ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ | ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ᠄ | ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ | ᠱᠠᠭᠠᠷᠳᠠᠯᠭ᠎ᠠ ᠶᠣᠰᠣᠭᠠᠷ᠂ ᠡᠳᠦᠭᠡ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠠᠵᠢᠯ ᠤᠨ ᠬᠤᠷᠳᠤᠴᠠ ᠶᠢ | ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠳᠣᠣᠷᠠᠬᠢ | ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠄ | ᠨᠢᠭᠡ᠂ ᠠᠯᠪᠠᠨ ᠪᠢᠴᠢᠭ | ︵ᠨᠢᠭᠡ︶ ᠠᠵᠢᠯᠯᠠᠭᠠᠨ ᠢ ᠭᠦᠢᠴᠡᠳᠬᠡᠬᠦ ᠠᠯᠪᠠᠨ ᠪᠢᠴᠢᠭ ᠢ ᠴᠠᠭ ᠲᠤᠬᠠᠢ ᠳᠤᠨᠢ ᠭᠥᠯᠢᠶᠡᠨ ᠠᠪᠴᠤ ᠴᠠᠭ | ᠲᠤᠬᠠᠢ ᠳᠤᠨᠢ ᠭᠦᠢᠴᠡᠳᠬᠡᠵᠦ᠂ ᠲᠣᠰ ᠡᠳᠦᠷ ᠲᠤᠨᠢ ᠭᠦᠢᠴᠡᠳᠬᠡᠬᠦ ᠪᠠᠷ ᠪᠠᠶᠢᠭ᠎ᠠ ᠰᠠᠨᠠᠯ ᠢᠶᠠᠨ ᠳᠤᠷᠠᠳᠴᠤ᠂ ᠵᠠᠰᠠᠭ | ᠵᠠᠬᠢᠷᠭᠠᠨ ᠤ ᠠᠯᠪᠠᠨ ᠭᠡᠷ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠴᠠᠭ ᠲᠤᠬᠠᠢ ᠳᠤᠨᠢ ᠬᠦᠷᠭᠡᠵᠦ | ᠦᠵᠡᠭᠦᠯᠦᠨ ᠵᠥᠪᠰᠢᠶᠡᠷᠡᠭᠦᠯᠦᠨ᠎ᠡ᠃ᠤᠯᠠᠮ ᠨᠢᠭᠡ ᠠᠯᠬᠤᠮ ᠣᠶᠢᠯᠠᠭᠠᠬᠤ᠂ ᠰᠤᠳᠤᠯᠬᠤ᠂ ᠵᠣᠬᠢᠴᠠᠭᠤᠯᠬᠤ | ᠴᠢᠬᠤᠯᠠ ᠲᠠᠢ ᠠᠯᠪᠠᠨ ᠪᠢᠴᠢᠭ ᠢ ᠭᠠᠷᠭᠠᠪᠠᠯ᠂ ᠪᠠᠴᠢᠮ ᠠᠯᠪᠠᠨ ᠪᠢᠴᠢᠭ ᠨᠢ ᠬᠡᠵᠢᠶ᠎ᠡ ᠢᠷᠡᠪᠡᠯ ᠬᠡᠵᠢᠶ᠎ᠡ ᠭᠠᠷ ᠤᠨ | ᠤᠶᠢᠰᠦᠭ ᠵᠢᠷᠤᠪᠠᠯ ᠬᠡᠵᠢᠶ᠎ᠡ ᠪᠤᠴᠠᠭᠠᠨ᠎ᠠ᠃ | ᠳᠠᠷᠤᠮᠠᠯᠯᠠᠨ ᠳᠠᠷᠬᠠᠭᠠᠬᠤ ᠴᠢᠬᠤᠯᠠᠳᠠᠢ ᠠᠯᠪᠠᠨ ᠪᠢᠴᠢᠭ ᠢ ᠡᠩ ᠤᠨ ᠪᠠᠶᠢᠳᠠᠯ ᠳᠤ 1-3 ᠠᠵᠢᠯᠯᠠᠬᠤ ᠡᠳᠦᠷ ᠤᠨ | ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠲᠤ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ | ᠳᠤ ᠪᠤᠴᠠᠭᠠᠬᠤ ᠬᠡᠷᠡᠭᠲᠡᠢ᠃ | ︵ᠬᠤᠶᠠᠷ︶ ᠠᠶᠢᠮᠠᠭ ᠤᠨ ᠳᠠᠷᠤᠭ᠎ᠠ᠂ ᠠᠶᠢᠮᠠᠭ ᠤᠨ ᠳᠡᠳ᠋ ᠳᠠᠷᠤᠭ᠎ᠠ ᠪᠠᠷ ᠭᠠᠷ ᠤᠨ ᠥᠰᠥᠭ ᠵᠢᠷᠤᠭᠤᠯᠵᠤ | ᠵᠥᠪᠰᠢᠶᠡᠷᠡᠭᠦᠯᠬᠦ ᠴᠢᠬᠤᠯᠠᠲᠠᠢ ᠪᠢᠴᠢᠭ ᠮᠠᠲ᠋ᠧᠷᠢᠶᠠᠯ ᠢ ᠡᠯ᠎ᠡ ᠬᠠᠷᠠᠭᠠᠯᠵᠠᠭᠰᠠᠨ ᠨᠠᠷᠢᠨ ᠪᠢᠴᠢᠭᠡᠴᠢ ᠶᠢᠨ ᠰᠠᠯᠠᠭ᠎ᠠ | ᠲᠠᠰᠤᠭ ᠨᠢ ᠴᠠᠭ ᠲᠤᠬᠠᠢ ᠳᠤᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠮᠠᠲ᠋ᠧᠷᠢᠶᠠᠯ ᠢ ᠳᠠᠷᠤᠵᠤ ᠴᠢᠷᠦᠭᠦᠯᠵᠦ | ᠪᠣᠯᠬᠤ ᠦᠭᠡᠢ᠂ ᠪᠠᠴᠢᠮ ᠠᠯᠪᠠᠨ ᠪᠢᠴᠢᠭ ᠢ ᠬᠡᠵᠢᠶ᠎ᠡ ᠣᠴᠢᠪᠠᠯ ᠬᠡᠵᠢᠶ᠎ᠡ ᠭᠠᠷ ᠤᠨ ᠥᠰᠥᠭ ᠵᠢᠷᠤᠪᠠᠯ ᠬᠡᠵᠢᠶ᠎ᠡ | ᠪᠣᠴᠠᠭᠠᠨ᠎ᠠ︔ ᠡᠩ ᠤᠨ ᠠᠯᠪᠠᠨ ᠪᠢᠴᠢᠭ ᠲᠤ 2 ︱ 3 ᠠᠵᠢᠯᠯᠠᠬᠤ ᠡᠳᠦᠷ ᠤᠨ ᠳᠣᠲᠣᠷ᠎ᠠ ᠭᠠᠷ ᠤᠨ ᠥᠰᠥᠭ | ᠵᠢᠷᠤᠵᠤ ᠵᠥᠪᠰᠢᠶᠡᠷᠡᠨ ᠳᠠᠭᠤᠰᠬᠠᠬᠤ ᠶᠢᠨ ᠬᠠᠮᠲᠤ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠳᠤ | ᠪᠤᠴᠠᠭᠠᠬᠤ ᠶᠢ ᠣᠳᠣᠷᠢᠳᠣᠯᠭ᠎ᠠ ᠳᠤ ᠰᠠᠨᠠᠭᠤᠯᠬᠤ ᠬᠡᠷᠡᠭᠲᠡᠢ︔ ᠵᠣᠬᠢᠴᠠᠭᠤᠯᠤᠨ ᠰᠤᠳᠤᠯᠬᠤ ᠴᠢᠬᠤᠯᠠᠳᠠᠢ᠂ ᠲᠦᠷ | ᠴᠠᠭ ᠭᠠᠷ ᠤᠨ ᠥᠰᠥᠭ ᠵᠢᠷᠤᠵᠤ ᠵᠥᠪᠰᠢᠶᠡᠷᠡᠬᠦ ᠶᠢᠨ ᠠᠷᠭ᠎ᠠ ᠦᠭᠡᠢ ᠠᠯᠪᠠᠨ ᠪᠢᠴᠢᠭ ᠲᠣᠬᠢᠶᠠᠯᠳᠤᠪᠠᠯ᠂ ᠴᠠᠭ | ᠲᠤᠬᠠᠢ ᠳᠤᠨᠢ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠳᠤ ᠮᠡᠳᠡᠭᠳᠡᠬᠦ ᠬᠡᠷᠡᠭᠲᠡᠢ᠃ | ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠶᠢᠨ ᠬᠢᠨ ᠠᠯᠪᠠᠨ ᠪᠢᠴᠢᠭ ᠤᠨ ᠠᠵᠢᠯᠯᠠᠭᠠᠨ ᠤ | ᠪᠠᠶᠢᠳᠠᠯ ᠢ ᠡᠳᠦᠷ ᠪᠦᠷᠢ ᠴᠠᠭ ᠲᠤᠬᠠᠢ ᠳᠤᠨᠢ ᠮᠡᠳᠡᠭᠳᠡᠵᠦ᠂ ᠤᠳᠤᠷᠢᠳᠬᠤ ᠨᠥᠬᠦᠳ ᠲᠤ ᠴᠠᠭ ᠲᠤᠬᠠᠢ ᠳᠤᠨᠢ | ᠪᠢᠴᠢᠭ ᠮᠠᠲ᠋ᠧᠷᠢᠶᠠᠯ ᠢ ᠦᠵᠡᠬᠦ ᠶᠢ ᠰᠠᠨᠠᠭᠤᠯᠵᠤ᠂ ᠠᠯᠪᠠᠨ ᠪᠢᠴᠢᠭ ᠢ ᠡᠳᠦᠷ ᠪᠦᠷᠢ ᠨᠢᠭᠡ ᠤᠳᠠᠭ᠎ᠠ ᠰᠠᠨᠠᠭᠤᠯᠬᠤ | ᠬᠡᠷᠡᠭᠲᠡᠢ᠃ | ︵ᠭᠤᠷᠪᠠ︶ ᠵᠠᠬᠢᠷᠭ᠎ᠠ ᠪᠤᠶᠤ ᠵᠠᠬᠢᠷᠭᠠᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠳᠠᠷᠬᠠᠭᠠᠬᠤ ᠪᠠᠷ | ᠳᠡᠪᠰᠢᠭᠦᠯᠦᠭᠰᠡᠨ ᠠᠯᠪᠠᠨ ᠪᠢᠴᠢᠭ᠂ ᠬᠢᠨᠠᠨ ᠬᠠᠷᠭᠤᠭᠤᠯᠬᠤ ᠪᠠᠷ ᠳᠠᠮᠵᠢᠭᠠᠳ ᠴᠢᠬᠤᠯᠠ ᠨᠥᠬᠦᠴᠡᠯ ᠨᠢ ᠪᠦᠷᠢᠨ ᠪᠤᠰᠤ᠂ | ᠶᠠᠰᠤ ᠴᠢᠨᠠᠷ ᠢᠶᠠᠷ ᠨᠡᠯᠢᠶᠡᠳ ᠠᠨᠠᠢ ᠡᠬᠡ ᠪᠢᠴᠢᠭ ᠢ ᠪᠣᠯ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠨᠢ | ᠲᠤᠰ ᠡᠳᠦᠷ ᠲᠤᠨᠢ ᠪᠢᠴᠢᠭ ᠮᠠᠲ᠋ᠧᠷᠢᠶᠠᠯ ᠢ ᠪᠤᠴᠠᠭᠠᠬᠤ ᠶᠢᠨ ᠬᠠᠮᠲᠤ ᠵᠠᠰᠠᠪᠤᠷᠢ ᠣᠷᠣᠭᠤᠯᠬᠤ ᠱᠠᠭᠠᠷᠳᠠᠯᠭ᠎ᠠ | ᠳᠤᠷᠠᠳᠬᠤ ᠬᠡᠷᠡᠭᠲᠡᠢ᠃ ᠪᠢᠴᠢᠭ ᠮᠠᠲ᠋ᠧᠷᠢᠶᠠᠯ ᠶᠠᠪᠤᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠢᠨᠠᠨ | ᠬᠠᠷᠭᠤᠭᠤᠯᠬᠤ ᠴᠠᠭ ᠢ ᠡᠩ ᠤᠨ ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ︔ | ᠬᠠᠭᠤᠳᠠᠰᠤ ᠨᠢ ᠨᠡᠯᠢᠶᠡᠳ ᠤᠷᠳᠤ᠂ ᠠᠭᠤᠯᠭ᠎ᠠ ᠨᠢ ᠨᠡᠯᠢᠶᠡᠳ ᠠᠷᠪᠢᠨ ᠪᠠᠶᠢᠪᠠᠯ᠂ ᠬᠢᠨᠠᠨ ᠬᠠᠷᠭᠤᠭᠤᠯᠬᠤ ᠴᠠᠭ ᠢ | ᠡᠩ ᠤᠨ ᠪᠠᠶᠢᠳᠠᠯ ᠳᠤ 3 ᠠᠵᠢᠯ ᠤᠨ ᠡᠳᠦᠷ ᠠᠴᠠ ᠬᠡᠲᠦᠷᠡᠭᠦᠯᠵᠦ ᠪᠣᠯᠬᠤ ᠦᠭᠡᠢ︔ ᠪᠠᠴᠢᠮ ᠪᠢᠴᠢᠭ | ᠮᠠᠲ᠋ᠧᠷᠢᠶᠠᠯ ᠢ ᠲᠡᠷᠡ ᠳᠠᠷᠤᠢ ᠳᠤᠨᠢ ᠬᠤᠷᠢᠶᠠᠨ ᠠᠪᠴᠤ ᠲᠡᠷᠡ ᠳᠠᠷᠤᠢ ᠳᠤᠨᠢ ᠬᠠᠷᠭᠤᠭᠤᠯᠣᠨ᠎ᠠ᠃ | ᠪᠢᠴᠢᠭ ᠮᠠᠲ᠋ᠧᠷᠢᠶᠠᠯ ᠤᠨ ᠬᠠᠭᠤᠳᠠᠰᠤ ᠶᠢ ᠴᠢᠩᠭ᠎ᠠ ᠬᠢᠵᠠᠭᠠᠷᠯᠠᠵᠤ᠂ ᠣᠨᠴᠣᠭᠤᠢ ᠪᠠᠶᠢᠳᠠᠯ ᠢ ᠭᠠᠷᠭᠠᠪᠠᠯ᠂ ᠵᠢᠭᠠᠪᠤᠷᠢ | ᠠᠪᠬᠤ ᠮᠡᠳᠡᠭᠦᠯᠦᠯᠲᠡ᠂ ᠲᠤᠰᠬᠠᠢ ᠵᠦᠢᠯ ᠤᠨ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ 3000 ᠦᠰᠦᠭ ᠠᠴᠠ | ᠬᠡᠲᠦᠷᠡᠭᠦᠯᠵᠦ ᠪᠣᠯᠬᠤ ᠦᠭᠡᠢ᠂ ᠶᠡᠷᠦᠩᠬᠡᠶᠢᠯᠡᠭᠰᠡᠨ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ 5000 ᠦᠰᠦᠭ ᠠᠴᠠ | ᠬᠡᠲᠦᠷᠡᠭᠦᠯᠵᠦ ᠪᠣᠯᠬᠤ ᠦᠭᠡᠢ︔ᠪᠢᠴᠢᠭ ᠮᠠᠲ᠋ᠧᠷᠢᠶᠠᠯ ᠶᠠᠪᠤᠭᠤᠯᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ | ᠣᠷᠣᠯᠠᠨ ᠲᠤᠭᠤᠷᠪᠢᠭᠰᠠᠨ ᠨᠣᠣᠷᠠᠭ ᠲᠤ ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ | ᠠᠵᠢᠯ ᠢ ᠪᠠᠶᠢᠷᠢᠯᠠᠭᠤᠯᠬᠤ ᠳᠠᠭᠠᠨ ᠵᠠᠷᠴᠢᠮ ᠳᠡᠭᠡᠷ᠎ᠡ ᠪᠠᠨ 5000 ᠥᠰᠥᠭ ᠠᠴᠠ ᠬᠡᠲᠦᠷᠡᠭᠦᠯᠵᠦ ᠪᠣᠯᠬᠤ ᠦᠭᠡᠢ᠂ | ᠲᠤᠰᠬᠠᠢ ᠠᠵᠢᠯ ᠪᠤᠶᠤ ᠪᠣᠳᠠᠲᠠᠢ ᠡᠭᠦᠷᠭᠡ ᠶᠢ ᠪᠠᠶᠢᠷᠢᠯᠠᠭᠤᠯᠬᠤ ᠳᠠᠭᠠᠨ ᠵᠠᠷᠴᠢᠮ ᠳᠡᠭᠡᠷ᠎ᠡ ᠪᠠᠨ 3000 | ᠥᠰᠥᠭ ᠠᠴᠠ ᠬᠡᠲᠦᠷᠡᠭᠦᠯᠵᠦ ᠪᠣᠯᠬᠤ ᠦᠭᠡᠢ᠃ | ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠬᠦ ᠴᠢᠬᠤᠯᠠᠲᠠᠢ ᠠᠯᠪᠠᠨ ᠪᠢᠴᠢᠭ ᠢ ᠬᠠᠤᠯᠢ ᠴᠠᠭᠠᠵᠠ ᠶᠢᠨ | ᠬᠡᠷᠡᠭ ᠶᠠᠪᠤᠳᠠᠯ ᠤᠨ ᠰᠠᠯᠠᠭ᠎ᠠ ᠨᠢ ᠡᠩ ᠤᠨ ᠪᠠᠶᠢᠳᠠᠯ ᠳᠤ 1 ︱ 3 ᠠᠵᠢᠯᠯᠠᠬᠤ ᠡᠳᠦᠷ ᠤᠨ ᠳᠣᠲᠣᠷ᠎ᠠ ᠬᠢᠨᠠᠨ | ᠬᠠᠷᠭᠤᠭᠤᠯᠵᠤ ᠳᠠᠭᠤᠰᠬᠠᠬᠤ ᠬᠡᠷᠡᠭᠲᠡᠢ︔ᠪᠠᠴᠢᠮ ᠶᠠᠪᠤᠳᠠᠯ ᠳᠤ ᠬᠤᠯᠪᠣᠭᠳᠠᠬᠤ ᠠᠯᠪᠠᠨ ᠪᠢᠴᠢᠭ ᠢ ᠲᠡᠷᠡ ᠳᠠᠷᠤᠢ | ᠳᠤᠨᠢ ᠬᠤᠷᠢᠶᠠᠨ ᠠᠪᠴᠤ ᠲᠡᠷᠡ ᠳᠠᠷᠤᠢ ᠳᠤᠨᠢ ᠬᠠᠷᠭᠤᠭᠤᠯᠬᠤ ᠬᠡᠷᠡᠭᠲᠡᠢ᠃ | ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠵᠠᠬᠢᠷᠭ᠎ᠠ ᠪᠤᠶᠤ ᠵᠠᠬᠢᠷᠭ᠎ᠠ ᠶᠢᠨ | ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠭ᠎ᠠ ᠪᠢᠴᠢᠭ ᠮᠠᠲ᠋ᠧᠷᠢᠶᠠᠯ ᠢ ᠲᠦᠷᠦᠭᠦᠯᠡᠬᠦ ᠰᠠᠯᠠᠭ᠎ᠠ | ᠮᠥᠴᠢᠷ ᠨᠢ ᠬᠤᠷᠠᠯ ᠲᠡᠭᠦᠰᠦᠭᠰᠡᠨ ᠤ ᠳᠠᠷᠠᠭᠠᠬᠢ 3 ᠠᠵᠢᠯᠯᠠᠬᠤ ᠡᠳᠦᠷ ᠤᠨ ᠳᠣᠲᠣᠷ᠎ᠠ ᠲᠠᠰ ᠳᠠᠷᠠᠭᠠᠯᠠᠯ ᠤᠨ | ᠶᠣᠰᠣᠭᠠᠷ ᠵᠠᠰᠠᠪᠤᠷᠢ ᠣᠷᠣᠭᠤᠯᠵᠤ᠂ ᠬᠠᠮᠲᠤᠷᠠᠨ ᠭᠠᠷ ᠤᠨ ᠥᠰᠥᠭ ᠵᠢᠷᠤᠭᠰᠠᠨ ᠤ ᠳᠠᠷᠠᠭ᠎ᠠ ᠵᠠᠬᠢᠷᠭ᠎ᠠ ᠳᠤ | ᠮᠡᠳᠡᠭᠦᠯᠵᠦ᠂ ᠴᠢᠬᠤᠯᠠ ᠶᠡᠭᠡ ᠵᠠᠰᠠᠪᠤᠷᠢ ᠣᠷᠣᠭᠤᠯᠬᠤ ᠰᠠᠨᠠᠯ ᠲᠠᠢ ᠪᠠᠶᠢᠵᠤ ᠵᠣᠬᠢᠴᠠᠭᠤᠯᠬᠤ ᠴᠢᠬᠤᠯᠠᠲᠠᠢ ᠪᠠᠶᠢᠪᠠᠯ᠂ | ᠡᠷᠬᠡᠪᠰᠢ 6 ᠠᠵᠢᠯᠯᠠᠬᠤ ᠡᠳᠦᠷ ᠤᠨ ᠳᠣᠲᠣᠷ᠎ᠠ ᠳᠡᠭᠡᠭᠰᠢ ᠮᠡᠳᠡᠭᠦᠯᠬᠦ ᠬᠡᠷᠡᠭᠲᠡᠢ᠃ | ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠤᠨ ᠬᠠᠮᠵᠢᠨ ᠬᠢᠨᠠᠨ ᠬᠠᠷᠭᠤᠭᠤᠯᠤᠭᠰᠠᠨ ᠠᠯᠪᠠᠨ ᠪᠢᠴᠢᠭ ᠤᠨ ᠬᠢᠨᠠᠨ | ᠬᠠᠷᠭᠤᠭᠤᠯᠬᠤ ᠴᠠᠭ ᠢ ᠡᠩ ᠤᠨ ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ᠵᠠᠬᠢᠷᠭᠠᠨ ᠤ ᠠᠯᠪᠠᠨ ᠭᠡᠷ ᠤᠨ ᠤᠳᠤᠷᠢᠳᠤᠯᠭ᠎ᠠ ᠶᠢᠨ ᠬᠢᠨᠠᠨ ᠭᠠᠷ ᠤᠨ ᠥᠰᠥᠭ ᠵᠢᠷᠤᠬᠤ ᠴᠠᠭ ᠢ ᠡᠩ ᠤᠨ | ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ | ︵ᠳᠥᠷᠪᠡ︶ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠳᠤ ᠳᠡᠪᠰᠢᠭᠦᠯᠵᠦ ᠬᠢᠨᠠᠨ | ᠵᠥᠪᠯᠡᠭᠦᠯᠬᠦ ᠪᠠᠷ ᠪᠠᠶᠢᠭ᠎ᠠ ᠪᠤᠶᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠶᠤ ᠠᠶᠢᠮᠠᠭ ᠤᠨ ᠨᠠᠮ ᠤᠨ | ᠬᠤᠷᠢᠶ᠎ᠠ ᠶᠢᠨ ᠠᠯᠪᠠᠨ ᠭᠡᠷ᠂ ᠵᠠᠬᠢᠷᠭ᠎ᠠ ᠶᠢᠨ ᠠᠯᠪᠠᠨ ᠭᠡᠷ ᠬᠠᠮᠲᠤᠷᠠᠨ ᠪᠢᠴᠢᠭ ᠮᠠᠲ᠋ᠧᠷᠢᠶᠠᠯ ᠶᠠᠪᠤᠭᠤᠯᠬᠤ ᠪᠠᠷ | ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠡᠬᠡ ᠨᠣᠣᠷᠠᠭ ᠤᠨ ᠠᠭᠤᠯᠭ᠎ᠠ ᠨᠢ ᠭᠤᠣᠯᠳᠠᠭᠤ ᠵᠠᠬᠢᠷᠭ᠎ᠠ ᠶᠢᠨ ᠡᠭᠦᠷᠭᠡ | ᠬᠠᠷᠢᠭᠤᠴᠠᠯᠭ᠎ᠠ ᠳᠤ ᠬᠤᠯᠪᠣᠭᠳᠠᠬᠤ ᠮᠥᠷᠲᠡᠭᠡᠨ ᠲᠦᠷᠦᠭᠦᠯᠡᠨ ᠨᠣᠣᠷᠠᠭᠯᠠᠬᠤ ᠰᠠᠯᠠᠭ᠎ᠠ ᠮᠥᠴᠢᠷ ᠨᠢ ᠵᠠᠬᠢᠷᠭ᠎ᠠ ᠶᠢᠨ | ᠰᠠᠯᠠᠭ᠎ᠠ ᠮᠥᠴᠢᠷ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ 20 ᠡᠳᠦᠷ ᠤᠨ ᠡᠮᠦᠨ᠎ᠡ ᠵᠠᠬᠢᠷᠭ᠎ᠠ ᠶᠢᠨ | ᠠᠯᠪᠠᠨ ᠭᠡᠷ ᠲᠤ ᠮᠡᠳᠡᠭᠦᠯᠵᠦ ᠬᠠᠮᠢᠶ᠎ᠠ ᠪᠦᠬᠦᠢ ᠬᠢᠨᠠᠨ ᠵᠥᠪᠯᠡᠬᠦ ᠪᠤᠶᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ | ᠭᠦᠢᠴᠡᠳᠬᠡᠬᠦ ᠬᠡᠷᠡᠭᠲᠡᠢ᠃ | ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠵᠦᠢᠯ ᠳᠤ᠂ ᠰᠤᠳᠤᠯᠬᠤ ᠪᠠ ᠰᠢᠢᠳᠪᠦᠷᠢᠲᠦ ᠪᠣᠳᠣᠯᠭ᠎ᠠ | ᠲᠣᠭᠲᠠᠭᠠᠬᠤ ᠴᠠᠭ ᠢ ᠵᠠᠬᠢᠷᠭ᠎ᠠ ᠳᠤ ᠭᠦᠢᠴᠡᠳ ᠦᠯᠡᠳᠡᠭᠡᠵᠦ ᠥᠭᠬᠦ ᠬᠡᠷᠡᠭᠲᠡᠢ᠂ ᠡᠩ ᠤᠨ ᠶᠠᠪᠤᠳᠠᠯ ᠢ 14 | ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠪᠠᠴᠢᠮ ᠶᠠᠪᠤᠳᠠᠯ ᠢ 7 ᠠᠵᠢᠯᠯᠠᠬᠤ ᠡᠳᠦᠷ ᠠᠴᠠ | ᠳᠤᠲᠠᠭᠤ ᠪᠠᠶᠢᠯᠭᠠᠵᠤ ᠪᠣᠯᠬᠤ ᠦᠭᠡᠢ᠂ ᠣᠨᠴᠣᠭᠤᠢ ᠪᠠᠴᠢᠮ ᠶᠠᠪᠤᠳᠠᠯ ᠢ ᠪᠣᠯ ᠭᠡᠨᠡᠳᠲᠡ ᠶᠢᠨ ᠬᠡᠷᠡᠭ ᠠᠴᠠ ᠭᠠᠳᠠᠨ᠎ᠠ᠂ | ᠵᠠᠬᠢᠷᠭᠠᠨ ᠤ ᠠᠯᠪᠠᠨ ᠭᠡᠷ ᠯᠦᠭᠡ ᠤᠷᠢᠳᠠᠪᠠᠷ ᠨᠡᠪᠲᠡᠷᠡᠯᠴᠡᠨ ᠲᠣᠳᠣᠷᠬᠠᠶᠢᠯᠠᠵᠤ᠂ ᠱᠠᠯᠠᠪᠳᠠᠨ ᠭᠦᠢᠴᠡᠳᠬᠡᠵᠦ᠂ | ᠲᠦᠷᠭᠡᠬᠡᠨ ᠮᠡᠳᠡᠭᠦᠯᠦᠨ ᠬᠦᠷᠭᠡᠬᠦ ᠶᠢᠨ ᠬᠠᠮᠲᠤ ᠪᠠᠴᠢᠮ ᠰᠢᠯᠲᠠᠭᠠᠨ ᠤ ᠲᠣᠳᠣᠷᠬᠠᠶᠢᠯᠠᠯᠲᠠ ᠶᠢ ᠳᠠᠭᠠᠯᠳᠤᠭᠤᠯᠬᠤ | ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ | ᠳᠠᠷᠠᠭ᠎ᠠ᠂ ᠵᠠᠬᠢᠷᠭ᠎ᠠ ᠪᠤᠶᠤ ᠵᠠᠬᠢᠷᠭᠠᠨ ᠤ ᠠᠯᠪᠠᠨ ᠭᠡᠷ ᠤᠨ ᠨᠡᠷ᠎ᠡ ᠪᠠᠷ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ | ᠲᠣᠭᠲᠠᠭᠠᠬᠤ ᠴᠢᠬᠤᠯᠠᠲᠠᠢ ᠪᠣᠯ᠂ ᠭᠦᠢᠴᠡᠳᠬᠡᠬᠦ ᠴᠠᠭ ᠤᠨ ᠬᠢᠵᠠᠭᠠᠷ ᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ | ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠤᠨ ᠬᠢᠵᠠᠭᠠᠷ ᠠᠴᠠ 10 ᠠᠵᠢᠯᠯᠠᠬᠤ | ᠡᠳᠦᠷ ᠤᠨ ᠡᠮᠦᠨ᠎ᠡ ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠢ ᠵᠠᠬᠢᠷᠭ᠎ᠠ ᠳᠤ ᠮᠡᠳᠡᠭᠦᠯᠦᠨ | ᠬᠦᠷᠭᠡᠬᠦ ᠬᠡᠷᠡᠭᠲᠡᠢ︔ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠦᠭᠡᠢ᠂ ᠨᠡᠯᠢᠶᠡᠳ ᠲᠥᠬᠦᠮ | ᠵᠦᠢᠯᠡᠰ ᠲᠤ 20 ᠠᠵᠢᠯᠯᠠᠬᠤ ᠡᠳᠦᠷ ᠤᠨ ᠳᠣᠲᠣᠷ᠎ᠠ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ︔ | ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠵᠦᠢᠯᠡᠰ ᠲᠤ ᠬᠤᠯᠪᠣᠭᠳᠠᠬᠤ᠂ | ᠲᠤᠭᠤᠷᠪᠢᠨ ᠪᠢᠴᠢᠵᠦ ᠮᠡᠳᠡᠭᠦᠯᠦᠨ ᠬᠦᠷᠭᠡᠬᠦ ᠠᠵᠢᠯ ᠢ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠪᠠᠷ | ᠴᠢᠷᠮᠠᠶᠢᠨ᠎ᠠ᠃ᠪᠠᠴᠢᠮ ᠶᠠᠪᠤᠳᠠᠯ ᠢ ᠬᠡᠵᠢᠶ᠎ᠡ ᠢᠷᠡᠪᠡᠯ ᠲᠡᠷᠡ ᠳᠠᠷᠤᠢ ᠳᠤᠨᠢ ᠰᠢᠢᠳᠪᠦᠷᠢᠯᠡᠨ᠎ᠡ᠃ | ︵ᠲᠠᠪᠤ︶ ᠠᠯᠪᠠᠨ ᠪᠢᠴᠢᠭ ᠢ ᠭᠦᠢᠴᠡᠳᠬᠡᠬᠦ ᠡᠬᠡ ᠲᠠᠩᠰᠠ ᠪᠣᠯᠣᠨ ᠨᠠᠷᠢᠨ ᠬᠠᠭᠤᠳᠠᠰᠤ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠠᠯᠪᠠᠨ ᠪᠢᠴᠢᠭ ᠤᠨ ᠠᠵᠢᠯᠯᠠᠭᠠᠨ ᠤ ᠪᠥᠬᠦ ᠶᠠᠪᠤᠴᠠ᠂ ᠪᠠᠶᠢᠳᠠᠯ ᠢ ᠨᠠᠷᠢᠨ ᠲᠡᠮᠳᠡᠭᠯᠡᠵᠦ᠂ ᠠᠯᠪᠠᠨ | ᠪᠢᠴᠢᠭ ᠢ ᠰᠢᠢᠳᠪᠦᠷᠢᠯᠡᠵᠦ ᠳᠠᠭᠤᠰᠤᠭᠰᠠᠨ ᠤ ᠲᠠᠷᠠᠭ᠎ᠠ᠂ ᠭᠦᠢᠴᠡᠳᠬᠡᠭᠰᠡᠨ ᠦᠷ᠎ᠡ ᠳ᠋ᠦᠩ ᠢ ᠲᠣᠳᠣᠷᠬᠠᠶᠢᠯᠠᠨ᠂ | ᠪᠢᠳᠡᠭᠦᠮᠵᠢᠯᠡᠨ ᠬᠠᠮᠢᠶᠠᠷᠬᠤ ᠬᠡᠷᠡᠭᠲᠡᠢ᠃ | ︵ᠵᠢᠷᠭᠤᠭ᠎ᠠ︶ 10 ᠳ᠋ᠤᠭᠠᠷ ᠰᠠᠷ᠎ᠠ ᠶᠢᠨ ᠰᠡᠭᠦᠯᠴᠢ ᠪᠠᠷ ᠵᠠᠬᠢᠷᠭ᠎ᠠ ᠶᠢᠨ ᠤᠳᠤᠷᠢᠳᠤᠯᠭ᠎ᠠ᠂ ᠵᠠᠬᠢᠷᠭ᠎ᠠ ᠶᠢᠨ | ᠠᠯᠪᠠᠨ ᠭᠡᠷ ᠤᠨ ᠤᠳᠤᠷᠢᠳᠤᠯᠭ᠎ᠠ ᠨᠠᠷ ᠴᠥᠮ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠬᠡᠷᠡᠭᠯᠡᠨ | ᠨᠢᠭᠤᠴᠠ ᠳᠤ ᠥᠯᠥ ᠬᠤᠯᠪᠣᠭᠳᠠᠬᠤ ᠠᠯᠪᠠᠨ ᠪᠢᠴᠢᠭ ᠢ ᠤᠩᠰᠢᠨ ᠵᠥᠪᠰᠢᠶᠡᠷᠡᠨ᠎ᠡ᠃ | ᠬᠤᠶᠠᠷ᠂ ᠬᠤᠷᠠᠯ | ︵ᠳᠣᠯᠤᠭ᠎ᠠ︶ ᠵᠠᠬᠢᠷᠭ᠎ᠠ ᠶᠢᠨ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ᠂ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠨᠢ ᠵᠥᠪᠯᠡᠭᠰᠡᠨ ᠵᠦᠢᠯ ᠤᠨ ᠢᠶᠠᠨ ᠬᠡᠷᠡᠭᠴᠡᠭᠡ ᠶᠢ | ᠦᠨᠳᠦᠰᠦᠯᠡᠨ ᠬᠤᠷᠠᠯ ᠳᠤ ᠣᠷᠤᠯᠴᠠᠬᠤ ᠬᠥᠮᠥᠨ ᠤ ᠲᠤᠭ᠎ᠠ ᠶᠢ ᠲᠣᠭᠲᠠᠭᠠᠵᠤ᠂ ᠬᠤᠷᠠᠯ ᠳᠤ ᠪᠠᠷ᠎ᠠ ᠪᠣᠯᠬᠤ ᠴᠢᠬᠤᠯᠠ | ᠦᠭᠡᠢ ᠪᠠᠶᠢᠬᠤ ᠶᠢ ᠡᠷᠡᠰ ᠬᠤᠷᠢᠭᠯᠠᠨ᠎ᠠ᠃ | ︵ᠨᠠᠢᠮᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠳᠤ ᠳᠡᠪᠰᠢᠭᠦᠯᠬᠦ ᠪᠠᠷ ᠪᠠᠶᠢᠭ᠎ᠠ | ᠵᠥᠪᠯᠡᠬᠦ ᠰᠡᠳᠦᠪ ᠢ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠠᠴᠠ ᠡᠮᠦᠨ᠎ᠡ ᠨᠢᠭᠡ ᠭᠠᠷᠠᠭ ᠲᠤ | ᠤᠷᠢᠳᠠᠪᠠᠷ ᠵᠠᠬᠢᠷᠭ᠎ᠠ ᠶᠢᠨ ᠪᠠᠶᠢᠩᠭᠤ ᠶᠢᠨ ᠬᠤᠷᠠᠯ ᠳᠤ ᠵᠢᠭᠰᠠᠭᠠᠵᠤ ᠰᠤᠳᠤᠯᠬᠤ ᠬᠡᠷᠡᠭᠲᠡᠢ᠃ | ︵ᠶᠢᠰᠦ︶ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠬᠤ ᠪᠠᠷ ᠪᠠᠶᠢᠭ᠎ᠠ ᠵᠥᠪᠯᠡᠬᠦ ᠰᠡᠳᠦᠪ ᠢ ᠬᠠᠮᠢᠶ᠎ᠠ | ᠪᠦᠬᠦᠢ ᠰᠠᠯᠠᠭ᠎ᠠ ᠮᠥᠴᠢᠷ ᠤᠳ ᠤᠷᠢᠳᠴᠢᠯᠠᠨ ᠪᠡᠯᠡᠳᠬᠡᠵᠦ᠂ ︽ᠠᠯᠠᠱᠠ ᠠᠶᠢᠮᠠᠭ ᠤᠨ ᠵᠠᠬᠢᠷᠭ᠎ᠠ ᠶᠢᠨ ᠠᠵᠢᠯ ᠤᠨ | ᠳᠦᠷᠢᠮ︾ ᠵᠡᠷᠭᠡ ᠱᠠᠭᠠᠷᠳᠠᠯᠭ᠎ᠠ ᠶᠣᠰᠣᠭᠠᠷ᠂ ᠰᠠᠨᠠᠯ ᠬᠤᠷᠢᠶᠠᠬᠤ᠂ ᠲᠤᠰᠬᠠᠢ ᠰᠡᠳᠦᠪ ᠢᠶᠠᠷ ᠰᠤᠳᠤᠯᠬᠤ ᠵᠡᠷᠭᠡ | ᠴᠤᠪᠤᠷᠠᠯ ᠢ ᠴᠢᠩᠭ᠎ᠠ ᠪᠡᠶᠡᠯᠡᠭᠦᠯᠵᠦ᠂ ᠬᠠᠮᠢᠶ᠎ᠠ ᠪᠦᠬᠦᠢ ᠵᠥᠪᠯᠡᠬᠦ ᠰᠡᠳᠦᠪ ᠢ ᠬᠢᠨᠠᠨ ᠬᠠᠷᠭᠤᠭᠤᠯᠬᠤ ᠴᠤᠪᠤᠷᠠᠯ ᠢ | ᠪᠡᠶᠡᠯᠡᠭᠦᠯᠦᠭᠰᠡᠨ ᠦᠭᠡᠢ ᠪᠠᠶᠢᠪᠠᠯ᠂ ᠵᠠᠷᠴᠢᠮ ᠳᠡᠭᠡᠷ᠎ᠡ ᠪᠠᠨ ᠬᠤᠷᠠᠯ ᠳᠤ ᠵᠢᠭᠰᠠᠭᠠᠵᠤ ᠰᠤᠳᠤᠯᠬᠤ ᠦᠭᠡᠢ᠃ | ︵ᠠᠷᠪᠠ︶ ᠸᠢᠳᠢᠤ᠋ ᠬᠤᠷᠠᠯ ᠢ ᠡᠩ ᠤᠨ ᠪᠠᠶᠢᠳᠠᠯ ᠳᠤ ᠳᠣᠣᠷ᠎ᠠ ᠨᠢᠭᠡ ᠱᠠᠲᠤᠨ ᠳᠤ ᠯᠠ ᠬᠤᠷᠠᠯᠳᠤᠭᠤᠯᠤᠨ᠎ᠠ᠂ | ᠱᠠᠲᠤ ᠱᠠᠲᠤ ᠪᠠᠷ ᠲᠣᠬᠤᠵᠤ ᠬᠤᠷᠠᠯᠳᠤᠭᠤᠯᠬᠤ ᠦᠭᠡᠢ᠃ | ︵ᠠᠷᠪᠠᠨ ᠨᠢᠭᠡ︶ ᠵᠠᠬᠢᠷᠭᠠᠨ ᠤ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ᠂ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠪᠠ ᠵᠠᠬᠢᠷᠭᠠᠨ ᠤ ᠨᠠᠮ ᠤᠨ ᠳᠤᠭᠤᠶᠢᠯᠠᠩ ᠤᠨ | ᠬᠤᠷᠠᠯ ᠤᠨ ᠲᠣᠪᠴᠢ ᠲᠡᠮᠳᠡᠭᠯᠡᠯ ᠢ 1 ︱ 3 ᠠᠵᠢᠯᠯᠠᠬᠤ ᠡᠳᠦᠷ ᠤᠨ ᠳᠣᠲᠣᠷ᠎ᠠ ᠲᠤᠭᠤᠷᠪᠢᠨ ᠪᠢᠴᠢᠬᠦ ᠠᠵᠢᠯ ᠢ | ᠳᠠᠭᠤᠰᠬᠠᠬᠤ ᠶᠢᠨ ᠬᠠᠮᠲᠤ ᠭᠠᠷ ᠤᠨ ᠥᠰᠥᠭ ᠵᠢᠷᠤᠵᠤ ᠵᠥᠪᠰᠢᠶᠡᠷᠡᠬᠦ ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ︔ | ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠴᠢᠬᠤᠯᠠᠳᠠᠢ ᠪᠣᠯ᠂ 1 ᠠᠵᠢᠯᠯᠠᠬᠤ ᠡᠳᠦᠷ ᠤᠨ | ᠳᠣᠲᠣᠷ᠎ᠠ ᠪᠡᠶᠡᠯᠡᠭᠦᠯᠬᠦ ᠬᠡᠷᠡᠭᠲᠡᠢ᠃ | ︵ᠠᠷᠪᠠᠨ ᠬᠤᠶᠠᠷ︶ ᠴᠢᠬᠤᠯᠠ ᠬᠤᠷᠠᠯ ᠤᠨ ᠰᠣᠨᠢᠨ ᠮᠡᠳᠡᠭᠡᠯᠡᠯ ᠤᠨ ᠠᠵᠢᠯ ᠢ ᠴᠠᠭ ᠲᠤᠬᠠᠢ ᠳᠤᠨᠢ ᠰᠠᠶᠢᠲᠤᠷ | ᠬᠢᠵᠦ᠂ ᠰᠣᠨᠢᠨ ᠮᠡᠳᠡᠭᠡᠨ ᠤ ᠨᠡᠪᠲᠡᠷᠡᠭᠰᠡᠨ ᠡᠬᠡ ᠪᠢᠴᠢᠭ ᠤᠨ ᠲᠤᠭ᠎ᠠ᠂ ᠲᠧᠯᠸᠢᠰ ᠤᠨ ᠰᠣᠨᠢᠨ ᠮᠡᠳᠡᠭᠡᠨ ᠤ ᠴᠠᠭ ᠤᠨ | ᠣᠷᠳᠣ ᠶᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ᠰᠣᠨᠢᠨ ᠮᠡᠳᠡᠭᠡᠯᠡᠯ ᠢ | ᠵᠠᠷᠴᠢᠮ ᠳᠡᠭᠡᠷ᠎ᠡ ᠪᠠᠨ ᠲᠤᠰ ᠡᠳᠦᠷ ᠲᠤᠨᠢ ᠨᠡᠶᠢᠲᠡᠯᠡᠬᠦ ᠬᠡᠷᠡᠭᠲᠡᠢ᠃ | ︵ᠠᠷᠪᠠᠨ ᠭᠤᠷᠪᠠ︶ ᠠᠵᠢᠯ ᠤᠨ ᠡᠭᠦᠷᠭᠡ ᠶᠢ ᠪᠠᠶᠢᠷᠢᠯᠠᠭᠤᠯᠬᠤ ᠬᠤᠷᠠᠯ ᠳᠤ᠂ ᠬᠠᠮᠢᠶ᠎ᠠ ᠪᠦᠬᠦᠢ ᠰᠠᠯᠠᠭ᠎ᠠ | ᠲᠠᠰᠤᠭ ᠨᠢ ᠲᠣᠰ ᠡᠳᠦᠷ ᠲᠡᠭᠡᠨ ᠡᠭᠦᠷᠭᠡ ᠶᠢᠨ ᠨᠠᠷᠢᠨ ᠬᠠᠭᠤᠳᠠᠰᠤ ᠶᠢ ᠪᠦᠷᠢᠯᠳᠦᠭᠦᠯᠬᠦ ᠶᠢᠨ ᠬᠠᠮᠲᠤ | ᠬᠤᠯᠪᠣᠭᠳᠠᠯ ᠪᠦᠬᠦᠢ ᠬᠤᠰᠢᠭᠤ ᠣᠷᠣᠨ᠂ ᠰᠠᠯᠠᠭ᠎ᠠ ᠮᠥᠴᠢᠷ ᠲᠤ ᠰᠢᠯᠵᠢᠭᠦᠯᠦᠨ᠂ ᠰᠢᠮᠳᠠᠭᠤᠯᠤᠨ ᠭᠦᠢᠴᠡᠳᠬᠡᠬᠦ | ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ᠃ | ︵ᠠᠷᠪᠠᠨ ᠳᠥᠷᠪᠡ︶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠢ | ᠴᠣᠮᠬᠠᠳᠬᠠᠵᠤ ᠬᠤᠷᠠᠯ ᠢ ᠴᠥᠭᠡᠳᠬᠡᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ | ᠬᠤᠷᠠᠯ ᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠬᠤᠷᠠᠯ ᠤᠨ ᠬᠡᠪ ᠪᠠᠷᠢᠮᠵᠢᠶ᠎ᠠ ᠶᠢ ᠳᠤᠷ᠎ᠠ ᠪᠠᠷ ᠢᠶᠠᠨ | ᠳᠡᠭᠡᠭᠰᠢᠯᠡᠭᠦᠯᠬᠦ ᠶᠢ ᠴᠢᠩᠭ᠎ᠠ ᠴᠠᠭᠠᠵᠠᠯᠠᠨ᠂ ᠣᠬᠤᠷ ᠬᠤᠷᠠᠯ ᠬᠢᠬᠦ᠂ ᠣᠬᠤᠷ ᠦᠭᠡ ᠬᠡᠯᠡᠬᠦ ᠶᠢ ᠪᠠᠷᠢᠮᠲᠠᠯᠠᠵᠤ᠂ | ᠬᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | ︵ᠠᠷᠪᠠᠨ ᠲᠠᠪᠤ︶ ᠵᠠᠬᠢᠷᠭᠠᠨ ᠤ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ | ᠬᠤᠷᠠᠯ ᠪᠠ ᠵᠠᠬᠢᠷᠭᠠᠨ ᠤ ᠨᠠᠮ ᠤᠨ ᠳᠤᠭᠤᠶᠢᠯᠠᠩ ᠤᠨ ᠬᠤᠷᠠᠯ ᠤᠨ ᠴᠠᠭᠠᠰᠤ ᠬᠡᠷᠡᠭᠯᠡᠬᠦ ᠦᠭᠡᠢ ᠰᠢᠰᠲ᠋ᠧᠮ ᠤᠨ | ᠪᠠᠶᠢᠭᠤᠯᠤᠯᠲᠠ ᠶᠢ ᠡᠬᠢᠯᠡᠭᠦᠯᠵᠦ᠂ ᠴᠠᠭ ᠳᠣᠬᠠᠢ ᠳᠤᠨᠢ ᠲᠣᠬᠢᠷᠠᠭᠤᠯᠤᠨ ᠠᠰᠢᠭᠯᠠᠯᠲᠠ ᠳᠤ ᠣᠷᠣᠭᠤᠯᠬᠤ ᠶᠢᠨ ᠬᠠᠮᠲᠤ | ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠳᠤ ᠳᠡᠯᠭᠡᠷᠡᠭᠦᠯᠦᠨ᠎ᠡ᠃ | ᠭᠤᠷᠪᠠ᠂ ᠰᠢᠮᠳᠠᠭᠤᠯᠤᠨ ᠪᠠᠶᠢᠴᠠᠭᠠᠬᠤ | ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠦᠢᠯᠡᠰ ᠢ ᠴᠣᠬᠤᠯᠠᠪᠤᠷᠢ ᠶᠢ ᠣᠯᠣᠭᠰᠠᠨ ᠲᠤᠬᠠᠢ ᠶᠢᠨ ᠡᠳᠦᠷ | ᠲᠤᠨᠢ ᠵᠠᠳᠠᠯᠤᠨ ᠪᠠᠶᠢᠷᠢᠯᠠᠭᠤᠯᠤᠨ᠎ᠠ᠃ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ | ᠪᠠᠶᠢᠪᠠᠯ᠂ ᠲᠣᠭᠲᠠᠭᠰᠠᠨ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭᠲᠡᠢ︔ᠰᠢᠢᠳᠪᠦᠷᠢᠯᠡᠵᠦ | ᠳᠠᠭᠤᠰᠬᠠᠬᠤ ᠴᠠᠭ ᠤᠨ ᠬᠢᠵᠠᠭᠠᠷ ᠲᠣᠭᠲᠠᠭᠠᠭᠰᠠᠨ ᠦᠭᠡᠢ ᠪᠠᠶᠢᠪᠠᠯ᠂ 15 ᠠᠵᠢᠯᠯᠠᠬᠤ ᠡᠳᠦᠷ ᠤᠨ ᠳᠣᠲᠣᠷ᠎ᠠ | ᠰᠢᠢᠳᠪᠦᠷᠢᠯᠡᠵᠦ ᠳᠠᠭᠤᠰᠬᠠᠬᠤ ᠪᠤᠶᠤ ᠰᠢᠮᠳᠠᠭᠤᠯᠵᠤ ᠪᠠᠶᠢᠭᠠᠳ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠶ | ᠪᠣᠯᠭᠠᠬᠤ ᠬᠡᠷᠡᠭᠲᠡᠢ᠃ | ︵ᠠᠷᠪᠠᠨ ᠳᠣᠯᠤᠭ᠎ᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠠᠴᠠ | ᠪᠠᠶᠢᠷᠢᠯᠠᠭᠤᠯᠤᠭᠰᠠᠨ ᠠᠵᠢᠯ ᠨᠢ ᠵᠠᠬᠢᠷᠭ᠎ᠠ ᠶᠢᠨ ᠵᠦᠢᠯᠡᠰ ᠲᠤ ᠬᠤᠯᠪᠣᠭᠳᠠᠪᠠᠯ᠂ ᠬᠠᠮᠢᠶ᠎ᠠ ᠪᠦᠬᠦᠢ ᠳᠡᠳ᠋ ᠨᠠᠷᠢᠨ | ᠪᠢᠴᠢᠭ ᠤᠨ ᠳᠠᠷᠤᠭ᠎ᠠ᠂ ᠳᠡᠳ᠋ ᠡᠷᠬᠢᠯᠡᠭᠴᠢ ᠠᠴᠠ ᠬᠤᠪᠢᠳᠠᠨ ᠬᠠᠮᠢᠶᠠᠷᠴᠤ ᠪᠦᠬᠦᠢ ᠠᠶᠢᠮᠠᠭ ᠤᠨ ᠳᠡᠳ᠋ ᠳᠠᠷᠤᠭ᠎ᠠ | ᠶᠢ ᠵᠣᠬᠢᠴᠠᠭᠤᠯᠤᠨ ᠭᠠᠷᠠᠭ ᠤᠨ ᠲᠣᠬᠢᠷᠠᠭᠤᠯᠤᠯᠲᠠ᠂ ᠭᠠᠷᠠᠭ ᠤᠨ ᠮᠡᠳᠡᠭᠦᠯᠦᠯᠲᠡ ᠶᠢᠨ ᠠᠵᠢᠯ ᠢ ᠰᠠᠶᠢᠲᠤᠷ ᠬᠢᠬᠦ | ᠬᠡᠷᠡᠭᠲᠡᠢ᠃ | ︵ᠠᠷᠪᠠᠨ ᠨᠠᠢᠮᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ | ᠴᠣᠬᠤᠯᠠᠪᠤᠷᠢ ᠶᠢᠨ ᠮᠠᠲ᠋ᠧᠷᠢᠶᠠᠯ ᠨᠢ ᠵᠠᠬᠢᠷᠭ᠎ᠠ ᠶᠢᠨ ᠵᠦᠢᠯᠡᠰ ᠲᠤ ᠬᠤᠯᠪᠣᠭᠳᠠᠪᠠᠯ᠂ ᠴᠣᠬᠤᠯᠠᠪᠤᠷᠢ ᠶᠢᠨ ᠮᠠᠲ᠋ᠧᠷᠢᠶᠠᠯ ᠢ | ᠣᠯᠣᠭᠰᠠᠨ ᠲᠤᠬᠠᠢ ᠶᠢᠨ ᠡᠳᠦᠷ ᠲᠤᠨᠢ ᠵᠠᠳᠠᠯᠤᠨ ᠪᠠᠶᠢᠷᠢᠯᠠᠭᠤᠯᠵᠤ᠂ ᠡᠬᠡ ᠲᠠᠩᠰᠠ ᠪᠠᠶᠢᠭᠤᠯᠤᠨ᠂ ᠭᠠᠷᠠᠭ ᠢᠶᠠᠷ | ᠲᠣᠬᠢᠷᠠᠭᠤᠯᠬᠤ ᠬᠡᠷᠡᠭᠲᠡᠢ᠃ | ︵ᠠᠷᠪᠠ ᠶᠢᠰᠦ︶ ᠵᠢᠯ ᠤᠨ ᠡᠬᠢᠨ ᠤ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠣᠨ ᠤ ᠵᠠᠬᠢᠷᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠬᠡ ᠲᠠᠩᠰᠠ ᠶᠢ | ᠲᠣᠭᠲᠠᠭᠠᠵᠤ᠂ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠬᠢᠴᠠ ᠶᠢᠨ ᠪᠠᠶᠢᠳᠠᠯ ᠢᠶᠠᠨ ᠤᠯᠠᠷᠢᠯ ᠢᠶᠠᠷ | ᠲᠣᠬᠢᠷᠠᠭᠤᠯᠬᠤ ᠶᠢᠨ ᠬᠠᠮᠲᠤ ᠬᠠᠷᠢᠭᠤ ᠲᠤᠰᠬᠠᠨ᠎ᠠ᠃ | ︵ᠬᠤᠷᠢ︶ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠢᠶᠠᠷ ᠵᠥᠪᠯᠡᠨ ᠲᠣᠭᠲᠠᠭᠠᠭᠰᠠᠨ | ᠵᠦᠢᠯᠡᠰ ᠢ ᠬᠠᠮᠢᠶ᠎ᠠ ᠪᠦᠬᠦᠢ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠨᠢ 1 ᠠᠵᠢᠯᠯᠠᠬᠤ ᠡᠳᠦᠷ ᠤᠨ ᠳᠣᠲᠣᠷ᠎ᠠ | ᠬᠤᠷᠠᠯ ᠤᠨ ᠲᠣᠪᠴᠢ ᠶᠢ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠪᠤᠶᠤ ᠬᠠᠮᠢᠶ᠎ᠠ ᠪᠦᠬᠦᠢ ᠰᠠᠯᠠᠭ᠎ᠠ | ᠮᠥᠴᠢᠷ ᠲᠤ ᠰᠢᠯᠵᠢᠭᠦᠯᠦᠨ᠂ ᠰᠢᠮᠳᠠᠭᠤᠯᠤᠨ ᠭᠦᠢᠴᠡᠳᠬᠡᠬᠦ ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ᠃ | ︵ᠬᠤᠷᠢᠨ ᠨᠢᠭᠡ︶ ᠵᠠᠬᠢᠷᠭ᠎ᠠ ᠶᠢᠨ ᠭᠤᠣᠯ ᠤᠳᠤᠷᠢᠳᠬᠤ ᠨᠥᠬᠦᠳ ᠤᠨ ᠪᠢᠴᠢᠭ ᠮᠠᠲ᠋ᠧᠷᠢᠶᠠᠯ᠂ ᠬᠤᠷᠠᠯ | ᠳᠡᠭᠡᠷ᠎ᠡ ᠭᠠᠷᠭᠠᠭᠰᠠᠨ ᠴᠣᠬᠤᠯᠠᠪᠤᠷᠢ ᠶᠢ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠬᠠᠮᠢᠶ᠎ᠠ ᠪᠦᠬᠦᠢ | ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠠᠴᠠ ᠬᠠᠮᠵᠢᠯᠴᠠᠨ ᠰᠢᠮᠳᠠᠭᠤᠯᠤᠨ ᠭᠦᠢᠴᠡᠳᠬᠡᠵᠦ᠂ ᠬᠠᠭᠠᠰ ᠰᠠᠷ᠎ᠠ | ᠪᠦᠷᠢ ᠬᠤᠷᠢᠶᠠᠩᠭᠤᠶᠢᠯᠠᠨ ᠮᠡᠳᠡᠭᠦᠯᠦᠨ᠎ᠡ᠃ | ︵ᠬᠤᠷᠢᠨ ᠬᠤᠶᠠᠷ︶ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ | ᠂ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢᠨ | ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠳᠤ᠂ ᠡᠩ ᠤᠨ ᠪᠠᠶᠢᠳᠠᠯ ᠳᠤ ᠲᠤᠬᠠᠢ ᠶᠢᠨ ᠭᠠᠵᠠᠷ ᠲᠤᠨᠢ | ᠰᠢᠮᠳᠠᠭᠤᠯᠤᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠨᠢᠭᠡ ᠭᠠᠷᠠᠭ ᠤᠨ ᠳᠣᠲᠣᠷ᠎ᠠ ᠪᠢᠴᠢᠭᠯᠡᠭᠰᠡᠨ ᠮᠡᠳᠡᠭᠦᠯᠦᠯᠲᠡ | ᠪᠣᠯᠭᠠᠬᠤ ᠬᠡᠷᠡᠭᠲᠡᠢ᠃ | ︵ᠬᠤᠷᠢᠨ ᠭᠤᠷᠪᠠ︶ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠤᠨ | ᠠᠵᠢᠯᠯᠠᠭᠤᠯᠤᠭᠰᠠᠨ ᠤ ᠳᠠᠷᠠᠭ᠎ᠠ᠂ ᠨᠢᠭᠡ ᠪᠦᠯᠦᠭ ᠲᠠᠩ ᠢᠶᠠᠷ ᠮᠡᠳᠡᠭᠦᠯᠬᠦ ᠠᠷᠭ᠎ᠠ ᠮᠠᠶ᠋ᠢᠭ ᠢ ᠠᠪᠴᠤ ᠰᠢᠮᠳᠠᠭᠤᠯᠤᠨ | ᠰᠢᠢᠳᠪᠦᠷᠢᠯᠡᠭᠦᠯᠬᠦ ᠵᠦᠢᠯᠡᠰ ᠢ ᠴᠠᠭ ᠲᠤᠬᠠᠢ ᠳᠤᠨᠢ ᠰᠢᠢᠳᠪᠦᠷᠢᠯᠡᠬᠦ ᠪᠠᠷ ᠪᠣᠶ᠃ | ᠳᠥᠷᠪᠡ᠂ ᠮᠡᠳᠡᠭᠡ ᠵᠠᠩᠭᠢ | ︵ᠬᠤᠷᠢᠨ ᠳᠥᠷᠪᠡ︶ ︽ᠠᠯᠠᠱᠠ ᠶᠢᠨ ᠵᠠᠰᠠᠭ ᠤᠨ ᠶᠠᠪᠤᠳᠠᠯ ᠤᠨ ᠮᠡᠳᠡᠭᠡ︾ ᠶᠢ ᠲᠣᠰ ᠡᠳᠦᠷ ᠤᠨ 17᠄ | 30 ᠠᠴᠠ ᠡᠮᠦᠨ᠎ᠡ ᠳᠠᠷᠤᠮᠠᠯᠯᠠᠨ ᠲᠠᠷᠬᠠᠭᠠᠪᠠᠯ ᠵᠣᠬᠢᠨ᠎ᠠ᠃ | ︵ᠬᠤᠷᠢᠨ ᠲᠠᠪᠤ︶ ︽ᠠᠯᠠᠱᠠ ᠶᠢᠨ ᠮᠡᠳᠡᠭᠡ ᠵᠠᠩᠭᠢ︾ ᠶᠢ ᠡᠳᠦᠷ ᠪᠦᠷᠢ ᠶᠢᠨ 11᠄ 00 ᠠᠴᠠ ᠡᠮᠦᠨ᠎ᠡ | ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠬᠤ ᠭᠠᠵᠠᠷ ᠲᠤ ᠮᠡᠳᠡᠭᠦᠯᠬᠦ ᠬᠡᠷᠡᠭᠲᠡᠢ᠃ | ︵ᠬᠤᠷᠢᠨ ᠵᠢᠷᠭᠤᠭ᠎ᠠ︶ ︽ᠮᠡᠳᠡᠭᠡ ᠵᠠᠩᠭᠢ ᠶᠢ ᠯᠠᠪᠯᠠᠨ ᠦᠵᠡᠬᠦ︾ ᠶᠢ ᠳᠡᠭᠡᠭᠰᠢ ᠮᠡᠳᠡᠭᠦᠯᠦᠭᠰᠡᠨ ᠲᠤᠬᠠᠢ ᠶᠢᠨ | ᠡᠳᠦᠷ ᠲᠤ ᠨᠠᠶᠢᠷᠠᠭᠤᠯᠤᠨ ᠳᠠᠷᠤᠮᠠᠯᠯᠠᠨ ᠲᠠᠷᠬᠠᠭᠠᠬᠤ ᠶᠢᠨ ᠬᠠᠮᠲᠤ ᠴᠠᠭ ᠲᠤᠬᠠᠢ ᠳᠤᠨᠢ ᠡᠷᠭᠢᠯᠳᠦᠭᠦᠯᠦᠨ᠂ | ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | ︵ᠬᠤᠷᠢᠨ ᠲᠤᠯᠤᠭ᠎ᠠ︶ ︽ᠴᠢᠬᠤᠯᠠ ᠪᠠᠶᠢᠳᠠᠯ ᠤᠨ ᠲᠣᠪᠴᠢ ᠮᠡᠳᠡᠭᠦᠯᠦᠯᠲᠡ︾ ᠶᠢ ᠭᠠᠷᠠᠭ ᠪᠦᠷᠢ ᠶᠢᠨ ᠲᠦᠷᠪᠡᠨ ᠤ | ᠦᠳᠡ ᠶᠢᠨ ᠬᠤᠶᠢᠨ᠎ᠠ ᠳᠠᠷᠤᠮᠠᠯᠯᠠᠨ ᠲᠠᠷᠬᠠᠭᠠᠬᠤ ᠬᠡᠷᠡᠭᠲᠡᠢ᠃ | ︵ᠬᠤᠷᠢᠨ ᠨᠠᠢᠮᠠ︶ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠠᠷ᠎ᠠ ᠪᠦᠷᠢ ᠶᠢᠨ | ᠪᠠᠶᠢᠳᠠᠯ ᠤᠨ ᠮᠡᠳᠡᠭᠡᠯᠡᠯ︾ ᠢ ᠳᠠᠷᠠᠭ᠎ᠠ ᠰᠠᠷ᠎ᠠ ᠶᠢᠨ ᠰᠢᠨᠡᠳ ᠢᠶᠠᠷ ᠳᠠᠷᠤᠮᠠᠯᠯᠠᠨ ᠲᠠᠷᠬᠠᠭᠠᠬᠤ ᠬᠡᠷᠡᠭᠲᠡᠢ᠃ | ︵ᠬᠤᠷᠢ ᠶᠢᠰᠦ︶ ︽ᠤᠳᠤᠷᠢᠳᠤᠯᠭ᠎ᠠ ᠶᠢᠨ ᠴᠣᠬᠤᠯᠠᠪᠤᠷᠢ ᠮᠡᠳᠡᠭᠳᠡᠯ︾ ᠢ ᠡᠷᠭᠢᠯᠲᠡ ᠳᠤ ᠣᠷᠣᠭᠤᠯᠤᠭᠰᠠᠨ | ᠲᠤᠬᠠᠢ ᠶᠢᠨ ᠡᠳᠦᠷ ᠲᠤᠨᠢ ᠨᠠᠶᠢᠷᠠᠭᠤᠯᠣᠨ ᠲᠠᠷᠬᠠᠭᠠᠨ᠎ᠠ᠃ | ︵ᠭᠤᠴᠢ︶ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠤᠨ | ᠠᠵᠢᠯᠯᠠᠭᠤᠯᠤᠭᠰᠠᠨ ᠤ ᠳᠠᠷᠠᠭ᠎ᠠ᠂ ᠳᠣᠲᠣᠭᠠᠳᠤ ᠶᠢᠨ ᠮᠡᠳᠡᠭᠡ ᠵᠠᠩᠭᠢ ᠶᠢᠨ ᠰᠡᠳᠬᠦᠯ ᠳᠤ ᠪᠥᠬᠦ ᠴᠤᠪᠤᠷᠠᠯ ᠢ | ᠡᠯᠧᠺᠲᠷᠤᠨᠴᠢᠯᠡᠨ ᠠᠵᠢᠯᠯᠠᠭᠤᠯᠬᠤ ᠶᠢ ᠬᠡᠷᠡᠭᠵᠢᠭᠦᠯᠦᠨ᠎ᠡ᠃ | | |