ᠨᠢᠭᠡ᠂ ᠨᠡᠶᠢᠳᠡᠯᠡᠭᠰᠡᠨ ᠦᠨᠳᠦᠰᠦᠯᠡᠯ | ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠠᠵᠢᠯ ᠤᠨ ᠠᠷᠭ᠎ᠠ ᠬᠡᠮᠵᠢᠶ᠎ᠡ︾ ︵ᠳᠣᠷᠣᠭᠰᠢ ︽ᠠᠵᠢᠯ ᠤᠨ ᠠᠷᠭ᠎ᠠ ᠬᠡᠮᠵᠢᠶ᠎ᠡ︾ ᠭᠡᠵᠦ | ᠲᠣᠪᠴᠢᠯᠠᠨ᠎ᠠ︶ ᠶᠢ ᠭᠤᠣᠯᠳᠠᠭᠤ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 16 ᠳ᠋ᠤᠭᠠᠷ ᠲᠣᠭᠠᠲᠤ︶ | ᠵᠢᠴᠢ ︽ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ | ᠴᠢᠩᠭᠠᠳᠬᠠᠬᠤ ᠲᠤᠬᠠᠢ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ | ᠵᠠᠰᠠᠭ ᠠᠯᠪᠠᠨ ᠲᠠᠷᠬᠠᠭᠠᠭᠰᠠᠨ ﹇2022﹈ 26 ᠳ᠋ᠤᠭᠠᠷ ᠲᠣᠭᠠᠲᠤ︶ ᠢᠶᠠᠷ ᠨᠠᠶᠢᠷᠠᠭᠤᠯᠤᠨ ᠵᠣᠬᠢᠶᠠᠬᠤ | ᠦᠨᠳᠦᠰᠦᠯᠡᠯ ᠪᠣᠯᠭᠠᠪᠠ᠃ | ᠬᠤᠶᠠᠷ᠂ ᠶᠡᠷᠦᠩᠬᠡᠢ ᠪᠣᠷᠣ ᠲᠥᠯᠥᠪ | ︽ᠠᠵᠢᠯ ᠤᠨ ᠠᠷᠭ᠎ᠠ ᠬᠡᠮᠵᠢᠶ᠎ᠡ︾ ᠶᠢᠨ ᠪᠦᠬᠦ ᠠᠭᠤᠯᠭ᠎ᠠ ᠨᠢ ᠭᠤᠷᠪᠠᠨ ᠬᠡᠰᠡᠭ ᠢᠶᠠᠷ ᠪᠦᠷᠢᠯᠳᠦᠵᠡᠢ᠃ | ᠨᠢᠭᠡᠳᠦᠭᠡᠷ ᠬᠡᠰᠡᠭ ᠢ ᠠᠵᠢᠯ ᠤᠨ ᠬᠠᠷᠠᠯᠲᠠ ᠭᠡᠵᠦ ᠬᠤᠪᠢᠶᠠᠨ᠎ᠠ᠃︽ᠳᠥᠷᠪᠡᠨ ᠬᠠᠮᠤᠭ ᠤᠨ ᠴᠢᠩᠭ᠎ᠠ︾ ᠶᠢᠨ | ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠡᠷᠬᠡ | ᠰᠦᠷ ᠲᠠᠢ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠲᠦᠷᠬᠡᠨ ᠪᠠᠶᠢᠭᠤᠯᠤᠨ | ᠪᠦᠷᠢᠨᠰᠢᠭᠦᠯᠵᠦ᠂ ᠡᠮ ᠤᠨ ᠵᠦᠢᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠪᠥᠬᠦ | ᠠᠶᠢᠮᠠᠭ ᠤᠨ ᠠᠷᠠᠳ ᠣᠯᠠᠨ ᠤ ᠡᠮ ᠤᠨ ᠵᠦᠢᠯ ᠤᠨ ᠠᠮᠤᠷ ᠲᠦᠪᠰᠢᠨ ᠤ ᠬᠡᠷᠡᠭᠴᠡᠭᠡ ᠱᠠᠭᠠᠷᠳᠠᠯᠭ᠎ᠠ ᠶᠢ ᠨᠠᠩ | ᠰᠠᠶᠢᠲᠤᠷ ᠬᠠᠩᠭᠠᠬᠤ ᠬᠡᠷᠡᠭᠲᠡᠢ᠃ | ᠬᠤᠶᠠᠳᠤᠭᠠᠷ ᠬᠡᠰᠡᠭ ᠭᠤᠣᠯᠳᠠᠯᠭ᠎ᠠ ᠲᠠᠢ ᠠᠷᠭ᠎ᠠ ᠬᠡᠮᠵᠢᠶ᠎ᠡ᠃ᠠᠷᠪᠠᠨ ᠬᠤᠶᠠᠷ ᠲᠠᠯ᠎ᠠ ᠠᠴᠠ ᠠᠵᠢᠯ ᠤᠨ ᠠᠷᠭ᠎ᠠ | ᠬᠡᠮᠵᠢᠶ᠎ᠡ ᠪᠠᠨ ᠨᠠᠷᠢᠯᠢᠭᠵᠢᠭᠤᠯᠵᠤ᠂ ︽ᠠᠵᠢᠯ ᠤᠨ ᠠᠷᠭ᠎ᠠ ᠬᠡᠮᠵᠢᠶ᠎ᠡ︾ ᠶᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠳᠤ | ᠲᠥᠬᠦᠮ ᠪᠠᠶᠢᠯᠭᠠᠬᠤ ᠶᠢ ᠦᠨᠡᠨᠬᠦ ᠪᠠᠲᠤᠯᠠᠬᠤ ᠬᠡᠷᠡᠭᠲᠡᠢ᠃ᠮᠠᠨ ᠤ ᠠᠶᠢᠮᠠᠭ ᠤᠨ ᠪᠣᠳᠠᠲᠠᠢ ᠲᠠᠢ ᠨᠢᠭᠲᠠ | ᠤᠶᠠᠯᠳᠤᠭᠤᠯᠤᠨ᠂ ᠰᠠᠭᠤᠷᠢ ᠶᠢ ᠴᠢᠩᠭᠠᠳᠬᠠᠬᠤ᠂ ᠳᠤᠲᠠᠭᠤᠳᠠᠯ ᠢ ᠨᠥᠬᠦᠪᠦᠷᠢᠯᠡᠬᠦ᠂ ᠪᠣᠭᠤᠮᠢ ᠶᠢ ᠡᠪᠳᠡᠬᠦ᠂ | ᠳᠡᠭᠡᠭᠰᠢᠯᠡᠭᠦᠯᠬᠦ ᠶᠢ ᠠᠬᠢᠭᠤᠯᠬᠤ ᠪᠠᠷ ᠭᠤᠣᠯ ᠪᠣᠯᠭᠠᠵᠤ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠵᠠᠩᠭᠢᠯᠠᠭ᠎ᠠ ᠶᠢᠨ ᠭᠤᠭᠴᠤᠭ᠎ᠠ᠂ ᠴᠠᠭ ᠬᠤᠭᠤᠴᠠᠭᠠᠨ ᠤ | ᠵᠠᠩᠭᠢᠯᠠᠭ᠎ᠠ ᠴᠡᠭ ᠪᠠ ᠬᠡᠷᠡᠭᠵᠢᠭᠦᠯᠬᠦ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠠᠯᠢ ᠣᠯᠠᠨ ᠴᠢᠭᠯᠡᠭᠦᠯᠬᠦ | ᠴᠢᠨᠠᠷᠲᠠᠢ ᠪᠠᠷ ᠬᠡᠷᠡᠭᠵᠢᠭᠦᠯᠵᠦ ᠪᠣᠯᠬᠤᠶᠢᠴᠠ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ︽ | ᠠᠵᠢᠯ ᠤᠨ ᠠᠷᠭ᠎ᠠ ᠬᠡᠮᠵᠢᠶ᠎ᠡ︾ ᠶᠢ ᠪᠣᠳᠠᠲᠠᠶᠢᠵᠢᠭᠤᠯᠬᠤ᠂ ᠪᠠᠶᠢᠩᠭᠤᠵᠢᠭᠤᠯᠬᠤ ᠶᠢ ᠬᠠᠮᠤᠭ ᠤᠨ ᠶᠡᠭᠡ ᠬᠡᠮᠵᠢᠶ᠎ᠡ ᠪᠠᠷ | ᠪᠡᠶᠡᠯᠡᠭᠦᠯᠬᠦ ᠪᠠᠷ ᠴᠢᠷᠮᠠᠶᠢᠨ᠎ᠠ᠃ | ᠭᠤᠷᠪᠠᠳᠤᠭᠠᠷ ᠬᠡᠰᠡᠭ ᠪᠠᠲᠤᠯᠠᠭ᠎ᠠ ᠶᠢᠨ ᠠᠷᠭ᠎ᠠ ᠬᠡᠮᠵᠢᠶ᠎ᠡ᠃ᠡᠮ ᠤᠨ ᠵᠦᠢᠯ ᠤᠨ ᠠᠮᠤᠷ ᠲᠦᠪᠰᠢᠨ ᠤ ᠤᠯᠤᠰ | ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ ᠪᠠᠶᠢᠬᠤ ᠶᠢ | ᠪᠠᠷᠢᠮᠲᠠᠯᠠᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠢ᠃ | ᠡᠮ ᠤᠨ ᠵᠦᠢᠯ ᠤᠨ ᠠᠮᠤᠷ ᠲᠦᠪᠰᠢᠨ ᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠮ ᠤᠨ ᠵᠦᠢᠯ ᠤᠨ ᠠᠮᠤᠷ ᠲᠦᠪᠰᠢᠨ ᠤ ᠠᠵᠤ ᠠᠬᠤᠶᠢᠯᠠᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠡᠵᠡᠩᠨᠡᠯᠲᠡ ᠶᠢᠨ | ᠠᠵᠢᠯᠯᠠᠭ᠎ᠠ ᠥᠷᠨᠢᠭᠦᠯᠬᠦ ᠳᠤ ᠬᠢᠨᠠᠯᠲᠠ ᠲᠠᠯᠪᠢᠨ᠎ᠠ᠃ ᠡᠮ ᠤᠨ ᠵᠦᠢᠯ ᠢ ᠬᠢᠨᠠᠨ ᠬᠠᠮᠢᠶᠠᠷᠬᠤ ᠠᠵᠢᠯ ᠤᠨ ᠣᠨᠴᠠᠯᠢᠭ | ᠲᠤ ᠲᠣᠬᠢᠷᠠᠬᠤ ᠵᠠᠷᠤᠳᠠᠯ ᠤᠨ ᠲᠥᠷᠥ ᠶᠢᠨ ᠪᠣᠳᠣᠯᠭ᠎ᠠ ᠶᠢ ᠰᠢᠨ᠎ᠡ ᠪᠠᠷ ᠡᠭᠦᠳᠦᠨ ᠲᠡᠭᠦᠯᠳᠡᠷᠵᠢᠭᠦᠯᠵᠦ᠂ ᠡᠮ ᠤᠨ | ᠵᠦᠢᠯ ᠢ ᠬᠢᠨᠠᠨ ᠬᠠᠮᠢᠶᠠᠷᠬᠤ ᠵᠠᠷᠤᠳᠠᠯ ᠢ ᠵᠦᠢ ᠵᠣᠬᠢᠰᠲᠠᠢ ᠲᠣᠬᠢᠷᠠᠭᠤᠯᠤᠨ᠂ ᠲᠤᠭ᠎ᠠ ᠶᠣᠰᠣᠭᠠᠷ ᠪᠠᠲᠤᠯᠠᠨ᠎ᠠ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃ ᠬᠢᠨᠠᠯᠲᠠ ᠲᠠᠯᠪᠢᠵᠤ ᠰᠣᠭᠤᠴᠢᠨ | ᠪᠠᠶᠢᠴᠠᠭᠠᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠬᠤ᠂ ᠮᠠᠭᠤ ᠲᠤᠰᠬᠠᠯ/ᠬᠡᠷᠡᠭ ᠶᠠᠪᠤᠳᠠᠯ ᠢ ᠬᠢᠨᠠᠨ ᠬᠡᠮᠵᠢᠬᠦ᠂ | ᠵᠠᠭᠠᠯᠳᠤᠵᠤ ᠢᠯᠡᠴᠢᠯᠡᠨ ᠮᠡᠳᠡᠭᠦᠯᠬᠦ᠂ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠬᠦ᠂ ᠪᠠᠶᠢᠴᠠᠭᠠᠵᠤ ᠬᠠᠤᠯᠢ | ᠬᠡᠷᠡᠭᠵᠢᠭᠦᠯᠬᠦ ᠵᠡᠷᠭᠡ ᠲᠠᠯ᠎ᠠ ᠶᠢᠨ ᠲᠦᠭᠰᠢᠭᠦᠷᠢ ᠶᠢᠨ ᠮᠡᠳᠡᠭᠡ ᠵᠠᠩᠭᠢ ᠶᠢ ᠡᠮᠬᠢᠯᠡᠨ ᠨᠡᠶᠢᠯᠡᠭᠦᠯᠵᠦ᠂ ᠵᠣᠬᠢᠴᠠᠭᠤᠯᠤᠨ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠡᠮ ᠤᠨ ᠵᠦᠢᠯ ᠤᠨ ᠠᠮᠤᠷ ᠲᠦᠪᠰᠢᠨ ᠤ | ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠶᠢ ᠪᠠᠶᠢᠩᠭᠤᠵᠢᠭᠤᠯᠬᠤ ᠶᠢ ᠠᠬᠢᠭᠤᠯᠤᠨ᠎ᠠ᠃ | ︵ᠬᠤᠶᠠᠷ︶ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ᠪᠥᠬᠦ ᠠᠶᠢᠮᠠᠭ ᠤᠨ | ᠲᠤᠰᠬᠠᠢ ᠮᠡᠷᠭᠡᠵᠢᠯ ᠤᠨ ᠡᠮ ᠤᠨ ᠵᠦᠢᠯ ᠤᠨ ᠪᠠᠶᠢᠴᠠᠭᠠᠭᠴᠢ ᠶᠢᠨ ᠡᠩᠨᠡᠭᠡ ᠶᠢᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠲᠥᠯᠥᠪᠯᠡᠭᠡ ᠪᠠᠷ᠂ ᠠᠯᠬᠤᠮ ᠳᠠᠷᠠᠭ᠎ᠠ ᠲᠠᠢ ᠪᠠᠷ ᠨᠥᠬᠦᠴᠡᠯ ᠳᠤ ᠨᠡᠶᠢᠴᠡᠬᠦ ᠬᠥᠮᠥᠰ ᠢ ᠬᠥᠮᠥᠵᠢᠭᠦᠯᠦᠨ | ᠲᠤᠰᠢᠶᠠᠯ ᠬᠠᠪᠰᠤᠷᠭᠠᠭᠰᠠᠨ ᠪᠠᠶᠢᠴᠠᠭᠠᠭᠴᠢ ᠪᠣᠯᠭᠠᠨ᠎ᠠ᠃ᠰᠤᠷᠭᠠᠨ ᠬᠥᠮᠦᠵᠢᠯ ᠤᠨ ᠪᠣᠯᠪᠠᠰᠤᠷᠠᠭᠤᠯᠤᠯ ᠤᠨ ᠠᠷᠭ᠎ᠠ | ᠵᠠᠮ ᠢ ᠥᠷᠭᠡᠳᠬᠡᠵᠦ᠂ ︽ᠰᠦᠯᠵᠢᠶ᠎ᠡ + ᠪᠣᠳᠠᠲᠠᠢ ᠪᠣᠯᠪᠠᠰᠤᠷᠠᠭᠤᠯᠤᠯ + ᠭᠠᠳᠠᠭᠰᠢ ᠲᠣᠮᠢᠯᠠᠬᠤ︾ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠤᠨ᠂ ᠡᠮ ᠤᠨ ᠵᠦᠢᠯ᠂ | ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ᠂ ᠬᠡᠷᠡᠭᠯᠡᠯᠲᠡ ᠵᠡᠷᠭᠡ ᠶᠢᠨ | ᠪᠠᠶᠢᠴᠠᠭᠠᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠲᠣᠭᠲᠠᠭᠠᠯ ᠳᠤ ᠨᠡᠶᠢᠴᠡᠭᠦᠯᠦᠨ ᠨᠤᠲᠠᠯᠠᠬᠤ ᠪᠠ | ᠲᠦᠭᠰᠢᠭᠦᠷᠢ ᠶᠢ ᠰᠤᠳᠤᠯᠤᠨ ᠮᠠᠭᠠᠳᠯᠠᠬᠤ ᠬᠡᠷᠡᠭᠲᠡᠢ᠃ | ︵ᠭᠤᠷᠪᠠ︶ ᠮᠥᠷᠳᠡᠨ ᠪᠠᠶᠢᠴᠠᠭᠠᠵᠤ ᠬᠡᠷᠡᠭ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠎ᠡ᠃ | ᠡᠮ ᠤᠨ ᠵᠦᠢᠯ ᠢ ᠮᠥᠷᠳᠡᠨ ᠪᠠᠶᠢᠴᠠᠭᠠᠬᠤ ᠲᠤᠰᠬᠠᠶᠢᠵᠢᠭᠰᠠᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ | ᠡᠯ᠎ᠡ ᠱᠠᠲᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠥᠷᠳᠡᠨ ᠪᠠᠶᠢᠴᠠᠭᠠᠵᠤ | ᠬᠡᠷᠡᠭ ᠰᠢᠢᠳᠪᠦᠷᠢᠯᠡᠬᠦ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢ ᠬᠥᠮᠥᠵᠢᠭᠦᠯᠬᠦ ᠶᠢ ᠠᠬᠢᠭᠤᠯᠤᠨ᠎ᠠ᠃ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ︽ᠭᠤᠷᠪᠠᠨ ᠵᠦᠢᠯ ᠤᠨ ᠳᠦᠷᠢᠮ︾ ᠢ ᠪᠥᠬᠦ ᠲᠠᠯ᠎ᠠ ᠪᠠᠷ | ᠬᠡᠷᠡᠭᠵᠢᠭᠦᠯᠵᠦ᠂ ᠡᠮ ᠤᠨ ᠵᠦᠢᠯ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠵᠠᠰᠠᠭ | ᠵᠠᠬᠢᠷᠭᠠᠨ ᠤ ᠰᠢᠳᠬᠡᠯ ᠲᠣᠷᠭᠠᠭᠤᠯᠢ ᠶᠢᠨ ᠴᠢᠯᠦᠭᠡᠲᠦ ᠲᠠᠰᠤᠯᠤᠯᠲᠠ ᠶᠢᠨ ᠡᠷᠬᠡ ᠶᠢ ᠬᠡᠷᠡᠭᠯᠡᠬᠦ ᠶᠢ ᠴᠢᠩᠳᠠᠯᠠᠨ᠎ᠠ᠃ | ︵ᠳᠥᠷᠪᠡ︶ ᠰᠠᠯᠠᠭ᠎ᠠ ᠮᠥᠴᠢᠷ ᠤᠨ ᠬᠠᠮᠵᠢᠯᠴᠠᠬᠤ ᠶᠢ ᠴᠢᠩᠭᠠᠷᠠᠭᠤᠯᠤᠨ᠎ᠠ᠃ᠬᠢᠨᠠᠨ ᠬᠠᠮᠢᠶᠠᠷᠬᠤ ᠠᠵᠢᠯ | ᠶᠠᠪᠤᠳᠠᠯ ᠤᠨ ᠡᠷᠬᠡ ᠶᠢᠨ ᠬᠤᠪᠢᠶᠠᠷᠢᠯᠠᠯ ᠪᠠ ᠬᠠᠷᠢᠭᠤᠴᠠᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠡᠯ᠎ᠡ | ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠶᠢᠨ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ᠂ ᠬᠢᠨᠠᠯᠲᠠ ᠲᠠᠯᠪᠢᠵᠤ ᠪᠠᠶᠢᠴᠠᠭᠠᠬᠤ᠂ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ ᠪᠠ ᠮᠥᠷᠳᠡᠨ | ᠪᠠᠶᠢᠴᠠᠭᠠᠵᠤ ᠬᠠᠤᠯᠢ ᠬᠡᠷᠡᠭᠵᠢᠭᠦᠯᠬᠦ ᠵᠡᠷᠭᠡ ᠠᠵᠢᠯ ᠤᠨ ᠵᠢᠯᠣᠭᠤᠳᠤᠯᠭ᠎ᠠ ᠪᠠ ᠦᠨᠡᠯᠡᠨ ᠵᠢᠱᠢᠯᠲᠡ ᠶᠢ ᠴᠢᠩᠭᠠᠳᠬᠠᠨ᠎ᠠ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ ᠮᠥᠴᠢᠷ ᠯᠦᠭᠡ | ᠵᠣᠯᠭᠠᠯᠳᠤᠭᠤᠯᠬᠤ᠂ ᠬᠠᠮᠵᠢᠯᠴᠠᠨ ᠠᠵᠢᠯᠯᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠢᠯᠭᠠᠨ | ᠪᠠᠶᠢᠴᠠᠭᠠᠵᠤ ᠮᠠᠭᠠᠳᠯᠠᠨ ᠲᠣᠭᠲᠠᠭᠠᠬᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ᠂ ᠠᠯᠪᠠᠳᠠᠨ ᠭᠦᠢᠴᠡᠳᠬᠡᠭᠦᠯᠬᠦ | ᠵᠡᠷᠭᠡ ᠠᠵᠢᠯ ᠢ ᠰᠠᠶᠢᠲᠤᠷ ᠬᠢᠵᠦ᠂ ᠬᠠᠮᠲᠤᠷᠠᠨ ᠬᠠᠤᠯᠢ ᠬᠡᠷᠡᠭᠵᠢᠭᠦᠯᠵᠦ ᠬᠡᠷᠡᠭ ᠰᠢᠢᠳᠪᠦᠷᠢᠯᠡᠬᠦ ᠶᠢ | ᠪᠠᠶᠢᠩᠭᠤᠵᠢᠭᠤᠯᠬᠤ ᠶᠢ ᠲᠦᠯᠬᠢᠨ ᠠᠬᠢᠭᠤᠯᠤᠨ᠎ᠠ᠃ | ︵ᠲᠠᠪᠤ︶ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠡᠮ ᠤᠨ ᠵᠦᠢᠯ | ᠪᠣᠯᠣᠨ ᠵᠠᠰᠠᠯ ᠴᠢᠮᠡᠭ ᠤᠨ ᠡᠳ᠋ ᠤᠨ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠪᠣᠯᠣᠨ | ᠬᠡᠮᠵᠢᠭᠦᠷᠯᠢᠭ ᠲᠥᠬᠦᠭᠡᠷᠦᠮᠵᠢ ᠬᠤᠳᠠᠯᠳᠤᠨ ᠠᠪᠬᠤ ᠵᠡᠷᠭᠡ ᠣᠷᠣᠭᠤᠯᠤᠯᠲᠠ ᠶᠢᠨ ᠡᠷᠴᠢᠮ ᠢ ᠨᠡᠮᠡᠭᠳᠡᠭᠦᠯᠦᠨ᠂ | ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠠᠶᠢᠮᠠᠭ ᠤᠨ ᠱᠠᠲᠤᠨ ᠤ ᠡᠮ ᠤᠨ ᠵᠦᠢᠯ ᠢ ᠪᠠᠶᠢᠴᠠᠭᠠᠨ ᠰᠢᠯᠭᠠᠵᠤ ᠪᠠᠶᠢᠴᠠᠭᠠᠨ ᠬᠡᠮᠵᠢᠬᠦ ᠴᠢᠳᠠᠪᠤᠷᠢ ᠶᠢᠨ | ᠪᠠᠶᠢᠭᠤᠯᠤᠯᠲᠠ ᠶᠢ ᠤᠯᠤᠰ ᠤᠨ C ᠲᠡᠰ ᠠᠴᠠ ᠳᠡᠭᠡᠭᠰᠢᠬᠢ ᠪᠠᠷᠢᠮᠵᠢᠶ᠎ᠠ ᠳᠤ ᠬᠦᠷᠦᠭᠦᠯᠬᠦ ᠶᠢ ᠲᠦᠯᠬᠢᠨ | ᠠᠬᠢᠭᠤᠯᠵᠤ᠂ ᠣᠷᠣᠨ ᠨᠤᠲᠤᠭ ᠤᠨ ᠠᠵᠤ ᠠᠬᠤᠢ ᠶᠢᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ | ᠬᠡᠷᠡᠭᠲᠡᠢ᠃ | ︵ᠵᠢᠷᠭᠤᠭ᠎ᠠ︶ ᠡᠮ ᠤᠨ ᠰᠡᠷᠡᠮᠵᠢᠯᠡᠭᠦᠯᠬᠦ ᠰᠢᠰᠲ᠋ᠧᠮᠵᠢ ᠶᠢ ᠪᠦᠷᠢᠨᠰᠢᠭᠦᠯᠦᠨ᠎ᠡ᠃ᠡᠮ ᠤᠨ ᠵᠦᠢᠯ ᠤᠨ ᠮᠠᠭᠤ | ᠤᠷᠪᠠᠯ ᠢ ᠬᠢᠨᠠᠨ ᠬᠡᠮᠵᠢᠬᠦ ᠪᠠᠶᠢᠭᠤᠯᠤᠮᠵᠢ᠂ ᠡᠮᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠣᠰᠣᠭᠠᠷ ᠬᠠᠮᠢᠶ᠎ᠠ ᠪᠦᠬᠦᠢ | ᠬᠠᠷᠢᠭᠤᠴᠠᠯᠭ᠎ᠠ ᠪᠠᠨ ᠭᠦᠢᠴᠡᠳᠬᠡᠭᠰᠡᠨ ᠡᠮ ᠤᠨ ᠵᠦᠢᠯ ᠤᠨ ᠰᠡᠷᠡᠮᠵᠢᠯᠡᠭᠦᠯᠬᠦ ᠠᠵᠢᠯ ᠤᠨ ᠪᠠᠶᠢᠷᠢᠰᠢᠯ ᠢ ᠲᠦᠷᠬᠡᠨ | ᠪᠠᠶᠢᠭᠤᠯᠤᠨ᠎ᠠ᠃ᠮᠡᠳᠡᠭᠡ ᠵᠠᠩᠭᠢ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ | ᠴᠢᠩᠭᠠᠳᠬᠠᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠪᠠᠶᠢᠭᠤᠯᠤᠮᠵᠢ ᠶᠢᠨ ᠰᠡᠷᠭᠡᠶᠢᠯᠡᠬᠦ ᠲᠠᠷᠢᠯᠭ᠎ᠠ ᠶᠢᠨ | ᠬᠡᠪ ᠤᠨ ᠪᠤᠰᠤ ᠰᠡᠵᠢᠭᠯᠡᠯᠲᠡᠢ ᠲᠤᠰᠬᠠᠯ ᠢ ᠬᠢᠨᠠᠨ ᠬᠡᠮᠵᠢᠬᠦ ᠰᠢᠰᠲ᠋ᠧᠮ ᠯᠦᠭᠡ ᠲᠤᠭ᠎ᠠ ᠪᠠᠷᠢᠮᠲᠠ ᠶᠢ ᠬᠤᠯᠪᠣᠯᠳᠤᠭᠤᠯᠤᠨ | ᠬᠡᠷᠡᠭᠯᠡᠬᠦ ᠶᠢ ᠬᠠᠮᠵᠢᠯᠴᠠᠨ ᠠᠬᠢᠭᠤᠯᠤᠨ᠎ᠠ᠃ | ︵ᠳᠣᠯᠤᠭ᠎ᠠ︶ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠳᠡᠬᠦᠯᠳᠡᠷᠵᠢᠬᠦᠯᠦᠨ᠎ᠡ᠃ | ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠸᠠᠺᠼᠢᠨ ᠡᠮ ᠤᠨ ᠵᠦᠢᠯ ᠤᠨ | ᠠᠮᠤᠷ ᠲᠦᠪᠰᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠪᠠᠶᠢᠭᠤᠯᠤᠨ | ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠂ ᠪᠠᠴᠢᠮ | ᠪᠠᠶᠢᠳᠠᠯ ᠢ ᠠᠷᠭᠠᠴᠠᠬᠤ ᠴᠢᠳᠠᠪᠤᠷᠢ ᠵᠢᠨᠨᠢᠭᠡᠳᠦᠯᠲᠡᠢ ᠵᠢᠯᠤᠭᠤᠳᠬᠤ᠂ ᠱᠠᠲᠤ ᠬᠤᠪᠢᠶᠠᠨ ᠬᠠᠷᠢᠭᠤᠴᠠᠬᠤ᠂ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ | ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︵ᠨᠠᠢᠮᠠ︶ ︽ᠢᠨᠲ᠋ᠧᠷ ᠰᠦᠯᠵᠢᠶ᠎ᠡ + ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ︾ ᠶᠢᠨ ᠬᠡᠷᠡᠭᠯᠡᠭᠡᠨ ᠤ | ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃︽ᠢᠨᠲ᠋ᠧᠷ ᠰᠦᠯᠵᠢᠶ᠎ᠡ +︾ ᠰᠢᠯᠵᠢᠮᠡᠯ ᠢᠨᠲ᠋ᠧᠷ | ᠰᠦᠯᠵᠢᠶ᠎ᠡ ᠶᠢ ᠬᠤᠯᠪᠤᠭᠠᠯᠠᠨ ᠬᠡᠷᠡᠭᠯᠡᠬᠦ ᠶᠢ ᠳᠡᠯᠭᠡᠷᠡᠭᠦᠯᠵᠦ᠂ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠭᠦᠢᠴᠡᠳ | ᠠᠰᠢᠭᠯᠠᠨ ᠬᠢᠨᠠᠯᠲᠠ ᠬᠠᠮᠢᠶᠠᠷᠤᠯᠲᠠ ᠶᠢᠨ ᠵᠠᠭᠪᠤᠷ ᠪᠠ ᠦᠢᠯᠡᠴᠢᠯᠡᠭᠡᠨ ᠤ ᠠᠷᠭ᠎ᠠ ᠮᠠᠶ᠋ᠢᠭ ᠤᠨ ᠬᠤᠪᠢᠰᠤᠯᠲᠠ ᠶᠢ | ᠲᠦᠯᠬᠢᠨ ᠠᠬᠢᠭᠤᠯᠵᠤ᠂ ᠡᠯ᠎ᠡ ᠬᠤᠰᠢᠭᠤ ᠣᠷᠣᠨ ᠳᠤ ᠪᠠᠭᠤᠯᠭᠠᠭᠰᠠᠨ ᠡᠮ ᠤᠨ ᠵᠦᠢᠯ ᠤᠨ ᠡᠵᠡᠩᠨᠡᠯᠲᠡ ᠶᠢᠨ | ᠵᠥᠪᠰᠢᠶᠡᠷᠡᠯ ᠢ ᠬᠢᠨᠠᠨ ᠵᠥᠪᠰᠢᠶᠡᠷᠡᠬᠦ ᠬᠠᠮᠢᠶ᠎ᠠ ᠪᠦᠬᠦᠢ ᠵᠦᠢᠯᠡᠰ ᠢ ︽ᠭᠥᠯᠢᠶᠡᠨ ᠠᠪᠴᠤ ᠳᠡᠶᠢᠯᠬᠦ︾ ᠪᠣᠯᠭᠠᠨ᠎ᠠ᠃ | ︵ᠶᠢᠰᠦ︶ ᠦᠨᠳᠦᠰᠦᠨ ᠱᠠᠲᠤᠨ ᠤ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠶᠢ | ᠪᠠᠬᠢᠵᠢᠭᠦᠯᠦᠨ᠎ᠡ᠃ᠦᠨᠳᠦᠰᠦᠨ ᠱᠠᠲᠤᠨ ᠤ ᠡᠮ ᠤᠨ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ | ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ᠂ ᠡᠮ ᠤᠨ ᠵᠦᠢᠯ ᠢ ᠰᠢᠯᠭᠠᠨ ᠪᠠᠶᠢᠴᠠᠭᠠᠵᠤ | ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠨᠢᠷᠤᠭᠤᠪᠴᠢ ᠬᠥᠮᠥᠰ ᠤᠨ ᠬᠢᠨᠠᠨ ᠬᠠᠮᠢᠶᠠᠷᠬᠤ ᠠᠵᠢᠯ ᠶᠠᠪᠤᠳᠠᠯ ᠤᠨ | ᠡᠷᠬᠡ ᠯᠦᠭᠡ ᠵᠣᠬᠢᠴᠠᠯᠳᠤᠭᠰᠠᠨ ᠵᠠᠷᠤᠳᠠᠯ᠂ ᠲᠣᠨᠤᠭ ᠲᠥᠬᠦᠭᠡᠷᠦᠮᠵᠢ ᠵᠡᠷᠭᠡ ᠡᠬᠢ ᠪᠠᠶᠠᠯᠢᠭ ᠪᠠ ᠨᠥᠬᠦᠴᠡᠯ ᠢ | ᠬᠠᠩᠭᠠᠨ᠎ᠠ᠃︽ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠶᠡᠷᠦᠩᠬᠡᠶᠢᠯᠡᠭᠰᠡᠨ | ᠵᠤᠷᠭᠠᠨ ᠤ ᠪᠥᠬᠦ ᠤᠯᠤᠰ ᠤᠨ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠦᠨᠳᠦᠰᠦᠨ ᠲᠣᠨᠤᠭ ᠲᠥᠬᠦᠭᠡᠷᠦᠮᠵᠢ ᠶᠢᠨ ᠲᠣᠬᠢᠷᠠᠭᠤᠯᠤᠯᠲᠠ ᠶᠢᠨ | ᠵᠢᠯᠤᠭᠤᠳᠬᠤ ᠪᠠᠷᠢᠮᠵᠢᠶ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠶᠡᠷᠦᠩᠬᠡᠢ ﹇2020﹈ 41 ᠳ᠋ᠣᠭᠡᠷ ᠲᠣᠭᠠᠲᠤ︶ ᠢ ᠦᠨᠳᠦᠰᠦᠯᠡᠨ ᠡᠮ ᠤᠨ ᠵᠦᠢᠯ ᠤᠨ | ᠬᠠᠤᠯᠢ ᠬᠡᠷᠡᠭᠵᠢᠭᠦᠯᠦᠯᠲᠡ ᠶᠢᠨ ᠦᠨᠳᠦᠰᠦᠨ ᠲᠣᠨᠤᠭ ᠲᠥᠬᠦᠭᠡᠷᠦᠮᠵᠢ᠂ ᠭᠡᠷᠡᠴᠢ ᠠᠪᠬᠤ ᠪᠠᠭᠠᠵᠢ᠂ ᠲᠦᠷᠭᠡᠨ | ᠪᠠᠶᠢᠴᠠᠭᠠᠯᠲᠠ ᠶᠢᠨ ᠲᠣᠨᠤᠭ ᠲᠥᠬᠦᠭᠡᠷᠦᠮᠵᠢ ᠪᠠ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠵᠡᠷᠭᠡ ᠲᠣᠨᠤᠭ | ᠲᠥᠬᠦᠭᠡᠷᠦᠮᠵᠢ ᠶᠢ ᠲᠣᠬᠢᠷᠠᠭᠤᠯᠤᠨ᠎ᠠ᠃ | ︵ᠠᠷᠪᠠ︶ ᠡᠮ ᠤᠨ ᠵᠦᠢᠯ ᠤᠨ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠤᠨ | ᠲᠤᠤᠱᠯᠠᠭᠤᠯᠬᠤ ᠠᠵᠢᠯ ᠢ ᠴᠢᠩᠭᠠᠳᠬᠠᠨ᠎ᠠ᠃︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠮ ᠤᠨ | ᠵᠦᠢᠯ ᠤᠨ ᠬᠠᠮᠢᠶᠠᠷᠤᠯᠲᠠ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠢᠲᠠᠳ ᠡᠮ | ᠡᠮᠨᠡᠯᠭᠡ ᠶᠢᠨ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠸᠠᠺᠼᠢᠨ ᠤ ᠬᠠᠮᠢᠶᠠᠷᠤᠯᠲᠠ ᠶᠢᠨ | ᠬᠠᠤᠯᠢ︾ ᠪᠠ ︽ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ︽ᠵᠠᠰᠠᠯ | ᠴᠢᠮᠡᠭ ᠤᠨ ᠡᠳ᠋ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ | ᠪᠥᠬᠦ ᠲᠠᠯ᠎ᠠ ᠪᠠᠷ ᠲᠤᠤᠱᠯᠠᠭᠤᠯᠤᠨ ᠬᠡᠷᠡᠭᠵᠢᠭᠦᠯᠵᠦ᠂ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠳᠤ ᠬᠠᠤᠯᠢ ᠪᠠᠷ ᠵᠠᠰᠠᠬᠤ ᠰᠠᠶᠢᠨ ᠰᠠᠶᠢᠬᠠᠨ ᠣᠷᠴᠢᠨ ᠲᠣᠭᠤᠷᠢᠨ ᠢ ᠬᠠᠩᠭᠠᠨ᠎ᠠ᠃ | ︵ᠠᠷᠪᠠᠨ ᠨᠢᠭᠡ︶ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ᠃ | ᠦᠢᠯᠡᠴᠢᠯᠡᠭᠡᠨ ᠤ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠠᠵᠤ ᠠᠬᠤᠶᠢᠯᠠᠯ ᠪᠣᠯᠣᠨ ᠣᠯᠠᠨ | ᠲᠦᠮᠡᠨ ᠳᠤ ᠵᠢᠷᠤᠮᠵᠢᠭᠰᠠᠨ᠂ ᠳᠥᠭᠦᠮ ᠳᠥᠲᠡ᠂ ᠥᠨᠳᠥᠷ ᠦᠷ᠎ᠡ ᠪᠦᠲᠦᠮᠵᠢᠲᠡᠶ ᠵᠠᠰᠠᠭ ᠤᠨ ᠶᠠᠪᠤᠳᠠᠯ ᠤᠨ | ᠦᠢᠯᠡᠴᠢᠯᠡᠭᠡ ᠬᠠᠩᠭᠠᠨ᠎ᠠ᠃ᠬᠢᠨᠠᠨ ᠦᠨᠡᠯᠡᠬᠦ ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠪᠤᠷᠠᠯ ᠢ ᠰᠢᠯᠢᠳᠡᠭᠵᠢᠭᠦᠯᠦᠨ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶ᠎ᠠ ᠶᠢ ᠴᠢᠩᠭᠠᠳᠬᠠᠵᠦ᠂ ᠡᠯᠧᠺᠲᠷᠣᠨ ᠦᠨᠡᠮᠯᠡᠯ ᠢ ᠳᠡᠯᠭᠡᠷᠡᠭᠦᠯᠦᠨ | ᠬᠡᠷᠡᠭᠯᠡᠬᠦ ᠶᠢ ᠲᠦᠷᠭᠡᠳᠬᠡᠨ ᠠᠬᠢᠭᠤᠯᠵᠤ᠂ ︽ᠠᠮᠠᠯᠠᠯᠲᠠ ᠶᠢᠨ ᠳᠦᠷᠢᠮ︾ ᠢ ᠬᠢᠨᠠᠨ ᠵᠥᠪᠰᠢᠶᠡᠷᠡᠬᠦ ᠶᠢ ᠶᠡᠬᠡᠪᠡᠷ | ᠬᠡᠷᠡᠭᠵᠢᠭᠦᠯᠦᠨ᠂ ᠲᠤᠬᠠᠢ ᠶᠢᠨ ᠭᠠᠵᠠᠷ ᠲᠤᠨᠢ ᠭᠦᠢᠴᠡᠳᠬᠡᠵᠦ ᠳᠠᠭᠤᠰᠬᠠᠬᠤ᠂ ᠨᠢᠭᠡ ᠯᠡ ᠤᠳᠠᠭ᠎ᠠ ᠳᠤ | ᠭᠦᠢᠴᠡᠳᠬᠡᠵᠦ ᠳᠠᠭᠤᠰᠬᠠᠬᠤ᠂ ᠬᠤᠭᠤᠴᠠᠭ᠎ᠠ ᠬᠢᠵᠠᠭᠠᠷᠯᠠᠨ ᠭᠦᠢᠴᠡᠳᠬᠡᠵᠦ ᠳᠠᠭᠤᠰᠬᠠᠬᠤ ᠵᠡᠷᠭᠡ ᠳᠦᠷᠢᠮ ᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ | ︵ᠠᠷᠪᠠᠨ ᠬᠤᠶᠠᠷ︶ ᠬᠢᠲᠠᠳ ᠡᠮ ︵ᠮᠣᠩᠭᠤᠯ ᠡᠮ︶ ᠤᠨ ᠬᠥᠭᠵᠢᠯᠲᠡ ᠶᠢ ᠳᠡᠮᠵᠢᠨ᠎ᠡ᠃1. ᠬᠢᠲᠠᠳ ᠡᠮᠨᠡᠯᠭᠡ | ︵ᠮᠣᠩᠭᠤᠯ ᠡᠮᠨᠡᠯᠭᠡ︶ ᠶᠢᠨ ᠬᠤᠷᠢᠶ᠎ᠠ ᠶᠢᠨ ᠡᠮ ᠨᠠᠶᠢᠷᠠᠭᠤᠯᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮ ᠨᠠᠶᠢᠷᠠᠬᠤ ᠶᠢ | ᠰᠤᠳᠤᠯᠤᠨ ᠨᠡᠭᠡᠭᠡᠬᠦ᠂ ᠳᠡᠯᠭᠡᠷᠡᠭᠦᠯᠬᠦ ᠪᠠ ᠬᠡᠷᠡᠭᠯᠡᠬᠦ ᠶᠢ ᠴᠢᠩᠭᠠᠳᠬᠠᠨ᠂ ᠠᠷᠠᠳ ᠣᠯᠠᠨ ᠤ ᠬᠢᠲᠠᠳ ᠡᠮ ᠡᠮᠨᠡᠯᠭᠡ ︵ | ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃2. ᠬᠢᠲᠠᠳ ᠡᠮ | ︵ᠮᠣᠩᠭᠤᠯ ᠡᠮ︶ ᠦᠢᠯᠡᠳᠪᠦᠷᠢᠯᠡᠬᠦ ᠠᠵᠤ ᠠᠬᠤᠶᠢᠯᠠᠯ ᠤᠨ ᠲᠡᠰ ᠳᠡᠪᠰᠢᠭᠦᠯᠦᠨ ᠥᠭᠡᠷᠡᠴᠢᠯᠡᠬᠦ ᠶᠢ ᠵᠣᠷᠢᠭᠵᠢᠭᠤᠯᠤᠨ | ᠲᠡᠮᠵᠢᠵᠤ᠂ ᠦᠢᠯᠡᠳᠪᠦᠷᠢᠯᠡᠬᠦ ᠮᠡᠷᠭᠡᠵᠢᠯ ᠢ ᠰᠠᠶᠢᠵᠢᠷᠠᠭᠤᠯᠬᠤ ᠰᠤᠳᠤᠯᠤᠯ᠂ ᠶᠠᠰᠤ ᠴᠢᠨᠠᠷ ᠤᠨ ᠪᠠᠷᠢᠮᠵᠢᠶ᠎ᠠ ᠶᠢ | ᠳᠡᠭᠡᠭᠰᠢᠯᠡᠭᠦᠯᠬᠦ ᠵᠡᠷᠭᠡ ᠠᠵᠢᠯ ᠢ ᠥᠷᠨᠢᠭᠦᠯᠵᠦ᠂ ᠬᠢᠲᠠᠳ ᠡᠮ ︵ᠮᠣᠩᠭᠤᠯ ᠡᠮ︶ ᠤᠨ ᠠᠵᠤ ᠠᠬᠤᠶᠢᠯᠠᠯ ᠤᠨ | ᠬᠡᠪᠴᠢᠶᠡᠵᠢᠨ ᠬᠥᠭᠵᠢᠬᠦ ᠪᠠ ᠡᠮᠴᠢᠯᠡᠭᠡᠨ ᠤ ᠪᠠᠶᠢᠭᠤᠯᠤᠮᠵᠢ ᠶᠢᠨ ᠦᠨᠳᠦᠰᠦᠲᠡᠨ ᠤ ᠡᠮ ᠡᠮᠨᠡᠯᠭᠡ ᠶᠢᠨ ᠰᠢᠨ᠎ᠡ ᠶᠢ | ᠡᠭᠦᠳᠬᠦ ᠶᠢ ᠲᠡᠮᠵᠢᠵᠤ᠂ ᠬᠢᠲᠠᠳ ᠡᠮ ︵ᠮᠣᠩᠭᠤᠯ ᠡᠮ︶ ᠤᠨ ᠣᠨᠴᠠᠯᠢᠭᠲᠤ ᠳᠠᠪᠠᠭᠤᠯᠢᠭ ᠢ ᠭᠦᠢᠴᠡᠳ | ᠪᠠᠳᠠᠷᠠᠭᠤᠯᠤᠨ᠎ᠠ᠃3. ᠡᠮᠴᠢᠯᠡᠭᠡᠨ ᠳᠤ ᠬᠦᠴᠦᠨ ᠲᠠᠢ ᠮᠣᠩᠭᠤᠯ ᠡᠮ ᠤᠨ ᠵᠥᠪᠳᠡᠯᠴᠡᠭᠡᠷ ᠤᠨ ᠵᠣᠷ᠂ ᠮᠣᠩᠭᠤᠯ | ᠡᠮᠨᠡᠯᠭᠡ ᠶᠢᠨ ᠲᠤᠷᠰᠢᠯᠭ᠎ᠠ ᠶᠢᠨ ᠵᠣᠷ᠂ ᠮᠣᠩᠭᠤᠯ ᠡᠮᠨᠡᠯᠭᠡ ᠶᠢᠨ ᠰᠣᠩᠭᠤᠳᠠᠭ ᠵᠣᠷ ᠢ ᠴᠤᠭᠯᠠᠭᠤᠯᠵᠤ᠂ ᠶᠠᠰᠤ | ᠴᠢᠨᠠᠷ ᠤᠨ ᠪᠠᠷᠢᠮᠵᠢᠶ᠎ᠠ ᠪᠠ ᠲᠣᠭᠲᠠᠪᠤᠷᠢᠲᠤ ᠴᠢᠨᠠᠷ ᠤᠨ ᠲᠤᠷᠰᠢᠯᠲᠠ ᠶᠢ ᠪᠡᠶᠡᠯᠡᠭᠦᠯᠵᠦ᠂ ᠮᠠᠨ ᠤ ᠠᠶᠢᠮᠠᠭ ᠤᠨ | ᠣᠨᠴᠠᠯᠢᠭ ᠲᠠᠢ ᠮᠣᠩᠭᠤᠯ ᠡᠮ ᠤᠨ ᠨᠠᠶᠢᠷᠠᠯᠲᠠ ᠶᠢᠨ ᠪᠠᠷᠢᠮᠵᠢᠶᠠᠵᠢᠭᠤᠯᠤᠯᠲᠠ ᠪᠠ ᠵᠢᠷᠤᠮᠵᠢᠭᠤᠯᠤᠯᠲᠠ ᠶᠢᠨ | ᠬᠥᠭᠵᠢᠯᠲᠡ ᠶᠢ ᠠᠬᠢᠭᠤᠯᠤᠨ᠎ᠠ᠃4. ᠬᠢᠲᠠᠳ ᠬᠡᠷᠴᠢᠮ ᠡᠮ ᠦᠢᠯᠡᠳᠪᠦᠷᠢᠯᠡᠬᠦ ᠠᠵᠤ ᠠᠬᠤᠶᠢᠯᠠᠯ ᠨᠡᠭᠡᠭᠡᠨ | ᠡᠷᠭᠢᠯᠡᠬᠦ ᠶᠢ ᠳᠡᠮᠵᠢᠵᠦ᠂ ᠠᠵᠤ ᠠᠬᠤᠶᠢᠯᠠᠯ ᠢ ᠬᠠᠪᠰᠤᠷᠤᠨ ᠲᠡᠳᠬᠦᠵᠦ ᠡᠮ ᠤᠨ ᠵᠦᠢᠯ ᠢ ᠪᠠᠶᠢᠴᠠᠭᠠᠨ ᠰᠢᠯᠭᠠᠵᠤ | ᠪᠠᠶᠢᠴᠠᠭᠠᠨ ᠰᠢᠨᠵᠢᠬᠦ ᠮᠡᠷᠭᠡᠵᠢᠯ ᠤᠨ ᠵᠢᠯᠣᠭᠤᠳᠤᠯᠭ᠎ᠠ ᠬᠢᠬᠦ ᠠᠵᠢᠯ ᠢ ᠥᠷᠨᠢᠭᠦᠯᠦᠨ᠎ᠡ᠃ | | | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ | |