦ᠂ ᠡᠭᠦᠨ ᠳᠤ ᠭᠠᠵᠠᠷ ᠬᠥᠳᠡᠯᠦᠯᠲᠡ᠂ ᠪᠠᠷᠢᠯᠭ᠎ᠠ ᠶᠢᠨ ᠠᠵᠢᠯ ᠤᠨ ᠡ᠊ᠨᠳᠡᠯ᠂ ᠵᠠᠮ ᠬᠠᠷᠢᠯᠴᠠᠭᠠᠨ ᠤ ᠡ᠊ᠨᠳᠡᠯ ᠵᠡᠷᠭᠡ ᠠᠶᠤᠯ ᠠᠴᠠ ᠠᠪᠤᠷᠠᠨ ᠲᠤᠰᠠᠯᠠᠬᠤ ᠡᠭᠦᠷᠭᠡ ᠶᠢ ᠪᠠᠭᠲᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠡᠩᠨᠡᠭᠡ ᠶᠢ ᠬᠠᠮᠵᠢᠨ ᠦᠶᠡᠷ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠤᠨ ᠭᠠᠮᠰᠢᠭ᠂ ᠤᠢ ᠰᠢᠭᠤᠢ ᠶᠢᠨ ᠭᠠᠯ ᠤᠨ ᠭᠠᠮᠰᠢᠭ᠂ ᠠᠮᠢᠳᠤ ᠪᠣᠳᠠᠰ ᠤᠨ ᠭᠠᠮᠰᠢᠭ ᠵᠡᠷᠭᠡ ᠪᠠᠶᠢᠭᠠᠯᠢ ᠶᠢᠨ ᠭᠠᠮᠰᠢᠭ᠂ ᠠᠭᠤᠷᠬᠠᠢ ᠶᠢᠨ ᠡ᠊ᠨᠳᠡᠯ᠂ ᠠᠶᠤᠯᠲᠠᠢ ᠬᠢᠮᠢ ᠶᠢᠨ ᠪᠣᠳᠠᠰ ᠤᠨ ᠡ᠊ᠨᠳᠡᠯ᠂ ᠤᠰᠤᠨ ᠳᠡᠭᠡᠷᠡᠬᠢ ᠡ᠊ᠨᠳᠡᠯ ᠤᠨ ᠣᠷᠴᠢᠨ ᠠᠬᠤᠢ ᠶᠢᠨ ᠪᠣᠬᠢᠷᠳᠤᠯ ᠪᠠ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠵᠡᠷᠭᠡ ᠭᠡᠨᠡᠳᠲᠡ ᠶᠢᠨ ᠬᠡᠷᠡᠭ ᠤᠨ ᠠᠶᠤᠯ ᠠᠴᠠ ᠠᠪᠤᠷᠠᠨ ᠲᠤᠰᠠᠯᠠᠬᠤ ᠠᠵᠢᠯ ᠢ ᠰᠠᠶᠢᠲᠤᠷ ᠬᠢᠨ᠎ᠡ᠃ᠵᠠᠰᠠᠭ ᠵᠠᠬᠢᠷᠭᠠᠨ ᠤ ᠣᠷᠣᠨ ᠪᠦᠰᠡ ᠶᠢᠨ ᠣᠨᠴᠠᠯᠢᠭ ᠪᠠ ᠬᠡᠷᠡᠭᠴᠡᠭᠡ ᠶᠢ ᠦᠨᠳᠦᠰᠦᠯᠡᠨ᠂ ᠶᠡᠷᠦᠩᠬᠡᠶᠢᠯᠡᠭᠰᠡᠨ ᠴᠢᠨᠠᠷᠲᠠᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠲᠥᠰᠥᠯ ᠢ ᠲᠣᠭᠲᠠᠭᠠᠵᠤ᠂ ᠡᠩᠨᠡᠭᠡ ᠶᠢᠨ ᠡᠭᠦᠷᠭᠡ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠴᠢᠬᠤᠯᠠ ᠪᠦᠬᠦᠢ ᠡᠳ᠋ ᠪᠣᠳᠠᠰ ᠤᠨ ᠲᠣᠨᠤᠭ ᠲᠥᠬᠦᠭᠡᠷᠦᠮᠵᠢ ᠶᠢ ᠲᠣᠬᠢᠷᠠᠭᠤᠯᠵᠤ᠂ ᠲᠤᠰᠬᠠᠢ ᠡᠩᠨᠡᠭᠡ ᠯᠦᠭᠡ ᠬᠠᠷᠢᠯᠴᠠᠨ ᠬᠥᠳᠡᠯᠦᠯᠴᠡᠵᠦ ᠰᠣᠷᠢᠯᠲᠠ ᠬᠢᠬᠦ ᠶᠢ ᠴᠢᠩᠭᠠᠳᠬᠠᠨ᠂ ᠡᠩᠨᠡᠭᠡ ᠶᠢᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠶᠢᠯᠡᠭᠰᠡᠨ ᠴᠢᠳᠠᠪᠤᠷᠢ ᠶᠢ ᠳᠡᠭᠡᠭᠰᠢᠯᠡᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵ᠬᠤᠶᠠᠷ︶ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠬᠦᠴᠦᠨ ᠤ ᠪᠠᠶᠢᠭᠤᠯᠤᠯᠲᠠ ᠶᠢ ᠳᠡᠭᠦᠯᠳᠡᠷᠵᠢᠬᠦᠯᠦᠨ᠎ᠡ    1. ᠬᠤᠯᠪᠣᠭᠳᠠᠯ ᠪᠦᠬᠦᠢ ᠨᠢᠭᠡᠴᠡ᠂ ᠠᠵᠤ ᠠᠬᠤᠶᠢᠯᠠᠯ ᠳᠤ ᠲᠦᠰᠢᠭᠯᠡᠨ᠂ ᠪᠠᠶᠢᠭᠠᠯᠢ ᠶᠢᠨ ᠭᠠᠮᠰᠢᠭ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ 4 ᠪᠠᠶᠢᠭᠤᠯᠵᠤ᠂ ᠭᠤᠣᠯᠳᠠᠭᠤ ᠲᠣᠰ ᠰᠠᠯᠠᠭ᠎ᠠ ᠮᠥᠴᠢᠷ᠂ ᠲᠣᠰ ᠠᠵᠢᠯ ᠲᠥᠷᠥᠯ ᠤᠨ ᠭᠡᠨᠡᠳᠲᠡ ᠶᠢᠨ ᠬᠡᠷᠡᠭ ᠵᠢᠴᠢ ᠭᠠᠮᠰᠢᠭ ᠤᠨ ᠲᠥᠷᠥᠯ ᠠᠯᠤᠰᠯᠠᠭᠰᠠᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠭᠦᠷᠭᠡ ᠶᠢ ᠡᠭᠦᠷᠭᠡᠯᠡᠨ᠎ᠡ᠃    ︵1︶ ᠠᠶᠢᠮᠠᠭ ᠤᠨ ᠱᠠᠲᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ   ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠣᠶ ᠰᠢᠭᠤᠢ ᠶᠢᠨ ᠭᠠᠯ ᠤᠨ ᠭᠠᠮᠰᠢᠭ   ᠠᠴᠠ ᠠᠪᠤᠷᠠᠬᠤ ᠪᠠ ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ ᠣᠶ ᠰᠢᠭᠤᠢ ᠨᠣᠳᠤᠭ ᠪᠡᠯᠴᠢᠭᠡᠷ ᠤᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠣᠶ ᠰᠢᠭᠤᠢ ᠶᠢᠨ ᠭᠠᠯ ᠤᠨᠲᠠᠷᠠᠭᠠᠬᠤ ᠶᠡᠭᠡ ᠠᠩᠭᠢ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵2︶ ᠠᠶᠢᠮᠠᠭ ᠤᠨ ᠱᠠᠲᠤᠨ ᠤ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠦᠶᠡᠷ ᠢ ᠰᠡᠷᠭᠡᠶᠢᠯᠡᠬᠦ᠂ ᠬᠤᠲᠠ ᠶᠢᠨ ᠤᠰᠤᠲᠤᠯ᠂ ᠭᠠᠩ ᠬᠠᠭᠰᠠᠷᠠᠭᠠᠨ ᠤ ᠭᠠᠮᠰᠢᠭ   ᠠᠴᠠ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠤᠰᠤᠨ ᠤ ᠶᠠᠪᠤᠳᠠᠯ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵3︶ ᠠᠶᠢᠮᠠᠭ ᠤᠨ ᠱᠠᠲᠤᠨ ᠤ ᠭᠠᠵᠠᠷ ᠬᠥᠳᠡᠯᠦᠯᠲᠡ ᠪᠠ ᠭᠠᠵᠠᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠭᠠᠵᠠᠷ ᠬᠥᠳᠡᠯᠦᠯᠲᠡ ᠶᠢᠨ ᠭᠠᠮᠰᠢᠭ ᠤᠨ ᠪᠠᠴᠢᠮ ᠠᠪᠤᠷᠠᠨ ᠲᠤᠰᠠᠯᠠᠬᠤ ᠪᠠ ᠬᠦᠨᠳᠦ ᠶᠡᠭᠡ ᠭᠠᠵᠠᠷ ᠤᠨ ᠭᠠᠮᠰᠢᠭ ᠤᠨ ᠠᠶᠤᠯ   ᠠᠴᠠ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠰᠠᠯᠪᠤᠷᠢ ᠠᠩᠭᠢ᠂ ᠵᠡᠪᠰᠡᠭᠲᠦ ᠴᠠᠭᠳᠠᠭ᠎ᠠ ᠶᠢᠨ ᠰᠠᠯᠪᠤᠷᠢ ᠠᠩᠭᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵4︶ ᠠᠶᠢᠮᠠᠭ ᠤᠨ ᠱᠠᠲᠤᠨ ᠤ ᠴᠠᠭ ᠠᠭᠤᠷ ᠤᠨ ᠭᠠᠮᠰᠢᠭ ᠢ ᠬᠢᠨᠠᠨ ᠬᠡᠮᠵᠢᠬᠦ 1 ᠡᠩᠨᠡᠭᠡ ᠶᠢ ᠪᠠᠶᠢᠭᠤᠯᠵᠤ᠂ ᠭᠤᠣᠯᠳᠠᠭᠤ ᠴᠠᠭ ᠠᠭᠤᠷ ᠤᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠭᠥᠯᠢᠶᠡᠨ ᠠᠪᠬᠤ ᠪᠠ ᠤᠯᠠᠮᠵᠢᠯᠠᠬᠤ᠂ ᠭᠠᠮᠰᠢᠭᠲᠤ ᠴᠠᠭ ᠠᠭᠤᠷ ᠤᠨ ᠪᠣᠳᠠᠲᠤ ᠪᠠᠶᠢᠳᠠᠯ ᠪᠣᠯᠣᠨ ᠭᠠᠮᠰᠢᠭ ᠤᠨ ᠪᠠᠶᠢᠳᠠᠯ ᠢ ᠮᠡᠳᠡᠭᠦᠯᠬᠦ᠂ ᠴᠠᠭ ᠠᠭᠤᠷ ᠤᠨ ᠭᠠᠮᠰᠢᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠠ ᠪᠠᠶᠢᠴᠠᠭᠠᠵᠤ ᠦᠨᠡᠯᠡᠨ ᠵᠢᠱᠢᠬᠦ ᠳᠤ ᠣᠷᠤᠯᠴᠠᠬᠤ ᠵᠡᠷᠭᠡ ᠠᠵᠢᠯ ᠥᠷᠨᠢᠭᠦᠯᠬᠦ ᠶᠢ ᠬᠠᠷᠢᠭᠤᠴᠠᠨ᠎ᠠ᠃︵ᠠᠶᠢᠮᠠᠭ  ᠤᠨ ᠴᠠᠭ ᠠᠭᠤᠷ  ᠤᠨ ᠲᠣᠪᠴᠢᠶ᠎ᠠ ᠲᠦᠷᠦᠭᠦᠯᠡᠵᠦ᠂ ᠠᠶᠢᠮᠠᠭ  ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ  ᠶᠢᠨ ᠠᠵᠢᠯ  ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    2. ᠪᠣᠳᠠᠲᠤ ᠬᠦᠴᠦᠨ ᠲᠠᠢ ᠪᠥᠭᠡᠳ ᠨᠥᠬᠦᠴᠡᠯ ᠲᠠᠢ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠪᠣᠯᠣᠨ ᠣᠷᠣᠨ ᠨᠤᠲᠤᠭ ᠤᠨ ᠠᠵᠢᠯ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠳᠤ ᠲᠦᠰᠢᠭᠯᠡᠨ᠂ ᠠᠶᠣᠯᠬᠦᠢ ᠦᠢᠯᠡᠳᠪᠦᠷᠢᠯᠡᠯ ᠤᠨ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠲᠤᠰᠬᠠᠢ ᠡᠩᠨᠡᠭᠡ ᠶᠢ 17 ᠪᠠᠶᠢᠭᠤᠯᠵᠤ᠂ ᠠᠭᠤᠷᠬᠠᠢ ᠶᠢᠨ ᠨᠡᠯᠢᠶᠡᠳ ᠲᠥᠪᠯᠡᠷᠡᠭᠰᠡᠨ ᠭᠠᠵᠠᠷ ᠣᠷᠣᠨ ᠤ ᠠᠪᠤᠷᠠᠨ ᠲᠤᠰᠠᠯᠠᠬᠤ ᠡᠩᠨᠡᠭᠡ ᠶᠢ ᠪᠥᠬᠦᠨ ᠢ ᠬᠠᠮᠤᠷᠬᠤ ᠶᠢ ᠪᠡᠶᠡᠯᠡᠭᠦᠯᠦᠨ᠎ᠡ᠃    ︵1︶ ᠥᠪᠡᠷᠲᠡᠭᠡᠨ ᠵᠠᠰᠠᠬᠤ ᠣᠷᠣᠨ ᠤ ᠲᠠᠰ ᠤᠨ 1 ᠰᠠᠯᠠᠭ᠎ᠠ᠂ ᠠᠶᠢᠮᠠᠭ ᠤᠨ ᠲᠠᠰ ᠤᠨ ᠠᠶᠤᠯᠲᠠᠢ ᠬᠢᠮᠢ ᠶᠢᠨ ᠪᠣᠳᠠᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 3 ᠰᠠᠯᠠᠭ᠎ᠠ ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠠᠶᠤᠯᠲᠠᠢ ᠬᠢᠮᠢ ᠶᠢᠨ ᠪᠣᠳᠠᠰ ᠤᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠬᠠᠷᠢᠭᠤᠴᠠᠨ ᠥᠷᠨᠢᠭᠦᠯᠦᠨ᠎ᠡ᠃ᠡᠭᠦᠨ ᠳᠤ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠤ ᠶᠠᠪᠠᠷᠠᠢ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠬᠤᠶᠠᠷᠬᠤᠳᠳᠤᠭ ᠤᠨ ᠬᠦᠳᠡᠭᠡ ᠵᠢᠱᠢᠶ᠎ᠡ ᠦᠵᠡᠭᠦᠯᠬᠦ ᠣᠷᠣᠨ ᠳᠤ ᠲᠣᠰ ᠲᠣᠰ ᠠᠶᠢᠮᠠᠭ ᠤᠨ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠠᠯᠠᠱᠠ ᠵᠡᠭᠦᠨ ᠬᠤᠰᠢᠭᠤᠨ ᠳᠤ ᠠᠶᠢᠮᠠᠭ ᠤᠨ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠤᠨ᠎ᠠ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠠᠵᠤ ᠦᠢᠯᠡᠳᠪᠦᠷᠢ ᠶᠢᠨ ᠠᠯᠠᠱᠠ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠳᠣᠰᠣ ᠬᠢᠮᠢ ᠶᠢᠨ ᠠᠵᠤ ᠦᠢᠯᠡᠳᠪᠦᠷᠢ ᠶᠢᠨ ᠠᠯᠠᠱᠠ ᠶᠢᠨ ᠬᠤᠪᠢᠶᠠᠷᠢ ᠺᠣᠮᠫᠠᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵2︶ ᠥᠪᠡᠷᠲᠡᠭᠡᠨ ᠵᠠᠰᠠᠬᠤ ᠣᠷᠣᠨ ᠤ ᠲᠠᠰ ᠤᠨ 1 ᠰᠠᠯᠠᠭ᠎ᠠ᠂ 4 ᠰᠠᠯᠠᠭ᠎ᠠ ᠠᠶᠢᠮᠠᠭ ᠤᠨ ᠲᠠᠰ ᠤᠨ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠭᠤᠣᠯᠳᠠᠭᠤ ᠪᠥᠬᠦ ᠠᠶᠢᠮᠠᠭ ᠤᠨ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠥᠷᠨᠢᠭᠦᠯᠬᠦ ᠶᠢ ᠬᠠᠷᠢᠭᠤᠴᠠᠨ᠎ᠠ᠃ᠡᠭᠦᠨ ᠳᠤ᠂ ᠠᠯᠠᠱᠠ ᠵᠡᠭᠦᠨ ᠬᠤᠰᠢᠭᠤᠨ ᠤ ᠬᠢᠨ ᠵᠣᠯᠵᠠᠭ᠎ᠠ ᠠᠯᠲᠠᠨ ᠤ ᠠᠭᠤᠷᠬᠠᠢ ᠳᠤ ᠲᠦᠰᠢᠭᠯᠡᠨ ᠥᠪᠡᠷᠲᠡᠭᠡᠨ ᠵᠠᠰᠠᠬᠤ ᠣᠷᠣᠨ ᠤ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠣᠯᠠᠨᠪᠣᠯᠠᠭ ᠪᠠᠯᠭᠠᠰᠤᠨ ᠤ ᠠᠵᠤ ᠠᠬᠤᠶᠢᠯᠠᠯ ᠳᠤ ᠲᠦᠰᠢᠭᠯᠡᠨ ᠠᠶᠢᠮᠠᠭ ᠤᠨ ᠲᠠᠰ ᠤᠨ ᠨᠡᠭᠦᠷᠡᠰᠦᠨ ᠤ ᠪᠤᠰᠤ ᠠᠭᠤᠷᠬᠠᠢ ᠶᠢᠨ ᠠᠭᠤᠯᠠ ᠶᠢᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠠᠯᠠᠱᠠ ᠪᠠᠷᠠᠭᠤᠨ ᠬᠤᠰᠢᠭᠤᠨ ᠳᠤ ᠠᠶᠢᠮᠠᠭ ᠤᠨ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠵᠤ᠂ ᠡᠵᠡᠨ᠎ᠡ ᠬᠤᠰᠢᠭᠤᠨ ᠤ ᠬᠠᠷ᠎ᠠ ᠪᠦᠷᠭᠦᠳ ᠤᠨ ᠠᠭᠤᠯᠠ᠂ ᠰᠠᠶᠢᠬᠠᠨᠳᠣᠣᠷᠠᠢ ᠳᠤ ᠲᠣᠰᠪᠣᠷᠢ ᠠᠶᠢᠮᠠᠭ ᠤᠨ ᠲᠠᠰ ᠤᠨ ᠠᠪᠤᠷᠠᠨ ᠲᠤᠰᠠᠯᠠᠬᠤ ᠡᠩᠨᠡᠭᠡ ᠶᠢ 1 ᠪᠠᠶᠢᠭᠤᠯᠤᠨ᠎ᠠ᠃︵ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵3︶ ᠠᠶᠢᠮᠠᠭ ᠤᠨ ᠱᠠᠲᠤᠨ ᠤ ᠴᠠᠬᠢᠯᠭᠠᠨ ᠬᠠᠩᠭᠠᠬᠤ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ 1 ᠰᠠᠯᠠᠭ᠎ᠠ ᠡᠩᠨᠡᠭᠡ ᠶᠢ ᠪᠠᠶᠢᠭᠤᠯᠵᠤ᠂ ᠭᠤᠣᠯᠳᠠᠭᠤ ᠡᠪᠳᠡᠭᠳᠡᠭᠰᠡᠨ ᠴᠠᠬᠢᠯᠭᠠᠨ ᠬᠠᠩᠭᠠᠬᠤ ᠱᠤᠭᠤᠮ ᠵᠢᠴᠢ ᠪᠡᠯᠡᠳᠬᠡᠮᠵᠢ ᠶᠢ ᠵᠠᠪᠳᠤᠨ ᠵᠠᠰᠠᠬᠤ ᠪᠠ ᠰᠡᠷᠭᠦᠭᠡᠬᠦ ᠠᠵᠢᠯ ᠢ ᠬᠠᠷᠢᠭᠤᠴᠠᠨ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠪᠠᠲᠤᠯᠠᠨ᠎ᠠ᠃︵ᠠᠶᠢᠮᠠᠭ ᠤᠨ ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠠᠯᠠᠱᠠ ᠶᠢᠨ ᠴᠠᠬᠢᠯᠭᠠᠨ ᠬᠠᠩᠭᠠᠬᠤ ᠺᠣᠮᠫᠠᠨᠢ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵4︶ ᠠᠶᠢᠮᠠᠭ ᠤᠨ ᠱᠠᠲᠤᠨ ᠤ ᠰᠢᠲᠠᠮᠠᠬᠠᠢ ᠬᠡᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ 1 ᠡᠩᠨᠡᠭᠡ ᠶᠢ ᠪᠠᠶᠢᠭᠤᠯᠵᠤ᠂ ᠭᠤᠣᠯᠳᠠᠭᠤ ᠰᠢᠲᠠᠮᠠᠬᠠᠢ ᠬᠡᠢ ᠯᠡᠪᠡᠷᠡᠭᠰᠡᠨ᠂ ᠳᠡᠯᠪᠡᠷᠡᠯᠲᠡ ᠠᠴᠠ ᠪᠣᠯᠵᠤ ᠡᠪᠳᠡᠭᠳᠡᠭᠰᠡᠨ ᠪᠡᠯᠡᠳᠬᠡᠮᠵᠢ ᠶᠢ ᠵᠠᠪᠳᠤᠨ ᠵᠠᠰᠠᠬᠤ᠂ ᠰᠡᠷᠭᠦᠭᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠤᠷᠢᠵᠢᠭᠤᠯᠤᠨ᠎ᠠ︶    ︵5︶ ᠠᠶᠢᠮᠠᠭ ᠤᠨ ᠲᠠᠰ ᠤᠨ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡ ᠶᠢ 1 ᠪᠠᠶᠢᠭᠤᠯᠵᠤ᠂ ᠭᠤᠣᠯᠳᠠᠭᠤ ᠵᠣᠤᠬ᠎ᠠ᠂ ᠳᠠᠷᠤᠯᠲᠠᠲᠤ ᠰᠠᠪᠠ᠂ ᠳᠠᠷᠤᠯᠲᠠᠲᠤ ᠬᠤᠭᠤᠯᠠᠢ᠂ ᠴᠠᠬᠢᠯᠭᠠᠨ ᠱᠠᠲᠤ᠂ ᠡᠷᠭᠦᠭᠦᠯ ᠮᠠᠰᠢᠨ᠂ ᠠᠶᠠᠨᠴᠢᠳ ᠤᠨ ᠲᠡᠭᠡᠭᠡᠪᠦᠷᠢ ᠶᠢᠨ ᠳᠡᠭᠦᠵᠢᠩ ᠵᠠᠮ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠪᠡᠯᠡᠳᠬᠡᠮᠵᠢ ᠪᠠ ᠲᠠᠯᠠᠪᠤᠷ ︵ᠦᠢᠯᠡᠳᠪᠦᠷᠢ︶ ᠤᠨ ᠳᠣᠲᠣᠷᠠᠬᠢ ᠲᠤᠰᠬᠠᠢ ᠬᠡᠷᠡᠭᠯᠡᠭᠡᠨ ᠤ ᠮᠠᠰᠢᠨ ᠲᠡᠷᠭᠡ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠳᠡᠯ ᠢ ᠰᠢᠢᠳᠪᠦᠷᠢᠯᠡᠬᠦ ᠮᠡᠷᠭᠡᠵᠢᠯ ᠤᠨ ᠳᠡᠮᠵᠢᠯᠭᠡ᠂ ᠪᠠᠶᠢᠴᠠᠭᠠᠨ ᠵᠠᠳᠠᠯᠤᠯᠲᠠ ᠵᠡᠷᠭᠡ ᠠᠵᠢᠯ ᠢ ᠬᠠᠷᠢᠭᠤᠴᠠᠨ ᠥᠷᠨᠢᠭᠦᠯᠦᠨ᠎ᠡ᠃︵ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵6︶ ᠠᠶᠢᠮᠠᠭ ᠤᠨ ᠱᠠᠲᠤᠨ ᠤ ᠤᠰᠤ ᠬᠠᠩᠭᠠᠬᠤ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠡᠩᠨᠡᠭᠡ ᠶᠢ 1 ᠪᠠᠶᠢᠭᠤᠯᠵᠤ᠂ ᠭᠤᠣᠯᠳᠠᠭᠤ ᠤᠰᠤ ᠳᠠᠮᠵᠢᠭᠤᠯᠬᠤ ᠢᠨᠵᠧᠨᠧᠷᠢᠩ ᠤᠨ ᠠᠳᠡᠯ᠂ ᠬᠤᠲᠠ ᠶᠢᠨ ᠤᠰᠤ ᠬᠠᠩᠭᠠᠬᠤ ᠠᠳᠡᠯ᠂ ᠬᠤᠶᠠᠳᠠᠭᠢ ᠤᠳᠠᠭᠠᠨ ᠤ ᠤᠰᠤ ᠬᠠᠩᠭᠠᠬᠤ ᠠᠳᠡᠯ ᠵᠡᠷᠭᠡ ᠤᠰᠤ ᠬᠠᠩᠭᠠᠬᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ ᠥᠷᠨᠢᠭᠦᠯᠵᠦ᠂ ᠤᠰᠤ ᠬᠠᠩᠭᠠᠬᠤ ᠤᠰᠤᠨ ᠤ ᠡᠬᠢ ᠰᠤᠷᠪᠤᠯᠵᠢ ᠶᠢᠨ ᠠᠳᠡᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠬᠠᠮᠵᠢᠯᠴᠠᠨ ᠥᠷᠨᠢᠭᠦᠯᠦᠨ᠎ᠡ᠃︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠦᠷᠦᠭᠦᠯᠡᠵᠦ᠂ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ᠎ᠠ︶    ︵7︶ ᠠᠶᠢᠮᠠᠭ ᠤᠨ ᠱᠠᠲᠤᠨ ᠤ ᠵᠠᠰᠠᠮᠠᠯ ᠵᠠᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ 1 ᠡᠩᠨᠡᠭᠡ ᠶᠢ ᠪᠠᠶᠢᠭᠤᠯᠵᠤ᠂ ᠵᠠᠰᠠᠮᠠᠯ ᠵᠠᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠠᠪᠤᠷᠠᠨ ᠲᠤᠰᠠᠯᠠᠬᠤ ᠪᠠ ᠭᠠᠮᠰᠢᠭᠳᠠᠭᠰᠠᠨ ᠣᠷᠣᠨ ᠤ ᠵᠠᠰᠠᠮᠠᠯ ᠵᠠᠮ ᠢ ᠵᠠᠪᠳᠤᠨ ᠨᠡᠪᠲᠡᠷᠡᠭᠦᠯᠬᠦ ᠠᠵᠢᠯ ᠢ ᠭᠤᠣᠯᠴᠢᠯᠠᠨ ᠬᠠᠷᠢᠭᠤᠴᠠᠨ᠎ᠠ᠃︵ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵8︶ ᠠᠶᠢᠮᠠᠭ ᠤᠨ ᠱᠠᠲᠤᠨ ᠤ ᠠᠮᠤᠷ ᠢ ᠬᠠᠮᠠᠭᠠᠯᠠᠬᠤ ᠪᠠ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠬᠤ ᠡᠩᠨᠡᠭᠡ ᠶᠢ 1 ᠰᠠᠯᠠᠭ᠎ᠠ ᠪᠠᠶᠢᠭᠤᠯᠵᠤ᠂ ᠭᠤᠣᠯᠳᠠᠭᠤ ᠭᠡᠨᠡᠳᠲᠡ ᠶᠢᠨ ᠬᠡᠷᠡᠭ ᠤᠨ ᠲᠤᠬᠠᠢ ᠶᠢᠨ ᠲᠠᠯᠠᠪᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠤᠷ ᠢ ᠬᠠᠮᠠᠭᠠᠯᠠᠬᠤ ᠬᠠᠮᠢᠶᠠᠷᠤᠯᠲᠠ᠂ ᠠᠮᠤᠷ ᠲᠦᠪᠰᠢᠨ ᠢ ᠬᠠᠮᠠᠭᠠᠯᠠᠬᠤ ᠪᠠ ᠵᠠᠮ ᠬᠠᠷᠢᠯᠴᠠᠭ᠎ᠠ ᠶᠢ ᠬᠠᠮᠢᠶᠠᠷᠤᠨ ᠡᠵᠡᠮᠳᠡᠬᠦ᠂ ᠵᠠᠯᠠᠵᠤ ᠵᠢᠯᠤᠭᠤᠳᠬᠤ ᠠᠵᠢᠯ ᠢ ᠬᠠᠷᠢᠭᠤᠴᠠᠨ ᠥᠷᠨᠢᠭᠦᠯᠵᠦ᠂ ᠬᠡᠷᠡᠭ ᠭᠠᠷᠤᠭᠰᠠᠨ ᠭᠠᠵᠠᠷ ᠣᠷᠣᠨ ᠤ ᠨᠡᠶᠢᠭᠡᠮ ᠤᠨ ᠡᠮᠬᠢ ᠳᠢᠭᠯᠢᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠨ᠎ᠠ᠃︵ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵9︶ ᠠᠶᠢᠮᠠᠭ ᠤᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ 1 ᠰᠠᠯᠠᠭ᠎ᠠ ᠪᠠᠶᠢᠭᠤᠯᠵᠤ᠂ ᠬᠠᠯᠳᠠᠪᠤᠷᠢᠲᠤ ᠡᠪᠡᠳᠴᠢᠨ᠂ ᠭᠡᠨᠡᠳᠲᠡ ᠶᠢᠨ ᠬᠤᠣᠷᠳᠠᠯᠭ᠎ᠠ᠂ ᠰᠢᠯᠲᠠᠭᠠᠨ ᠨᠢ ᠲᠣᠳᠣᠷᠬᠠᠢ ᠦᠭᠡᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠵᠢᠴᠢ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠤᠨ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠯᠲᠠ ᠪᠠ ᠰᠡᠳᠬᠢᠴᠡ ᠶᠢᠨ ᠲᠤᠰᠠᠯᠠᠮᠵᠢ ᠶᠢᠨ ᠠᠵᠢᠯ ᠢ ᠭᠤᠣᠯᠴᠢᠯᠠᠨ ᠬᠠᠷᠢᠭᠤᠴᠠᠨ᠎ᠠ᠃︵ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵10︶ ᠠᠶᠢᠮᠠᠭ ᠤᠨ ᠱᠠᠲᠤᠨ ᠤ ᠴᠢᠮᠡᠭᠡ ᠬᠤᠯᠪᠣᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠡᠩᠨᠡᠭᠡ ᠶᠢ 1 ᠪᠠᠶᠢᠭᠤᠯᠵᠤ᠂ ᠭᠤᠣᠯᠳᠠᠭᠤ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠪᠠᠲᠤᠯᠠᠭ᠎ᠠ ᠪᠠ ᠴᠢᠮᠡᠭᠡ ᠬᠤᠯᠪᠣᠭᠠᠨ ᠤ ᠪᠡᠯᠡᠳᠬᠡᠮᠵᠢ ᠶᠢᠨ ᠪᠠᠴᠢᠮ ᠪᠠᠶᠢᠳᠠᠯ ᠢ ᠠᠷᠭᠠᠴᠠᠵᠤ ᠵᠠᠪᠳᠤᠨ ᠵᠠᠰᠠᠬᠤ ᠠᠵᠢᠯ ᠢ ᠬᠠᠷᠢᠭᠤᠴᠠᠨ ᠥᠷᠨᠢᠭᠦᠯᠵᠦ᠂ ᠲᠤᠬᠠᠢ ᠶᠢᠨ ᠲᠠᠯᠠᠪᠤᠷ ᠤᠨ ᠪᠠᠴᠢᠮ ᠪᠠᠶᠢᠳᠠᠯ ᠢ ᠠᠷᠭᠠᠴᠠᠬᠤ ᠴᠢᠮᠡᠭᠡ ᠬᠤᠯᠪᠣᠭᠠᠨ ᠤ ᠬᠡᠷᠡᠭᠴᠡᠭᠡ ᠶᠢ ᠪᠠᠲᠤᠯᠠᠨ᠎ᠠ︵ᠠᠶᠢᠮᠠᠭ ᠤᠨ ᠴᠢᠮᠡᠭᠡ ᠬᠤᠯᠪᠣᠭᠠᠨ ᠤ ᠪᠠᠶᠢᠭᠤᠯᠣᠯᠳᠠ ᠬᠠᠮᠢᠶᠠᠷᠤᠯᠲᠠ ᠶᠢᠨ ᠠᠯᠪᠠᠨ ᠭᠡᠷ ᠠᠴᠠ ᠲᠦᠷᠦᠭᠦᠯᠡᠵᠦ᠂ ᠠᠶᠢᠮᠠᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠨᠦᠭᠦᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶    ︵ᠭᠤᠷᠪᠠ︶ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ    ᠰᠤᠮᠤ ᠪᠠᠯᠭᠠᠰᠤᠨ ᠤ ᠭᠠᠯ ᠤᠨᠲᠠᠷᠠᠭᠠᠬᠤ᠂ ᠡᠷᠦᠬᠡ ᠶᠢᠨ ᠴᠡᠷᠢᠭ᠂ ᠠᠶᠣᠯᠬᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ᠂ ᠣᠶ ᠰᠢᠭᠤᠢ ᠶᠢᠨ ᠭᠠᠯ ᠰᠡᠷᠭᠡᠶᠢᠯᠡᠬᠦ ᠵᠡᠷᠭᠡ ᠪᠠᠴᠢᠮ ᠪᠠᠶᠢᠳᠠᠯ ᠢ ᠠᠷᠭᠠᠴᠠᠬᠤ ᠬᠦᠴᠦᠨ ᠢ ᠡᠮᠬᠢᠯᠡᠨ ᠨᠡᠶᠢᠯᠡᠭᠦᠯᠵᠦ᠂ ᠰᠤᠮᠤ ᠪᠠᠯᠭᠠᠰᠤ ᠶᠢᠨ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ᠂ ᠭᠠᠯ ᠤᠨ ᠠᠶᠤᠯ᠂ ᠤᠰᠤ ᠭᠠᠩ ᠤᠨ ᠭᠠᠮᠰᠢᠭ᠂ ᠴᠠᠭ ᠠᠭᠤᠷ ᠤᠨ ᠭᠠᠮᠰᠢᠭ᠂ ᠭᠠᠵᠠᠷ ᠤᠨ ᠭᠠᠮᠰᠢᠭ᠂ ᠭᠠᠵᠠᠷ ᠬᠥᠳᠡᠯᠦᠯᠲᠡ ᠶᠢᠨ ᠭᠠᠮᠰᠢᠭ ᠢ ᠰᠡᠷᠭᠡᠶᠢᠯᠡᠬᠦ ᠪᠠ ᠠᠷᠭᠠᠴᠠᠬᠤ ᠵᠡᠷᠭᠡ ᠲᠠᠯ᠎ᠠ ᠪᠠᠷ ᠣᠶᠢᠷ᠎ᠠ ᠬᠠᠪᠢ ᠶᠢᠨ ᠳᠠᠪᠠᠭᠤᠯᠢᠭ ᠢᠶᠠᠨ ᠪᠠᠳᠠᠷᠠᠭᠤᠯᠵᠤ᠂ ᠠᠳᠡᠯ ᠤᠨ ᠭᠠᠮᠰᠢᠭ   ᠠᠴᠠ ᠠᠪᠤᠷᠠᠨ ᠲᠤᠰᠠᠯᠠᠬᠤ ᠶᠢ ᠤᠷᠢᠳᠴᠢᠯᠠᠨ ᠰᠢᠢᠳᠪᠦᠷᠢᠯᠡᠬᠦ ᠠᠵᠢᠯ ᠢ ᠥᠷᠨᠢᠭᠦᠯᠬᠦ ᠶᠢᠨ ᠬᠠᠮᠲᠤ ᠠᠳᠡᠯ ᠤᠨ ᠭᠠᠮᠰᠢᠭ   ᠢ ᠤᠷᠢᠳᠴᠢᠯᠠᠨ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠬᠤᠯᠠ ᠪᠦᠬᠦᠢ ᠲᠣᠨᠤᠭ ᠲᠥᠬᠦᠭᠡᠷᠦᠮᠵᠢ ᠶᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠪᠠ ᠠᠵᠢᠯ ᠤᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠢ ᠪᠣᠯᠪᠠᠰᠤᠷᠠᠭᠤᠯᠤᠨ ᠰᠣᠷᠢᠯᠲᠠ ᠬᠢᠵᠦ᠂ ᠭᠠᠮᠰᠢᠭ ᠠᠴᠠ ᠡᠮᠦᠨᠡᠬᠢ ᠤᠷᠢᠳᠴᠢᠯᠠᠨ ᠰᠡᠷᠭᠡᠶᠢᠯᠡᠬᠦ ᠪᠠ ᠭᠠᠮᠰᠢᠭ ᠤᠨ ᠳᠠᠷᠠᠭᠠᠬᠢ ᠣᠷᠢᠳᠡᠪᠡᠷ ᠰᠢᠢᠳᠪᠦᠷᠢᠯᠡᠬᠦ ᠦᠢᠯᠡᠳᠦᠯ ᠢ ᠨᠢ ᠪᠠᠳᠠᠷᠠᠭᠤᠯᠤᠨ᠂ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠡᠴᠦᠰ ᠤᠨ ︽ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠤᠭᠰᠠᠨ ᠦᠭᠡᠢ ᠰᠤᠮᠤ ᠪᠠᠯᠭᠠᠰᠤ ᠨᠢ᠂ ᠣᠶᠢᠷ᠎ᠠ ᠬᠠᠪᠢ ᠳᠠᠭᠠᠨ ᠠᠪᠤᠷᠠᠨ ᠲᠤᠰᠠᠯᠠᠬᠤ ᠵᠥᠪᠯᠡᠯᠴᠡᠭᠡᠷ ᠲᠣᠭᠲᠠᠵᠤ᠂ ᠲᠦᠭᠰᠢᠭᠦᠷᠢᠲᠦ ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠪᠠᠲᠤᠯᠠᠬᠤ ᠬᠡᠷᠡᠭᠲᠡᠢ᠃    ︵ᠳᠥᠷᠪᠡ︶ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠷᠠᠭᠤᠯᠣᠨ᠎ᠠ    ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠣᠯᠣᠨ ᠠᠶᠤᠯᠲᠠᠢ ᠬᠢᠮᠢ ᠶᠢᠨ ᠪᠣᠳᠠᠰ᠂ ᠠᠭᠤᠷᠬᠠᠢ ᠵᠡᠷᠭᠡ ᠠᠶᠤᠯ ᠶᠡᠬᠡᠲᠡᠢ ᠠᠵᠢᠯ ᠲᠥᠷᠥᠯ ᠤᠨ ᠠᠵᠤ ᠠᠬᠤᠶᠢᠯᠠᠯ ᠤᠨ ᠪᠠᠷᠢᠮᠵᠢᠶ᠎ᠠ ᠶᠣᠰᠣᠭᠠᠷ ᠠᠪᠤᠷᠠᠨ ᠲᠤᠰᠠᠯᠠᠬᠤ ᠡᠩᠨᠡᠭᠡ ᠪᠠᠶᠢᠭᠤᠯᠬᠤ  ᠶᠢ ᠠᠬᠢᠭᠤᠯᠵᠤ᠂ ᠨᠡᠶᠢᠭᠡᠮ ᠤᠨ ᠲᠤᠰᠬᠠᠢ ᠠᠪᠤᠷᠠᠨ ᠲᠤᠰᠠᠯᠠᠬᠤ ᠬᠦᠴᠦᠨ ᠢ ᠲᠠᠰᠤᠷᠠᠯᠲᠠ ᠦᠭᠡᠢ ᠴᠢᠩᠭᠠᠷᠠᠭᠤᠯᠵᠤ᠂ ᠲᠣᠰ ᠭᠠᠵᠠᠷ ᠣᠷᠣᠨ ᠤ ᠭᠠᠢ ᠭᠠᠮᠰᠢᠭ ᠤᠨ ᠠᠳᠡᠯ ᠤᠨ ᠲᠦᠭᠰᠢᠭᠦᠷᠢ ᠶᠢᠨ ᠣᠨᠴᠠᠯᠢᠭ ᠪᠣᠯᠣᠨ ᠠᠪᠤᠷᠠᠨ ᠲᠤᠰᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠦᠨᠳᠦᠰᠦᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠵᠦᠢ ᠵᠣᠬᠢᠰᠲᠠᠢ ᠪᠠᠶᠢᠷᠢᠰᠢᠭᠤᠯᠵᠤ᠂ ᠲᠡᠭᠦᠨ ᠢ ᠪᠠᠴᠢᠮ ᠪᠠᠶᠢᠳᠠᠯ ᠢ ᠠᠷᠭᠠᠴᠠᠬᠤ ᠲᠤᠰᠬᠠᠢ ᠠᠪᠤᠷᠠᠨ ᠲᠤᠰᠠᠯᠠᠬᠤ ᠡᠩᠨᠡᠭᠡ ᠶᠢᠨ ᠴᠢᠬᠤᠯᠠ ᠨᠥᠬᠦᠪᠦᠷᠢ ᠪᠣᠯᠭᠠᠵᠤ᠂ ᠲᠤᠰᠬᠠᠢ ᠠᠪᠤᠷᠠᠨ ᠲᠤᠰᠠᠯᠠᠬᠤ ᠡᠩᠨᠡᠭᠡ ᠪᠣᠯᠣᠨ ᠨᠡᠶᠢᠭᠡᠮ ᠤᠨ ᠪᠠᠴᠢᠮ ᠪᠠᠶᠢᠳᠠᠯ ᠢ ᠠᠷᠭᠠᠴᠠᠬᠤ ᠬᠦᠴᠦᠨ ᠤ ᠰᠠᠶᠢᠨ ᠨᠥᠬᠦᠴᠡᠯᠳᠦᠨ᠂ ᠬᠠᠮᠲᠤᠪᠠᠷ ᠬᠥᠭᠵᠢᠭᠰᠡᠨ ᠪᠠᠶᠢᠷᠢᠰᠢᠯ ᠢ ᠪᠣᠶ ᠪᠣᠯᠭᠠᠬᠤ ᠬᠡᠷᠡᠭᠲᠡᠢ᠃    ᠲᠠᠪᠤ᠂ ᠬᠡᠷᠡᠭᠵᠢᠭᠦᠯᠬᠦ ᠠᠯᠬᠤᠮ ᠳᠠᠷᠠᠭ᠎ᠠ    ︵ᠨᠢᠭᠡ︶ ᠵᠣᠬᠢᠶᠠᠨ ᠪᠠᠶᠢᠭᠤᠯᠵᠤ ᠪᠠᠶᠢᠷᠢᠯᠠᠭᠤᠯᠤᠨ᠎ᠠ ︵2022 ᠣᠨ ᠤ 6 ᠰᠠᠷ᠎ᠠ ︱ 12 ᠰᠠᠷ᠎ᠠ︶᠃ᠡᠯ᠎ᠡ ᠬᠤᠰᠢᠭᠤ ᠣᠷᠣᠨ᠂ ᠡᠯ᠎ᠡ ᠲᠦᠷᠦᠭᠦᠯᠡᠬᠦ ᠰᠠᠯᠠᠭ᠎ᠠ ᠮᠥᠴᠢᠷ ᠲᠠᠢ ᠵᠣᠬᠢᠴᠠᠭᠤᠯᠤᠨ ᠲᠤᠰᠬᠠᠢ ᠠᠪᠤᠷᠠᠨ ᠲᠤᠰᠠᠯᠠᠬᠤ ᠡᠩᠨᠡᠭᠡ ᠶᠢᠨ ᠨᠡᠷᠡᠰ ᠢ ᠲᠣᠭᠲᠠᠭᠠᠵᠤ᠂ ᠡᠯ᠎ᠡ ᠲᠤᠰᠬᠠᠢ ᠡᠩᠨᠡᠭᠡ ᠶᠢ ᠵᠢᠯᠣᠭᠤᠳᠤᠨ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠪᠠᠭᠠᠵᠢ ᠬᠡᠷᠡᠭᠰᠡᠯ ᠪᠠ ᠡᠳ᠋ ᠪᠣᠳᠠᠰ ᠢ ᠲᠣᠬᠢᠷᠠᠭᠤᠯᠤᠨ᠎ᠠ᠃    ︵ᠬᠤᠶᠠᠷ︶ ᠲᠤᠰᠬᠠᠢ ᠵᠦᠢᠯ ᠢᠶᠠᠷ ᠬᠡᠷᠡᠭᠵᠢᠭᠦᠯᠦᠨ᠎ᠡ ︵2023 ᠣᠨ ᠤ 1 ᠰᠠᠷ᠎ᠠ ︱ 12 ᠰᠠᠷ᠎ᠠ︶᠃ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠤᠰᠬᠠᠢ ᠡᠩᠨᠡᠭᠡ ᠶᠢ ᠠᠵᠢᠯ ᠲᠥᠷᠥᠯ ᠤᠨ ᠪᠠᠷᠢᠮᠵᠢᠶ᠎ᠠ ᠪᠠᠷ ᠵᠣᠬᠢᠶᠠᠨ ᠪᠠᠶᠢᠭᠤᠯᠵᠤ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠨ᠂ ᠲᠣᠨᠤᠭ ᠲᠥᠬᠦᠭᠡᠷᠦᠮᠵᠢ ᠡᠳ᠋ ᠪᠣᠳᠠᠰ ᠢ ᠪᠦᠷᠢᠨ ᠲᠣᠬᠢᠷᠠᠭᠤᠯᠵᠤ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠳᠤ ᠣᠷᠣᠭᠤᠯᠤᠨ᠂ ᠪᠥᠬᠦ ᠠᠶᠢᠮᠠᠭ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠬᠡᠷᠡᠭᠴᠡᠭᠡ ᠳᠤ ᠲᠤᠯᠭᠠᠭᠤᠷᠢᠯᠠᠨ ᠦᠢᠯᠡᠴᠢᠯᠡᠵᠦ᠂ ᠨᠡᠯᠢᠶᠡᠳ ᠶᠡᠭᠡ ᠠᠳᠡᠯ ᠤᠨ ᠭᠠᠮᠰᠢᠭ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠨ᠎ᠡ᠃    ︵ᠭᠤᠷᠪᠠ︶ ᠳ᠋ᠦᠩᠨᠡᠵᠦ ᠰᠢᠯᠭᠠᠨ ᠠᠪᠬᠤ ︵2024 ᠣᠨ ᠤ 1 ᠰᠠᠷ᠎ᠠ ︱ 12 ᠰᠠᠷ᠎ᠠ︶᠃ᠥᠪᠡᠷᠲᠡᠭᠡᠨ ᠵᠠᠰᠠᠬᠤ ᠣᠷᠣᠨ ᠤ ᠲᠠᠰ ᠤᠨ 2 ᠰᠠᠯᠠᠭ᠎ᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠦᠨ᠎ᠡ᠃ ᠠᠶᠢᠮᠠᠭ ᠤᠨ ᠱᠠᠲᠤᠨ ᠤ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢ ᠪᠡᠶᠡᠯᠡᠭᠦᠯᠵᠦ᠂ ᠲᠤᠰᠬᠠᠢ ᠮᠡᠷᠭᠡᠵᠢᠯ ᠤᠨ ᠪᠣᠯᠪᠠᠰᠤᠷᠠᠭᠤᠯᠤᠯ ᠪᠠ ᠬᠠᠮᠲᠤᠷᠠᠭᠰᠠᠨ ᠰᠣᠷᠢᠯᠲᠠ ᠶᠢ ᠶᠡᠬᠡᠪᠡᠷ ᠥᠷᠨᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠤᠨ᠎ᠠ᠃    ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠦᠨ᠎ᠡ᠃ᠡᠯ᠎ᠡ ᠬᠤᠰᠢᠭᠤ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠪᠠᠶᠢᠭᠤᠯᠤᠯᠲᠠ ᠶᠢᠨ ᠴᠢᠬᠤᠯᠠ ᠴᠢᠨᠠᠷ  ᠪᠠ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠵᠤ᠂ ᠡᠯ᠎ᠡ ᠵᠦᠢᠯ ᠤᠨ ᠪᠠᠶᠢᠭᠤᠯᠤᠯᠲᠠ  ᠶᠢᠨ ᠡᠭᠦᠷᠭᠡ  ᠶᠢ ᠱᠠᠯᠠᠪᠳᠠᠨ ᠠᠬᠢᠭᠤᠯᠵᠤ᠂ ᠭᠡᠨᠡᠳᠲᠡ  ᠶᠢᠨ ᠬᠡᠷᠡᠭ ᠡᠭᠦᠰᠪᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠡᠩᠨᠡᠭᠡ ᠶᠢᠨ ᠦᠳᠲᠡᠷ ᠲᠦᠷᠭᠡᠨ ᠬᠥᠳᠡᠯᠦᠯᠴᠡᠵᠦ᠂ ᠰᠢᠨᠵᠢᠯᠡᠬᠦ ᠤᠬᠠᠭᠠᠨᠴᠢ  ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠵᠤ᠂ ᠠᠷᠠᠳ ᠣᠯᠠᠨ  ᠤ ᠠᠮᠢ ᠨᠠᠰᠤ ᠡᠳ᠋ ᠬᠥᠷᠥᠩᠭᠡ  ᠶᠢᠨ ᠠᠮᠤᠷ ᠲᠦᠪᠰᠢᠨ  ᠢ ᠪᠠᠲᠤᠯᠠᠬᠤ ᠬᠡᠷᠡᠭᠲᠡᠢ᠃    ︵ᠬᠤᠶᠠᠷ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠠᠶᠢᠮᠠᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ᠂ ᠭᠠᠮᠰᠢᠭ ᠢ ᠪᠠᠭᠠᠰᠬᠠᠬᠤ ᠵᠥᠪᠯᠡᠯ ᠨᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠨᠢᠭᠡ ᠵᠦᠢᠯ ᠤᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠨ ᠪᠣᠳᠠᠲᠠᠢ ᠠᠳᠬᠤᠵᠤ᠂ ᠲᠡᠭᠦᠨ ᠢ ᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠰᠢᠯᠭᠠᠨ ᠬᠢᠨᠠᠬᠤ ᠳᠤ ᠣᠷᠣᠭᠤᠯᠤᠨ᠂ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠡᠨᠧᠷᠭᠢ᠂ ᠴᠠᠭ ᠠᠭᠤᠷ ᠵᠡᠷᠭᠡ ᠰᠠᠯᠠᠭ᠎ᠠ ᠮᠥᠴᠢᠷ ᠤᠳ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ︵ᠭᠤᠷᠪᠠ︶ ᠪᠡᠯᠡ ᠮᠥᠩᠭᠦ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ᠠᠵᠢᠯ ᠶᠠᠪᠤᠳᠠᠯ ᠤᠨ ᠡᠷᠬᠡ ᠬᠢᠭᠡᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠷᠢᠯᠴᠠᠨ ᠵᠣᠬᠢᠴᠠᠭᠤᠯᠬᠤ ᠵᠠᠷᠴᠢᠮ ᠶᠣᠰᠣᠭᠠᠷ᠂ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ ᠡᠬᠢ ᠪᠠᠶᠠᠯᠢᠭ ᠢᠶᠠᠨ ᠭᠦᠢᠴᠡᠳ ᠡᠮᠬᠢᠯᠡᠨ ᠨᠡᠶᠢᠯᠡᠭᠦᠯᠵᠦ᠂ ᠪᠡᠯᠡ ᠮᠥᠩᠭᠦ ᠶᠢᠨ ᠣᠷᠣᠭᠤᠯᠤᠯᠲᠠ ᠶᠢᠨ ᠠᠷᠭ᠎ᠠ ᠵᠠᠮ ᠢᠶᠠᠨ ᠥᠷᠭᠡᠳᠬᠡᠨ᠂ ᠳᠡᠭᠡᠳᠦ ᠱᠠᠲᠤᠨ ᠤ ᠳᠡᠮᠵᠢᠯᠭᠡ ᠶᠢ ᠢᠳᠡᠪᠬᠢᠲᠡᠢ ᠣᠯᠬᠤ᠂ ᠲᠤᠰᠬᠠᠢ ᠵᠦᠢᠯ ᠤᠨ ᠪᠡᠯᠡ ᠮᠥᠩᠭᠦ ᠶᠢ ᠨᠢᠭᠡᠳᠦᠯᠲᠡᠢ ᠲᠥᠯᠥᠪᠯᠡᠨ ᠡᠮᠬᠢᠯᠡᠨ ᠨᠡᠶᠢᠯᠡᠭᠦᠯᠬᠦ᠂ ᠵᠠᠷᠤᠯᠭ᠎ᠠ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ᠂ ᠦᠯᠡᠳᠡᠭᠡᠯ ᠪᠡᠯᠡ ᠮᠥᠩᠭᠦ ᠶᠢ ᠢᠯᠭᠠᠷᠠᠭᠤᠯᠤᠨ ᠠᠮᠢᠳᠤᠯᠢᠭ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠶᠢᠨ ᠪᠠᠶᠢᠭᠤᠯᠤᠯᠲᠠ ᠶᠢᠨ ᠪᠡᠯᠡ ᠮᠥᠩᠭᠦ ᠶᠢ ᠨᠡᠮᠡᠭᠳᠡᠭᠦᠯᠬᠦ ᠬᠡᠷᠡᠭᠲᠡᠢ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号