ᠢᠲᠡᠭᠡᠯ ᠵᠣᠷᠢᠭ ᠢᠶᠠᠨ ᠪᠠᠲᠤᠳᠬᠠᠵᠤ ᠦᠨᠡᠨ ᠬᠦ ᠠᠳᠬᠤᠨ ᠪᠣᠳᠠᠲᠠᠶ ᠠᠵᠢᠯᠯᠠᠵᠤ ᠡᠵᠡᠨ᠎ᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ
ᠨᠡᠶᠢᠲᠡᠯᠡᠭᠰᠡᠨ ᠴᠠᠭ᠄
2023/2/24
    —— ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠢ ᠰᠤᠷᠪᠤᠯᠵᠢᠯᠠᠭᠰᠠᠨ ᠨᠢ    ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠭᠤᠤᠯ ᠰᠡᠳᠦᠪ ᠢᠯᠡ ᠲᠣᠳᠣ᠂ ᠠᠭᠤᠯᠭ᠎ᠠ ᠪᠠᠶᠠᠯᠢᠭ ᠪᠠᠶᠢᠵᠤ᠂ ᠨᠢᠳᠤᠨᠤᠨ ᠤ ᠠᠵᠢᠯ ᠢᠶᠠᠨ ᠪᠤᠰᠤᠳᠴᠢ ᠪᠠᠷ ᠪᠥᠬᠦ ᠲᠠᠯ᠎ᠠ ᠪᠠᠷ ᠳ᠋ᠦᠩᠨᠡᠵᠦ᠂ ᠡᠨᠡ ᠵᠢᠯ ᠤᠨ ᠭᠤᠤᠯᠳᠠᠯᠭ᠎ᠠ ᠲᠠᠢ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠰᠢᠰᠲ᠋ᠧᠮ ᠲᠠᠢ ᠲᠥᠯᠥᠪᠵᠢᠭᠦᠯᠵᠦ᠂ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠭᠠᠵᠠᠷ ᠪᠣᠯᠭᠠᠨ ᠳᠤ ᠢᠯᠡᠷᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢ ᠬᠥᠪᠴᠢᠯᠡᠵᠦ᠂ ᠪᠢᠳᠡᠨ ᠢ ᠶᠡᠬᠡᠳᠡ ᠤᠷᠮᠠᠰᠢᠭᠤᠯᠪᠠ᠃ ᠡᠵᠡᠨ᠎ᠡ ᠬᠤᠰᠢᠭᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠭᠦᠨᠵᠡᠭᠡᠶ  ᠳᠣᠣᠱᠯᠠᠭᠤᠯᠣᠨ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠳᠠᠪᠠᠭᠤᠯᠢᠭ ᠡᠬᠢ ᠪᠠᠶᠠᠯᠢᠭ ᠲᠠᠭᠠᠨ ᠰᠠᠭᠤᠷᠢᠯᠠᠨ᠂ ᠳᠠᠪᠠᠭᠤᠯᠢᠭ ᠢᠶᠠᠨ ᠪᠠᠳᠠᠷᠠᠭᠤᠯᠤᠨ ᠳᠤᠲᠠᠭᠤᠳᠠᠯ ᠢᠶᠠᠨ ᠲᠡᠪᠴᠢᠵᠦ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ᠂ ᠪᠥᠬᠦ ᠬᠦᠴᠦᠨ ᠢᠶᠠᠷ ᠢᠶᠠᠨ ᠪᠠᠯᠠ ᠣᠷᠣᠭᠤᠯᠤᠯᠲᠠ ᠶᠢ ᠥᠷᠭᠡᠳᠬᠡᠵᠦ᠂ ᠪᠦᠲᠦᠴᠡ ᠶᠢ ᠲᠣᠬᠢᠷᠠᠭᠤᠯᠵᠤ᠂ ᠠᠮᠢ ᠠᠬᠤᠶ ᠶᠢ ᠰᠢᠯᠢᠳᠡᠭᠵᠢᠭᠦᠯᠦᠨ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠲᠣᠭᠲᠠᠭᠤᠨ ᠢ ᠪᠠᠲᠤᠯᠠᠨ᠂ ᠡᠩᠨᠡᠭᠡ ᠪᠠᠨ ᠬᠦᠴᠦᠷᠬᠡᠭᠵᠢᠭᠦᠯᠵᠦ᠂ ᠡᠵᠡᠨ᠎ᠡ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃ ᠣᠶᠢᠷ᠎ᠠ ᠳᠤ᠂ ᠡᠵᠡᠨ᠎ᠡ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠸᠠᠩ ᠯᠢ ᠵᠢᠶᠦ᠋ᠨ᠂ ᠡᠵᠡᠨ᠎ᠡ ᠬᠤᠰᠢᠭᠤ ᠵᠢᠷᠭᠤᠭᠠᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ ᠭᠡᠪᠡ᠃     ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠬᠥᠳᠡᠯᠭᠡᠬᠦ ᠡᠨᠧᠷᠭᠢ ᠶᠢ ᠡᠷᠴᠢᠮᠵᠢᠬᠦᠯᠦᠨ᠎ᠡ     2023 ᠣᠨ ᠳᠤ ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠬᠦ ᠪᠠᠷ ᠲᠣᠭᠲᠠᠭᠠᠵᠤ᠂ ᠤᠳᠤᠷᠢᠳᠤᠯᠭ᠎ᠠ ᠳᠠᠭᠠᠭᠠᠴᠢᠯᠠᠨ ᠠᠳᠬᠤᠬᠤ᠂ ᠲᠤᠰᠬᠠᠢ ᠠᠩᠬᠢ ᠪᠠᠷ ᠠᠬᠢᠭᠤᠯᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠭᠠᠵᠠᠷ ᠰᠢᠷᠣᠢ᠂ ᠪᠡᠯᠡ ᠮᠥᠩᠭᠦ᠂ ᠤᠰᠤ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠡᠨᠧᠷᠭᠢ ᠬᠡᠷᠡᠭᠯᠡᠬᠦ ᠵᠡᠷᠭᠡ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠠᠷᠢᠯᠴᠠᠵᠤ ᠪᠠᠶᠢᠭ᠎ᠠ ᠲᠦᠷᠦᠯ ᠵᠦᠢᠯ ᠢ ᠨᠠᠶᠢᠳᠠᠪᠤᠷᠢᠵᠢᠭᠤᠯᠬᠤ᠂ ᠭᠡᠷ᠎ᠡ ᠲᠣᠭᠲᠠᠭᠰᠠᠨ ᠲᠦᠷᠦᠯ ᠵᠦᠢᠯ ᠢ ᠠᠵᠢᠯ ᠡᠬᠢᠯᠡᠭᠦᠯᠬᠦ᠂ ᠠᠵᠢᠯ ᠡᠬᠢᠯᠡᠭᠦᠯᠬᠦ ᠲᠦᠷᠦᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ 2023 ᠣᠨ ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠭᠤᠣᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠢ ᠲᠥᠯᠥᠪᠵᠢᠭᠦᠯᠵᠦ᠂ ᠨᠢᠭᠡ ᠪᠦᠯᠦᠭ ᠰᠠᠭᠤᠷᠢ ᠲᠠᠯᠪᠢᠭᠰᠠᠨ᠂ ᠠᠯᠤᠰ ᠬᠡᠲᠦ ᠳᠤ ᠠᠰᠢᠭᠲᠠᠢ᠂ ᠨᠥᠭᠡᠴᠡ ᠬᠦᠴᠦᠨ ᠢ ᠨᠡᠮᠡᠭᠳᠡᠭᠦᠯᠦᠭᠰᠡᠨ ᠴᠢᠨᠠᠷ ᠰᠠᠶᠢᠲᠠᠢ ᠠᠵᠤ ᠦᠢᠯᠡᠰ ᠤᠨ ᠴᠢᠨᠠᠷᠲᠠᠢ᠂ ᠭᠠᠶᠢᠯᠢ ᠶᠢᠨ ᠢᠷᠡᠯᠲᠡ ᠶᠢᠨ ᠴᠢᠨᠠᠷᠲᠠᠢ ᠲᠥᠷᠥᠯ ᠵᠦᠢᠯ ᠢ ᠲᠡᠮᠡᠴᠡᠨ ᠣᠯᠬᠤ ᠪᠠ ᠨᠥᠭᠡᠴᠡᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠤ ᠦᠷᠭᠦᠯᠵᠢᠯᠡᠨ ᠨᠥᠭᠡᠴᠡ ᠬᠦᠴᠦᠨ ᠬᠠᠩᠭᠠᠨ᠎ᠠ᠃ ᠶᠡᠭᠡ ᠪᠠᠷ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ᠂ ᠨᠠᠩ ᠣᠯᠠᠨ ᠠᠵᠠ ᠲᠣᠬᠢᠶᠠᠯ᠂ ᠨᠠᠩ ᠣᠯᠠᠨ ᠲᠥᠷᠥᠯ ᠵᠦᠢᠯ᠂ ᠨᠠᠩ ᠣᠯᠠᠨ ᠪᠠᠯᠠ ᠮᠥᠩᠭᠦ ᠶᠢ ᠡᠵᠡᠨ᠎ᠡ ᠬᠤᠰᠢᠭᠤᠨ ᠳᠤ ᠨᠠᠶᠢᠳᠠᠪᠤᠷᠢᠵᠢᠭᠤᠯᠬᠤ ᠪᠠᠷ ᠴᠢᠷᠮᠠᠶᠢᠨ᠎ᠠ᠃    ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠨ᠎ᠡ    ᠲᠠᠷᠢᠶᠠᠯᠠᠩ ᠮᠠᠯ ᠠᠵᠤ ᠠᠬᠤᠶ ᠶᠢ ᠣᠨᠴᠠᠯᠢᠬᠵᠢᠭᠤᠯᠬᠤ᠂ ᠨᠠᠷᠠᠲᠤ ᠲᠥᠷᠥᠯ ᠲᠡᠮᠳᠡᠭᠵᠢᠭᠦᠯᠬᠦ᠂ ᠳᠡᠭᠡᠳᠦ ᠦᠵᠦᠭᠦᠷᠵᠢᠭᠦᠯᠬᠦ ᠬᠥᠭᠵᠢᠯᠲᠡ ᠶᠢ ᠠᠬᠢᠭᠤᠯᠵᠤ᠂ ᠡᠵᠡᠨ᠎ᠡ ᠶᠢᠨ ᠪᠠᠯᠲᠤ ᠬᠡᠮᠬᠡ᠂ ᠠᠯᠠᠱᠠ ᠶᠢᠨ ᠴᠠᠭᠠᠨ ᠨᠣᠯᠤᠤᠷ ᠤᠨ ᠢᠮᠠᠭ᠎ᠠ᠂ ᠠᠯᠠᠱᠠ ᠶᠢᠨ ᠬᠤᠤᠰ ᠪᠥᠬᠦᠲᠦ ᠲᠡᠮᠡᠭᠡ ᠵᠡᠷᠭᠡ ᠳᠠᠪᠠᠭᠤᠯᠢᠭ ᠣᠨᠴᠠᠯᠢᠭ ᠪᠥᠬᠦᠶ ᠡᠬᠢ ᠪᠠᠶᠠᠯᠢᠭ ᠤᠨ ᠲᠣᠭᠤᠷᠢᠨ ᠳᠤ᠂ ᠠᠵᠤ ᠠᠬᠤᠶᠢᠯᠠᠯ ᠢ ᠪᠤᠶᠢᠵᠢᠭᠤᠯᠵᠤ ᠬᠥᠲᠥᠯᠦᠨ ᠣᠷᠣᠭᠤᠯᠬᠤ᠂ ᠨᠠᠷᠠᠲᠤ ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ᠂ ᠵᠠᠬ᠎ᠠ ᠳᠡᠯᠭᠡᠭᠦᠷ ᠢ ᠨᠡᠭᠡᠭᠡᠨ ᠥᠷᠭᠡᠳᠬᠡᠬᠦ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠮᠠᠯ ᠠᠵᠤ ᠠᠬᠤᠶ ᠲᠠᠷᠢᠶᠠᠯᠠᠩ ᠤᠨ ᠬᠥᠭᠵᠢᠯᠲᠡ ᠶᠢᠨ ᠲᠠᠯ᠎ᠠ ᠪᠠᠷ ᠰᠢᠨ᠎ᠡ ᠵᠠᠮ ᠢᠶᠠᠷ ᠵᠠᠮᠨᠠᠵᠤ᠂ ᠰᠠᠶᠢᠨ ᠶᠠᠭᠤᠮ᠎ᠠ ᠶᠢ ᠦᠨᠡᠨ ᠬᠦ ᠰᠠᠶᠢᠨ ᠦᠨ᠎ᠡ ᠪᠠᠷ ᠬᠤᠳᠠᠯᠳᠤᠬᠤ ᠪᠠᠷ ᠴᠢᠷᠮᠠᠶᠢᠨ᠎ᠠ᠃ ᠤᠮᠠᠷᠠᠲᠤ ᠠᠭᠤᠯᠠ ᠶᠢᠨ ᠬᠦᠳᠡᠷ ᠤᠨ ᠪᠦᠰᠡ ᠶᠢᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠬᠤ᠂ ︽ᠲᠠᠪᠤ ᠶᠢ ᠳᠣᠶᠢᠯᠪᠣᠷᠢᠳᠠᠢ ᠪᠡᠶᠡᠯᠡᠬᠦᠯᠬᠦ︾ ᠠᠵᠢᠯᠯᠠᠭ᠎ᠠ ᠶᠢ ᠭᠦᠨᠵᠡᠭᠡᠶᠢᠷᠡᠭᠦᠯᠬᠦ ᠪᠠᠷ ᠭᠠᠷᠳᠠᠴᠠ ᠪᠣᠯᠭᠠᠨ᠂ ᠳᠤᠲᠠᠭᠤ ᠲᠤᠷᠭᠤᠨ ᠢᠨᠵᠧᠨᠧᠷᠢᠩ ᠳᠤᠲᠠᠭᠤ ᠲᠤᠷᠭᠤᠠ ᠵᠦᠢᠯ ᠢ ᠠᠮᠢᠳᠤᠯᠢᠭ ᠪᠣᠯᠭᠠᠬᠤ ᠶᠢ ᠠᠬᠢᠭᠤᠯᠵᠦ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ ᠪᠠ ᠮᠡᠷᠭᠡᠵᠢᠯ ᠤᠨ ᠥᠭᠡᠷᠡᠴᠢᠯᠡᠯᠲᠡ ᠶᠢᠨ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠣᠨ᠂ ᠦᠢᠯᠡᠳᠬᠦᠨ ᠤ ᠨᠡᠮᠡᠯᠲᠡ ᠥᠷᠲᠡᠭ ᠪᠠ ᠠᠵᠤ ᠦᠢᠯᠡᠰ ᠤᠨ ᠥᠷᠢᠰᠦᠯᠳᠦᠬᠦ ᠬᠦᠴᠦᠨ ᠢ ᠳᠡᠭᠡᠭᠰᠢᠯᠡᠬᠦᠯᠦᠨ᠂ ᠣᠷᠣᠨ ᠪᠦᠰᠡ ᠶᠢ ᠬᠤᠯᠪᠣᠭᠰᠠᠨ ᠠᠵᠤ ᠠᠬᠤᠢ ᠶᠢ ᠭᠦᠨᠵᠡᠭᠡᠢ ᠠᠬᠢᠭᠤᠯᠣᠨ᠂ ᠰᠢᠨ᠎ᠡ ᠡᠨᠧᠷᠭᠢ ᠶᠢᠨ ᠠᠵᠤ ᠦᠢᠯᠡᠰ ᠤᠨ ᠬᠥᠭᠵᠢᠯᠲᠡ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠬᠦᠴᠦᠯᠡᠨ ᠪᠤᠢ ᠪᠣᠯᠭᠠᠵᠦ᠂ ᠡᠬᠢ ᠪᠠᠶᠠᠯᠢᠭ ᠢ ᠪᠦᠲᠦᠮᠵᠢᠲᠡᠢ ᠨᠡᠶᠢᠳᠬᠡᠬᠦ ᠶᠢ ᠵᠣᠬᠢᠰᠲᠠᠢ ᠠᠬᠢᠭᠤᠯᠵᠦ᠂ ᠬᠠᠶᠢᠯᠤᠭᠤᠷ ᠵᠣᠩᠰᠢ ᠂ ᠴᠠᠬᠢᠭᠤᠷ ᠴᠢᠯᠠᠭᠤ ᠵᠡᠷᠭᠡ ᠳᠠᠪᠠᠭᠤᠯᠢᠭ ᠲᠡᠮᠦᠷᠯᠢᠭ ᠪᠤᠰᠤ ᠡᠬᠢ ᠪᠠᠶᠠᠯᠢᠭ ᠤᠨ ᠭᠠᠷᠤᠯᠲᠠ᠂ ᠪᠣᠷᠣᠯᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠠᠵᠤ ᠦᠢᠯᠡᠰ ᠤᠨ ᠬᠡᠯᠬᠢᠶ᠎ᠡ ᠶᠢ ᠰᠦᠪᠡᠭᠴᠢᠯᠡᠨ ᠪᠠᠶᠢᠭᠤᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠬᠥᠭᠵᠢᠯᠲᠡ ᠶᠢᠨ ᠳᠠᠪᠠᠭᠤᠯᠢᠭ ᠪᠣᠯᠭᠠᠨ ᠦᠨᠡᠨ ᠬᠦ ᠬᠤᠪᠢᠷᠠᠭᠤᠯᠤᠨ᠎ᠠ᠃ ᠲᠣᠣᠷᠠᠢ ᠶᠢᠨ ᠣᠢ ᠪᠠᠷ ᠭᠤᠣᠯᠳᠠᠯᠭ᠎ᠠ ᠪᠣᠯᠭᠠᠨ᠂ ᠰᠣᠪᠨᠠᠭᠤᠷ᠂ ᠳ᠋ᠦᠩᠹᠧᠩ ᠰᠠᠨᠰᠠᠷ ᠤᠨ ᠬᠤᠲᠠ᠂ ᠬᠠᠷ᠎ᠠ ᠬᠤᠲᠠ᠂ ᠴᠡᠭᠡ ᠪᠣᠭᠤᠮᠲᠠ ᠪᠠᠷ ᠲᠤᠯᠭᠠᠭᠤᠷᠢ ᠪᠣᠯᠭᠠᠵᠤ᠂ ᠲᠥᠯᠥᠪᠵᠢᠭᠦᠯᠦᠨ ᠲᠥᠰᠦᠪᠯᠡᠬᠦ᠂ ᠴᠢᠳᠠᠪᠬᠢ ᠶᠢ ᠲᠡᠭᠦᠯᠳᠡᠷᠵᠢᠭᠦᠯᠬᠦ ᠂ ᠨᠡᠷᠡᠲᠦ ᠲᠡᠮᠳᠡᠭ ᠢ ᠡᠭᠦᠳᠬᠦ᠂ ᠠᠵᠢᠯᠯᠠᠭ᠎ᠠ ᠶᠢ ᠡᠷᠬᠢᠯᠡᠬᠦ ᠵᠡᠷᠭᠡ ᠲᠠᠯ᠎ᠠ ᠪᠠᠷ ᠬᠦᠴᠦ ᠣᠷᠣᠭᠤᠯᠤᠨ᠂ ᠰᠣᠶᠣᠯ ᠵᠢᠭᠤᠯᠴᠢᠯᠠᠯ ᠤᠨ ᠰᠢᠨ᠎ᠡ ᠦᠢᠯᠡᠰ ᠢ ᠢᠳᠡᠪᠬᠢᠲᠡᠢ ᠴᠣᠭᠴᠠᠯᠠᠨ᠂ ᠵᠢᠭᠤᠯᠴᠢᠯᠠᠯ ᠤᠨ ᠦᠢᠯᠡᠰ ᠤᠨ ᠰᠡᠷᠭᠦᠯᠲᠡ ᠶᠢ ᠠᠬᠢᠭᠤᠯᠤᠨ᠎ᠠ᠃    ᠣᠷᠴᠢᠨ ᠲᠣᠭᠤᠷᠢᠨ ᠢᠶᠠᠨ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠨᠡᠮᠡᠭᠳᠡᠭᠦᠯᠦᠨ᠎ᠡ    ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ︽ᠣᠶ ᠶᠢᠨ ᠳᠠᠷᠤᠭ᠎ᠠ ᠶᠢᠨ ᠲᠦᠷᠢᠮ︾᠂ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾  ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠤᠤᠷᠠᠶ ᠶᠢᠨ ᠣᠶ ᠶᠢ ᠬᠠᠮᠠᠭᠠᠯᠠᠬᠤ ᠲᠦᠷᠢᠮ ᠢ ᠭᠦᠨᠵᠡᠭᠡᠶ ᠳᠣᠣᠱᠯᠠᠭᠤᠯᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠥᠪᠥᠷ ᠮᠣᠩᠭᠤᠯ ᠤᠨ ᠥᠨᠳᠦᠷᠯᠢᠭ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠣᠶ ᠰᠢᠭᠤᠶ ᠶᠢ ᠰᠡᠷᠭᠦᠭᠡᠬᠦ᠂ ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠢᠨᠵᠧᠨᠧᠷᠢᠩ ᠢ ᠯᠠᠪᠳᠠᠭᠤᠨ ᠪᠠᠲᠤᠲᠠᠶ ᠠᠬᠢᠭᠤᠯᠵᠤ᠂ ᠬᠠᠷ᠎ᠠ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠵᠠᠰᠠᠯᠲᠠ ᠶᠢᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ᠰᠤᠪᠨᠠᠭᠤᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠵᠤ᠂ ᠠᠮᠢ ᠠᠬᠤᠶ ᠪᠠᠷ ᠦᠨᠡᠨ ᠬᠦ ᠡᠵᠡᠨ᠎ᠡ ᠶᠢᠨ ᠣᠨᠠᠭᠠᠨ ᠳᠦᠷᠬᠦ ᠶᠢ ᠬᠠᠳᠠᠭᠠᠯᠠᠨ᠎ᠠ᠃ ︽ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠦᠰᠡᠯ ᠡᠷᠡᠮᠡᠯᠵᠡᠯ᠂ ᠠᠷᠠᠳ ᠣᠯᠠᠨ ᠤ ᠰᠡᠳᠬᠢᠯ ᠬᠠᠨᠤᠮᠵᠢᠲᠠᠶ︾ ᠲᠡᠷᠢᠭᠦᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠶ ᠪᠣᠯᠭᠠᠬᠤ ᠪᠠᠷ ᠬᠠᠷᠠᠯᠲᠠ ᠪᠣᠯᠭᠠᠬᠤ ᠶᠢ ᠪᠠᠷᠢᠮᠲᠠᠯᠠᠵᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃    ᠠᠷᠠᠳ ᠤᠨ ᠠᠮᠢᠳᠤᠷᠠᠯ ᠳᠤ ᠠᠩᠬᠠᠷᠤᠯ ᠲᠥᠪᠯᠡᠷᠡᠭᠦᠯᠵᠦ᠂ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠨ᠎ᠡ    ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ ᠤᠨ ᠬᠥᠭᠵᠢᠯᠲᠡ ᠶᠢᠨ ᠨᠢᠭᠦᠯᠡᠰᠦᠩᠭᠦᠶ ᠶᠢᠨ ᠢᠲᠡᠭᠡᠮᠵᠢ ᠶᠢ ᠪᠠᠶᠢᠭᠤᠯᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠵᠠᠮ ᠢ ᠥᠷᠭᠡᠳᠬᠡᠵᠦ᠂ ᠪᠥᠬᠦ ᠬᠤᠰᠢᠭᠤᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠦᠨ᠎ᠡ᠃ ᠣᠷᠣᠨ ᠤ ᠳᠣᠲᠣᠷ᠎ᠠ ᠭᠠᠳᠠᠨᠠᠬᠢ ᠡᠮᠨᠡᠯᠭᠡ ᠶᠢᠨ ᠬᠤᠷᠢᠶ᠎ᠠ ᠯᠤᠭ᠎ᠠ ᠠᠵᠢᠯ ᠲᠥᠷᠥᠯ ᠤᠨ ᠰᠢᠰᠲ᠋ᠧᠮ ᠢᠶᠠᠷ ᠢᠶᠠᠨ ᠲᠤᠰᠠᠯᠠᠬᠤ ᠬᠠᠮᠲᠤᠷᠠᠯᠴᠠᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ︽ᠰᠠᠭᠠᠳ ᠥᠬᠡᠶ ᠨᠡᠪᠲᠡᠷᠡᠬᠦ ᠵᠠᠮ︾  ᠢ ᠪᠠᠶᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠡᠩᠨᠡᠭᠡ ᠶᠢ ᠬᠥᠭᠵᠢᠭᠦᠯᠦᠨ ᠪᠤᠵᠠᠭᠠᠶᠢᠷᠠᠭᠤᠯᠵᠤ᠂ ᠡᠪᠡᠳᠴᠢᠨ ᠤ ᠵᠠᠭᠤᠴᠢ ᠠᠮᠢᠳᠤ ᠪᠣᠳᠠᠰ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠮᠴᠢᠯᠡᠭᠡᠨ ᠤ ᠦᠢᠯᠡᠴᠢᠯᠡᠭᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠳᠤ ᠠᠩᠬᠠᠷᠤᠯ ᠢᠶᠠᠨ ᠬᠠᠨᠳᠤᠭᠤᠯᠵᠤ᠂ ᠲᠥᠪ ᠬᠤᠲᠠ ᠪᠠᠯᠭᠠᠰᠤ ᠶᠢᠨ ᠢᠯᠴᠢ ᠬᠠᠩᠭᠠᠬᠤ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠲᠤᠤᠷ ᠢ ᠥᠭᠡᠷᠡᠴᠢᠯᠡᠬᠦ ᠵᠡᠷᠭᠡ 14 ᠭᠤᠤᠯᠳᠠᠯᠭ᠎ᠠ ᠲᠠᠢ ᠬᠤᠲᠠ ᠪᠠᠯᠭᠠᠰᠤ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠲᠠ ᠪᠠᠯᠭᠠᠰᠤ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠰᠠᠭᠤᠷᠢ ᠪᠡᠯᠡᠳᠬᠡᠮᠵᠢ ᠶᠢᠨ ᠠᠰᠠᠭᠤᠳᠠᠯ ᠢ ᠡᠩ ᠲᠡᠷᠢᠬᠦᠨ ᠳᠤ ᠰᠢᠢᠳᠪᠦᠷᠢᠯᠡᠵᠦ᠂ ᠬᠤᠲᠠ ᠪᠠᠯᠭᠠᠰᠤ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ ᠣᠷᠣᠰᠢᠨ ᠰᠠᠭᠤᠬᠤ ᠳᠤ ᠲᠣᠬᠢᠷᠠᠮᠵᠢᠲᠠᠶ ᠡᠵᠡᠨ᠎ᠡ ᠶᠢ ᠬᠦᠴᠦᠯᠡᠨ ᠪᠠᠶᠢᠭᠤᠯᠤᠨ᠎ᠠ᠃    ᠠᠮᠤᠷ ᠲᠦᠪᠰᠢᠨ ᠲᠣᠭᠲᠠᠭᠤᠨ ᠪᠠᠶᠢᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠠᠭᠤᠷᠢ ᠶᠢ ᠪᠠᠲᠤ ᠴᠣᠭᠴᠠᠯᠠᠨ᠎ᠠ    ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠶᠢ ᠪᠠᠬᠢᠵᠢᠭᠦᠯᠦᠨ ᠳᠡᠭᠡᠭᠰᠢᠯᠡᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠶᠡᠬᠡᠪᠡᠷ ᠪᠠᠳᠠᠷᠠᠭᠤᠯᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠳᠥᠷᠪᠡᠨ ᠬᠠᠮᠲᠤᠪᠠᠷ︾᠂ ︽ᠲᠠᠪᠤᠨ ᠬᠠᠮᠲᠤ ᠶᠢᠨ ᠲᠠᠨᠢᠯᠲᠠ︾  ᠶᠢ ᠬᠥᠮᠦᠰ ᠤᠨ ᠰᠡᠳᠬᠢᠯ ᠳᠤ ᠭᠦᠨ ᠬᠠᠳᠠᠩᠰᠢᠭᠤᠯᠤᠨ᠎ᠠ᠃ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾  ᠶᠢ ᠪᠠᠷᠢᠮᠲᠠᠯᠠᠨ ᠬᠥᠭᠵᠢᠭᠦᠯᠵᠦ᠂ ᠨᠠᠮ ᠤᠨ ᠪᠠᠶᠢᠭᠤᠯᠤᠯᠲᠠ ᠪᠠᠷ ᠭᠤᠤᠯ ᠪᠣᠯᠭᠠᠨ᠂ ︽1 + 8 + N︾ ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠬᠡᠨ ᠤ ᠲᠥᠪ ᠢ ᠨᠢᠭᠡ ᠴᠣᠭᠴᠠᠵᠢᠭᠤᠯᠤᠨ ᠠᠵᠢᠯᠯᠠᠭᠤᠯᠬᠤ ᠵᠠᠭᠪᠤᠷ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠲᠠᠪᠤᠨ ᠲᠥᠪ︾  ᠤᠨ ᠴᠢᠳᠠᠮᠵᠢ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠨᠡᠶᠢᠭᠡᠮ ᠤᠨ ᠵᠠᠰᠠᠯᠲᠠ ᠶᠢ ᠦᠨᠳᠦᠰᠦᠨ ᠱᠠᠳᠣ ᠳᠠᠰᠢ ᠤᠷᠲᠤᠳᠬᠠᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ ᠴᠡᠷᠢᠭ ᠠᠩᠭᠢ ᠶᠢᠨ ᠰᠠᠭᠤᠭ᠎ᠠ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠬᠦᠴᠦᠲᠡᠢ ᠳᠠᠮᠵᠢᠵᠤ᠂ ︽ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠰᠢᠶᠠᠨ︾  ᠢ ᠳᠣᠯᠣᠭᠠᠨ ᠵᠢᠯ ᠳᠠᠷᠠᠭᠠᠯᠠᠨ ᠳᠡᠷᠢᠬᠦᠯᠡᠬᠦᠯᠬᠦ ᠪᠠ ︽ᠥᠪᠡᠷᠲᠡᠭᠡᠨ ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾  ᠶᠢ ᠠᠷᠪᠠᠨ ᠵᠢᠯ ᠳᠠᠷᠠᠭᠠᠯᠠᠨ ᠲᠡᠷᠢᠭᠦᠯᠡᠭᠦᠯᠬᠦ ᠪᠠᠷ ᠴᠢᠷᠮᠠᠶᠢᠨ᠎ᠠ᠃    ᠨᠠᠮ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠨ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠳᠣᠣᠱᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠠᠷ ᠪᠦᠲᠦᠮᠵᠢᠲᠡᠢ ᠥᠷᠨᠢᠭᠦᠯᠦᠨ᠎ᠡ᠃ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾  ᠢ ᠴᠥᠬᠦᠷᠡᠰᠢ ᠦᠭᠡᠢ ᠵᠠᠯᠠᠷᠠᠭᠤᠯᠤᠨ ᠵᠠᠰᠠᠵᠤ᠂ ᠶᠡᠭᠡ ᠬᠦᠴᠦ ᠣᠷᠣᠭᠤᠯᠵᠤ ᠪᠠᠶᠢᠭᠠᠳ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾  ᠤ ᠠᠰᠠᠭᠤᠳᠠᠯ ᠢ ᠰᠢᠢᠳᠪᠦᠷᠢᠯᠡᠵᠦ᠂ ᠡᠵᠡᠨ᠎ᠡ ᠬᠤᠰᠢᠭᠤᠨ ᠤ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠪᠤᠰᠢᠭᠤ ᠱᠠᠯᠠᠮᠠᠭᠠᠢ ᠠᠵᠢᠯᠯᠠᠬᠤ᠂ ᠶᠣᠰᠣ ᠲᠦᠷᠢᠮ ᠲᠠᠢ ᠠᠵᠢᠯᠯᠠᠬᠤ ᠰᠠᠶᠢᠨ ᠲᠦᠷᠢ ᠲᠥᠷᠬᠦ ᠶᠢ ᠦᠨᠡᠨᠬᠦ ᠪᠣᠢ ᠪᠣᠯᠭᠠᠨ᠎ᠠ᠃ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠺᠠᠳ᠋ᠷ ᠲᠤ ᠪᠢᠰᠢᠷᠡᠨ ᠵᠢᠷᠦᠬᠡᠰᠢᠶᠡᠬᠦ᠂ ᠴᠡᠭᠡᠷᠯᠡᠬᠦ ᠶᠢ ᠮᠡᠳᠡᠷᠡᠭᠦᠯᠵᠦ᠂ ᠬᠤᠷᠢᠭ᠎ᠠ ᠱᠤᠭᠤᠮ ᠢ ᠰᠠᠬᠢᠵᠤ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠥᠷᠥ ᠶᠢᠨ ᠣᠷᠴᠢᠨ ᠢ ᠦᠷᠭᠦᠯᠵᠢᠯᠡᠨ ᠪᠠᠬᠢᠵᠢᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号