ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠵᠤ᠂ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠨᠠᠰᠤᠲᠠᠶᠢᠴᠤᠳ ᠤᠨ ᠦᠷᠭᠦᠯᠵᠢᠯᠡᠨ | ᠨᠡᠮᠡᠭᠳᠡᠵᠦ ᠪᠠᠶᠢᠭ᠎ᠠ ᠨᠠᠰᠤᠵᠢᠯ ᠤᠨ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠠᠰᠤᠷᠠᠯᠲᠠ ᠦᠭᠡᠢ | ᠬᠠᠩᠭᠠᠬᠤ ᠶᠢᠨ ᠲᠤᠰᠠᠳᠠ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ | ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠥᠬᠦ ᠠᠶᠢᠮᠠᠭ ᠤᠨ | ᠨᠠᠰᠤᠵᠢᠯ ᠤᠨ ᠦᠢᠯᠡᠴᠢᠯᠡᠭᠡᠨ ᠤ ᠦᠢᠯᠡᠰ ᠤᠨ ᠲᠦᠷᠭᠡᠨ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ ︽ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠥᠰᠥᠭ ﹇2022﹈ 44 ᠳ᠋ᠣᠭᠡᠷ ᠲᠣᠭᠠᠲᠤ︶ ᠤᠨ | ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠠᠶᠢᠮᠠᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ | ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠬᠠᠷᠠᠯᠲᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠭᠡᠷ ᠲᠡᠭᠡᠨ ᠰᠠᠭᠤᠬᠤ ᠪᠠᠷ ᠰᠠᠭᠤᠷᠢ ᠪᠣᠯᠭᠠᠭᠰᠠᠨ᠂ ᠨᠡᠶᠢᠭᠡᠮ | ᠲᠣᠭᠤᠷᠢᠭ ᠢᠶᠠᠷ ᠲᠦᠰᠢᠭ ᠪᠣᠯᠭᠠᠭᠰᠠᠨ᠂ ᠪᠠᠶᠢᠭᠤᠯᠤᠮᠵᠢ ᠪᠠᠷ ᠨᠥᠬᠦᠪᠦᠷᠢ ᠪᠣᠯᠭᠠᠭᠰᠠᠨ᠂ ᠡᠮᠴᠢᠯᠡᠭᠡ ᠰᠤᠪᠢᠯᠠᠯᠲᠠ ᠶᠢ | ᠤᠶᠠᠯᠳᠤᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠥᠬᠦ ᠲᠠᠯ᠎ᠠ ᠪᠠᠷ ᠪᠠᠶᠢᠭᠤᠯᠬᠤ ᠬᠠᠷᠠᠯᠲᠠ ᠶᠢᠨ | ᠱᠠᠭᠠᠷᠳᠠᠯᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠬᠠᠤᠯᠢ ᠴᠠᠭᠠᠵᠠ | ᠲᠥᠷᠥ ᠶᠢᠨ ᠪᠣᠳᠣᠯᠭ᠎ᠠ ᠪᠠ ᠪᠠᠷᠢᠮᠵᠢᠶ᠎ᠠ ᠶᠢᠨ ᠵᠢᠷᠤᠮᠵᠢᠯ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ | ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ᠵᠠᠰᠠᠭ ᠤᠨ | ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠪᠥᠬᠦ | ᠠᠶᠢᠮᠠᠭ ᠤᠨ ᠨᠢᠭᠡᠳᠦᠯᠲᠡᠢ ᠲᠥᠯᠥᠪᠯᠡᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠪᠠ | ᠬᠠᠷᠰᠢ ᠰᠠᠭᠠᠳ ᠦᠭᠡᠢ ᠪᠡᠯᠡᠳᠬᠡᠮᠵᠢ ᠶᠢᠨ ᠰᠢᠰᠲ᠋ᠧᠮᠵᠢ ᠶᠢ ᠲᠦᠷᠬᠡᠨ ᠪᠠᠶᠢᠭᠤᠯᠵᠤ᠂ ᠪᠥᠬᠦ ᠠᠶᠢᠮᠠᠭ ᠤᠨ | ᠨᠠᠰᠤᠲᠠᠶᠢᠴᠤᠳ ᠪᠠ ᠵᠡᠮᠳᠡᠭᠴᠦᠳ ᠤᠨ ᠵᠣᠯ ᠵᠢᠷᠭᠠᠯᠲᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠠᠩ | ᠰᠠᠶᠢᠲᠤᠷ ᠬᠠᠩᠭᠠᠵᠤ᠂ 2022 ᠣᠨ ᠠᠴᠠ ᠡᠬᠢᠯᠡᠨ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ | 100% ᠳᠤ ᠬᠦᠷᠦᠭᠦᠯᠦᠨ᠎ᠡ᠃2022 ᠣᠨ ᠤ ᠲᠣᠰ ᠵᠢᠯ ᠤᠨ ᠪᠠᠷᠢᠯᠭ᠎ᠠ ᠳᠠᠭᠤᠰᠬᠠᠭᠰᠠᠨ ᠪᠣᠯᠪᠠᠴᠤ | ᠪᠠᠷᠢᠮᠵᠢᠶ᠎ᠠ ᠳᠤ ᠥᠯᠥ ᠬᠦᠷᠦᠭᠰᠡᠨ ᠣᠷᠣᠨ ᠰᠠᠭᠤᠴᠠ ᠶᠢᠨ ᠲᠣᠭᠤᠷᠢᠭ ᠢ ᠨᠥᠬᠦᠨ ᠪᠠᠶᠢᠭᠤᠯᠬᠤ᠂ ᠬᠤᠳᠠᠯᠳᠤᠨ | ᠠᠪᠬᠤ᠂ ᠰᠣᠯᠢᠬᠤ᠂ ᠰᠤᠯᠠᠯᠠᠵᠤ ᠪᠤᠴᠠᠭᠠᠬᠤ᠂ ᠲᠦᠷᠢᠶᠡᠰᠦᠯᠡᠬᠦ᠂ ᠥᠭᠡᠷᠡᠴᠢᠯᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠠᠯᠢ ᠲᠦᠷᠭᠡᠨ ᠢᠶᠠᠷ ᠲᠣᠬᠢᠷᠠᠭᠤᠯᠤᠨ ᠪᠦᠷᠢᠳᠦᠭᠦᠯᠦᠨ᠎ᠡ᠃ᠬᠡᠪᠴᠢᠶ᠎ᠡ ᠪᠠᠷ ᠨᠡᠯᠢᠶᠡᠳ ᠪᠠᠭ᠎ᠠ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠨᠢ ᠡᠷᠬᠢᠨ ᠲᠣᠭᠤᠷᠢᠨ ᠤ ᠰᠠᠭᠤᠭ᠎ᠠ ᠭᠠᠵᠠᠷ ᠤᠨ ᠬᠡᠰᠡᠭ ᠯᠦᠭᠡ | ᠨᠢᠭᠡᠳᠦᠯᠲᠡᠢ ᠲᠥᠯᠥᠪᠵᠢᠭᠦᠯᠦᠨ ᠪᠠᠷᠢᠮᠵᠢᠶ᠎ᠠ ᠳᠤ ᠬᠦᠷᠦᠭᠦᠯᠵᠦ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠵᠤ ᠪᠣᠯᠣᠨ᠎ᠠ᠃ᠬᠤᠲᠠ ᠪᠠᠯᠭᠠᠰᠤ ᠶᠢᠨ ᠵᠠᠮ᠂ ᠵᠦᠯᠭᠡ ᠭᠠᠵᠠᠷ ᠤᠨ ᠠᠭᠤᠳᠠᠮ ᠲᠠᠯᠠᠪᠠᠶ᠂ | ᠣᠯᠠᠨ ᠨᠡᠶᠢᠲᠡ ᠶᠢᠨ ᠪᠠᠷᠢᠯᠭ᠎ᠠ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠡᠯᠡᠳᠬᠡᠮᠵᠢ᠂ ᠣᠷᠣᠨ ᠰᠠᠭᠤᠴᠠ ᠶᠢᠨ | ᠪᠠᠷᠢᠯᠭ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢ ᠰᠢᠨ᠎ᠡ ᠪᠠᠷ ︵ᠥᠭᠡᠷᠡᠴᠢᠯᠡᠨ ᠪᠠᠶᠢᠭᠤᠯᠬᠤ᠂ | ᠥᠷᠭᠡᠳᠬᠡᠬᠦ︶ ᠪᠠᠶᠢᠭᠤᠯᠬᠤ ᠳᠤ᠂ ᠬᠠᠮᠢᠶ᠎ᠠ ᠪᠦᠬᠦᠢ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠪᠠ ᠪᠠᠷᠢᠮᠵᠢᠶ᠎ᠠ | ᠵᠢᠷᠤᠮᠵᠢᠯ ᠤᠨ ᠱᠠᠭᠠᠷᠳᠠᠯᠭ᠎ᠠ ᠶᠣᠰᠣᠭᠠᠷ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ | ᠬᠡᠷᠡᠭᠲᠡᠢ᠃2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠵᠠᠮ ᠤᠨ ᠰᠠᠭᠠᠳ ᠦᠭᠡᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠦᠭᠡᠢ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠨᠣᠷᠮ᠎ᠠ ᠶᠢ ᠴᠥᠮ 100% ᠳᠤ ᠬᠦᠷᠦᠭᠦᠯᠦᠨ᠎ᠡ᠃ | ᠬᠤᠶᠠᠷ᠂ ᠬᠡᠷᠡᠭᠵᠢᠭᠦᠯᠬᠦ ᠪᠠᠷᠢᠮᠵᠢᠶ᠎ᠠ | ︵ᠨᠢᠭᠡ︶ ᠲᠥᠯᠦᠪᠵᠢᠭᠦᠯᠭᠡ ᠶᠢᠨ ᠪᠠᠷᠢᠮᠵᠢᠶ᠎ᠠ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠪᠠ ᠬᠠᠷᠰᠢ ᠰᠠᠭᠠᠳ ᠦᠭᠡᠢ ᠲᠥᠬᠦᠭᠡᠷᠦᠮᠵᠢ ᠨᠢ | ᠨᠢᠭᠡᠨᠲᠡ ᠵᠥᠪᠰᠢᠶᠡᠷᠡᠭᠦᠯᠦᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ︵ | ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠯᠵᠢᠯᠲᠡ ᠶᠢᠨ ᠬᠤᠭᠤᠴᠠᠭᠠᠨ ᠳᠤ᠂ | ᠡᠷᠬᠡᠪᠰᠢ ᠵᠥᠪᠰᠢᠶᠡᠷᠡᠭᠦᠯᠦᠭᠰᠡᠨ ᠬᠢᠵᠠᠭᠠᠷᠯᠠᠬᠤ ᠴᠢᠨᠠᠷᠲᠠᠢ ᠨᠠᠷᠢᠨ ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ | ᠬᠡᠷᠡᠭᠲᠡᠢ︶᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ ᠲᠤᠰᠬᠠᠢ ᠵᠦᠢᠯ ᠤᠨ | ᠲᠥᠯᠦᠪᠵᠢᠭᠦᠯᠭᠡ ᠪᠠ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢᠨ | ᠲᠥᠯᠦᠪᠵᠢᠭᠦᠯᠭᠡ ᠳᠤ ᠨᠡᠶᠢᠴᠡᠭᠰᠡᠨ ᠪᠠᠶᠢᠬᠤ ᠬᠡᠷᠡᠭᠲᠡᠢ᠃ ︽ᠬᠤᠲᠠ ᠶᠢᠨ ᠣᠯᠠᠨ ᠨᠡᠶᠢᠲᠡ ᠶᠢᠨ ᠪᠡᠯᠡᠳᠬᠡᠮᠵᠢ ᠶᠢᠨ | ᠲᠥᠯᠦᠪᠵᠢᠭᠦᠯᠭᠡ ᠶᠢᠨ ᠵᠢᠷᠤᠮᠵᠢᠯ︾ ︽ᠬᠤᠲᠠ ᠪᠠᠯᠭᠠᠰᠤ ᠶᠢᠨ ᠨᠠᠰᠤᠲᠠᠶᠢᠴᠤᠳ ᠤᠨ ᠪᠡᠯᠡᠳᠬᠡᠮᠵᠢ ᠶᠢᠨ | ᠲᠥᠯᠦᠪᠵᠢᠭᠦᠯᠭᠡ ᠶᠢᠨ ᠵᠢᠷᠤᠮᠵᠢᠯ︾ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ | ᠲᠥᠯᠦᠪᠵᠢᠭᠦᠯᠭᠡ ᠶᠢᠨ ᠵᠢᠷᠤᠭᠯᠠᠨ ᠲᠥᠯᠥᠪᠯᠡᠬᠦ ᠪᠠᠷᠢᠮᠵᠢᠶ᠎ᠠ︾ ᠵᠡᠷᠭᠡ ᠪᠠᠷᠢᠮᠵᠢᠶ᠎ᠠ ᠶᠢᠨ ᠱᠠᠭᠠᠷᠳᠠᠯᠭ᠎ᠠ ᠶᠣᠰᠣᠭᠠᠷ | ᠲᠥᠯᠥᠪᠵᠢᠭᠦᠯᠦᠨ ᠪᠠᠶᠢᠷᠢᠰᠢᠭᠤᠯᠤᠨ᠎ᠠ᠃ᠪᠠᠷᠢᠯᠭ᠎ᠠ ᠪᠠᠷᠢᠭᠤᠯᠬᠤ ᠨᠢᠭᠡᠴᠡ ᠡᠷᠬᠡᠪᠰᠢ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠪᠣᠯᠣᠨ ᠰᠠᠭᠠᠳ ᠦᠭᠡᠢ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ ᠣᠷᠣᠨ | ᠰᠠᠭᠤᠴᠠ ᠶᠢᠨ ᠲᠥᠯᠦᠪᠵᠢᠭᠦᠯᠭᠡ ᠳᠤ ᠣᠷᠣᠭᠤᠯᠵᠤ᠂ ᠵᠡᠷᠭᠡ ᠳᠤᠨᠢ ᠵᠢᠷᠤᠭᠯᠠᠨ ᠲᠥᠯᠥᠪᠯᠡᠵᠦ᠂ ᠵᠡᠷᠭᠡ ᠳᠤᠨᠢ | ᠪᠦᠲᠦᠭᠡᠨ ᠪᠠᠶᠢᠭᠤᠯᠵᠤ᠂ ᠵᠡᠷᠭᠡ ᠳᠤᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ᠂ ᠵᠡᠷᠭᠡ ᠳᠤᠨᠢ ᠦᠨ᠎ᠡ | ᠲᠥᠯᠥᠪᠦᠷᠢ ᠦᠭᠡᠢ ᠪᠠᠷ ᠲᠤᠰᠢᠶᠠᠨ ᠥᠭᠴᠦ ᠬᠡᠷᠡᠭᠯᠡᠭᠦᠯᠬᠦ ᠬᠡᠷᠡᠭᠲᠡᠢ᠃ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠵᠢᠵᠢᠭ ᠲᠣᠭᠤᠷᠢᠭ ᠲᠤ ᠵᠠᠭᠤᠨ ᠡᠷᠦᠬᠡ ᠪᠦᠷᠢ ᠳᠤ 20 ᠲᠡᠭᠰᠢ ᠳᠥᠷᠪᠡᠯᠵᠢᠨ ᠮᠧᠲᠷ ᠠᠴᠠ | ᠳᠤᠲᠠᠭᠤ ᠦᠭᠡᠢ ᠪᠠᠷᠢᠯᠭ᠎ᠠ ᠶᠢᠨ ᠲᠠᠯᠠᠪᠠᠶ ᠪᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ | ᠲᠣᠬᠢᠷᠠᠭᠤᠯᠤᠨ ᠪᠠᠶᠢᠭᠤᠯᠬᠤ ᠬᠡᠷᠡᠭᠲᠡᠢ᠃ᠡᠯ᠎ᠡ ᠬᠤᠰᠢᠭᠤ ︵ᠣᠷᠣᠨ︶ ᠨᠤᠭᠤᠳ ᠳᠡᠭᠡᠷ᠎ᠡ ᠳᠤᠷᠠᠳᠤᠭᠰᠠᠨ ᠪᠠᠷᠢᠮᠵᠢᠶ᠎ᠠ | ᠠᠴᠠ ᠳᠣᠣᠷ᠎ᠠ ᠦᠭᠡᠢ ᠰᠠᠭᠤᠷᠢᠨ ᠳᠡᠭᠡᠷ᠎ᠡ᠂ ᠲᠣᠰ ᠭᠠᠵᠠᠷ ᠣᠷᠣᠨ ᠤ ᠪᠠᠨ ᠲᠣᠬᠢᠷᠠᠭᠤᠯᠤᠨ ᠪᠠᠶᠢᠭᠤᠯᠬᠤ | ᠪᠠᠷᠢᠮᠵᠢᠶ᠎ᠠ ᠶᠢ ᠲᠣᠭᠲᠠᠭᠠᠵᠤ ᠪᠣᠯᠣᠨ᠎ᠠ᠃ | ︵ᠬᠤᠶᠠᠷ︶ ᠵᠢᠷᠤᠭ ᠲᠥᠯᠥᠪᠯᠡᠭᠡᠨ ᠤ ᠪᠠᠷᠢᠮᠵᠢᠶ᠎ᠠ | ᠪᠦᠲᠦᠭᠡᠨ ᠪᠠᠶᠢᠭᠤᠯᠬᠤ ᠨᠢᠭᠡᠴᠡ ᠨᠢ ︽ᠨᠠᠰᠤᠲᠠᠶᠢᠴᠤᠳ ᠢ ᠬᠠᠷᠠᠭᠠᠯᠵᠠᠬᠤ ᠪᠡᠯᠡᠳᠬᠡᠮᠵᠢ ᠶᠢᠨ ᠪᠠᠷᠢᠯᠭ᠎ᠠ ᠶᠢᠨ | ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︽ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠲᠤᠲᠤᠮ ᠤᠨ | ᠬᠠᠷᠠᠭᠠᠯᠵᠠᠬᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ︾ ︽ᠰᠠᠭᠠᠳ ᠦᠭᠡᠢ ᠵᠢᠷᠤᠭ | ᠲᠥᠯᠥᠪᠯᠡᠭᠡ ᠶᠢᠨ ᠵᠢᠷᠤᠮᠵᠢᠯ︾ ︽ᠪᠠᠷᠢᠯᠭ᠎ᠠ ᠬᠢᠭᠡᠳ ᠬᠤᠲᠠ ᠶᠢᠨ ᠶᠠᠪᠤᠳᠠᠯ ᠤᠨ ᠢᠨᠵᠧᠨᠧᠷᠢᠩ ᠤᠨ ᠰᠠᠭᠠᠳ ᠦᠭᠡᠢ | ᠨᠡᠶᠢᠳᠡᠮ ᠬᠡᠷᠡᠭᠯᠡᠬᠦ ᠵᠢᠷᠤᠮᠵᠢᠯ︾ ᠵᠡᠷᠭᠡ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠭᠡᠷ ᠪᠠᠶᠢᠰᠢᠩ ᠢ ᠵᠢᠷᠤᠭᠯᠠᠨ ᠲᠥᠯᠥᠪᠯᠡᠵᠦ ᠲᠣᠬᠢᠷᠠᠭᠤᠯᠤᠨ ᠪᠠᠶᠢᠭᠤᠯᠬᠤ | ᠬᠡᠷᠡᠭᠲᠡᠢ᠃ᠬᠤᠭᠤᠴᠠᠭ᠎ᠠ ᠬᠤᠪᠢᠶᠠᠨ ᠨᠡᠭᠡᠭᠡᠨ ᠬᠥᠭᠵᠢᠭᠦᠯᠬᠦ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠵᠢᠵᠢᠭ ᠲᠣᠭᠤᠷᠢᠭ ᠤᠨ ᠲᠥᠷᠥᠯ ᠵᠦᠢᠯ ᠳᠤ᠂ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠳᠤ | ᠬᠡᠷᠡᠭᠯᠡᠬᠦ ᠭᠡᠷ ᠪᠠᠶᠢᠰᠢᠩ ᠢ ᠠᠩᠬᠠᠨ ᠤ ᠬᠤᠭᠤᠴᠠᠭᠠᠨ ᠳᠤ ᠲᠣᠬᠢᠷᠠᠭᠤᠯᠬᠤ ᠬᠡᠷᠡᠭᠲᠡᠢ ᠪᠥᠭᠡᠳ ᠰᠠᠯᠭᠠᠵᠤ ᠪᠣᠯᠬᠤ | ᠦᠭᠡᠢ᠃ᠠᠩᠬᠠᠨ ᠤ ᠬᠤᠭᠤᠴᠠᠭᠠᠨ ᠳᠤ ᠲᠣᠬᠢᠷᠠᠭᠤᠯᠬᠤ ᠠᠷᠭ᠎ᠠ ᠦᠭᠡᠢ ᠲᠥᠷᠥᠯ ᠵᠦᠢᠯ ᠳᠤ᠂ ᠲᠣᠬᠢᠷᠠᠭᠤᠯᠤᠨ | ᠪᠠᠶᠢᠭᠤᠯᠤᠭᠰᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ | ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ ᠢ ᠡᠷᠬᠡᠪᠰᠢ ᠣᠷᠣᠨ ᠰᠠᠭᠤᠴᠠ ᠶᠢᠨ ᠶᠡᠷᠦᠩᠬᠡᠢ | ᠬᠡᠪᠴᠢᠶ᠎ᠡ ᠶᠢᠨ 50% ᠶᠢ ᠪᠡᠶᠡᠯᠡᠭᠦᠯᠬᠦ ᠠᠴᠠ ᠡᠮᠦᠨ᠎ᠡ ᠵᠡᠷᠭᠡ ᠳᠤᠨᠢ ᠪᠠᠶᠢᠭᠤᠯᠵᠤ ᠳᠠᠭᠤᠰᠬᠠᠬᠤ ᠬᠡᠷᠡᠭᠲᠡᠢ᠃ | ︵ᠭᠤᠷᠪᠠ︶ ᠰᠢᠯᠭᠠᠨ ᠠᠪᠬᠤ ᠪᠠᠷᠢᠮᠵᠢᠶ᠎ᠠ | ᠪᠦᠲᠦᠭᠡᠨ ᠪᠠᠶᠢᠭᠤᠯᠬᠤ ᠨᠢᠭᠡᠴᠡ ᠨᠢ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠣᠯᠣᠨ ᠬᠠᠷᠰᠢ ᠰᠠᠭᠠᠳ ᠦᠭᠡᠢ ᠪᠡᠯᠡᠳᠬᠡᠮᠵᠢ ᠶᠢ ᠪᠠᠷᠢᠯᠭ᠎ᠠ ᠶᠢ | ᠰᠢᠯᠭᠠᠨ ᠠᠪᠬᠤ ᠬᠦᠷᠢᠶ᠎ᠡ ᠬᠡᠪᠴᠢᠶᠡᠨ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ | ᠵᠡᠷᠭᠡ ᠳᠤᠨᠢ ᠰᠢᠯᠭᠠᠨ ᠠᠪᠬᠤ ᠬᠡᠷᠡᠭᠲᠡᠢ᠃ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠳ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠠᠢ ᠬᠠᠮᠲᠤᠷᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ | ᠪᠠᠶᠢᠭᠤᠯᠤᠭᠰᠠᠨ ᠪᠠᠶᠢᠳᠠᠯ ᠳᠤ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠯᠲᠠ ᠬᠢᠵᠦ᠂ ᠲᠥᠯᠦᠪᠵᠢᠭᠦᠯᠭᠡ ᠶᠢᠨ | ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠢ ᠲᠥᠯᠦᠪᠵᠢᠭᠦᠯᠭᠡ ᠶᠢᠨ | ᠬᠢᠨᠠᠨ ᠬᠠᠷᠭᠤᠭᠤᠯᠤᠯᠲᠠ ᠪᠠᠷ ᠳᠠᠮᠵᠢᠬᠤ ᠦᠭᠡᠢ᠃ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠣᠬᠢᠷᠠᠭᠤᠯᠤᠨ ᠪᠠᠶᠢᠭᠤᠯᠤᠭᠰᠠᠨ ᠦᠭᠡᠢ᠂ ᠵᠡᠷᠭᠡ ᠪᠠᠷ | ᠲᠤᠰᠢᠶᠠᠨ ᠬᠡᠷᠡᠭᠯᠡᠭᠦᠯᠵᠦ ᠳᠡᠶᠢᠯᠬᠦ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠲᠥᠷᠥᠯ ᠵᠦᠢᠯ ᠵᠢᠴᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ ᠪᠡᠯᠡᠳᠬᠡᠮᠵᠢ ᠨᠢ ᠬᠢᠨᠠᠨ | ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠠ | ︽ᠰᠠᠭᠠᠳ ᠦᠭᠡᠢ ᠪᠡᠯᠡᠳᠬᠡᠮᠵᠢ ᠶᠢᠨ ᠪᠠᠷᠢᠯᠭ᠎ᠠ ᠶᠢᠨ ᠠᠵᠢᠯ ᠢ ᠰᠢᠯᠭᠠᠨ ᠠᠪᠬᠤ ᠵᠢᠴᠢ ᠬᠠᠮᠠᠭᠠᠯᠠᠬᠤ ᠵᠢᠷᠤᠮᠵᠢᠯ︾ | ᠵᠡᠷᠭᠡ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠷ ᠪᠠᠷᠢᠯᠭ᠎ᠠ ᠪᠠᠷᠢᠭᠰᠠᠨ ᠦᠭᠡᠢ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ | ᠳᠠᠩᠰᠠᠯᠠᠬᠤ ᠭᠠᠷᠳᠠᠮ ᠭᠦᠢᠴᠡᠳᠬᠡᠵᠦ ᠥᠭᠬᠦ ᠦᠭᠡᠢ᠃ | ᠭᠤᠷᠪᠠ᠂ ︽ᠳᠥᠷᠪᠡ ᠶᠢ ᠵᠡᠷᠭᠡ ᠳᠤᠨᠢ ᠶᠠᠪᠤᠭᠳᠠᠭᠤᠯᠬᠤ︾ ᠵᠠᠷᠴᠢᠮ ᠢ ᠴᠢᠩᠭ᠎ᠠ ᠭᠡᠷᠡᠭᠵᠢᠬᠦᠯᠦᠨ᠎ᠡ | ︵ᠨᠢᠭᠡ︶ ᠢᠵᠢᠯ ᠠᠯᠬᠤᠮ ᠢᠶᠠᠷ ᠲᠥᠯᠥᠪᠵᠢᠭᠦᠯᠬᠦ | 1. ᠡᠯ᠎ᠡ ᠬᠤᠰᠢᠭᠤ ︵ᠣᠷᠣᠨ︶ ᠶᠢᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠤᠯᠤᠰ ᠤᠨ ᠭᠠᠵᠠᠷ | ᠰᠢᠷᠣᠢ ᠶᠢᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠯᠤᠰ᠂ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠤᠨ ᠲᠣᠭᠲᠠᠭᠠᠯ ᠶᠣᠰᠣᠭᠠᠷ᠂ ︽ | ᠨᠢᠭᠡᠳᠦᠯᠲᠡᠢ ᠲᠥᠯᠥᠪᠵᠢᠭᠦᠯᠬᠦ᠂ ᠲᠡᠩᠴᠡᠭᠦᠷᠢᠲᠡᠢ ᠪᠠᠶᠢᠷᠢᠯᠠᠭᠤᠯᠬᠤ᠂ ᠱᠠᠲᠤ ᠬᠤᠪᠢᠶᠠᠨ ᠪᠠᠶᠢᠷᠢᠯᠠᠭᠤᠯᠬᠤ︾ | ᠵᠠᠷᠴᠢᠮ ᠢ ᠵᠢᠷᠤᠮᠯᠠᠵᠤ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠠᠰᠤᠵᠢᠯ ᠤᠨ ᠦᠢᠯᠡᠴᠢᠯᠡᠭᠡᠨ ᠤ | ᠪᠡᠯᠡᠳᠬᠡᠮᠵᠢ ᠶᠢᠨ ᠲᠤᠰᠬᠠᠢ ᠵᠦᠢᠯ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ | ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠠᠮᠢᠶ᠎ᠠ ᠪᠦᠬᠦᠢ ᠣᠯᠠᠨ ᠨᠡᠶᠢᠲᠡ ᠶᠢᠨ ᠦᠢᠯᠡᠴᠢᠯᠡᠭᠡᠨ ᠤ ᠲᠥᠯᠦᠪᠵᠢᠭᠦᠯᠭᠡ | ᠪᠤᠶᠤ ᠲᠥᠰᠥᠯ ᠳᠤ ᠣᠷᠣᠭᠤᠯᠵᠤ᠂ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠣᠭᠲᠠᠭᠠᠬᠤ᠂ ᠳᠠᠩᠰᠠᠯᠠᠬᠤ | ᠠᠵᠢᠯ ᠢ ᠭᠦᠢᠴᠡᠳᠬᠡᠬᠦ ᠬᠡᠷᠡᠭᠲᠡᠢ᠃ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠬᠠᠤᠯᠢ ᠶᠣᠰᠣᠭᠠᠷ | ᠵᠥᠪᠰᠢᠶᠡᠷᠡᠭᠰᠡᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠭᠤᠣᠯ ᠠᠭᠤᠯᠭ᠎ᠠ ᠶᠢ ᠡᠵᠡᠮᠳᠡᠯ ᠤᠨ ᠴᠢᠨᠠᠷᠲᠠᠢ ᠨᠠᠷᠢᠨ | ᠲᠥᠯᠦᠪᠵᠢᠭᠦᠯᠭᠡ ᠳᠤ ᠣᠷᠣᠭᠤᠯᠵᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ︽ | ᠨᠢᠭᠡ ᠯᠡ ᠵᠢᠷᠤᠭ︾ ᠲᠤ ᠳᠠᠪᠬᠤᠴᠠᠭᠤᠯᠤᠨ ᠴᠢᠩᠭ᠎ᠠ ᠬᠡᠷᠡᠭᠵᠢᠭᠦᠯᠬᠦ ᠶᠢ ᠬᠠᠷᠢᠭᠤᠴᠠᠨ᠎ᠠ᠃ | 2. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠭᠠᠵᠠᠷ ᠬᠡᠷᠡᠭᠯᠡᠬᠦ ᠲᠥᠯᠦᠪᠵᠢᠭᠦᠯᠭᠡ ᠶᠢᠨ ᠨᠥᠬᠦᠴᠡᠯ ᠢ ᠬᠢᠨᠠᠨ | ᠣᠯᠭᠤᠬᠤ ᠦᠶᠡᠰ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ︵ᠤᠯᠤᠰ ᠤᠨ | ᠭᠠᠵᠠᠷ ᠰᠢᠷᠣᠢ ᠶᠢᠨ ᠣᠷᠣᠨ ᠵᠠᠢ ᠶᠢᠨ ᠲᠥᠯᠦᠪᠵᠢᠭᠦᠯᠭᠡ ᠶᠢᠨ ᠰᠢᠯᠵᠢᠯᠲᠡ ᠶᠢᠨ ᠬᠤᠭᠤᠴᠠᠭᠠᠨ ᠳᠤ᠂ | ᠵᠥᠪᠰᠢᠶᠡᠷᠡᠭᠦᠯᠦᠭᠰᠡᠨ ᠬᠢᠵᠠᠭᠠᠷᠯᠠᠬᠤ ᠴᠢᠨᠠᠷᠲᠠᠢ ᠨᠠᠷᠢᠨ ᠲᠥᠯᠦᠪᠵᠢᠭᠦᠯᠭᠡ ᠶᠢ ᠦᠨᠳᠦᠰᠦᠯᠡᠬᠦ ᠬᠡᠷᠡᠭᠲᠡᠢ︶ ᠶᠢ | ᠦᠨᠳᠦᠰᠦᠯᠡᠨ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠤᠰᠬᠠᠢ ᠵᠦᠢᠯ ᠤᠨ ᠲᠥᠯᠦᠪᠵᠢᠭᠦᠯᠭᠡ ᠪᠠ | ᠬᠤᠯᠪᠣᠭᠳᠠᠯ ᠪᠦᠬᠦᠢ ᠮᠡᠷᠭᠡᠵᠢᠯ ᠤᠨ ᠵᠢᠷᠤᠮᠵᠢᠯ ᠤᠨ ᠱᠠᠭᠠᠷᠳᠠᠯᠭ᠎ᠠ ᠪᠠᠷ ᠯᠠᠪᠯᠠᠯᠲᠠ ᠪᠣᠯᠭᠠᠵᠤ᠂ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠬᠠᠮᠢᠶ᠎ᠠ | ᠪᠦᠬᠦᠢ ᠱᠠᠭᠠᠷᠳᠠᠯᠭ᠎ᠠ ᠶᠢ ᠵᠡᠷᠭᠡ ᠳᠤᠨᠢ ᠳᠤᠷᠠᠳᠤᠨ ᠭᠠᠷᠭᠠᠬᠤ ᠬᠡᠷᠡᠭᠲᠡᠢ᠃ | ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ | ᠬᠤᠳᠠᠯᠳᠤᠬᠤ ᠲᠥᠰᠥᠯ ᠢ ᠲᠣᠭᠲᠠᠭᠠᠬᠤ ᠦᠶ᠎ᠡ ᠳᠤ᠂ ᠲᠣᠭᠲᠠᠭᠠᠭᠰᠠᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠪᠣᠯᠣᠨ ᠬᠠᠷᠰᠢ ᠰᠠᠭᠠᠳ ᠦᠭᠡᠢ ᠪᠡᠯᠡᠳᠬᠡᠮᠵᠢ ᠲᠣᠬᠢᠷᠠᠭᠤᠯᠤᠨ ᠪᠠᠶᠢᠭᠤᠯᠬᠤ | ᠪᠠᠷᠢᠮᠵᠢᠶ᠎ᠠ ᠵᠡᠷᠭᠡ ᠲᠥᠯᠦᠪᠵᠢᠭᠦᠯᠭᠡ ᠶᠢᠨ ᠨᠥᠬᠦᠴᠡᠯ ᠵᠢᠴᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠨᠠᠰᠤᠵᠢᠯ ᠤᠨ ᠠᠰᠠᠷᠠᠮᠵᠢ ᠶᠢᠨ ᠪᠡᠯᠡᠳᠬᠡᠮᠵᠢ ᠲᠣᠬᠢᠷᠠᠭᠤᠯᠤᠨ ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠪᠣᠳᠠᠲᠠᠢ | ᠪᠦᠲᠦᠭᠡᠨ ᠪᠠᠶᠢᠭᠤᠯᠬᠤ ᠪᠠᠷᠢᠮᠵᠢᠶ᠎ᠠ ᠬᠢᠭᠡᠳ ᠲᠤᠰᠢᠶᠠᠨ ᠥᠭᠬᠦ ᠱᠠᠭᠠᠷᠳᠠᠯᠭ᠎ᠠ ᠵᠡᠷᠭᠡ ᠶᠢ ᠭᠠᠵᠠᠷ ᠰᠢᠷᠣᠢ ᠬᠠᠩᠭᠠᠬᠤ | ᠤᠷᠢᠲᠠᠯ ᠨᠥᠬᠦᠴᠡᠯ ᠪᠣᠯᠭᠠᠵᠤ᠂ ᠭᠠᠷᠭᠠᠵᠤ ᠥᠭᠬᠦ ᠠᠯᠪᠠᠨ ᠵᠠᠷ ᠪᠣᠯᠣᠨ ᠭᠠᠷᠭᠠᠵᠤ ᠥᠭᠬᠦ ᠳᠤ ᠡᠷᠬᠡᠪᠰᠢ ᠮᠡᠳᠡᠬᠦ | ᠵᠦᠢᠯ ᠳᠤ ᠣᠷᠣᠭᠤᠯᠬᠤ ᠶᠢᠨ ᠬᠠᠮᠳᠣ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠶᠢ ᠭᠠᠷᠭᠠᠵᠤ ᠥᠭᠬᠦ ᠭᠡᠷ᠎ᠡ︾ ᠳᠤ ᠪᠢᠴᠢᠵᠦ ᠣᠷᠣᠭᠤᠯᠬᠤ ᠶᠢᠨ ᠬᠠᠮᠲᠤ ᠬᠡᠷᠡᠭᠵᠢᠭᠦᠯᠬᠦ | ᠬᠡᠷᠡᠭᠲᠡᠢ᠃ | 3. ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ | ᠥᠷᠢᠰᠦᠯᠳᠦᠨ ᠣᠯᠣᠭᠴᠢ ︽ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ | ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤ ᠭᠠᠷ ᠤᠨ ᠥᠰᠥᠭ ᠵᠢᠷᠤᠬᠤ ᠳᠠᠭᠠᠨ᠂ ᠲᠥᠷᠥᠯ | ᠵᠦᠢᠯ ᠤᠨ ᠪᠠᠶᠢᠭ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠰᠢᠨ᠎ᠡ ᠪᠠᠷ ᠪᠠᠶᠢᠭᠤᠯᠤᠭᠰᠠᠨ | ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠰᠢᠯᠵᠢᠭᠦᠯᠦᠨ ᠲᠤᠰᠢᠶᠠᠬᠤ ᠠᠮᠠᠯᠠᠯᠲᠠ ᠶᠢᠨ ᠪᠢᠴᠢᠭ ᠲᠣᠭᠲᠠᠵᠤ᠂ ᠪᠦᠲᠦᠭᠡᠨ ᠪᠠᠶᠢᠭᠤᠯᠬᠤ ᠠᠭᠤᠯᠭ᠎ᠠ᠂ ᠪᠦᠲᠦᠭᠡᠨ | ᠪᠠᠶᠢᠭᠤᠯᠬᠤ ᠪᠠᠷᠢᠮᠵᠢᠶ᠎ᠠ᠂ ᠠᠵᠢᠯ ᠡᠬᠢᠯᠡᠭᠦᠯᠬᠦ ᠬᠤᠭᠤᠴᠠᠭ᠎ᠠ ᠬᠢᠵᠠᠭᠠᠷ᠂ ᠰᠢᠯᠵᠢᠭᠦᠯᠦᠨ ᠲᠤᠰᠢᠶᠠᠬᠤ ᠠᠷᠭ᠎ᠠ ᠮᠠᠶ᠋ᠢᠭ᠂ | ᠭᠡᠷ᠎ᠡ ᠵᠥᠷᠢᠴᠡᠭᠰᠡᠨ ᠬᠠᠷᠢᠭᠤᠴᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠬᠤ ᠬᠡᠷᠡᠭᠲᠡᠢ᠃ | 4. ᠪᠦᠲᠦᠭᠡᠨ ᠪᠠᠶᠢᠭᠤᠯᠬᠤ ᠨᠢᠭᠡᠴᠡ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠲᠥᠷᠥᠯ ᠵᠦᠢᠯ ᠤᠨ ᠪᠠᠶᠢᠭᠤᠯᠬᠤ ᠴᠢᠨᠠᠷᠲᠠᠢ ᠨᠠᠷᠢᠨ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠳᠠᠭᠠᠨ᠂ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠵᠢᠷᠤᠭ ᠳᠡᠭᠡᠷ᠎ᠡ ᠣᠷᠣᠨ ᠰᠠᠭᠤᠴᠠ ᠶᠢᠨ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ ᠤᠨ ᠪᠣᠳᠠᠲᠠᠢ ᠣᠷᠣᠨ ᠪᠠᠶᠢᠷᠢ ᠪᠠ | ᠪᠠᠷᠢᠯᠭ᠎ᠠ ᠶᠢᠨ ᠲᠠᠯᠠᠪᠠᠶ ᠶᠢ ᠲᠣᠳᠣᠷᠬᠠᠶᠢᠯᠠᠬᠤ ᠬᠡᠷᠡᠭᠲᠡᠢ᠃ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠲᠥᠰᠥᠯ ᠢ | ᠬᠢᠨᠠᠨ ᠪᠠᠶᠢᠴᠠᠭᠠᠬᠤ ᠳᠤ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠨᠢ ᠲᠥᠯᠦᠪᠵᠢᠭᠦᠯᠭᠡ ᠶᠢᠨ ᠨᠥᠬᠦᠴᠡᠯ ᠳᠤ ᠨᠡᠶᠢᠴᠡᠬᠦ | ᠡᠰᠡᠬᠦ ᠶᠢ ᠬᠢᠨᠠᠨ ᠪᠠᠶᠢᠴᠠᠭᠠᠵᠤ᠂ ᠲᠥᠯᠦᠪᠵᠢᠭᠦᠯᠭᠡ ᠶᠢᠨ ᠨᠥᠬᠦᠴᠡᠯ ᠳᠤ ᠨᠡᠶᠢᠴᠡᠬᠦ ᠦᠭᠡᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠲᠥᠰᠥᠯ ᠢ ᠬᠢᠨᠠᠨ ᠪᠠᠶᠢᠴᠠᠭᠠᠬᠤ ᠶᠢ | ᠥᠩᠭᠡᠷᠡᠭᠡᠵᠦ ᠪᠣᠯᠬᠤ ᠦᠭᠡᠢ᠃ᠣᠨᠴᠣᠭᠤᠢ ᠪᠠᠶᠢᠳᠠᠯ ᠠᠴᠠ ᠪᠣᠯᠵᠤ ᠣᠷᠣᠨ ᠰᠠᠭᠤᠴᠠ ᠶᠢᠨ ᠲᠣᠭᠤᠷᠢᠭ ᠤᠨ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠢ | ᠲᠣᠬᠢᠷᠠᠭᠤᠯᠬᠤ ᠴᠢᠬᠤᠯᠠᠲᠠᠢ ᠪᠠᠶᠢᠪᠠᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠠᠷᠠᠳ ᠤᠨ | ᠶᠠᠪᠤᠳᠠᠯ ᠤᠨ ᠰᠠᠯᠠᠭ᠎ᠠ ᠮᠥᠴᠢᠷ ᠲᠤ ᠮᠡᠳᠡᠭᠳᠡᠵᠦ ᠬᠤᠪᠢᠷᠠᠭᠤᠯᠬᠤ ᠶᠢ ᠬᠢᠨᠠᠨ ᠪᠠᠶᠢᠴᠠᠭᠠᠬᠤ ᠳᠤ ᠣᠷᠣᠯᠴᠠᠭᠤᠯᠬᠤ ᠶᠢᠨ | ᠬᠠᠮᠲᠤ᠂ ᠲᠥᠰᠥᠯ ᠢ ᠬᠤᠪᠢᠷᠠᠭᠤᠯᠬᠤ ᠲᠠᠰ ᠳᠠᠷᠠᠭᠠᠯᠠᠯ ᠢ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠥᠪᠰᠢᠶᠡᠷᠡᠯ ᠦᠭᠡᠢ ᠪᠠᠷ | ᠪᠦᠲᠦᠭᠡᠨ ᠪᠠᠶᠢᠭᠤᠯᠬᠤ ᠨᠢᠭᠡᠴᠡ ᠨᠢ ᠲᠥᠯᠦᠪᠵᠢᠭᠦᠯᠭᠡ ᠶᠢᠨ ᠵᠥᠪᠰᠢᠶᠡᠷᠡᠯ ᠤᠨ ᠠᠭᠤᠯᠭ᠎ᠠ ᠶᠢ ᠳᠤᠷ᠎ᠠ ᠪᠠᠷ ᠢᠶᠠᠨ | ᠬᠤᠪᠢᠷᠠᠭᠤᠯᠵᠤ ᠪᠣᠯᠬᠤ ᠦᠬᠡᠢ᠃ | 5. ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ | ᠲᠥᠯᠦᠪᠵᠢᠭᠦᠯᠭᠡ ᠶᠢᠨ ᠵᠥᠪᠰᠢᠶᠡᠷᠡᠯ ᠢ ᠭᠦᠢᠴᠡᠳᠬᠡᠬᠦ ᠳᠡᠭᠡᠨ᠂ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠨᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠥᠯ ᠪᠠ ᠤᠯᠤᠰ ᠤᠨ | ᠬᠤᠯᠪᠣᠭᠳᠠᠯ ᠪᠦᠬᠦᠢ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠳᠤ ᠨᠡᠶᠢᠴᠡᠬᠦ ᠦᠭᠡᠢ ᠪᠠᠶᠢᠪᠠᠯ᠂ | ᠵᠥᠪᠰᠢᠶᠡᠷᠡᠯ ᠤᠨ ᠦᠨᠡᠮᠯᠡᠯ ᠣᠯᠭᠤᠬᠤ ᠦᠭᠡᠢ᠃ | ︵ᠬᠤᠶᠠᠷ︶ ᠵᠡᠷᠭᠡ ᠳᠤᠨᠢ ᠪᠦᠲᠦᠭᠡᠨ ᠪᠠᠶᠢᠭᠤᠯᠬᠤ | 1. ᠪᠦᠲᠦᠭᠡᠨ ᠪᠠᠶᠢᠭᠤᠯᠬᠤ ᠨᠢᠭᠡᠴᠡ ᠨᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠤᠨ ᠪᠠᠷᠢᠯᠭ᠎ᠠ ᠶᠢᠨ ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠨᠠᠶᠢᠷᠠᠭᠤᠯᠤᠨ | ᠵᠣᠬᠢᠶᠠᠬᠤ ᠳᠠᠭᠠᠨ᠂ ᠵᠢᠷᠤᠭᠯᠠᠨ ᠲᠥᠯᠥᠪᠯᠡᠭᠰᠡᠨ ᠨᠢᠭᠡᠴᠡ ᠨᠢ ᠲᠣᠰ ᠪᠢᠴᠢᠭ ᠮᠠᠲ᠋ᠧᠷᠢᠶᠠᠯ ᠳᠤ ᠱᠠᠭᠠᠷᠳᠠᠭᠰᠠᠨ | ᠵᠢᠷᠤᠭᠯᠠᠨ ᠲᠥᠯᠥᠪᠯᠡᠭᠰᠡᠨ ᠪᠠᠷᠢᠮᠵᠢᠶ᠎ᠠ ᠶᠢ ᠴᠢᠩᠭ᠎ᠠ ᠵᠢᠷᠤᠮᠯᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ | ᠬᠠᠷᠰᠢ ᠰᠠᠭᠠᠳ ᠦᠭᠡᠢ ᠪᠡᠯᠡᠳᠬᠡᠮᠵᠢ ᠶᠢ ᠲᠣᠬᠢᠷᠠᠭᠤᠯᠤᠨ ᠪᠠᠶᠢᠭᠤᠯᠬᠤ ᠶᠢ ᠱᠠᠭᠠᠷᠳᠠᠬᠤ ᠬᠡᠷᠡᠭᠲᠡᠢ᠃ | 2. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠦᠨ ᠪᠦᠲᠦᠭᠡᠨ | ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ | ᠬᠡᠪᠴᠢᠶᠡᠨ ᠳᠤ ᠣᠷᠣᠭᠤᠯᠵᠤ᠂ ᠪᠠᠷᠢᠯᠭ᠎ᠠ ᠶᠢᠨ ᠵᠢᠷᠤᠭ ᠢ ᠬᠢᠨᠠᠨ ᠪᠠᠶᠢᠴᠠᠭᠠᠬᠤ ᠪᠠᠶᠢᠭᠤᠯᠤᠮᠵᠢ ᠨᠢ ᠪᠠᠷᠢᠯᠭ᠎ᠠ ᠶᠢᠨ | ᠵᠢᠷᠤᠭ ᠢ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠠᠭᠠᠨ ᠪᠣᠭᠤᠮᠲᠠ ᠶᠢ ᠴᠢᠩᠭ᠎ᠠ | ᠠᠳᠬᠤᠵᠤ᠂ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ᠂ ᠬᠠᠷᠰᠢ ᠰᠠᠭᠠᠳ ᠦᠭᠡᠢ ᠪᠡᠯᠡᠳᠬᠡᠮᠵᠢ ᠶᠢ | ᠲᠣᠬᠢᠷᠠᠭᠤᠯᠬᠤ ᠪᠠᠷᠢᠮᠵᠢᠶ᠎ᠠ ᠨᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠦᠪᠵᠢᠭᠦᠯᠭᠡ ᠶᠢᠨ ᠵᠢᠷᠤᠭᠯᠠᠨ | ᠲᠥᠯᠥᠪᠯᠡᠭᠰᠡᠨ ᠲᠥᠰᠥᠯ ᠳᠤ ᠨᠡᠶᠢᠴᠡᠬᠦ ᠦᠭᠡᠢ ᠪᠠᠶᠢᠪᠠᠯ᠂ ᠬᠢᠨᠠᠨ ᠪᠠᠶᠢᠴᠠᠭᠠᠯᠲᠠ ᠶᠢ ᠥᠩᠭᠡᠷᠡᠭᠡᠵᠦ ᠪᠣᠯᠬᠤ ᠦᠭᠡᠢ᠃ | ᠱᠠᠭᠠᠷᠳᠠᠯᠭ᠎ᠠ ᠳᠤ ᠨᠡᠶᠢᠴᠡᠭᠰᠡᠨ ᠪᠠᠶᠢᠪᠠᠯ ᠪᠠᠷᠢᠯᠭ᠎ᠠ ᠶᠢᠨ ᠵᠢᠷᠤᠭ ᠤᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ | ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠢᠴᠢᠭ ᠲᠤ ᠲᠣᠳᠣᠷᠬᠠᠢ ᠲᠣᠭᠲᠠᠭᠠᠵᠤ᠂ ᠪᠠᠷᠢᠯᠭ᠎ᠠ ᠶᠢᠨ ᠠᠵᠢᠯ ᠤᠨ | ᠵᠥᠪᠰᠢᠶᠡᠷᠡᠯ ᠢ ᠭᠦᠢᠴᠡᠳᠬᠡᠬᠦ ᠦᠶ᠎ᠡ ᠳᠤ ᠬᠢᠨᠠᠨ ᠪᠠᠶᠢᠴᠠᠭᠠᠬᠤ ᠳᠤ ᠲᠥᠬᠦᠮ ᠦᠵᠡᠭᠦᠯᠬᠦ ᠬᠡᠷᠡᠭᠲᠡᠢ᠃ | 3. ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ︵ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ︶ ᠶᠢᠨ ᠰᠠᠯᠠᠭ᠎ᠠ ᠮᠥᠴᠢᠷ ᠤᠳ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠠᠷᠢᠯᠭ᠎ᠠ ᠪᠠᠷᠢᠬᠤ ᠵᠥᠪᠰᠢᠶᠡᠷᠡᠯ ᠢ ᠭᠦᠢᠴᠡᠳᠬᠡᠬᠦ ᠳᠡᠭᠡᠨ᠂ | ᠪᠠᠷᠢᠯᠭ᠎ᠠ ᠶᠢᠨ ᠵᠢᠷᠤᠭ ᠲᠥᠯᠥᠪᠯᠡᠭᠡ ᠶᠢᠨ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ | ᠪᠢᠴᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ ᠢᠵᠢ | ᠪᠦᠷᠢᠳᠦᠭᠦᠯᠦᠨ ᠪᠦᠲᠦᠭᠡᠨ ᠪᠠᠶᠢᠭᠤᠯᠤᠭᠰᠠᠨ ᠡᠰᠡᠬᠦ ᠶᠢ ᠴᠢᠩᠭ᠎ᠠ ᠬᠢᠨᠠᠨ ᠬᠠᠷᠭᠤᠭᠤᠯᠵᠤ᠂ ᠲᠥᠯᠦᠪᠵᠢᠭᠦᠯᠭᠡ | ᠶᠣᠰᠣᠭᠠᠷ ᠢᠵᠢ ᠪᠦᠷᠢᠳᠦᠭᠦᠯᠦᠨ ᠵᠢᠷᠤᠵᠤ ᠲᠥᠯᠥᠪᠯᠡᠭᠰᠡᠨ ᠦᠭᠡᠢ ᠪᠠᠶᠢᠪᠠᠯ ᠬᠢᠨᠠᠨ ᠬᠠᠷᠭᠤᠭᠤᠯᠵᠤ ᠪᠠᠲᠤᠯᠠᠬᠤ | ᠦᠭᠡᠢ᠃ | 4. ᠪᠠᠷᠢᠯᠭ᠎ᠠ ᠪᠠᠷᠢᠭᠤᠯᠬᠤ ᠨᠢᠭᠡᠴᠡ ᠨᠢ ᠬᠢᠨᠠᠨ ᠪᠠᠶᠢᠴᠠᠭᠠᠭᠠᠳ ᠬᠢᠷᠢ ᠲᠡᠩᠴᠡᠭᠰᠡᠨ ᠪᠠᠷᠢᠯᠭ᠎ᠠ ᠪᠠᠷᠢᠬᠤ | ᠵᠢᠷᠤᠭ ᠤᠨ ᠵᠢᠷᠤᠭᠯᠠᠨ ᠲᠥᠯᠥᠪᠯᠡᠭᠰᠡᠨ ᠪᠢᠴᠢᠭ ᠮᠠᠲ᠋ᠧᠷᠢᠶᠠᠯ ᠪᠣᠯᠣᠨ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ ᠪᠠᠷᠢᠯᠭ᠎ᠠ ᠶᠢᠨ ᠠᠵᠢᠯ ᠢ ᠵᠣᠬᠢᠶᠠᠨ ᠪᠠᠶᠢᠭᠤᠯᠵᠤ᠂ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ ᠢ ᠬᠡᠷᠡᠮ ᠢ ᠭᠠᠵᠠᠷ ᠲᠤ ᠪᠠᠭᠤᠯᠭᠠᠬᠤ᠂ | ᠱᠦᠢᠨᠢ ᠶᠢᠨ ᠭᠠᠵᠠᠷ ᠤᠨ ᠭᠠᠳᠠᠷᠭᠤ ᠶᠢ ᠲᠡᠭᠰᠢᠬᠡᠨ ᠪᠠᠶᠢᠯᠭᠠᠬᠤ᠂ ᠡᠭᠦᠳᠡ ᠴᠣᠩᠬᠤ᠂ ᠵᠣᠷᠯᠣᠩ᠂ ᠤᠰᠤ ᠴᠠᠬᠢᠯᠭᠠᠨ ᠬᠡᠢ | ᠳᠤᠯᠠᠭᠠᠯᠠᠭ᠎ᠠ᠂ ᠰᠠᠭᠠᠳ ᠦᠭᠡᠢ ᠵᠡᠷᠭᠡ ᠪᠡᠯᠡᠳᠬᠡᠮᠵᠢ ᠶᠢ ᠪᠦᠷᠢᠨ ᠭᠦᠢᠴᠡᠳ ᠪᠠᠶᠢᠯᠭᠠᠬᠤ ᠶᠢ ᠦᠨᠡᠨᠬᠦ ᠪᠠᠲᠤᠯᠠᠵᠤ᠂ | ᠲᠥᠬᠦᠮ ᠢᠶᠠᠷ ᠵᠠᠰᠠᠵᠤ ᠴᠢᠮᠡᠭᠯᠡᠪᠡᠯ ᠳᠠᠷᠤᠢ ᠬᠡᠷᠡᠭᠯᠡᠵᠦ ᠪᠣᠯᠬᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃ | 5. ᠪᠦᠲᠦᠭᠡᠨ ᠪᠠᠶᠢᠭᠤᠯᠬᠤ ᠨᠢᠭᠡᠴᠡ ᠨᠢ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠪᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠰᠠᠭᠠᠳ ᠦᠭᠡᠢ | ᠪᠡᠯᠡᠳᠬᠡᠮᠵᠢ ᠶᠢᠨ ᠵᠢᠷᠤᠭᠯᠠᠨ ᠲᠥᠯᠥᠪᠯᠡᠭᠰᠡᠨ ᠠᠭᠤᠯᠭ᠎ᠠ ᠶᠢ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ | ᠬᠤᠪᠢᠷᠠᠭᠤᠯᠬᠤ ᠴᠢᠬᠤᠯᠠ ᠲᠠᠢ ᠪᠣᠯ᠂ ᠤᠤᠯ ᠤᠨ ᠬᠢᠨᠠᠨ ᠪᠠᠶᠢᠴᠠᠭᠠᠭᠰᠠᠨ ᠰᠠᠯᠠᠭ᠎ᠠ ᠮᠥᠴᠢᠷ ᠢᠶᠠᠷ ᠬᠢᠨᠠᠭᠤᠯᠵᠤ | ᠵᠥᠪᠰᠢᠶᠡᠷᠡᠭᠦᠯᠬᠦ ᠬᠡᠷᠡᠭᠲᠡᠢ᠃ | ︵ᠭᠤᠷᠪᠠ︶ ᠪᠠᠷᠢᠯᠭ᠎ᠠ ᠳᠠᠭᠤᠰᠤᠭᠰᠠᠨ ᠢ ᠵᠡᠷᠭᠡ ᠳᠤᠨᠢ ᠰᠢᠯᠭᠠᠨ ᠠᠪᠬᠤ | 1. ᠪᠦᠲᠦᠭᠡᠨ ᠪᠠᠶᠢᠭᠤᠯᠬᠤ ᠨᠢᠭᠡᠴᠡ ᠨᠢ ᠰᠠᠭᠤᠭᠠᠯᠢ ᠠᠷᠠᠳ ᠤᠨ ᠲᠣᠭᠤᠷᠢᠭ ᠤᠨ ᠢᠵᠢ ᠪᠦᠷᠢᠳᠦᠭᠦᠯᠦᠨ | ᠪᠦᠲᠦᠭᠡᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ᠂ ᠬᠠᠷᠰᠢ ᠰᠠᠭᠠᠳ ᠦᠭᠡᠢ | ᠪᠡᠯᠡᠳᠬᠡᠮᠵᠢ ᠶᠢ ᠣᠷᠣᠨ ᠰᠠᠭᠤᠴᠠ ᠶᠢᠨ ᠵᠢᠵᠢᠭ ᠲᠣᠭᠤᠷᠢᠭ ᠯᠤᠭ᠎ᠠ ᠪᠦᠬᠦᠯᠢ ᠴᠣᠭᠴᠠ ᠪᠠᠷ ᠨᠢ ᠵᠡᠷᠭᠡ ᠳᠤᠨᠢ | ᠰᠢᠯᠭᠠᠨ ᠬᠤᠷᠢᠶᠠᠵᠤ᠂ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠠᠶᠢᠪᠠᠯ᠂ ᠲᠤᠰᠢᠶᠠᠨ ᠥᠭᠴᠦ | ᠬᠡᠷᠡᠭᠯᠡᠭᠦᠯᠵᠦ ᠪᠣᠯᠬᠤ ᠦᠭᠡᠢ᠃ | 2. ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠨᠢ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠳᠤ ᠨᠡᠶᠢᠴᠡᠬᠦ ᠡᠰᠡᠬᠦ ᠶᠢ ᠬᠢᠨᠠᠨ | ᠬᠠᠷᠭᠤᠭᠤᠯᠵᠤ᠂ ᠲᠥᠯᠦᠪᠵᠢᠭᠦᠯᠭᠡ ᠶᠢᠨ ᠱᠠᠭᠠᠷᠳᠠᠯᠭ᠎ᠠ ᠶᠣᠰᠣᠭᠠᠷ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠲᠥᠷᠥᠯ ᠵᠦᠢᠯ ᠳᠤ ᠲᠥᠯᠦᠪᠵᠢᠭᠦᠯᠭᠡ ᠶᠢᠨ ᠬᠢᠨᠠᠨ ᠬᠠᠷᠭᠤᠭᠤᠯᠤᠭᠰᠠᠨ ᠬᠢᠷᠢ ᠲᠡᠩᠴᠡᠭᠰᠡᠨ ᠦᠨᠡᠮᠯᠡᠯ ᠢ ᠬᠢᠨᠠᠨ | ᠣᠯᠭᠤᠵᠤ ᠪᠣᠯᠬᠤ ᠦᠭᠡᠢ᠃ | 3. ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ | ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠣᠰᠣᠭᠠᠷ | ᠪᠦᠲᠦᠭᠡᠨ ᠪᠠᠶᠢᠭᠤᠯᠤᠭᠰᠠᠨ ᠦᠭᠡᠢ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠲᠥᠷᠥᠯ ᠵᠦᠢᠯ ᠳᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ | ᠮᠥᠴᠢᠷ ᠠᠴᠠ ᠪᠠᠷᠢᠯᠭ᠎ᠠ ᠳᠠᠭᠤᠰᠤᠭᠰᠠᠨ ᠢ ᠰᠢᠯᠭᠠᠨ ᠬᠤᠷᠢᠶᠠᠵᠤ ᠪᠦᠷᠢᠳᠬᠡᠨ ᠳᠠᠩᠰᠠᠯᠠᠬᠤ ᠭᠠᠷᠳᠠᠮ | ᠭᠦᠢᠴᠡᠳᠬᠡᠵᠦ ᠥᠭᠬᠦ ᠦᠭᠡᠢ᠃ | ︵ᠳᠥᠷᠪᠡ︶ ᠵᠡᠷᠭᠡ ᠳᠤᠨᠢ ᠲᠤᠰᠢᠶᠠᠨ ᠥᠭᠴᠦ ᠬᠡᠷᠡᠭᠯᠡᠭᠦᠯᠬᠦ | 1. ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠲᠥᠷᠥᠯ ᠵᠦᠢᠯ ᠢ ᠰᠢᠯᠭᠠᠨ | ᠠᠪᠬᠤ ᠳᠤ ᠪᠦᠲᠦᠭᠡᠨ ᠪᠠᠶᠢᠭᠤᠯᠤᠯᠲᠠ ᠶᠢᠨ ᠨᠢᠭᠡᠴᠡ ᠨᠢ ︽ᠤᠯᠤᠰ ᠤᠨ ᠥᠮᠴᠢᠯᠡᠯᠲᠦ ᠪᠦᠲᠦᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠶᠢ | ᠭᠦᠢᠴᠡᠳᠬᠡᠬᠦ ᠦᠶ᠎ᠡ ᠳᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠭᠠᠷ ᠤᠨ ᠥᠰᠥᠭ ᠵᠢᠷᠤᠭᠰᠠᠨ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠤᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠰᠢᠯᠵᠢᠭᠦᠯᠦᠨ ᠲᠤᠰᠢᠶᠠᠬᠤ ᠠᠮᠠᠯᠠᠯᠲᠠ ᠶᠢᠨ ᠵᠠᠬᠢᠳᠠᠯ ᠤᠨ ᠪᠣᠯᠵᠣᠯ ᠶᠣᠰᠣᠭᠠᠷ | ᠵᠢᠩᠬᠢᠨᠢ ᠪᠠᠷ ᠰᠢᠯᠵᠢᠭᠦᠯᠦᠨ ᠲᠤᠰᠢᠶᠠᠬᠤ ᠬᠡᠯᠡᠯᠴᠡᠭᠡᠷ ᠤᠨ ᠪᠢᠴᠢᠭ ᠲᠣᠭᠲᠠᠬᠤ ᠬᠡᠷᠡᠭᠲᠡᠢ᠃ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠬᠠᠷᠢᠶ᠎ᠠ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠦᠨ᠎ᠡ | ᠲᠥᠯᠥᠪᠦᠷᠢ ᠦᠭᠡᠢ ᠪᠠᠷ ᠰᠢᠯᠵᠢᠭᠦᠯᠦᠨ ᠲᠤᠰᠢᠶᠠᠵᠤ ᠨᠠᠰᠤᠵᠢᠯ ᠤᠨ ᠦᠢᠯᠡᠴᠢᠯᠡᠭᠡᠨ ᠳᠤ ᠬᠡᠷᠡᠭᠯᠡᠭᠦᠯᠵᠦ᠂ | ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶ᠎ᠠ ᠪᠦᠬᠦᠢ ᠡᠮᠦᠨᠡᠬᠢ | ᠬᠤᠭᠤᠴᠠᠭᠠᠨ ᠤ ᠭᠠᠷᠳᠠᠮ᠂ ᠪᠠᠷᠢᠯᠭ᠎ᠠ ᠳᠠᠭᠤᠰᠤᠭᠰᠠᠨ ᠵᠢᠷᠤᠭ ᠵᠡᠷᠭᠡ ᠬᠠᠮᠢᠶ᠎ᠠ ᠪᠦᠬᠦᠢ ᠪᠦᠲᠦᠭᠡᠨ | ᠪᠠᠶᠢᠭᠤᠯᠤᠯᠲᠠ ᠶᠢᠨ ᠮᠠᠲ᠋ᠧᠷᠢᠶᠠᠯ ᠢ ᠬᠠᠮᠲᠤ ᠳᠤᠨᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠲᠤ ᠰᠢᠯᠵᠢᠭᠦᠯᠦᠨ | ᠲᠤᠰᠢᠶᠠᠬᠤ ᠶᠢᠨ ᠬᠠᠮᠲᠤ 30 ᠡᠳᠦᠷ ᠤᠨ ᠳᠣᠲᠣᠷ᠎ᠠ ᠲᠤᠰᠢᠶᠠᠨ ᠥᠭᠬᠦ ᠠᠵᠢᠯ ᠢ ᠪᠡᠶᠡᠯᠡᠬᠦᠯᠦᠨ᠎ᠡ᠃ | 2. ᠪᠦᠲᠦᠭᠡᠨ ᠪᠠᠶᠢᠭᠤᠯᠬᠤ ᠨᠢᠭᠡᠴᠡ ᠨᠢ ᠤᠯᠤᠰ ᠤᠨ ᠥᠮᠴᠢᠯᠡᠯᠲᠦ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ | ᠭᠠᠵᠠᠷ ᠤᠨ ᠬᠡᠷᠡᠭᠯᠡᠬᠦ ᠡᠷᠬᠡ ᠵᠢᠴᠢ ᠭᠡᠷ ᠪᠠᠶᠢᠰᠢᠩ ᠤᠨ ᠥᠮᠴᠢᠯᠡᠬᠦ ᠡᠷᠬᠡ ᠶᠢ ᠠᠩᠬ᠎ᠠ ᠤᠳᠠᠭ᠎ᠠ ᠳᠠᠩᠰᠠᠯᠠᠭᠤᠯᠬᠤ ᠪᠠᠷ | ᠭᠤᠶᠤᠴᠢᠯᠠᠬᠤ ᠦᠶ᠎ᠡ ᠳᠤ᠂ ᠲᠤᠬᠠᠢ ᠶᠢᠨ ᠭᠠᠵᠠᠷ ᠤᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠰᠠᠭᠤᠭᠠᠯᠢ | ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ ᠤᠨ ᠥᠯᠥ ᠬᠥᠳᠡᠯᠬᠦ | ᠬᠥᠷᠥᠩᠭᠡ ᠶᠢᠨ ᠳᠠᠩᠰᠠᠯᠠᠯ ᠢ ᠬᠠᠮᠲᠤ ᠳᠤᠨᠢ ᠭᠤᠶᠤᠴᠢᠯᠠᠵᠤ ᠪᠣᠯᠣᠨ᠎ᠠ᠃ ᠭᠡᠷ ᠪᠠᠶᠢᠰᠢᠩ ᠭᠠᠵᠠᠷ ᠬᠥᠷᠥᠩᠭᠡ ᠶᠢᠨ | ᠬᠡᠮᠵᠢᠨ ᠵᠢᠷᠤᠬᠤ ᠪᠠᠶᠢᠭᠤᠯᠤᠮᠵᠢ ᠨᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ | ᠭᠡᠷ ᠪᠠᠶᠢᠰᠢᠩ ᠤᠨ ᠲᠠᠯᠠᠪᠠᠶ ᠶᠢ ᠪᠡᠶ᠎ᠡ ᠪᠠᠨ ᠳᠠᠭᠠᠭᠠᠨ ᠬᠡᠮᠵᠢᠵᠦ᠂ ᠪᠤᠳᠤᠬᠤ ᠶᠢᠨ ᠬᠠᠮᠲᠤ᠂ ︽ᠭᠡᠷ ᠬᠥᠷᠥᠩᠭᠡ ᠶᠢᠨ | ᠬᠡᠮᠵᠢᠨ ᠵᠢᠷᠤᠭᠰᠠᠨ ᠦᠷ᠎ᠡ ᠪᠦᠲᠦᠭᠡᠯ ᠤᠨ ᠮᠡᠳᠡᠭᠦᠯᠦᠯᠲᠡ ᠶᠢᠨ ᠪᠢᠴᠢᠭ︾ ᠲᠡᠭᠡᠨ ︽ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠪᠡᠯᠡᠳᠬᠡᠮᠵᠢ ᠶᠢᠨ ᠬᠡᠷᠡᠭᠯᠡᠬᠦ ᠭᠡᠷ ᠪᠠᠶᠢᠰᠢᠩ︾ ᠭᠡᠰᠡᠨ ᠥᠰᠥᠭ ᠢ ᠲᠣᠳᠣᠷᠬᠠᠶᠢᠯᠠᠬᠤ ᠬᠡᠷᠡᠭᠲᠡᠢ᠃ | 3. ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ︽ | ᠨᠢᠭᠡ ᠪᠡᠯᠡᠳᠬᠡᠮᠵᠢ᠂ ᠨᠢᠭᠡ ᠲᠠᠩᠰᠠ ᠡᠪᠬᠡᠮᠡᠯ︾ ᠤᠨ ᠱᠠᠭᠠᠷᠳᠠᠯᠭ᠎ᠠ ᠶᠣᠰᠣᠭᠠᠷ᠂ ᠨᠢᠭᠡᠳᠦᠯᠲᠡᠢ ᠳᠡᠩᠰᠡᠯᠡᠨ | ᠲᠡᠮᠳᠡᠭᠯᠡᠵᠦ᠂ ᠨᠢᠭᠡᠨᠲᠡ ᠲᠤᠰᠢᠶᠠᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠳᠤ ᠬᠡᠷᠡᠭᠯᠡᠬᠦ ᠭᠡᠷ | ᠪᠠᠶᠢᠰᠢᠩ ᠢ ᠠᠵᠢᠯᠯᠠᠭᠤᠯᠵᠤ ᠬᠠᠮᠠᠭᠠᠯᠠᠬᠤ ᠶᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠬᠠᠷᠢᠭᠤᠴᠠᠬᠤ ᠶᠢᠨ | ᠬᠠᠮᠲᠤ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠢ᠃ ᠰᠢᠯᠵᠢᠭᠦᠯᠦᠨ ᠥᠭᠬᠦ᠂ | ᠪᠠᠷᠢᠴᠠᠭᠠᠯᠠᠬᠤ ᠪᠤᠶᠤ ᠬᠡᠷᠡᠭᠯᠡᠬᠦ ᠰᠢᠨᠵᠢ ᠴᠢᠨᠠᠷ ᠢ ᠳᠤᠷ᠎ᠠ ᠪᠠᠷ ᠢᠶᠠᠨ ᠬᠤᠪᠢᠷᠠᠭᠤᠯᠬᠤ ᠳᠤ ᠬᠡᠷᠡᠭᠯᠡᠵᠦ ᠪᠣᠯᠬᠤ ᠦᠭᠡᠢ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠡ᠃ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ | ᠣᠷᠣᠨ︶ ᠨᠤᠭᠤᠳ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠥᠭᠵᠢᠭᠦᠯᠦᠯᠲᠡ | ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ᠂ ᠬᠠᠤᠯᠢ ᠬᠡᠷᠡᠭᠵᠢᠭᠦᠯᠬᠦ᠂ | ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠣᠷᠣᠯᠴᠠᠭᠰᠠᠨ ᠬᠠᠮᠲᠤᠷᠠᠭᠰᠠᠨ | ᠬᠤᠷᠠᠯ ᠤᠨ ᠳᠦᠷᠢᠮ ᠢ ᠲᠣᠰ ᠲᠣᠰ ᠪᠠᠶᠢᠭᠤᠯᠤᠨ᠎ᠠ᠃ ᠡᠭᠦᠷᠭᠡ ᠬᠠᠷᠢᠭᠤᠴᠠᠯᠭ᠎ᠠ ᠪᠠ ᠠᠵᠢᠯ ᠤᠨ ᠬᠤᠪᠢᠶᠠᠷᠢᠯᠠᠯ ᠢᠶᠠᠨ | ᠦᠨᠳᠦᠰᠦᠯᠡᠨ᠂ ᠬᠠᠮᠵᠢᠯᠴᠠᠬᠤ ᠪᠠ ᠵᠣᠬᠢᠴᠠᠭᠤᠯᠬᠤ ᠪᠠᠨ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ | ᠭᠥᠷᠳᠡᠬᠦ ᠶᠢ ᠪᠡᠶᠡᠯᠡᠭᠦᠯᠦᠨ᠂ ᠲᠥᠯᠦᠪᠵᠢᠭᠦᠯᠭᠡ ᠶᠣᠰᠣᠭᠠᠷ ᠲᠣᠬᠢᠷᠠᠭᠤᠯᠤᠨ ᠪᠠᠶᠢᠭᠤᠯᠬᠤ ᠦᠭᠡᠢ᠂ ᠲᠣᠬᠢᠷᠠᠭᠤᠯᠤᠨ | ᠪᠠᠶᠢᠭᠤᠯᠤᠭᠠᠳ ᠪᠠᠷᠢᠮᠵᠢᠶ᠎ᠠ ᠳᠤ ᠬᠦᠷᠬᠦ ᠦᠭᠡᠢ᠂ ᠲᠤᠰᠢᠶᠠᠨ ᠥᠭᠬᠦ ᠪᠣᠯᠵᠤᠭ᠎ᠠ ᠪᠠᠨ ᠭᠦᠢᠴᠡᠳᠬᠡᠬᠦ ᠦᠭᠡᠢ ᠵᠡᠷᠭᠡ | ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠠᠭ ᠲᠤᠬᠠᠢ ᠳᠤᠨᠢ ᠬᠢᠨᠠᠨ ᠬᠠᠮᠢᠶᠠᠷᠴᠤ | ᠪᠠᠶᠢᠴᠠᠭᠠᠨ ᠰᠢᠢᠳᠪᠦᠷᠢᠯᠡᠵᠦ᠂ ᠪᠥᠬᠦ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠲᠤ ᠲᠣᠬᠢᠷᠠᠭᠤᠯᠤᠨ ᠪᠠᠶᠢᠭᠤᠯᠬᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠵᠢᠴᠢ ᠪᠦᠲᠦᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠬᠠᠷᠰᠢ ᠰᠠᠭᠠᠳ ᠦᠭᠡᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ | ᠠᠵᠢᠯ ᠢ ᠬᠠᠮᠲᠤᠪᠠᠷ ᠠᠬᠢᠭᠤᠯᠤᠨ᠎ᠠ᠃ᠠᠶᠢᠮᠠᠭ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠢ ᠠᠶᠢᠮᠠᠭ ᠤᠨ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠪᠠᠶᠢᠷᠢᠯᠠᠭᠤᠯᠵᠤ᠂ | ᠬᠠᠮᠲᠤᠷᠠᠭᠰᠠᠨ ᠬᠤᠷᠠᠯ ᠤᠨ ᠡᠳᠦᠷ ᠲᠤᠲᠤᠮ ᠤᠨ ᠠᠵᠢᠯ ᠢ ᠬᠠᠷᠢᠭᠤᠴᠠᠨ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠢ ᠵᠣᠬᠢᠴᠠᠭᠤᠯᠵᠤ ᠪᠠᠶᠢᠭᠠᠳ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ᠎ᠠ᠃ | ︵ᠬᠤᠶᠠᠷ︶ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ᠡᠯ᠎ᠡ ᠬᠤᠰᠢᠭᠤ ︵ᠣᠷᠣᠨ︶ | ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠬᠠᠷᠢᠶ᠎ᠠ ᠭᠠᠵᠠᠷ ᠤᠨ | ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠭᠠᠶᠢᠯᠢ ᠰᠦᠢᠳᠬᠡᠯ ᠢ ᠬᠠᠰᠤᠵᠤ ᠬᠡᠯᠲᠦᠷᠢᠭᠦᠯᠬᠦ | ᠲᠥᠷᠥ ᠶᠢᠨ ᠪᠣᠳᠣᠯᠭ᠎ᠠ ᠶᠢ ᠴᠠᠭ ᠲᠤᠬᠠᠢ ᠳᠤᠨᠢ ᠨᠠᠶᠢᠳᠠᠪᠤᠷᠢᠵᠢᠭᠤᠯᠤᠨ᠂ ᠡᠳ᠋ ᠤᠨ ᠵᠠᠰᠠᠭ ᠤᠨ ᠲᠥᠷᠥ ᠶᠢᠨ | ᠪᠣᠳᠣᠯᠭ᠎ᠠ ᠶᠢᠨ ᠳᠡᠮᠵᠢᠯᠭᠡ᠂ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ᠂ ᠠᠰᠠᠷᠠᠮᠵᠢ | ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠣᠷᠣᠭᠤᠯᠤᠯᠲᠠ ᠵᠡᠷᠭᠡ ᠲᠠᠯ᠎ᠠ ᠪᠠᠷ | ᠬᠡᠯᠪᠡᠶᠢᠯᠭᠡᠵᠦ᠂ ᠠᠵᠤ ᠠᠬᠤᠶᠢᠯᠠᠯ ᠤᠨ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠨ᠂ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠪᠦᠬᠦᠨ ᠢ ᠬᠠᠮᠤᠷᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠭᠤᠷᠪᠠ︶ ᠬᠠᠷᠠᠯᠲᠠ ᠶᠢᠨ ᠰᠢᠯᠭᠠᠨ ᠬᠢᠨᠠᠬᠤ ᠶᠢ ᠴᠢᠩᠳᠠᠯᠠᠨ᠎ᠠ᠃ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠲᠣᠭᠤᠷᠢᠭ ᠤᠨ ᠲᠣᠬᠢᠷᠠᠭᠤᠯᠤᠨ ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ | ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ ᠬᠥᠮᠥᠨ ᠠᠮᠠ ᠶᠢᠨ ᠨᠠᠰᠤᠵᠢᠯᠲᠠ ᠶᠢᠨ ᠴᠢᠳᠠᠪᠤᠷᠢ ᠶᠢ ᠦᠨᠡᠯᠡᠬᠦ | ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠤᠭ᠎ᠠ ᠶᠢᠨ ᠨᠢᠭᠡ ᠪᠣᠯᠭᠠᠵᠤ᠂ ᠨᠢᠭᠡᠨᠲᠡ ᠡᠯ᠎ᠡ ᠬᠤᠰᠢᠭᠤ ᠰᠢᠶᠠᠨ ᠬᠤᠲᠠ | ᠲᠣᠭᠤᠷᠢᠭ ᠤᠨ ᠪᠣᠳᠠᠲᠤ ᠠᠮᠵᠢᠯᠲᠠ ᠶᠢᠨ ᠬᠠᠷᠠᠯᠲᠠ ᠶᠢᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠪᠥᠬᠦ | ᠠᠶᠢᠮᠠᠭ ᠤᠨ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠵᠦᠢᠯᠡᠰ ᠲᠤ ᠣᠷᠣᠭᠤᠯᠣᠨ᠎ᠠ᠃ ᠡᠯ᠎ᠡ ᠬᠤᠰᠢᠭᠤ ︵ | ᠣᠷᠣᠨ︶ ᠨᠤᠭᠤᠳ ᠣᠨ ᠤ ᠬᠠᠷᠠᠯᠲᠠ ᠶᠢᠨ ᠡᠭᠦᠷᠭᠡ ᠪᠠᠨ ᠦᠨᠳᠦᠰᠦᠯᠡᠨ ᠪᠣᠳᠠᠲᠠᠢ ᠬᠡᠷᠡᠭᠵᠢᠭᠦᠯᠬᠦ ᠲᠥᠰᠥᠯ | ᠲᠣᠭᠲᠠᠭᠠᠵᠤ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ ᠪᠦᠲᠦᠭᠡᠨ | ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠵᠦ᠂ ᠬᠠᠷᠠᠯᠲᠠ ᠶᠢᠨ ᠡᠭᠦᠷᠭᠡ ᠪᠠᠨ ᠪᠡᠶᠡᠯᠡᠭᠦᠯᠦᠭᠡᠳᠦᠢ ᠬᠠᠮᠢᠶ᠎ᠠ ᠪᠦᠬᠦᠢ | ᠬᠠᠷᠢᠭᠤᠴᠠᠯᠭ᠎ᠠ ᠶᠢᠨ ᠭᠤᠣᠯ ᠴᠣᠭᠴᠠ ᠠᠴᠠ ᠲᠣᠭᠲᠠᠭᠠᠯ ᠶᠣᠰᠣᠭᠠᠷ ᠬᠠᠷᠢᠭᠤᠴᠠᠯᠭ᠎ᠠ ᠬᠡᠯᠡᠯᠴᠡᠬᠦ ᠶᠢ ᠬᠡᠷᠡᠭᠵᠢᠭᠦᠯᠬᠦ | ᠬᠡᠷᠡᠭᠲᠡᠢ᠃ᠡᠯ᠎ᠡ ᠬᠤᠰᠢᠭᠤ ︵ᠣᠷᠣᠨ︶ ᠨᠤᠭᠤᠳ ᠵᠢᠯ ᠪᠦᠷᠢ ᠶᠢᠨ ᠵᠢᠯ ᠤᠨ ᠰᠡᠭᠦᠯᠴᠢ ᠠᠴᠠ ᠡᠮᠦᠨ᠎ᠡ ᠠᠶᠢᠮᠠᠭ ᠤᠨ | ᠵᠠᠬᠢᠷᠭ᠎ᠠ ᠳᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ ᠢᠶᠠᠨ ᠮᠡᠳᠡᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ᠃ | ︵ᠳᠥᠷᠪᠡ︶ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ︵ᠣᠷᠣᠨ︶ ᠶᠢᠨ | ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠵᠢᠯ ᠪᠦᠷᠢ ᠰᠢᠨ᠎ᠡ ᠪᠠᠷ ᠪᠠᠶᠢᠭᠤᠯᠤᠭᠰᠠᠨ ᠣᠷᠣᠨ | ᠰᠠᠭᠤᠴᠠ ᠶᠢᠨ ᠵᠢᠵᠢᠭ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ | ᠪᠠᠶᠢᠭᠤᠯᠬᠤ ᠳᠤ ᠬᠡᠷᠡᠭᠯᠡᠬᠦ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠬᠠᠮᠲᠤᠷᠠᠨ ᠥᠷᠨᠢᠭᠦᠯᠬᠦ ᠬᠡᠷᠡᠭᠲᠡᠢ᠃︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ | ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠪᠠ ᠬᠠᠷᠰᠢ ᠰᠠᠭᠠᠳ ᠦᠭᠡᠢ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠬᠤ ᠠᠵᠢᠯ ᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠥᠰᠥᠭ ﹇2022﹈ 44 ᠳ᠋ᠣᠭᠡᠷ ᠲᠣᠭᠠᠲᠤ︶ ᠢ ᠬᠡᠷᠡᠭᠵᠢᠭᠦᠯᠦᠭᠰᠡᠨ ᠠᠴᠠ ᠨᠠᠰᠢ᠂ ᠰᠢᠨ᠎ᠡ ᠪᠠᠷ ᠪᠠᠶᠢᠭᠤᠯᠤᠭᠰᠠᠨ | ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ ᠲᠣᠬᠢᠷᠠᠭᠤᠯᠤᠨ | ᠪᠠᠶᠢᠭᠤᠯᠬᠤ ︽ᠳᠥᠷᠪᠡ ᠶᠢ ᠵᠡᠷᠭᠡᠪᠡᠷ ᠶᠠᠪᠤᠭᠳᠠᠭᠤᠯᠬᠤ︾ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ | ᠭᠤᠣᠯᠳᠠᠯᠭ᠎ᠠ ᠲᠠᠢ ᠪᠠᠶᠢᠴᠠᠭᠠᠨ ᠲᠣᠳᠣᠷᠬᠠᠶᠢᠯᠠᠨ᠎ᠠ᠃ᠨᠠᠰᠤᠵᠢᠯ ᠤᠨ ᠦᠢᠯᠡᠴᠢᠯᠡᠭᠡᠨ ᠤ ᠪᠡᠯᠡᠳᠬᠡᠮᠵᠢ ᠶᠢ | ᠲᠣᠬᠢᠷᠠᠭᠤᠯᠤᠨ ᠪᠠᠶᠢᠭᠤᠯᠤᠭᠰᠠᠨ ᠪᠠᠷᠢᠮᠵᠢᠶ᠎ᠠ ᠳᠤ ᠥᠯᠥ ᠬᠦᠷᠬᠦ᠂ ᠨᠢᠭᠡᠨᠲᠡ ᠪᠠᠶᠢᠭᠤᠯᠤᠭᠰᠠᠨ ᠨᠠᠰᠤᠵᠢᠯ ᠤᠨ | ᠦᠢᠯᠡᠴᠢᠯᠡᠭᠡᠨ ᠤ ᠪᠡᠯᠡᠳᠬᠡᠮᠵᠢ ᠶᠢ ᠰᠢᠯᠵᠢᠭᠦᠯᠦᠨ ᠲᠤᠰᠢᠶᠠᠭᠰᠠᠨ ᠦᠭᠡᠢ ᠵᠡᠷᠭᠡ ᠠᠰᠠᠭᠤᠳᠠᠯ ᠳᠤ ᠰᠢᠮᠳᠠᠭᠤᠯᠤᠨ | ᠭᠦᠢᠴᠡᠳᠬᠡᠬᠦ ᠡᠷᠴᠢᠮ ᠢᠶᠠᠨ ᠴᠢᠩᠭᠠᠷᠠᠭᠤᠯᠤᠨ᠎ᠠ᠃ᠠᠶᠢᠮᠠᠭ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ | ᠲᠤᠬᠠᠢ ᠶᠢᠨ ᠭᠠᠵᠠᠷ ᠲᠤᠨᠢ ᠰᠢᠮᠳᠠᠭᠤᠯᠣᠨ ᠪᠠᠶᠢᠴᠠᠭᠠᠬᠤ ᠠᠵᠢᠯ ᠦᠷᠨᠢᠬᠦᠯᠦᠨ᠎ᠡ᠃ | | | | | ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ |