︽ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ | ᠲᠠᠷᠬᠠᠭᠠᠭᠰᠠᠨ ﹇2020﹈ 52 ᠳ᠋ᠤᠭᠠᠷ ᠲᠣᠭᠠᠲᠤ︶ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠠᠰᠤᠵᠢᠯ ᠤᠨ | ᠠᠰᠠᠷᠠᠮᠵᠢ ᠬᠡᠦᠬᠡᠳ ᠰᠠᠭᠠᠲᠠᠭᠤᠯᠬᠤ ᠰᠢᠯᠢᠳᠡᠭ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ | ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠠ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠲᠤᠷ ᠬᠠᠩᠭᠠᠵᠤ᠂ ︽ᠨᠠᠰᠤᠲᠠᠨ ᠨᠢᠯᠬ᠎ᠠ ᠬᠡᠣᠬᠡᠳ︾ ᠤᠨ | ᠠᠵᠢᠯ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠬᠤ ᠶᠢᠨ ᠲᠤᠰᠠᠳᠠ᠂ ᠠᠯᠠᠱᠠ | ᠠᠶᠢᠮᠠᠭ ᠤᠨ ᠪᠣᠳᠠᠲᠠᠢ ᠲᠠᠢ ᠤᠶᠠᠯᠳᠤᠭᠤᠯᠵᠤ᠂ ᠲᠣᠰ ᠲᠥᠰᠥᠯ ᠢ ᠲᠣᠭᠲᠠᠭᠠᠪᠠ᠃ | ᠨᠢᠭᠡ᠂ ᠬᠡᠷᠡᠭᠵᠢᠭᠦᠯᠦᠭᠰᠡᠨ ᠠᠬᠤᠢ ᠪᠠᠶᠢᠳᠠᠯ | ︵ᠨᠢᠭᠡ︶ ᠬᠥᠭᠵᠢᠯᠲᠡ ᠶᠢᠨ ᠰᠠᠭᠤᠷᠢ | 1. ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠡᠳᠦᠷ ᠢᠷᠡᠬᠦᠶ᠎ᠡ ᠲᠡᠭᠦᠯᠳᠡᠷᠵᠢᠵᠦ ᠪᠠᠶᠢᠨ᠎ᠠ᠃ᠠᠯᠠᠱᠠ | ᠠᠶᠢᠮᠠᠭ ᠤᠨ ᠬᠢᠨ ᠤᠷᠢᠳ ᠬᠤᠵᠢᠳ ︽ᠠᠯᠠᠱᠠ ᠠᠶᠢᠮᠠᠭ ᠤᠨ ᠨᠡᠶᠢᠭᠡᠮ ᠤᠨ ᠬᠦᠴᠦᠨ ᠤ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠪᠠᠶᠢᠭᠤᠯᠬᠤ ᠶᠢ ᠵᠣᠷᠢᠭᠵᠢᠭᠤᠯᠤᠨ ᠲᠡᠳᠬᠦᠬᠦ ᠬᠠᠷᠠᠭᠠᠯᠵᠠᠯ ᠤᠨ ᠠᠷᠭ᠎ᠠ︾ ︽ᠠᠯᠠᠱᠠ | ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ︽ | ᠠᠯᠠᠱᠠ ᠠᠶᠢᠮᠠᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠦᠢᠯᠡᠴᠢᠯᠡᠭᠡ ᠶᠢ ᠠᠬᠢᠭᠤᠯᠬᠤ | ᠬᠡᠷᠡᠭᠵᠢᠭᠦᠯᠬᠦ ᠠᠷᠭ᠎ᠠ︾ ᠪᠠ ︽ᠠᠯᠠᠱᠠ ᠠᠶᠢᠮᠠᠭ ᠤᠨ ︿ᠠᠷᠪᠠᠨ ᠭᠤᠷᠪᠠᠳᠤᠭᠠᠷ ᠲᠠᠪᠤᠨ ᠵᠢᠯ﹀ ᠤᠨ | ᠬᠤᠭᠤᠴᠠᠭᠠᠨ ᠳᠠᠬᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ | ᠲᠥᠯᠦᠪᠵᠢᠭᠦᠯᠭᠡ︾ ᠵᠡᠷᠭᠡ ᠪᠢᠴᠢᠭ ᠮᠠᠲ᠋ᠧᠷᠢᠶᠠᠯ ᠢ ᠲᠣᠭᠲᠠᠭᠠᠨ ᠨᠡᠶᠢᠲᠡᠯᠡᠪᠡ᠃ ᠨᠠᠰᠤᠵᠢᠯ ᠤᠨ ᠦᠢᠯᠡᠴᠢᠯᠡᠭᠡᠨ ᠤ | ᠦᠢᠯᠡᠰ ᠤᠨ ᠬᠥᠭᠵᠢᠯᠲᠡ ᠳᠤ ᠬᠦᠴᠦᠲᠡᠢ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠬᠠᠩᠭᠠᠪᠠ᠃︽ᠠᠯᠠᠱᠠ | ᠠᠶᠢᠮᠠᠭ ᠤᠨ 3 ᠨᠠᠰᠤᠨ ᠠᠴᠠ ᠳᠣᠷᠣᠭᠰᠢᠬᠢ ᠨᠢᠯᠬ᠎ᠠ ᠬᠡᠦᠬᠡᠳ ᠤᠨ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠡᠷᠡᠭᠦᠯ ᠬᠠᠮᠠᠭᠠᠯᠠᠯ ᠡᠷᠡᠭᠦᠯᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠵᠤ᠂ ᠬᠡᠦᠬᠡᠳ | ᠰᠠᠭᠠᠲᠠᠭᠤᠯᠬᠤ ᠬᠦᠷᠢᠶᠡᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠳᠤ ᠨᠠᠷᠢᠨ ᠲᠠᠶᠢᠯᠤᠮᠵᠢ ᠬᠢᠵᠦ᠂ ᠣᠷᠣᠨ | ᠪᠦᠰᠡ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠠᠵᠢᠯ ᠤᠨ ᠨᠡᠪᠲᠡᠷᠡᠯᠴᠡᠬᠦ ᠬᠥᠭᠦᠷᠭᠡ ᠶᠢ ᠪᠠᠶᠢᠭᠤᠯᠤᠨ᠂ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠢᠶᠠᠷ | ᠲᠦᠯᠬᠢᠨ ᠠᠬᠢᠭᠤᠯᠪᠠ᠃ | 2. ᠰᠠᠭᠤᠷᠢ ᠪᠡᠯᠡᠳᠬᠡᠮᠵᠢ ᠶᠢ ᠲᠠᠰᠤᠷᠠᠯᠲᠠ ᠦᠭᠡᠢ ᠳᠡᠭᠦᠯᠳᠡᠷᠵᠢᠪᠡ᠃ ︽ᠠᠷᠪᠠᠨ ᠭᠤᠷᠪᠠᠳᠣᠭᠠᠷ ᠳᠠᠪᠣᠨ ᠵᠢᠯ︾ | ᠤᠨ ᠲᠥᠯᠦᠪᠵᠢᠭᠦᠯᠭᠡ ᠶᠢᠨ ᠬᠤᠭᠤᠴᠠᠭᠠᠨ ᠤ ᠡᠴᠦᠰ ᠲᠤ᠂ ᠪᠥᠬᠦ ᠠᠶᠢᠮᠠᠭ ᠤᠨ ᠪᠠᠶᠢᠭᠤᠯᠤᠭᠰᠠᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ 12᠂ ᠶᠡᠷᠦᠩᠬᠡᠢ ᠣᠷᠣ 1005᠂ ᠬᠤᠲᠠ ᠶᠢᠨ ᠨᠡᠶᠢᠭᠡᠮ ᠲᠣᠭᠤᠷᠢᠭ ᠤᠨ | ᠨᠠᠰᠤᠲᠠᠶᠢᠴᠤᠳ ᠤᠨ ᠠᠰᠠᠷᠠᠨ ᠬᠠᠷᠠᠭᠠᠯᠵᠠᠬᠤ ᠲᠥᠪ 30᠂ ᠣᠷᠣ 181᠂ ᠬᠥᠳᠡᠭᠡ ᠲᠣᠰᠬᠤᠨ ᠤ ᠬᠠᠷᠢᠯᠴᠠᠨ | ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ 1᠂ ᠣᠷᠣ 14 ᠪᠣᠶ᠃ᠰᠤᠮᠤ ᠪᠠᠯᠭᠠᠰᠤ᠂ ᠭᠠᠴᠠᠭ᠎ᠠ ᠲᠣᠰᠬᠤᠨ ᠤ | ᠬᠠᠮᠢᠶ᠎ᠠ ᠪᠦᠬᠦᠢ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠤ ᠥᠷᠲᠡᠭᠡ ᠶᠢ 82 ᠪᠠᠶᠢᠭᠤᠯᠵᠤ᠂ ᠬᠤᠲᠠ ᠬᠥᠳᠡᠭᠡ ᠶᠢ ᠬᠠᠮᠤᠷᠤᠭᠰᠠᠨ᠂ ᠪᠠᠶᠢᠷᠢᠰᠢᠯ ᠨᠢ ᠵᠦᠢ | ᠵᠣᠬᠢᠰᠲᠠᠢ᠂ ᠴᠢᠳᠠᠮᠵᠢ ᠨᠢ ᠪᠦᠷᠢᠨ ᠲᠡᠭᠦᠯᠳᠡᠷ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠦᠨᠳᠦᠰᠦᠨ ᠳᠡᠭᠡᠨ | ᠪᠦᠷᠢᠯᠳᠦᠭᠦᠯᠪᠡ᠃2020 ᠣᠨ ᠤ ᠡᠴᠦᠰ ᠪᠣᠯᠲᠠᠯ᠎ᠠ᠂ ᠪᠥᠬᠦ ᠠᠶᠢᠮᠠᠭ ᠲᠤ ᠨᠡᠶᠢᠲᠡ 11 ᠪᠠᠶᠢᠭᠤᠯᠤᠮᠵᠢ ᠬᠡᠦᠬᠡᠳ | ᠰᠠᠭᠠᠲᠠᠭᠤᠯᠬᠤ ᠦᠢᠯᠡᠴᠢᠯᠡᠭᠡ ︵ᠡᠭᠦᠨ ᠳᠤ᠄ ᠠᠰᠢᠭ ᠬᠤᠨᠵᠢᠪᠤᠷᠢ ᠶᠢᠨ ᠴᠢᠨᠠᠷᠲᠠᠢ ᠪᠠᠶᠢᠭᠤᠯᠤᠮᠵᠢ 10᠂ ᠠᠰᠢᠭ | ᠬᠤᠨᠵᠢᠪᠤᠷᠢ ᠶᠢᠨ ᠪᠤᠰᠤ ᠴᠢᠨᠠᠷᠲᠠᠢ ᠪᠠᠶᠢᠭᠤᠯᠤᠮᠵᠢ 1︶ ᠥᠷᠨᠢᠭᠦᠯᠵᠦ᠂ 3 ᠨᠠᠰᠤᠨ ᠠᠴᠠ ᠳᠣᠷᠣᠭᠰᠢᠬᠢ 642 | ᠨᠢᠯᠬ᠎ᠠ ᠬᠡᠦᠬᠡᠳ ᠲᠤ ᠦᠢᠯᠡᠴᠢᠯᠡᠭᠡ ᠬᠠᠩᠭᠠᠵᠤ᠂ ᠳᠠᠩᠰᠠᠯᠠᠬᠤ ᠠᠵᠢᠯ ᠢ ᠲᠠᠰ ᠳᠠᠷᠠᠭᠠᠯᠠᠯ ᠶᠣᠰᠣᠭᠠᠷ ᠴᠢᠩᠭ᠎ᠠ | ᠪᠡᠶᠡᠯᠡᠭᠦᠯᠵᠦ᠂ ᠬᠠᠷᠢᠶᠠᠲᠤ ᠣᠷᠣᠨ ᠢᠶᠠᠷ ᠭᠤᠣᠯ ᠪᠣᠯᠭᠠᠭᠰᠠᠨ᠂ ᠭᠤᠣᠯ ᠴᠣᠭᠴᠠ ᠨᠢ ᠣᠯᠠᠨ ᠡᠰᠢᠵᠢᠭᠰᠡᠨ᠂ | ᠬᠠᠮᠢᠶᠠᠷᠤᠯᠲᠠ ᠨᠢ ᠵᠢᠷᠤᠮᠵᠢᠭᠰᠠᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢ | ᠠᠩᠬ᠎ᠠ ᠠᠯᠬᠤᠮ ᠪᠠᠶᠢᠭᠤᠯᠪᠠ᠃ | 3. ᠬᠠᠩᠭᠠᠯᠭ᠎ᠠ ᠬᠡᠷᠡᠭᠴᠡᠭᠡᠨ ᠤ ᠦᠢᠯᠡᠴᠢᠯᠡᠭᠡ ᠶᠢ ᠡᠮᠬᠢᠯᠡᠨ ᠳᠢᠭᠯᠡᠵᠦ ᠪᠠᠶᠢᠳᠠᠯ ᠢ ᠣᠶᠢᠯᠠᠭᠠᠪᠠ᠃ | ᠵᠣᠬᠢᠴᠠᠭᠤᠯᠤᠨ ᠠᠬᠢᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠪᠥᠬᠦ ᠠᠶᠢᠮᠠᠭ ᠤᠨ | ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ | ᠪᠠᠶᠢᠭᠤᠯᠤᠮᠵᠢ ᠶᠢᠨ ᠠᠵᠢᠯᠯᠠᠭᠠᠨ ᠤ ᠪᠠᠶᠢᠳᠠᠯ ᠢ ᠡᠮᠬᠢᠯᠡᠨ ᠲᠣᠳᠣᠷᠬᠠᠶᠢᠯᠠᠵᠤ᠂ ᠤᠯᠤᠰ ᠤᠨ ᠲᠣᠭᠲᠠᠭᠠᠯ ᠢᠶᠠᠷ | ᠲᠣᠬᠢᠷᠠᠭᠤᠯᠬᠤ ᠵᠠᠷᠴᠢᠮ ᠢ ᠦᠨᠳᠦᠰᠦᠯᠡᠨ᠂ ᠬᠠᠩᠭᠠᠯᠭ᠎ᠠ ᠶᠢᠨ ᠡᠷᠴᠢᠮ ᠪᠠ ᠪᠠᠶᠢᠷᠢᠰᠢᠭᠤᠯᠤᠯᠲᠠ ᠶᠢ ᠵᠠᠳᠠᠯᠪᠠ᠃ | ᠪᠥᠬᠦ ᠠᠶᠢᠮᠠᠭ ᠤᠨ ᠬᠥᠮᠥᠨ ᠠᠮᠠ ᠶᠢᠨ ᠭᠡᠷ ᠪᠦᠯᠢ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠰᠤᠳᠤᠯᠤᠨ ᠵᠠᠳᠠᠯᠵᠤ᠂ | ᠬᠤᠶᠠᠷ ᠬᠡᠦᠬᠡᠳ ᠠᠪᠬᠤ ᠶᠢ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠦᠷ᠎ᠡ ᠪᠦᠲᠦᠮᠵᠢ ᠶᠢ | ᠰᠢᠨᠵᠢᠯᠡᠬᠦ ᠤᠬᠠᠭᠠᠨᠴᠢ ᠪᠠᠷ ᠦᠨᠡᠯᠡᠨ ᠵᠢᠱᠢᠵᠦ᠂ ᠪᠥᠬᠦ ᠠᠶᠢᠮᠠᠭ ᠤᠨ ︽ ᠨᠠᠰᠤᠲᠠᠨ ᠨᠢᠯᠬ᠎ᠠ ᠬᠡᠣᠬᠡᠳ︾ ᠤᠨ | ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠤᠷᠢᠳᠴᠢᠯᠠᠨ ᠮᠠᠭᠠᠳᠯᠠᠵᠤ᠂ ︽ᠠᠯᠠᠱᠠ ᠠᠶᠢᠮᠠᠭ ᠤᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢᠨ | ᠪᠠᠶᠢᠭᠤᠯᠤᠯᠲᠠ ᠶᠢᠨ ᠲᠥᠯᠦᠪᠵᠢᠭᠦᠯᠭᠡ︾ ᠪᠠ ︽ᠠᠯᠠᠱᠠ ᠠᠶᠢᠮᠠᠭ ᠤᠨ 3 ᠨᠠᠰᠤᠨ ᠠᠴᠠ ᠳᠣᠷᠣᠭᠰᠢᠬᠢ ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ | ᠲᠥᠰᠥᠯ︾ ᠢ ᠳᠣᠭᠳᠠᠭᠠᠪᠠ᠃ | ︵ᠬᠤᠶᠠᠷ︶ ᠬᠥᠭᠵᠢᠯᠲᠡ ᠶᠢᠨ ᠬᠠᠨᠳᠤᠰᠢ | 1. ᠨᠠᠰᠤᠵᠢᠯ ᠤᠨ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢᠨ ᠣᠷᠣᠨ ᠵᠠᠢ ᠶᠡᠭᠡ᠃ | ᠠᠯᠠᠱᠠ ᠠᠶᠢᠮᠠᠭ ᠤᠨ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ | ᠪᠠᠶᠢᠴᠠᠭᠠᠯᠲᠠ ᠶᠢᠨ ᠠᠯᠪᠠᠨ ᠮᠡᠳᠡᠭᠡ ᠶᠢ ᠦᠨᠳᠦᠰᠦᠯᠡᠪᠡᠯ᠂ ᠪᠥᠬᠦ ᠠᠶᠢᠮᠠᠭ ᠤᠨ ᠪᠠᠶᠢᠩᠭᠤ ᠰᠠᠭᠤᠭ᠎ᠠ ᠬᠥᠮᠥᠨ ᠠᠮᠠ | 26.24 ᠲᠦᠮᠡ ᠪᠠᠶᠢᠵᠤ᠂ ᠡᠭᠦᠨ ᠳᠤ 60 ᠨᠠᠰᠤ ᠵᠢᠴᠢ ᠲᠡᠭᠦᠨ ᠠᠴᠠ ᠳᠡᠭᠡᠭᠰᠢ 37702 ᠬᠥᠮᠥᠨ ᠪᠠᠶᠢᠵᠤ᠂ | 14.37% ᠶᠢ ᠡᠵᠡᠯᠡᠵᠦ᠂ 2010 ᠣᠨ ᠤ ᠬᠢ ᠠᠴᠠ 4.59 ᠵᠠᠭᠤᠨ ᠤ ᠨᠢᠭᠡᠴᠢ ᠳᠡᠭᠡᠭᠰᠢᠯᠡᠵᠡᠢ︔ 65 ᠨᠠᠰᠤ | ᠵᠢᠴᠢ ᠲᠡᠭᠦᠨ ᠠᠴᠠ ᠳᠡᠭᠡᠭᠰᠢ 25789 ᠬᠥᠮᠥᠨ ᠪᠠᠶᠢᠵᠤ᠂ 9.83% ᠶᠢ ᠡᠵᠡᠯᠡᠵᠦ᠂ 2010 ᠣᠨ ᠤ | ᠬᠢ ᠠᠴᠠ 3.36 ᠵᠠᠭᠤᠨ ᠤ ᠨᠢᠭᠡᠴᠢ ᠳᠡᠭᠡᠭᠰᠢᠯᠡᠵᠡᠢ᠃ ᠮᠠᠨ ᠤ ᠠᠶᠢᠮᠠᠭ ᠤᠨ ᠬᠥᠮᠥᠨ ᠠᠮᠠ ᠶᠢᠨ ᠨᠠᠰᠤᠵᠢᠯᠲᠠ | ᠤᠯᠠᠮ ᠨᠢᠭᠡ ᠠᠯᠬᠤᠮ ᠭᠦᠨᠵᠡᠭᠡᠶᠢᠷᠡᠵᠦ᠂ ᠵᠥᠪᠬᠡᠨ ᠵᠠᠰᠠᠭ ᠤᠨ ᠣᠷᠳᠣᠨ ᠤ ᠡᠭᠦᠷᠭᠡᠯᠡᠯ ᠳᠤ ᠲᠦᠰᠢᠭᠯᠡᠭᠡᠳ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠵᠤ ᠳᠡᠶᠢᠯᠬᠦ ᠦᠭᠡᠢ ᠪᠠᠶᠢᠵᠤ᠂ | ᠨᠡᠶᠢᠭᠡᠮ ᠤᠨ ᠬᠥᠷᠥᠩᠭᠡ ᠶᠢ ᠣᠷᠣᠭᠤᠯᠤᠨ ᠠᠪᠴᠢᠷᠠᠬᠤ᠂ ᠠᠵᠤ ᠦᠢᠯᠡᠰᠵᠢᠬᠦᠯᠦᠨ ᠠᠵᠢᠯᠯᠠᠭᠤᠯᠬᠤ ᠪᠠᠷ | ᠳᠠᠮᠵᠢᠭᠤᠯᠤᠨ ᠰᠢᠢᠳᠪᠦᠷᠢᠯᠡᠬᠦ ᠴᠢᠬᠤᠯᠠᠲᠠᠢ ᠪᠠᠶᠢᠨ᠎ᠠ᠃ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠦᠨᠳᠦᠰᠦᠨ | ᠬᠡᠷᠡᠭᠴᠡᠭᠡ ᠶᠢ ᠬᠠᠩᠭᠠᠵᠤ ᠪᠠᠶᠢᠭᠰᠠᠨ ᠠᠴᠠ ᠪᠥᠬᠦ ᠲᠠᠯ᠎ᠠ ᠶᠢᠨ ᠬᠡᠷᠡᠭᠴᠡᠭᠡ ᠶᠢ ᠬᠠᠩᠭᠠᠬᠤ ᠳᠠᠰᠢ ᠠᠯᠬᠤᠮ | ᠠᠯᠬᠤᠮ ᠢᠶᠠᠷ ᠬᠤᠪᠢᠷᠠᠭᠤᠯᠵᠤ᠂ ᠳᠤᠮᠳᠠ ᠳᠡᠭᠡᠳᠦ ᠲᠠᠰ ᠤᠨ ᠨᠠᠰᠤᠵᠢᠯ ᠤᠨ ᠠᠰᠠᠷᠠᠮᠵᠢ ᠶᠢᠨ ᠬᠡᠷᠡᠭᠯᠡᠭᠡᠨ ᠤ ᠵᠠᠬ᠎ᠠ | ᠳᠡᠯᠭᠡᠭᠦᠷ ᠤᠨ ᠳᠠᠯᠳᠠ ᠬᠦᠴᠦᠨ ᠶᠠᠭ ᠢᠳᠡᠭ ᠢᠳᠡᠭ ᠢᠶᠠᠷ ᠪᠦᠷᠢᠯᠳᠦᠵᠦ ᠪᠠᠶᠢᠨ᠎ᠠ᠃ | 2. ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ | 2015 ᠣᠨ ᠠᠴᠠ ᠨᠠᠰᠢ᠂ ᠮᠠᠨ ᠤ ᠠᠶᠢᠮᠠᠭ ᠤᠨ ᠨᠢᠯᠬ᠎ᠠ ᠬᠡᠦᠬᠡᠳ ᠤᠨ ᠳᠣᠳᠣᠷ᠎ᠠ ᠵᠦᠪᠬᠡᠨ ᠨᠢᠭᠡ ᠬᠡᠦᠬᠡᠳ ᠲᠠᠢ | ᠪᠠᠶᠢᠬᠤ ᠨᠢ ᠴᠥᠭᠡᠷᠡᠵᠦ᠂ ᠬᠤᠶᠠᠷ ᠬᠡᠦᠬᠡᠳ ᠠᠪᠬᠤ ᠨᠡᠮᠡᠭᠳᠡᠯ ᠤᠨ ᠬᠤᠷᠳᠤᠴᠠ ᠤᠳᠠᠭᠠᠰᠢᠷᠠᠵᠤ ᠪᠠᠶᠢᠭ᠎ᠠ | ᠠᠰᠠᠭᠤᠳᠠᠯ ᠨᠡᠯᠢᠶᠡᠳ ᠲᠣᠪᠣᠶᠢᠮ᠎ᠠ ᠪᠠᠶᠢᠨ᠎ᠠ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠶᠢᠨ ᠵᠥᠪ | ᠵᠠᠮ ᠳᠤ ᠣᠷᠣᠬᠤ ᠶᠢ ᠳᠠᠭᠠᠯᠳᠤᠨ᠂ ᠨᠢᠯᠬ᠎ᠠ ᠬᠡᠦᠬᠡᠳ ᠢ ᠠᠰᠠᠷᠠᠨ ᠬᠠᠷᠠᠭᠠᠯᠵᠠᠬᠤ ᠦᠢᠯᠡᠴᠢᠯᠡᠭᠡᠨ ᠤ ᠲᠤᠰᠬᠠᠶᠢᠵᠢᠯᠲᠠ | ᠂ ᠵᠢᠷᠤᠮᠵᠢᠭᠤᠯᠤᠯᠲᠠ ᠶᠢᠨ ᠱᠠᠭᠠᠷᠳᠠᠯᠭ᠎ᠠ ᠤᠯᠠᠮ ᠠᠴᠠ ᠤᠯᠠᠮ ᠥᠨᠳᠥᠷ ᠪᠣᠯᠵᠤ᠂ ᠬᠡᠦᠬᠡᠳ ᠰᠠᠭᠠᠲᠠᠭᠤᠯᠬᠤ | ᠦᠢᠯᠡᠴᠢᠯᠡᠭᠡ ᠨᠢ ᠦᠨᠳᠦᠰᠦᠨ ᠬᠡᠷᠡᠭᠴᠡᠭᠡ ᠶᠢ ᠬᠠᠩᠭᠠᠵᠤ ᠪᠠᠶᠢᠭᠰᠠᠨ ᠠᠴᠠ ᠪᠥᠬᠦ ᠲᠠᠯ᠎ᠠ ᠶᠢᠨ ᠬᠡᠷᠡᠭᠴᠡᠭᠡ ᠳᠠᠰᠢ | ᠬᠤᠪᠢᠷᠠᠵᠤ᠂ ᠳᠤᠮᠳᠠ ᠳᠡᠭᠡᠳᠦ ᠲᠠᠰ ᠤᠨ ᠬᠡᠦᠬᠡᠳ ᠰᠠᠭᠠᠲᠠᠭᠤᠯᠬᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠳᠠᠯᠳᠠ | ᠬᠦᠴᠦᠨ ᠶᠠᠭ ᠤᠯᠠᠮ ᠢᠶᠠᠷ ᠢᠯᠡᠷᠡᠨ ᠭᠠᠷᠴᠤ᠂ ᠦᠷᠡᠵᠢᠯ ᠤᠨ ᠲᠥᠷᠥ ᠶᠢᠨ ᠪᠣᠳᠣᠯᠭ᠎ᠠ ᠪᠠ ᠬᠤᠯᠪᠣᠭᠳᠠᠯ ᠪᠦᠬᠦᠢ | ᠠᠵᠤ ᠠᠬᠤᠢ ᠨᠡᠶᠢᠭᠡᠮ ᠤᠨ ᠲᠥᠷᠥ ᠶᠢᠨ ᠪᠣᠳᠣᠯᠭ᠎ᠠ ᠶᠢᠨ ᠢᠵᠢ ᠪᠦᠷᠢᠳᠦᠭᠦᠯᠦᠨ ᠵᠣᠯᠭᠠᠭᠤᠯᠬᠤ ᠶᠢ ᠡᠷᠲᠡᠬᠡᠨ᠂ | ᠲᠦᠷᠭᠡᠬᠡᠨ ᠨᠠᠶᠢᠳᠠᠪᠤᠷᠢᠵᠢᠭᠤᠯᠬᠤ ᠴᠢᠬᠤᠯᠠᠲᠠᠢ ᠪᠣᠯᠵᠠᠢ᠃ | 3. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠬᠥᠮᠦᠵᠢᠯ ᠢᠶᠠᠷ | ᠭᠤᠣᠯᠯᠠᠭᠤᠯᠤᠨ ᠬᠥᠭᠵᠢᠭᠦᠯᠦᠨ᠎ᠡ᠃ᠣᠳᠣᠬᠠᠨ ᠤ ᠨᠠᠰᠤᠵᠢᠯ ᠤᠨ ᠠᠰᠠᠷᠠᠮᠵᠢ ᠶᠢᠨ ᠣᠷᠣ ᠶᠢᠨ ᠠᠰᠢᠭᠯᠠᠯᠲᠠ ᠶᠢᠨ | ᠨᠣᠷᠮ᠎ᠠ ᠳᠣᠣᠷ᠎ᠠ ᠵᠢᠴᠢ ᠬᠡᠦᠬᠡᠳ ᠰᠠᠭᠠᠲᠠᠭᠤᠯᠬᠤ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠵᠣᠬᠢᠴᠠᠯᠳᠤᠬᠤ ᠦᠭᠡᠢ | ᠪᠠᠶᠢᠬᠤ ᠶᠢᠨ ᠦᠨᠳᠦᠰᠦᠨ ᠰᠢᠯᠲᠠᠭᠠᠨ ᠨᠢ ᠦᠢᠯᠡᠴᠢᠯᠡᠭᠡᠨ ᠤ ᠶᠠᠰᠤ ᠴᠢᠨᠠᠷ ᠪᠠ ᠰᠦᠢᠳᠬᠡᠯ ᠬᠤᠷᠢᠶᠠᠯᠲᠠ ᠶᠢᠨ | ᠬᠤᠭᠤᠷᠣᠨᠳᠣᠬᠢ ᠲᠡᠩᠴᠡᠭᠦᠷᠢ ᠦᠭᠡᠢ᠂ ᠬᠠᠩᠭᠠᠯᠭ᠎ᠠ ᠪᠠ ᠬᠡᠷᠡᠭᠴᠡᠭᠡ ᠶᠢᠨ ᠬᠤᠭᠤᠷᠣᠨᠳᠣᠬᠢ ᠲᠡᠩᠴᠡᠭᠦᠷᠢ ᠦᠭᠡᠢ | ᠪᠠᠶᠢᠬᠤ ᠳᠤ ᠣᠷᠣᠰᠢᠨ᠎ᠠ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠣᠯ ᠠᠷᠠᠳ ᠤᠨ | ᠠᠮᠢᠳᠤᠷᠠᠯ ᠤᠨ ᠠᠵᠠ ᠵᠢᠷᠭᠠᠯ ᠲᠠᠢ ᠬᠤᠯᠪᠣᠭᠳᠠᠵᠤ ᠪᠠᠶᠢᠳᠠᠭ ᠪᠣᠯᠬᠤᠷ ᠡᠷᠬᠡᠪᠰᠢ ᠲᠦᠭᠡᠮᠡᠯ ᠬᠠᠷᠠᠭᠠᠯᠵᠠᠯ | ᠦᠵᠡᠭᠦᠯᠬᠦ ᠪᠠᠷ ᠤᠳᠤᠷᠢᠳᠤᠮᠵᠢ ᠪᠣᠯᠭᠠᠪᠠᠯ ᠰᠠᠶ᠋ᠢ ᠦᠨ᠎ᠡ ᠬᠠᠩᠰᠢ ᠶᠢ ᠡᠭᠦᠷᠭᠡᠯᠡᠵᠦ ᠳᠡᠶᠢᠯᠬᠦ᠂ ᠶᠠᠰᠤ ᠴᠢᠨᠠᠷ ᠢ | ᠪᠠᠲᠤᠯᠠᠭ᠎ᠠ ᠲᠠᠢ ᠪᠣᠯᠭᠠᠬᠤ᠂ ᠠᠵᠢᠯᠯᠠᠭ᠎ᠠ ᠶᠢ ᠦᠷᠭᠦᠯᠵᠢᠯᠡᠭᠦᠯᠵᠦ ᠳᠡᠶᠢᠯᠬᠦ ᠶᠢ ᠪᠡᠶᠡᠯᠡᠭᠦᠯᠵᠦ ᠴᠢᠳᠠᠨ᠎ᠠ᠃ | 4. ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠦᠢᠯᠡᠴᠢᠯᠡᠭᠡ ᠶᠢ ᠨᠢᠭᠲᠠ ᠳᠠᠭᠠᠵᠤ ᠶᠠᠪᠤᠭᠳᠠᠭᠤᠯᠤᠨ᠎ᠠ᠃ | ᠬᠥᠮᠥᠨ ᠳᠤᠮᠳᠠᠴᠢ ᠶᠢᠨ ᠵᠢᠱᠢᠭᠰᠡᠨ ᠨᠠᠰᠤᠨ ᠬᠤᠲᠤᠭ ᠤᠨ ᠲᠠᠰᠤᠷᠠᠯᠲᠠ ᠦᠭᠡᠢ ᠤᠷᠲᠤᠳᠬᠤ ᠶᠢ ᠳᠠᠭᠠᠯᠳᠤᠨ᠂ | ᠨᠠᠰᠤᠲᠠᠶᠢᠴᠤᠳ ᠤᠨ ᠡᠷᠡᠭᠦᠯ ᠮᠡᠨᠳᠦ ᠠᠮᠢᠳᠤᠷᠠᠯ ᠨᠢ ᠡᠷᠬᠡᠪᠰᠢ ᠡᠮᠴᠢᠯᠡᠭᠡ ᠰᠤᠪᠢᠯᠠᠯᠲᠠ ᠶᠢᠨ ᠦᠢᠯᠡᠴᠢᠯᠡᠭᠡ ᠪᠠᠷ | ᠲᠤᠯᠭᠠᠭᠤᠷᠢᠯᠠᠯ ᠪᠣᠯᠭᠠᠵᠤ᠂ ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠨᠢ ᠶᠠᠪᠤᠬᠤ ᠲᠤᠲᠤᠮ ᠴᠢᠬᠤᠯᠠ ᠪᠣᠯᠵᠤ | ᠪᠠᠶᠢᠨ᠎ᠠ᠃ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠣᠯᠠᠨ ᠵᠦᠢᠯ ᠤᠨ ᠵᠠᠭᠪᠤᠷ ᠢ ᠢᠳᠡᠪᠬᠢᠲᠡᠢ ᠪᠠᠷ ᠬᠠᠶᠢᠨ | ᠰᠦᠪᠡᠭᠴᠢᠯᠡᠵᠦ᠂ ᠡᠮᠴᠢᠯᠡᠭᠡᠨ ᠤ ᠳᠤᠮᠳᠠ ᠰᠤᠪᠢᠯᠠᠬᠤ᠂ ᠰᠤᠪᠢᠯᠠᠬᠤ ᠳᠤᠮᠳᠠ ᠡᠮᠨᠡᠬᠦ᠂ ᠡᠮᠨᠡᠬᠦ ᠪᠠ ᠰᠤᠪᠢᠯᠠᠬᠤ ᠭᠡᠷ᠎ᠡ | ᠲᠣᠭᠲᠠᠬᠤ ᠶᠢ ᠵᠣᠷᠢᠭᠵᠢᠭᠤᠯᠤᠨ᠂ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠵᠢᠷᠤᠮᠵᠢᠭᠰᠠᠨ ᠦᠢᠯᠡᠴᠢᠯᠡᠭᠡ ᠶᠢ | ᠬᠥᠭᠵᠢᠭᠦᠯᠬᠦ ᠬᠡᠷᠡᠭᠲᠡᠢ᠃ | ᠬᠤᠶᠠᠷ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ | ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠮᠥᠨ | ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠤᠨ᠂ | ︽ᠨᠠᠰᠤᠲᠠᠨ ᠨᠢᠯᠬ᠎ᠠ ᠬᠡᠣᠬᠡᠳ︾ ᠤᠨ ᠬᠥᠮᠥᠨ ᠠᠮᠠ ᠶᠢᠨ ᠲᠠᠷᠬᠠᠯᠲᠠ ᠪᠠ ᠪᠦᠲᠦᠴᠡ ᠶᠢᠨ ᠬᠤᠪᠢᠷᠠᠯᠲᠠ ᠶᠢ | ᠦᠨᠳᠦᠰᠦᠯᠡᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠰᠢᠨᠵᠢᠯᠡᠬᠦ | ᠤᠬᠠᠭᠠᠨᠴᠢ ᠪᠠᠷ ᠲᠥᠯᠥᠪᠯᠡᠵᠦ᠂ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠪᠠ ᠣᠷᠣᠨ ᠪᠦᠰᠡ ᠶᠢᠨ | ᠲᠡᠩᠴᠡᠭᠦᠷᠢᠲᠡᠢ ᠪᠠᠶᠢᠷᠢᠯᠠᠭᠤᠯᠤᠯᠲᠠ ᠶᠢ ᠠᠬᠢᠭᠤᠯᠤᠨ᠎ᠠ᠃ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠬᠦ᠂ | ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ᠂ ᠬᠥᠭᠵᠢᠯᠲᠡ ᠶᠢᠨ ᠣᠷᠴᠢᠨ ᠨᠥᠬᠦᠴᠡᠯ ᠢ ᠪᠤᠢ ᠪᠣᠯᠭᠠᠬᠤ᠂ ᠬᠢᠨᠠᠨ | ᠬᠠᠮᠢᠶᠠᠷᠬᠤ ᠦᠢᠯᠡᠴᠢᠯᠡᠭᠡ ᠶᠢ ᠲᠡᠭᠦᠯᠳᠡᠷᠵᠢᠭᠦᠯᠬᠦ ᠪᠠᠷ ᠬᠦᠴᠦᠯᠡᠬᠦ ᠴᠡᠭ ᠪᠣᠯᠭᠠᠵᠤ᠂ ᠨᠠᠰᠤᠵᠢᠯ ᠤᠨ ᠠᠰᠠᠷᠠᠮᠵᠢ ᠶᠢᠨ | ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠷᠠᠳ ᠤᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠷᠭᠦᠯᠵᠢᠯᠡᠨ | ᠳᠡᠭᠡᠭᠰᠢᠯᠡᠭᠦᠯᠦᠨ᠎ᠡ᠃ | ︵ᠬᠤᠶᠠᠷ︶ ᠦᠨᠳᠦᠰᠦᠨ ᠵᠠᠷᠴᠢᠮ | 1. ᠨᠢᠭᠡᠳᠦᠯᠲᠡᠢ ᠲᠥᠯᠥᠪᠯᠡᠨ ᠪᠠᠶᠢᠷᠢᠯᠠᠭᠤᠯᠤᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ︽ | ᠨᠠᠰᠤᠲᠠᠨ ᠨᠢᠯᠬ᠎ᠠ ᠬᠡᠣᠬᠡᠳ︾ ᠤᠨ ᠦᠢᠯᠡᠴᠢᠯᠡᠭᠡ ᠶᠢ ᠬᠥᠭᠵᠢᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ | ᠭᠦᠢᠴᠡᠳᠬᠡᠵᠦ᠂ ᠬᠥᠭᠵᠢᠯᠲᠡ ᠶᠢᠨ ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ ᠬᠠᠩᠰᠢ ᠶᠢᠨ ᠳᠠᠭᠠᠭᠠᠵᠤ ᠳᠡᠶᠢᠯᠬᠦ᠂ | ᠲᠥᠬᠦᠮ ᠪᠥᠭᠡᠳ ᠬᠦᠷᠴᠦ ᠳᠡᠶᠢᠯᠬᠦ ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ | ᠦᠢᠯᠡᠴᠢᠯᠡᠭᠡ ᠶᠢ ᠬᠥᠲᠥᠯᠥᠨ ᠵᠢᠯᠣᠭᠤᠳᠤᠨ᠎ᠠ᠃ᠭᠠᠵᠠᠷ ᠣᠷᠣᠨ ᠤ ᠤᠯᠤᠰ ᠤᠨ ᠭᠠᠵᠠᠷ ᠰᠢᠷᠣᠢ ᠶᠢᠨ ᠣᠷᠣᠨ | ᠵᠠᠢ ᠶᠢᠨ ᠲᠥᠯᠦᠪᠵᠢᠭᠦᠯᠭᠡ᠂ ᠦᠢᠯᠡᠴᠢᠯᠡᠭᠡᠨ ᠤ ᠬᠥᠮᠥᠨ ᠠᠮᠠ ᠵᠡᠷᠭᠡ ᠪᠠᠶᠢᠳᠠᠯ ᠢ ᠭᠦᠢᠴᠡᠳ ᠪᠣᠳᠣᠯᠬᠢᠯᠠᠵᠤ᠂ ᠡᠬᠢ | ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ︽ᠨᠠᠰᠤᠲᠠᠨ ᠨᠢᠯᠬ᠎ᠠ ᠬᠡᠣᠬᠡᠳ︾ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠲᠤᠭ᠎ᠠ ᠬᠡᠮᠵᠢᠶ᠎ᠡ᠂ ᠬᠡᠪᠴᠢᠶᠡᠲᠦ ᠪᠠᠶᠢᠷᠢᠰᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ | ᠠᠷᠠᠳ ᠣᠯᠠᠨ ᠤ ᠣᠶᠢᠷ᠎ᠠ ᠬᠠᠪᠢ ᠳᠠᠭᠠᠨ ᠲᠥᠬᠦᠮ ᠳᠥᠲᠡ ᠦᠢᠯᠡᠴᠢᠯᠡᠭᠡ ᠭᠥᠷᠳᠡᠬᠦ ᠶᠢ ᠠᠬᠢᠭᠤᠯᠤᠨ᠎ᠠ᠃ | 2. ᠬᠠᠮᠵᠢᠯᠴᠠᠨ ᠬᠥᠭᠵᠢᠭᠦᠯᠦᠨ᠎ᠡ᠃ᠬᠤᠷᠢᠭ᠎ᠠ ᠱᠤᠭᠤᠮ ᠢ ᠰᠠᠬᠢᠬᠤ᠂ ᠲᠦᠭᠡᠮᠡᠯ ᠠᠰᠢᠭ ᠬᠦᠷᠲᠡᠭᠡᠬᠦ ᠶᠢ | ᠠᠬᠢᠭᠤᠯᠬᠤ᠂ ᠵᠠᠬ᠎ᠠ ᠳᠡᠯᠭᠡᠭᠦᠷᠴᠢᠯᠡᠨ ᠬᠠᠮᠵᠢᠯᠴᠠᠨ ᠬᠥᠭᠵᠢᠬᠦ ᠠᠷᠭ᠎ᠠ ᠵᠠᠮ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ᠂ ᠵᠠᠰᠠᠭ ᠤᠨ ᠣᠷᠳᠣᠨ ᠤ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠵᠠᠰᠠᠭ ᠤᠨ ᠣᠷᠳᠣᠨ ᠪᠠ ᠵᠠᠬ᠎ᠠ ᠳᠡᠯᠭᠡᠭᠦᠷ ᠤᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠨ᠎ᠡ᠃ᠵᠠᠰᠠᠭ ᠤᠨ ᠣᠷᠳᠣᠨ | ᠨᠠᠭᠠᠲᠤ ᠵᠠᠬ᠎ᠠ ᠶᠢᠨ ᠪᠠᠷᠢᠮᠵᠢᠶ᠎ᠠ ᠶᠢ ᠪᠠᠲᠤᠯᠠᠵᠤ᠂ ᠵᠠᠰᠠᠭ ᠤᠨ ᠣᠷᠳᠣᠨ ᠪᠠ ᠨᠡᠶᠢᠭᠡᠮ ᠤᠨ ᠬᠦᠴᠦᠨ ᠬᠤᠯᠪᠤᠭᠠᠯᠠᠨ | ᠬᠥᠳᠡᠯᠦᠯᠴᠡᠵᠦ ᠲᠦᠭᠡᠮᠡᠯ ᠠᠰᠢᠭ ᠬᠦᠷᠲᠡᠭᠡᠬᠦ ᠶᠢ ᠠᠬᠢᠭᠤᠯᠵᠤ᠂ ᠦᠢᠯᠡᠴᠢᠯᠡᠭᠡᠨ ᠤ ᠬᠠᠩᠭᠠᠯᠭ᠎ᠠ ᠶᠢ ᠨᠡᠮᠡᠭᠳᠡᠭᠦᠯᠦᠨ᠂ | ︽ᠨᠠᠰᠤᠲᠠᠨ ᠨᠢᠯᠬ᠎ᠠ ᠬᠡᠣᠬᠡᠳ︾ ᠲᠤ ᠥᠪᠡᠷ ᠤᠨ ᠥᠷᠲᠡᠭ ᠤᠨ ᠡᠭᠦᠷᠭᠡᠯᠡᠵᠦ ᠳᠡᠶᠢᠯᠬᠦ᠂ ᠲᠥᠬᠦᠮ ᠪᠥᠭᠡᠳ | ᠬᠦᠷᠲᠡᠵᠦ ᠳᠡᠶᠢᠯᠬᠦ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠬᠥᠮᠦᠵᠢᠯ ᠤᠨ ᠦᠢᠯᠡᠴᠢᠯᠡᠭᠡ ᠬᠠᠩᠭᠠᠨ᠎ᠠ︔ | ᠵᠦᠷᠢᠶᠡᠴᠢᠯᠡᠭᠰᠡᠨ᠂ ᠥᠪᠡᠷᠮᠢᠴᠡ ᠦᠢᠯᠡᠴᠢᠯᠡᠭᠡ ᠬᠠᠩᠭᠠᠬᠤ ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ᠂ ᠠᠷᠠᠳ ᠤᠯᠠᠨ ᠤ ᠤᠯᠠᠨ ᠲᠡᠰ ᠳᠠᠪᠬᠤᠷᠭ᠎ᠠ ᠶᠢᠨ ᠤᠯᠠᠨ ᠶᠠᠩᠵᠤᠴᠢᠯᠠᠭᠰᠠᠨ ᠦᠢᠯᠡᠴᠢᠯᠡᠭᠡᠨ ᠤ | ᠬᠡᠷᠡᠭᠴᠡᠭᠡ ᠶᠢ ᠲᠠᠰᠤᠷᠠᠯᠳᠠ ᠦᠭᠡᠢ ᠬᠠᠩᠭᠠᠨ᠎ᠠ᠃ | 3. ᠬᠠᠮᠢᠶᠠᠷᠤᠯᠲᠠ ᠶᠢᠨ ᠵᠢᠷᠤᠮᠵᠢᠯ᠃ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠬᠥᠮᠦᠵᠢᠯ ᠤᠨ | ᠪᠦᠲᠦᠭᠡᠨ ᠪᠠᠶᠢᠭᠤᠯᠤᠯᠲᠠ᠂ ᠡᠵᠡᠩᠨᠡᠯᠲᠡ ᠪᠠ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠭᠤᠣᠯ | ᠴᠣᠭᠴᠠ ᠶᠢ ᠲᠣᠳᠣᠷᠬᠠᠶᠢᠯᠠᠵᠤ᠂ ᠪᠦᠲᠦᠭᠡᠨ ᠪᠠᠶᠢᠭᠤᠯᠤᠯᠲᠠ ᠪᠠ ᠡᠵᠡᠩᠨᠡᠯᠲᠡ ᠶᠢᠨ ᠶᠠᠪᠤᠴᠠ ᠶᠢ ᠵᠢᠷᠤᠮᠵᠢᠭᠤᠯᠤᠨ᠂ | ᠬᠢᠨᠠᠯᠲᠠ ᠬᠠᠮᠢᠶᠠᠷᠤᠯᠲᠠ ᠶᠢ ᠪᠣᠳᠠᠲᠠᠶᠢᠵᠢᠭᠤᠯᠵᠤ᠂ ᠪᠠᠶᠢᠭᠤᠯᠤᠮᠵᠢ ᠶᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ | ᠪᠠᠲᠤᠯᠠᠨ᠎ᠠ᠃ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠬᠢᠨᠠᠯᠲᠠ | ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠮᠡᠳᠡᠭᠡ ᠵᠠᠩᠭᠢ ᠲᠤᠭ᠎ᠠ ᠪᠠᠷᠢᠮᠲᠠ ᠶᠢ ᠬᠠᠷᠢᠯᠴᠠᠨ | ᠬᠤᠯᠪᠣᠭᠠᠯᠠᠵᠤ ᠬᠠᠷᠢᠯᠴᠠᠨ ᠨᠡᠪᠲᠡᠷᠡᠯᠴᠡᠵᠦ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠢ | ᠪᠣᠯᠭᠠᠨ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠣᠰ ᠲᠣᠰ ᠤᠨ ᠬᠠᠷᠢᠭᠤᠴᠠᠯᠭ᠎ᠠ ᠪᠠᠨ | ᠭᠦᠢᠴᠡᠳᠬᠡᠵᠦ᠂ ᠴᠤᠭᠭᠠᠷ ᠠᠳᠬᠤᠨ ᠬᠠᠮᠲᠤᠪᠠᠷ ᠬᠠᠮᠢᠶᠠᠷᠬᠤ᠂ ᠥᠨᠳᠥᠷ ᠦᠷ᠎ᠡ ᠪᠦᠲᠦᠮᠵᠢᠲᠡᠶ ᠦᠢᠯᠡᠴᠢᠯᠡᠬᠦ᠂ | ᠡᠷᠡᠭᠦᠯ ᠢᠶᠠᠷ ᠬᠥᠭᠵᠢᠬᠦ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠨ᠎ᠠ᠃ | 4. ᠰᠠᠶᠢᠨ ᠳᠤᠷ᠎ᠠ ᠠᠴᠠ ᠪᠠᠨ ᠢᠯᠡ ᠪᠣᠯᠭᠠᠬᠤ᠃ᠢᠳᠡᠪᠬᠢᠵᠢᠯ ᠲᠠᠢ ᠭᠠᠵᠠᠷ ᠣᠷᠣᠨ ᠪᠠ ᠪᠣᠳᠠᠲᠤ ᠬᠦᠴᠦᠨ ᠲᠠᠢ᠂ | ᠢᠲᠡᠭᠡᠮᠵᠢ ᠰᠠᠶᠢᠲᠠᠢ᠂ ᠪᠡᠯᠡ ᠣᠷᠣᠭᠤᠯᠬᠤ ᠬᠦᠰᠡᠯ ᠲᠠᠢ ᠠᠵᠤ ᠠᠬᠤᠶᠢᠯᠠᠯ ᠤᠨ ᠲᠦᠭᠡᠮᠡᠯ ᠬᠠᠷᠠᠭᠠᠯᠵᠠᠯᠲᠤ | ᠨᠠᠰᠤᠵᠢᠯ ᠤᠨ ᠬᠤᠲᠠ ᠶᠢᠨ ᠠᠵᠤ ᠠᠬᠤᠶᠢᠯᠠᠯ ᠤᠨ ᠬᠠᠮᠲᠤᠷᠠᠨ ᠬᠥᠳᠡᠯᠦᠯᠴᠡᠬᠦ ᠲᠤᠰᠬᠠᠢ ᠠᠵᠢᠯᠯᠠᠭ᠎ᠠ᠂ ᠲᠦᠭᠡᠮᠡᠯ | ᠬᠠᠷᠠᠭᠠᠯᠵᠠᠯᠲᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠲᠤᠰᠬᠠᠢ ᠠᠵᠢᠯᠯᠠᠭ᠎ᠠ᠂ ᠬᠠᠮᠲᠤᠷᠠᠯᠴᠠᠬᠤ ᠬᠡᠯᠡᠯᠴᠡᠭᠡᠷ᠂ | ᠦᠢᠯᠡᠴᠢᠯᠡᠭᠡᠨ ᠤ ᠠᠭᠤᠯᠭ᠎ᠠ᠂ ᠦᠨ᠎ᠡ ᠬᠠᠩᠰᠢ ᠶᠢᠨ ᠭᠠᠷᠴᠠᠭ ᠵᠡᠷᠭᠡ ᠠᠭᠤᠯᠭ᠎ᠠ ᠳᠤ ᠰᠠᠶᠢᠨ ᠳᠤᠷ᠎ᠠ ᠠᠴᠠ ᠪᠠᠨ | ᠮᠡᠳᠡᠭᠦᠯᠦᠨ ᠣᠷᠣᠯᠴᠠᠵᠤ ᠢᠯᠡ ᠪᠠᠷ ᠬᠢᠨᠠᠯᠲᠠ ᠲᠠᠯᠪᠢᠬᠤ ᠶᠢ ᠬᠦᠯᠢᠶᠡᠬᠦ ᠶᠢ ᠵᠣᠷᠢᠭᠵᠢᠭᠤᠯᠤᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | ︵ᠨᠢᠭᠡ︶ ᠪᠦᠬᠦᠯᠢ ᠴᠣᠭᠴᠠ ᠶᠢᠨ ᠬᠠᠷᠠᠯᠲᠠ | 2021 ︱ 2023 ᠣᠨ ᠳᠤ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ | ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ ᠪᠠ ᠪᠠᠷᠢᠮᠵᠢᠶ᠎ᠠ ᠶᠢᠨ ᠵᠢᠷᠤᠮᠵᠢᠯ ᠤᠨ | ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠦᠢᠯᠡᠴᠢᠯᠡᠭᠡᠨ ᠤ ᠪᠡᠯᠡᠳᠬᠡᠮᠵᠢ ᠶᠢ ᠦᠨᠳᠦᠰᠦᠨ ᠳᠡᠭᠡᠨ | ᠪᠦᠷᠢᠨᠰᠢᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ ᠶᠢ2025 ᠣᠨ ᠪᠣᠯᠬᠤ ᠳᠤ᠂ | ᠪᠦᠬᠦ ᠠᠶᠢᠮᠠᠭ ᠤᠨ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠨᠢᠭᠡᠳᠦᠯᠲᠡᠢ | ᠲᠥᠯᠥᠪᠵᠢᠭᠦᠯᠦᠨ ᠠᠬᠢᠭᠤᠯᠵᠤ᠂ ᠭᠡᠷ ᠪᠦᠯᠢ ᠶᠢᠨ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ | ᠵᠣᠬᠢᠴᠠᠭᠤᠯᠬᠤ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠬᠠᠷᠢᠯᠴᠠᠨ ᠤᠶᠠᠯᠳᠤᠭᠤᠯᠤᠭᠰᠠᠨ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠪᠠ ᠡᠷᠡᠭᠦᠯ ᠮᠡᠨᠳᠦ ᠶᠢᠨ ᠲᠤᠯᠭᠠᠭᠤᠷᠢᠯᠠᠯ ᠤᠨ ᠰᠢᠰᠲ᠋ᠧᠮ ᠢ ᠪᠦᠬᠦ ᠲᠠᠯ᠎ᠠ | ᠪᠠᠷ ᠪᠠᠶᠢᠭᠤᠯᠵᠤ᠂ ᠪᠡᠶᠡᠴᠢ ᠴᠣᠭᠴᠠ ᠶᠢᠨ ᠣᠯᠠᠨ ᠡᠰᠢᠵᠢᠭᠰᠡᠨ᠂ ᠨᠡᠶᠢᠭᠡᠮ ᠲᠣᠭᠤᠷᠢᠭ ᠲᠤ ᠲᠦᠰᠢᠭᠯᠡᠭᠰᠡᠨ᠂ | ᠴᠢᠨᠠᠷ ᠰᠠᠶᠢᠲᠠᠢ ᠨᠡᠶᠢᠳᠡᠮ ᠠᠰᠢᠭ ᠬᠦᠷᠲᠡᠭᠡᠬᠦ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢ | ᠦᠨᠳᠦᠰᠦᠨ ᠳᠡᠭᠡᠨ ᠪᠠᠶᠢᠭᠤᠯᠵᠤ᠂ ᠨᠠᠰᠤᠵᠢᠯ ᠤᠨ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠢ | ᠪᠦᠲᠦᠮᠵᠢᠲᠡᠶ ᠬᠠᠩᠭᠠᠵᠤ᠂ ᠨᠠᠰᠤᠵᠢᠯ ᠤᠨ ᠠᠰᠠᠷᠠᠵᠤ ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ | ᠲᠤᠰᠬᠠᠶᠢᠵᠢᠭᠰᠠᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠦᠨ᠂ ᠴᠢᠳᠠᠮᠵᠢ ᠨᠢ ᠪᠦᠷᠢᠨ ᠲᠡᠭᠦᠯᠳᠡᠷ᠂ | ᠬᠡᠪᠴᠢᠶ᠎ᠡ ᠨᠢ ᠲᠣᠬᠢᠷᠠᠮᠵᠢᠲᠠᠢ ᠨᠠᠰᠤᠵᠢᠯ ᠤᠨ ᠠᠰᠠᠷᠠᠵᠤ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠤᠨ᠎ᠠ᠃ | ᠳᠥᠷᠪᠡ᠂ ᠭᠤᠣᠯᠳᠠᠯᠭ᠎ᠠ ᠲᠠᠢ ᠡᠭᠦᠷᠭᠡ | ︵ᠨᠢᠭᠡ︶ ᠥᠲᠡᠯᠪᠡᠯ ᠠᠰᠠᠷᠠᠮᠵᠢ ᠲᠠᠢ᠂ ᠨᠢᠯᠬ᠎ᠠ ᠬᠡᠦᠬᠡᠳ ᠢ ᠰᠤᠷᠭᠠᠨ ᠬᠥᠮᠦᠵᠢᠯ ᠲᠠᠢ ᠪᠣᠯᠭᠠᠬᠤ ᠲᠦᠷᠦ ᠶᠢᠨ | ᠪᠣᠳᠣᠯᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ | 1. ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠰᠢᠰᠲ᠋ᠧᠮᠵᠢ ᠶᠢᠨ ᠬᠥᠭᠵᠢᠯᠲᠡ ᠶᠢ ᠨᠢᠭᠡᠳᠦᠯᠲᠡᠢ | ᠲᠥᠯᠥᠪᠯᠡᠨ ᠠᠬᠢᠭᠤᠯᠤᠨ᠎ᠠ᠃ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠷᠢᠰᠢᠭᠤᠯᠵᠤ᠂ ᠪᠠᠶᠢᠩᠭᠤ | ᠰᠠᠭᠤᠭ᠎ᠠ ᠬᠥᠮᠥᠨ ᠠᠮᠠ ᠶᠢᠨ ᠲᠠᠷᠬᠠᠯᠲᠠ ᠪᠠ ᠪᠦᠲᠦᠴᠡ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ | ᠠᠯᠠᠱᠠ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠨᠠᠰᠤᠵᠢᠯ ᠤᠨ ᠠᠰᠠᠷᠠᠮᠵᠢ ᠬᠡᠦᠬᠡᠳ | ᠰᠠᠭᠠᠲᠠᠭᠤᠯᠬᠤ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠨᠠᠰᠤᠵᠢᠯ ᠤᠨ ᠠᠰᠠᠷᠠᠮᠵᠢ ᠶᠢᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ | ᠶᠡᠷᠦᠩᠬᠡᠢ ᠲᠥᠯᠦᠪᠵᠢᠭᠦᠯᠭᠡ ᠪᠠ ᠲᠤᠰᠬᠠᠢ ᠵᠦᠢᠯ ᠤᠨ ᠲᠥᠯᠦᠪᠵᠢᠭᠦᠯᠭᠡ ᠳᠤ ᠣᠷᠣᠭᠤᠯᠵᠤ᠂ ᠦᠢᠯᠡᠴᠢᠯᠡᠭᠡᠨ ᠤ | ᠴᠢᠳᠠᠪᠤᠷᠢ ᠶᠢᠨ ᠶᠠᠰᠤ ᠴᠢᠨᠠᠷ ᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠪᠠ ᠭᠠᠵᠠᠷ ᠣᠷᠣᠨ ᠤ | ᠲᠡᠩᠴᠡᠭᠦᠷᠢᠲᠡᠢ ᠪᠠᠶᠢᠷᠢᠰᠢᠭᠤᠯᠤᠯᠲᠠ ᠶᠢ ᠠᠬᠢᠭᠤᠯᠤᠨ᠎ᠠ᠃ᠵᠠᠰᠠᠭ ᠤᠨ ᠣᠷᠳᠣᠨ ᠤ ᠦᠨᠳᠦᠰᠦᠨ ᠵᠦᠢᠯ ᠢ ᠪᠠᠲᠤᠯᠠᠵᠤ | ᠬᠢᠵᠠᠭᠠᠷ ᠱᠤᠭᠤᠮ ᠢ ᠪᠠᠲᠤᠯᠠᠬᠤ ᠡᠭᠦᠷᠭᠡ ᠴᠢᠳᠠᠪᠤᠷᠢ ᠶᠢ ᠴᠢᠩᠭᠠᠳᠬᠠᠵᠤ᠂ ᠨᠠᠰᠤᠲᠠᠶᠢᠴᠤᠳ ᠢ ᠲᠡᠳᠬᠦᠬᠦ᠂ | ᠵᠡᠮᠳᠡᠭᠴᠦᠳ ᠢ ᠲᠤᠰᠠᠯᠠᠬᠤ᠂ ᠥᠨᠥᠴᠢᠨ ᠬᠡᠦᠬᠡᠳ ᠢ ᠠᠪᠤᠷᠠᠬᠤ᠂ ᠬᠦᠴᠢᠷᠳᠡᠯᠲᠡᠢ ᠶᠢ ᠲᠤᠰᠠᠯᠠᠬᠤ ᠪᠠᠷ ᠭᠤᠣᠯᠳᠠᠯᠭ᠎ᠠ | ᠪᠣᠯᠭᠠᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠲᠤ ᠵᠣᠬᠢᠴᠠᠩᠭᠤᠢ ᠨᠡᠶᠢᠭᠡᠮ ᠤᠨ ᠠᠪᠤᠷᠠᠨ ᠲᠤᠰᠠᠯᠠᠯᠲᠠ ᠪᠠ | ᠠᠰᠠᠷᠠᠮᠵᠢ ᠶᠢᠨ ᠦᠢᠯᠡᠴᠢᠯᠡᠭᠡ ᠬᠠᠩᠭᠠᠬᠤ ᠵᠡᠷᠭᠡ ᠦᠨᠳᠦᠰᠦᠨ ᠵᠦᠢᠯ ᠢ ᠪᠠᠲᠤᠯᠠᠬᠤ ᠬᠠᠪᠰᠤᠷᠤᠯᠭ᠎ᠠ ᠦᠵᠡᠭᠦᠯᠵᠦ᠂ | ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠭᠠᠵᠠᠷ ᠣᠷᠣᠨ ᠤ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠦᠷᠢᠯᠡᠨ᠎ᠡ᠃ᠶᠠᠰᠤ ᠴᠢᠨᠠᠷ ᠨᠢ ᠪᠠᠲᠤᠯᠠᠭ᠎ᠠ ᠲᠠᠢ᠂ ᠦᠨ᠎ᠡ | ᠬᠠᠩᠰᠢ ᠨᠢ ᠳᠠᠭᠠᠭᠠᠵᠤ ᠳᠡᠶᠢᠯᠬᠦ᠂ ᠲᠥᠬᠦᠮ ᠪᠥᠭᠡᠳ ᠬᠦᠷᠲᠡᠵᠦ ᠳᠡᠶᠢᠯᠬᠦ ᠲᠦᠭᠡᠮᠡᠯ ᠬᠠᠷᠠᠭᠠᠯᠵᠠᠯ ᠤᠨ ᠴᠢᠨᠠᠷᠲᠠᠢ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠢ ᠬᠥᠲᠥᠯᠥᠨ ᠵᠢᠯᠤᠭᠤᠳᠴᠤ | ᠬᠥᠭᠵᠢᠭᠦᠯᠦᠨ᠎ᠡ᠃ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠠᠮᠢᠶ᠎ᠠ ᠪᠦᠬᠦᠢ ᠣᠯᠠᠨ | ᠨᠡᠶᠢᠲᠡ ᠶᠢᠨ ᠦᠢᠯᠡᠴᠢᠯᠡᠭᠡᠨ ᠤ ᠲᠥᠯᠦᠪᠵᠢᠭᠦᠯᠭᠡ ᠪᠤᠶᠤ ᠲᠥᠰᠥᠯ ᠳᠤ ᠣᠷᠣᠭᠤᠯᠵᠤ᠂ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠲᠣᠭᠲᠠᠭᠠᠬᠤ᠂ ᠳᠠᠩᠰᠠᠯᠠᠭᠤᠯᠬᠤ ᠲᠠᠰ ᠳᠠᠷᠠᠭᠠᠯᠠᠯ ᠢ ᠬᠠᠤᠯᠢ ᠲᠣᠭᠲᠠᠭᠠᠯ | ᠶᠣᠰᠣᠭᠠᠷ ᠭᠦᠢᠴᠡᠳᠬᠡᠬᠦ ᠬᠡᠷᠡᠭᠲᠡᠢ᠃ | 2. ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠣᠷᠣᠨ ᠪᠦᠰᠡ ᠶᠢᠨ | ᠪᠠᠶᠢᠷᠢᠰᠢᠭᠤᠯᠤᠯ ᠢ ᠰᠢᠯᠢᠳᠡᠭᠵᠢᠭᠦᠯᠦᠨ᠎ᠡ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠶᠢᠷᠢᠰᠢᠭᠤᠯᠤᠯᠲᠠ ᠶᠢᠨ ᠲᠤᠰᠬᠠᠢ ᠵᠦᠢᠯ ᠤᠨ | ᠲᠥᠯᠦᠪᠵᠢᠭᠦᠯᠭᠡ ᠶᠢ ᠲᠣᠭᠲᠠᠭᠠᠵᠤ᠂ ᠨᠠᠰᠤᠵᠢᠯ ᠤᠨ ᠠᠰᠠᠷᠠᠮᠵᠢ ᠶᠢᠨ ᠣᠷᠣ ᠪᠣᠯᠣᠨ ᠡᠯ᠎ᠡ ᠲᠦᠷᠦᠯ ᠤᠨ ᠨᠡᠶᠢᠭᠡᠮ | ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠣᠭᠲᠠᠭᠤᠨ ᠢᠶᠠᠷ | ᠨᠡᠮᠡᠭᠳᠡᠭᠦᠯᠦᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠨᠢ ᠵᠠᠭᠤᠨ ᠡᠷᠦᠬᠡ ᠪᠦᠷᠢ ᠳᠤ | 20 ᠲᠡᠭᠰᠢ ᠳᠥᠷᠪᠡᠯᠵᠢᠨ ᠮᠧᠲᠷ ᠠᠴᠠ ᠳᠤᠲᠠᠭᠤ ᠦᠭᠡᠢ ᠪᠠᠷᠢᠯᠭ᠎ᠠ ᠶᠢᠨ ᠲᠠᠯᠠᠪᠠᠢ ᠶᠢᠨ ᠪᠠᠷᠢᠮᠵᠢᠶ᠎ᠠ ᠪᠠᠷ | ᠨᠠᠰᠤᠵᠢᠯ ᠤᠨ ᠠᠰᠠᠷᠠᠮᠵᠢ ᠵᠢᠨᠨᠠᠰᠤᠲᠠᠶᠢᠴᠤᠳ ᠤᠨ ᠬᠥᠮᠥᠨ ᠠᠮᠠ ᠲᠥᠪᠯᠡᠷᠡᠭᠰᠡᠨ ᠭᠠᠵᠠᠷ ᠣᠷᠣᠨ ᠳᠤ ᠨᠠᠰᠤᠵᠢᠯ ᠤᠨ | ᠠᠰᠠᠷᠠᠮᠵᠢ ᠶᠢᠨ ᠣᠷᠣ ᠶᠢ ᠰᠢᠨ᠎ᠡ ᠪᠠᠷ ᠨᠡᠮᠡᠭᠳᠡᠭᠦᠯᠬᠦ ᠪᠠᠷ ᠭᠤᠣᠯᠳᠠᠯᠭ᠎ᠠ ᠪᠣᠯᠭᠠᠵᠤ᠂ ᠲᠥᠪ ᠬᠤᠲᠠ ᠲᠣᠭᠤᠷᠢᠭ ᠤᠨ | ᠳᠠᠯᠳᠠ ᠬᠦᠴᠦᠨ ᠢᠶᠠᠨ ᠤᠯᠠᠮ ᠨᠢᠭᠡ ᠠᠯᠬᠤᠮ ᠠᠭᠤᠳᠠᠯᠵᠤ᠂ ᠣᠶᠢᠷ᠎ᠠ ᠬᠠᠪᠢ ᠳᠠᠭᠠᠨ ᠨᠠᠰᠤᠵᠢᠯ ᠤᠨ | ᠠᠰᠠᠷᠠᠮᠵᠢ ᠶᠢᠨ ᠣᠷᠣ ᠶᠢ ᠨᠡᠮᠡᠭᠳᠡᠭᠦᠯᠬᠦ ᠶᠢ ᠵᠣᠷᠢᠭᠵᠢᠭᠤᠯᠤᠨ᠎ᠠ᠃ ᠨᠠᠰᠤᠵᠢᠯ ᠤᠨ ᠦᠢᠯᠡᠴᠢᠯᠡᠭᠡᠨ ᠤ ᠦᠯᠡᠳᠡᠭᠡᠯ | ᠪᠡᠯᠡᠳᠬᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠢᠨᠵᠧᠨᠧᠷᠢᠩ ᠢ ᠰᠤᠳᠤᠯᠤᠨ ᠬᠡᠷᠡᠭᠵᠢᠭᠦᠯᠵᠦ᠂ ᠵᠥᠭᠡᠯᠡᠨ ᠬᠠᠲᠠᠭᠤ | ᠬᠡᠷᠡᠭᠰᠡᠯ ᠤᠨ ᠨᠥᠬᠦᠴᠡᠯ ᠢ ᠰᠠᠶᠢᠵᠢᠷᠠᠭᠤᠯᠤᠨ᠂ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠴᠢᠳᠠᠪᠤᠷᠢ ᠶᠢ | ᠳᠡᠭᠡᠭᠰᠢᠯᠡᠭᠦᠯᠦᠨ᠎ᠡ᠃ | 3. ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠠᠮᠢᠳᠤᠷᠠᠯ ᠤᠨ ᠬᠠᠷᠠᠭᠠᠯᠵᠠᠯ᠂ ᠡᠷᠡᠭᠦᠯᠵᠢᠯ ᠤᠨ ᠰᠤᠪᠢᠯᠠᠯᠲᠠ᠂ ᠰᠡᠳᠬᠢᠴᠡ ᠶᠢᠨ ᠲᠠᠶᠢᠳᠬᠤᠷᠠᠭᠤᠯᠤᠯ᠂ ᠡᠳᠦᠷ | ᠲᠤᠲᠤᠮ ᠤᠨ ᠨᠠᠶᠢᠳᠠᠨ ᠠᠰᠠᠷᠠᠭᠤᠯᠬᠤ᠂ ᠪᠠᠴᠢᠮ ᠠᠪᠤᠷᠠᠨ ᠲᠤᠰᠠᠯᠠᠬᠤ᠂ ᠰᠣᠶᠣᠯ ᠪᠡᠶ᠎ᠡ ᠶᠢᠨ ᠲᠠᠮᠢᠷ ᠵᠡᠷᠭᠡ | ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠶᠢ ᠪᠠᠶᠢᠭᠤᠯᠤᠨ ᠪᠦᠷᠢᠨᠰᠢᠭᠦᠯᠵᠦ᠂ ᠠᠵᠤ | ᠠᠬᠤᠢ ᠶᠢᠨ ᠬᠦᠴᠢᠷᠳᠡᠯ ᠲᠠᠢ ᠥᠨᠥᠴᠢᠨ ᠪᠡᠯᠪᠡᠰᠦᠨ᠂ ᠴᠢᠳᠠᠪᠤᠷᠢ ᠪᠠᠨ ᠠᠯᠳᠠᠭᠰᠠᠨ᠂ ᠤᠬᠠᠭᠠᠨ ᠠᠯᠳᠠᠭᠰᠠᠨ᠂ | ᠥᠨᠳᠥᠷ ᠨᠠᠰᠤᠲᠠᠢ᠂ ᠲᠥᠯᠥᠪᠯᠡᠭᠡᠲᠦ ᠦᠷᠡᠵᠢᠯ ᠤᠨ ᠣᠨᠴᠣᠭᠤᠢ ᠭᠡᠷ ᠪᠦᠯᠢ ᠶᠢᠨ ᠨᠠᠰᠤᠲᠠᠶᠢᠴᠤᠳ ᠢ ᠨᠠᠰᠤᠵᠢᠯ ᠤᠨ | ᠦᠨᠳᠦᠰᠦᠨ ᠦᠢᠯᠡᠴᠢᠯᠡᠭᠡᠨ ᠤ ᠨᠠᠷᠢᠨ ᠬᠠᠭᠤᠳᠠᠰᠤ ᠳᠤ ᠡᠩ ᠲᠡᠷᠢᠭᠦᠨ ᠳᠤ ᠣᠷᠣᠭᠤᠯᠤᠨ ᠭᠤᠣᠯᠳᠠᠯᠭ᠎ᠠ ᠲᠠᠢ | ᠪᠠᠲᠤᠯᠠᠵᠤ᠂ ᠬᠥᠮᠥᠨ ᠪᠦᠬᠦᠨ ᠳᠤ ᠨᠠᠰᠤᠵᠢᠯ ᠤᠨ ᠦᠨᠳᠦᠰᠦᠨ ᠦᠢᠯᠡᠴᠢᠯᠡᠭᠡᠨ ᠢ ᠬᠦᠷᠲᠡᠭᠡᠬᠦ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ᠣᠲᠣ ᠶᠢᠨ ᠪᠠᠶᠢᠭ᠎ᠠ ᠥᠨᠳᠥᠷ ᠨᠠᠰᠤᠨ ᠤ ᠨᠡᠮᠡᠭᠦᠷᠢ᠂ ᠰᠤᠪᠢᠯᠠᠯᠲᠠ ᠶᠢᠨ ᠨᠥᠬᠦᠪᠦᠷᠢ | ᠵᠡᠷᠭᠡ ᠨᠠᠰᠤᠲᠠᠶᠢᠴᠤᠳ ᠲᠤ ᠨᠥᠬᠦᠪᠦᠷᠢ ᠥᠭᠬᠦ ᠳᠦᠷᠢᠮ ᠢ ᠡᠮᠬᠢᠯᠡᠨ ᠨᠡᠶᠢᠯᠡᠭᠦᠯᠵᠦ᠂ ᠵᠡᠮᠳᠡᠭᠴᠦᠳ ᠲᠤ ᠬᠤᠶᠠᠷ | ᠵᠦᠢᠯ ᠤᠨ ᠨᠥᠬᠦᠪᠦᠷᠢ ᠥᠭᠬᠦ᠂ ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠯᠤᠭ᠎ᠠ | ᠵᠣᠯᠭᠠᠭᠤᠯᠬᠤ ᠶᠢ ᠰᠠᠶᠢᠲᠤᠷ ᠬᠢᠵᠦ᠂ ᠦᠨᠳᠦᠰᠦᠨ ᠨᠠᠰᠤᠵᠢᠯ ᠤᠨ ᠦᠢᠯᠡᠴᠢᠯᠡᠭᠡᠨ ᠤ ᠨᠥᠬᠦᠪᠦᠷᠢ ᠶᠢᠨ ᠳᠦᠷᠢᠮ ᠢ | ᠪᠣᠶ ᠪᠣᠯᠭᠠᠨ᠎ᠠ᠃ | 4. ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ | ᠪᠦᠷᠢᠨᠰᠢᠭᠦᠯᠦᠨ᠎ᠡ᠃ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠪᠠᠶᠢᠭᠤᠯᠤᠮᠵᠢ ᠶᠢᠨ ᠲᠥᠯᠦᠪᠵᠢᠭᠦᠯᠭᠡ ᠪᠣᠯᠣᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠣᠷᠣᠰᠢᠨ ᠰᠠᠭᠤᠬᠤ᠂ ᠠᠵᠢᠯ ᠣᠯᠬᠤ᠂ ᠣᠷᠣᠨ ᠪᠦᠰᠡ ᠶᠢ | ᠲᠥᠪᠯᠡᠷᠡᠭᠦᠯᠦᠨ ᠪᠠᠶᠢᠭᠤᠯᠬᠤ ᠵᠡᠷᠭᠡ ᠬᠦᠴᠦᠨ ᠵᠦᠢᠯ ᠢ ᠭᠦᠢᠴᠡᠳ ᠪᠣᠳᠣᠯᠬᠢᠯᠠᠵᠤ᠂ ᠬᠤᠳᠠ ᠳᠤ ᠣᠷᠣᠵᠤ ᠠᠵᠢᠯ | ᠬᠥᠳᠡᠯᠮᠦᠷᠢ ᠬᠢᠵᠦ ᠪᠠᠶᠢᠭ᠎ᠠ ᠬᠥᠮᠥᠰ ᠤᠨ ᠲᠠᠭᠠᠵᠦ ᠨᠡᠭᠦᠭᠰᠡᠨ ᠨᠢᠯᠬ᠎ᠠ ᠬᠡᠦᠬᠡᠳ ᠤᠨ ᠬᠡᠷᠡᠭᠴᠡᠭᠡ ᠱᠠᠭᠠᠷᠳᠠᠯᠭ᠎ᠠ ᠶᠢ | ᠭᠦᠢᠴᠡᠳ ᠪᠣᠳᠣᠯᠬᠢᠯᠠᠬᠤ ᠬᠡᠷᠡᠭᠲᠡᠢ᠃ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ ᠪᠠᠷᠢᠮᠵᠢᠶ᠎ᠠ ᠶᠢᠨ | ᠵᠢᠷᠤᠮᠵᠢᠯ ᠤᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠶᠢ ᠵᠢᠷᠤᠮᠵᠢᠭᠤᠯᠤᠨ ᠪᠠᠶᠢᠭᠤᠯᠵᠤ᠂ ᠨᠢᠯᠬ᠎ᠠ ᠨᠢᠷᠠᠢ ᠬᠡᠦᠬᠡᠳ ᠢ ᠬᠠᠷᠠᠭᠠᠯᠵᠠᠨ | ᠠᠰᠠᠷᠠᠬᠤ ᠪᠠᠶᠢᠭᠤᠯᠤᠮᠵᠢ ᠶᠢ ᠳᠠᠩᠰᠠᠯᠠᠨ ᠲᠡᠮᠳᠡᠭᠯᠡᠬᠦ ᠳᠦᠷᠢᠮ ᠪᠠ ᠠᠵᠢᠯ ᠮᠡᠷᠭᠡᠵᠢᠯ ᠤᠨ ᠬᠢᠷᠢ ᠬᠡᠮ ᠤᠨ | ᠵᠥᠪᠰᠢᠶᠡᠷᠡᠯ ᠤᠨ ᠳᠦᠷᠢᠮ ᠢ ᠬᠡᠷᠡᠭᠵᠢᠭᠦᠯᠦᠨ᠎ᠡ᠃ | ︵ᠬᠤᠶᠠᠷ︶ ᠣᠯᠠᠨ ᠲᠠᠯ᠎ᠠ ᠶᠢᠨ ᠬᠢᠨ ᠣᠷᠣᠯᠴᠠᠭᠰᠠᠨ᠂ ᠣᠯᠠᠨ ᠵᠦᠢᠯ ᠤᠨ ᠠᠷᠭ᠎ᠠ ᠮᠠᠶ᠋ᠢᠭ ᠤᠨ | ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠨ᠎ᠡ | 1. ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠠᠬᠢᠭᠤᠯᠤᠨ᠎ᠠ᠃ᠨᠡᠶᠢᠭᠡᠮ ᠲᠣᠭᠤᠷᠢᠭ ᠤᠨ ᠨᠠᠰᠤᠵᠢᠯ ᠤᠨ ᠪᠡᠯᠡᠳᠬᠡᠮᠵᠢ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡ ᠶᠢ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ᠣᠷᠣᠭᠤᠯᠤᠨ ᠨᠢᠭᠡᠳᠦᠯᠲᠡᠢ ᠲᠥᠯᠥᠪᠯᠡᠨ ᠠᠬᠢᠭᠤᠯᠵᠤ᠂ | ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠴᠢᠳᠠᠮᠵᠢ ᠶᠢ ᠳᠡᠭᠡᠭᠰᠢᠯᠡᠭᠦᠯᠦᠨ᠂ 2022 ᠣᠨ ᠪᠣᠯᠬᠤ ᠳᠤ᠂ ᠪᠥᠬᠦ | ᠠᠶᠢᠮᠠᠭ ᠤᠨ ᠵᠡᠭᠡᠯᠢ ᠭᠤᠳᠤᠮᠵᠢ ᠨᠢᠭᠡᠪᠦᠷᠢ ᠳᠤ ᠶᠡᠷᠦᠩᠬᠡᠶᠢᠯᠡᠭᠰᠡᠨ ᠴᠢᠳᠠᠮᠵᠢ ᠲᠠᠢ ᠨᠠᠰᠤᠵᠢᠯ ᠤᠨ ᠦᠢᠯᠡᠴᠢᠯᠡᠭᠡᠨ ᠤ | ᠪᠠᠶᠢᠭᠤᠯᠤᠮᠵᠢ ᠶᠢ 1 ᠪᠠᠶᠢᠭᠤᠯᠵᠤ᠂ ᠨᠡᠶᠢᠭᠡᠮ ᠲᠣᠭᠤᠷᠢᠭ ᠤᠨ ᠡᠳᠦᠷ ᠲᠤᠲᠤᠮ ᠤᠨ ᠬᠠᠷᠠᠭᠠᠯᠵᠠᠬᠤ ᠪᠠᠶᠢᠭᠤᠯᠤᠮᠵᠢ ︵ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠷᠲᠡᠭᠡ︶ ᠶᠢᠨ ᠪᠦᠷᠬᠦᠴᠡ ᠶᠢᠨ ᠨᠣᠷᠮ᠎ᠠ ᠶᠢ 90% | ᠠᠴᠠ ᠳᠡᠭᠡᠭᠰᠢ ᠳᠤ ᠬᠦᠷᠦᠭᠦᠯᠦᠨ᠎ᠡ︔︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠡᠭᠦᠯᠴᠢ ᠪᠣᠯᠬᠤ ᠳᠤ᠂ | ᠬᠠᠭᠤᠴᠢᠨ ᠬᠤᠳᠠ ᠶᠢᠨ ᠲᠣᠭᠤᠷᠢᠭ ᠲᠤ᠂ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠪᠠᠷᠢᠮᠵᠢᠶ᠎ᠠ ᠶᠣᠰᠣᠭᠠᠷ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢ ᠠᠯᠬᠤᠮ | ᠠᠯᠬᠤᠮ ᠢᠶᠠᠷ ᠨᠥᠬᠦᠪᠦᠷᠢᠯᠡᠨ᠎ᠡ︔ᠪᠥᠬᠦ ᠠᠶᠢᠮᠠᠭ ᠤᠨ ᠪᠣᠶ ᠪᠦᠬᠦᠢ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠪᠠ | ᠬᠤᠰᠢᠭᠤ ︵ ᠣᠷᠣᠨ︶ ᠳᠤ ᠬᠠᠷᠢᠶᠠᠯᠠᠭᠳᠠᠬᠤ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠲᠤ ᠣᠯᠠᠨ ᠶᠠᠩᠵᠤ ᠶᠢᠨ | ᠬᠡᠯᠪᠡᠷᠢ ᠮᠠᠶ᠋ᠢᠭ ᠲᠠᠢ᠂ ᠪᠥᠬᠦ ᠲᠠᠯ᠎ᠠ ᠶᠢ ᠬᠠᠮᠤᠷᠤᠭᠰᠠᠨ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠦᠨᠳᠦᠰᠦᠨ ᠳᠡᠭᠡᠨ ᠪᠠᠶᠢᠭᠤᠯᠤᠨ᠎ᠠ᠃ᠭᠡᠷ ᠪᠦᠯᠢ ᠶᠢᠨ | ᠨᠠᠰᠤᠵᠢᠯ ᠤᠨ ᠠᠰᠠᠷᠠᠮᠵᠢ ᠶᠢᠨ ᠣᠷᠣ ᠶᠢ ᠰᠦᠪᠡᠭᠴᠢᠯᠡᠨ ᠬᠥᠭᠵᠢᠭᠦᠯᠵᠦ᠂ ᠡᠯ᠎ᠡ ᠲᠥᠷᠥᠯ ᠤᠨ ᠦᠢᠯᠡᠴᠢᠯᠡᠭᠡᠨ ᠤ | ᠪᠠᠶᠢᠭᠤᠯᠤᠮᠵᠢ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢ | ᠠᠵᠢᠯᠯᠠᠭᠤᠯᠬᠤ ᠶᠢ ᠳᠡᠮᠵᠢᠵᠦ᠂ ᠭᠡᠷ ᠲᠤᠨᠢ ᠬᠦᠷᠴᠦ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠲᠤ | ᠠᠮᠢᠳᠤᠷᠠᠯ ᠤᠨ ᠬᠠᠷᠠᠭᠠᠯᠵᠠᠯ᠂ ᠭᠡᠷ ᠤᠨ ᠠᠵᠢᠯ᠂ ᠡᠷᠡᠭᠦᠯᠵᠢᠯ ᠰᠤᠪᠢᠯᠠᠯᠲᠠ᠂ ᠣᠶᠤᠨ ᠰᠠᠨᠠᠭᠠᠨ ᠤ | ᠲᠠᠶᠢᠳᠬᠤᠷᠠᠭᠤᠯᠤᠯ ᠵᠡᠷᠭᠡ ᠦᠢᠯᠡᠴᠢᠯᠡᠭᠡ ᠬᠠᠩᠭᠠᠨ᠎ᠠ᠃ | 2. ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ᠪᠥᠬᠦ ᠠᠶᠢᠮᠠᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠵᠢᠯᠣᠭᠤᠳᠤᠯᠭ᠎ᠠ ᠳᠣᠣᠷ᠎ᠠ᠂ ᠨᠠᠶᠢᠳᠠᠨ ᠬᠥᠮᠥᠵᠢᠭᠦᠯᠬᠦ ᠦᠢᠯᠡᠴᠢᠯᠡᠭᠡ ᠶᠢ ᠬᠤᠲᠠ ᠪᠠᠯᠭᠠᠰᠤ᠂ ᠨᠡᠶᠢᠭᠡᠮ | ᠲᠣᠭᠤᠷᠢᠭ ᠤᠨ ᠦᠢᠯᠡᠴᠢᠯᠡᠭᠡᠨ ᠤ ᠰᠢᠰᠲ᠋ᠧᠮᠵᠢ ᠳᠤ ᠣᠷᠣᠭᠤᠯᠵᠤ᠂ ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠴᠢᠳᠠᠮᠵᠢ ᠶᠢ ᠪᠠᠳᠠᠷᠠᠭᠤᠯᠤᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠡᠯᠡᠳᠬᠡᠮᠵᠢ ᠶᠢ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ ︵ᠥᠷᠲᠡᠭᠡ︶ ᠵᠢᠴᠢ ᠰᠣᠶᠣᠯ᠂ ᠪᠡᠶ᠎ᠡ ᠶᠢᠨ | ᠲᠠᠮᠢᠷ᠂ ᠰᠤᠷᠭᠠᠨ ᠬᠥᠮᠦᠵᠢᠯ᠂ ᠡᠮᠴᠢᠯᠡᠭᠡ ᠰᠤᠪᠢᠯᠠᠯᠲᠠ᠂ ᠨᠠᠰᠤᠵᠢᠯ ᠤᠨ ᠠᠰᠠᠷᠠᠮᠵᠢ ᠵᠡᠷᠭᠡ ᠪᠡᠯᠡᠳᠬᠡᠮᠵᠢ ᠯᠦᠭᠡ | ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ᠬᠤᠲᠠ ᠪᠠᠯᠭᠠᠰᠤ ᠶᠢᠨ ᠨᠡᠶᠢᠭᠡᠮ ᠲᠣᠭᠤᠷᠢᠭ ᠤᠨ | ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ᠂ | ᠨᠢᠯᠬ᠎ᠠ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠥᠷᠭᠡᠨ ᠣᠯᠠᠨ | ᠭᠡᠷ ᠪᠦᠯᠢ ᠶᠢᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ | ᠦᠨᠳᠦᠰᠦᠨ ᠳᠡᠭᠡᠨ ᠬᠠᠩᠭᠠᠵᠤ᠂ 2025 ᠣᠨ ᠪᠣᠯᠬᠤ ᠳᠤ ᠨᠢᠯᠬ᠎ᠠ ᠬᠡᠦᠬᠡᠳ ᠤᠨ ᠡᠷᠡᠭᠦᠯ ᠮᠡᠨᠳᠦ ᠶᠢᠨ | ᠬᠠᠮᠢᠶᠠᠷᠤᠯᠲᠠ ᠶᠢᠨ ᠨᠣᠷᠮ᠎ᠠ ᠶᠢ 95% ᠠᠴᠠ ᠳᠡᠭᠡᠭᠰᠢ ᠳᠤ ᠬᠦᠷᠦᠭᠦᠯᠵᠦ᠂ ᠭᠡᠷ ᠤᠨ ᠠᠬᠠᠮᠠᠳ ᠤᠨ ᠰᠢᠨᠵᠢᠯᠡᠬᠦ | ᠤᠬᠠᠭᠠᠨᠴᠢ ᠪᠠᠷ ᠬᠡᠦᠬᠡᠳ ᠪᠣᠶᠢᠵᠢᠭᠤᠯᠬᠤ ᠮᠡᠳᠡᠯᠭᠡ ᠶᠢ ᠲᠦᠭᠡᠮᠡᠯᠵᠢᠭᠦᠯᠬᠦ ᠨᠣᠷᠮ᠎ᠠ ᠶᠢ 80% ᠠᠴᠠ ᠳᠡᠭᠡᠭᠰᠢ ᠳᠤ | ᠬᠦᠷᠦᠭᠦᠯᠦᠨ᠎ᠡ︔ᠬᠤᠲᠠ ᠬᠥᠳᠡᠭᠡ ᠶᠢᠨ ᠨᠡᠶᠢᠭᠡᠮ ᠲᠣᠭᠤᠷᠢᠭ ᠤᠨ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠠᠶᠢᠭᠤᠯᠤᠮᠵᠢ ᠶᠢᠨ ᠪᠦᠷᠬᠦᠴᠡ ᠶᠢᠨ ᠨᠣᠷᠮ᠎ᠠ᠂ ᠬᠡᠦᠬᠡᠳ ᠤᠨ ᠴᠡᠴᠡᠷᠯᠢᠭ ᠤᠨ ᠨᠠᠶᠢᠳᠠᠨ | ᠬᠥᠮᠥᠵᠢᠭᠦᠯᠬᠦ ᠠᠩᠭᠢ ᠲᠣᠬᠢᠷᠠᠭᠤᠯᠬᠤ ᠨᠣᠷᠮ᠎ᠠ᠂ ᠨᠢᠯᠬ᠎ᠠ ᠬᠡᠦᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ | ᠢᠯᠡᠳᠲᠡ ᠳᠡᠭᠡᠭᠰᠢᠯᠡᠭᠦᠯᠵᠦ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠪᠠᠶᠢᠭᠤᠯᠤᠮᠵᠢ ᠶᠢᠨ | ᠠᠵᠢᠯ ᠡᠷᠬᠢᠯᠡᠭᠰᠡᠳ ᠤᠨ ᠦᠨᠡᠮᠯᠡᠯ ᠲᠠᠢ ᠪᠠᠶᠢᠬᠤ ᠨᠣᠷᠮ᠎ᠠ ᠶᠢ 80% ᠠᠴᠠ ᠳᠡᠭᠡᠭᠰᠢ ᠳᠤ ᠬᠦᠷᠦᠭᠦᠯᠵᠦ᠂ ᠨᠡᠶᠢᠭᠡᠮ | ᠲᠣᠭᠤᠷᠢᠭ ᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠬᠦᠯᠵᠦ᠂ | ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ᠂ ᠡᠳ᠋ ᠤᠨ ᠵᠠᠰᠠᠭ ᠤᠨ ᠨᠥᠬᠦᠪᠦᠷᠢ᠂ ᠭᠠᠶᠢᠯᠢ | ᠰᠦᠢᠳᠬᠡᠯ ᠤᠨ ᠬᠠᠷᠠᠭᠠᠯᠵᠠᠯ᠂ ᠤᠰᠤ ᠴᠠᠬᠢᠯᠭᠠᠨ ᠬᠡᠢ ᠶᠢᠨ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ | ᠪᠠᠷᠢᠯ ᠢᠶᠠᠷ ᠳᠠᠮᠵᠢᠭᠤᠯᠤᠨ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠲᠣᠭᠤᠷᠢᠭ ᠲᠤ | ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠡᠷᠬᠢᠯᠡᠬᠦᠯᠵᠦ᠂ ᠰᠠᠭᠤᠭᠠᠯᠢ ᠠᠷᠠᠳ ᠲᠤ ᠣᠶᠢᠷ᠎ᠠ ᠬᠠᠪᠢ ᠳᠠᠭᠠᠨ | ᠬᠠᠷᠠᠭᠠᠯᠵᠠᠨ ᠠᠰᠠᠷᠠᠬᠤ ᠦᠢᠯᠡᠴᠢᠯᠡᠭᠡ ᠬᠦᠷᠲᠡᠭᠡᠬᠦ ᠬᠡᠷᠡᠭᠲᠡᠢ᠃ | 3. ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ | ᠦᠢᠯᠡᠴᠢᠯᠡᠭᠡᠨ ᠤ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ᠬᠤᠰᠢᠭᠤ ᠣᠷᠣᠨ᠂ ᠰᠤᠮᠤ ᠪᠠᠯᠭᠠᠰᠤ᠂ ᠭᠠᠴᠠᠭ᠎ᠠ | ᠲᠣᠰᠬᠤᠨ ᠭᠤᠷᠪᠠᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ ᠦᠢᠯᠡᠴᠢᠯᠡᠭᠡᠨ ᠤ ᠲᠣᠣᠷ | ᠰᠦᠯᠵᠢᠶ᠎ᠡ ᠶᠢ ᠲᠡᠭᠦᠯᠳᠡᠷᠵᠢᠭᠦᠯᠵᠦ᠂ ᠬᠤᠰᠢᠭᠤ ᠣᠷᠣᠨ ᠤ ᠨᠠᠰᠤᠵᠢᠯ ᠤᠨ ᠪᠠᠶᠢᠭᠤᠯᠤᠮᠵᠢ ᠶᠢᠨ ᠴᠢᠳᠠᠪᠤᠷᠢ ᠪᠠᠨ | ᠠᠯᠳᠠᠭᠰᠠᠨ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢ ᠶᠢ ᠬᠦᠴᠦᠯᠡᠨ ᠴᠢᠩᠭᠠᠷᠠᠭᠤᠯᠤᠨ᠎ᠠ᠃ᠵᠠᠰᠠᠭ ᠤᠨ | ᠣᠷᠳᠣᠨ ᠤ ᠭᠤᠣᠯᠯᠠᠬᠤ ᠦᠢᠯᠡᠳᠦᠯ ᠢ ᠦᠨᠡᠨᠬᠦ ᠪᠠᠳᠠᠷᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠨᠠᠰᠤᠵᠢᠯ ᠤᠨ | ᠦᠢᠯᠡᠴᠢᠯᠡᠭᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠬᠥᠳᠡᠭᠡ | ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠢᠨᠵᠧᠨᠧᠷᠢᠩ ᠯᠦᠭᠡ ᠬᠠᠷᠢᠯᠴᠠᠨ | ᠵᠣᠯᠭᠠᠭᠤᠯᠬᠤ ᠶᠢ ᠴᠢᠩᠭᠠᠳᠬᠠᠵᠤ᠂ ᠰᠤᠮᠤ ᠪᠠᠯᠭᠠᠰᠤ ᠪᠤᠶᠤ ᠨᠠᠰᠤᠲᠠᠶᠢᠴᠤᠳ ᠴᠤᠭᠯᠠᠷᠠᠭᠰᠠᠨ ᠣᠷᠣᠨ ᠤ | ᠶᠡᠷᠦᠩᠬᠡᠶᠢᠯᠡᠭᠰᠡᠨ ᠴᠢᠨᠠᠷᠲᠠᠢ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠠᠬᠢᠭᠤᠯᠤᠨ᠎ᠠ᠃ᠮᠠᠯᠵᠢᠬᠤ ᠲᠠᠷᠢᠶᠠᠯᠠᠬᠤ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠪᠡᠯᠡᠳᠬᠡᠮᠵᠢ ᠶᠢ ᠪᠦᠲᠦᠭᠡᠨ ᠪᠠᠶᠢᠭᠤᠯᠬᠤ ᠳᠠᠭᠠᠨ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠪᠣᠳᠣᠯᠬᠢᠯᠠᠵᠤ᠂ ᠮᠠᠯᠵᠢᠬᠤ ᠲᠠᠷᠢᠶᠠᠯᠠᠬᠤ | ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ᠂ ᠰᠤᠯᠠ ᠪᠠᠶᠢᠬᠤ ᠰᠤᠷᠭᠠᠭᠤᠯᠢ ᠶᠢᠨ ᠭᠡᠷ ᠪᠠᠶᠢᠰᠢᠩ | ᠵᠡᠷᠭᠡ ᠡᠬᠢ ᠪᠠᠶᠠᠯᠢᠭ ᠢ ᠠᠰᠢᠭᠯᠠᠨ᠂ ᠠᠰᠢᠭ ᠣᠯᠵᠠᠪᠤᠷᠢ ᠶᠢᠨ ᠪᠤᠰᠤ ᠴᠢᠨᠠᠷᠲᠠᠢ ᠨᠠᠶᠢᠳᠠᠨ ᠬᠥᠮᠥᠵᠢᠭᠦᠯᠬᠦ | ᠪᠠᠶᠢᠭᠤᠯᠤᠮᠵᠢ ᠶᠢ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ᠠᠯᠠᠱᠠ ᠠᠶᠢᠮᠠᠭ ᠤᠨ ᠭᠠᠵᠠᠷ ᠠᠭᠤᠳᠠᠮ ᠬᠥᠮᠥᠨ | ᠴᠥᠭᠡᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠴᠢᠯᠦᠭᠡᠳᠡᠢ ᠦᠢᠯᠡᠴᠢᠯᠡᠭᠡ ᠶᠢ | ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ ᠬᠠᠶᠢᠨ ᠰᠦᠪᠡᠭᠴᠢᠯᠡᠨ᠎ᠡ᠃ | 4. ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠦᠷᠭᠦᠯᠵᠢᠯᠡᠨ ᠭᠦᠨᠵᠡᠭᠡᠶᠢᠷᠡᠭᠦᠯᠦᠨ᠎ᠡ᠃ᠨᠥᠬᠦᠴᠡᠯ ᠲᠠᠢ ᠠᠯᠪᠠᠨ ᠠᠴᠠ ᠡᠷᠭᠢᠯᠡᠭᠰᠡᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠶᠢ ᠳᠠᠭᠠᠭᠠᠴᠢᠯᠠᠨ ᠡᠵᠡᠩᠨᠡᠬᠦ᠂ ᠨᠠᠶᠢᠳᠠᠨ ᠡᠵᠡᠩᠨᠡᠭᠦᠯᠬᠦ᠂ ᠬᠠᠮᠲᠤᠷᠠᠨ ᠡᠵᠡᠩᠨᠡᠬᠦ ᠵᠡᠷᠭᠡ | ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠠᠬᠤᠶᠢᠯᠠᠯ ᠪᠤᠶᠤ ᠨᠡᠶᠢᠭᠡᠮ ᠤᠨ ᠦᠢᠯᠡᠴᠢᠯᠡᠭᠡᠨ ᠤ ᠪᠠᠶᠢᠭᠤᠯᠤᠮᠵᠢ ᠶᠢ | ᠣᠷᠣᠭᠤᠯᠤᠨ ᠠᠪᠴᠢᠷᠠᠵᠤ ᠡᠵᠡᠩᠨᠡᠯᠲᠡ ᠬᠠᠮᠢᠶᠠᠷᠤᠯᠲᠠ ᠳᠤ ᠣᠷᠣᠯᠴᠠᠭᠤᠯᠤᠨ᠎ᠠ᠃ | 5. ᠣᠯᠠᠨ ᠵᠦᠢᠯ ᠤᠨ ᠬᠡᠯᠪᠡᠷᠢ ᠮᠠᠶ᠋ᠢᠭ ᠤᠨ ᠨᠠᠶᠢᠳᠠᠨ ᠬᠥᠮᠥᠵᠢᠭᠦᠯᠬᠦ ᠶᠢ ᠨᠢᠭᠡ ᠴᠣᠭᠴᠠᠵᠢᠭᠤᠯᠬᠤ | ᠪᠠᠶᠢᠭᠤᠯᠤᠯᠲᠠ ᠶᠢ ᠥᠷᠨᠢᠭᠦᠯᠦᠨ᠎ᠡ᠃ᠲᠦᠭᠡᠮᠡᠯ ᠬᠠᠷᠠᠭᠠᠯᠵᠠᠯ ᠤᠨ ᠴᠢᠨᠠᠷᠲᠠᠢ ᠨᠢᠯᠬ᠎ᠠ ᠬᠡᠦᠬᠡᠳ ᠢ ᠬᠠᠷᠠᠭᠠᠯᠵᠠᠨ | ᠠᠰᠠᠷᠠᠬᠤ ᠪᠠᠶᠢᠭᠤᠯᠤᠮᠵᠢ ᠶᠢᠨ ᠬᠥᠭᠵᠢᠯᠲᠡ ᠶᠢ ᠡᠩ ᠲᠡᠷᠢᠭᠦᠨ ᠳᠤ ᠲᠡᠮᠵᠢᠨ᠎ᠡ᠃ᠬᠡᠦᠬᠡᠳ ᠰᠠᠭᠠᠲᠠᠭᠤᠯᠬᠤ ᠡᠬᠢ | ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠬᠡᠦᠬᠡᠳ ᠤᠨ ᠴᠡᠴᠡᠷᠯᠢᠭ ᠤᠨ ᠲᠤᠰᠬᠠᠢ | ᠮᠡᠷᠭᠡᠵᠢᠯ ᠤᠨ ᠡᠬᠢ ᠪᠠᠶᠠᠯᠢᠭ ᠤᠨ ᠲᠥᠪᠯᠡᠷᠡᠭᠰᠡᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠤᠨ᠎ᠠ᠃ᠠᠩᠬᠠᠨ ᠤ | ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ | ᠬᠥᠮᠥᠨ ᠬᠡᠷᠡᠭᠯᠡᠬᠦ ᠨᠢᠭᠡᠴᠡ ᠶᠢᠨ ᠲᠤᠰᠠᠭᠠᠷ ᠪᠤᠶᠤ ᠪᠤᠰᠤᠳ ᠨᠢᠭᠡᠴᠡ ᠲᠠᠢ ᠬᠤᠯᠪᠤᠭᠠᠯᠠᠨ ᠠᠵᠢᠯᠯᠠᠬᠤ ᠲᠠᠯᠠᠪᠤᠷ ᠲᠤ | ᠠᠵᠢᠯᠲᠠᠨ ᠠᠵᠢᠯᠴᠢᠨ ᠳᠤ ᠠᠰᠠᠷᠠᠮᠵᠢ ᠶᠢᠨ ᠴᠢᠨᠠᠷᠲᠠᠢ ᠨᠠᠶᠢᠳᠠᠨ ᠬᠥᠮᠥᠵᠢᠭᠦᠯᠬᠦ ᠦᠢᠯᠡᠴᠢᠯᠡᠭᠡ ᠬᠠᠩᠭᠠᠬᠤ ᠶᠢ | ᠳᠡᠮᠵᠢᠨ᠎ᠡ᠃ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠣᠯᠣᠭᠰᠠᠳ ᠨᠢᠭᠲᠠᠷᠠᠨ | ᠴᠤᠭᠯᠠᠷᠠᠭᠰᠠᠨ ᠠᠵᠤ ᠦᠢᠯᠡᠰ ᠲᠥᠪᠯᠡᠷᠡᠭᠰᠡᠨ ᠣᠷᠣᠨ ᠪᠦᠰᠡ᠂ ᠬᠥᠮᠥᠨ ᠬᠡᠷᠡᠭᠯᠡᠬᠦ ᠨᠢᠬᠡᠴᠡ ᠳᠤ ᠨᠠᠶᠢᠳᠠᠨ | ᠬᠥᠮᠥᠵᠢᠭᠦᠯᠬᠦ ᠪᠠᠶᠢᠭᠤᠯᠤᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢ ᠵᠣᠷᠢᠭᠵᠢᠭᠤᠯᠤᠨ᠎ᠠ᠃2025 ᠣᠨ ᠪᠣᠯᠬᠤ ᠳᠤ᠂ | ᠲᠦᠭᠡᠮᠡᠯ ᠬᠠᠷᠠᠭᠠᠯᠵᠠᠯ ᠤᠨ ᠴᠢᠨᠠᠷᠲᠠᠢ ᠪᠠᠶᠢᠷᠢ ᠰᠠᠭᠤᠷᠢ ᠶᠢᠨ ᠡᠵᠡᠯᠡᠬᠦ ᠬᠠᠷᠢᠴᠠᠯ ᠢ 20% ᠠᠴᠠ ᠳᠡᠭᠡᠭᠰᠢ ᠳᠤ | ᠬᠦᠷᠦᠭᠦᠯᠦᠨ᠎ᠡ᠃ | 6. ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠶᠢ ᠥᠷᠨᠢᠭᠦᠯᠦᠨ᠎ᠡ᠃ᠠᠷᠭ᠎ᠠ ᠴᠢᠨᠠᠷᠲᠠᠢ | ᠡᠪᠡᠳᠴᠢᠨ ᠤ ᠵᠢᠱᠢᠶ᠎ᠡ ᠶᠢ ᠰᠢᠭᠰᠢᠨ ᠪᠠᠶᠢᠴᠠᠭᠠᠬᠤ ᠶᠢ ᠳᠠᠭᠠᠵᠤ ᠰᠤᠷᠪᠤᠯᠵᠢᠯᠠᠬᠤ᠂ ᠣᠨᠣᠰᠢᠯᠠᠬᠤ᠂ ᠡᠮᠨᠡᠨ ᠵᠠᠰᠠᠬᠤ | ᠪᠠ ᠬᠠᠮᠢᠶᠠᠷᠬᠤ ᠶᠢ ᠴᠢᠩᠭᠠᠳᠬᠠᠵᠤ᠂ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠡᠮᠨᠡᠨ ᠵᠠᠰᠠᠬᠤ ᠨᠣᠷᠮ᠎ᠠ ᠶᠢ | ᠳᠡᠭᠡᠭᠰᠢᠯᠡᠭᠦᠯᠦᠨ᠂ ᠨᠢᠷᠠᠢ ᠬᠡᠦᠬᠡᠳ ᠤᠨ ᠡᠪᠡᠳᠴᠢᠨ ᠡᠮᠭᠡᠭ ᠢ ᠰᠢᠭᠰᠢᠨ ᠪᠠᠶᠢᠴᠠᠭᠠᠬᠤ ᠡᠪᠡᠳᠴᠢᠨ ᠤ ᠲᠥᠷᠥᠯ ᠤᠨ | ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠬᠡᠨ᠎ᠡ᠃ᠤᠳᠤᠮᠯᠠᠯ ᠤᠨ ᠰᠣᠯᠢᠯᠴᠠᠭ᠎ᠠ ᠶᠢᠨ ᠡᠪᠡᠳᠴᠢᠨ ᠢ ᠠᠪᠤᠷᠠᠨ | ᠲᠤᠰᠠᠯᠠᠬᠤ ᠲᠥᠷᠥᠯ ᠵᠦᠢᠯ ᠢ ᠥᠷᠨᠢᠭᠦᠯᠵᠦ᠂ ᠰᠠᠶ᠋ᠢ ᠲᠥᠷᠥᠭᠰᠡᠨ ᠬᠡᠦᠬᠡᠳ ᠵᠢᠴᠢ ᠬᠡᠦᠬᠡᠳ ᠤᠨ ᠵᠡᠮᠳᠡᠭᠷᠡᠯ ᠤᠨ | ᠴᠢᠨᠠᠷᠲᠠᠢ ᠡᠪᠡᠳᠴᠢᠨ ᠡᠮᠭᠡᠭ ᠪᠠ ᠵᠡᠷᠡᠮᠳᠡᠭ ᠲᠦᠷᠦᠭᠦ ᠶᠢ ᠰᠢᠭᠰᠢᠨ ᠪᠠᠶᠢᠴᠠᠭᠠᠬᠤ᠂ ᠣᠨᠣᠰᠢᠯᠠᠬᠤ᠂ ᠭᠠᠷ | ᠲᠦᠷᠦᠭᠦ ᠶᠢ ᠨᠢᠭᠡ ᠴᠣᠭᠴᠠᠵᠢᠭᠤᠯᠤᠭᠰᠠᠨ ᠠᠵᠢᠯ ᠤᠨ ᠲᠣᠭᠲᠠᠴᠠ ᠶᠢ ᠪᠠᠶᠢᠭᠤᠯᠤᠨ᠎ᠠ᠃ᠲᠥᠷᠥᠯᠬᠢ ᠴᠢᠨᠠᠷᠲᠠᠢ | ᠵᠢᠷᠦᠬᠡᠨ ᠡᠪᠡᠳᠴᠢᠨ᠂ ᠮᠡᠳᠡᠷᠡᠯ ᠵᠡᠷᠡᠮᠳᠡᠭ᠂ ᠭᠠᠵᠠᠷ ᠤᠨ ᠳᠤᠮᠳᠠᠳᠤ ᠲᠠᠩᠭᠢᠰ ᠤᠨ ᠴᠢᠰᠤ ᠳᠤᠲᠠᠬᠤ ᠵᠡᠷᠭᠡ ᠬᠦᠨᠳᠦ | ᠨᠣᠴᠢᠲᠠᠢ ᠵᠡᠷᠡᠮᠳᠡᠭ ᠲᠥᠷᠥᠭᠰᠡᠨ ᠡᠪᠡᠳᠴᠢᠨ ᠤ ᠵᠢᠱᠢᠶ᠎ᠡ ᠳᠤ ᠴᠠᠭ ᠲᠤᠬᠠᠢ ᠳᠤᠨᠢ ᠠᠨᠠᠭᠠᠬᠤ ᠤᠬᠠᠭᠠᠨ ᠤ | ᠵᠢᠯᠣᠭᠤᠳᠤᠯᠭ᠎ᠠ ᠪᠠ ᠰᠠᠨᠠᠭᠤᠯᠭ᠎ᠠ ᠥᠭᠭᠦᠨ᠎ᠡ᠃ | 7. ᠲᠦᠭᠡᠮᠡᠯ ᠬᠠᠷᠠᠭᠠᠯᠵᠠᠯᠲᠤ ᠨᠠᠰᠤᠵᠢᠯ ᠤᠨ ᠬᠤᠲᠠ ᠶᠢᠨ ᠠᠵᠤ ᠠᠬᠤᠶᠢᠯᠠᠯ ᠤᠨ ᠬᠤᠯᠪᠤᠭᠠᠯᠠᠨ ᠬᠥᠳᠡᠯᠦᠯᠴᠡᠬᠦ | ᠪᠠ ᠲᠦᠭᠡᠮᠡᠯ ᠬᠠᠷᠠᠭᠠᠯᠵᠠᠯᠲᠤ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠲᠤᠰᠬᠠᠢ ᠠᠵᠢᠯᠯᠠᠭ᠎ᠠ ᠶᠢ ᠬᠡᠷᠡᠭᠵᠢᠭᠦᠯᠦᠨ᠎ᠡ | ᠃ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠶᠡᠬᠡᠪᠡᠷ | ᠬᠥᠭᠵᠢᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ ᠪᠠᠶᠢᠭᠠᠳ ᠲᠦᠭᠡᠮᠡᠯ ᠬᠠᠷᠠᠭᠠᠯᠵᠠᠯᠲᠤ | ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠥᠷᠨᠢᠭᠦᠯᠬᠦ ᠳᠤ ᠣᠷᠣᠯᠴᠠᠭᠤᠯᠵᠤ᠂ | ᠦᠢᠯᠡᠴᠢᠯᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠥᠷᠭᠡᠨ ᠣᠯᠠᠨ ᠳᠤᠮᠳᠠ ᠵᠡᠷᠭᠡ ᠶᠢᠨ ᠣᠷᠣᠯᠭ᠎ᠠ ᠲᠠᠢ | ᠭᠡᠷ ᠪᠦᠯᠢ ᠳᠤ ᠦᠨ᠎ᠡ ᠬᠠᠩᠰᠢ ᠨᠢ ᠲᠣᠬᠢᠷᠠᠮᠵᠢᠲᠠᠢ᠂ ᠳᠥᠭᠦᠮ ᠳᠥᠲᠡ᠂ ᠶᠠᠰᠤ ᠴᠢᠨᠠᠷ ᠨᠢ ᠨᠠᠶᠢᠳᠠᠪᠤᠷᠢᠲᠠᠢ | ᠲᠦᠭᠡᠮᠡᠯ ᠬᠠᠷᠠᠭᠠᠯᠵᠠᠯᠲᠤ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠬᠠᠩᠭᠠᠨ᠎ᠠ᠃ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠵᠢᠴᠢ ᠪᠣᠯᠪᠠᠰᠤᠷᠠᠭᠤᠯᠤᠯ | ᠰᠤᠪᠢᠯᠠᠯᠲᠠ ᠶᠢᠨ ᠲᠣᠬᠢᠷᠠᠮᠵᠢᠲᠠᠢ ᠪᠡᠯᠡᠳᠬᠡᠮᠵᠢ᠂ ᠦᠢᠯᠡᠳᠪᠦᠷᠢ ᠶᠢᠨ ᠭᠡᠷ ᠪᠠᠶᠢᠰᠢᠩ᠂ ᠡᠮᠨᠡᠯᠭᠡ ᠶᠢᠨ ᠬᠤᠷᠢᠶ᠎ᠠ᠂ | ᠰᠤᠯᠠ ᠪᠠᠶᠢᠭ᠎ᠠ ᠰᠤᠷᠭᠠᠭᠤᠯᠢ ᠶᠢᠨ ᠭᠡᠷ ᠪᠠᠶᠢᠰᠢᠩ᠂ ᠠᠯᠪᠠᠯᠠᠬᠤ ᠭᠡᠷ ᠵᠢᠴᠢ ᠪᠤᠰᠤᠳ ᠪᠡᠯᠡᠳᠬᠡᠮᠵᠢ ᠶᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠨᠡᠶᠢᠭᠡᠮ ᠲᠣᠭᠤᠷᠢᠭ᠂ | ᠡᠮᠴᠢᠯᠡᠭᠡ ᠰᠤᠪᠢᠯᠠᠯᠲᠠ᠂ ᠵᠢᠭᠤᠯᠴᠢᠯᠠᠵᠤ ᠰᠠᠭᠤᠬᠤ᠂ ᠪᠣᠯᠪᠠᠰᠤᠷᠠᠭᠤᠯᠵᠤ ᠡᠮᠨᠡᠬᠦ ᠬᠡᠯᠪᠡᠷᠢ ᠪᠠᠨ ᠬᠤᠪᠢᠷᠠᠭᠤᠯᠤᠨ | ᠨᠠᠰᠤᠵᠢᠯ ᠤᠨ ᠠᠰᠠᠷᠠᠮᠵᠢ︾ ᠶᠢᠨ ᠲᠥᠷᠥᠯ ᠵᠦᠢᠯ ᠢ ᠭᠤᠣᠯᠳᠠᠯᠭ᠎ᠠ ᠲᠠᠢ ᠳᠡᠮᠵᠢᠨ᠎ᠡ᠃ᠨᠡᠶᠢᠭᠡᠮ ᠲᠣᠭᠤᠷᠢᠭ ᠤᠨ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠪᠡᠯᠡᠳᠬᠡᠮᠵᠢ ᠪᠣᠯᠣᠨ ᠶᠡᠷᠦᠩᠬᠡᠶᠢᠯᠡᠭᠰᠡᠨ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠪᠠᠶᠢᠭᠤᠯᠤᠮᠵᠢ ᠶᠢ ᠨᠡᠶᠢᠭᠡᠮ ᠤᠨ ᠬᠦᠴᠦᠨ ᠤ ᠬᠥᠭᠵᠢᠭᠦᠯᠬᠦ ᠶᠢ ᠳᠡᠮᠵᠢᠵᠦ᠂ ᠰᠢᠭᠢᠳᠬᠡᠯ ᠮᠠᠶ᠋ᠢᠭ ᠤᠨ | ᠂ ᠲᠠᠷᠬᠠᠮᠠᠯ ᠮᠠᠶ᠋ᠢᠭ ᠤᠨ᠂ ᠬᠡᠯᠬᠢᠶᠡᠵᠢᠭᠰᠡᠨ᠂ ᠲᠤᠰᠬᠠᠶᠢᠵᠢᠭᠰᠠᠨ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ | ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠥᠷᠭᠡᠳᠬᠡᠨ ᠪᠠᠶᠢᠭᠤᠯᠵᠤ᠂ ᠪᠦᠬᠦᠯᠢ ᠡᠳᠦᠷ ᠤᠨ | ᠬᠡᠦᠬᠡᠳ ᠰᠠᠭᠠᠲᠠᠭᠤᠯᠬᠤ᠂ ᠬᠠᠭᠠᠰ ᠡᠳᠦᠷ ᠤᠨ ᠬᠡᠦᠬᠡᠳ ᠰᠠᠭᠠᠲᠠᠭᠤᠯᠬᠤ᠂ ᠴᠠᠭ ᠢᠶᠠᠷ ᠪᠤᠳᠤᠬᠤ ᠬᠡᠦᠬᠡᠳ | ᠰᠠᠭᠠᠲᠠᠭᠤᠯᠬᠤ᠂ ᠲᠦᠷ ᠴᠠᠭ ᠤᠨ ᠬᠡᠦᠬᠡᠳ ᠰᠠᠭᠠᠲᠠᠭᠤᠯᠬᠤ ᠵᠡᠷᠭᠡ ᠣᠯᠠᠨ ᠶᠠᠩᠵᠤ ᠶᠢᠨ ᠲᠦᠭᠡᠮᠡᠯ ᠬᠠᠷᠠᠭᠠᠯᠵᠠᠯᠲᠤ | ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠬᠠᠩᠭᠠᠨ᠎ᠠ᠃ᠡᠯ᠎ᠡ ᠲᠥᠷᠥᠯ ᠤᠨ ᠡᠬᠢ ᠪᠠᠶᠠᠯᠢᠭ ᠪᠠ ᠪᠡᠯᠡᠳᠬᠡᠮᠵᠢ ᠶᠢ | ᠨᠢᠭᠡᠳᠦᠯᠲᠡᠢ ᠲᠥᠯᠥᠪᠯᠡᠨ ᠠᠰᠢᠭᠯᠠᠵᠤ᠂ ᠨᠡᠶᠢᠭᠡᠮ ᠲᠣᠭᠤᠷᠢᠭ ᠤᠨ ᠬᠡᠦᠬᠡᠳ ᠤᠨ ᠲᠥᠪ᠂ ᠭᠡᠷ ᠤᠨ ᠠᠬᠠᠮᠠᠳ ᠤᠨ | ᠰᠤᠷᠭᠠᠭᠤᠯᠢ᠂ ᠬᠡᠦᠬᠡᠳ ᠤᠨ ᠠᠩᠬᠠᠨ ᠤ ᠬᠤᠭᠤᠴᠠᠭᠠᠨ ᠤ ᠶᠡᠷᠦᠩᠬᠡᠶᠢᠯᠡᠭᠰᠡᠨ ᠬᠥᠭᠵᠢᠯᠲᠡ ᠶᠢᠨ ᠦᠢᠯᠡᠴᠢᠯᠡᠭᠡᠨ ᠤ | ᠲᠥᠪ᠂ ᠬᠡᠦᠬᠡᠳ ᠤᠨ ᠭᠡᠷ ᠵᠡᠷᠭᠡ ᠦᠢᠯᠡᠴᠢᠯᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠢᠳᠡᠪᠬᠢᠲᠡᠢ ᠪᠠᠷ ᠠᠬᠢᠭᠤᠯᠵᠤ᠂ ᠡᠴᠢᠭᠡ ᠡᠬᠡ ᠦᠷ᠎ᠡ ᠬᠡᠦᠬᠡᠳ ᠤᠨ ᠠᠵᠢᠯᠯᠠᠭ᠎ᠠ ᠥᠷᠨᠢᠭᠦᠯᠬᠦ᠂ ᠭᠡᠷ ᠤᠨ | ᠠᠬᠠᠮᠠᠳ ᠤᠨ ᠬᠢᠴᠢᠶᠡᠯ ᠤᠨ ᠲᠠᠩᠬᠢᠮ ᠨᠡᠭᠡᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠡᠷ ᠤᠨ ᠠᠬᠠᠮᠠᠳ ᠲᠤ | ᠨᠡᠶᠢᠳᠡᠮ ᠠᠰᠢᠭ ᠬᠦᠷᠲᠡᠭᠡᠬᠦ ᠬᠡᠦᠬᠡᠳ ᠬᠥᠮᠥᠵᠢᠭᠦᠯᠬᠦ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠨ᠎ᠠ᠃ | ︵ᠭᠤᠷᠪᠠ︶ ᠰᠢᠨ᠎ᠡ ᠶᠢ ᠡᠭᠦᠳᠦᠨ ᠠᠭᠤᠰᠤᠯᠴᠠᠭᠰᠠᠨ᠂ ᠪᠠᠭᠲᠠᠭᠠᠮᠵᠢᠲᠠᠢ ᠨᠡᠭᠡᠭᠡᠯᠲᠡᠲᠡᠢ ᠬᠥᠭᠵᠢᠯᠲᠡ ᠶᠢᠨ | ᠣᠷᠴᠢᠨ ᠲᠣᠭᠤᠷᠢᠨ ᠢ ᠪᠣᠶ ᠪᠣᠯᠭᠠᠨ᠎ᠠ | 1. ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠬᠤ ᠶᠢ ᠠᠬᠢᠭᠤᠯᠤᠨ᠎ᠠ᠃ᠨᠠᠰᠤᠵᠢᠯ ᠤᠨ | ᠠᠰᠠᠷᠠᠮᠵᠢ ᠶᠢᠨ ᠪᠡᠯᠡᠳᠬᠡᠮᠵᠢ ᠶᠢᠨ ᠲᠤᠰᠬᠠᠢ ᠵᠦᠢᠯ ᠤᠨ ᠲᠥᠯᠦᠪᠵᠢᠭᠦᠯᠭᠡ ᠪᠣᠯᠣᠨ ᠣᠷᠣᠨ ᠪᠦᠰᠡ ᠶᠢᠨ ᠡᠷᠡᠭᠦᠯ | ᠬᠠᠮᠠᠭᠠᠯᠠᠯ ᠤᠨ ᠲᠥᠯᠦᠪᠵᠢᠭᠦᠯᠭᠡ ᠶᠢ ᠲᠡᠭᠦᠯᠳᠡᠷᠵᠢᠭᠦᠯᠦᠨ᠂ ᠵᠡᠭᠡᠯᠢ ᠭᠤᠳᠤᠮᠵᠢ ︵ᠨᠡᠶᠢᠭᠡᠮ ᠲᠣᠭᠤᠷᠢᠭ︶ ᠶᠢᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠬᠢᠭᠡᠳ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠲᠥᠪ ᠪᠤᠶᠤ ᠪᠤᠰᠤᠳ ᠡᠮᠴᠢᠯᠡᠭᠡᠨ ᠤ ᠪᠡᠯᠡᠳᠬᠡᠮᠵᠢ ᠶᠢᠨ ᠣᠶᠢᠷ᠎ᠠ ᠬᠠᠪᠢ ᠶᠢᠨ | ᠪᠠᠶᠢᠷᠢᠯᠠᠭᠤᠯᠤᠯᠲᠠ ᠶᠢ ᠲᠦᠯᠬᠢᠨ ᠠᠬᠢᠭᠤᠯᠤᠨ᠎ᠠ᠃ ᠨᠥᠬᠦᠴᠡᠯ ᠲᠠᠢ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠡᠯ᠎ᠡ ᠲᠥᠷᠥᠯ ᠤᠨ ᠡᠷᠡᠭᠦᠯᠵᠢᠯ ᠤᠨ ᠡᠮᠨᠡᠯᠭᠡ ᠶᠢᠨ | ᠬᠤᠷᠢᠶ᠎ᠠ᠂ ᠰᠤᠪᠢᠯᠠᠯᠲᠠ ᠶᠢᠨ ᠬᠦᠷᠢᠶᠡᠯᠡᠩ᠂ ᠬᠢᠲᠠᠳ ᠡᠮᠨᠡᠯᠭᠡ ᠶᠢᠨ ᠬᠤᠷᠢᠶ᠎ᠠ᠂ ᠠᠮᠤᠷ ᠲᠠᠶᠢᠪᠤᠩ ᠰᠤᠪᠢᠯᠠᠯᠲᠠ ᠶᠢᠨ | ᠪᠠᠶᠢᠭᠤᠯᠤᠮᠵᠢ ᠵᠡᠷᠭᠡ ᠶᠢ ᠭᠤᠶᠤᠴᠢᠯᠠᠨ ᠡᠷᠭᠢᠯᠡᠬᠦ ᠶᠢ ᠳᠡᠮᠵᠢᠵᠦ᠂ ᠴᠢᠳᠠᠪᠤᠷᠢ ᠪᠠᠨ ᠠᠯᠳᠠᠭᠰᠠᠨ ᠣᠶᠤᠨ ᠢᠶᠠᠨ | ᠠᠯᠳᠠᠭᠰᠠᠨ ᠨᠠᠰᠤᠲᠠᠶᠢᠴᠤᠳ ᠲᠤ ᠬᠡᠷᠡᠭᠰᠡᠬᠦ ᠡᠮᠴᠢᠯᠡᠭᠡᠨ ᠤ ᠰᠤᠪᠢᠯᠠᠯᠲᠠ ᠪᠠ ᠠᠮᠢᠳᠤᠷᠠᠯ ᠤᠨ ᠬᠠᠷᠠᠭᠠᠯᠵᠠᠨ | ᠠᠰᠠᠷᠠᠬᠤ ᠦᠢᠯᠡᠴᠢᠯᠡᠭᠡ ᠶᠢ ᠭᠤᠣᠯᠳᠠᠯᠭ᠎ᠠ ᠲᠠᠢ ᠬᠠᠩᠭᠠᠨ᠎ᠠ᠃ᠨᠠᠰᠤᠵᠢᠯ ᠤᠨ ᠪᠠᠶᠢᠭᠤᠯᠤᠮᠵᠢ ᠬᠢᠭᠡᠳ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠣᠯᠠᠨ | ᠵᠦᠢᠯ ᠤᠨ ᠬᠡᠯᠪᠡᠷᠢ ᠮᠠᠶ᠋ᠢᠭ ᠤᠨ ᠭᠡᠷ᠎ᠡ ᠲᠣᠭᠲᠠᠨ ᠦᠢᠯᠡᠴᠢᠯᠡᠬᠦ᠂ ᠵᠥᠪᠳᠡᠯᠴᠡᠭᠡᠷ ᠢᠶᠠᠷ ᠬᠠᠮᠲᠤᠷᠠᠯᠴᠠᠬᠤ ᠶᠢ | ᠵᠣᠷᠢᠭᠵᠢᠭᠤᠯᠤᠨ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠨᠠᠰᠤᠵᠢᠯ ᠤᠨ ᠪᠠᠶᠢᠭᠤᠯᠤᠮᠵᠢ ᠳᠤ | ᠡᠪᠡᠳᠴᠢᠨ ᠦᠵᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠨᠡᠪᠲᠡᠷᠡᠭᠦᠯᠬᠦ ᠶᠢ ᠠᠬᠢᠭᠤᠯᠤᠨ᠎ᠠ᠃ᠦᠨᠳᠦᠰᠦᠨ | ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠪᠠ ᠡᠮᠨᠡᠯᠭᠡ ᠶᠢᠨ ᠠᠵᠢᠯᠲᠠᠨ ᠤ ᠭᠡᠷ ᠲᠡᠭᠡᠨ ᠰᠠᠭᠤᠵᠤ | ᠪᠠᠶᠢᠭ᠎ᠠ ᠨᠠᠰᠤᠲᠠᠶᠢᠴᠤᠳ ᠯᠤᠭ᠎ᠠ ᠭᠡᠷ᠎ᠡ ᠲᠣᠭᠲᠠᠨ ᠦᠢᠯᠡᠴᠢᠯᠡᠬᠦ ᠬᠠᠷᠢᠴᠠᠭ᠎ᠠ ᠪᠠᠶᠢᠭᠤᠯᠬᠤ ᠶᠢ ᠠᠬᠢᠭᠤᠯᠵᠤ᠂ | ᠨᠠᠰᠤᠲᠠᠶᠢᠴᠤᠳ ᠲᠤ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠦᠢᠯᠡᠴᠢᠯᠡᠭᠡ ᠬᠠᠩᠭᠠᠨ᠎ᠠ᠃ᠭᠡᠷ ᠲᠡᠭᠡᠨ ᠰᠠᠭᠤᠬᠤ᠂ | ᠨᠡᠶᠢᠭᠡᠮ ᠲᠣᠭᠤᠷᠢᠭ ᠪᠠ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠮᠳᠠ᠂ | ᠨᠠᠰᠤᠲᠠᠶᠢᠴᠤᠳ ᠤᠨ ᠡᠷᠡᠭᠦᠯ ᠮᠡᠨᠳᠦ ᠶᠢᠨ ᠣᠨᠣᠯᠵᠢᠬᠤᠨ ᠢ ᠪᠣᠢ ᠪᠣᠯᠭᠠᠵᠦ᠂ ᠡᠷᠡᠭᠦᠯ ᠠᠮᠢᠳᠤᠷᠠᠯ᠂ ᠡᠷᠡᠭᠦᠯ | ᠬᠤᠭᠤᠯᠠ ᠤᠮᠳᠠ᠂ ᠡᠷᠡᠭᠦᠯ ᠬᠥᠳᠡᠯᠭᠡᠭᠡᠨ᠂ ᠡᠷᠡᠭᠦᠯ ᠵᠤᠭ᠎ᠠ ᠴᠡᠩᠭᠡᠯ᠂ ᠡᠷᠡᠭᠦᠯ ᠬᠠᠮᠢᠶᠠᠷᠤᠯᠲᠠ᠂ ᠡᠷᠡᠭᠦᠯ | ᠰᠡᠳᠬᠢᠴᠡ ᠵᠡᠷᠭᠡ ᠦᠢᠯᠡᠴᠢᠯᠡᠭᠡ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠨᠠᠰᠤᠲᠠᠶᠢᠴᠤᠳ ᠤᠨ ᠡᠷᠡᠭᠦᠯ | ᠠᠮᠢᠳᠤᠷᠠᠯ ᠤᠨ ᠪᠠᠶᠢᠳᠠᠯ ᠢ ᠦᠨᠡᠨᠬᠦ ᠪᠦᠲᠦᠮᠵᠢᠲᠡᠶ ᠤᠷᠲᠤᠳᠬᠠᠵᠤ᠂ ᠨᠠᠰᠤᠲᠠᠶᠢᠴᠤᠳ ᠤᠨ ᠴᠢᠳᠠᠪᠤᠷᠢ ᠪᠠᠨ ᠠᠯᠳᠠᠬᠤ | ᠨᠣᠷᠮ᠎ᠠ ᠪᠠ ᠥᠲᠡᠭᠦᠰ ᠤᠨ ᠵᠥᠨᠥᠭ ᠡᠪᠡᠳᠴᠢᠨ ᠳᠤ ᠨᠡᠷᠪᠡᠭᠳᠡᠬᠦ ᠨᠣᠷᠮ᠎ᠠ ᠶᠢ ᠪᠠᠭᠤᠷᠠᠭᠤᠯᠤᠨ᠂ ᠡᠷᠡᠭᠦᠯ | ᠨᠠᠰᠤᠵᠢᠯᠲᠠ ᠶᠢ ᠪᠡᠶᠡᠯᠡᠭᠦᠯᠦᠨ᠎ᠡ᠃ᠨᠡᠶᠢᠭᠡᠮ ᠤᠨ ᠬᠦᠴᠦᠨ ᠤ ᠴᠢᠳᠠᠪᠤᠷᠢ ᠪᠠᠨ ᠠᠯᠳᠠᠭᠰᠠᠨ᠂ ᠣᠶᠤᠨ ᠤᠬᠠᠭᠠᠨ ᠢᠶᠠᠨ | ᠠᠯᠳᠠᠭᠰᠠᠨ᠂ ᠥᠨᠳᠥᠷ ᠨᠠᠰᠤᠲᠠᠶᠢᠴᠤᠳ ᠲᠤ ᠬᠠᠨᠳᠤᠭᠤᠯᠤᠭᠰᠠᠨ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠡᠷᠭᠢᠯᠡᠬᠦ ᠶᠢ ᠵᠣᠷᠢᠭᠵᠢᠭᠤᠯᠵᠤ᠂ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠡᠮᠴᠢᠯᠡᠭᠡ ᠡᠷᠡᠭᠦᠯ ᠬᠠᠮᠠᠭᠠᠯᠠᠯ ᠪᠠ ᠡᠷᠡᠭᠦᠯᠵᠢᠯ ᠰᠤᠪᠢᠯᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ | 2. ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠤ ᠦᠢᠯᠡᠰ ᠤᠨ ᠭᠤᠣᠯ ᠴᠣᠭᠴᠠ ᠶᠢ | ᠪᠣᠶᠢᠵᠢᠭᠤᠯᠤᠨ᠎ᠠ᠃︽ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ + ᠠᠵᠢᠯ ᠲᠥᠷᠥᠯ︾ ᠤᠨ | ᠠᠵᠢᠯᠯᠠᠭ᠎ᠠ ᠶᠢ ᠬᠡᠷᠡᠭᠵᠢᠭᠦᠯᠵᠦ᠂ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠢᠭᠡᠳ | ᠰᠣᠶᠣᠯ᠂ ᠵᠢᠭᠤᠯᠴᠢᠯᠠᠯ᠂ ᠢᠳᠡᠭᠡᠨ ᠤᠮᠳᠠᠭᠠᠨ᠂ ᠪᠡᠶ᠎ᠡ ᠶᠢᠨ ᠲᠠᠮᠢᠷ᠂ ᠭᠡᠷ ᠤᠨ ᠶᠠᠪᠤᠳᠠᠯ᠂ ᠰᠤᠷᠭᠠᠨ ᠬᠥᠮᠦᠵᠢᠯ᠂ | ᠪᠡᠶ᠎ᠡ ᠰᠤᠪᠢᠯᠠᠯᠲᠠ᠂ ᠡᠷᠡᠭᠦᠯ ᠮᠡᠨᠳᠦ᠂ ᠮᠥᠩᠭᠦᠨ ᠭᠦᠢᠯᠭᠡᠭᠡ᠂ ᠭᠠᠵᠠᠷ ᠬᠥᠷᠥᠩᠭᠡ ᠵᠡᠷᠭᠡ ᠠᠵᠢᠯ ᠲᠥᠷᠥᠯ ᠯᠦᠭᠡ | ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ᠨᠠᠰᠤᠵᠢᠯ ᠤᠨ ᠠᠰᠠᠷᠠᠨ ᠬᠥᠮᠥᠵᠢᠭᠦᠯᠬᠦ ᠦᠢᠯᠡᠴᠢᠯᠡᠭᠡᠨ ᠤ ᠠᠵᠢᠯ | ᠲᠥᠷᠥᠯ ᠤᠨ ᠵᠣᠬᠢᠶᠠᠨ ᠪᠠᠶᠢᠭᠤᠯᠤᠯᠲᠠ ᠶᠢ ᠢᠳᠡᠪᠬᠢᠲᠡᠢ ᠪᠣᠶᠢᠵᠢᠭᠤᠯᠵᠤ᠂ ᠠᠵᠢᠯ ᠲᠥᠷᠥᠯ ᠤᠨ ᠨᠡᠶᠢᠭᠡᠮᠯᠢᠭ ᠤᠨ | ᠦᠢᠯᠡᠴᠢᠯᠡᠭᠡᠨ ᠤ ᠴᠢᠳᠠᠪᠤᠷᠢ ᠪᠠᠨ ᠨᠡᠮᠡᠭᠳᠡᠭᠦᠯᠬᠦ ᠶᠢ ᠳᠡᠮᠵᠢᠵᠦ᠂ ᠠᠵᠢᠯ ᠲᠥᠷᠥᠯ ᠤᠨ ᠨᠡᠶᠢᠭᠡᠮᠯᠢᠭ ᠤᠨ ᠨᠠᠰᠤᠵᠢᠯ ᠤᠨ | ᠠᠰᠠᠷᠠᠨ ᠬᠥᠮᠥᠵᠢᠭᠦᠯᠬᠦ ᠦᠢᠯᠡᠴᠢᠯᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠢᠳᠡᠪᠬᠢ ᠦᠢᠯᠡᠳᠦᠯ ᠢ | ᠪᠠᠳᠠᠷᠠᠭᠤᠯᠤᠨ᠎ᠠ᠃ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠤ ᠦᠢᠯᠡᠰ ᠤᠨ ᠪᠡᠯᠡ ᠮᠥᠩᠭᠦ ᠶᠢᠨ | ᠢᠷᠡᠯᠲᠡ ᠶᠢ ᠲᠡᠳᠬᠦᠬᠦ ᠠᠷᠭ᠎ᠠ ᠵᠠᠮ ᠢ ᠥᠷᠭᠡᠳᠬᠡᠵᠦ᠂ ᠲᠦᠭᠰᠢᠭᠦᠷᠢᠲᠦ ᠪᠡᠯᠡ ᠣᠷᠣᠭᠤᠯᠤᠯᠲᠠ᠂ ᠰᠲ᠋ᠣᠺ ᠤᠨ | ᠡᠷᠬᠡ ᠶᠢᠨ ᠪᠡᠯᠡ ᠣᠷᠣᠭᠤᠯᠤᠯᠲᠠ ᠵᠡᠷᠭᠡ ᠪᠠᠶᠢᠭᠤᠯᠤᠮᠵᠢ ᠪᠠᠷ ᠳᠠᠮᠵᠢᠭᠤᠯᠤᠨ ᠠᠩᠬ᠎ᠠ ᠡᠭᠦᠳᠦᠯᠲᠡ ᠶᠢᠨ ᠱᠠᠲᠤᠨ ᠳᠤ | ᠪᠠᠶᠢᠭ᠎ᠠ᠂ ᠵᠠᠬ᠎ᠠ ᠳᠡᠯᠭᠡᠭᠦᠷ ᠤᠨ ᠬᠡᠲᠦ ᠶᠢᠨ ᠲᠥᠯᠥᠪ ᠥᠷᠭᠡᠨ ᠠᠭᠤᠳᠠᠮ ᠪᠠᠶᠢᠭ᠎ᠠ ᠨᠠᠰᠤᠵᠢᠯ ᠤᠨ ᠠᠰᠠᠷᠠᠮᠵᠢ ᠶᠢᠨ | ᠨᠠᠶᠢᠳᠠᠨ ᠬᠥᠮᠥᠵᠢᠭᠦᠯᠬᠦ ᠠᠵᠤ ᠠᠬᠤᠶᠢᠯᠠᠯ ᠳᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠶᠢ | ᠵᠣᠷᠢᠭᠵᠢᠭᠤᠯᠤᠨ᠎ᠠ᠃ᠵᠠᠰᠠᠭ ᠤᠨ ᠣᠷᠳᠣᠨ ᠪᠠ ᠨᠡᠶᠢᠭᠡᠮ ᠤᠨ ᠬᠥᠷᠥᠩᠭᠡ ᠬᠠᠮᠲᠤᠷᠠᠯᠴᠠᠬᠤ ︵PPP︶ ᠵᠠᠭᠪᠤᠷ ᠢ | ᠬᠡᠷᠡᠭᠯᠡᠬᠦ ᠶᠢ ᠵᠣᠷᠢᠭᠵᠢᠭᠤᠯᠵᠤ᠂ ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠ ᠨᠡᠶᠢᠳᠡᠮ ᠬᠠᠷᠠᠭᠠᠯᠵᠠᠬᠤ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡ ᠶᠢ ᠬᠥᠭᠵᠢᠭᠦᠯᠬᠦ ᠶᠢ ᠠᠬᠢᠭᠤᠯᠤᠨ᠎ᠠ᠃ | 3. ᠵᠢᠭᠤᠯᠴᠢᠯᠠᠵᠤ ᠰᠠᠭᠤᠬᠤ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠠᠬᠢᠭᠤᠯᠤᠨ᠎ᠠ᠃ᠣᠲᠣ ᠶᠢᠨ | ᠪᠠᠶᠢᠭ᠎ᠠ ᠨᠠᠰᠤᠲᠠᠶᠢᠴᠤᠳ ᠤᠨ ᠨᠡᠶᠢᠲᠡ ᠶᠢᠨ ᠪᠠᠶᠢᠷᠢ᠂ ᠡᠷᠡᠭᠦᠯᠵᠢᠯ ᠰᠤᠪᠢᠯᠠᠯᠲᠠ ᠶᠢᠨ ᠲᠥᠪ ᠵᠡᠷᠭᠡ ᠬᠤᠯᠪᠣᠯᠳᠤᠭᠰᠠᠨ | ᠡᠵᠡᠩᠨᠡᠯᠲᠡ ᠶᠢᠨ ᠨᠠᠰᠤᠵᠢᠯ ᠤᠨ ᠪᠠᠶᠢᠭᠤᠯᠤᠮᠵᠢ ᠶᠢᠨ ᠳᠠᠪᠠᠭᠤᠯᠢᠭ ᠢ ᠪᠠᠳᠠᠷᠠᠭᠤᠯᠵᠤ᠂ ᠨᠠᠰᠤᠵᠢᠯ ᠤᠨ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠶᠢᠮᠠᠭ ᠤᠨ ᠳᠣᠲᠣᠷ᠎ᠠ ᠭᠠᠳᠠᠨ᠎ᠠ᠂ ᠣᠷᠣᠨ ᠤ ᠳᠣᠲᠣᠷ᠎ᠠ | ᠭᠠᠳᠠᠨᠠᠬᠢ ᠨᠠᠰᠤᠵᠢᠯ ᠤᠨ ᠪᠠᠶᠢᠭᠤᠯᠤᠮᠵᠢ ᠯᠤᠭ᠎ᠠ ᠶᠢᠨ ᠬᠠᠮᠲᠤᠷᠠᠯᠴᠠᠭ᠎ᠠ ᠪᠠ ᠬᠠᠷᠢᠯᠴᠠᠭ᠎ᠠ ᠪᠠᠶᠢᠭᠤᠯᠵᠤ᠂ | ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠮᠥᠷᠲᠡᠭᠡᠨ ᠵᠢᠭᠤᠯᠴᠢᠯᠠᠨ ᠰᠠᠭᠤᠬᠤ ᠨᠠᠰᠤᠵᠢᠯ ᠤᠨ | ᠠᠰᠠᠷᠠᠮᠵᠢ ᠶᠢᠨ ᠬᠦᠰᠡᠯ ᠲᠠᠢ ᠨᠠᠰᠤᠲᠠᠶᠢᠴᠤᠳ ᠢ ᠪᠦᠯᠦᠭ ᠬᠤᠪᠢᠶᠠᠨ ᠵᠣᠬᠢᠶᠠᠨ ᠪᠠᠶᠢᠭᠤᠯᠵᠤ᠂ ᠡᠯ᠎ᠡ ᠭᠠᠵᠠᠷ ᠤᠨ | ᠬᠤᠷᠰᠢᠭᠰᠠᠨ ᠨᠠᠰᠤᠵᠢᠯ ᠤᠨ ᠪᠠᠶᠢᠭᠤᠯᠤᠮᠵᠢ ᠳᠤ ᠲᠦᠰᠢᠭᠯᠡᠨ ᠵᠢᠭᠤᠯᠴᠢᠯᠠᠯ᠂ ᠣᠷᠣᠰᠢᠨ ᠰᠠᠭᠤᠵᠤ ᠨᠠᠰᠤᠵᠢᠯ ᠤᠨ | ᠠᠰᠠᠷᠠᠮᠵᠢ ᠶᠢ ᠥᠷᠨᠢᠭᠦᠯᠦᠨ᠎ᠡ︔ᠡᠭᠦᠨ ᠤ ᠵᠡᠷᠭᠡ ᠳᠤ ᠬᠤᠷᠰᠢᠭᠰᠠᠨ ᠨᠠᠰᠤᠵᠢᠯ ᠤᠨ ᠠᠰᠠᠷᠠᠮᠵᠢ ᠶᠢᠨ | ᠪᠠᠶᠢᠭᠤᠯᠤᠮᠵᠢ ᠶᠢᠨ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠶᠢᠮᠠᠭ ᠤᠨ ᠳᠣᠲᠣᠭᠠᠳᠤ ᠳᠤ ᠵᠢᠭᠤᠯᠴᠢᠯᠠᠭᠤᠯᠵᠤ᠂ | ᠣᠷᠣᠰᠢᠨ ᠰᠠᠭᠤᠬᠤ ᠨᠠᠰᠤᠵᠢᠯ ᠤᠨ ᠠᠰᠠᠷᠠᠮᠵᠢ ᠶᠢ ᠨᠢ ᠠᠰᠠᠷᠠᠭᠤᠯᠵᠤ᠂ ᠪᠥᠬᠦ ᠠᠶᠢᠮᠠᠭ ᠤᠨ ᠵᠢᠭᠤᠯᠴᠢᠯᠠᠵᠤ | ᠰᠠᠭᠤᠭ᠎ᠠ ᠨᠠᠰᠤᠵᠢᠯ ᠤᠨ ᠠᠰᠠᠷᠠᠮᠵᠢ ᠶᠢ ᠦᠷᠨᠢᠬᠦᠯᠦᠨ᠎ᠡ᠃ | 4. ᠨᠠᠰᠤᠲᠠᠶᠢᠴᠤᠳ ᠤᠨ ᠬᠡᠷᠡᠭᠯᠡᠭᠡᠨ ᠤ ᠵᠦᠢᠯ ᠢ ᠨᠡᠭᠡᠭᠡᠨ ᠬᠥᠭᠵᠢᠭᠦᠯᠬᠦ ᠶᠢ ᠰᠠᠶᠢᠳᠣᠷ ᠪᠡᠶᠡᠯᠡᠬᠦᠯᠦᠨ᠎ᠡ᠃ | ᠠᠵᠤ ᠠᠬᠤᠶᠢᠯᠠᠯ ᠤᠨ ᠨᠠᠰᠤᠲᠠᠶᠢᠴᠤᠳ ᠤᠨ ᠡᠷᠡᠭᠦᠯᠵᠢᠯ ᠤᠨ ᠪᠣᠯᠪᠠᠰᠤᠷᠠᠯ ᠵᠢᠴᠢ ᠡᠷᠡᠭᠦᠯ ᠮᠡᠨᠳᠦ ᠶᠢ ᠠᠬᠢᠭᠤᠯᠬᠤ | ᠬᠠᠪᠰᠤᠷᠤᠮᠵᠢ ᠪᠠᠭᠠᠵᠢ᠂ ᠬᠤᠪᠴᠠᠰᠤ ᠵᠠᠰᠠᠯ᠂ ᠨᠠᠰᠤᠵᠢᠯ ᠤᠨ ᠠᠰᠠᠷᠠᠮᠵᠢ ᠶᠢᠨ ᠦᠢᠯᠡᠳᠬᠦᠨ᠂ ᠡᠳᠦᠷ ᠲᠤᠲᠤᠮ ᠤᠨ | ᠬᠡᠷᠡᠭᠯᠡᠭᠡᠨ ᠤ ᠲᠤᠰᠠᠯᠠᠬᠤ ᠦᠢᠯᠡᠳᠬᠦᠨ᠂ ᠨᠠᠰᠤᠵᠢᠯᠲᠠ ᠳᠤ ᠲᠣᠬᠢᠷᠠᠬᠤ ᠣᠷᠴᠢᠨ ᠲᠣᠭᠤᠷᠢᠨ ᠢ ᠰᠠᠶᠢᠵᠢᠷᠠᠭᠤᠯᠬᠤ | ᠦᠢᠯᠡᠳᠬᠦᠨ ᠵᠡᠷᠭᠡ ᠨᠠᠰᠤᠲᠠᠶᠢᠴᠤᠳ ᠤᠨ ᠬᠡᠷᠡᠭᠯᠡᠭᠡᠨ ᠤ ᠵᠦᠢᠯ ᠢ ᠢᠳᠡᠪᠬᠢᠲᠡᠢ ᠪᠠᠷ ᠨᠡᠭᠡᠭᠡᠨ ᠬᠥᠭᠵᠢᠭᠦᠯᠬᠦ ᠶᠢ | ᠳᠡᠮᠵᠢᠵᠦ᠂ ᠨᠠᠰᠤᠲᠠᠶᠢᠴᠤᠳ ᠤᠨ ᠮᠥᠩᠭᠦᠨ ᠭᠦᠢᠯᠭᠡᠭᠡ᠂ ᠨᠠᠰᠤᠲᠠᠶᠢᠴᠤᠳ ᠤᠨ ᠰᠤᠷᠭᠠᠨ ᠬᠥᠮᠦᠵᠢᠯ᠂ | ᠨᠠᠰᠤᠲᠠᠶᠢᠴᠤᠳ ᠤᠨ ᠪᠡᠶ᠎ᠡ ᠶᠢᠨ ᠲᠠᠮᠢᠷ᠂ ᠨᠠᠰᠤᠲᠠᠶᠢᠴᠤᠳ ᠤᠨ ᠵᠢᠭᠤᠯᠴᠢᠯᠠᠯ᠂ ᠨᠠᠰᠤᠲᠠᠶᠢᠴᠤᠳ ᠤᠨ ᠪᠡᠶ᠎ᠡ | ᠰᠤᠪᠢᠯᠠᠯᠲᠠ᠂ ᠡᠷᠡᠭᠦᠯ ᠮᠡᠨᠳᠦ ᠶᠢᠨ ᠦᠢᠯᠡᠴᠢᠯᠡᠭᠡ᠂ ᠨᠠᠰᠤᠲᠠᠶᠢᠴᠤᠳ ᠤᠨ ᠲᠣᠭᠯᠠᠭᠠᠮ ᠵᠡᠷᠭᠡ ᠣᠯᠠᠨ ᠡᠰᠢᠵᠢᠭᠰᠡᠨ | ᠦᠢᠯᠡᠴᠢᠯᠡᠭᠡᠨ ᠤ ᠦᠢᠯᠡᠰ ᠤᠨ ᠪᠠᠶᠢᠳᠠᠯ ᠢ ᠪᠣᠶᠢᠵᠢᠭᠤᠯᠤᠨ ᠬᠥᠭᠵᠢᠭᠦᠯᠦᠨ᠎ᠡ᠃ᠨᠠᠰᠤᠲᠠᠶᠢᠴᠤᠳ ᠤᠨ ᠰᠤᠷᠭᠠᠨ | ᠬᠥᠮᠦᠵᠢᠯ᠂ ᠰᠣᠶᠣᠯ᠂ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠰᠤᠲᠠᠶᠢᠴᠤᠳ ᠤᠨ | ᠤᠶᠤᠨ ᠤ ᠪᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ | 5. ᠨᠠᠰᠤᠲᠠᠶᠢᠴᠤᠳ ᠪᠠ ᠬᠡᠦᠬᠡᠳ ᠤᠨ ᠨᠥᠬᠦᠷᠰᠡᠭ ᠨᠡᠶᠢᠭᠡᠮ ᠤᠨ ᠣᠷᠴᠢᠨ ᠲᠣᠭᠤᠷᠢᠨ ᠤ ᠪᠠᠶᠢᠭᠤᠯᠤᠯᠲᠠ ᠶᠢ | ᠴᠢᠩᠭᠠᠳᠬᠠᠨ᠎ᠠ᠃ᠳᠤᠮᠳᠠᠳᠤ ᠶᠢᠨ ᠤᠯᠠᠮᠵᠢᠯᠠᠯᠲᠤ ᠰᠠᠶᠢᠬᠠᠨ ᠵᠠᠩ ᠰᠤᠷᠲᠠᠯ ᠢ ᠤᠯᠠᠮᠵᠢᠯᠠᠨ ᠵᠠᠯᠭᠠᠮᠵᠢᠯᠠᠵᠤ᠂ | ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠤᠨ᠎ᠠ᠃ᠡᠯ᠎ᠡ | ᠲᠥᠷᠥᠯ ᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠪᠠᠶᠢᠭᠤᠯᠤᠮᠵᠢ ᠶᠢᠨ ︽ᠨᠠᠰᠤᠲᠠᠨ ᠨᠢᠯᠬ᠎ᠠ ᠬᠡᠣᠬᠡᠳ︾ ᠤᠨ | ᠰᠠᠶᠢᠨ ᠳᠤᠷ᠎ᠠ ᠶᠢᠨ ᠦᠢᠯᠡᠴᠢᠯᠡᠭᠡ ᠥᠷᠨᠢᠭᠦᠯᠬᠦ ᠶᠢ ᠳᠡᠮᠵᠢᠨ᠎ᠡ᠃ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠨ ᠤ | ᠡᠪᠯᠡᠯ ᠤᠨ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠠᠵᠢᠯ ᠲᠥᠷᠥᠯ ᠤᠨ ᠵᠢᠷᠤᠮᠵᠢᠭᠰᠠᠨ ᠬᠥᠭᠵᠢᠯᠲᠡ ᠶᠢ | ᠬᠥᠲᠥᠯᠥᠨ ᠵᠢᠯᠣᠭᠤᠳᠤᠨ᠎ᠠ᠃ᠵᠠᠮ ᠬᠠᠷᠢᠯᠴᠠᠭ᠎ᠠ ᠶᠠᠪᠤᠵᠤ ᠰᠠᠭᠤᠬᠤ᠂ ᠡᠮ ᠡᠮᠨᠡᠯᠭᠡ ᠡᠷᠡᠭᠦᠯ ᠬᠠᠮᠠᠭᠠᠯᠠᠯ᠂ ᠰᠣᠶᠣᠯ | ᠵᠢᠭᠤᠯᠴᠢᠯᠠᠯ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠵᠡᠷᠭᠡ ᠣᠯᠠᠨ ᠨᠡᠶᠢᠲᠡ ᠶᠢᠨ ᠰᠠᠭᠤᠷᠢ ᠪᠡᠯᠡᠳᠬᠡᠮᠵᠢ ᠶᠢᠨ | ᠬᠠᠷᠰᠢ ᠰᠠᠭᠠᠳ ᠦᠭᠡᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠲᠠᠶᠢᠴᠤᠳ ᠲᠤ | ᠬᠤᠯᠪᠣᠭᠳᠠᠬᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯᠠᠪᠤᠷ ᠭᠠᠵᠠᠷ ᠢ ᠰᠦᠯᠵᠢᠶᠡᠨ ᠠᠴᠠ ᠭᠠᠳᠠᠭᠤᠷᠬᠢ ᠪᠠ | ᠬᠥᠮᠥᠨ ᠤ ᠬᠦᠴᠦᠨ ᠤ ᠦᠢᠯᠡᠴᠢᠯᠡᠭᠡ ᠶᠢ ᠬᠡᠪ ᠢᠶᠠᠷ ᠪᠠᠶᠢᠯᠭᠠᠬᠤ ᠬᠡᠷᠡᠭᠲᠡᠢ᠃ᠨᠠᠰᠤᠲᠠᠶᠢᠴᠤᠳ ᠪᠠ ᠡᠬᠡ ᠨᠢᠯᠬᠠᠰ ᠤᠨ | ᠪᠡᠯᠡᠳᠬᠡᠮᠵᠢ ᠶᠢ ᠢᠵᠢ ᠪᠦᠷᠢᠳᠦᠭᠦᠯᠬᠦ ᠶᠢ ᠴᠢᠩᠭᠠᠳᠬᠠᠵᠤ᠂ ᠨᠥᠬᠦᠴᠡᠯ ᠪᠦᠷᠢᠳᠦᠭᠰᠡᠨ ᠣᠯᠠᠨ ᠨᠡᠶᠢᠲᠡ ᠶᠢᠨ | ᠲᠠᠯᠠᠪᠤᠷ ᠲᠤ ᠲᠤᠰᠬᠠᠢ ᠰᠠᠭᠤᠳᠠᠯ ᠵᠢᠴᠢ ᠰᠠᠭᠠᠳ ᠦᠭᠡᠢ ᠨᠡᠪᠲᠡᠷᠡᠬᠦ ᠵᠠᠮ ᠢ ᠨᠡᠶᠢᠳᠡᠮ ᠲᠣᠬᠢᠷᠠᠭᠤᠯᠤᠨ᠎ᠠ᠃ᠨᠢᠯᠬ᠎ᠠ | ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ | ᠠᠵᠢᠯᠯᠠᠭ᠎ᠠ ᠪᠠ ᠬᠡᠦᠬᠡᠳ ᠲᠤ ᠨᠥᠬᠦᠷᠰᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢ ᠥᠷᠨᠢᠭᠦᠯᠵᠦ᠂ ᠬᠡᠦᠬᠡᠳ ᠤᠨ | ᠬᠥᠳᠡᠯᠮᠦᠷᠢ ᠶᠢᠨ ᠰᠤᠷᠭᠠᠨ ᠬᠥᠮᠦᠵᠢᠯ᠂ ᠪᠠᠶᠢᠭᠠᠯᠢ ᠶᠢᠨ ᠰᠤᠷᠭᠠᠨ ᠬᠥᠮᠦᠵᠢᠯ᠂ ᠬᠢᠴᠢᠶᠡᠯ ᠤᠨ ᠭᠠᠳᠠᠨᠠᠬᠢ | ᠦᠢᠯᠡᠳᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠣᠶᠢᠯᠠᠭᠠᠯᠲᠠ ᠵᠡᠷᠭᠡ ᠰᠤᠷᠭᠠᠭᠤᠯᠢ ᠶᠢᠨ ᠭᠠᠳᠠᠨᠠᠬᠢ | ᠠᠵᠢᠯᠯᠠᠭᠠᠨ ᠤ ᠲᠠᠯᠠᠪᠤᠷ ᠭᠠᠵᠠᠷ ᠤᠨ ᠪᠡᠯᠡᠳᠬᠡᠮᠵᠢ ᠶᠢ ᠨᠢᠭᠡᠳᠦᠯᠲᠡᠢ ᠲᠥᠯᠥᠪᠯᠡᠨ ᠪᠠᠶᠢᠭᠤᠯᠵᠤ᠂ ᠬᠤᠲᠠ | ᠪᠠᠯᠭᠠᠰᠤ ᠶᠢᠨ ᠣᠯᠠᠨ ᠨᠡᠶᠢᠲᠡ ᠶᠢᠨ ᠣᠷᠣᠨ ᠵᠠᠢ ᠪᠠ ᠣᠯᠠᠨ ᠨᠡᠶᠢᠲᠡ ᠶᠢᠨ ᠪᠡᠯᠡᠳᠬᠡᠮᠵᠢ ᠶᠢᠨ ᠬᠡᠦᠬᠡᠳ ᠲᠤ | ᠲᠣᠬᠢᠷᠠᠬᠤ ᠥᠭᠡᠷᠡᠴᠢᠯᠡᠯᠲᠡ ᠵᠡᠷᠭᠡ ᠶᠢ ᠳᠡᠮᠵᠢᠨ᠎ᠡ᠃ᠠᠶᠢᠮᠠᠭ ᠤᠨ ᠳᠣᠲᠣᠷᠠᠬᠢ ᠡᠯ᠎ᠡ ᠱᠠᠲᠤᠨ ᠤ ᠵᠡᠮᠳᠡᠭᠴᠦᠳ ᠤᠨ | ᠡᠷᠡᠭᠦᠯᠵᠢᠯ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠪᠠᠶᠢᠭᠤᠯᠤᠮᠵᠢ ᠶᠢ ᠵᠣᠷᠢᠭᠵᠢᠭᠤᠯᠵᠤ ᠪᠠᠶᠢᠭᠠᠳ ᠵᠡᠮᠳᠡᠭ | ᠬᠡᠦᠬᠡᠳ ᠢ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠢ ᠰᠦᠪᠡᠭᠴᠢᠯᠡᠨ ᠥᠷᠨᠢᠭᠦᠯᠵᠦ᠂ ᠬᠠᠮᠢᠶ᠎ᠠ ᠪᠦᠬᠦᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠭᠡᠨ᠎ᠡ᠃ᠨᠠᠰᠤᠲᠠᠶᠢᠴᠤᠳ ᠤᠨ ᠠᠮᠢᠳᠤᠷᠠᠯ ᠤᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠪᠠ ᠨᠢᠯᠬ᠎ᠠ ᠬᠡᠦᠬᠡᠳ ᠤᠨ ᠦᠰᠦᠨ ᠪᠣᠶᠢᠵᠢᠬᠤ ᠣᠷᠴᠢᠨ ᠲᠣᠭᠤᠷᠢᠨ ᠢ ᠪᠣᠶ | ᠪᠣᠯᠭᠠᠬᠤ ᠪᠠᠷ ᠤᠳᠤᠷᠢᠳᠤᠮᠵᠢ ᠪᠣᠯᠭᠠᠵᠤ᠂ ᠨᠢᠭᠡ ᠪᠦᠯᠦᠭ ᠵᠢᠱᠢᠶ᠎ᠡ ᠦᠵᠡᠭᠦᠯᠬᠦ ᠠᠴᠢ ᠬᠤᠯᠪᠣᠭᠳᠠᠯ ᠪᠦᠬᠦᠢ | ᠠᠮᠢᠵᠢᠷᠠᠯ ᠤᠨ ᠬᠦᠴᠦᠨ ᠲᠠᠢ ᠬᠥᠭᠵᠢᠯᠲᠡ ᠶᠢᠨ ᠬᠤᠲᠠ ᠪᠠ ᠨᠡᠶᠢᠭᠡᠮ ᠲᠣᠭᠤᠷᠢᠭ ᠢ ᠪᠣᠶ ᠪᠣᠯᠭᠠᠬᠤ ᠶᠢ ᠲᠦᠯᠬᠢᠨ | ᠠᠬᠢᠭᠤᠯᠤᠨ᠎ᠠ᠃ᠨᠠᠰᠤᠲᠠᠶᠢᠴᠤᠳ ᠤᠨ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠢ ᠡᠭᠦᠳᠦᠨ | ᠪᠠᠶᠢᠭᠤᠯᠬᠤ ᠠᠵᠢᠯ ᠢ ᠭᠦᠨᠵᠡᠭᠡᠢ ᠥᠷᠨᠢᠭᠦᠯᠦᠨ᠎ᠡ᠃ | ︵ᠳᠥᠷᠪᠡ︶ ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠶᠡᠷᠦᠩᠬᠡᠶᠢᠯᠡᠭᠰᠡᠨ ᠬᠢᠨᠠᠯᠲᠠ | ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ | 1. ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ᠵᠠᠰᠠᠭ ᠤᠨ ᠣᠷᠳᠣᠨ ᠢᠶᠠᠷ ᠭᠤᠣᠯᠯᠠᠭᠤᠯᠬᠤ ᠬᠠᠷᠢᠭᠤᠴᠠᠯᠭ᠎ᠠ ᠶᠢ | ᠴᠢᠩᠭᠠᠷᠠᠭᠤᠯᠵᠤ᠂ ᠪᠠᠶᠢᠭᠤᠯᠤᠮᠵᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠵᠢᠯ | ᠲᠥᠷᠥᠯ ᠤᠨ ᠥᠪᠡᠷ ᠢ ᠪᠠᠨ ᠱᠠᠭᠠᠷᠳᠠᠬᠤ ᠨᠡᠶᠢᠲᠡ ᠶᠢᠨ ᠭᠡᠷ᠎ᠡ ᠶᠢ ᠪᠦᠷᠢᠨᠰᠢᠭᠦᠯᠵᠦ᠂ ᠢᠲᠡᠭᠡᠮᠵᠢ ᠪᠠᠷ ᠰᠠᠭᠤᠷᠢ | ᠪᠣᠯᠭᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠲᠦᠷᠬᠡᠨ ᠪᠠᠶᠢᠭᠤᠯᠵᠤ᠂ ᠪᠥᠬᠦ ᠠᠶᠢᠮᠠᠭ ᠤᠨ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠶᠠᠰᠤ ᠴᠢᠨᠠᠷ ᠤᠨ ᠠᠮᠤᠷ ᠲᠦᠪᠰᠢᠨ᠂ | ᠠᠵᠢᠯᠯᠠᠵᠤ ᠪᠠᠶᠢᠭ᠎ᠠ ᠬᠥᠮᠥᠰ᠂ ᠡᠵᠡᠩᠨᠡᠯᠲᠡ ᠶᠢᠨ ᠡᠮᠬᠢ ᠳᠢᠭᠯᠢᠮ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ᠬᠢᠨᠠᠨ ᠬᠠᠮᠢᠶᠠᠷᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠬᠠᠮᠵᠢᠯᠴᠠᠨ ᠬᠢᠨᠠᠨ ᠬᠠᠮᠢᠶᠠᠷᠬᠤ᠂ | ᠢᠲᠡᠭᠡᠮᠵᠢ ᠪᠠᠷ ᠬᠢᠨᠠᠨ ᠬᠠᠮᠢᠶᠠᠷᠬᠤ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠴᠢᠩᠭᠠᠳᠬᠠᠵᠤ᠂ ᠬᠠᠤᠯᠢ ᠠᠴᠠ | ᠵᠥᠷᠢᠴᠡᠭᠰᠡᠨ ᠰᠦᠪᠡᠭᠴᠢ ᠶᠢ ᠬᠠᠷᠢᠯᠴᠠᠨ ᠬᠤᠯᠪᠣᠭᠠᠯᠠᠬᠤ᠂ ᠬᠢᠨᠠᠨ ᠬᠠᠮᠢᠶᠠᠷᠬᠤ ᠪᠠᠷᠢᠮᠵᠢᠶ᠎ᠠ ᠶᠢ ᠬᠠᠷᠢᠯᠴᠠᠨ | ᠨᠡᠪᠲᠡᠷᠡᠯᠴᠡᠬᠦ᠂ ᠰᠢᠢᠳᠪᠦᠷᠢᠯᠡᠭᠰᠡᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠎ᠡ᠃ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠦᠢᠯᠡᠴᠢᠯᠡᠭᠡᠨ ᠤ ᠬᠦᠷᠢᠶ᠎ᠡ ᠳᠤ ︽ᠬᠤᠶᠠᠷ ᠢ ᠲᠣᠬᠢᠶᠠᠯᠳᠤᠯ ᠢᠶᠠᠷ ᠬᠢᠬᠦ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠢᠨᠲ᠋ᠧᠷ | ᠰᠦᠯᠵᠢᠶ᠎ᠡ + ᠬᠢᠨᠠᠯᠲᠠ ᠬᠠᠮᠢᠶᠠᠷᠤᠯᠲᠠ︾ ᠶᠢ ᠶᠡᠬᠡᠪᠡᠷ ᠬᠡᠷᠡᠭᠵᠢᠭᠦᠯᠦᠨ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠦᠢᠯᠡᠴᠢᠯᠡᠭᠡᠨ ᠤ ᠪᠠᠶᠢᠭᠤᠯᠤᠮᠵᠢ ᠶᠢᠨ ᠵᠠᠰᠠᠭ ᠵᠠᠬᠢᠷᠭᠠᠨ ᠤ ᠵᠥᠪᠰᠢᠶᠡᠷᠡᠯ᠂ ᠵᠠᠰᠠᠭ ᠵᠠᠬᠢᠷᠭᠠᠨ ᠤ | ᠰᠢᠳᠬᠡᠯ ᠲᠣᠷᠭᠠᠭᠤᠯᠢ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠵᠡᠷᠭᠡ ᠮᠡᠳᠡᠭᠡ ᠵᠠᠩᠭᠢ ᠶᠢ ᠬᠠᠤᠯᠢ ᠶᠣᠰᠣᠭᠠᠷ | ᠢᠯᠡ ᠪᠣᠯᠭᠠᠨ᠎ᠠ᠃ | 2. ᠡᠯ᠎ᠡ ᠲᠥᠷᠥᠯ ᠤᠨ ᠲᠦᠭᠰᠢᠭᠦᠷᠢ ᠶᠢ ᠦᠨᠡᠨᠬᠦ ᠰᠡᠷᠭᠡᠶᠢᠯᠡᠨ᠎ᠡ᠃ ᠨᠠᠰᠤᠵᠢᠯ ᠤᠨ ᠠᠰᠠᠷᠠᠮᠵᠢ ᠶᠢᠨ ᠨᠠᠶᠢᠳᠠᠨ | ᠬᠥᠮᠥᠵᠢᠭᠦᠯᠬᠦ ᠪᠠᠶᠢᠭᠤᠯᠤᠮᠵᠢ ᠶᠢ ᠪᠥᠬᠦ ᠠᠶᠢᠮᠠᠭ ᠤᠨ ᠣᠯᠠᠨ ᠨᠡᠶᠢᠲᠡ ᠶᠢᠨ ᠠᠮᠤᠷ ᠲᠦᠪᠰᠢᠨ ᠤ ᠭᠤᠣᠯᠳᠠᠯᠭ᠎ᠠ ᠲᠠᠢ | ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ | ᠪᠠᠶᠢᠳᠠᠯ ᠢ ᠠᠷᠭᠠᠴᠠᠬᠤ ᠪᠡᠯᠡᠳᠬᠡᠯ᠂ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠪᠠ ᠠᠪᠤᠷᠠᠨ ᠲᠤᠰᠠᠯᠠᠬᠤ᠂ ᠬᠡᠷᠡᠭ ᠤᠨ ᠳᠠᠷᠠᠭ᠎ᠠ ᠰᠡᠷᠭᠦᠭᠡᠬᠦ ᠪᠠ ᠳᠠᠬᠢᠨ ᠪᠠᠶᠢᠭᠤᠯᠬᠤ | ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠤᠷ | ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃︽ᠨᠠᠰᠤᠲᠠᠨ ᠨᠢᠯᠬ᠎ᠠ ᠬᠡᠣᠬᠡᠳ︾ ᠤᠨ | ᠬᠦᠷᠢᠶᠡᠨ ᠳᠤ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠶᠢ ᠴᠢᠩᠭ᠎ᠠ ᠰᠡᠷᠭᠡᠶᠢᠯᠡᠵᠦ᠂ ᠬᠠᠤᠯᠢ ᠪᠤᠰᠤ ᠪᠠᠷ | ᠪᠡᠯᠡ ᠮᠥᠩᠭᠦ ᠴᠤᠭᠯᠠᠭᠤᠯᠬᠤ ᠶᠢ ᠵᠢᠭᠰᠠᠭᠠᠨ ᠪᠠᠶᠢᠴᠠᠭᠠᠬᠤ ᠡᠷᠴᠢᠮ ᠢ ᠨᠡᠮᠡᠭᠳᠡᠭᠦᠯᠦᠨ᠂ ᠬᠡᠷᠡᠭᠯᠡᠭᠴᠢᠳ ᠤᠨ ᠬᠠᠤᠯᠢ | ᠶᠣᠰᠣᠨ ᠤ ᠡᠷᠬᠡ ᠠᠰᠢᠭ ᠢ ᠬᠠᠮᠠᠭᠠᠯᠠᠨ᠂ ᠬᠥᠳᠡᠭᠡ ᠲᠣᠰᠬᠤᠨ᠂ ᠶᠠᠳᠠᠭᠤ ᠬᠦᠴᠢᠷᠳᠡᠯᠲᠡᠢ᠂ ᠥᠨᠳᠥᠷ ᠨᠠᠰᠤᠲᠠᠢ᠂ | ᠭᠡᠷ ᠲᠡᠭᠡᠨ ᠬᠤᠴᠣᠷᠤᠭᠰᠠᠨ᠂ ᠴᠢᠳᠠᠯ ᠢᠶᠠᠨ ᠠᠯᠳᠠᠭᠰᠠᠨ᠂ ᠵᠡᠮᠳᠡᠭ ᠪᠣᠯᠤᠭᠰᠠᠨ ᠵᠡᠷᠭᠡ ᠣᠨᠴᠣᠭᠤᠢ ᠬᠦᠴᠢᠷᠳᠡᠯᠲᠡᠢ | ᠨᠠᠰᠤᠲᠠᠶᠢᠴᠤᠳ ᠵᠢᠴᠢ ᠮᠡᠬᠡᠯᠡᠭᠳᠡᠭᠰᠡᠨ᠂ ᠵᠡᠮᠳᠡᠭ ᠪᠣᠯᠤᠭᠰᠠᠨ᠂ ᠭᠤᠯᠣᠵᠤ ᠤᠷᠬᠢᠬᠰᠡᠠ ᠨᠢᠯᠬ᠎ᠠ ᠬᠡᠦᠬᠡᠳ ᠤᠨ ᠬᠠᠤᠯᠢ | ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠪᠠ ᠬᠠᠤᠯᠢ ᠴᠠᠭᠠᠵᠠ ᠶᠢᠨ ᠲᠡᠩᠬᠡᠷᠡᠭᠦᠯᠦᠨ | ᠲᠤᠰᠠᠯᠠᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃ | 3. ᠬᠡᠦᠬᠡᠳ ᠰᠠᠭᠠᠲᠠᠭᠤᠯᠬᠤ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ ᠡᠷᠡᠭᠦᠯᠵᠢᠯ ᠤᠨ ᠬᠠᠮᠢᠶᠠᠷᠤᠯᠲᠠ ᠶᠢᠨ | ᠳᠦᠷᠢᠮ ᠢ ᠪᠠᠶᠢᠭᠤᠯᠤᠨ ᠪᠦᠷᠢᠨᠰᠢᠭᠦᠯᠦᠨ᠎ᠡ᠃ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ | ᠡᠷᠡᠭᠦᠯᠵᠢᠯ ᠤᠨ ᠠᠵᠢᠯ ᠢ ᠴᠢᠩᠭᠠᠳᠬᠠᠵᠤ᠂ ᠠᠰᠠᠷᠠᠨ ᠬᠥᠮᠥᠵᠢᠭᠦᠯᠬᠦ ᠪᠠᠷ ᠭᠤᠣᠯ ᠪᠣᠯᠭᠠᠨ᠂ ᠠᠰᠠᠷᠠᠨ ᠬᠥᠮᠥᠵᠢᠭᠦᠯᠬᠦ ᠶᠢ | ᠤᠶᠠᠯᠳᠤᠭᠤᠯᠬᠤ ᠠᠵᠢᠯ ᠤᠨ ᠴᠢᠭᠯᠡᠯᠲᠡ ᠶᠢ ᠬᠢᠨᠠᠮᠠᠭᠠᠢ ᠲᠤᠤᠱᠯᠠᠭᠤᠯᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠬᠢᠵᠠᠭᠠᠷᠯᠠᠵᠤ᠂ ᠪᠠᠶᠢᠩᠭᠤ ᠲᠣᠬᠢᠶᠠᠯᠳᠤᠬᠤ ᠡᠪᠡᠳᠴᠢᠨ ᠤ ᠡᠭᠦᠰᠬᠦ ᠨᠤᠷᠮ᠎ᠠ ᠶᠢ ᠪᠠᠭᠤᠷᠠᠭᠤᠯᠵᠤ᠂ ᠨᠢᠯᠬ᠎ᠠ ᠬᠡᠦᠬᠡᠳ ᠤᠨ | ᠪᠡᠶ᠎ᠡ ᠰᠡᠳᠬᠢᠯ ᠤᠨ ᠡᠷᠡᠭᠦᠯ ᠮᠡᠨᠳᠤ ᠶᠢ ᠪᠠᠲᠤᠯᠠᠵᠤ᠂ ᠨᠢᠯᠬ᠎ᠠ ᠬᠡᠦᠬᠡᠳ ᠤᠨ ᠥᠰᠦᠯᠲᠡ ᠪᠤᠶᠢᠵᠢᠯᠲᠠ᠂ ᠬᠥᠳᠡᠯᠭᠡᠭᠡᠨ᠂ | ᠦᠭᠡ ᠬᠡᠯᠡ᠂ ᠲᠠᠨᠢᠨ ᠮᠡᠳᠡᠷᠡᠬᠦᠢ᠂ ᠬᠠᠶᠢᠷ᠎ᠠ ᠰᠡᠳᠬᠢᠯᠭᠡ ᠬᠢᠭᠡᠳ ᠨᠡᠶᠢᠭᠡᠮ ᠤᠨ ᠲᠠᠯ᠎ᠠ ᠪᠠᠷ ᠪᠦᠬᠦ ᠲᠠᠯ᠎ᠠ ᠪᠠᠷ | ᠬᠥᠭᠵᠢᠬᠦ ᠶᠢ ᠠᠬᠢᠭᠤᠯᠤᠨ᠎ᠠ᠃ᠨᠠᠶᠢᠳᠠᠨ ᠬᠤᠷᠢᠶᠠᠯᠭᠠᠭᠰᠠᠨ ᠨᠢᠯᠬ᠎ᠠ ᠬᠡᠦᠬᠡᠳ ᠡᠷᠬᠡᠪᠰᠢ ᠡᠷᠡᠭᠦᠯ ᠬᠠᠮᠠᠭᠠᠯᠠᠯ ᠡᠷᠡᠭᠦᠯ | ᠮᠡᠨᠳᠤ ᠶᠢᠨ ᠰᠠᠯᠠᠭ᠎ᠠ ᠮᠥᠴᠢᠷ ᠤᠨ ᠬᠢᠨᠠᠨ ᠲᠣᠭᠲᠠᠭᠠᠭᠰᠠᠨ ᠡᠮ ᠡᠮᠨᠡᠯᠭᠡ ᠡᠷᠡᠭᠦᠯ ᠮᠡᠨᠳᠤ ᠶᠢ ᠬᠠᠮᠠᠭᠠᠯᠠᠬᠤ | ᠪᠠᠶᠢᠭᠤᠯᠤᠮᠵᠢ ᠠᠴᠠ ᠡᠷᠡᠭᠦᠯ ᠮᠡᠨᠳᠤ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠶᠢᠨ ᠬᠠᠭᠤᠳᠠᠰᠤ ᠭᠠᠷᠭᠠᠵᠤ | ᠥᠭᠬᠦ ᠶᠢᠨ ᠬᠠᠮᠲᠤ ᠵᠢᠯ ᠪᠦᠷᠢ ᠡᠷᠡᠭᠦᠯ ᠮᠡᠨᠳᠤ ᠶᠢᠨ ᠪᠠᠶᠢᠴᠠᠭᠠᠯᠲᠠ ᠶᠢ ᠨᠢᠭᠡ ᠤᠳᠠᠭ᠎ᠠ ᠠᠴᠠ ᠳᠤᠲᠠᠭᠤ ᠦᠭᠡᠢ | ᠬᠦᠯᠢᠶᠡᠬᠦ ᠬᠡᠷᠡᠭᠲᠡᠢ᠃ᠡᠳᠦᠷ ᠪᠦᠷᠢ ᠶᠢᠨ ᠥᠷᠯᠥᠭᠡ ᠶᠢᠨ ᠪᠠᠶᠢᠴᠠᠭᠠᠯᠲᠠ᠂ ᠡᠷᠡᠭᠦᠯ ᠬᠠᠮᠠᠭᠠᠯᠠᠯ ᠤᠨ ᠠᠷᠢᠭᠤᠳᠬᠠᠯ᠂ | ᠡᠪᠡᠳᠴᠢᠨ ᠲᠠᠢ ᠬᠡᠦᠬᠡᠳ ᠢ ᠲᠤᠰᠠᠭᠠᠷᠯᠠᠬᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠬᠦ ᠪᠠ ᠬᠠᠮᠢᠶᠠᠷᠬᠤ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ᠡᠯ᠎ᠡ ᠱᠠᠲᠤᠨ ᠤ ᠡᠬᠡ ᠨᠢᠯᠬᠠᠰ ᠤᠨ ᠡᠷᠡᠭᠦᠯ ᠮᠡᠡᠳᠦ ᠶᠢ ᠬᠠᠮᠠᠭᠠᠯᠠᠬᠤ᠂ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠵᠡᠷᠭᠡ ᠪᠠᠶᠢᠭᠤᠯᠤᠮᠵᠢ ᠨᠤᠭᠤᠳ | ᠲᠤᠰᠢᠶᠠᠯ ᠬᠠᠷᠢᠭᠤᠴᠠᠯᠭ᠎ᠠ ᠶᠢᠨ ᠢᠶᠠᠨ ᠶᠣᠰᠣᠭᠠᠷ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠡᠷᠡᠭᠦᠯ ᠬᠠᠮᠠᠭᠠᠯᠠᠯ | ᠡᠷᠡᠭᠦᠯ ᠮᠡᠡᠳᠦ ᠶᠢ ᠬᠠᠮᠠᠭᠠᠯᠠᠬᠤ ᠠᠵᠢᠯ ᠤᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ᠂ ᠵᠥᠪᠯᠡᠯᠭᠡ ᠥᠭᠬᠦ | ᠦᠢᠯᠡᠴᠢᠯᠡᠭᠡ ᠪᠠ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃ | 4. ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠯ ᠢ ᠴᠢᠩᠭᠠᠳᠬᠠᠨ᠎ᠠ | ᠃ ᠣᠷᠣᠨ ᠪᠦᠰᠡ ᠶᠢᠨ ᠬᠥᠮᠥᠨ ᠠᠮᠠ ᠶᠢᠨ ᠰᠠᠭᠤᠷᠢ ᠮᠡᠳᠡᠭᠡ ᠵᠠᠩᠭᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ | ᠡᠳ᠋ᠯᠡᠬᠦ ᠶᠢ ᠠᠬᠢᠭᠤᠯᠵᠤ᠂ ᠪᠥᠬᠦ ᠠᠶᠢᠮᠠᠭ ᠢᠶᠠᠷ ᠢᠶᠠᠨ ᠨᠠᠰᠤᠵᠢᠯ ᠤᠨ ᠠᠰᠠᠷᠠᠮᠵᠢ᠂ ᠬᠡᠦᠬᠡᠳ ᠰᠠᠭᠠᠲᠠᠭᠤᠯᠬᠤ | ᠦᠢᠯᠡᠴᠢᠯᠡᠭᠡᠨ ᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠨᠢᠭᠡᠳᠦᠯᠲᠡᠢ ᠲᠠᠪᠴᠠᠩ ᠢ ᠪᠠᠶᠢᠭᠤᠯᠵᠤ᠂ ᠡᠯ᠎ᠡ ᠰᠠᠯᠠᠭ᠎ᠠ | ᠮᠥᠴᠢᠷ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠰᠠᠨᠠᠭᠠᠴᠢᠯᠠᠭ᠎ᠠ ᠠᠴᠠ ᠪᠠᠨ ᠵᠠᠯᠭᠠᠨ ᠣᠷᠣᠭᠤᠯᠵᠤ᠂ ᠨᠢᠯᠬ᠎ᠠ | ᠬᠡᠦᠬᠡᠳ ᠵᠢᠴᠢ ᠨᠠᠰᠤᠲᠠᠶᠢᠴᠤᠳ ᠤᠨ ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠪᠠ ᠡᠪᠡᠳᠴᠢᠲᠡᠨ ᠤ | ᠣᠷᠣ ᠶᠢᠨ ᠪᠠᠶᠢᠷᠢ ᠰᠠᠭᠠᠲᠠᠭᠤᠯᠬᠤ ᠲᠤᠭ᠎ᠠ ᠬᠡᠮᠵᠢᠶᠡᠨ ᠤ ᠳᠤᠲᠠᠭᠤᠳᠠᠯ ᠪᠠ ᠶᠠᠰᠤ ᠴᠢᠨᠠᠷ ᠤᠨ ᠳᠤᠲᠠᠭᠤᠳᠠᠯ ᠢ | ᠡᠵᠡᠮᠳᠡᠬᠦ ᠶᠢ ᠴᠢᠩᠭᠠᠳᠬᠠᠨ᠂ ᠲᠤᠭ᠎ᠠ ᠬᠡᠮᠵᠢᠶᠡᠨ ᠤ ᠳᠤᠲᠠᠭᠤᠳᠠᠯ ᠢ ᠲᠣᠳᠣᠷᠬᠠᠢ ᠪᠣᠯᠭᠠᠨ᠎ᠠ᠃ᠰᠢᠨ᠎ᠡ ᠮᠡᠷᠭᠡᠵᠢᠯ ᠢ | ᠭᠦᠢᠴᠡᠳ ᠠᠰᠢᠭᠯᠠᠨ᠂ ᠨᠠᠰᠤᠵᠢᠯ ᠤᠨ ᠠᠰᠠᠷᠠᠮᠵᠢ ᠵᠢᠴᠢ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ | ᠦᠢᠯᠡᠴᠢᠯᠡᠭᠡᠨ ᠤ ᠪᠣᠳᠠᠲᠠᠢ ᠲᠠᠢ ᠤᠶᠠᠯᠳᠤᠭᠤᠯᠵᠤ᠂ ᠦᠢᠯᠡᠴᠢᠯᠡᠭᠡᠨ ᠤ ᠪᠠᠶᠢᠭᠤᠯᠤᠮᠵᠢ ᠶᠢᠨ ᠭᠤᠶᠤᠴᠢᠯᠠᠨ | ᠭᠦᠢᠴᠡᠳᠬᠡᠬᠦ ᠶᠠᠪᠤᠴᠠ᠂ ᠶᠡᠷᠦᠩᠬᠡᠶᠢᠯᠡᠨ ᠬᠢᠨᠠᠨ ᠬᠠᠮᠢᠶᠠᠷᠬᠤ᠂ ᠮᠡᠳᠡᠭᠡ ᠵᠠᠩᠭᠢ ᠶᠢ ᠢᠯᠡ ᠪᠣᠯᠭᠠᠬᠤ᠂ ᠦᠨᠡᠨᠴᠢ | ᠢᠲᠡᠭᠡᠮᠵᠢ ᠶᠢᠨ ᠲᠡᠮᠳᠡᠭᠯᠡᠯ ᠬᠢᠬᠦ᠂ ᠠᠵᠢᠯᠲᠠᠨ ᠤ ᠮᠡᠳᠡᠭᠡ ᠵᠠᠩᠭᠢ ᠵᠢᠴᠢ ᠲᠤᠬᠠᠶᠢᠯᠠᠭᠰᠠᠨ ᠠᠵᠢᠯ ᠤᠨ ᠲᠤᠭ᠎ᠠ | ᠪᠠᠷᠢᠮᠲᠠ ᠵᠡᠷᠭᠡ ᠳᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠬᠢᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ | ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠦᠨ᠂ ᠪᠦᠷᠢᠳᠬᠡᠨ ᠬᠢᠨᠠᠨ ᠬᠡᠮᠵᠢᠬᠦ ᠶᠢ ᠰᠠᠶᠢᠲᠤᠷ ᠬᠢᠵᠦ᠂ | ᠦᠢᠯᠡᠴᠢᠯᠡᠭᠡ ᠪᠠ ᠬᠠᠮᠢᠶᠠᠷᠤᠯᠲᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ᠃ | ᠲᠠᠪᠤ᠂ ᠪᠠᠲᠤᠯᠠᠭ᠎ᠠ ᠶᠢᠨ ᠬᠦᠴᠦᠨ ᠵᠦᠢᠯ | ︵ᠨᠢᠭᠡ︶ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠷᠠᠭᠤᠯᠤᠨ᠎ᠠ | ᠨᠠᠮ ᠤᠨ ᠬᠤᠷᠢᠶ᠎ᠠ ᠠᠴᠠ ᠤᠳᠤᠷᠢᠳᠴᠤ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ ᠶᠢ | ᠪᠠᠷᠢᠮᠲᠠᠯᠠᠨ᠂ ᠰᠠᠯᠠᠭ᠎ᠠ ᠮᠥᠴᠢᠷ ᠤᠳ ᠬᠠᠷᠢᠭᠤᠴᠠᠵᠤ᠂ ᠨᠡᠶᠢᠭᠡᠮ ᠢᠶᠠᠷ ᠢᠶᠠᠨ ᠣᠷᠣᠯᠴᠠᠭᠰᠠᠨ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠢᠯ ᠢ ᠲᠦᠯᠬᠢᠨ ᠠᠬᠢᠭᠤᠯᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠢᠯ ᠤᠨ ᠵᠢᠯᠣᠭᠤᠳᠤᠯᠭ᠎ᠠ᠂ ᠬᠢᠨᠠᠯᠲᠠ | ᠲᠠᠯᠪᠢᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ | ︽ᠨᠠᠰᠤᠲᠠᠨ ᠨᠢᠯᠬ᠎ᠠ ᠬᠡᠣᠬᠡᠳ︾ ᠤᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠵᠤ᠂ | ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ︽ᠠᠬᠠᠮᠠᠳ︾ ᠤᠨ ᠠᠵᠢᠯ ᠢ ᠲᠦᠷᠦᠭᠦᠯᠡᠨ ᠬᠠᠷᠢᠭᠤᠴᠠᠵᠤ᠂ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠨᠢ ︽ᠨᠢᠯᠬ᠎ᠠ ᠬᠡᠣᠬᠡᠳ︾ ᠤᠨ ᠠᠵᠢᠯ ᠢ ᠲᠦᠷᠦᠭᠦᠯᠡᠨ | ᠬᠠᠷᠢᠭᠤᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠬᠤ | ᠬᠡᠷᠡᠭᠲᠡᠢ᠃ᠬᠠᠮᠲᠤᠷᠠᠭᠰᠠᠨ ᠬᠤᠷᠠᠯ ᠤᠨ ᠳᠦᠷᠢᠮ ᠤᠨ ᠴᠢᠬᠤᠯᠠ ᠦᠢᠯᠡᠳᠦᠯ ᠢ ᠪᠠᠳᠠᠷᠠᠭᠤᠯᠵᠤ᠂ ᠦᠨᠳᠦᠰᠦᠨ | ᠱᠠᠲᠤᠨ ᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠠᠵᠢᠯ ᠤᠨ ᠬᠦᠴᠦᠨ ᠢ ᠴᠢᠩᠭᠠᠳᠬᠠᠨ᠂ | ᠪᠠᠶᠢᠩᠭᠤᠵᠢᠭᠤᠯᠤᠭᠰᠠᠨ ᠬᠢᠨᠠᠨ ᠵᠢᠯᠤᠭᠤᠳᠬᠤ ᠲᠣᠭᠲᠠᠴᠠ ᠪᠠ ᠦᠢᠯᠡᠴᠢᠯᠡᠭᠡᠨ ᠤ ᠴᠢᠳᠠᠪᠤᠷᠢ ᠶᠢ ᠦᠨᠡᠯᠡᠬᠦ | ᠲᠣᠭᠲᠠᠴᠠ ᠶᠢ ᠪᠠᠶᠢᠭᠤᠯᠵᠤ᠂ ᠪᠣᠳᠠᠲᠠᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ᠂ ᠡᠯ᠎ᠡ | ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠦᠨ᠎ᠡ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ︽ᠨᠠᠰᠤᠲᠠᠨ ᠨᠢᠯᠬ᠎ᠠ ᠬᠡᠣᠬᠡᠳ︾ ᠤᠨ ᠬᠥᠮᠥᠨ | ᠠᠮᠠ ᠶᠢᠨ ᠬᠤᠪᠢᠷᠠᠯᠲᠠ ᠶᠢ ᠦᠨᠳᠦᠰᠦᠯᠡᠨ᠂ ᠵᠠᠷᠤᠳᠠᠯ ᠤᠨ ᠣᠷᠣᠭᠤᠯᠤᠯᠲᠠ ᠶᠢ ᠪᠠᠲᠤᠯᠠᠬᠤ ᠲᠣᠭᠲᠠᠭᠤᠨ | ᠲᠣᠭᠲᠠᠴᠠ ᠶᠢ ᠪᠠᠶᠢᠭᠤᠯᠤᠨ᠎ᠠ᠃ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠨᠠᠰᠤᠵᠢᠯ ᠤᠨ ᠠᠰᠠᠷᠠᠮᠵᠢ | ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢ ᠳᠡᠮᠵᠢᠵᠦ᠂ ᠨᠠᠩ ᠬᠦᠴᠦᠲᠡᠢ ᠠᠷᠭ᠎ᠠ | ᠬᠡᠮᠵᠢᠶ᠎ᠡ ᠠᠪᠴᠤ ᠪᠠᠶᠢᠭᠠᠳ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ | ᠬᠡᠦᠬᠡᠳ ᠰᠠᠭᠠᠲᠠᠭᠤᠯᠬᠤ ᠦᠢᠯᠡᠴᠢᠯᠡᠭᠡᠨ ᠢ ᠤᠷᠢᠳᠠᠪᠠᠷ ᠳᠡᠮᠵᠢᠨ᠎ᠡ᠃ᠵᠠᠰᠠᠭ ᠤᠨ ᠣᠷᠳᠣᠨ ᠤ ᠣᠷᠣᠭᠤᠯᠤᠯᠲᠠ ᠶᠢᠨ | ᠡᠷᠴᠢᠮ ᠢ ᠴᠢᠩᠭᠠᠷᠠᠭᠤᠯᠵᠤ᠂ 2022 ᠣᠨ ᠪᠣᠯᠬᠤ ᠳᠤ᠂ ᠠᠶᠢᠮᠠᠭ ᠤᠨ ᠱᠠᠲᠤᠨ ᠤ ᠱᠠᠩᠨᠠᠯᠲᠤ ᠰᠤᠭᠤᠯᠤᠭ᠎ᠠ ᠶᠢᠨ | ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠶᠢ ᠳᠡᠮᠵᠢᠬᠦ ᠳᠤ ᠬᠡᠷᠡᠭᠯᠡᠬᠦ | ᠬᠠᠷᠢᠴᠠᠯ ᠢ 55% ᠠᠴᠠ ᠳᠣᠣᠷ᠎ᠠ ᠦᠬᠡᠢ ᠪᠠᠶᠢᠯᠭᠠᠵᠦ᠂ ᠨᠡᠶᠢᠳᠡᠮ ᠬᠠᠷᠠᠭᠠᠯᠵᠠᠯ ᠦᠵᠡᠭᠦᠯᠬᠦ ᠨᠠᠰᠤᠵᠢᠯ ᠤᠨ | ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠲᠤᠰᠬᠠᠢ ᠠᠵᠢᠯᠯᠠᠭ᠎ᠠ ᠶᠢ ᠬᠡᠷᠡᠭᠵᠢᠭᠦᠯᠵᠦ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠨᠥᠬᠦᠴᠡᠯ ᠳᠤ ᠨᠡᠶᠢᠴᠡᠬᠦ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠢᠳᠡᠪᠬᠢᠲᠡᠢ ᠪᠠᠷ ᠭᠤᠶᠤᠴᠢᠯᠠᠨ ᠮᠡᠳᠡᠭᠦᠯᠵᠦ ᠲᠥᠪ ᠤᠨ ᠲᠥᠰᠥᠪ ᠤᠨ ᠳᠣᠲᠣᠷᠠᠬᠢ | ᠪᠡᠯᠡ ᠣᠷᠣᠭᠤᠯᠤᠯᠲᠠ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ᠤᠯᠤᠰ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡᠨ ᠤ ᠦᠢᠯᠡᠰ ᠤᠨ ᠭᠠᠶᠢᠯᠢ | ᠰᠦᠢᠳᠬᠡᠯ ᠢ ᠬᠠᠰᠤᠵᠤ ᠬᠡᠯᠲᠦᠷᠢᠭᠦᠯᠬᠦ᠂ ᠤᠰᠤ ᠴᠠᠬᠢᠯᠭᠠᠨ ᠬᠡᠢ ᠢᠯᠴᠢ ᠶᠢᠨ ᠦᠨ᠎ᠡ ᠳᠤ ᠬᠠᠷᠠᠭᠠᠯᠵᠠᠯ ᠦᠵᠡᠭᠦᠯᠬᠦ | ᠵᠡᠷᠭᠡ ᠲᠡᠳᠬᠦᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠬᠡᠷᠡᠭᠵᠢᠭᠦᠯᠵᠦ᠂ ᠮᠥᠩᠭᠦᠨ ᠭᠦᠢᠯᠭᠡᠭᠡ᠂ ᠭᠠᠵᠠᠷ ᠰᠢᠷᠣᠢ᠂ | ᠲᠥᠯᠦᠪᠵᠢᠭᠦᠯᠭᠡ᠂ ᠭᠠᠶᠢᠯᠢ ᠰᠦᠢᠳᠬᠡᠯ᠂ ᠨᠥᠬᠦᠪᠦᠷᠢ ᠵᠡᠷᠭᠡ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠡᠶᠢᠭᠡᠮ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠬᠦᠷᠢᠶᠡᠨ ᠳᠤ ᠣᠷᠣᠭᠤᠯᠤᠨ᠂ ᠨᠡᠶᠢᠭᠡᠮ ᠤᠨ ᠡᠯ᠎ᠡ | ᠡᠲᠡᠭᠡᠳ ᠤᠨ ᠬᠢᠨ ᠤ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠬᠦᠷᠢᠶᠡᠨ ᠳᠤ ᠨᠢᠭᠦᠯᠡᠰᠦᠩᠭᠦᠢ ᠶᠢᠨ | ᠬᠠᠨᠳᠢᠪ ᠬᠦᠷᠭᠡᠬᠦ ᠶᠢ ᠰᠠᠨᠠᠭᠠᠴᠢᠯᠠᠵᠤ᠂ ᠡᠳ᠋ ᠤᠨ ᠵᠠᠰᠠᠭ ᠤᠨ ᠪᠡᠯᠡ ᠮᠥᠩᠭᠦ᠂ ᠨᠡᠶᠢᠭᠡᠮ ᠤᠨ ᠬᠥᠷᠥᠩᠭᠡ᠂ | ᠨᠢᠭᠦᠯᠡᠰᠦᠩᠭᠦᠢ ᠶᠢᠨ ᠰᠠᠭᠤᠷᠢ ᠮᠥᠩᠭᠦ ᠵᠡᠷᠭᠡ ᠤᠯᠠᠨ ᠡᠰᠢᠵᠢᠬᠦ ᠶᠢ ᠤᠶᠠᠯᠳᠤᠭᠤᠯᠤᠭᠰᠠᠨ ᠣᠷᠣᠭᠤᠯᠤᠯᠲᠠ ᠶᠢᠨ | ᠲᠣᠭᠲᠠᠴᠠ ᠶᠢ ᠪᠤᠢ ᠪᠣᠯᠭᠠᠨ᠎ᠠ᠃ | ︵ᠭᠤᠷᠪᠠ︶ ᠴᠢᠳᠠᠪᠤᠷᠢᠲᠠᠨ ᠤ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ | ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠴᠢᠳᠠᠪᠤᠷᠢᠲᠠᠨ ᠢ ᠬᠥᠮᠥᠵᠢᠭᠦᠯᠬᠦ ᠶᠢ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠰᠢᠰᠲ᠋ᠧᠮᠵᠢ ᠶᠢᠨ ᠲᠥᠯᠦᠪᠵᠢᠭᠦᠯᠭᠡ ᠳᠤ ᠣᠷᠣᠭᠤᠯᠵᠤ᠂ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠨᠠᠰᠤᠲᠠᠶᠢᠴᠤᠳ ᠤᠨ ᠠᠨᠠᠭᠠᠬᠤ ᠤᠬᠠᠭᠠᠨ᠂ ᠨᠠᠰᠤᠲᠠᠶᠢᠴᠤᠳ ᠤᠨ | ᠰᠤᠪᠢᠯᠠᠯᠲᠠ᠂ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ ᠴᠢᠳᠠᠪᠤᠷᠢᠲᠠᠨ ᠬᠥᠮᠥᠵᠢᠭᠦᠯᠬᠦ ᠵᠡᠷᠭᠡ | ᠬᠠᠮᠢᠶ᠎ᠠ ᠪᠦᠬᠦᠢ ᠲᠤᠰᠬᠠᠢ ᠮᠡᠷᠭᠡᠵᠢᠯ ᠨᠡᠭᠡᠭᠡᠬᠦ ᠶᠢ ᠵᠣᠷᠢᠭᠵᠢᠭᠤᠯᠤᠨ᠎ᠠ᠃ᠨᠠᠰᠤᠲᠠᠨ ᠢ ᠠᠰᠠᠷᠠᠬᠤ ᠬᠦᠷᠢᠶᠡᠯᠡᠩ ᠤᠨ | ᠳᠠᠷᠤᠭ᠎ᠠ ᠶᠢᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠳᠠᠷᠤᠭ᠎ᠠ ᠶᠢᠨ ᠴᠢᠳᠠᠪᠤᠷᠢ ᠪᠠ ᠬᠡᠪ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠨᠠᠰᠤᠲᠠᠨ ᠢ ᠠᠰᠠᠷᠠᠬᠤ ᠬᠦᠷᠢᠶᠡᠯᠡᠩ ᠤᠨ | ᠦᠢᠯᠡᠴᠢᠯᠡᠭᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ᠨᠠᠰᠤᠵᠢᠯ ᠤᠨ ᠠᠰᠠᠷᠠᠭᠴᠢ ᠶᠢᠨ | ᠪᠣᠯᠪᠠᠰᠤᠷᠠᠭᠤᠯᠤᠯ ᠢ ᠢᠳᠡᠪᠬᠢᠲᠡᠢ ᠥᠷᠨᠢᠭᠦᠯᠵᠦ᠂ ᠨᠠᠰᠤᠵᠢᠯ ᠤᠨ ᠠᠰᠠᠷᠠᠭᠴᠢ ᠶᠢᠨ ᠮᠡᠷᠭᠡᠵᠢᠯ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠨᠡᠶᠢᠭᠡᠮ ᠤᠨ | ᠠᠵᠢᠯ ᠤᠨ ᠪᠠᠶᠢᠷᠢ ᠶᠢ ᠨᠡᠭᠡᠭᠡᠨ ᠬᠥᠭᠵᠢᠭᠦᠯᠬᠦ ᠪᠠ ᠲᠣᠬᠢᠷᠠᠭᠤᠯᠬᠤ ᠶᠢ ᠴᠢᠩᠭᠠᠳᠬᠠᠵᠤ᠂ ᠨᠠᠰᠤᠲᠠᠶᠢᠴᠤᠳ ᠲᠤ | ᠦᠢᠯᠡᠴᠢᠯᠡᠬᠦ ᠨᠡᠶᠢᠭᠡᠮ ᠤᠨ ᠠᠵᠢᠯᠲᠠᠨ ᠤ ᠴᠢᠳᠠᠪᠤᠷᠢᠲᠠᠨ ᠢ ᠶᠡᠬᠡᠪᠡᠷ ᠬᠥᠮᠥᠵᠢᠭᠦᠯᠵᠦ᠂ ᠨᠠᠰᠤᠲᠠᠶᠢᠴᠤᠳ ᠲᠤ | ᠦᠢᠯᠡᠴᠢᠯᠡᠬᠦ ᠲᠤᠰᠬᠠᠢ ᠪᠠ ᠲᠤᠰᠢᠶᠠᠯ ᠬᠠᠪᠰᠤᠷᠭᠠᠭᠰᠠᠨ ᠨᠡᠶᠢᠭᠡᠮ ᠤᠨ ᠠᠵᠢᠯᠲᠠᠨ ᠤ ᠮᠡᠷᠭᠡᠵᠢᠯ ᠴᠢᠳᠠᠪᠤᠷᠢ ᠶᠢᠨ ᠬᠢᠷᠢ | ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠦᠨ᠎ᠡ᠃ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠠᠵᠢᠯᠯᠠᠭᠰᠠᠳ ᠢ ᠪᠠᠴᠢᠮ ᠬᠡᠷᠡᠭᠰᠡᠬᠦ ᠪᠠᠴᠢᠮ ᠲᠤᠲᠠᠭᠳᠠᠵᠤ ᠪᠠᠶᠢᠭ᠎ᠠ ᠡᠷᠬᠢᠯᠡᠭᠰᠡᠨ ᠠᠵᠢᠯ ︵ᠠᠵᠢᠯ ᠲᠥᠷᠥᠯ︶ ᠤᠨ | ᠭᠠᠷᠴᠠᠭ ᠪᠣᠯᠣᠨ ᠵᠠᠰᠠᠭ ᠤᠨ ᠣᠷᠳᠣᠨ ᠤ ᠨᠥᠬᠦᠪᠦᠷᠢ ᠶᠢᠨ ᠴᠢᠨᠠᠷᠲᠠᠢ ᠪᠣᠯᠪᠠᠰᠤᠷᠠᠭᠤᠯᠤᠯ ᠤᠨ ᠭᠠᠷᠴᠠᠭ ᠲᠤ | ᠵᠢᠭᠰᠠᠭᠠᠨ ᠣᠷᠣᠭᠤᠯᠵᠤ᠂ ᠠᠰᠠᠷᠠᠭᠴᠢ ᠵᠡᠷᠭᠡ ᠨᠢᠯᠬ᠎ᠠ ᠬᠡᠦᠬᠡᠳ ᠢ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠠᠵᠢᠯᠯᠠᠭᠰᠠᠳ ᠢ ᠡᠷᠬᠢᠯᠡᠭᠰᠡᠨ ᠠᠵᠢᠯ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠳᠤ | ᠣᠷᠣᠭᠤᠯᠵᠤ᠂ ᠡᠷᠬᠢᠯᠡᠭᠰᠡᠨ ᠠᠵᠢᠯ ᠤᠨ ᠪᠣᠯᠪᠠᠰᠤᠷᠠᠭᠤᠯᠤᠯ ᠤᠨ ᠨᠥᠬᠦᠪᠦᠷᠢ᠂ ᠡᠷᠬᠢᠯᠡᠭᠰᠡᠨ ᠠᠵᠢᠯ ᠮᠡᠷᠭᠡᠵᠢᠯ ᠤᠨ | ᠴᠢᠳᠠᠪᠤᠷᠢ ᠶᠢᠨ ᠬᠢᠨᠠᠨ ᠲᠣᠭᠲᠠᠭᠠᠯᠲᠠ ᠬᠢᠬᠦ ᠨᠥᠬᠦᠪᠦᠷᠢ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠬᠤ ᠬᠡᠷᠡᠭᠲᠡᠢ᠃ | ︵ᠳᠥᠷᠪᠡ︶ ᠮᠥᠩᠭᠦᠨ ᠭᠦᠢᠯᠭᠡᠭᠡᠨ ᠤ ᠳᠡᠮᠵᠢᠯᠭᠡ ᠶᠢ ᠴᠢᠩᠭᠠᠳᠬᠠᠨ᠎ᠠ | ᠪᠥᠬᠦ ᠠᠶᠢᠮᠠᠭ ᠤᠨ ᠲᠠᠯᠠᠪᠤᠷ ᠭᠠᠵᠠᠷ ᠬᠠᠩᠭᠠᠬᠤ᠂ ᠲᠦᠷᠢᠶᠡᠰᠦᠨ ᠮᠥᠩᠭᠦ ᠶᠢ ᠬᠠᠰᠤᠵᠤ ᠬᠡᠯᠲᠦᠷᠢᠭᠦᠯᠬᠦ᠂ | ᠡᠵᠡᠩᠨᠡᠯᠲᠡ ᠶᠢᠨ ᠨᠥᠬᠦᠪᠦᠷᠢ ᠶᠢ ᠬᠡᠯᠲᠦᠷᠢᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠨᠡᠶᠢᠭᠡᠮ ᠤᠨ ᠭᠤᠣᠯ | ᠴᠣᠭᠴᠠ ᠶᠢᠨ ᠨᠠᠰᠤᠵᠢᠯ ᠤᠨ ᠠᠰᠠᠷᠠᠮᠵᠢ ᠬᠡᠦᠬᠡᠳ ᠰᠠᠭᠠᠲᠠᠭᠤᠯᠬᠤ ᠦᠢᠯᠡᠴᠢᠯᠡᠭᠡ ᠬᠠᠩᠭᠠᠬᠤ ᠶᠢ ᠳᠡᠮᠵᠢᠬᠦ ᠶᠢ | ᠵᠣᠷᠢᠭᠵᠢᠭᠤᠯᠤᠨ᠎ᠠ᠃ ᠬᠡᠷᠡᠭᠴᠡᠭᠡ ᠶᠢ ᠨᠥᠬᠦᠪᠦᠷᠢᠯᠡᠬᠦ ᠲᠠᠯ᠎ᠠ ᠬᠢᠭᠡᠳ ᠦᠨ᠎ᠡ ᠬᠠᠩᠰᠢ ᠶᠢᠨ ᠥᠭᠡᠷᠡᠴᠢᠯᠡᠯᠲᠡ ᠶᠢᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠰᠤᠳᠤᠯᠵᠤ᠂ ᠬᠦᠴᠢᠷᠳᠡᠯᠲᠡᠢ ᠡᠲᠡᠭᠡᠳ ᠤᠨ ᠦᠨᠳᠦᠰᠦᠨ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠳᠤ ᠣᠷᠣᠵᠤ ᠰᠠᠭᠤᠬᠤ ᠳᠤ ᠵᠣᠬᠢᠬᠤ ᠬᠡᠮᠵᠢᠶᠡᠨ ᠤ ᠡᠳ᠋ ᠤᠨ ᠵᠠᠰᠠᠭ ᠤᠨ ᠨᠥᠬᠦᠪᠦᠷᠢ | ᠣᠯᠭᠤᠨ᠎ᠠ᠃ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ | ᠣᠨᠴᠠᠯᠢᠭᠲᠤ ᠢᠲᠡᠭᠡᠮᠵᠢᠲᠦ ᠵᠢᠭᠡᠯᠡᠯᠭᠡ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠬᠠᠷᠠᠭᠠᠯᠵᠠᠯᠲᠤ ᠬᠦᠦ ᠶᠢᠨ | ᠨᠣᠷᠮ᠎ᠠ ᠵᠢᠨᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠢᠶᠠᠷ ᠨᠠᠰᠤᠵᠢᠯ ᠤᠨ ᠦᠢᠯᠡᠴᠢᠯᠡᠭᠡᠨ ᠤ | ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠲᠤᠰᠬᠠᠢ ᠵᠦᠢᠯ ᠤᠨ ᠵᠢᠭᠡᠯᠡᠯᠭᠡ ᠶᠢᠨ ᠦᠢᠯᠡᠳᠦᠯ ᠢ | ᠪᠠᠳᠠᠷᠠᠭᠤᠯᠵᠤ᠂ ᠨᠥᠬᠦᠴᠡᠯ ᠳᠤ ᠨᠡᠶᠢᠴᠡᠬᠦ ᠲᠥᠷᠥᠯ ᠵᠦᠢᠯ ᠳᠤ ᠶᠡᠭᠡ ᠲᠣᠭᠠᠨ ᠤ ᠣᠷᠳᠣ ᠬᠤᠭᠤᠴᠠᠭᠠᠨ ᠤ | ᠬᠠᠷᠠᠭᠠᠯᠵᠠᠯᠲᠤ ᠵᠢᠭᠡᠯᠡᠯᠭᠡ ᠶᠢᠨ ᠳᠡᠮᠵᠢᠯᠭᠡ ᠬᠠᠩᠭᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ᠂ ᠠᠵᠤ ᠠᠬᠤᠶᠢᠯᠠᠯ ᠤᠨ ᠵᠢᠭᠡᠯᠡᠯᠭᠡ ᠶᠢᠨ ᠢᠳᠡᠪᠬᠢᠲᠡᠢ ᠦᠢᠯᠡᠳᠦᠯ ᠢ | ᠪᠠᠳᠠᠷᠠᠭᠤᠯᠵᠤ᠂ ᠨᠠᠰᠤᠵᠢᠯ ᠤᠨ ᠠᠰᠠᠷᠠᠮᠵᠢ ᠶᠢᠨ ᠨᠠᠶᠢᠳᠠᠨ ᠬᠥᠮᠥᠵᠢᠭᠦᠯᠬᠦ ᠪᠠᠶᠢᠭᠤᠯᠤᠮᠵᠢ ᠶᠢᠨ ᠪᠡᠯᠡ | ᠬᠤᠷᠠᠮᠳᠣᠭᠤᠯᠬᠤ ᠶᠢ ᠪᠠᠳᠣᠯᠠᠬᠤ ᠳᠤ ᠠᠷᠭ᠎ᠠ ᠵᠠᠮ ᠬᠠᠩᠭᠠᠨ᠎ᠠ᠃ | | | | |