ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/2/16
   2 ᠰᠠᠷ᠎ᠠ ᠶᠢᠨ 14 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠩᠬᠠᠳᠤᠭᠠᠷ ᠬᠤᠷᠠᠯ ᠬᠤᠷᠠᠯᠳᠤᠪᠠ᠃    ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠲᠣ 73 ᠪᠦᠷᠢᠯᠳᠦᠬᠦᠨ ᠲᠠᠢ᠂ 68 ᠬᠥᠮᠦᠨ ᠲᠣᠰ ᠤᠳᠠᠭᠠᠨ ᠤ ᠬᠤᠷᠠᠯ ᠳᠤ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠪᠡ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠤᠤ ᠴᠦᠨ᠂ ᠳᠡᠳ᠋ ᠡᠷᠬᠢᠯᠡᠭᠴᠢ ᠵᠠᠩ ᠱᠤᠤ ᠴᠦᠨ᠂ ᠳ᠋ᠤᠸᠠᠨ ᡁᠢ ᠴᠢᠶᠠᠩ᠂ ᠠᠶ ᠯᠢ ᠬᠤᠸᠠ᠂ ᠯᠢ ᠪᠢᠩ ᠷᠦᠩ᠂ ᠡᠤ ᠶᠠᠨ ᠭᠠᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠭᠡᠰᠢᠭᠦᠳ ᠬᠤᠷᠠᠯ ᠳᠤ ᠣᠷᠣᠯᠴᠠᠵᠠᠶ᠃    ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢᠦ ᠱᠤᠸᠠᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠯᠢ ᠶᠦᠩ ᠵᠢᠶᠦ᠋ᠨ ᠬᠤᠷᠠᠯ ᠳᠤ ᠰᠤᠯᠠ ᠣᠷᠣᠯᠴᠠᠪᠠ᠃    ᠬᠤᠷᠠᠯ ᠤᠨ ᠵᠥᠪᠯᠡᠬᠦ ᠵᠦᠢᠯᠡᠰ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠬᠤᠸᠠᠩ ᡁᠢ ᠴᠢᠶᠠᠩ᠂ ᠯᠢᠦ ᠱᠤᠸᠠᠩ ᠤᠨ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠥᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠲᠤᠰ ᠲᠤᠰ ᠰᠣᠨᠣᠰᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 2023 ᠣᠨ ᠤ ᠠᠵᠢᠯ ᠤᠨ ᠭᠤᠣᠯᠳᠠᠯᠭ᠎ᠠ ᠶᠢ ᠬᠢᠨᠠᠨ ᠵᠥᠪᠯᠡᠵᠦ ᠪᠠᠲᠤᠯᠠᠪᠠ᠃    ᠬᠤᠷᠠᠯ ᠠᠴᠠ ᠠᠵᠢᠯᠲᠠᠨ ᠤ ᠶᠠᠪᠤᠳᠠᠯ ᠤᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠵᠦᠢᠯᠡᠰ ᠢ ᠪᠠᠲᠤᠯᠠᠪᠠ᠃    ᠰᠦᠨ ᠱᠤᠤ ᠴᠸᠡᠭ ᠵᠧᠩ ᠭᠤᠸᠠᠩ ᠵᠤᠤ᠂ ᠶᠠᠩ ᠵᠢᠶᠧ᠂ ᠰᠦᠨ ᠵᠢᠶᠦ᠋ᠨ ᠴᠢᠩ᠂ ᠵᠧᠩ ᠳ᠋ᠦᠩ ᠪᠥᠸᠧ᠂ ᠬᠦᠩ ᠮᠢᠩ ᠵᠦ᠂ ᠬᠤᠸᠠᠩ ᠶᠠ ᠯᠢ᠂ ᠸᠠᠩ ᠶᠢᠨ ᠪᠦᠦ᠂ ᠭᠤᠤ ᠵᠠᠨ ᠱᠧᠩ᠂ ᠵᠢᠶᠠᠩ ᠬᠤᠩ᠂ ᠪᠠᠢ ᠶᠦᠩ ᠫᠢᠩ᠂ ᠵᠢᠤᠢ ᠱᠤ᠋ ᠸᠧᠨ᠂ ᠵᠠᠢ ᠵᠢᠩ ᠵᠢᠶᠦ᠋ᠨ᠂ ᠵᠤᠤ ᠳ᠋ᠠ ᠶᠦᠩ᠂ ᠭᠦᠸᠧ ᠢᠦᠢ ᠹᠧᠩ᠂ ᠭᠤᠤ ᠱᠢ ᠴᠢᠨ᠂ ᠱᠸᠡᠭ ᠰᠢᠶᠤᠤ ᠵᠢᠦ᠂ ᠭᠦᠸᠧ ᠵᠠᠨ ᠵᠢᠶᠠᠩ᠂ ᠵᠠᠩ ᠬᠤᠩ ᠹᠦ᠋᠂ ᠴᠢᠨ ᠶᠠᠨ᠂ ᠯᠢ ᠴᠠᠩ ᠵᠢᠶᠠᠩ᠂ ᠴᠠᠩ ᡁᠢ ᠭᠠᠩ᠂ ᠡᡁᠦ᠋ᠸᠧ ᠵᠤᠤ ᠯᠢᠶᠠᠩ᠂ ᠴᠧᠨ ᠵᠢᠢ ᠴᠢᠩ᠂ ᠫᠠᠨ ᠶᠦᠩ᠂ ᠶᠦᠨ ᠴᠦᠨ ᠱᠧᠩ᠂ ᠺᠠᠩ ᠰᠢᠤᠸᠠᠢ ᠳ᠋ᠦᠩ ᠳᠤ ᠲᠤᠰᠢᠶᠠᠯ ᠳᠤ ᠲᠣᠮᠢᠯᠠᠬᠤ ᠪᠢᠴᠢᠭ ᠭᠠᠷᠳᠠᠭᠤᠯᠪᠠ᠃    ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠳ ᠦᠨᠳᠦᠰᠦᠨ ᠬᠠᠤᠯᠢ ᠳᠤ ᠲᠥᠪ ᠴᠢᠩᠭ᠎ᠠ ᠪᠠᠷ ᠲᠠᠩᠭᠠᠷᠢᠭᠯᠠᠵᠤ᠂ ᠵᠧᠩ ᠭᠤᠸᠠᠩ ᠵᠤᠤ ᠳᠠᠭᠠᠭᠤᠯᠤᠨ ᠲᠠᠩᠭᠠᠷᠢᠭᠯᠠᠪᠠ᠃    ᠬᠤᠷᠠᠯ ᠠᠴᠠ᠂ ᠰᠢᠨ᠎ᠡ ᠪᠠᠷ ᠲᠤᠰᠢᠶᠠᠯ ᠳᠤ ᠲᠣᠮᠢᠯᠠᠭᠳᠠᠭᠰᠠᠨ ᠨᠥᠬᠦᠳ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠵᠦ᠂ ︽ᠬᠤᠶᠠᠷ ᠢ ᠲᠣᠭᠲᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠢᠢ ᠡᠷᠡᠰ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠪᠠᠨ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠠᠵᠢᠯ ᠢᠶᠠᠨ ᠰᠠᠶᠢᠲᠤᠷ ᠬᠢᠬᠦ ᠶᠡᠷᠦᠩᠬᠡᠶ ᠬᠥᠲᠥᠯᠪᠦᠷᠢ᠂ ᠶᠡᠷᠦᠩᠬᠡᠶ ᠵᠢᠷᠤᠮᠯᠠᠯ᠂ ᠶᠡᠷᠦᠩᠬᠡᠶ ᠵᠢᠯᠣᠭᠤᠳᠣᠯᠭ᠎ᠠ ᠪᠣᠯᠭᠠᠵᠤ᠂ ᠶᠡᠭᠡ ᠲᠠᠯ᠎ᠠ ᠶᠢᠨ ᠦᠵᠡᠯᠲᠡ ᠪᠠ ︽ᠨᠢᠭᠡ ᠬᠥᠯᠭᠡ ᠰᠢᠲᠠᠷ᠎ᠠ︾ ᠢᠢᠨ ᠦᠵᠡᠯ ᠰᠠᠨᠠᠭ᠎ᠠ ᠶᠢ ᠪᠠᠲᠤ ᠪᠣᠶ ᠪᠣᠯᠭᠠᠵᠤ᠂ ᠤᠬᠠᠮᠰᠠᠷ ᠠᠴᠠ ᠪᠠᠨ ᠡᠯ᠎ᠡ ᠵᠦᠢᠯ ᠤᠨ ᠠᠵᠢᠯ ᠢᠶᠠᠨ ︽ᠲᠠᠪᠤᠨ ᠶᠡᠭᠡ ᠡᠭᠦᠷᠭᠡ︾ ᠢᠢ ᠴᠢᠷᠮᠠᠶᠢᠨ ᠪᠡᠶᠡᠯᠡᠭᠦᠯᠬᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠳᠤ ᠲᠠᠯᠪᠢᠵᠤ ᠲᠥᠯᠥᠪᠵᠢᠭᠦᠯᠦᠨ ᠠᠬᠢᠭᠤᠯᠬᠤ ᠬᠡᠷᠡᠭᠲᠡᠶ᠃ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠴᠢᠳᠠᠮᠠᠭᠠᠶ ᠪᠠᠷ ᠵᠢᠳᠬᠦᠯ ᠴᠢᠷᠮᠠᠶᠢᠯᠭ᠎ᠠ ᠭᠠᠷᠭᠠᠵᠤ᠂ ᠬᠠᠷᠢᠭᠤᠴᠠᠯᠭᠠᠲᠤ ᠤᠬᠠᠮᠰᠠᠷ᠂ ᠲᠠᠩᠰᠠ ᠮᠡᠳᠡᠭᠦᠯᠬᠦ ᠤᠬᠠᠮᠰᠠᠷ᠂ ᠰᠢᠯᠭᠠᠯᠲᠠ ᠶᠢᠨ ᠬᠠᠭᠤᠳᠠᠰᠤ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠴᠠᠭ ᠮᠥᠴᠡ ᠲᠠᠢ ᠤᠷᠤᠯᠳᠤᠵᠤ᠂ ᠥᠷᠯᠥᠭᠡ ᠦᠳᠡᠰᠢ ᠲᠠᠢ ᠲᠡᠮᠡᠴᠡᠬᠦ ᠡᠷᠴᠢ ᠵᠣᠷᠢᠭ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢᠨ᠎ᠡ ᠨᠢᠭᠡ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠶ᠊ ᠡᠶ᠎ᠡ ᠠᠵᠢᠯ ᠤᠨ ︽ᠪᠤᠤᠬᠢᠶ᠎ᠠ︾ ᠶᠢ ᠵᠠᠯᠭᠠᠮᠵᠢᠯᠠᠨ ᠠᠪᠴᠤ᠂ ᠠᠵᠢᠯ ᠦᠢᠯᠡᠰ ᠤᠨ ᠬᠥᠭᠵᠢᠯᠲᠡ ᠶᠢᠨ ︽ᠪᠤᠤᠬᠢᠶ᠎ᠠ ᠤᠷᠤᠯᠳᠤᠭᠠᠨ︾ ᠢ ᠰᠠᠶᠢᠲᠤᠷ ᠭᠦᠶᠦᠬᠦ ᠬᠡᠷᠡᠭᠲᠡᠢ᠃ ᠤᠯᠤᠰ ᠲᠦᠷᠦ ᠶᠢᠨ ᠪᠠᠶᠢᠭᠤᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠠᠯᠢᠪᠠ ᠠᠵᠢᠯ ᠢ ᠲᠥᠯᠥᠪᠵᠢᠭᠦᠯᠦᠨ ᠥᠷᠨᠢᠭᠦᠯᠬᠦ ᠳᠤ ᠴᠥᠮ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠦᠨᠡᠨ ᠬᠦ ᠪᠠᠲᠤ ᠡᠵᠡᠮᠳᠡᠬᠦ ᠬᠡᠷᠡᠭᠲᠡᠢ᠃ ᠡᠯ᠎ᠡ ᠵᠦᠢᠯ ᠤᠨ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠭᠡᠵᠦ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠶᠡᠭᠡ ᠲᠠᠯ᠎ᠠ ᠳᠤ ᠨᠡᠩ ᠰᠠᠶᠢᠲᠤᠷ ᠦᠢᠯᠡᠴᠢᠯᠡᠬᠦ ᠬᠡᠷᠡᠭᠲᠡᠢ᠃ ᠢᠯᠠᠩᠭᠤᠶ᠎ᠠ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠬᠠᠤᠯᠢ ᠲᠣᠭᠲᠠᠭᠠᠬᠤ ᠠᠯᠬᠤᠭ᠎ᠠ ᠪᠠᠨ ᠲᠦᠷᠭᠡᠳᠭᠡᠵᠦ᠂ ᠨᠢᠭᠡ ᠪᠦᠯᠦᠭ ︽ᠵᠢᠵᠢᠭ ᠬᠡᠷᠴᠢᠯᠡᠬᠡᠰᠤ︾᠂ ᠨᠠᠷᠢᠯᠢᠬᠵᠢᠭᠰᠠᠨ᠂ ᠥᠪᠡᠷᠮᠢᠴᠡ ᠣᠨᠴᠠᠯᠢᠭ ᠲᠠᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠦᠷᠭᠡᠬᠡᠨ ᠲᠤᠭᠳᠠᠭᠠᠵᠤ᠂ ᠴᠢᠨᠠᠷ ᠰᠠᠶᠢᠲᠠᠢ ᠬᠠᠤᠯᠢ ᠲᠣᠭᠲᠠᠭᠠᠯᠳᠠ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠲᠠᠯᠪᠢᠬᠤ ᠬᠠᠳᠠᠨ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠵᠣᠷᠢᠭᠲᠠᠢ ᠪᠠᠷ ᠴᠢᠷᠠᠶ ᠪᠠᠨ ᠪᠠᠷᠦ᠋ᠢᠯᠭᠠᠨ ᠬᠢᠨᠠᠯᠲᠠ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠩᠭ᠎ᠠ ᠬᠢᠨᠠᠯᠲᠠ ᠲᠠᠯᠪᠢᠬᠤ ᠲᠦᠷᠢ ᠲᠥᠷᠬᠦ ᠶᠢ ᠱᠤᠭᠤᠵᠤ᠂ ᠬᠠᠤᠯᠢ ᠴᠠᠭᠠᠵᠠ ᠶᠢᠨ ᠡᠷᠬᠡ ᠰᠦᠷ ᠢ ᠪᠤᠢ ᠪᠣᠯᠭᠠᠬᠤ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号