ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠵᠠᠬᠢᠷᠭ᠎ᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ | ᠪᠠ ᠰᠢᠭᠤᠳ ᠬᠠᠷᠢᠶ᠎ᠠ ᠠᠵᠢᠯ ᠦᠢᠯᠡᠰ ᠤᠨ ᠨᠢᠭᠡᠴᠡ᠂ ᠡᠯ᠎ᠡ ᠭᠤᠣᠯᠳᠠᠯᠭ᠎ᠠ ᠲᠠᠢ ᠠᠵᠤ ᠠᠬᠤᠶᠢᠯᠠᠯ ᠳᠤ᠄ | ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ | ᠲᠥᠷᠥ ᠠᠯᠪᠠᠨ ᠲᠠᠷᠬᠠᠭᠠᠭᠰᠠᠨ ﹇2021﹈ 6 ᠳ᠋ᠤᠭᠠᠷ ᠲᠣᠭᠠᠲᠤ︶ ᠵᠢᠴᠢ ︽ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠠᠵᠢᠯ ᠤᠨ ᠠᠷᠭ᠎ᠠ | ᠬᠡᠮᠵᠢᠶ᠎ᠡ ᠶᠢᠨ ᠲᠤᠬᠠᠶ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ | ᠠᠯᠪᠠᠨ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠤᠨ ᠠᠵᠢᠯ ᠤᠨ ᠱᠠᠭᠠᠷᠳᠠᠯᠭ᠎ᠠ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠮ ᠤᠨ ᠵᠦᠢᠯ ︵ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ | ᠡᠳ᠋ ᠪᠠᠭᠲᠠᠨ᠎ᠠ᠂ ᠳᠣᠷᠣᠭᠰᠢ ᠠᠳᠠᠯᠢ︶ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ | ᠤᠯᠠᠮ ᠨᠢᠭᠡ ᠠᠯᠬᠤᠮ ᠴᠢᠩᠭᠠᠳᠬᠠᠨ᠂ ᠪᠥᠬᠦ ᠠᠶᠢᠮᠠᠭ ᠤᠨ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ | ᠪᠠᠲᠤᠯᠠᠬᠤ ᠶᠢᠨ ᠲᠤᠰᠠᠳᠠ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠳᠤᠤᠷᠠᠬᠢ ᠮᠡᠲᠦ ᠠᠷᠭ᠎ᠠ | ᠬᠡᠮᠵᠢᠶ᠎ᠡ ᠶᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ︽ᠳᠥᠷᠪᠡᠨ ᠬᠠᠮᠤᠭ ᠤᠨ | ᠴᠢᠩᠭ᠎ᠠ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠰᠠᠭᠤᠷᠢ ᠪᠠᠨ ᠪᠠᠲᠤᠳᠬᠠᠵᠤ᠂ ᠳᠤᠲᠠᠭᠤᠳᠠᠯ ᠢᠶᠠᠨ | ᠨᠥᠬᠦᠪᠥᠷᠢᠯᠡᠨ᠂ ᠪᠣᠭᠤᠮᠢ ᠶᠢ ᠡᠪᠳᠡᠵᠦ᠂ ᠳᠡᠭᠡᠭᠰᠢᠯᠡᠯᠲᠡ ᠶᠢ ᠠᠬᠢᠭᠤᠯᠤᠨ᠂ ᠡᠮ ᠤᠨ ᠵᠦᠢᠯᠡᠰ ᠤᠨ ᠠᠮᠤᠷ ᠲᠦᠪᠰᠢᠨ | ᠪᠠ ᠠᠵᠤ ᠦᠢᠯᠡᠰ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠡᠮ ᠤᠨ ᠵᠦᠢᠯᠡᠰ ᠤᠨ ᠰᠢᠨᠵᠢᠯᠡᠬᠦ | ᠤᠬᠠᠭᠠᠨᠴᠢ᠂ ᠥᠨᠳᠥᠷ ᠪᠦᠲᠦᠮᠵᠢᠲᠡᠶ᠂ ᠡᠷᠬᠡ ᠰᠦᠷ ᠲᠠᠢ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠬᠡᠨ | ᠪᠠᠶᠢᠭᠤᠯᠤᠨ ᠪᠦᠷᠢᠨᠰᠢᠭᠦᠯᠵᠦ᠂ ᠲᠤᠯᠭᠠᠭᠤᠷᠢᠯᠠᠨ ᠪᠠᠲᠤᠯᠠᠬᠤ ᠴᠢᠳᠠᠪᠤᠷᠢ ᠪᠠᠨ ᠳᠡᠭᠡᠭᠰᠢᠯᠡᠭᠦᠯᠦᠨ᠂ ᠡᠮ ᠤᠨ | ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠡᠷᠡᠰ ᠰᠠᠬᠢᠵᠤ᠂ ᠡᠮ ᠤᠨ ᠵᠦᠢᠯᠡᠰ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠪᠠ ᠬᠢᠨᠠᠯᠲᠠ ᠬᠠᠮᠢᠶᠠᠷᠤᠯᠲᠠ ᠶᠢᠨ ᠠᠵᠢᠯ ᠤᠨ ᠰᠢᠨᠵᠢᠯᠡᠬᠦ ᠤᠬᠠᠭᠠᠨᠴᠢᠯᠠᠭᠰᠠᠨ᠂ | ᠬᠠᠤᠯᠢ ᠪᠠᠷ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠠᠶᠢᠮᠠᠭ ᠤᠨ ᠠᠷᠠᠳ ᠣᠯᠠᠨ ᠤ ᠡᠮ ᠤᠨ | ᠵᠦᠢᠯᠡᠰ ᠤᠨ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠶᠢ ᠨᠠᠩ ᠰᠠᠶᠢᠨ ᠬᠠᠩᠭᠠᠨ᠎ᠠ᠃ | ᠬᠤᠶᠠᠷ᠂ ᠭᠤᠤᠯᠳᠠᠯᠭ᠎ᠠ ᠲᠠᠢ ᠠᠷᠭ᠎ᠠ ᠬᠡᠮᠵᠢᠶ᠎ᠡ | ︵ᠨᠢᠭᠡ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠸᠠᠺᠼᠢᠨ᠂ ᠣᠨᠴᠣᠭᠤᠶ ᠡᠮ ᠤᠨ | ᠵᠦᠢᠯ᠂ ᠰᠦᠯᠵᠢᠶᠡᠨ ᠳᠡᠭᠡᠷ᠎ᠡ ᠪᠣᠷᠣᠯᠠᠭᠤᠯᠬᠤ ᠡᠮ ᠤᠨ ᠵᠦᠢᠯ᠂ ᠬᠢᠲᠠᠳ ᠴᠢᠨᠠᠬᠤ ᠡᠮ᠂ ᠪᠠᠺᠲ᠋ᠧᠷᠢ ᠥᠬᠡᠶ ᠪᠠ | ᠲᠠᠷᠢᠵᠤ ᠣᠷᠣᠭᠤᠯᠬᠤ ᠴᠢᠨᠠᠷᠲᠠᠶ ᠡᠮᠴᠢᠯᠡᠭᠡᠨ ᠤ ᠪᠠᠭᠠᠵᠢ ᠬᠡᠷᠡᠭᠰᠡᠯ᠂ ᠬᠡᠦᠬᠡᠳ ᠵᠢᠴᠢ ᠣᠨᠴᠣᠭᠤᠶ ᠬᠡᠷᠡᠭᠴᠡᠭᠡᠨ ᠤ | ᠵᠠᠰᠠᠯ ᠴᠢᠮᠡᠭ ᠤᠨ ᠡᠳ᠋ ᠵᠡᠷᠭᠡ ᠭᠤᠤᠯᠳᠠᠯᠭ᠎ᠠ ᠲᠠᠢ ᠦᠢᠯᠡᠳᠬᠦᠨ ᠤ ᠲᠣᠭᠤᠷᠢᠨ ᠳᠤ ᠲᠤᠰᠬᠠᠶ ᠵᠦᠢᠯ ᠢᠶᠠᠷ ᠴᠡᠭᠴᠡᠯᠡᠨ | ᠵᠠᠰᠠᠬᠤ ᠶᠢ ᠦᠷᠭᠦᠯᠵᠢᠯᠡᠨ ᠥᠷᠨᠢᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ ᠲᠦᠭᠰᠢᠭᠦᠷᠢ ᠶᠢᠨ ᠴᠡᠭ ᠢ | ᠬᠢᠨᠠᠮᠠᠭᠠᠶ ᠡᠷᠢᠨ᠎ᠡ᠃ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠬᠤ᠂ | ᠮᠠᠭᠤ ᠲᠤᠰᠬᠠᠯ ᠭᠠᠷᠭᠠᠬᠤ / ᠬᠡᠷᠡᠭ ᠢ ᠬᠢᠨᠠᠨ ᠬᠡᠮᠵᠢᠬᠦ᠂ ᠵᠠᠭᠠᠯᠳᠤᠵᠤ ᠢᠯᠡᠴᠢᠯᠡᠨ ᠮᠡᠳᠡᠭᠦᠯᠬᠦ᠂ ᠶᠠᠷᠢᠶ᠎ᠠ | ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠶᠢᠨ | ᠲᠦᠭᠰᠢᠭᠦᠷᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠵᠣᠬᠢᠴᠠᠭᠤᠯᠤᠨ ᠬᠠᠮᠲᠤᠷᠠᠨ ᠬᠥᠳᠡᠯᠦᠯᠴᠡᠬᠦ | ᠲᠣᠭᠲᠠᠴᠠ ᠶᠢ ᠪᠣᠶ ᠪᠣᠯᠭᠠᠨ᠂ ᠲᠦᠭᠰᠢᠭᠦᠷᠢ ᠶᠢ ᠴᠠᠭ ᠲᠤᠬᠠᠶ ᠳᠤᠨᠢ ᠬᠢᠨᠠᠨ ᠬᠡᠮᠵᠢᠬᠦ᠂ ᠣᠨᠣᠪᠴᠢᠲᠠᠶ ᠰᠤᠳᠤᠯᠤᠨ | ᠮᠠᠭᠠᠳᠯᠠᠬᠤ᠂ ᠰᠢᠨᠵᠢᠯᠡᠬᠦ ᠤᠬᠠᠭᠠᠨᠴᠢ ᠪᠠᠷ ᠰᠡᠷᠡᠮᠵᠢᠯᠡᠭᠦᠯᠬᠦ ᠪᠠ ᠪᠦᠲᠦᠮᠵᠢᠲᠡᠶ ᠰᠢᠢᠳᠪᠦᠷᠢᠯᠡᠬᠦ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠲᠦᠭᠰᠢᠭᠦᠷᠢ ᠶᠢ ᠰᠡᠷᠭᠡᠶᠢᠯᠡᠨ | ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︔ ᠬᠠᠮᠵᠢᠯᠴᠠᠬᠤ | ᠨᠢᠭᠡᠴᠡ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ︶ | ︵ᠬᠤᠶᠠᠷ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠪᠥᠬᠦ ᠠᠶᠢᠮᠠᠭ ᠤᠨ | ᠲᠤᠰᠬᠠᠶ ᠮᠡᠷᠭᠡᠵᠢᠯ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠦᠨᠳᠦᠰᠦᠨ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠᠶᠢᠭᠤᠯᠤᠮᠵᠢ᠂ ᠡᠷᠡᠭᠦᠯ ᠪᠤᠰᠤ ᠤᠷᠪᠠᠯ ᠤᠨ ᠪᠠᠶᠢᠭᠤᠯᠤᠮᠵᠢ᠂ ᠢᠳᠡᠭᠡᠨ | ᠪᠠ ᠡᠮ ᠤᠨ ᠵᠦᠢᠯ ᠤᠨ ᠰᠤᠭᠤᠴᠢᠨ ᠪᠠᠶᠢᠴᠠᠭᠠᠬᠤ ᠪᠠᠶᠢᠭᠤᠯᠤᠮᠵᠢ ᠠᠴᠠ ᠲᠥᠯᠥᠪᠯᠡᠭᠡ ᠪᠠ ᠠᠯᠬᠤᠮ ᠳᠠᠷᠠᠭ᠎ᠠ | ᠶᠣᠰᠣᠭᠠᠷ ᠨᠥᠬᠦᠴᠡᠯ ᠳᠤ ᠨᠡᠶᠢᠴᠡᠬᠦ ᠠᠵᠢᠯᠲᠠᠨ ᠢ ᠬᠥᠮᠦᠵᠢᠭᠦᠯᠦᠨ ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ | ᠪᠣᠯᠭᠠᠵᠤ᠂ ᠡᠮ ᠤᠨ ᠵᠦᠢᠯ ᠤᠨ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢ ᠲᠡᠭᠦᠯᠳᠡᠷᠵᠢᠭᠦᠯᠬᠦ | ᠬᠡᠷᠡᠭᠲᠡᠶ᠃ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠵᠢᠯᠲᠠᠨ | ᠢᠯᠡ ᠪᠠᠷ ᠤᠷᠢᠬᠤ ᠶᠠᠪᠤᠴᠠ ᠳᠤ᠂ ᠵᠣᠬᠢᠬᠤ ᠬᠠᠷᠢᠴᠠᠯ ᠢᠶᠠᠷ ᠡᠮ ᠤᠨ ᠤᠬᠠᠭᠠᠨ᠂ ᠡᠮᠴᠢᠯᠡᠭᠡᠨ ᠤ ᠪᠠᠭᠠᠵᠢ ᠬᠡᠷᠡᠭᠰᠡᠯ | ᠵᠢᠴᠢ ᠬᠠᠮᠢᠶ᠎ᠠ ᠪᠦᠬᠦᠢ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠪᠠᠶᠢᠷᠢ ᠳᠤ ᠣᠴᠢᠭᠤᠯᠤᠨ ᠲᠡᠭᠦᠯᠳᠡᠷᠵᠢᠭᠦᠯᠵᠦ᠂ ᠬᠥᠮᠦᠨ ᠪᠠ ᠠᠵᠢᠯ ᠤᠨ ᠪᠠᠶᠢᠷᠢ ᠶᠢ | ᠬᠠᠷᠢᠯᠴᠠᠨ ᠲᠣᠬᠢᠷᠠᠯᠴᠠᠭᠤᠯᠬᠤ᠂ ᠬᠥᠮᠦᠨ ᠤ ᠴᠢᠳᠠᠪᠤᠷᠢ ᠶᠢ ᠬᠦᠢᠴᠡᠳ ᠪᠠᠳᠠᠷᠠᠭᠤᠯᠬᠤ ᠶᠢ ᠪᠡᠶᠡᠯᠡᠭᠦᠯᠬᠦ ᠬᠡᠷᠡᠭᠲᠡᠶ᠃ | ᠬᠥᠮᠦᠵᠢᠯ ᠪᠣᠯᠪᠠᠰᠤᠷᠠᠭᠤᠯᠤᠯ ᠤᠨ ᠠᠷᠭ᠎ᠠ ᠵᠠᠮ ᠢ ᠥᠷᠭᠡᠳᠬᠡᠵᠦ᠂ ︽ᠰᠦᠯᠵᠢᠶ᠎ᠡ + ᠳᠠᠳᠤᠯᠭ᠎ᠠ ᠪᠣᠯᠪᠠᠰᠤᠷᠠᠭᠤᠯᠤᠯ | + ᠭᠠᠳᠠᠭᠰᠢ ᠲᠣᠮᠢᠯᠠᠯᠲᠠ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠦᠢᠯᠡᠳᠪᠦᠷᠢᠯᠡᠬᠦ᠂ | ᠡᠵᠡᠩᠨᠡᠬᠦ᠂ ᠬᠡᠷᠡᠭᠯᠡᠬᠦ ᠵᠡᠷᠭᠡ ᠪᠠᠶᠢᠴᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠠᠯ ᠳᠤ | ᠨᠡᠶᠢᠴᠡᠭᠦᠯᠦᠨ ᠨᠤᠲᠠᠯᠠᠬᠤ ᠪᠠ ᠲᠦᠭᠰᠢᠭᠦᠷᠢ ᠶᠢ ᠰᠤᠳᠤᠯᠤᠨ ᠮᠠᠭᠠᠳᠯᠠᠨ᠎ᠠ᠃ ︵ᠲᠦᠷᠦᠭᠦᠯᠡᠬᠦ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ | ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ | ᠵᠥᠪᠯᠡᠯ︔ ᠬᠠᠮᠵᠢᠯᠴᠠᠬᠤ ᠨᠢᠭᠡᠴᠡ᠄ ᠠᠶᠢᠮᠠᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ︶ | ︵ᠭᠤᠷᠪᠠ︶ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠪᠥᠬᠦ ᠠᠶᠢᠮᠠᠭ ᠤᠨ ᠡᠮ ᠤᠨ | ᠵᠦᠢᠯ ᠢ ᠪᠠᠶᠢᠴᠠᠭᠠᠬᠤ ᠠᠵᠢᠯ ᠢ ᠨᠢᠭᠡᠳᠦᠯᠲᠡᠢ ᠲᠥᠯᠥᠪᠯᠡᠨ ᠰᠢᠮᠳᠠᠭᠤᠯᠤᠨ ᠵᠢᠯᠤᠭᠤᠳᠴᠤ᠂ ᠪᠠᠶᠢᠳᠠᠯ ᠢ ᠦᠵᠡᠵᠦ | ᠪᠠᠶᠢᠭᠠᠳ ᠡᠯ᠎ᠡ ᠬᠤᠰᠢᠭᠤ ᠣᠷᠣᠨ ᠤ ᠬᠡᠷᠡᠭ ᠢ ᠪᠠᠶᠢᠴᠠᠭᠠᠨ ᠰᠢᠢᠳᠪᠦᠷᠢᠯᠡᠭᠰᠡᠨ ᠪᠠᠶᠢᠳᠠᠯ ᠢ ᠨᠡᠪᠲᠡᠷᠡᠭᠦᠯᠦᠨ᠎ᠡ᠃ | ᠪᠠᠷᠠᠭᠠᠨ ᠤ ᠥᠷᠲᠡᠭ ᠤᠨ ᠵᠣᠭᠤᠰ ᠤᠨ ᠲᠤᠭ᠎ᠠ ᠨᠢ 50 ᠲᠦᠮᠡᠨ ᠲᠥᠭᠦᠷᠢᠭ ᠠᠴᠠ ᠳᠡᠭᠡᠭᠰᠢᠬᠢ ᠬᠦᠨᠳᠦ ᠶᠡᠭᠡ | ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠦ ᠵᠠᠯᠬᠠᠭᠠᠨ ᠰᠢᠳᠬᠡᠬᠦ ᠡᠷᠴᠢᠮ ᠢᠶᠠᠨ ᠦᠨᠡᠨᠬᠦ | ᠴᠢᠩᠭᠠᠷᠠᠭᠤᠯᠤᠨ᠎ᠠ᠃ᠡᠮ ᠤᠨ ᠵᠦᠢᠯ ᠢ ᠮᠥᠷᠳᠡᠨ ᠪᠠᠶᠢᠴᠠᠭᠠᠬᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠤ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ | ᠬᠥᠮᠥᠵᠢᠭᠦᠯᠬᠦ ᠶᠢ ᠠᠬᠢᠭᠤᠯᠤᠨ᠎ᠠ᠃ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ | ᠪᠥᠬᠦ ᠲᠠᠯ᠎ᠠ ᠪᠠᠷ ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ | ᠡᠳ᠋ ᠤᠨ ᠵᠠᠰᠠᠭ ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠶᠢ | ᠴᠢᠩᠳᠠᠯᠠᠨ᠎ᠠ᠃︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠬᠠᠮᠢᠶᠠᠷᠤᠯᠲᠠ ᠶᠢᠨ ᠵᠥᠪᠯᠡᠯ︔ᠬᠠᠮᠵᠢᠯᠴᠠᠬᠤ | ᠨᠢᠭᠡᠴᠡ᠄ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ | ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ | ᠬᠤᠷᠢᠶ᠎ᠠ︶ | ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ᠬᠢᠨᠠᠨ ᠬᠠᠮᠢᠶᠠᠷᠬᠤ ᠠᠵᠢᠯ ᠤᠨ | ᠡᠷᠬᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠠᠶᠢᠮᠠᠭ᠂ ᠬᠤᠰᠢᠭᠤ | ᠣᠷᠣᠨ᠂ ᠰᠤᠮᠤ ᠪᠠᠯᠭᠠᠰᠤ ᠭᠤᠷᠪᠠᠨ ᠱᠠᠲᠤᠨ ᠤ ᠬᠠᠮᠵᠢᠯᠴᠠᠨ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠡᠯ᠎ᠡ | ᠱᠠᠲᠤᠨ ᠤ ᠡᠮ ᠤᠨ ᠵᠦᠢᠯ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ | ᠂ ᠬᠢᠨᠠᠯᠲᠠ ᠲᠠᠯᠪᠢᠵᠤ ᠪᠠᠶᠢᠴᠠᠭᠠᠬᠤ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠪᠠ ᠪᠠᠶᠢᠴᠠᠭᠠᠵᠤ ᠬᠠᠤᠯᠢ | ᠬᠡᠷᠡᠭᠵᠢᠭᠦᠯᠬᠦ ᠵᠡᠷᠭᠡ ᠠᠵᠢᠯ ᠤᠨ ᠵᠢᠯᠣᠭᠤᠳᠤᠯᠭ᠎ᠠ ᠪᠠ ᠦᠨᠡᠯᠡᠨ ᠵᠢᠱᠢᠯᠲᠡ ᠶᠢ ᠴᠢᠩᠭᠠᠳᠬᠠᠵᠤ᠂ ᠪᠥᠬᠦ | ᠠᠶᠢᠮᠠᠭ ᠢᠶᠠᠷ ᠢᠶᠠᠨ ᠵᠢᠯ ᠪᠦᠷᠢ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠱᠠᠲᠤ ᠠᠯᠤᠰᠯᠠᠭᠰᠠᠨ᠂ ᠰᠠᠯᠠᠭ᠎ᠠ ᠮᠥᠴᠢᠷ | ᠠᠯᠤᠰᠯᠠᠭᠰᠠᠨ ᠲᠦᠭᠰᠢᠭᠦᠷᠢ ᠶᠢᠨ ᠵᠥᠪᠳᠡᠯᠴᠡᠭᠡ ᠶᠢ ᠵᠣᠬᠢᠶᠠᠨ ᠪᠠᠶᠢᠭᠤᠯᠤᠨ᠎ᠠ᠃ᠡᠯ᠎ᠡ ᠱᠠᠲᠤᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠣᠲᠣᠭᠠᠳᠤ ᠶᠢ ᠬᠠᠮᠠᠭᠠᠯᠠᠬᠤ᠂ ᠪᠠᠶᠢᠴᠠᠭᠠᠬᠤ᠂ ᠰᠢᠭᠦᠬᠦ ᠵᠡᠷᠭᠡ | ᠰᠠᠯᠠᠭ᠎ᠠ ᠮᠥᠴᠢᠷ ᠯᠦᠭᠡ ᠵᠣᠯᠭᠠᠭᠤᠯᠬᠤ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠴᠢᠬᠤᠯᠠ ᠶᠡᠭᠡ ᠬᠡᠷᠡᠭ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠵᠠᠷᠯᠠᠨ ᠮᠡᠳᠡᠭᠳᠡᠵᠦ᠂ ᠡᠮ ᠤᠨ ᠵᠦᠢᠯ ᠤᠨ ᠶᠠᠯ᠎ᠠ | ᠬᠢᠭᠰᠡᠨ ᠰᠡᠵᠢᠭᠯᠡᠯᠲᠡᠢ ᠬᠡᠷᠡᠭ ᠢ ᠰᠢᠯᠵᠢᠭᠦᠯᠦᠨ ᠬᠦᠷᠭᠡᠵᠦ᠂ ᠰᠢᠯᠭᠠᠨ ᠪᠠᠶᠢᠴᠠᠭᠠᠵᠤ ᠮᠠᠭᠠᠳᠯᠠᠨ ᠲᠣᠭᠲᠠᠭᠠᠬᠤ᠂ | ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠠᠯᠪᠠᠳᠠᠯᠭ᠎ᠠ ᠪᠠᠷ ᠭᠦᠢᠴᠡᠳᠬᠡᠬᠦ ᠵᠡᠷᠭᠡ ᠠᠵᠢᠯ ᠢ ᠰᠠᠶᠢᠲᠤᠷ ᠬᠢᠵᠦ᠂ | ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃︵ | ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ︔ᠬᠠᠮᠵᠢᠯᠴᠠᠬᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠠᠶᠢᠮᠠᠭ ᠤᠨ ᠠᠷᠠᠳ ᠤᠨ ᠳᠣᠮᠳᠠᠳᠣ ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ | ᠪᠠᠶᠢᠴᠠᠭᠠᠬᠤ ᠬᠤᠪᠢᠶᠠᠷᠢ ᠬᠤᠷᠢᠶ᠎ᠠ︶ | ︵ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠤᠨ ᠵᠦᠢᠯ | ᠪᠣᠯᠣᠨ ᠵᠠᠰᠠᠯ ᠴᠢᠮᠡᠭ ᠤᠨ ᠡᠳ᠋ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠣᠯᠣᠨ | ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠬᠡᠨ ᠠᠬᠢᠭᠤᠯᠵᠤ᠂ ᠠᠶᠢᠮᠠᠭ ᠤᠨ | ᠱᠠᠲᠤᠨ ᠤ ᠡᠮ ᠤᠨ ᠵᠦᠢᠯ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ | ᠤᠯᠤᠰ ᠤᠨ C ᠲᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠲᠦᠯᠬᠢᠨ ᠠᠬᠢᠭᠤᠯᠵᠤ᠂ ᠣᠷᠣᠨ | ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠢ᠃ᠣᠷᠣᠨ | ᠨᠤᠲᠤᠭ ᠤᠨ ᠬᠥᠭᠵᠢᠯᠲᠡ ᠪᠠ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠡᠮ ᠤᠨ ᠵᠦᠢᠯ | ᠪᠠ ᠭᠤᠶᠣᠯᠠᠯ ᠤᠨ ᠡᠳ᠋ ᠵᠡᠷᠭᠡ ᠬᠠᠮᠢᠶ᠎ᠠ ᠪᠦᠬᠦᠢ ᠲᠤᠰᠬᠠᠢ ᠮᠡᠷᠭᠡᠵᠢᠯ ᠤᠨ ᠠᠵᠢᠯᠲᠠᠨ ᠢ ᠬᠠᠨᠳᠤᠯᠭ᠎ᠠ ᠲᠠᠢ ᠪᠠᠷ | ᠣᠷᠣᠭᠤᠯᠤᠨ ᠠᠪᠴᠢᠷᠠᠵᠤ᠂ ᠦᠢᠯᠡᠳᠪᠦᠷᠢᠯᠡᠬᠦ ᠵᠢᠭᠠᠬᠤ ᠰᠤᠳᠤᠯᠬᠤ ᠶᠢ ᠤᠶᠠᠯᠳᠤᠭᠤᠯᠬᠤ ᠶᠢ ᠴᠢᠩᠭᠠᠳᠬᠠᠨ᠂ | ᠥᠨᠳᠥᠷ ᠬᠡᠪ ᠪᠣᠯᠪᠠᠰᠤᠷᠠᠯ ᠲᠠᠢ ᠮᠡᠷᠭᠡᠵᠢᠯ ᠤᠨ ᠠᠵᠢᠯᠲᠠᠨ ᠤ ᠡᠩᠨᠡᠭᠡ ᠶᠢ ᠪᠠᠶᠢᠭᠤᠯᠵᠤ᠂ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃︵ᠲᠦᠷᠦᠭᠦᠯᠡᠬᠦ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ᠬᠠᠮᠵᠢᠯᠴᠠᠬᠤ ᠨᠢᠭᠡᠴᠡ᠄ | ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠠᠶᠢᠮᠠᠭ ᠤᠨ ᠡᠳ᠋ ᠤᠨ ᠵᠠᠰᠠᠭ ᠤᠨ | ᠲᠣᠪᠴᠢᠶ᠎ᠠ︶ | ︵ᠵᠢᠷᠭᠤᠭ᠎ᠠ︶ ᠡᠮ ᠤᠨ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ᠡᠮ ᠤᠨ ᠵᠦᠢᠯ ᠤᠨ ᠮᠠᠭᠤ | ᠤᠷᠪᠠᠯ ᠢ ᠬᠢᠨᠠᠨ ᠬᠡᠮᠵᠢᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭ᠎ᠠ ᠪᠠᠨ ᠭᠦᠢᠴᠡᠳᠬᠡᠭᠰᠡᠨ ᠡᠮ ᠤᠨ ᠵᠦᠢᠯ ᠤᠨ ᠰᠡᠷᠡᠮᠵᠢᠯᠡᠭᠦᠯᠬᠦ ᠠᠵᠢᠯ ᠤᠨ ᠪᠠᠶᠢᠷᠢᠰᠢᠯ ᠢ ᠲᠦᠷᠬᠡᠨ | ᠪᠠᠶᠢᠭᠤᠯᠤᠨ᠎ᠠ᠃ᠡᠮ ᠤᠨ ᠵᠦᠢᠯ ᠤᠨ ᠮᠠᠭᠤ ᠲᠤᠰᠬᠠᠯ᠂ ᠡᠮᠴᠢᠯᠡᠭᠡᠨ ᠤ ᠪᠠᠭᠠᠵᠢ ᠬᠡᠷᠡᠭᠰᠡᠯ ᠤᠨ ᠮᠠᠭᠤ ᠬᠡᠷᠡᠭ᠂ ᠵᠠᠰᠠᠯ | ᠴᠢᠮᠡᠭ ᠤᠨ ᠡᠳ᠋ ᠤᠨ ᠮᠠᠭᠤ ᠤᠷᠪᠠᠯ ᠢ ᠬᠢᠨᠠᠨ ᠬᠡᠮᠵᠢᠬᠦ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠠᠰᠤᠷᠠᠯᠲᠠ | ᠦᠭᠡᠢ ᠠᠬᠢᠭᠤᠯᠵᠤ᠂ ᠬᠤᠶᠠᠳᠤᠭᠠᠷ ᠳᠡᠰ ᠠᠴᠠ ᠳᠡᠭᠡᠭᠰᠢᠬᠢ ᠡᠮᠴᠢᠯᠡᠭᠡᠨ ᠤ ᠪᠠᠶᠢᠭᠤᠯᠤᠮᠵᠢ ᠶᠢᠨ ᠮᠡᠳᠡᠭᠦᠯᠦᠯᠲᠡ ᠶᠢᠨ | ᠬᠢᠨᠠᠨ ᠬᠡᠮᠵᠢᠯᠲᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠦᠨ᠎ᠡ᠃ᠮᠡᠳᠡᠭᠡ ᠵᠠᠩᠭᠢ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ | ᠬᠢᠵᠠᠭᠠᠷᠯᠠᠬᠤ ᠪᠠᠶᠢᠭᠤᠯᠤᠮᠵᠢ ᠶᠢᠨ ᠰᠡᠷᠭᠡᠶᠢᠯᠡᠬᠦ ᠲᠠᠷᠢᠯᠭ᠎ᠠ ᠶᠢᠨ ᠬᠡᠪ ᠤᠨ ᠪᠤᠰᠤ ᠰᠡᠵᠢᠭᠯᠡᠯᠲᠡᠢ ᠲᠤᠰᠬᠠᠯ ᠢ ᠬᠢᠨᠠᠨ | ᠬᠡᠮᠵᠢᠬᠦ ᠰᠢᠰᠲ᠋ᠧᠮ ᠯᠦᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ᠵᠢᠯ | ᠪᠦᠷᠢ ᠶᠢᠨ ᠵᠠᠭᠤᠨ ᠲᠦᠮᠡᠨ ᠬᠥᠮᠥᠨ ᠠᠮᠠ ᠨᠢᠭᠡᠪᠦᠷᠢ ᠶᠢᠨ ᠮᠠᠭᠤ ᠲᠤᠰᠬᠠᠯ ︵ᠬᠡᠷᠡᠭ︶ ᠢ ᠬᠢᠨᠠᠨ ᠬᠡᠮᠵᠢᠭᠰᠡᠨ | ᠮᠡᠳᠡᠭᠦᠯᠦᠯᠲᠡ ᠶᠢᠨ ᠲᠤᠭ᠎ᠠ ᠶᠢ 1000 ᠬᠤᠪᠢ ᠠᠴᠠ ᠳᠡᠭᠡᠭᠰᠢ ᠳᠤ ᠬᠦᠷᠦᠭᠦᠯᠦᠨ᠎ᠡ᠃︵ᠲᠦᠷᠦᠭᠦᠯᠡᠬᠦ ᠨᠢᠭᠡᠴᠡ᠄ | ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ︔ᠬᠠᠮᠵᠢᠯᠴᠠᠬᠤ ᠨᠢᠭᠡᠴᠡ᠄ ᠡᠯ᠎ᠡ ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ᠂ | ᠬᠠᠮᠢᠶᠠᠷᠤᠯᠲᠠ ᠶᠢᠨ ᠵᠥᠪᠯᠡᠯ︶ | ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠳᠡᠭᠦᠯᠳᠡᠷᠵᠢᠬᠦᠯᠦᠨ᠎ᠡ᠃ | ᠡᠯ᠎ᠡ ᠬᠤᠰᠢᠭᠤ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠬᠠᠷᠢᠶ᠎ᠠ | ᠭᠠᠵᠠᠷ ᠤᠨ ᠢᠶᠠᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠸᠠᠺᠼᠢᠨ ᠡᠮ ᠤᠨ ᠵᠦᠢᠯ ᠤᠨ | ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭᠤᠯᠤᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠪᠠᠴᠢᠮ | ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠵᠤ᠂ ᠵᠣᠬᠢᠬᠤ ᠲᠠᠰ ᠤᠨ ᠡᠮ ᠤᠨ | ᠵᠦᠢᠯ ᠤᠨ ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠨᠠᠭᠠᠲᠤ | ᠵᠠᠬ᠎ᠠ ᠳᠠᠭᠠᠨ 3 ᠵᠢᠯ ᠳᠤ 1 ᠤᠳᠠᠭ᠎ᠠ ᠠᠴᠠ ᠳᠤᠲᠠᠭᠤ ᠦᠭᠡᠢ ᠵᠣᠬᠢᠶᠠᠨ ᠪᠠᠶᠢᠭᠤᠯᠬᠤ ᠬᠡᠷᠡᠭᠲᠡᠢ᠃ᠨᠢᠭᠡᠳᠦᠯᠲᠡᠢ | ᠵᠢᠯᠤᠭᠤᠳᠬᠤ᠂ ᠱᠠᠲᠤ ᠬᠤᠪᠢᠶᠠᠨ ᠬᠠᠷᠢᠭᠤᠴᠠᠬᠤ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ | ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠪᠠᠴᠢᠮ ᠪᠠᠶᠢᠳᠠᠯ ᠢ ᠠᠷᠭᠠᠴᠠᠬᠤ ᠠᠵᠢᠯ ᠤᠨ | ᠰᠢᠰᠲ᠋ᠧᠮᠵᠢ ᠶᠢ ᠪᠠᠶᠢᠭᠤᠯᠵᠤ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃︵ᠲᠦᠷᠦᠭᠦᠯᠡᠬᠦ ᠨᠢᠭᠡᠴᠡ᠄ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ | ᠬᠠᠮᠵᠢᠯᠴᠠᠬᠤ ᠨᠢᠭᠡᠴᠡ᠄ ᠠᠶᠢᠮᠠᠭ ᠤᠨ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠵᠥᠪᠯᠡᠯ ᠤᠨ ᠡᠯ᠎ᠡ | ᠪᠦᠷᠢᠯᠳᠦᠭᠦᠨ ᠨᠢᠭᠡᠴᠡ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠨᠠᠢᠮᠠ︶ ︽ᠢᠨᠲ᠋ᠧᠷ ᠰᠦᠯᠵᠢᠶ᠎ᠡ + ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃︽ᠢᠨᠲ᠋ᠧᠷ ᠰᠦᠯᠵᠢᠶ᠎ᠡ +︾ ᠰᠢᠯᠵᠢᠮᠡᠯ ᠢᠨᠲ᠋ᠧᠷ | ᠰᠦᠯᠵᠢᠶ᠎ᠡ ᠶᠢ ᠬᠤᠯᠪᠤᠭᠠᠯᠠᠨ ᠬᠡᠷᠡᠭᠯᠡᠬᠦ ᠶᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ | ᠠᠰᠢᠭᠯᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ | ᠲᠦᠯᠬᠢᠨ ᠠᠬᠢᠭᠤᠯᠵᠤ᠂ ᠡᠯ᠎ᠡ ᠬᠤᠰᠢᠭᠤ ᠣᠷᠣᠨ ᠳᠤ ᠪᠠᠭᠤᠯᠭᠠᠭᠰᠠᠨ ᠡᠮ ᠤᠨ ᠵᠦᠢᠯ ᠤᠨ ᠡᠵᠡᠩᠨᠡᠯᠲᠡ ᠶᠢᠨ | ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ ᠢ ︽ᠵᠠᠯᠭᠠᠨ ᠠᠪᠴᠤ ᠳᠡᠶᠢᠯᠬᠦ︾ ᠪᠣᠯᠭᠠᠨ᠎ᠠ᠃ | ᠥᠪᠥᠷ ᠮᠣᠩᠭᠤᠯ ᠤᠨ ᠡᠮ ᠤᠨ ᠵᠦᠢᠯ ᠤᠨ ᠣᠶᠤᠨᠴᠢ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠢᠳᠡᠪᠬᠢᠲᠡᠢ | ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ ᠬᠤᠯᠪᠣᠭᠠᠯᠠᠵᠤ | ᠬᠠᠷᠢᠯᠴᠠᠨ ᠨᠡᠪᠲᠡᠷᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠬᠦᠷᠲᠡᠵᠦ ᠬᠠᠮᠲᠤᠪᠠᠷ ᠬᠡᠷᠡᠭᠯᠡᠬᠦ ᠶᠢ ᠠᠬᠢᠭᠤᠯᠵᠤ᠂ | ᠲᠤᠬᠠᠶᠢᠯᠠᠭᠰᠠᠨ ᠠᠵᠢᠯ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠣᠶᠤᠨᠴᠢᠯᠠᠭᠰᠠᠨ ᠬᠠᠮᠵᠢᠯᠴᠠᠨ | ᠵᠠᠰᠠᠬᠤ ᠶᠢ ᠠᠬᠢᠭᠤᠯᠤᠨ᠎ᠠ᠃ᠪᠥᠬᠦ ᠠᠶᠢᠮᠠᠭ ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠨᠢ ᠥᠪᠡᠷᠲᠡᠭᠡᠨ | ᠵᠠᠰᠠᠬᠤ ᠣᠷᠣᠨ ᠤ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠲᠠᠪᠴᠠᠩ ᠪᠠ ᠬᠢᠵᠢᠭ ᠤᠨ ᠪᠠᠶᠢᠳᠠᠯ ᠢ ᠬᠢᠨᠠᠨ ᠬᠡᠮᠵᠢᠵᠦ | ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠳᠤ 100% ᠪᠠᠷ ᠣᠷᠣᠵᠤ᠂ ᠬᠢᠨᠠᠯᠲᠠ ᠲᠠᠯᠪᠢᠵᠤ ᠪᠠᠶᠢᠴᠠᠭᠠᠬᠤ | ᠨᠣᠷᠮ᠎ᠠ ᠶᠢ ᠪᠦᠬᠦᠨ ᠢ ᠬᠠᠮᠤᠷᠬᠤ ᠶᠢ ᠪᠡᠶᠡᠯᠡᠬᠦᠯᠦᠨ᠎ᠡ᠃ᠰᠦᠯᠵᠢᠶ᠎ᠡ ᠪᠠᠷ ᠪᠣᠷᠣᠯᠠᠭᠤᠯᠬᠤ ᠦᠶᠯᠡ ᠠᠵᠢᠯᠯᠠᠭ᠎ᠠ ᠳᠤ | ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ | ᠴᠢᠮᠡᠭ ᠤᠨ ᠡᠳ᠋ ᠤᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠦᠨ᠎ᠡ᠃︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︔ᠬᠠᠮᠵᠢᠯᠴᠠᠬᠤ ᠨᠢᠭᠡᠴᠡ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ | ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠶᠢᠰᠦ︶ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ᠤᠯᠤᠰ ᠪᠠ ᠥᠪᠡᠷᠲᠡᠭᠡᠨ ᠵᠠᠰᠠᠬᠤ ᠣᠷᠣᠨ ᠤ ︽ᠬᠤᠲᠠ ᠰᠢᠶᠠᠨ ᠤ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠴᠢᠳᠠᠪᠤᠷᠢ ᠶᠢᠨ ᠪᠠᠷᠢᠮᠵᠢᠶᠠᠵᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ | ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ | ᠱᠠᠲᠤᠨ ᠤ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠨᠳᠦᠰᠦᠨ ᠲᠣᠨᠤᠭ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠮ ᠤᠨ ᠵᠦᠢᠯ ᠢ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠦᠷᠢᠯᠳᠦᠭᠦᠯᠦᠭᠰᠡᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠬᠠᠤᠯᠢ ᠬᠡᠷᠡᠭᠵᠢᠭᠦᠯᠬᠦ ᠨᠢᠷᠤᠭᠤᠪᠴᠢ ᠬᠥᠮᠥᠰ ᠤᠨ ᠬᠢᠨᠠᠨ ᠬᠠᠮᠢᠶᠠᠷᠬᠤ ᠠᠵᠢᠯ ᠶᠠᠪᠤᠳᠠᠯ ᠤᠨ ᠡᠷᠬᠡ ᠯᠦᠭᠡ | ᠵᠣᠬᠢᠴᠠᠯᠳᠤᠭᠰᠠᠨ ᠵᠠᠷᠤᠳᠠᠯ᠂ ᠲᠣᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠠ ᠨᠥᠬᠦᠴᠡᠯ ᠢ ᠬᠠᠩᠭᠠᠨ᠎ᠠ᠃︽ | ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ ᠵᠤᠷᠭᠠᠨ ᠤ ᠪᠥᠬᠦ | ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢᠨ ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ ᠵᠢᠯᠤᠭᠤᠳᠬᠤ ᠪᠠᠷᠢᠮᠵᠢᠶ᠎ᠠ ᠶᠢ | ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ﹇ | 2020﹈ 41 ᠳ᠋ᠣᠭᠡᠷ ᠲᠣᠭᠠᠲᠤ︶ ᠢ ᠦᠨᠳᠦᠰᠦᠯᠡᠨ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ | ᠦᠨᠳᠦᠰᠦᠨ ᠲᠣᠨᠤᠭ ᠲᠥᠬᠦᠭᠡᠷᠦᠮᠵᠢ᠂ ᠭᠡᠷᠡᠴᠢ ᠠᠪᠬᠤ ᠪᠠᠭᠠᠵᠢ᠂ ᠲᠦᠷᠭᠡᠨ ᠪᠠᠶᠢᠴᠠᠭᠠᠯᠲᠠ ᠶᠢᠨ ᠲᠣᠨᠤᠭ | ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠲᠣᠨᠤᠭ ᠲᠥᠬᠦᠭᠡᠷᠦᠮᠵᠢ ᠶᠢ ᠲᠣᠬᠢᠷᠠᠭᠤᠯᠤᠨ᠎ᠠ | ᠃ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠬᠠᠷᠢᠶ᠎ᠠ | ᠣᠷᠣᠨ ᠤ ᠪᠠᠨ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠬᠢᠨᠠᠯᠲᠠ | ᠬᠠᠮᠢᠶᠠᠷᠤᠯᠲᠠ ᠶᠢ ᠨᠢᠭᠡᠳᠦᠯᠲᠡᠢ ᠲᠥᠯᠥᠪᠯᠡᠨ᠂ ᠵᠢᠯ ᠪᠦᠷᠢ ᠨᠠᠭᠠᠲᠤ ᠵᠠᠬ᠎ᠠ ᠳᠠᠭᠠᠨ 1 ᠤᠳᠠᠭ᠎ᠠ ᠰᠣᠯᠪᠢᠴᠠᠭᠤᠯᠤᠨ | ᠬᠠᠷᠢᠯᠴᠠᠨ ᠪᠠᠶᠢᠴᠠᠭᠠᠬᠤ᠂ ᠬᠡᠷᠡᠭ ᠤᠨ ᠡᠪᠬᠡᠮᠡᠯ ᠢ ᠦᠨᠡᠯᠡᠨ ᠪᠠᠶᠢᠴᠠᠭᠠᠬᠤ ᠪᠠ ᠨᠡᠶᠢᠲᠡᠯᠢᠭ ᠬᠡᠷᠡᠭ ᠤᠨ ᠵᠢᠱᠢᠶ᠎ᠡ ᠶᠢ | ᠵᠠᠳᠠᠯᠬᠤ᠂ ᠬᠤᠶᠠᠷ ᠤᠳᠠᠭ᠎ᠠ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠲᠣᠰ ᠲᠣᠰ ᠵᠣᠬᠢᠶᠠᠨ | ᠪᠠᠶᠢᠭᠤᠯᠤᠨ ᠥᠷᠨᠢᠭᠦᠯᠵᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠴᠢᠨᠠᠷ ᠪᠠ | ᠪᠣᠳᠠᠲᠤ ᠪᠦᠲᠦᠮᠵᠢᠲᠦ ᠴᠢᠨᠠᠷ ᠢ ᠳᠣᠪᠤᠶᠢᠯᠭᠠᠬᠤ ᠬᠡᠷᠡᠭᠲᠡᠢ᠃︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ᠬᠠᠮᠵᠢᠯᠴᠠᠬᠤ ᠨᠢᠭᠡᠴᠡ᠄ ᠠᠶᠢᠮᠠᠭ ᠤᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠠᠷᠪᠠ︶ ᠡᠮ ᠤᠨ ᠵᠦᠢᠯ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠤᠤᠱᠯᠠᠭᠤᠯᠬᠤ ᠠᠵᠢᠯ ᠢ ᠴᠢᠩᠭᠠᠳᠬᠠᠨ᠎ᠠ᠃︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ | ᠵᠦᠢᠯ ᠤᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ | ᠡᠮᠨᠡᠯᠭᠡ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠸᠠᠺᠼᠢᠨ ᠤ ᠬᠠᠮᠢᠶᠠᠷᠤᠯᠲᠠ ᠶᠢᠨ | ᠬᠠᠤᠯᠢ︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ︽ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠨ᠎ᠠ᠃︽ᠬᠡᠷᠡᠭ ᠢᠶᠠᠷ | ᠬᠠᠤᠯᠢ ᠶᠢ ᠲᠠᠶᠢᠯᠪᠤᠷᠢᠯᠠᠬᠤ︾ ᠵᠡᠷᠭᠡ ᠪᠣᠯᠪᠠᠰᠤᠷᠠᠭᠤᠯᠤᠯ ᠤᠨ ᠠᠵᠢᠯᠯᠠᠭ᠎ᠠ ᠶᠢ ᠥᠷᠨᠢᠭᠦᠯᠵᠦ᠂ ᠬᠢᠨᠠᠨ ᠬᠠᠮᠢᠶᠠᠷᠬᠤ | ᠠᠵᠢᠯᠲᠠᠨ ᠤ ᠬᠠᠤᠯᠢ ᠪᠠᠷ ᠵᠠᠰᠠᠬᠤ ᠬᠡᠪ ᠪᠣᠯᠪᠠᠰᠤᠷᠠᠯ ᠢ ᠴᠢᠩᠭᠠᠷᠠᠭᠤᠯᠣᠨ᠎ᠠ︔ ︽ᠠᠮᠤᠷ ᠲᠦᠪᠰᠢᠨ ᠢᠶᠠᠷ ᠡᠮ | ᠬᠡᠷᠡᠭᠯᠡᠬᠦ ᠰᠠᠷ᠎ᠠ︾ ︽ᠡᠮᠴᠢᠯᠡᠭᠡᠨ ᠤ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ︾ ︽ | ᠵᠠᠰᠠᠯ ᠴᠢᠮᠡᠭ ᠤᠨ ᠡᠳ᠋ ᠤᠨ ᠠᠮᠤᠷ ᠲᠦᠪᠰᠢᠨ ᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ | ᠭᠠᠷᠠᠭ︾ ᠵᠡᠷᠭᠡ ᠠᠵᠢᠯᠯᠠᠭ᠎ᠠ ᠶᠢᠨ ᠠᠴᠢᠶᠠᠯᠠᠪᠤᠷᠢ ᠶᠢ ᠠᠰᠢᠭᠯᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢ | ᠥᠷᠨᠢᠭᠦᠯᠵᠦ᠂ ︽ᠬᠤᠶᠠᠷ ᠵᠦᠢᠯ ᠳᠤ ᠨᠢᠭᠡ ᠵᠦᠢᠯ ᠤᠨ ᠪᠠᠭᠠᠵᠢ ᠵᠡᠪᠰᠡᠭ ᠬᠡᠷᠡᠭᠯᠡᠬᠦ︾ ᠬᠠᠤᠯᠢ ᠴᠠᠭᠠᠵᠠ ᠬᠠᠤᠯᠢ | ᠲᠣᠭᠲᠠᠭᠠᠯ ᠢ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠦᠨ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠤᠨ ᠲᠥᠪ | ᠭᠤᠥᠯᠴᠢ ᠪᠠᠷ ᠬᠠᠤᠯᠢ ᠬᠡᠷᠡᠭᠵᠢᠭᠦᠯᠬᠦ᠂ ᠥᠷᠭᠡᠨ ᠣᠯᠠᠨ ᠨᠡᠶᠢᠲᠡ ᠶᠢᠨ ᠬᠠᠤᠯᠢ ᠶᠢ ᠵᠢᠷᠤᠮᠯᠠᠨ ᠬᠠᠤᠯᠢ ᠶᠢ ᠰᠠᠬᠢᠬᠤ | ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︔ | ᠬᠠᠮᠵᠢᠯᠴᠠᠬᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠠᠤᠯᠢ ᠴᠠᠭᠠᠵᠠ ᠶᠢᠨ | ᠲᠣᠪᠴᠢᠶ᠎ᠠ︶ | ︵ᠠᠷᠪᠠᠨ ᠨᠢᠭᠡ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠰᠤᠷᠲᠠᠯ ᠢᠶᠠᠨ ᠦᠨᠡᠨᠬᠦ | ᠬᠤᠪᠢᠷᠠᠭᠤᠯᠵᠤ᠂ ᠠᠵᠤ ᠠᠬᠤᠶᠢᠯᠠᠯ ᠪᠣᠯᠣᠨ ᠣᠯᠠᠨ ᠲᠦᠮᠡᠨ ᠳᠤ ᠵᠢᠷᠤᠮᠵᠢᠭᠰᠠᠨ᠂ ᠳᠥᠭᠦᠮ ᠳᠥᠲᠡ᠂ ᠥᠨᠳᠥᠷ | ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ᠬᠢᠨᠠᠨ ᠦᠨᠡᠯᠡᠬᠦ ᠬᠢᠨᠠᠨ ᠵᠥᠪᠰᠢᠶᠡᠷᠡᠬᠦ | ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠦᠨᠡᠯᠡᠬᠦ ᠬᠢᠨᠠᠨ ᠵᠥᠪᠰᠢᠶᠡᠷᠡᠬᠦ | ᠭᠤᠭᠴᠤᠭ᠎ᠠ᠂ ᠮᠠᠲ᠋ᠧᠷᠢᠶᠠᠯ ᠤᠨ ᠴᠠᠭ ᠤᠨ ᠬᠢᠵᠠᠭᠠᠷ ᠢ ᠶᠡᠭᠡ ᠪᠠᠷ ᠪᠠᠭᠠᠰᠬᠠᠨ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠵᠦ᠂ ᠠᠵᠢᠯ ᠶᠠᠪᠤᠳᠠᠯ ᠭᠦᠢᠴᠡᠳᠬᠡᠬᠦ ᠵᠢᠯᠣᠭᠤᠳᠣᠮᠵᠢ ᠶᠢ ᠴᠠᠭ ᠲᠤᠬᠠᠢ | ᠳᠤᠨᠢ ᠰᠢᠨᠡᠳᠬᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠨᠠᠷᠢᠯᠢᠭᠵᠢᠭᠤᠯᠤᠨ | ᠬᠡᠮᠵᠢᠶᠡᠵᠢᠭᠦᠯᠦᠨᠡ᠃ᠡᠯᠧᠺᠲᠷᠣᠨ ᠦᠨᠡᠮᠯᠡᠯ ᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ︽ | ᠠᠮᠠᠯᠠᠯᠲᠠ ᠶᠢᠨ ᠳᠦᠷᠢᠮ︾ ᠢ ᠬᠢᠨᠠᠨ ᠵᠥᠪᠰᠢᠶᠡᠷᠡᠬᠦ ᠶᠢ ᠶᠡᠬᠡᠪᠡᠷ ᠬᠡᠷᠡᠭᠵᠢᠭᠦᠯᠦᠨ᠂ ᠲᠤᠬᠠᠢ ᠶᠢᠨ ᠭᠠᠵᠠᠷ ᠲᠤᠨᠢ | ᠭᠦᠢᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ ᠳᠤ ᠭᠦᠢᠴᠡᠳᠬᠡᠵᠦ ᠳᠠᠭᠤᠰᠬᠠᠬᠤ᠂ ᠬᠤᠭᠤᠴᠠᠭ᠎ᠠ ᠬᠢᠵᠠᠭᠠᠷᠯᠠᠨ | ᠭᠦᠢᠴᠡᠳᠬᠡᠵᠦ ᠳᠠᠭᠤᠰᠬᠠᠬᠤ ᠵᠡᠷᠭᠡ ᠳᠦᠷᠢᠮ ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ᠨᠢᠭᠡ | ᠴᠣᠭᠴᠠᠵᠢᠭᠤᠯᠤᠭᠰᠠᠨ ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠳᠤ | ᠲᠦᠰᠢᠭᠯᠡᠨ᠂ ︽ᠬᠤᠶᠠᠷ ᠵᠦᠢᠯ ᠤᠨ ᠨᠢᠭᠡ ᠪᠠᠭᠠᠵᠢ︾ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠨᠢᠭᠡ ᠴᠣᠩᠬᠤ ᠪᠠᠷ ᠦᠢᠯᠡᠴᠢᠯᠡᠬᠦ ᠶᠢ ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠭᠦᠢᠴᠡᠳᠬᠡᠵᠦ᠂ ᠣᠨᠳᠣᠣ | ᠭᠠᠵᠠᠷ ᠲᠤ ᠭᠦᠢᠴᠡᠳᠬᠡᠵᠦ ᠪᠣᠯᠣᠨ᠎ᠠ᠃ᠬᠠᠤᠯᠢ ᠬᠡᠷᠡᠭᠵᠢᠭᠦᠯᠬᠦ ᠠᠵᠢᠯᠲᠠᠨ ᠤ ᠬᠠᠤᠯᠢ ᠲᠦᠭᠡᠮᠡᠯᠵᠢᠭᠦᠯᠬᠦ ᠤᠬᠠᠭᠤᠯᠭ᠎ᠠ᠂ | ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠠᠶᠢᠯᠪᠤᠷᠢᠯᠠᠬᠤ ᠪᠠ ᠵᠥᠷᠢᠴᠡᠯ ᠤᠨ ᠳᠠᠯᠳᠠ ᠬᠡᠮ ᠢ | ᠰᠡᠷᠭᠡᠶᠢᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ | ᠬᠠᠤᠯᠢ ᠶᠣᠰᠣᠭᠠᠷ ᠪᠠᠲᠤᠯᠠᠨ᠂ ᠡᠷᠬᠡ ᠲᠡᠭᠰᠢ ᠲᠥᠪ ᠭᠤᠥᠯᠴᠢ ᠥᠷᠢᠰᠦᠯᠳᠦᠭᠡᠨ ᠤ ᠣᠷᠴᠢᠨ ᠲᠣᠭᠤᠷᠢᠨ ᠢ ᠪᠣᠶ | ᠪᠣᠯᠭᠠᠨ᠎ᠠ᠃︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ | ᠂ ᠬᠠᠤᠯᠢ ᠴᠠᠭᠠᠵᠠ ᠶᠢᠨ ᠲᠣᠪᠴᠢᠶ᠎ᠠ︔ᠬᠠᠮᠵᠢᠯᠴᠠᠬᠤ ᠨᠢᠭᠡᠴᠡ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠠᠷᠪᠠᠨ ᠬᠤᠶᠠᠷ︶ ᠬᠢᠲᠠᠳ ᠡᠮ ︵ᠮᠣᠩᠭᠤᠯ ᠡᠮ︶ ᠤᠨ ᠬᠥᠭᠵᠢᠯᠲᠡ ᠶᠢ ᠳᠡᠮᠵᠢᠨ᠎ᠡ | 1. ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠡᠪᠡᠳᠴᠢᠨ ᠰᠡᠷᠭᠡᠶᠢᠯᠡᠵᠦ ᠡᠪᠡᠳᠴᠢᠨ ᠵᠠᠰᠠᠬᠤ | ᠥᠪᠡᠷᠮᠢᠴᠡ ᠳᠠᠪᠠᠭᠤᠯᠢᠭ ᠪᠠ ᠦᠢᠯᠡᠳᠦᠯ ᠢ ᠭᠦᠢᠴᠡᠳ ᠪᠠᠳᠠᠷᠠᠭᠤᠯᠵᠤ᠂ ᠬᠢᠲᠠᠳ ᠡᠮᠨᠡᠯᠭᠡ ︵ᠮᠣᠩᠭᠤᠯ ᠡᠮ ᠡᠮᠨᠡᠯᠭᠡ | ︶ ᠶᠢᠨ ᠬᠤᠷᠢᠶ᠎ᠠ ᠶᠢᠨ ᠡᠮ ᠨᠠᠶᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠦᠨ᠂ ᠡᠮ ᠨᠠᠶᠢᠷᠠᠬᠤ ᠶᠢ ᠰᠤᠳᠤᠯᠤᠨ ᠨᠡᠭᠡᠭᠡᠬᠦ | ᠂ ᠳᠡᠯᠭᠡᠷᠡᠭᠦᠯᠬᠦ ᠪᠠ ᠬᠡᠷᠡᠭᠯᠡᠬᠦ ᠶᠢ ᠴᠢᠩᠭᠠᠳᠬᠠᠵᠤ᠂ ᠣᠷᠣᠨ ᠪᠦᠰᠡ ᠶᠢᠨ ᠳᠣᠲᠣᠷᠠᠬᠢ ᠡᠮ ᠢ ᠨᠠᠶᠢᠳᠠᠨ ᠨᠠᠶᠢᠷᠠᠭᠤᠯᠬᠤ | ᠪᠠ ᠲᠣᠬᠢᠷᠠᠭᠤᠯᠬᠤ ᠡᠭᠦᠷᠭᠡ ᠶᠢ ᠡᠭᠦᠷᠭᠡᠯᠡᠵᠦ᠂ ᠬᠢᠲᠠᠳ ᠡᠮ ︵ᠮᠣᠩᠭᠤᠯ ᠡᠮ︶ ᠤᠨ ᠨᠠᠶᠢᠷᠠᠯᠲᠠ ᠶᠢᠨ | ᠡᠮᠴᠢᠯᠡᠭᠡᠨ ᠳᠠᠬᠢ ᠬᠡᠷᠡᠭᠯᠡᠯᠲᠡ ᠶᠢ ᠦᠷᠭᠦᠯᠵᠢᠯᠡᠨ ᠳᠡᠭᠡᠭᠰᠢᠯᠡᠭᠦᠯᠵᠦ᠂ ᠠᠷᠠᠳ ᠣᠯᠠᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃︵ᠲᠦᠷᠦᠭᠦᠯᠡᠬᠦ | ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ᠬᠠᠮᠵᠢᠯᠴᠠᠬᠤ ᠨᠢᠭᠡᠴᠡ᠄ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 2. ᠬᠢᠲᠠᠳ ᠡᠮ ︵ᠮᠣᠩᠭᠤᠯ ᠡᠮ︶ ᠦᠢᠯᠡᠳᠪᠦᠷᠢᠯᠡᠬᠦ ᠠᠵᠤ ᠠᠬᠤᠶᠢᠯᠠᠯ ᠤᠨ ᠲᠡᠰ ᠳᠡᠪᠰᠢᠭᠦᠯᠦᠨ | ᠥᠭᠡᠷᠡᠴᠢᠯᠡᠬᠦ ᠶᠢ ᠵᠣᠷᠢᠭᠵᠢᠭᠤᠯᠤᠨ ᠲᠡᠮᠵᠢᠵᠤ᠂ ᠦᠢᠯᠡᠳᠪᠦᠷᠢᠯᠡᠬᠦ ᠮᠡᠷᠭᠡᠵᠢᠯ ᠢ ᠰᠠᠶᠢᠵᠢᠷᠠᠭᠤᠯᠬᠤ ᠰᠤᠳᠤᠯᠤᠯ᠂ ᠶᠠᠰᠤ | ᠴᠢᠨᠠᠷ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠮᠠᠭᠤ ᠦᠢᠯᠡᠳᠦᠯ ᠢ ᠬᠢᠨᠠᠨ ᠬᠡᠮᠵᠢᠬᠦ ᠵᠡᠷᠭᠡ ᠠᠵᠢᠯ ᠢ ᠥᠷᠨᠢᠭᠦᠯᠵᠦ᠂ | ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ ᠬᠡᠪᠴᠢᠶᠡᠵᠢᠭᠦᠯᠦᠨ ᠬᠥᠭᠵᠢᠬᠦ ᠪᠠ ᠡᠮᠴᠢᠯᠡᠭᠡᠨ ᠤ | ᠪᠠᠶᠢᠭᠤᠯᠤᠮᠵᠢ ᠶᠢᠨ ᠦᠨᠳᠦᠰᠦᠲᠡᠨ ᠤ ᠡᠮ ᠡᠮᠨᠡᠯᠭᠡ ᠶᠢᠨ ᠰᠢᠨ᠎ᠡ ᠶᠢ ᠡᠭᠦᠳᠬᠦ ᠶᠢ ᠲᠡᠮᠵᠢᠵᠤ᠂ ᠬᠢᠲᠠᠳ ᠡᠮ ︵ᠮᠣᠩᠭᠤᠯ | ᠡᠮ︶ ᠤᠨ ᠠᠵᠤ ᠦᠢᠯᠡᠰ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠲᠡᠰᠦᠷᠡᠯᠳᠠ ᠤᠶᠢᠭᠡᠢ ᠬᠥᠭᠵᠢᠭᠡᠵᠦ᠂ | ᠬᠢᠲᠠᠳ ᠡᠮ ︵ᠮᠣᠩᠭᠤᠯ ᠡᠮ︶ ᠤᠨ ᠣᠨᠴᠠᠯᠢᠭᠲᠤ ᠳᠠᠪᠠᠭᠤᠯᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃︵ | ᠲᠦᠷᠦᠭᠦᠯᠡᠬᠦ ᠨᠢᠭᠡᠴᠡ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︔ᠬᠠᠮᠵᠢᠯᠴᠠᠬᠤ ᠨᠢᠭᠡᠴᠡ᠄ ᠠᠶᠢᠮᠠᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | 3. ᠡᠮᠴᠢᠯᠡᠭᠡᠨ ᠳᠤ ᠬᠦᠴᠦᠨ ᠲᠠᠢ ᠮᠣᠩᠭᠤᠯ ᠡᠮ ᠤᠨ ᠵᠥᠪᠳᠡᠯᠴᠡᠭᠡᠷ ᠤᠨ ᠵᠣᠷ᠂ ᠮᠣᠩᠭᠤᠯ ᠡᠮᠨᠡᠯᠭᠡ ᠶᠢᠨ | ᠲᠤᠷᠰᠢᠯᠭ᠎ᠠ ᠶᠢᠨ ᠵᠣᠷ᠂ ᠮᠣᠩᠭᠤᠯ ᠡᠮᠨᠡᠯᠭᠡ ᠶᠢᠨ ᠰᠣᠩᠭᠤᠳᠠᠭ ᠵᠣᠷ ᠢ ᠴᠤᠭᠯᠠᠭᠤᠯᠵᠤ᠂ ᠶᠠᠰᠤ ᠴᠢᠨᠠᠷ ᠤᠨ | ᠪᠠᠷᠢᠮᠵᠢᠶ᠎ᠠ ᠪᠠ ᠲᠣᠭᠲᠠᠪᠤᠷᠢᠲᠤ ᠴᠢᠨᠠᠷ ᠤᠨ ᠲᠤᠷᠰᠢᠯᠲᠠ ᠶᠢ ᠪᠡᠶᠡᠯᠡᠭᠦᠯᠵᠦ᠂ ᠮᠠᠨ ᠤ ᠠᠶᠢᠮᠠᠭ ᠤᠨ ᠣᠨᠴᠠᠯᠢᠭ ᠲᠠᠢ | ᠮᠣᠩᠭᠤᠯ ᠡᠮ ᠤᠨ ᠨᠠᠶᠢᠷᠠᠯᠲᠠ ᠶᠢᠨ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠶᠢᠨ ᠬᠥᠭᠵᠢᠯᠲᠡ ᠶᠢ | ᠠᠬᠢᠭᠤᠯᠤᠨ᠎ᠠ᠃︵ᠲᠦᠷᠦᠭᠦᠯᠡᠬᠦ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ︔ | ᠬᠠᠮᠵᠢᠯᠴᠠᠬᠤ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | 4. ᠬᠢᠲᠠᠳ ᠬᠡᠷᠴᠢᠮ ᠡᠮ ᠦᠢᠯᠡᠳᠪᠦᠷᠢᠯᠡᠬᠦ ᠠᠵᠤ ᠠᠬᠤᠶᠢᠯᠠᠯ ᠨᠡᠭᠡᠭᠡᠨ ᠡᠷᠭᠢᠯᠡᠬᠦ ᠶᠢ ᠳᠡᠮᠵᠢᠵᠦ᠂ ᠠᠵᠤ | ᠠᠬᠤᠶᠢᠯᠠᠯ ᠢ ᠬᠠᠪᠰᠤᠷᠤᠨ ᠲᠡᠳᠬᠦᠵᠦ ᠡᠮ ᠤᠨ ᠵᠦᠢᠯ ᠢ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠮᠡᠷᠭᠡᠵᠢᠯ ᠤᠨ | ᠵᠢᠯᠣᠭᠤᠳᠤᠯᠭ᠎ᠠ ᠬᠢᠬᠦ ᠠᠵᠢᠯ ᠢ ᠥᠷᠨᠢᠭᠦᠯᠦᠨ᠎ᠡ᠃︵ᠲᠦᠷᠦᠭᠦᠯᠡᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ᠬᠠᠮᠵᠢᠯᠴᠠᠬᠤ ᠨᠢᠭᠡᠴᠡ᠄ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠠᠷᠪᠠᠨ ᠭᠤᠷᠪᠠ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ | ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ | ᠬᠠᠮᠢᠶᠠᠷᠤᠯᠲᠠ ᠶᠢᠨ ᠵᠥᠪᠯᠡᠯ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠨᠢᠬᠡᠴᠡ ᠡᠮ ᠤᠨ | ᠵᠦᠢᠯᠡᠰ ᠤᠨ ᠠᠮᠤᠷ ᠲᠦᠪᠰᠢᠨ ᠢᠯᠠᠩᠭᠤᠶ᠎ᠠ ᠸᠠᠺᠼᠢᠨ ᠤ ᠠᠮᠤᠷ ᠲᠦᠪᠰᠢᠨ ᠤ ᠤᠯᠤᠰ ᠲᠥᠷᠥ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠲᠠᠯᠠᠵᠤ᠂ | ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ᠂ ᠠᠵᠢᠯ ᠤᠨ ᠬᠠᠷᠢᠭᠤᠴᠠᠯᠭ᠎ᠠ ᠪᠠᠨ ᠬᠦᠢᠴᠡᠳᠭᠡᠬᠦ ᠶᠢ ᠪᠡᠶᠡᠯᠡᠭᠦᠯᠬᠦ | ᠬᠡᠷᠡᠭᠲᠡᠶ᠃ ᠲᠤᠰ ᠱᠠᠲᠤᠨ ᠤ ᠢᠳᠡᠭᠡᠨ ᠪᠠ ᠡᠮ ᠤᠨ ᠵᠦᠢᠯ ᠤᠨ ᠠᠶᠤᠯ ᠦᠭᠡᠶ ᠶᠢᠨ ᠺᠣᠮᠢᠰ ᠢ ᠪᠠᠶᠢᠭᠤᠯᠤᠨ | ᠪᠦᠷᠢᠨᠰᠢᠭᠦᠯᠵᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠤᠳᠤᠷᠢᠳᠤᠯᠭ᠎ᠠ ᠪᠠᠨ | ᠴᠢᠩᠭᠠᠳᠬᠠᠨ᠂ ᠡᠮ ᠤᠨ ᠵᠦᠢᠯ ᠤᠨ ᠠᠶᠤᠯ ᠦᠭᠡᠶ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠠᠶᠤᠯ ᠦᠭᠡᠶ ᠶᠢᠨ ᠬᠠᠷᠢᠭᠤᠴᠠᠯᠭ᠎ᠠ ᠶᠢᠨ | ᠳᠦᠷᠢᠮ ᠢ ᠲᠡᠭᠦᠯᠳᠡᠷᠵᠢᠭᠦᠯᠦᠨ᠂ ᠲᠤᠰ ᠭᠠᠵᠠᠷ ᠣᠷᠣᠨ ᠤ ᠪᠠᠨ ᠡᠮ ᠤᠨ ᠵᠦᠢᠯ ᠤᠨ ᠠᠶᠤᠯ ᠦᠭᠡᠶ ᠶᠢᠨ ᠠᠵᠢᠯ ᠳᠤ | ᠵᠣᠬᠢᠴᠠᠩᠭᠤᠶ ᠬᠠᠷᠢᠭᠤᠴᠠᠯᠭ᠎ᠠ ᠶᠢ ᠬᠠᠤᠯᠢ ᠶᠣᠰᠣᠭᠠᠷ ᠡᠭᠦᠷᠭᠡᠯᠡᠬᠦ ᠬᠡᠷᠡᠭᠲᠡᠶ᠃ ︵ᠲᠦᠷᠦᠭᠦᠯᠡᠬᠦ ᠨᠢᠭᠡᠴᠡ᠄ ᠡᠯ᠎ᠡ | ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ | ᠣᠷᠣᠨ ᠤ ᠬᠠᠮᠢᠶᠠᠷᠤᠯᠲᠠ ᠶᠢᠨ ᠵᠥᠪᠯᠡᠯ︔ ᠬᠠᠮᠵᠢᠯᠴᠠᠬᠤ ᠨᠢᠭᠡᠴᠡ᠄ ᠠᠶᠢᠮᠠᠭ ᠤᠨ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠤ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ︶ | ︵ᠠᠷᠪᠠᠨ ᠳᠥᠷᠪᠡ︶ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠡᠮ ᠤᠨ ᠵᠦᠢᠯᠡᠰ ᠤᠨ ᠠᠮᠤᠷ | ᠲᠦᠪᠰᠢᠨ ᠤ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ | ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠰᠢᠨ᠎ᠡ ᠶᠢ ᠡᠭᠦᠳᠬᠦ᠂ ᠡᠵᠡᠩᠨᠡᠬᠦ ᠵᠡᠷᠭᠡ ᠠᠵᠢᠯᠯᠠᠭ᠎ᠠ ᠥᠷᠨᠢᠭᠦᠯᠬᠦ ᠳᠤ | ᠬᠢᠨᠠᠯᠲᠠ ᠲᠠᠯᠪᠢᠨ᠎ᠠ᠃ ᠡᠮ ᠤᠨ ᠵᠦᠢᠯ ᠤᠨ ᠠᠵᠢᠯ ᠲᠥᠷᠥᠯ ᠤᠨ ᠪᠡᠶ᠎ᠡ ᠪᠠᠨ ᠪᠠᠷᠢᠬᠤ᠂ ᠵᠢᠷᠤᠮᠵᠢᠯ ᠲᠠᠢ ᠬᠥᠭᠵᠢᠬᠦ ᠶᠢ | ᠵᠣᠷᠢᠭᠵᠢᠭᠤᠯᠤᠨ ᠳᠡᠮᠵᠢᠨ᠎ᠡ᠃ ᠬᠠᠤᠯᠢ ᠠᠴᠠ ᠬᠦᠨᠳᠦ ᠨᠣᠴᠢᠲᠠᠶ ᠵᠥᠷᠢᠴᠡᠨ ᠢᠲᠡᠭᠡᠮᠵᠢ ᠠᠯᠳᠠᠭᠰᠠᠨ ᠨᠡᠷᠡᠰ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ᠂ ᠢᠯᠡ ᠨᠡᠶᠢᠲᠡᠯᠡᠬᠦ ᠲᠦᠷᠢᠮ᠂ ᠢᠲᠡᠭᠡᠮᠵᠢ ᠶᠢ ᠰᠡᠷᠭᠦᠭᠡᠬᠦ᠂ ᠮᠡᠳᠡᠭᠡ ᠵᠠᠩᠭᠢ ᠶᠢ | ᠬᠠᠮᠲᠤᠪᠠᠷ ᠭᠥᠷᠳᠡᠬᠦ ᠲᠣᠭᠲᠠᠴᠠ ᠶᠢ ᠪᠠᠶᠢᠭᠤᠯᠵᠤ᠂ ᠢᠲᠡᠭᠡᠮᠵᠢ ᠶᠢᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠶᠢ | ᠬᠡᠷᠡᠭᠵᠢᠭᠦᠯᠦᠨ᠎ᠡ᠃ ᠢᠯᠡᠴᠢᠯᠡᠨ ᠵᠠᠭᠠᠯᠳᠤᠬᠤ ᠠᠷᠭ᠎ᠠ ᠵᠠᠮ ᠢ ᠰᠢᠯᠤᠭᠤᠳᠬᠠᠵᠤ᠂ ᠭᠤᠤᠯ ᠵᠠᠭᠤᠴᠢᠯᠠᠭᠤᠷ ᠤᠨ | ᠡᠮ ᠤᠨ ᠵᠦᠢᠯ ᠤᠨ ᠠᠮᠤᠷ ᠲᠦᠪᠰᠢᠨ ᠤ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠡᠷᠴᠢᠮ ᠢ | ᠴᠢᠩᠭᠠᠷᠠᠭᠤᠯᠤᠨ᠎ᠠ᠃ ᠡᠮ ᠤᠨ ᠵᠦᠢᠯ ᠤᠨ ᠬᠠᠮᠢᠶᠠᠷᠤᠯᠲᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠵᠣᠬᠢᠴᠠᠯᠳᠤᠨ | ᠬᠠᠮᠲᠤᠷᠠᠨ ᠬᠥᠳᠡᠯᠦᠯᠴᠡᠬᠦ ᠶᠢ ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠬᠢᠭᠡᠳ ᠡᠮᠴᠢᠯᠡᠭᠡᠨ ᠤ | ᠬᠠᠮᠢᠶᠠᠷᠤᠯᠲᠠ᠂ ᠡᠮᠴᠢᠯᠡᠭᠡᠨ ᠤ ᠳᠠᠭᠠᠳᠬᠠᠯ ᠤᠨ ᠬᠠᠮᠢᠶᠠᠷᠤᠯᠲᠠ ᠶᠢᠨ ᠲᠤᠭ᠎ᠠ ᠪᠠᠷᠢᠮᠲᠠ ᠶᠢ ᠵᠣᠯᠭᠠᠭᠤᠯᠤᠨ | ᠬᠡᠷᠡᠭᠯᠡᠬᠦ ᠶᠢ ᠴᠢᠬᠤᠯᠠᠴᠢᠯᠠᠨ᠂ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠶᠢ ᠪᠡᠶᠡᠯᠡᠭᠦᠯᠵᠦ᠂ | ᠡᠮ ᠤᠨ ᠵᠦᠢᠯ ᠤᠨ ᠠᠮᠤᠷ ᠲᠦᠪᠰᠢᠨ ᠤ ᠵᠠᠰᠠᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠬᠤ ᠬᠡᠷᠡᠭᠲᠡᠶ᠃ ︵ | ᠲᠦᠷᠦᠭᠦᠯᠡᠨ ᠬᠢᠬᠦ ᠨᠢᠭᠡᠴᠡ᠄ ᠠᠶᠢᠮᠠᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ | ᠬᠠᠮᠵᠢᠯᠴᠠᠬᠤ ᠨᠢᠭᠡᠴᠡ᠄ ᠠᠶᠢᠮᠠᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠡᠮᠴᠢᠯᠡᠭᠡᠨ ᠤ | ᠳᠠᠭᠠᠳᠬᠠᠯ ᠤᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | ︵ᠠᠷᠪᠠᠨ ᠲᠠᠪᠤ︶ ᠪᠠᠲᠤᠯᠠᠭ᠎ᠠ ᠳᠡᠮᠵᠢᠯᠭᠡ ᠶᠢ ᠴᠢᠩᠭᠠᠷᠠᠭᠤᠯᠤᠨ᠎ᠠ᠃ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠣᠨᠴᠠᠯᠢᠭ ᠲᠤ ᠳᠣᠭᠢᠷᠬᠠᠰᠠᠨ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ | ᠡᠭᠦᠳᠦᠨ ᠲᠡᠭᠦᠯᠳᠡᠷᠵᠢᠭᠦᠯᠵᠦ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠵᠦᠢ ᠵᠣᠬᠢᠰᠲᠠᠶ | ᠲᠣᠬᠢᠷᠠᠭᠤᠯᠤᠨ᠂ ᠭᠦᠢᠴᠡᠳ ᠲᠤᠭ᠎ᠠ ᠪᠠᠷ ᠪᠠᠲᠤᠯᠠᠬᠤ ᠬᠡᠷᠡᠭᠲᠡᠶ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ | ᠣᠷᠳᠣᠨ᠂ ᠡᠯ᠎ᠡ ᠨᠡᠭᠡᠭᠡᠯᠲᠡ ᠶᠢᠨ ᠣᠷᠣᠨ᠂ ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ ᠵᠢᠴᠢ | ᠬᠠᠮᠢᠶ᠎ᠠ ᠪᠥᠬᠦᠶ ᠰᠠᠯᠠᠭ᠎ᠠ ᠮᠥᠴᠢᠷ ᠡᠮ ᠤᠨ ᠵᠦᠢᠯ ᠢ ᠬᠢᠨᠠᠨ ᠬᠠᠮᠢᠶᠠᠷᠬᠤ ᠵᠠᠷᠤᠳᠠᠯ ᠤᠨ ᠣᠷᠣᠭᠤᠯᠤᠯᠲᠠ ᠶᠢᠨ | ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠬᠠᠤᠯᠢ ᠬᠡᠷᠡᠭᠵᠢᠭᠦᠯᠬᠦ ᠲᠣᠨᠤᠭ ᠲᠥᠬᠦᠭᠡᠷᠦᠮᠵᠢ | ᠳᠣᠭᠢᠷᠠᠭᠤᠯᠬᠤ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ᠂ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ᠂ | ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠵᠠᠷᠤᠳᠠᠯ ᠤᠨ ᠪᠠᠲᠤᠯᠠᠭ᠎ᠠ ᠶᠢ ᠰᠠᠶᠢᠲᠤᠷ ᠬᠢᠵᠦ᠂ ᠡᠮ ᠤᠨ | ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠵᠠᠷᠤᠳᠠᠯ ᠢ ᠣᠷᠣᠨ ᠨᠤᠲᠤᠭ ᠤᠨ ᠡᠳ᠋ ᠤᠨ ᠵᠠᠰᠠᠭ ᠤᠨ | ᠲᠥᠰᠦᠪ ᠲᠤ ᠣᠷᠣᠭᠤᠯᠵᠤ᠂ ᠲᠣᠰ ᠭᠠᠵᠠᠷ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ | ᠬᠡᠮᠵᠢᠶ᠎ᠡ ᠯᠦᠭᠡ ᠲᠣᠬᠢᠷᠠᠯᠴᠠᠭᠰᠠᠨ ᠡᠮ ᠤᠨ ᠵᠦᠢᠯ ᠤᠨ ᠠᠮᠤᠷ ᠲᠦᠪᠰᠢᠨ ᠤ ᠡᠳ᠋ ᠤᠨ ᠵᠠᠰᠠᠭ ᠤᠨ | ᠣᠷᠣᠭᠤᠯᠤᠯᠲᠠ ᠶᠢᠨ ᠲᠣᠭᠲᠠᠴᠠ ᠶᠢ ᠪᠠᠶᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠠᠵᠢᠯ ᠤᠨ ᠡᠮᠬᠢ | ᠵᠢᠷᠤᠮ ᠲᠠᠢ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠶ᠃ ︵ᠲᠦᠷᠦᠭᠦᠯᠡᠨ ᠬᠢᠬᠦ ᠨᠢᠭᠡᠴᠡ᠄ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠡ᠄ ᠠᠶᠢᠮᠠᠭ ᠤᠨ ᠡᠳ᠋ ᠤᠨ | ᠵᠠᠰᠠᠭ ᠤᠨ ᠲᠣᠪᠴᠢᠶ᠎ᠠ᠂ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠣᠷᠣᠨ᠂ | ᠵᠢᠱᠢᠶ᠎ᠡ ᠦᠵᠡᠭᠦᠯᠬᠦ ᠣᠷᠣᠨ ᠤ ᠬᠠᠮᠢᠶᠠᠷᠤᠯᠲᠠ ᠶᠢᠨ ᠵᠥᠪᠯᠡᠯ︶ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ | | |