ᠬᠥᠭᠵᠢᠯᠲᠡ ᠶᠢᠨ ᠬᠦᠨᠳᠦ ᠡᠭᠦᠷᠭᠡ ᠶᠢ ᠵᠣᠷᠢᠭᠲᠠᠢ ᠡᠭᠦᠷᠭᠡᠯᠡᠵᠦ ᠦᠷᠭᠦᠯᠵᠢᠯᠡᠨ ᠳᠠᠷᠤᠯᠲᠠ ᠥᠭᠴᠦ ᠡᠷᠡᠮᠡᠬᠡᠶᠢᠯᠡᠨ ᠤᠷᠤᠭᠰᠢᠯᠠᠵᠤ ᠥᠨᠳᠥᠷ ᠲᠦᠪᠰᠢᠨ ᠪᠦᠬᠦᠢ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠳᠤᠮᠳᠠ ᠪᠣᠳᠠᠲᠠᠢ ᠠᠵᠢᠯᠯᠠᠵᠤ ᠡᠮᠦᠨ᠎ᠡ ᠡᠩᠨᠡᠭᠡᠨ ᠳᠤ ᠶᠠᠪᠤᠬᠤ ᠪᠠᠷ ᠴᠢᠷᠮᠠᠶᠢᠨ᠎ᠠ
ᠨᠡᠶᠢᠲᠡᠯᠡᠭᠰᠡᠨ ᠴᠠᠭ᠄
2023/2/23
    —— ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ ᠵᠠᠩ ᠼᠦᠨ ᠭᠤᠸᠠᠩ ᠢ ᠰᠣᠷᠪᠣᠯᠵᠢᠯᠠᠭᠰᠠᠨ ᠨᠢ     ︽ᠠᠶᠢᠮᠠᠭ ᠤᠨ ᠨᠠᠮ ᠤᠨ ᠬᠤᠷᠢᠶ᠎ᠠ ᠶᠢᠨ  ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠠᠴᠠ ᠮᠠᠨ ᠤ ᠠᠶᠢᠮᠠᠭ ᠲᠤ ᠲᠤᠯᠭᠠᠷᠠᠵᠤ ᠪᠠᠶᠢᠭ᠎ᠠ ᠰᠢᠨ᠎ᠡ ᠪᠠᠢᠳᠠᠯ᠂ ᠰᠢᠨ᠎ᠡ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠵᠠᠳᠠᠯᠵᠤ᠂ ᠡᠨᠡ ᠵᠢᠯ ᠤᠨ ᠠᠵᠢᠯ ᠤᠨ ᠬᠠᠷᠠᠯᠲᠠ ᠡᠭᠦᠷᠭᠡ ᠵᠢᠴᠢ ᠪᠣᠳᠠᠲᠠᠢ ᠠᠷᠭ᠎ᠠ ᠵᠠᠮ ᠪᠠ ᠠᠷᠭ᠎ᠠ ᠬᠡᠮᠵᠢᠶ᠎ᠡ ᠶᠢ ᠣᠨᠣᠪᠴᠢᠲᠠᠢ ᠳᠤᠷᠠᠳᠤᠨ ᠭᠠᠷᠭᠠᠪᠠ᠂ ᠡᠨᠡ ᠪᠣᠯ ᠰᠢᠨ᠎ᠡ ᠭᠠᠷᠤᠭ᠎ᠠ ᠳᠡᠭᠡᠷᠡᠬᠢ ᠳᠦᠯᠦᠪᠵᠢᠬᠦᠯᠬᠡ᠂ ᠳᠠᠶᠢᠴᠢᠯᠠᠯᠲᠠ ᠪᠠᠶᠢᠵᠤ᠂ ᠣᠳᠣᠬᠢᠴᠢᠯᠠᠭᠰᠠᠨ ᠠᠯᠠᠱᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠴᠢᠬᠤᠯᠠ ᠶᠡᠭᠡ ᠪᠥᠭᠡᠳ ᠠᠯᠤᠰ ᠬᠡᠲᠦ ᠶᠢᠨ ᠠᠴᠢ ᠬᠤᠯᠪᠣᠭᠳᠠᠯ ᠲᠠᠢ ᠶᠤᠮ᠃︾ ᠲᠦᠷᠦᠭᠦᠬᠡᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠤᠯᠠᠭᠠᠨᠪᠤᠬ᠎ᠠ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ ᠵᠠᠩ ᠼᠦᠨ ᠭᠤᠸᠠᠩ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠳᠣᠣᠱᠯᠠᠭᠤᠯᠣᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠳᠡᠭᠡᠳᠦ ᠰᠢᠨ᠎ᠡ ᠮᠡᠷᠭᠡᠵᠢᠯ ᠤᠨ ᠣᠷᠣᠨ᠂ ᠵᠢᠱᠢᠶ᠎ᠡ ᠦᠵᠡᠭᠦᠯᠬᠦ ᠣᠷᠣᠨ ᠨᠢ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠡᠷᠬᠢᠯᠳᠡᠳᠦ ᠬᠥᠭᠵᠢᠯᠲᠡ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠬᠦᠨᠳᠦ ᠡᠭᠦᠷᠭᠡ ᠶᠢ ᠵᠣᠷᠢᠭᠲᠠᠶ ᠡᠭᠦᠷᠭᠡᠯᠡᠵᠦ᠂ ᠦᠷᠭᠦᠯᠵᠢᠯᠡᠨ ᠳᠠᠷᠤᠯᠲᠠ ᠥᠭᠴᠦ ᠡᠷᠡᠯᠬᠡᠭᠯᠡᠨ ᠤᠷᠤᠭᠰᠢᠯᠠᠵᠤ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠵᠤ᠂ ᠥᠨᠳᠥᠷ ᠲᠦᠪᠰᠢᠨ ᠪᠥᠬᠦᠶ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠳᠤᠮᠳᠠ ᠪᠣᠳᠠᠲᠠᠶ ᠠᠵᠢᠯᠯᠠᠵᠤ᠂ ᠡᠮᠦᠨ᠎ᠡ ᠡᠩᠨᠡᠭᠡᠨ ᠳᠤ ᠣᠷᠣᠬᠤ ᠪᠠᠷ ᠴᠢᠷᠮᠠᠶᠢᠨ᠎ᠠ ᠭᠡᠪᠡ᠃     ︽ᠪᠢᠳᠡ ᠠᠵᠤ ᠠᠬᠤᠶ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠶ ᠳᠡᠭᠡᠷ᠎ᠡ ᠲᠠᠯᠪᠢᠬᠤ ᠶᠢ ᠪᠠᠷᠢᠮᠲᠠᠯᠠᠵᠤ᠂ ᠳᠠᠪᠤᠰᠤ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠥᠬᠦ ᠲᠠᠯ᠎ᠠ ᠪᠠᠷ ᠤᠷᠲᠤᠳᠬᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠲᠥᠪᠯᠡᠷᠡᠭᠦᠯᠦᠨ ᠪᠤᠵᠠᠭᠠᠶᠢᠷᠠᠭᠤᠯᠵᠤ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠳᠦᠷᠭᠡᠪᠴᠢᠯᠡᠨ ᠪᠤᠶᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠠᠬᠢᠭᠤᠯᠵᠤ᠂ ᠲᠣᠭᠠᠴᠢᠯᠠᠭᠰᠠᠨ ᠠᠵᠤ ᠠᠬᠤᠶ ᠶᠢ ᠰᠦᠪᠡᠭᠴᠢᠯᠡᠨ ᠬᠥᠭᠵᠢᠭᠦᠯᠵᠦ᠂ ᠣᠲᠣ ᠦᠶ᠎ᠡ ᠶᠢᠨ ᠦᠢᠯᠡᠴᠢᠯᠡᠬᠡᠨ ᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠣᠨᠣᠪᠴᠢᠳᠠᠢ ᠠᠬᠢᠭᠤᠯᠵᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠨᠠᠷᠢᠯᠢᠭ ᠪᠥᠭᠡᠳ ᠣᠨᠴᠠ ᠬᠢᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ᠃︾ ᠵᠠᠩ ᠼᠦᠨ ᠭᠤᠸᠠᠩ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠨ ᠪᠠᠶᠢᠭᠤᠯᠬᠤ ᠶᠢᠨ ᠲᠥᠯᠥᠭᠡ᠂ ᠪᠢᠳᠡ ᠪᠦᠬᠦ ᠬᠦᠴᠦᠨ ᠢᠶᠠᠷ ᠢᠶᠠᠨ ᠲᠦᠷᠦᠯ ᠵᠦᠢᠯ ᠤᠨ ᠪᠡᠯᠡ ᠣᠷᠣᠭᠤᠯᠤᠯᠲᠠ ᠶᠢ ᠠᠳᠬᠤᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭ᠎ᠠ ᠠᠳᠬᠤᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠥᠬᠦᠷᠡᠰᠢ ᠦᠭᠡᠢ ᠴᠢᠩᠭ᠎ᠠ ᠠᠳᠬᠤᠵᠤ᠂ ᠪᠦᠬᠦ ᠲᠠᠯ᠎ᠠ ᠶᠢ ᠪᠦᠷᠬᠦᠭᠰᠡᠨ᠂ ᠪᠦᠲᠦᠴᠡ ᠵᠣᠬᠢᠰᠲᠠᠢ᠂ ᠳᠡᠰ ᠳᠠᠪᠬᠤᠷᠭ᠎ᠠ ᠲᠣᠳᠣᠷᠬᠠᠢ᠂ ᠶᠠᠰᠤ ᠴᠢᠨᠠᠷ ᠰᠢᠯᠢᠳᠡᠭ ᠰᠠᠶᠢᠨ ᠲᠦᠷᠦᠯ ᠵᠦᠢᠯ ᠤᠨ ᠨᠥᠭᠡᠴᠡ ᠬᠥᠮᠥᠷᠭᠡ ᠶᠢ ᠲᠥᠯᠥᠪᠵᠢᠭᠦᠯᠦᠨ ᠪᠦᠷᠢᠯᠳᠦᠭᠦᠯᠵᠦ᠂ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠢ ᠣᠨᠣᠪᠴᠢᠲᠠᠢ ᠵᠢᠷᠤᠵᠤ᠂ ᠭᠤᠣᠯᠯᠠᠭᠴᠢ ᠮᠡᠷᠭᠡᠵᠢᠯ ᠤᠨ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠣᠯᠠᠷᠢᠭᠤᠯᠬᠤ ᠶᠢ ᠲᠦᠷᠭᠡᠳᠬᠡᠵᠦ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠦᠲᠦᠮᠵᠢᠲᠡᠢ ᠬᠡᠷᠡᠭᠴᠡᠭᠡ ᠶᠢ ᠥᠷᠭᠡᠳᠬᠡᠵᠦ᠂ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠪᠦᠬᠦ ᠬᠦᠴᠦ ᠪᠠᠷ ᠢᠶᠠᠨ ᠴᠣᠭᠴᠠᠯᠠᠨ᠎ᠠ ᠭᠡᠪᠡ᠃     ︽ᠪᠢᠳᠡ ᠡᠷᠡᠰ ᠭᠤᠶᠢᠪᠢᠰᠢ ᠥᠬᠡᠶ ᠪᠠᠷ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ᠂ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠬᠦ᠂ ᠨᠡᠭᠡᠭᠡᠯᠲᠡ ᠪᠠᠷ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ ᠪᠥᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ ᠬᠥᠭᠵᠢᠭᠡᠨ᠎ᠡ᠃︾ ᠵᠠᠩ ᠼᠦᠨ ᠭᠤᠸᠠᠩ᠂ ᠡᠩ ᠲᠡᠷᠢᠭᠦᠨ ᠳᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠬᠦᠴᠢᠷᠳᠡᠯ ᠢ ᠰᠢᠢᠳᠪᠦᠷᠢᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠪᠦᠬᠦ ᠠᠶᠢᠮᠠᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠠᠭᠤᠯᠤᠭᠴᠢ ᠪᠣᠯᠬᠤ ᠪᠠᠷ ᠴᠢᠷᠮᠠᠶᠢᠨ᠎ᠠ᠃ ᠳᠠᠷᠠᠭᠠᠯᠠᠪᠠᠯ᠂ ᠦᠢᠯᠡᠴᠢᠯᠡᠭᠡᠨ ᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽ᠤᠴᠢᠷ ᠶᠠᠪᠤᠳᠠᠯ ᠦᠭᠡᠢ ᠪᠣᠯ ᠬᠠᠷᠰᠢᠯᠠᠬᠤ ᠦᠭᠡᠢ᠂ ᠤᠴᠢᠷ ᠶᠠᠪᠤᠳᠠᠯ ᠪᠠᠶᠢᠪᠠᠯ ᠵᠠᠪᠠᠯ ᠠᠷᠭᠠᠴᠠᠬᠤ︾ ︽ᠰᠠᠶᠢᠨ ᠦᠢᠯᠡᠴᠢᠯᠡᠭᠴᠢ︾ ᠶᠢᠨ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠣᠯᠠᠨ᠎ᠠ᠃ ᠭᠤᠷᠪᠠᠳᠤᠭᠠᠷ ᠲᠤ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠣᠨᠣ ᠴᠢᠬᠡᠴᠢ ᠬᠠᠷᠢᠴᠠᠭ᠎ᠠ ᠶᠢ ᠬᠦᠴᠦᠯᠡᠨ ᠪᠠᠶᠢᠭᠤᠯᠵᠤ᠂ ᠭᠡᠷ᠎ᠡ ᠶᠢᠨ ᠵᠣᠷᠢᠭ ᠰᠠᠨᠠᠭ᠎ᠠ ᠶᠢ ᠬᠢᠴᠢᠶᠡᠩᠭᠦ᠋ᠢᠯᠡᠨ ᠰᠠᠬᠢᠵᠤ᠂ ᠬᠡᠯᠡᠪᠡᠯ ᠬᠢᠵᠦ᠂ ᠲᠣᠭᠲᠠᠭᠠᠪᠠᠯ ᠬᠢᠬᠦ ᠬᠡᠷᠡᠭᠲᠡᠢ᠂ ᠠᠵᠤ ᠠᠬᠤᠶᠢᠯᠠᠯᠲᠠᠨ ᠢ ︽ᠥᠪᠡᠷ ᠤᠨ ᠬᠥᠮᠦᠨ︾  ᠢᠶᠠᠷ ᠦᠵᠡᠵᠦ᠂ ᠠᠷᠠᠳ ᠠᠴᠠ ᠡᠵᠡᠩᠨᠡᠭᠰᠡᠨ ᠤᠯᠠᠨ ᠠᠵᠤ ᠠᠬᠤᠶᠢᠯᠠᠯ ᠢ ︽ᠲᠠᠯᠳᠠ ᠲᠦᠷᠢᠮ︾  ᠳᠤ ᠪᠠᠷᠢᠭᠳᠠᠬᠤ ᠦᠭᠡᠢ ᠪᠣᠯᠭᠠᠨ᠎ᠠ᠃ ᠳᠥᠷᠪᠡᠳᠦᠭᠡᠷ ᠲᠤ᠂ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠠ ᠶᠢ ᠠᠬᠢᠭᠤᠯᠵᠤ᠂ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠢᠳᠡᠪᠬᠢᠲᠡᠢ ᠬᠥᠭᠵᠢᠭᠦᠯᠵᠦ᠂ ᠴᠡᠭᠡ ᠪᠣᠭᠤᠮᠲᠠ ᠶᠢᠨ ᠨᠡᠭᠦᠷᠡᠰᠦᠨ ᠤ ᠡᠬᠢ ᠪᠠᠶᠠᠯᠢᠭ ᠢ ᠲᠤᠰ ᠭᠠᠵᠠᠷ ᠲᠠᠭᠠᠨ ᠰᠢᠩᠭᠡᠭᠡᠨ ᠠᠪᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠲᠤᠬᠢᠷᠠᠭᠤᠯᠬᠤ ᠶᠢ ᠪᠡᠶᠡᠯᠡᠬᠦᠯᠦᠨ᠎ᠡ ᠬᠡᠪᠡ᠃     ᠵᠠᠩ ᠼᠦᠨ ᠭᠤᠸᠠᠩ᠂ ᠳᠡᠭᠡᠳᠦ ᠰᠢᠨ᠎ᠡ ᠮᠡᠷᠭᠡᠵᠢᠯ ᠤᠨ ᠣᠷᠣᠨ᠂ ᠵᠢᠱᠢᠶ᠎ᠡ ᠦᠵᠡᠭᠦᠯᠬᠦ ᠣᠷᠣᠨ ᠨᠢ ᠠᠮᠤᠷ ᠲᠦᠪᠰᠢᠨ ᠪᠠ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠠᠮᠢ ᠠᠬᠤᠢ ᠶᠢ ᠳᠡᠷᠢᠬᠦᠨ ᠳᠤ ᠳᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠵᠠᠮ ᠢᠶᠠᠷ ᠡᠷᠡᠰ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠨᠢᠭᠡ ᠳᠤ᠂ ᠠᠶᠤᠯᠭᠦᠢ ᠦᠢᠯᠡᠳᠪᠦᠷᠢᠯᠡᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ︽ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠭᠠᠬᠤ︾ ᠰᠢᠰᠲ᠋ᠧᠮ ᠢ ᠳᠦᠷᠭᠡᠪᠴᠢᠯᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠮᠥᠨ ᠴᠢᠨᠠᠷ ᠤᠨ ᠠᠮᠤᠷ ᠲᠦᠪᠰᠢᠨ ᠢ ᠦᠨᠡᠨ ᠬᠦ ᠳᠡᠭᠡᠭᠰᠢᠯᠡᠬᠦᠯᠦᠨ᠎ᠡ᠃ ᠬᠤᠶᠠᠷ ᠲᠤ᠂ ᠠᠮᠢ ᠠᠬᠤᠶ ᠶᠢᠨ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠭᠤᠤᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠠᠵᠤ ᠠᠬᠤᠶᠢᠯᠠᠯ᠂ ᠭᠤᠤᠯᠳᠠᠯᠭ᠎ᠠ ᠲᠠᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠵᠢᠯ ᠤᠨ ᠡᠯ᠎ᠡ ᠵᠦᠢᠯ ᠤᠨ ᠪᠣᠬᠢᠷᠲᠤᠯ ᠪᠣᠳᠠᠰ ᠢ ᠪᠠᠷᠢᠮᠵᠢᠶ᠎ᠠ ᠳᠤ ᠬᠦᠷᠭᠡᠵᠦ ᠭᠠᠳᠠᠭᠰᠢᠯᠠᠭᠤᠯᠬᠤ ᠶᠢ ᠦᠨᠡᠨ ᠬᠦ ᠪᠠᠳᠣᠯᠠᠨ᠎ᠠ᠃ ᠭᠤᠷᠪᠠ ᠳᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢ ᠪᠥᠬᠦ ᠬᠦᠴᠦᠨ ᠢᠶᠠᠷ ᠬᠠᠮᠠᠭᠠᠯᠠᠵᠤ᠂ ︽ᠳᠥᠷᠪᠡᠨ ᠤᠰᠤ ᠳᠥᠷᠪᠡᠨ ᠲᠣᠭᠲᠠᠭᠠᠯ︾  ᠤᠨ ᠵᠠᠷᠴᠢᠮ ᠢ ᠪᠥᠬᠦ ᠲᠠᠯ᠎ᠠ ᠪᠠᠷ ᠳᠣᠣᠱᠯᠠᠭᠤᠯᠵᠦ᠂ ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠡᠮᠬᠢ ᠵᠠᠮᠪᠠᠷᠠᠭ᠎ᠠ ᠦᠬᠡᠢ ᠪᠠᠶᠢᠳᠠᠯ ᠢ ᠠᠷᠢᠯᠭᠠᠬᠤ︾ ᠶᠢ ᠪᠠᠶᠢᠩᠭᠤ ᠥᠷᠨᠢᠭᠦᠯᠵᠦ᠂ ᠬᠠᠲᠤᠨ ᠭᠤᠤᠯ ᠤᠨ ᠵᠠᠭᠤᠨ ᠭᠠᠵᠠᠷ ᠤᠨ ᠠᠮᠢ ᠠᠬᠤᠶ ᠶᠢᠨ ᠪᠣᠬᠢᠷᠲᠤᠯ ᠥᠬᠡᠶ ᠬᠤᠩᠭᠢᠯ ᠢ ᠬᠦᠴᠦᠯᠡᠨ ᠪᠠᠶᠢᠭᠤᠯᠣᠨ᠎ᠠ᠃ ᠲᠦᠷᠪᠡ ᠳᠤ᠂ ᠢᠮᠠᠭᠲᠠ ᠠᠷᠪᠢᠯᠠᠨ ᠡᠷᠴᠢᠮᠵᠢᠭᠦᠯᠬᠦ ᠡᠬᠢ ᠪᠠᠶᠠᠯᠢᠭ  ᠤᠨ ᠦᠵᠡᠯᠲᠡ᠂ ᠬᠥᠭᠵᠢᠯᠲᠡ  ᠶᠢᠨ ᠦᠵᠡᠯᠲᠡ  ᠶᠢ ᠪᠠᠷᠢᠮᠲᠠᠯᠠᠵᠤ᠂ ︽ᠳᠠᠪᠤ  ᠶᠢ ᠳᠣᠶᠢᠯᠪᠣᠷᠢᠳᠠᠢ ᠪᠡᠶᠡᠯᠡᠬᠦᠯᠬᠦ︾ ᠠᠵᠢᠯᠯᠠᠭ᠎ᠠ    ᠶᠢ ᠭᠦᠨᠵᠡᠭᠡᠶᠢᠷᠡᠭᠦᠯᠵᠦ᠂ ᠦᠯᠡᠳᠡᠭᠡᠯ ᠠᠰᠠᠭᠤᠳᠠᠯ  ᠢ ᠪᠦᠬᠦᠨ  ᠢ ᠰᠢᠢᠳᠪᠦᠷᠢᠯᠡᠬᠦ  ᠶᠢ ᠠᠬᠢᠭᠤᠯᠵᠤ᠂ ᠡᠯ᠎ᠡ ᠲᠦᠷᠦᠯ ᠤᠨ ᠤᠯᠤᠰ  ᠤᠨ ᠥᠮᠴᠢᠯᠡᠯ  ᠤᠨ ᠡᠳ᠋ ᠬᠦᠷᠦᠩᠭᠡ   ᠶᠢ ᠨᠢᠭᠡᠳᠦᠯᠲᠡᠢ ᠲᠥᠯᠥᠪᠵᠢᠭᠦᠯᠦᠨ ᠠᠮᠢᠳᠤᠯᠢᠭ ᠪᠣᠯᠭᠠᠨ᠎ᠠ ᠬᠡᠪᠡ᠃     ᠵᠠᠩ ᠼᠦᠨ ᠭᠤᠸᠠᠩ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠦᠢᠯᠡᠳᠦᠯᠭᠡᠵᠢᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠤᠯᠠᠨ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠨ᠎ᠡ᠃ ᠡᠨᠡ ᠵᠢᠯ ᠪᠢᠳᠡ ᠰᠤᠷᠭᠠᠨ ᠬᠥᠮᠦᠵᠢᠯ ᠤᠨ ᠬᠥᠭᠵᠢᠯᠲᠡ ᠶᠢᠨ ᠰᠠᠭᠤᠷᠢ ᠮᠥᠩᠭᠦ ᠳᠤ ᠲᠦᠰᠢᠭᠯᠡᠨ ᠪᠦᠬᠦ ᠤᠯᠤᠰ ᠠᠴᠠ ᠥᠨᠳᠥᠷ ᠰᠤᠷᠤᠯᠭ᠎ᠠ ᠶᠢᠨ ᠨᠠᠮᠲᠠᠷ ᠲᠠᠢ᠂ ᠲᠤᠰᠬᠠᠶᠢᠵᠢᠭᠰᠠᠨ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠪᠦᠬᠦ ᠬᠦᠴᠦ ᠪᠠᠷ ᠢᠶᠠᠨ ᠰᠠᠶᠢᠲᠤᠷ ᠡᠷᠬᠢᠯᠡᠨ᠎ᠡ᠃ ᠳᠠᠷᠠᠭᠠᠯᠠᠪᠠᠯ᠂ ᠪᠢᠳᠡ ᠡᠮᠴᠢᠯᠡᠭᠡ ᠬᠥᠭᠵᠢᠭᠰᠡᠨ ᠮᠤᠵᠢ ᠬᠤᠲᠠ ᠶᠢᠨ ᠡᠮᠨᠡᠯᠭᠡ ᠶᠢᠨ ᠬᠤᠷᠢᠶ᠎ᠠ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠥᠷᠭᠡᠳᠬᠡᠵᠦ᠂ ᠬᠤᠳᠣᠭᠤᠳᠣ ᠭᠡᠳᠡᠰᠦᠨ ᠤ ᠳᠤᠷᠠᠨ᠂ ᠠᠵᠢᠯ ᠤᠨ ᠨᠥᠯᠥᠭᠡᠨ ᠤ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠣᠨᠴᠠᠯᠢᠭᠲᠤ ᠨᠠᠷᠠᠲᠤ ᠰᠠᠯᠠᠭ᠎ᠠ ᠲᠠᠰᠤᠭ ᠢ ᠲᠦᠷᠭᠡᠪᠴᠢᠯᠡᠨ ᠪᠠᠶᠢᠭᠤᠯᠵᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠠ ᠬᠢᠷᠢ ᠲᠦᠪᠰᠢᠨ ᠢ ᠪᠥᠬᠦ ᠲᠠᠯ᠎ᠠ ᠪᠠᠷ  ᠳᠡᠭᠡᠭᠰᠢᠯᠡᠬᠦᠯᠦᠨ᠎ᠡ᠃ ᠡᠭᠦᠨ ᠤ ᠬᠠᠮᠲᠤ ᠪᠠᠰᠠ ᠨᠠᠰᠤᠵᠢᠯ ᠤᠨ ᠠᠰᠠᠷᠠᠮᠵᠢ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ᠂ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠠᠪᠤᠷᠠᠨ ᠲᠤᠰᠠᠯᠠᠯᠲᠠ ᠵᠡᠷᠭᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠪᠠᠨ ᠨᠡᠮᠡᠭᠳᠡᠭᠦᠯᠵᠦ ᠪᠠᠶᠠᠵᠢᠬᠤ ᠠᠷᠭ᠎ᠠ ᠵᠠᠮ ᠢ ᠥᠷᠭᠡᠳᠬᠡᠨ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠭᠦᠨᠵᠡᠭᠡᠢ ᠠᠬᠢᠭᠤᠯᠣᠨ᠎ᠠ ᠭᠡᠪᠡ᠃     ︽ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠴᠢᠩᠭ᠎ᠠ ᠪᠥᠭᠡᠳ ᠪᠣᠳᠠᠲᠠᠶ ᠪᠣᠶ ᠪᠣᠯᠭᠠᠵᠤ᠂ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠢᠯ ᠤᠨ ᠣᠨᠣᠪᠴᠢᠲᠠᠶ ᠪᠠᠷ ᠬᠦᠴᠦᠯᠡᠨ ᠠᠬᠢᠭᠤᠯᠤᠨ᠎ᠠ᠃︾ ᠵᠠᠩ ᠼᠦᠨ ᠭᠤᠸᠠᠩ᠂ ᠳᠡᠭᠡᠳᠦ ᠰᠢᠨ᠎ᠡ ᠮᠡᠷᠭᠡᠵᠢᠯ ᠤᠨ  ᠣᠷᠣᠨ ᠂ ᠵᠢᠱᠢᠶ᠎ᠡ ᠦᠵᠡᠭᠦᠯᠬᠦ ᠣᠷᠣᠨ ᠨᠢ ᠬᠥᠭᠵᠢᠯᠲᠡ ᠪᠠ ᠠᠮᠤᠷ ᠲᠦᠪᠰᠢᠨ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠠᠷᠠᠳ ᠣᠯᠠᠨ ᠤ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ ᠡᠭᠦᠨ ᠤ ᠬᠠᠮᠲᠤ᠂ ᠡᠨᠡ ᠵᠢᠯ ᠪᠠᠰᠠ ᠬᠤᠲᠠ ᠶᠢ ᠰᠢᠨᠡᠳᠬᠡᠬᠦ ᠠᠵᠢᠯᠯᠠᠭ᠎ᠠ ᠶᠢ ᠶᠡᠭᠡ ᠪᠠᠷ ᠬᠡᠷᠡᠭᠵᠢᠭᠦᠯᠵᠦ᠂ ᠬᠤᠲᠠ ᠪᠠᠯᠭᠠᠰᠤᠨ ᠤ ᠵᠠᠮ᠂ ᠬᠤᠲᠠ ᠶᠢᠨ ᠶᠠᠪᠤᠳᠠᠯ ᠤᠨ ᠬᠤᠭᠤᠯᠠᠶ ᠲᠤᠤᠷ ᠪᠠ ᠲᠡᠷᠭᠡᠨ ᠵᠣᠭᠰᠣᠭᠠᠯ᠂ ᠴᠠᠬᠢᠯᠭᠠᠨ ᠴᠡᠨᠡᠭᠯᠡᠬᠦ ᠪᠠᠭᠠᠨ᠎ᠠ ᠵᠡᠷᠭᠡ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠴᠡᠴᠡᠷᠯᠢᠭ ᠤᠨ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠠᠳᠠᠯ ᠠᠬᠤᠶ ᠶᠢᠨ ᠦᠢᠯᠡᠴᠢᠯᠡᠭᠡ᠂ ᠲᠣᠭᠠᠴᠢᠯᠠᠭᠰᠠᠨ ᠴᠢᠳᠠᠮᠵᠢ ᠣᠯᠭᠤᠬᠤ ᠵᠡᠷᠭᠡ ᠲᠠᠯ᠎ᠠ ᠪᠠᠷ ᠰᠢᠪᠲᠤᠯᠤᠯᠲᠠ ᠲᠠᠢ ᠪᠣᠯᠭᠠᠵᠤ᠂ ᠬᠤᠲᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠣᠷᠣᠨ ᠵᠠᠶ ᠶᠢᠨ ᠪᠠᠶᠢᠷᠢᠰᠢᠯ ᠪᠠ ᠴᠢᠳᠠᠮᠵᠢ ᠶᠢᠨ ᠬᠡᠰᠡᠭ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠦᠢᠯᠡᠴᠢᠯᠡᠬᠡᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠡᠭᠡᠭᠡᠯᠲᠡ ᠲᠠᠢ᠂ ᠪᠠᠭᠲᠠᠭᠠᠮᠵᠢᠲᠠᠶ ᠴᠢᠨᠠᠷ ᠰᠠᠶᠢᠲᠠᠶ ᠬᠦᠷᠢᠶᠡᠯᠡᠩ ᠲᠣᠭᠤᠷᠢᠭ ᠢ ᠪᠠᠶᠢᠭᠤᠯᠤᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号