ᠠᠯᠠᠱᠠ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠠᠵᠢᠯ ᠤᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ 30 ᠵᠦᠢᠯ ᠤᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/2/15
    ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ ᠳᠤ᠄     ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠡᠳᠦᠭᠡ ᠠᠶᠢᠮᠠᠭ ᠤᠨ ᠵᠠᠬᠢᠷᠭ᠎ᠠ ᠶᠢᠨ ᠠᠯᠪᠠᠨ ᠭᠡᠷ ᠤᠨ ᠠᠵᠢᠯ ᠤᠨ ᠬᠤᠷᠳᠤᠴᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠳᠣᠣᠷᠠᠬᠢ ᠮᠡᠲᠦ ᠠᠷᠭ᠎ᠠ ᠬᠡᠮᠵᠢᠶ᠎ᠡ ᠶᠢ ᠲᠣᠭᠲᠠᠭᠠᠪᠠ᠄     ᠨᠢᠭᠡ᠂ ᠠᠯᠪᠠᠨ ᠪᠢᠴᠢᠭ     ︵ᠨᠢᠭᠡ︶ ᠠᠵᠢᠯᠯᠠᠭᠠᠨ ᠢ ᠭᠦᠢᠴᠡᠳᠬᠡᠬᠦ ᠠᠯᠪᠠᠨ ᠪᠢᠴᠢᠭ ᠢ ᠴᠠᠭ ᠲᠤᠬᠠᠢ ᠳᠤᠨᠢ ᠭᠥᠯᠢᠶᠡᠨ ᠠᠪᠴᠤ ᠴᠠᠭ ᠲᠤᠬᠠᠢ ᠳᠤᠨᠢ ᠭᠦᠢᠴᠡᠳᠬᠡᠵᠦ᠂ ᠲᠣᠰ ᠡᠳᠦᠷ ᠲᠤᠨᠢ ᠭᠦᠢᠴᠡᠳᠬᠡᠬᠦ ᠪᠠᠷ ᠪᠠᠶᠢᠭ᠎ᠠ ᠰᠠᠨᠠᠯ ᠢᠶᠠᠨ ᠳᠤᠷᠠᠳᠴᠤ᠂ ᠵᠠᠰᠠᠭ ᠵᠠᠬᠢᠷᠭᠠᠨ ᠤ ᠠᠯᠪᠠᠨ ᠭᠡᠷ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠳᠤ ᠴᠠᠭ ᠲᠤᠬᠠᠢ ᠳᠤᠨᠢ ᠬᠦᠷᠭᠡᠵᠦ ᠦᠵᠡᠭᠦᠯᠦᠨ ᠵᠥᠪᠰᠢᠶᠡᠷᠡᠭᠦᠯᠦᠨ᠎ᠡ᠃ᠤᠯᠠᠮ ᠨᠢᠭᠡ ᠠᠯᠬᠤᠮ ᠣᠶᠢᠯᠠᠭᠠᠬᠤ᠂ ᠰᠤᠳᠤᠯᠬᠤ᠂ ᠵᠣᠬᠢᠴᠠᠭᠤᠯᠬᠤ ᠴᠢᠬᠤᠯᠠ ᠲᠠᠢ ᠠᠯᠪᠠᠨ ᠪᠢᠴᠢᠭ ᠢ ᠭᠠᠷᠭᠠᠪᠠᠯ᠂ ᠪᠠᠴᠢᠮ ᠠᠯᠪᠠᠨ ᠪᠢᠴᠢᠭ ᠨᠢ ᠬᠡᠵᠢᠶ᠎ᠡ ᠢᠷᠡᠪᠡᠯ ᠬᠡᠵᠢᠶ᠎ᠡ ᠭᠠᠷ ᠤᠨ ᠤᠶᠢᠰᠦᠭ ᠵᠢᠷᠤᠪᠠᠯ ᠬᠡᠵᠢᠶ᠎ᠡ ᠪᠤᠴᠠᠭᠠᠨ᠎ᠠ᠃ᠳᠠᠷᠤᠮᠠᠯᠯᠠᠨ ᠳᠠᠷᠬᠠᠭᠠᠬᠤ ᠴᠢᠬᠤᠯᠠᠳᠠᠢ ᠠᠯᠪᠠᠨ ᠪᠢᠴᠢᠭ ᠢ ᠡᠩ ᠤᠨ ᠪᠠᠶᠢᠳᠠᠯ ᠳᠤ 1-3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠶᠢᠨ ᠬᠠᠮᠲᠤ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ  ᠳᠤ ᠪᠤᠴᠠᠭᠠᠬᠤ ᠬᠡᠷᠡᠭᠲᠡᠢ᠃    ︵ᠬᠤᠶᠠᠷ︶ ᠠᠶᠢᠮᠠᠭ ᠤᠨ ᠳᠠᠷᠤᠭ᠎ᠠ᠂ ᠠᠶᠢᠮᠠᠭ ᠤᠨ ᠳᠡᠳ᠋ ᠳᠠᠷᠤᠭ᠎ᠠ ᠪᠠᠷ ᠭᠠᠷ ᠤᠨ ᠥᠰᠥᠭ ᠵᠢᠷᠤᠭᠤᠯᠵᠤ ᠵᠥᠪᠰᠢᠶᠡᠷᠡᠭᠦᠯᠬᠦ ᠴᠢᠬᠤᠯᠠᠲᠠᠢ ᠪᠢᠴᠢᠭ ᠮᠠᠲ᠋ᠧᠷᠢᠶᠠᠯ ᠢ ᠡᠯ᠎ᠡ ᠬᠠᠷᠠᠭᠠᠯᠵᠠᠭᠰᠠᠨ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠨᠢ ᠴᠠᠭ ᠲᠤᠬᠠᠢ ᠳᠤᠨᠢ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠂ ᠮᠠᠲ᠋ᠧᠷᠢᠶᠠᠯ ᠢ ᠳᠠᠷᠤᠵᠤ ᠴᠢᠷᠦᠭᠦᠯᠵᠦ ᠪᠣᠯᠬᠤ ᠦᠭᠡᠢ᠂ ᠪᠠᠴᠢᠮ ᠠᠯᠪᠠᠨ ᠪᠢᠴᠢᠭ ᠢ ᠬᠡᠵᠢᠶ᠎ᠡ ᠣᠴᠢᠪᠠᠯ ᠬᠡᠵᠢᠶ᠎ᠡ ᠭᠠᠷ ᠤᠨ ᠥᠰᠥᠭ ᠵᠢᠷᠤᠪᠠᠯ ᠬᠡᠵᠢᠶ᠎ᠡ ᠪᠣᠴᠠᠭᠠᠨ᠎ᠠ︔ ᠡᠩ ᠤᠨ ᠠᠯᠪᠠᠨ ᠪᠢᠴᠢᠭ ᠲᠤ 2 ︱ 3 ᠠᠵᠢᠯᠯᠠᠬᠤ ᠡᠳᠦᠷ ᠤᠨ ᠳᠣᠲᠣᠷ᠎ᠠ ᠭᠠᠷ ᠤᠨ ᠥᠰᠥᠭ ᠵᠢᠷᠤᠵᠤ ᠵᠥᠪᠰᠢᠶᠡᠷᠡᠨ ᠳᠠᠭᠤᠰᠬᠠᠬᠤ ᠶᠢᠨ ᠬᠠᠮᠲᠤ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠳᠤ ᠪᠤᠴᠠᠭᠠᠬᠤ ᠶᠢ ᠣᠳᠣᠷᠢᠳᠣᠯᠭ᠎ᠠ ᠳᠤ  ᠰᠠᠨᠠᠭᠤᠯᠬᠤ ᠬᠡᠷᠡᠭᠲᠡᠢ︔ ᠵᠣᠬᠢᠴᠠᠭᠤᠯᠤᠨ ᠰᠤᠳᠤᠯᠬᠤ ᠴᠢᠬᠤᠯᠠᠳᠠᠢ᠂ ᠲᠦᠷ ᠴᠠᠭ ᠭᠠᠷ ᠤᠨ ᠥᠰᠥᠭ ᠵᠢᠷᠤᠵᠤ ᠵᠥᠪᠰᠢᠶᠡᠷᠡᠬᠦ ᠶᠢᠨ ᠠᠷᠭ᠎ᠠ ᠦᠭᠡᠢ ᠠᠯᠪᠠᠨ ᠪᠢᠴᠢᠭ ᠲᠣᠬᠢᠶᠠᠯᠳᠤᠪᠠᠯ᠂ ᠴᠠᠭ ᠲᠤᠬᠠᠢ ᠳᠤᠨᠢ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠳᠤ ᠮᠡᠳᠡᠭᠳᠡᠬᠦ ᠬᠡᠷᠡᠭᠲᠡᠢ᠃     ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠶᠢᠨ ᠬᠢᠨ ᠠᠯᠪᠠᠨ ᠪᠢᠴᠢᠭ ᠤᠨ ᠠᠵᠢᠯᠯᠠᠭᠠᠨ ᠤ ᠪᠠᠶᠢᠳᠠᠯ ᠢ ᠡᠳᠦᠷ ᠪᠦᠷᠢ ᠴᠠᠭ ᠲᠤᠬᠠᠢ ᠳᠤᠨᠢ ᠮᠡᠳᠡᠭᠳᠡᠵᠦ᠂ ᠤᠳᠤᠷᠢᠳᠬᠤ ᠨᠥᠬᠦᠳ ᠲᠤ ᠴᠠᠭ ᠲᠤᠬᠠᠢ ᠳᠤᠨᠢ ᠪᠢᠴᠢᠭ ᠮᠠᠲ᠋ᠧᠷᠢᠶᠠᠯ ᠢ ᠦᠵᠡᠬᠦ ᠶᠢ ᠰᠠᠨᠠᠭᠤᠯᠵᠤ᠂ ᠠᠯᠪᠠᠨ ᠪᠢᠴᠢᠭ ᠢ ᠡᠳᠦᠷ ᠪᠦᠷᠢ ᠨᠢᠭᠡ ᠤᠳᠠᠭ᠎ᠠ ᠰᠠᠨᠠᠭᠤᠯᠬᠤ ᠬᠡᠷᠡᠭᠲᠡᠢ᠃     ︵ᠭᠤᠷᠪᠠ︶ ᠵᠠᠬᠢᠷᠭ᠎ᠠ ᠪᠤᠶᠤ ᠵᠠᠬᠢᠷᠭᠠᠨ ᠤ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠳᠠᠷᠬᠠᠭᠠᠬᠤ ᠪᠠᠷ ᠳᠡᠪᠰᠢᠭᠦᠯᠦᠭᠰᠡᠨ ᠠᠯᠪᠠᠨ ᠪᠢᠴᠢᠭ᠂ ᠬᠢᠨᠠᠨ ᠬᠠᠷᠭᠤᠭᠤᠯᠬᠤ ᠪᠠᠷ ᠳᠠᠮᠵᠢᠭᠠᠳ ᠴᠢᠬᠤᠯᠠ ᠨᠥᠬᠦᠴᠡᠯ ᠨᠢ ᠪᠦᠷᠢᠨ ᠪᠤᠰᠤ᠂ ᠶᠠᠰᠤ ᠴᠢᠨᠠᠷ ᠢᠶᠠᠷ ᠨᠡᠯᠢᠶᠡᠳ ᠠᠨᠠᠢ ᠡᠬᠡ ᠪᠢᠴᠢᠭ ᠢ ᠪᠣᠯ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠶᠢᠨ ᠰᠠᠯᠠᠭ᠎ᠠ ᠨᠢ ᠲᠤᠰ ᠡᠳᠦᠷ ᠲᠤᠨᠢ ᠪᠢᠴᠢᠭ ᠮᠠᠲ᠋ᠧᠷᠢᠶᠠᠯ ᠢ ᠪᠤᠴᠠᠭᠠᠬᠤ ᠶᠢᠨ ᠬᠠᠮᠲᠤ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠤᠷᠠᠳᠬᠤ ᠬᠡᠷᠡᠭᠲᠡᠢ᠃ ᠪᠢᠴᠢᠭ ᠮᠠᠲ᠋ᠧᠷᠢᠶᠠᠯ ᠶᠠᠪᠤᠭᠤᠯᠬᠤ ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ᠂ ᠬᠢᠨᠠᠨ ᠬᠠᠷᠭᠤᠭᠤᠯᠬᠤ ᠴᠠᠭ ᠢ ᠡᠩ ᠤᠨ ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ︔ ᠬᠠᠭᠤᠳᠠᠰᠤ   ᠨᠢ ᠨᠡᠯᠢᠶᠡᠳ ᠤᠷᠳᠤ᠂ ᠠᠭᠤᠯᠭ᠎ᠠ ᠨᠢ ᠨᠡᠯᠢᠶᠡᠳ ᠠᠷᠪᠢᠨ ᠪᠠᠶᠢᠪᠠᠯ᠂ ᠬᠢᠨᠠᠨ ᠬᠠᠷᠭᠤᠭᠤᠯᠬᠤ ᠴᠠᠭ  ᠢ ᠡᠩ  ᠤᠨ ᠪᠠᠶᠢᠳᠠᠯ  ᠳᠤ 3 ᠠᠵᠢᠯ  ᠤᠨ ᠡᠳᠦᠷ  ᠠᠴᠠ ᠬᠡᠲᠦᠷᠡᠭᠦᠯᠵᠦ ᠪᠣᠯᠬᠤ ᠦᠭᠡᠢ︔ ᠪᠠᠴᠢᠮ ᠪᠢᠴᠢᠭ ᠮᠠᠲ᠋ᠧᠷᠢᠶᠠᠯ  ᠢ ᠲᠡᠷᠡ ᠳᠠᠷᠤᠢ   ᠳᠤᠨᠢ ᠬᠤᠷᠢᠶᠠᠨ ᠠᠪᠴᠤ ᠲᠡᠷᠡ ᠳᠠᠷᠤᠢ ᠳᠤᠨᠢ ᠬᠠᠷᠭᠤᠭᠤᠯᠣᠨ᠎ᠠ᠃    ᠪᠢᠴᠢᠭ ᠮᠠᠲ᠋ᠧᠷᠢᠶᠠᠯ ᠤᠨ ᠬᠠᠭᠤᠳᠠᠰᠤ ᠶᠢ ᠴᠢᠩᠭ᠎ᠠ ᠬᠢᠵᠠᠭᠠᠷᠯᠠᠵᠤ᠂ ᠣᠨᠴᠣᠭᠤᠢ ᠪᠠᠶᠢᠳᠠᠯ ᠢ ᠭᠠᠷᠭᠠᠪᠠᠯ᠂ ᠵᠢᠭᠠᠪᠤᠷᠢ ᠠᠪᠬᠤ ᠮᠡᠳᠡᠭᠦᠯᠦᠯᠲᠡ᠂ ᠲᠤᠰᠬᠠᠢ ᠵᠦᠢᠯ ᠤᠨ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ 3000 ᠦᠰᠦᠭ ᠠᠴᠠ ᠬᠡᠲᠦᠷᠡᠭᠦᠯᠵᠦ ᠪᠣᠯᠬᠤ ᠦᠭᠡᠢ᠂ ᠶᠡᠷᠦᠩᠬᠡᠶᠢᠯᠡᠭᠰᠡᠨ ᠮᠡᠳᠡᠭᠦᠯᠦᠯᠲᠡ ᠶᠢ ᠵᠠᠷᠴᠢᠮ ᠳᠡᠭᠡᠷ᠎ᠡ ᠪᠠᠨ 5000 ᠦᠰᠦᠭ ᠠᠴᠠ ᠬᠡᠲᠦᠷᠡᠭᠦᠯᠵᠦ ᠪᠣᠯᠬᠤ ᠦᠭᠡᠢ︔ᠪᠢᠴᠢᠭ ᠮᠠᠲ᠋ᠧᠷᠢᠶᠠᠯ ᠶᠠᠪᠤᠭᠤᠯᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠲᠤ ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠠᠵᠢᠯ ᠢ ᠪᠠᠶᠢᠷᠢᠯᠠᠭᠤᠯᠬᠤ ᠳᠠᠭᠠᠨ ᠵᠠᠷᠴᠢᠮ ᠳᠡᠭᠡᠷ᠎ᠡ ᠪᠠᠨ 5000 ᠥᠰᠥᠭ ᠠᠴᠠ ᠬᠡᠲᠦᠷᠡᠭᠦᠯᠵᠦ ᠪᠣᠯᠬᠤ ᠦᠭᠡᠢ᠂ ᠲᠤᠰᠬᠠᠢ ᠠᠵᠢᠯ ᠪᠤᠶᠤ ᠪᠣᠳᠠᠲᠠᠢ ᠡᠭᠦᠷᠭᠡ ᠶᠢ ᠪᠠᠶᠢᠷᠢᠯᠠᠭᠤᠯᠬᠤ ᠳᠠᠭᠠᠨ ᠵᠠᠷᠴᠢᠮ ᠳᠡᠭᠡᠷ᠎ᠡ ᠪᠠᠨ 3000 ᠥᠰᠥᠭ ᠠᠴᠠ ᠬᠡᠲᠦᠷᠡᠭᠦᠯᠵᠦ ᠪᠣᠯᠬᠤ ᠦᠭᠡᠢ᠃ᠬᠠᠤᠯᠢ ᠶᠣᠰᠣᠴᠢ ᠴᠢᠨᠠᠷ ᠤᠨ ᠬᠢᠨᠠᠨ ᠬᠠᠷᠭᠤᠭᠤᠯᠤᠯᠲᠠ ᠬᠢᠬᠦ ᠴᠢᠬᠤᠯᠠᠲᠠᠢ ᠠᠯᠪᠠᠨ ᠪᠢᠴᠢᠭ ᠢ ᠬᠠᠤᠯᠢ ᠴᠠᠭᠠᠵᠠ ᠶᠢᠨ ᠬᠡᠷᠡᠭ ᠶᠠᠪᠤᠳᠠᠯ ᠤᠨ ᠰᠠᠯᠠᠭ᠎ᠠ ᠨᠢ ᠡᠩ ᠤᠨ ᠪᠠᠶᠢᠳᠠᠯ ᠳᠤ 1 ︱ 3 ᠠᠵᠢᠯᠯᠠᠬᠤ ᠡᠳᠦᠷ ᠤᠨ ᠳᠣᠲᠣᠷ᠎ᠠ ᠬᠢᠨᠠᠨ ᠬᠠᠷᠭᠤᠭᠤᠯᠵᠤ ᠳᠠᠭᠤᠰᠬᠠᠬᠤ ᠬᠡᠷᠡᠭᠲᠡᠢ︔ᠪᠠᠴᠢᠮ ᠶᠠᠪᠤᠳᠠᠯ ᠳᠤ ᠬᠤᠯᠪᠣᠭᠳᠠᠬᠤ ᠠᠯᠪᠠᠨ ᠪᠢᠴᠢᠭ ᠢ ᠲᠡᠷᠡ ᠳᠠᠷᠤᠢ  ᠳᠤᠨᠢ ᠬᠤᠷᠢᠶᠠᠨ ᠠᠪᠴᠤ ᠲᠡᠷᠡ ᠳᠠᠷᠤᠢ ᠳᠤᠨᠢ ᠬᠠᠷᠭᠤᠭᠤᠯᠬᠤ ᠬᠡᠷᠡᠭᠲᠡᠢ᠃    ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠰᠠᠨ ᠵᠠᠬᠢᠷᠭ᠎ᠠ ᠪᠤᠶᠤ ᠵᠠᠬᠢᠷᠭ᠎ᠠ ᠶᠢᠨ ᠠᠯᠪᠠᠨ ᠭᠡᠷ ᠤᠨ ᠨᠡᠷ᠎ᠡ ᠪᠠᠷ ᠳᠠᠷᠤᠮᠠᠯᠯᠠᠨ ᠲᠠᠷᠬᠠᠭᠠᠬᠤ ᠪᠠᠷ ᠪᠠᠶᠢᠭ᠎ᠠ ᠪᠢᠴᠢᠭ ᠮᠠᠲ᠋ᠧᠷᠢᠶᠠᠯ ᠢ ᠲᠦᠷᠦᠭᠦᠯᠡᠬᠦ ᠰᠠᠯᠠᠭ᠎ᠠ ᠮᠥᠴᠢᠷ ᠨᠢ ᠬᠤᠷᠠᠯ ᠲᠡᠭᠦᠰᠦᠭᠰᠡᠨ ᠤ ᠳᠠᠷᠠᠭᠠᠬᠢ 3 ᠠᠵᠢᠯᠯᠠᠬᠤ ᠡᠳᠦᠷ ᠤᠨ ᠳᠣᠲᠣᠷ᠎ᠠ ᠲᠠᠰ ᠳᠠᠷᠠᠭᠠᠯᠠᠯ ᠤᠨ ᠶᠣᠰᠣᠭᠠᠷ ᠵᠠᠰᠠᠪᠤᠷᠢ ᠣᠷᠣᠭᠤᠯᠵᠤ᠂ ᠬᠠᠮᠲᠤᠷᠠᠨ ᠭᠠᠷ ᠤᠨ ᠥᠰᠥᠭ ᠵᠢᠷᠤᠭᠰᠠᠨ ᠤ ᠳᠠᠷᠠᠭ᠎ᠠ ᠵᠠᠬᠢᠷᠭ᠎ᠠ ᠳᠤ ᠮᠡᠳᠡᠭᠦᠯᠵᠦ᠂ ᠴᠢᠬᠤᠯᠠ ᠶᠡᠭᠡ ᠵᠠᠰᠠᠪᠤᠷᠢ ᠣᠷᠣᠭᠤᠯᠬᠤ ᠰᠠᠨᠠᠯ ᠲᠠᠢ ᠪᠠᠶᠢᠵᠤ ᠵᠣᠬᠢᠴᠠᠭᠤᠯᠬᠤ ᠴᠢᠬᠤᠯᠠᠲᠠᠢ ᠪᠠᠶᠢᠪᠠᠯ᠂ ᠡᠷᠬᠡᠪᠰᠢ 6 ᠠᠵᠢᠯᠯᠠᠬᠤ ᠡᠳᠦᠷ ᠤᠨ ᠳᠣᠲᠣᠷ᠎ᠠ ᠳᠡᠭᠡᠭᠰᠢ ᠮᠡᠳᠡᠭᠦᠯᠬᠦ ᠬᠡᠷᠡᠭᠲᠡᠢ᠃    ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠤᠨ ᠬᠠᠮᠵᠢᠨ ᠬᠢᠨᠠᠨ ᠬᠠᠷᠭᠤᠭᠤᠯᠤᠭᠰᠠᠨ ᠠᠯᠪᠠᠨ ᠪᠢᠴᠢᠭ ᠤᠨ ᠬᠢᠨᠠᠨ ᠬᠠᠷᠭᠤᠭᠤᠯᠬᠤ ᠴᠠᠭ ᠢ ᠡᠩ ᠤᠨ ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃ ᠵᠠᠬᠢᠷᠭᠠᠨ ᠤ ᠠᠯᠪᠠᠨ ᠭᠡᠷ ᠤᠨ ᠤᠳᠤᠷᠢᠳᠤᠯᠭ᠎ᠠ ᠶᠢᠨ ᠬᠢᠨᠠᠨ ᠭᠠᠷ ᠤᠨ ᠥᠰᠥᠭ ᠵᠢᠷᠤᠬᠤ ᠴᠠᠭ ᠢ ᠡᠩ ᠤᠨ ᠪᠠᠶᠢᠳᠠᠯ ᠳᠤ 2 ᠠᠵᠢᠯᠯᠠᠬᠤ ᠡᠳᠦᠷ ᠠᠴᠠ ᠬᠡᠲᠦᠷᠡᠭᠦᠯᠵᠦ ᠪᠣᠯᠬᠤ ᠦᠭᠡᠢ᠃    ︵ᠳᠥᠷᠪᠡ︶ ᠠᠶᠢᠮᠠᠭ ᠤᠨ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠪᠤᠶᠤ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠶᠤ ᠠᠶᠢᠮᠠᠭ ᠤᠨ ᠨᠠᠮ ᠤᠨ ᠬᠤᠷᠢᠶ᠎ᠠ ᠶᠢᠨ ᠠᠯᠪᠠᠨ ᠭᠡᠷ᠂ ᠵᠠᠬᠢᠷᠭ᠎ᠠ ᠶᠢᠨ ᠠᠯᠪᠠᠨ ᠭᠡᠷ ᠬᠠᠮᠲᠤᠷᠠᠨ ᠪᠢᠴᠢᠭ ᠮᠠᠲ᠋ᠧᠷᠢᠶᠠᠯ ᠶᠠᠪᠤᠭᠤᠯᠬᠤ ᠪᠠᠷ ᠳᠡᠪᠰᠢᠭᠦᠯᠦᠭᠰᠡᠨ ᠪᠢᠴᠢᠭ ᠮᠠᠲ᠋ᠧᠷᠢᠶᠠᠯ ᠤᠨ ᠡᠬᠡ ᠨᠣᠣᠷᠠᠭ ᠤᠨ ᠠᠭᠤᠯᠭ᠎ᠠ ᠨᠢ ᠭᠤᠣᠯᠳᠠᠭᠤ ᠵᠠᠬᠢᠷᠭ᠎ᠠ ᠶᠢᠨ ᠡᠭᠦᠷᠭᠡ ᠬᠠᠷᠢᠭᠤᠴᠠᠯᠭ᠎ᠠ ᠳᠤ ᠬᠤᠯᠪᠣᠭᠳᠠᠬᠤ ᠮᠥᠷᠲᠡᠭᠡᠨ ᠲᠦᠷᠦᠭᠦᠯᠡᠨ ᠨᠣᠣᠷᠠᠭᠯᠠᠬᠤ ᠰᠠᠯᠠᠭ᠎ᠠ ᠮᠥᠴᠢᠷ ᠨᠢ ᠵᠠᠬᠢᠷᠭ᠎ᠠ ᠶᠢᠨ ᠰᠠᠯᠠᠭ᠎ᠠ ᠮᠥᠴᠢᠷ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ᠂ 20 ᠡᠳᠦᠷ ᠤᠨ ᠡᠮᠦᠨ᠎ᠡ ᠵᠠᠬᠢᠷᠭ᠎ᠠ ᠶᠢᠨ ᠠᠯᠪᠠᠨ ᠭᠡᠷ ᠲᠤ ᠮᠡᠳᠡᠭᠦᠯᠵᠦ ᠬᠠᠮᠢᠶ᠎ᠠ ᠪᠦᠬᠦᠢ ᠬᠢᠨᠠᠨ ᠵᠥᠪᠯᠡᠬᠦ ᠪᠤᠶᠤ ᠬᠢᠨᠠᠨ ᠵᠥᠪᠰᠢᠶᠡᠷᠡᠬᠦ ᠲᠠᠰ ᠳᠠᠷᠠᠭᠠᠯᠠᠯ ᠢ ᠭᠦᠢᠴᠡᠳᠬᠡᠬᠦ ᠬᠡᠷᠡᠭᠲᠡᠢ᠃    ᠵᠠᠬᠢᠷᠭ᠎ᠠ ᠳᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠵᠦᠢᠯ ᠳᠤ᠂ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠠᠭ ᠢ ᠵᠠᠬᠢᠷᠭ᠎ᠠ ᠳᠤ ᠭᠦᠢᠴᠡᠳ ᠦᠯᠡᠳᠡᠭᠡᠵᠦ ᠥᠭᠬᠦ ᠬᠡᠷᠡᠭᠲᠡᠢ᠂ ᠡᠩ ᠤᠨ ᠶᠠᠪᠤᠳᠠᠯ ᠢ 14 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠪᠠᠴᠢᠮ ᠶᠠᠪᠤᠳᠠᠯ ᠢ 7 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠂ ᠣᠨᠴᠣᠭᠤᠢ ᠪᠠᠴᠢᠮ ᠶᠠᠪᠤᠳᠠᠯ ᠢ ᠪᠣᠯ ᠭᠡᠨᠡᠳᠲᠡ ᠶᠢᠨ ᠬᠡᠷᠡᠭ ᠠᠴᠠ ᠭᠠᠳᠠᠨ᠎ᠠ᠂ ᠵᠠᠬᠢᠷᠭᠠᠨ ᠤ ᠠᠯᠪᠠᠨ ᠭᠡᠷ ᠯᠦᠭᠡ ᠤᠷᠢᠳᠠᠪᠠᠷ ᠨᠡᠪᠲᠡᠷᠡᠯᠴᠡᠨ ᠲᠣᠳᠣᠷᠬᠠᠶᠢᠯᠠᠵᠤ᠂ ᠱᠠᠯᠠᠪᠳᠠᠨ ᠭᠦᠢᠴᠡᠳᠬᠡᠵᠦ᠂ ᠲᠦᠷᠭᠡᠬᠡᠨ ᠮᠡᠳᠡᠭᠦᠯᠦᠨ ᠬᠦᠷᠭᠡᠬᠦ ᠶᠢᠨ ᠬᠠᠮᠲᠤ ᠪᠠᠴᠢᠮ ᠰᠢᠯᠲᠠᠭᠠᠨ ᠤ ᠲᠣᠳᠣᠷᠬᠠᠶᠢᠯᠠᠯᠲᠠ ᠶᠢ ᠳᠠᠭᠠᠯᠳᠤᠭᠤᠯᠬᠤ ᠬᠡᠷᠡᠭᠲᠡᠢ᠃    ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠵᠠᠬᠢᠷᠭ᠎ᠠ ᠪᠤᠶᠤ ᠵᠠᠬᠢᠷᠭᠠᠨ ᠤ ᠠᠯᠪᠠᠨ ᠭᠡᠷ ᠤᠨ ᠨᠡᠷ᠎ᠡ ᠪᠠᠷ ᠢᠵᠢ ᠪᠦᠷᠢᠳᠦᠭᠦᠯᠬᠦ ᠪᠢᠴᠢᠭ ᠮᠠᠲ᠋ᠧᠷᠢᠶᠠᠯ ᠲᠣᠭᠲᠠᠭᠠᠬᠤ ᠴᠢᠬᠤᠯᠠᠲᠠᠢ ᠪᠣᠯ᠂ ᠭᠦᠢᠴᠡᠳᠬᠡᠬᠦ ᠴᠠᠭ ᠤᠨ ᠬᠢᠵᠠᠭᠠᠷ ᠢ ᠨᠢᠭᠡᠨᠲᠡ ᠲᠣᠳᠣᠷᠬᠠᠶᠢᠯᠠᠭᠰᠠᠨ ᠪᠠᠶᠢᠪᠠᠯ᠂ ᠲᠦᠷᠦᠭᠦᠯᠡᠨ ᠲᠤᠭᠤᠷᠪᠢᠬᠤ ᠰᠠᠯᠠᠭ᠎ᠠ ᠮᠥᠴᠢᠷ ᠨᠢ ᠲᠣᠭᠲᠠᠭᠠᠭᠰᠠᠨ ᠴᠠᠭ ᠤᠨ ᠬᠢᠵᠠᠭᠠᠷ   ᠠᠴᠠ 10 ᠠᠵᠢᠯᠯᠠᠬᠤ ᠡᠳᠦᠷ ᠤᠨ ᠡᠮᠦᠨ᠎ᠡ ᠪᠢᠴᠢᠭ ᠮᠠᠲ᠋ᠧᠷᠢᠶᠠᠯ ᠤᠨ ᠣᠷᠣᠯᠠᠨ ᠲᠤᠭᠤᠷᠪᠢᠭᠰᠠᠨ ᠨᠣᠣᠷᠠᠭ ᠢ ᠵᠠᠬᠢᠷᠭ᠎ᠠ ᠳᠤ ᠮᠡᠳᠡᠭᠦᠯᠦᠨ ᠬᠦᠷᠭᠡᠬᠦ ᠬᠡᠷᠡᠭᠲᠡᠢ︔ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠭᠰᠠᠨ ᠦᠭᠡᠢ᠂ ᠨᠡᠯᠢᠶᠡᠳ ᠲᠥᠬᠦᠮ ᠵᠦᠢᠯᠡᠰ ᠲᠤ 20 ᠠᠵᠢᠯᠯᠠᠬᠤ ᠡᠳᠦᠷ ᠤᠨ ᠳᠣᠲᠣᠷ᠎ᠠ ᠮᠡᠳᠡᠭᠦᠯᠦᠨ ᠬᠦᠷᠭᠡᠬᠦ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ︔ᠶᠡᠷᠦᠩᠬᠡᠶᠢᠯᠡᠭᠰᠡᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ ᠴᠢᠬᠤᠯᠠ ᠶᠡᠭᠡ ᠵᠦᠢᠯᠡᠰ ᠲᠤ ᠬᠤᠯᠪᠣᠭᠳᠠᠬᠤ᠂ ᠲᠤᠭᠤᠷᠪᠢᠨ ᠪᠢᠴᠢᠵᠦ ᠮᠡᠳᠡᠭᠦᠯᠦᠨ ᠬᠦᠷᠭᠡᠬᠦ ᠠᠵᠢᠯ ᠢ 30 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠪᠠᠷ ᠴᠢᠷᠮᠠᠶᠢᠨ᠎ᠠ᠃ᠪᠠᠴᠢᠮ ᠶᠠᠪᠤᠳᠠᠯ ᠢ ᠬᠡᠵᠢᠶ᠎ᠡ ᠢᠷᠡᠪᠡᠯ ᠲᠡᠷᠡ ᠳᠠᠷᠤᠢ ᠳᠤᠨᠢ ᠰᠢᠢᠳᠪᠦᠷᠢᠯᠡᠨ᠎ᠡ᠃    ︵ᠲᠠᠪᠤ︶ ᠠᠯᠪᠠᠨ ᠪᠢᠴᠢᠭ ᠢ ᠭᠦᠢᠴᠡᠳᠬᠡᠬᠦ ᠡᠬᠡ ᠲᠠᠩᠰᠠ ᠪᠣᠯᠣᠨ ᠨᠠᠷᠢᠨ ᠬᠠᠭᠤᠳᠠᠰᠤ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠯᠪᠠᠨ ᠪᠢᠴᠢᠭ ᠤᠨ ᠠᠵᠢᠯᠯᠠᠭᠠᠨ ᠤ ᠪᠥᠬᠦ ᠶᠠᠪᠤᠴᠠ᠂ ᠪᠠᠶᠢᠳᠠᠯ ᠢ ᠨᠠᠷᠢᠨ ᠲᠡᠮᠳᠡᠭᠯᠡᠵᠦ᠂ ᠠᠯᠪᠠᠨ ᠪᠢᠴᠢᠭ ᠢ ᠰᠢᠢᠳᠪᠦᠷᠢᠯᠡᠵᠦ ᠳᠠᠭᠤᠰᠤᠭᠰᠠᠨ ᠤ ᠲᠠᠷᠠᠭ᠎ᠠ᠂ ᠭᠦᠢᠴᠡᠳᠬᠡᠭᠰᠡᠨ ᠦᠷ᠎ᠡ ᠳ᠋ᠦᠩ ᠢ ᠲᠣᠳᠣᠷᠬᠠᠶᠢᠯᠠᠨ᠂ ᠪᠢᠳᠡᠭᠦᠮᠵᠢᠯᠡᠨ ᠬᠠᠮᠢᠶᠠᠷᠬᠤ ᠬᠡᠷᠡᠭᠲᠡᠢ᠃    ︵ᠵᠢᠷᠭᠤᠭ᠎ᠠ︶ 10 ᠳ᠋ᠤᠭᠠᠷ ᠰᠠᠷ᠎ᠠ ᠶᠢᠨ ᠰᠡᠭᠦᠯᠴᠢ ᠪᠠᠷ ᠵᠠᠬᠢᠷᠭ᠎ᠠ ᠶᠢᠨ ᠤᠳᠤᠷᠢᠳᠤᠯᠭ᠎ᠠ᠂ ᠵᠠᠬᠢᠷᠭ᠎ᠠ ᠶᠢᠨ ᠠᠯᠪᠠᠨ ᠭᠡᠷ ᠤᠨ ᠤᠳᠤᠷᠢᠳᠤᠯᠭ᠎ᠠ ᠨᠠᠷ ᠴᠥᠮ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠬᠡᠷᠡᠭᠯᠡᠨ ᠨᠢᠭᠤᠴᠠ ᠳᠤ ᠥᠯᠥ ᠬᠤᠯᠪᠣᠭᠳᠠᠬᠤ ᠠᠯᠪᠠᠨ ᠪᠢᠴᠢᠭ ᠢ ᠤᠩᠰᠢᠨ ᠵᠥᠪᠰᠢᠶᠡᠷᠡᠨ᠎ᠡ᠃    ᠬᠤᠶᠠᠷ᠂ ᠬᠤᠷᠠᠯ    ︵ᠳᠣᠯᠤᠭ᠎ᠠ︶ ᠵᠠᠬᠢᠷᠭ᠎ᠠ ᠶᠢᠨ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠨᠢ ᠵᠥᠪᠯᠡᠭᠰᠡᠨ ᠵᠦᠢᠯ ᠤᠨ ᠢᠶᠠᠨ ᠬᠡᠷᠡᠭᠴᠡᠭᠡ ᠶᠢ ᠦᠨᠳᠦᠰᠦᠯᠡᠨ ᠬᠤᠷᠠᠯ ᠳᠤ ᠣᠷᠤᠯᠴᠠᠬᠤ ᠬᠥᠮᠥᠨ ᠤ ᠲᠤᠭ᠎ᠠ ᠶᠢ ᠲᠣᠭᠲᠠᠭᠠᠵᠤ᠂ ᠬᠤᠷᠠᠯ ᠳᠤ ᠪᠠᠷ᠎ᠠ ᠪᠣᠯᠬᠤ ᠴᠢᠬᠤᠯᠠ ᠦᠭᠡᠢ ᠪᠠᠶᠢᠬᠤ ᠶᠢ ᠡᠷᠡᠰ ᠬᠤᠷᠢᠭᠯᠠᠨ᠎ᠠ᠃    ︵ᠨᠠᠢᠮᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠳᠤ ᠳᠡᠪᠰᠢᠭᠦᠯᠬᠦ ᠪᠠᠷ ᠪᠠᠶᠢᠭ᠎ᠠ ᠵᠥᠪᠯᠡᠬᠦ ᠰᠡᠳᠦᠪ ᠢ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ ᠠᠴᠠ ᠡᠮᠦᠨ᠎ᠡ ᠨᠢᠭᠡ ᠭᠠᠷᠠᠭ ᠲᠤ ᠤᠷᠢᠳᠠᠪᠠᠷ ᠵᠠᠬᠢᠷᠭ᠎ᠠ ᠶᠢᠨ ᠪᠠᠶᠢᠩᠭᠤ ᠶᠢᠨ ᠬᠤᠷᠠᠯ ᠳᠤ ᠵᠢᠭᠰᠠᠭᠠᠵᠤ ᠰᠤᠳᠤᠯᠬᠤ ᠬᠡᠷᠡᠭᠲᠡᠢ᠃    ︵ᠶᠢᠰᠦ︶ ᠵᠠᠬᠢᠷᠭ᠎ᠠ ᠶᠢᠨ ᠪᠠᠶᠢᠩᠭᠤ ᠶᠢᠨ ᠬᠤᠷᠠᠯ ᠢᠶᠠᠷ ᠰᠤᠳᠤᠯᠬᠤ ᠪᠠᠷ ᠪᠠᠶᠢᠭ᠎ᠠ ᠵᠥᠪᠯᠡᠬᠦ ᠰᠡᠳᠦᠪ ᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠤᠷᠢᠳᠴᠢᠯᠠᠨ ᠪᠡᠯᠡᠳᠬᠡᠵᠦ᠂ ︽ᠠᠯᠠᠱᠠ ᠠᠶᠢᠮᠠᠭ ᠤᠨ ᠵᠠᠬᠢᠷᠭ᠎ᠠ ᠶᠢᠨ ᠠᠵᠢᠯ ᠤᠨ ᠳᠦᠷᠢᠮ︾ ᠵᠡᠷᠭᠡ ᠱᠠᠭᠠᠷᠳᠠᠯᠭ᠎ᠠ ᠶᠣᠰᠣᠭᠠᠷ᠂ ᠰᠠᠨᠠᠯ ᠬᠤᠷᠢᠶᠠᠬᠤ᠂ ᠲᠤᠰᠬᠠᠢ ᠰᠡᠳᠦᠪ ᠢᠶᠠᠷ ᠰᠤᠳᠤᠯᠬᠤ ᠵᠡᠷᠭᠡ ᠴᠤᠪᠤᠷᠠᠯ ᠢ ᠴᠢᠩᠭ᠎ᠠ ᠪᠡᠶᠡᠯᠡᠭᠦᠯᠵᠦ᠂ ᠬᠠᠮᠢᠶ᠎ᠠ ᠪᠦᠬᠦᠢ ᠵᠥᠪᠯᠡᠬᠦ ᠰᠡᠳᠦᠪ ᠢ ᠬᠢᠨᠠᠨ ᠬᠠᠷᠭᠤᠭᠤᠯᠬᠤ ᠴᠤᠪᠤᠷᠠᠯ ᠢ ᠪᠡᠶᠡᠯᠡᠭᠦᠯᠦᠭᠰᠡᠨ ᠦᠭᠡᠢ ᠪᠠᠶᠢᠪᠠᠯ᠂ ᠵᠠᠷᠴᠢᠮ ᠳᠡᠭᠡᠷ᠎ᠡ ᠪᠠᠨ ᠬᠤᠷᠠᠯ ᠳᠤ ᠵᠢᠭᠰᠠᠭᠠᠵᠤ ᠰᠤᠳᠤᠯᠬᠤ ᠦᠭᠡᠢ᠃    ︵ᠠᠷᠪᠠ︶ ᠸᠢᠳᠢᠤ᠋ ᠬᠤᠷᠠᠯ ᠢ ᠡᠩ ᠤᠨ ᠪᠠᠶᠢᠳᠠᠯ ᠳᠤ ᠳᠣᠣᠷ᠎ᠠ ᠨᠢᠭᠡ ᠱᠠᠲᠤᠨ ᠳᠤ ᠯᠠ ᠬᠤᠷᠠᠯᠳᠤᠭᠤᠯᠤᠨ᠎ᠠ᠂ ᠱᠠᠲᠤ ᠱᠠᠲᠤ ᠪᠠᠷ ᠲᠣᠬᠤᠵᠤ ᠬᠤᠷᠠᠯᠳᠤᠭᠤᠯᠬᠤ ᠦᠭᠡᠢ᠃    ︵ᠠᠷᠪᠠᠨ ᠨᠢᠭᠡ︶ ᠵᠠᠬᠢᠷᠭᠠᠨ ᠤ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ᠂ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠪᠠ ᠵᠠᠬᠢᠷᠭᠠᠨ ᠤ ᠨᠠᠮ ᠤᠨ ᠳᠤᠭᠤᠶᠢᠯᠠᠩ ᠤᠨ ᠬᠤᠷᠠᠯ ᠤᠨ ᠲᠣᠪᠴᠢ ᠲᠡᠮᠳᠡᠭᠯᠡᠯ ᠢ 1 ︱ 3 ᠠᠵᠢᠯᠯᠠᠬᠤ ᠡᠳᠦᠷ ᠤᠨ ᠳᠣᠲᠣᠷ᠎ᠠ ᠲᠤᠭᠤᠷᠪᠢᠨ ᠪᠢᠴᠢᠬᠦ ᠠᠵᠢᠯ ᠢ ᠳᠠᠭᠤᠰᠬᠠᠬᠤ ᠶᠢᠨ ᠬᠠᠮᠲᠤ ᠭᠠᠷ ᠤᠨ ᠥᠰᠥᠭ ᠵᠢᠷᠤᠵᠤ ᠵᠥᠪᠰᠢᠶᠡᠷᠡᠬᠦ ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ︔ᠬᠠᠮᠢᠶ᠎ᠠ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠬᠤ ᠴᠢᠬᠤᠯᠠᠳᠠᠢ ᠪᠣᠯ᠂ 1 ᠠᠵᠢᠯᠯᠠᠬᠤ ᠡᠳᠦᠷ ᠤᠨ ᠳᠣᠲᠣᠷ᠎ᠠ ᠪᠡᠶᠡᠯᠡᠭᠦᠯᠬᠦ ᠬᠡᠷᠡᠭᠲᠡᠢ᠃    ︵ᠠᠷᠪᠠᠨ ᠬᠤᠶᠠᠷ︶ ᠴᠢᠬᠤᠯᠠ ᠬᠤᠷᠠᠯ ᠤᠨ ᠰᠣᠨᠢᠨ ᠮᠡᠳᠡᠭᠡᠯᠡᠯ ᠤᠨ ᠠᠵᠢᠯ ᠢ ᠴᠠᠭ ᠲᠤᠬᠠᠢ ᠳᠤᠨᠢ ᠰᠠᠶᠢᠲᠤᠷ ᠬᠢᠵᠦ᠂ ᠰᠣᠨᠢᠨ ᠮᠡᠳᠡᠭᠡᠨ ᠤ ᠨᠡᠪᠲᠡᠷᠡᠭᠰᠡᠨ ᠡᠬᠡ ᠪᠢᠴᠢᠭ ᠤᠨ ᠲᠤᠭ᠎ᠠ᠂ ᠲᠧᠯᠸᠢᠰ ᠤᠨ ᠰᠣᠨᠢᠨ ᠮᠡᠳᠡᠭᠡᠨ ᠤ ᠴᠠᠭ ᠤᠨ ᠣᠷᠳᠣ ᠶᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠭᠦᠯᠬᠦ ᠬᠡᠷᠡᠭᠲᠡᠢ᠃ᠰᠣᠨᠢᠨ ᠮᠡᠳᠡᠭᠡᠯᠡᠯ ᠢ ᠵᠠᠷᠴᠢᠮ ᠳᠡᠭᠡᠷ᠎ᠡ ᠪᠠᠨ ᠲᠤᠰ ᠡᠳᠦᠷ ᠲᠤᠨᠢ ᠨᠡᠶᠢᠲᠡᠯᠡᠬᠦ ᠬᠡᠷᠡᠭᠲᠡᠢ᠃    ︵ᠠᠷᠪᠠᠨ ᠭᠤᠷᠪᠠ︶ ᠠᠵᠢᠯ  ᠤᠨ ᠡᠭᠦᠷᠭᠡ  ᠶᠢ ᠪᠠᠶᠢᠷᠢᠯᠠᠭᠤᠯᠬᠤ ᠬᠤᠷᠠᠯ  ᠳᠤ᠂ ᠬᠠᠮᠢᠶ᠎ᠠ ᠪᠦᠬᠦᠢ ᠰᠠᠯᠠᠭ᠎ᠠ ᠲᠠᠰᠤᠭ ᠨᠢ ᠲᠣᠰ ᠡᠳᠦᠷ ᠲᠡᠭᠡᠨ ᠡᠭᠦᠷᠭᠡ  ᠶᠢᠨ ᠨᠠᠷᠢᠨ ᠬᠠᠭᠤᠳᠠᠰᠤ  ᠶᠢ ᠪᠦᠷᠢᠯᠳᠦᠭᠦᠯᠬᠦ  ᠶᠢᠨ ᠬᠠᠮᠲᠤ ᠬᠤᠯᠪᠣᠭᠳᠠᠯ ᠪᠦᠬᠦᠢ ᠬᠤᠰᠢᠭᠤ ᠣᠷᠣᠨ᠂ ᠰᠠᠯᠠᠭ᠎ᠠ ᠮᠥᠴᠢᠷ  ᠲᠤ ᠰᠢᠯᠵᠢᠭᠦᠯᠦᠨ᠂ ᠰᠢᠮᠳᠠᠭᠤᠯᠤᠨ ᠭᠦᠢᠴᠡᠳᠬᠡᠬᠦ ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ᠃    ︵ᠠᠷᠪᠠᠨ ᠳᠥᠷᠪᠡ︶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠢᠴᠢᠭ ᠮᠠᠲ᠋ᠧᠷᠢᠶᠠᠯ ᠢ ᠴᠣᠮᠬᠠᠳᠬᠠᠵᠤ ᠬᠤᠷᠠᠯ ᠢ ᠴᠥᠭᠡᠳᠬᠡᠬᠦ ᠲᠤᠬᠠᠢ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠤᠷᠠᠯ ᠢ ᠨᠢᠭᠡᠳᠦᠯᠲᠡᠢ ᠲᠥᠯᠥᠪᠯᠡᠬᠦ ᠶᠢ ᠰᠠᠶᠢᠲᠤᠷ ᠬᠢᠵᠦ᠂ ᠬᠤᠷᠠᠯ ᠤᠨ ᠬᠡᠪ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ ᠶᠢ ᠴᠢᠩᠭ᠎ᠠ ᠴᠠᠭᠠᠵᠠᠯᠠᠨ᠂ ᠣᠬᠤᠷ ᠬᠤᠷᠠᠯ ᠬᠢᠬᠦ᠂ ᠣᠬᠤᠷ ᠦᠭᠡ ᠬᠡᠯᠡᠬᠦ ᠶᠢ ᠪᠠᠷᠢᠮᠲᠠᠯᠠᠵᠤ᠂ ᠬᠤᠷᠠᠯ ᠤᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃    ︵ᠠᠷᠪᠠᠨ ᠲᠠᠪᠤ︶ ᠵᠠᠬᠢᠷᠭᠠᠨ ᠤ ᠪᠠᠶᠢᠩᠭᠤ ᠶᠢᠨ ᠬᠤᠷᠠᠯ᠂ ᠠᠶᠢᠮᠠᠭ ᠤᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠪᠠ ᠵᠠᠬᠢᠷᠭᠠᠨ ᠤ ᠨᠠᠮ ᠤᠨ  ᠳᠤᠭᠤᠶᠢᠯᠠᠩ ᠤᠨ ᠬᠤᠷᠠᠯ ᠤᠨ ᠴᠠᠭᠠᠰᠤ ᠬᠡᠷᠡᠭᠯᠡᠬᠦ ᠦᠭᠡᠢ ᠰᠢᠰᠲ᠋ᠧᠮ ᠤᠨ ᠪᠠᠶᠢᠭᠤᠯᠤᠯᠲᠠ ᠶᠢ ᠡᠬᠢᠯᠡᠭᠦᠯᠵᠦ᠂ ᠴᠠᠭ ᠳᠣᠬᠠᠢ ᠳᠤᠨᠢ ᠲᠣᠬᠢᠷᠠᠭᠤᠯᠤᠨ ᠠᠰᠢᠭᠯᠠᠯᠲᠠ ᠳᠤ ᠣᠷᠣᠭᠤᠯᠬᠤ ᠶᠢᠨ ᠬᠠᠮᠲᠤ ᠪᠥᠬᠦ ᠠᠶᠢᠮᠠᠭ ᠤᠨ ᠵᠠᠰᠠᠭ ᠤᠨ ᠣᠷᠳᠣᠨ ᠤ ᠰᠢᠰᠲ᠋ᠧᠮ ᠳᠤ ᠳᠡᠯᠭᠡᠷᠡᠭᠦᠯᠦᠨ᠎ᠡ᠃    ᠭᠤᠷᠪᠠ᠂ ᠰᠢᠮᠳᠠᠭᠤᠯᠤᠨ ᠪᠠᠶᠢᠴᠠᠭᠠᠬᠤ    ︵ᠠᠷᠪᠠᠨ ᠵᠢᠷᠭᠤᠭ᠎ᠠ︶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠵᠦᠢᠯᠡᠰ ᠢ ᠴᠣᠬᠤᠯᠠᠪᠤᠷᠢ ᠶᠢ ᠣᠯᠣᠭᠰᠠᠨ ᠲᠤᠬᠠᠢ ᠶᠢᠨ ᠡᠳᠦᠷ  ᠲᠤᠨᠢ ᠵᠠᠳᠠᠯᠤᠨ ᠪᠠᠶᠢᠷᠢᠯᠠᠭᠤᠯᠤᠨ᠎ᠠ᠃ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠤᠨ ᠱᠠᠭᠠᠷᠳᠠᠯᠭ᠎ᠠ ᠲᠠᠢ ᠪᠠᠶᠢᠪᠠᠯ᠂ ᠲᠣᠭᠲᠠᠭᠰᠠᠨ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠭᠦᠢᠴᠡᠳᠬᠡᠬᠦ ᠬᠡᠷᠡᠭᠲᠡᠢ︔ᠰᠢᠢᠳᠪᠦᠷᠢᠯᠡᠵᠦ ᠳᠠᠭᠤᠰᠬᠠᠬᠤ ᠴᠠᠭ ᠤᠨ ᠬᠢᠵᠠᠭᠠᠷ ᠲᠣᠭᠲᠠᠭᠠᠭᠰᠠᠨ ᠦᠭᠡᠢ ᠪᠠᠶᠢᠪᠠᠯ᠂ 15 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠪᠤᠶᠤ ᠰᠢᠮᠳᠠᠭᠤᠯᠵᠤ ᠪᠠᠶᠢᠭᠠᠳ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠶ ᠪᠣᠯᠭᠠᠬᠤ ᠬᠡᠷᠡᠭᠲᠡᠢ᠃    ︵ᠠᠷᠪᠠᠨ ᠳᠣᠯᠤᠭ᠎ᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠳ ᠤᠨ ᠬᠤᠷᠠᠯ   ᠠᠴᠠ ᠪᠠᠶᠢᠷᠢᠯᠠᠭᠤᠯᠤᠭᠰᠠᠨ ᠠᠵᠢᠯ   ᠨᠢ ᠵᠠᠬᠢᠷᠭ᠎ᠠ ᠶᠢᠨ ᠵᠦᠢᠯᠡᠰ ᠲᠤ ᠬᠤᠯᠪᠣᠭᠳᠠᠪᠠᠯ᠂ ᠬᠠᠮᠢᠶ᠎ᠠ ᠪᠦᠬᠦᠢ ᠳᠡᠳ᠋ ᠨᠠᠷᠢᠨ ᠪᠢᠴᠢᠭ ᠤᠨ ᠳᠠᠷᠤᠭ᠎ᠠ᠂ ᠳᠡᠳ᠋ ᠡᠷᠬᠢᠯᠡᠭᠴᠢ  ᠠᠴᠠ ᠬᠤᠪᠢᠳᠠᠨ ᠬᠠᠮᠢᠶᠠᠷᠴᠤ ᠪᠦᠬᠦᠢ ᠠᠶᠢᠮᠠᠭ  ᠤᠨ ᠳᠡᠳ᠋ ᠳᠠᠷᠤᠭ᠎ᠠ  ᠶᠢ ᠵᠣᠬᠢᠴᠠᠭᠤᠯᠤᠨ ᠭᠠᠷᠠᠭ  ᠤᠨ ᠲᠣᠬᠢᠷᠠᠭᠤᠯᠤᠯᠲᠠ᠂ ᠭᠠᠷᠠᠭ ᠤᠨ ᠮᠡᠳᠡᠭᠦᠯᠦᠯᠲᠡ  ᠶᠢᠨ ᠠᠵᠢᠯ  ᠢ ᠰᠠᠶᠢᠲᠤᠷ ᠬᠢᠬᠦ ᠬᠡᠷᠡᠭᠲᠡᠢ᠃    ︵ᠠᠷᠪᠠᠨ ᠨᠠᠢᠮᠠ︶ ᠠᠶᠢᠮᠠᠭ ᠤᠨ ᠨᠠᠮ ᠤᠨ ᠬᠤᠷᠢᠶ᠎ᠠ ᠶᠢᠨ ᠭᠤᠣᠯ ᠤᠳᠤᠷᠢᠳᠬᠤ ᠨᠥᠬᠦᠳ ᠤᠨ ᠴᠣᠬᠤᠯᠠᠪᠤᠷᠢ ᠶᠢᠨ ᠮᠠᠲ᠋ᠧᠷᠢᠶᠠᠯ ᠨᠢ ᠵᠠᠬᠢᠷᠭ᠎ᠠ ᠶᠢᠨ ᠵᠦᠢᠯᠡᠰ ᠲᠤ ᠬᠤᠯᠪᠣᠭᠳᠠᠪᠠᠯ᠂ ᠴᠣᠬᠤᠯᠠᠪᠤᠷᠢ ᠶᠢᠨ ᠮᠠᠲ᠋ᠧᠷᠢᠶᠠᠯ ᠢ ᠣᠯᠣᠭᠰᠠᠨ ᠲᠤᠬᠠᠢ ᠶᠢᠨ ᠡᠳᠦᠷ ᠲᠤᠨᠢ ᠵᠠᠳᠠᠯᠤᠨ ᠪᠠᠶᠢᠷᠢᠯᠠᠭᠤᠯᠵᠤ᠂ ᠡᠬᠡ ᠲᠠᠩᠰᠠ ᠪᠠᠶᠢᠭᠤᠯᠤᠨ᠂ ᠭᠠᠷᠠᠭ ᠢᠶᠠᠷ ᠲᠣᠬᠢᠷᠠᠭᠤᠯᠬᠤ ᠬᠡᠷᠡᠭᠲᠡᠢ᠃    ︵ᠠᠷᠪᠠ ᠶᠢᠰᠦ︶ ᠵᠢᠯ ᠤᠨ ᠡᠬᠢᠨ ᠤ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠨ ᠤ ᠵᠠᠬᠢᠷᠭ᠎ᠠ ᠶᠢᠨ ᠭᠤᠣᠯᠳᠠᠯᠭ᠎ᠠ ᠲᠠᠢ ᠠᠵᠢᠯ ᠤᠨ ᠡᠬᠡ ᠲᠠᠩᠰᠠ ᠶᠢ ᠲᠣᠭᠲᠠᠭᠠᠵᠤ᠂ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠨᠢ ᠠᠬᠢᠴᠠ ᠶᠢᠨ ᠪᠠᠶᠢᠳᠠᠯ ᠢᠶᠠᠨ ᠤᠯᠠᠷᠢᠯ ᠢᠶᠠᠷ ᠲᠣᠬᠢᠷᠠᠭᠤᠯᠬᠤ ᠶᠢᠨ ᠬᠠᠮᠲᠤ ᠬᠠᠷᠢᠭᠤ ᠲᠤᠰᠬᠠᠨ᠎ᠠ᠃    ︵ᠬᠤᠷᠢ︶ ᠠᠶᠢᠮᠠᠭ ᠤᠨ ᠳᠠᠷᠤᠭ᠎ᠠ ᠶᠢᠨ ᠲᠤᠰᠬᠠᠢ ᠰᠡᠳᠦᠪᠲᠦ ᠬᠤᠷᠠᠯ ᠢᠶᠠᠷ ᠵᠥᠪᠯᠡᠨ ᠲᠣᠭᠲᠠᠭᠠᠭᠰᠠᠨ ᠵᠦᠢᠯᠡᠰ ᠢ ᠬᠠᠮᠢᠶ᠎ᠠ ᠪᠦᠬᠦᠢ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ ᠨᠢ 1 ᠠᠵᠢᠯᠯᠠᠬᠤ ᠡᠳᠦᠷ ᠤᠨ ᠳᠣᠲᠣᠷ᠎ᠠ ᠬᠤᠷᠠᠯ ᠤᠨ ᠲᠣᠪᠴᠢ ᠶᠢ ᠵᠠᠬᠢᠷᠭ᠎ᠠ ᠶᠢᠨ ᠰᠢᠮᠳᠠᠭᠤᠯᠤᠨ ᠪᠠᠶᠢᠴᠠᠭᠠᠬᠤ ᠲᠠᠰᠤᠭ ᠪᠤᠶᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ᠂ ᠰᠢᠮᠳᠠᠭᠤᠯᠤᠨ ᠭᠦᠢᠴᠡᠳᠬᠡᠬᠦ ᠲᠠᠰ ᠳᠠᠷᠠᠭᠠᠯᠠᠯ ᠳᠤ ᠣᠷᠣᠭᠤᠯᠬᠤ ᠬᠡᠷᠡᠭᠲᠡᠢ᠃    ︵ᠬᠤᠷᠢᠨ ᠨᠢᠭᠡ︶ ᠵᠠᠬᠢᠷᠭ᠎ᠠ  ᠶᠢᠨ ᠭᠤᠣᠯ ᠤᠳᠤᠷᠢᠳᠬᠤ ᠨᠥᠬᠦᠳ ᠤᠨ ᠪᠢᠴᠢᠭ ᠮᠠᠲ᠋ᠧᠷᠢᠶᠠᠯ᠂ ᠬᠤᠷᠠᠯ ᠳᠡᠭᠡᠷ᠎ᠡ ᠭᠠᠷᠭᠠᠭᠰᠠᠨ ᠴᠣᠬᠤᠯᠠᠪᠤᠷᠢ    ᠶᠢ ᠵᠠᠬᠢᠷᠭ᠎ᠠ  ᠶᠢᠨ ᠰᠢᠮᠳᠠᠭᠤᠯᠤᠨ ᠪᠠᠶᠢᠴᠠᠭᠠᠬᠤ ᠲᠠᠰᠤᠭ᠂ ᠬᠠᠮᠢᠶ᠎ᠠ  ᠪᠦᠬᠦᠢ ᠨᠠᠷᠢᠨ ᠪᠢᠴᠢᠭᠡᠴᠢ ᠶᠢᠨ ᠰᠠᠯᠠᠭ᠎ᠠ ᠲᠠᠰᠤᠭ   ᠠᠴᠠ ᠬᠠᠮᠵᠢᠯᠴᠠᠨ ᠰᠢᠮᠳᠠᠭᠤᠯᠤᠨ ᠭᠦᠢᠴᠡᠳᠬᠡᠵᠦ᠂ ᠬᠠᠭᠠᠰ ᠰᠠᠷ᠎ᠠ  ᠪᠦᠷᠢ ᠬᠤᠷᠢᠶᠠᠩᠭᠤᠶᠢᠯᠠᠨ ᠮᠡᠳᠡᠭᠦᠯᠦᠨ᠎ᠡ᠃    ︵ᠬᠤᠷᠢᠨ ᠬᠤᠶᠠᠷ︶ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠢᠶᠠᠨ ᠴᠠᠭ ᠲᠤᠬᠠᠢ ᠳᠤᠨᠢ ᠬᠠᠷᠢᠭᠤ ᠮᠡᠳᠡᠭᠦᠯᠵᠦ ᠂ ᠵᠠᠬᠢᠷᠭ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠ ᠴᠢᠬᠤᠯᠠ ᠠᠵᠢᠯ ᠤᠨ ᠪᠠᠶᠢᠷᠢᠯᠠᠭᠤᠯᠤᠯᠲᠠ ᠶᠢᠨ ᠲᠤᠰᠬᠠᠢ ᠵᠦᠢᠯ ᠢᠶᠠᠷ ᠰᠢᠮᠳᠠᠭᠤᠯᠤᠨ ᠪᠠᠶᠢᠴᠠᠭᠠᠬᠤ ᠳᠤ᠂ ᠡᠩ ᠤᠨ ᠪᠠᠶᠢᠳᠠᠯ ᠳᠤ ᠲᠤᠬᠠᠢ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠵᠤ ᠳᠠᠭᠤᠰᠤᠭᠰᠠᠨ ᠤ ᠳᠠᠷᠠᠭ᠎ᠠ ᠨᠢᠭᠡ ᠭᠠᠷᠠᠭ ᠤᠨ ᠳᠣᠲᠣᠷ᠎ᠠ ᠪᠢᠴᠢᠭᠯᠡᠭᠰᠡᠨ ᠮᠡᠳᠡᠭᠦᠯᠦᠯᠲᠡ ᠪᠣᠯᠭᠠᠬᠤ ᠬᠡᠷᠡᠭᠲᠡᠢ᠃    ︵ᠬᠤᠷᠢᠨ ᠭᠤᠷᠪᠠ︶ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠤ ᠳᠠᠷᠠᠭ᠎ᠠ᠂ ᠨᠢᠭᠡ ᠪᠦᠯᠦᠭ ᠲᠠᠩ ᠢᠶᠠᠷ ᠮᠡᠳᠡᠭᠦᠯᠬᠦ ᠠᠷᠭ᠎ᠠ ᠮᠠᠶ᠋ᠢᠭ ᠢ ᠠᠪᠴᠤ ᠰᠢᠮᠳᠠᠭᠤᠯᠤᠨ ᠰᠢᠢᠳᠪᠦᠷᠢᠯᠡᠭᠦᠯᠬᠦ ᠵᠦᠢᠯᠡᠰ ᠢ ᠴᠠᠭ ᠲᠤᠬᠠᠢ ᠳᠤᠨᠢ ᠰᠢᠢᠳᠪᠦᠷᠢᠯᠡᠬᠦ ᠪᠠᠷ ᠪᠣᠶ᠃    ᠳᠥᠷᠪᠡ᠂ ᠮᠡᠳᠡᠭᠡ ᠵᠠᠩᠭᠢ    ︵ᠬᠤᠷᠢᠨ ᠳᠥᠷᠪᠡ︶ ︽ᠠᠯᠠᠱᠠ ᠶᠢᠨ ᠵᠠᠰᠠᠭ ᠤᠨ ᠶᠠᠪᠤᠳᠠᠯ ᠤᠨ ᠮᠡᠳᠡᠭᠡ︾ ᠶᠢ ᠲᠣᠰ ᠡᠳᠦᠷ ᠤᠨ 17᠄ 30 ᠠᠴᠠ ᠡᠮᠦᠨ᠎ᠡ ᠳᠠᠷᠤᠮᠠᠯᠯᠠᠨ ᠲᠠᠷᠬᠠᠭᠠᠪᠠᠯ ᠵᠣᠬᠢᠨ᠎ᠠ᠃    ︵ᠬᠤᠷᠢᠨ ᠲᠠᠪᠤ︶ ︽ᠠᠯᠠᠱᠠ ᠶᠢᠨ ᠮᠡᠳᠡᠭᠡ ᠵᠠᠩᠭᠢ︾ ᠶᠢ ᠡᠳᠦᠷ ᠪᠦᠷᠢ ᠶᠢᠨ 11᠄ 00   ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ ᠤ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠬᠤ ᠭᠠᠵᠠᠷ ᠲᠤ ᠮᠡᠳᠡᠭᠦᠯᠬᠦ ᠬᠡᠷᠡᠭᠲᠡᠢ᠃    ︵ᠬᠤᠷᠢᠨ ᠵᠢᠷᠭᠤᠭ᠎ᠠ︶ ︽ᠮᠡᠳᠡᠭᠡ ᠵᠠᠩᠭᠢ ᠶᠢ ᠯᠠᠪᠯᠠᠨ ᠦᠵᠡᠬᠦ︾ ᠶᠢ ᠳᠡᠭᠡᠭᠰᠢ ᠮᠡᠳᠡᠭᠦᠯᠦᠭᠰᠡᠨ ᠲᠤᠬᠠᠢ ᠶᠢᠨ ᠡᠳᠦᠷ ᠲᠤ ᠨᠠᠶᠢᠷᠠᠭᠤᠯᠤᠨ ᠳᠠᠷᠤᠮᠠᠯᠯᠠᠨ ᠲᠠᠷᠬᠠᠭᠠᠬᠤ ᠶᠢᠨ ᠬᠠᠮᠲᠤ ᠴᠠᠭ ᠲᠤᠬᠠᠢ ᠳᠤᠨᠢ ᠡᠷᠭᠢᠯᠳᠦᠭᠦᠯᠦᠨ᠂ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃    ︵ᠬᠤᠷᠢᠨ ᠲᠤᠯᠤᠭ᠎ᠠ︶ ︽ᠴᠢᠬᠤᠯᠠ ᠪᠠᠶᠢᠳᠠᠯ ᠤᠨ ᠲᠣᠪᠴᠢ ᠮᠡᠳᠡᠭᠦᠯᠦᠯᠲᠡ︾ ᠶᠢ ᠭᠠᠷᠠᠭ ᠪᠦᠷᠢ ᠶᠢᠨ ᠲᠦᠷᠪᠡᠨ ᠤ ᠦᠳᠡ ᠶᠢᠨ ᠬᠤᠶᠢᠨ᠎ᠠ ᠳᠠᠷᠤᠮᠠᠯᠯᠠᠨ ᠲᠠᠷᠬᠠᠭᠠᠬᠤ ᠬᠡᠷᠡᠭᠲᠡᠢ᠃    ︵ᠬᠤᠷᠢᠨ ᠨᠠᠢᠮᠠ︶ ︽ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠰᠠᠷ᠎ᠠ ᠪᠦᠷᠢ ᠶᠢᠨ ᠪᠠᠶᠢᠳᠠᠯ ᠤᠨ ᠮᠡᠳᠡᠭᠡᠯᠡᠯ︾ ᠢ ᠳᠠᠷᠠᠭ᠎ᠠ ᠰᠠᠷ᠎ᠠ ᠶᠢᠨ ᠰᠢᠨᠡᠳ ᠢᠶᠠᠷ ᠳᠠᠷᠤᠮᠠᠯᠯᠠᠨ ᠲᠠᠷᠬᠠᠭᠠᠬᠤ ᠬᠡᠷᠡᠭᠲᠡᠢ᠃    ︵ᠬᠤᠷᠢ ᠶᠢᠰᠦ︶ ︽ᠤᠳᠤᠷᠢᠳᠤᠯᠭ᠎ᠠ ᠶᠢᠨ ᠴᠣᠬᠤᠯᠠᠪᠤᠷᠢ ᠮᠡᠳᠡᠭᠳᠡᠯ︾ ᠢ ᠡᠷᠭᠢᠯᠲᠡ ᠳᠤ ᠣᠷᠣᠭᠤᠯᠤᠭᠰᠠᠨ ᠲᠤᠬᠠᠢ ᠶᠢᠨ ᠡᠳᠦᠷ ᠲᠤᠨᠢ ᠨᠠᠶᠢᠷᠠᠭᠤᠯᠣᠨ ᠲᠠᠷᠬᠠᠭᠠᠨ᠎ᠠ᠃    ︵ᠭᠤᠴᠢ︶ ᠡᠯᠧᠺᠲᠷᠣᠨ ᠠᠯᠪᠠᠨ ᠠᠵᠢᠯ ᠤᠨ ᠲᠥᠬᠦᠭᠡᠷᠦᠮᠵᠢ ᠶᠢ ᠰᠦᠯᠵᠢᠶᠡᠨ ᠳᠤ ᠣᠷᠣᠭᠤᠯᠤᠨ ᠠᠵᠢᠯᠯᠠᠭᠤᠯᠤᠭᠰᠠᠨ ᠤ ᠳᠠᠷᠠᠭ᠎ᠠ᠂ ᠳᠣᠲᠣᠭᠠᠳᠤ ᠶᠢᠨ ᠮᠡᠳᠡᠭᠡ ᠵᠠᠩᠭᠢ ᠶᠢᠨ ᠰᠡᠳᠬᠦᠯ ᠳᠤ ᠪᠥᠬᠦ ᠴᠤᠪᠤᠷᠠᠯ ᠢ ᠡᠯᠧᠺᠲᠷᠤᠨᠴᠢᠯᠡᠨ ᠠᠵᠢᠯᠯᠠᠭᠤᠯᠬᠤ ᠶᠢ ᠬᠡᠷᠡᠭᠵᠢᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号