ᠳᠤᠮᠳᠠᠳᠤ ᠤᠯᠤᠰ ᠤᠨ ᠡᠪ ᠬᠠᠮᠲᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ ︵ᠥᠷᠭᠡᠳᠬᠡᠭᠰᠡᠨ︶ | ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠳᠡᠭᠡᠷᠡᠬᠢ ᠶᠠᠷᠢᠶ᠎ᠠ | ︵2023 ᠣᠨ ᠤ 1 ᠰᠠᠷ᠎ᠠ ᠶᠢᠨ 19 ᠤ ᠡᠳᠦᠷ︶ | ᠯᠢ ᠵᠥᠩ ᠽᠧᠩ | ᠨᠥᠬᠦᠳ ᠡ᠄ | ᠤᠳᠠᠯ ᠥᠬᠡᠶ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠠᠶᠢᠮᠠᠭ ᠤᠨ ᠨᠠᠮ ᠤᠨ ᠬᠤᠷᠢᠶᠠᠨ ᠤ | ᠱᠦᠵᠢ ᠳᠠᠶᠢᠴᠢᠨ ᠨᠥᠬᠦᠷ ᠪᠠᠰᠠ ᠴᠢᠬᠤᠯᠠ ᠶᠠᠷᠢᠶ᠎ᠠ ᠲᠠᠯᠪᠢᠵᠤ᠂ ᠪᠥᠬᠦ ᠲᠠᠯ᠎ᠠ ᠶᠢᠨ ᠦᠨᠳᠦᠷᠴᠡ ᠠᠴᠠ ᠪᠥᠬᠦ | ᠠᠶᠢᠮᠠᠭ ᠤᠨ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠰᠢᠨ᠎ᠡ ᠱᠠᠭᠠᠷᠳᠠᠯᠭ᠎ᠠ | ᠳᠤᠷᠠᠳᠬᠤ ᠪᠣᠯᠤᠨ᠎ᠠ᠂ ᠪᠢᠳᠡ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠳᠣᠣᠱᠯᠠᠭᠤᠯᠣᠨ | ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠬᠤ ᠬᠡᠷᠡᠭᠲᠡᠶ᠃ ᠤᠳᠤ ᠪᠢ ᠭᠤᠷᠪᠠᠨ ᠲᠠᠯ᠎ᠠ ᠶᠢᠨ ᠰᠠᠨᠠᠯ ᠢ | ᠶᠠᠷᠢᠶ᠎ᠠ᠃ | ᠨᠢᠭᠡ᠂ ᠨᠢᠭᠡ ᠵᠢᠯ ᠤᠨ ᠲᠤᠷᠰᠢᠬᠢ ᠠᠯᠠᠱᠠ ᠶᠢᠨ ᠴᠢᠨᠠᠷ ᠰᠠᠶᠢᠲᠠᠶ ᠬᠥᠭᠵᠢᠯᠲᠡ ᠶᠢᠨ ᠠᠮᠵᠢᠯᠲᠠ ᠪᠣᠯᠤᠨ | ᠬᠤᠪᠢᠷᠠᠯᠲᠠ ᠶᠢ ᠬᠦᠢᠴᠡᠳ ᠨᠣᠳᠠᠯᠠᠪᠠ | ᠰᠠᠶ᠋ᠢᠬᠠᠨ ᠥᠩᠭᠡᠷᠡᠭᠰᠡᠨ ᠨᠢᠭᠡ ᠵᠢᠯ ᠪᠣᠯ ᠠᠯᠠᠱᠠ ᠶᠢᠨ ᠬᠥᠭᠵᠢᠯᠲᠡ ᠶᠢᠨ ᠠᠬᠢᠴᠠ ᠳᠤᠮᠳᠠᠬᠢ ᠲᠦᠢᠯ ᠤᠨ | ᠣᠨᠴᠣᠭᠤᠢ᠂ ᠲᠦᠢᠯ ᠤᠨ ᠬᠢᠯᠪᠠᠷ ᠪᠤᠰᠤ᠂ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠨᠠᠷᠢᠨ | ᠪᠤᠳᠤᠯᠢᠶᠠᠨᠲᠠᠢ ᠠᠵᠤ ᠠᠬᠤᠢ ᠶᠢᠨ ᠪᠠᠶᠢᠳᠠᠯ ᠪᠣᠯᠤᠨ ᠬᠦᠨᠳᠦ ᠬᠡᠴᠡᠭᠦᠦ ᠬᠢᠵᠢᠭ ᠤᠨ ᠪᠠᠶᠢᠳᠠᠯ ᠤᠨ ᠰᠣᠷᠢᠯᠳᠠ ᠶᠢᠨ | ᠡᠮᠦᠨ᠎ᠡ᠂ ᠪᠢᠳᠡ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ | ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠦ᠂ | ᠪᠦᠯᠬᠦᠮᠳᠡᠨ ᠨᠢᠭᠡᠳᠴᠦ᠂ ᠳᠠᠷᠤᠭᠠᠰᠤ ᠪᠠᠨ ᠡᠭᠦᠷᠭᠡᠯᠡᠨ᠂ ᠴᠠᠭ ᠤᠨ ᠪᠡᠷᠬᠡ ᠶᠢ ᠬᠠᠮᠲᠤ ᠪᠠᠷ ᠲᠤᠭᠤᠯᠵᠤ᠂ ᠪᠦᠬᠦ | ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠪᠡ᠃ | — — ᠴᠢᠨᠠᠷ ᠰᠠᠶᠢᠲᠠᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠬᠦᠴᠦᠨ ᠢᠶᠠᠷ ᠢᠶᠠᠨ ᠶᠡᠭᠡ ᠲᠠᠯ᠎ᠠ ᠶᠢ ᠲᠣᠭᠲᠠᠪᠤᠷᠢᠵᠢᠭᠤᠯᠵᠤ᠂ ᠨᠡᠮᠡᠭᠳᠡᠯ ᠢ ᠳᠣᠭᠳᠠᠪᠣᠷᠢᠵᠢᠭᠤᠯᠪᠠ᠃ ᠤᠯᠤᠰ ᠂ | ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢ ᠲᠣᠭᠲᠠᠪᠤᠷᠢᠵᠢᠭᠤᠯᠬᠤ ᠬᠠᠮ ᠲᠥᠷᠥ ᠶᠢᠨ ᠪᠣᠳᠣᠯᠭ᠎ᠠ ᠪᠠ | ᠦᠷᠭᠦᠯᠵᠢᠯᠡᠬᠦ ᠠᠷᠭ᠎ᠠ ᠬᠡᠮᠵᠢᠶ᠎ᠡ ᠶᠢ ᠨᠠᠶᠢᠳᠠᠪᠣᠷᠢᠵᠢᠭᠤᠯᠵᠦ᠂ ᠪᠦᠬᠦ ᠠᠶᠢᠮᠠᠭ ᠤᠨ ᠠᠵᠤ ᠠᠬᠤᠢ ᠶᠢ | ᠲᠣᠭᠲᠠᠪᠤᠷᠢᠵᠢᠭᠤᠯᠬᠤ 50 ᠢᠵᠢ ᠪᠦᠷᠢᠳᠦᠭᠰᠡᠨ ᠠᠷᠭ᠎ᠠ ᠬᠡᠮᠵᠢᠶ᠎ᠡ ᠶᠢ ᠲᠣᠭᠲᠠᠭᠠᠨ ᠨᠡᠶᠢᠳᠡᠯᠡᠵᠦ᠂ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠷᠭ᠎ᠠ ᠬᠡᠮᠵᠢᠶ᠎ᠡ 200 ᠵᠤᠷᠪᠤᠰ᠂ ᠬᠡᠷᠡᠭᠯᠡᠭᠡ ᠶᠢ | ᠠᠬᠢᠭᠤᠯᠬᠤ ᠰᠠᠨᠠᠯ 27 ᠵᠦᠢᠯ᠂ ᠮᠥᠩᠭᠦᠨ ᠬᠦᠢᠯᠬᠡᠬᠡᠨ ᠤ ᠦᠢᠯᠡᠴᠢᠯᠡᠭᠡ ᠶᠢ ᠴᠢᠩᠭᠠᠳᠬᠠᠬᠤ 10 ᠵᠤᠷᠪᠤᠰ ᠠᠷᠭ᠎ᠠ | ᠬᠡᠮᠵᠢᠶ᠎ᠡ ᠶᠢ ᠨᠡᠶᠢᠳᠡᠯᠡᠵᠦ᠂ ᠭᠤᠤᠯᠳᠠᠯᠭ᠎ᠠ ᠲᠠᠢ ᠠᠵᠢᠯ ᠤᠨ ᠲᠤᠰᠬᠠᠶ ᠠᠩᠭᠢ ᠶᠢᠨ ᠲᠦᠷᠢᠮ ᠂ ᠠᠵᠤ ᠦᠢᠯᠡᠰ ᠤᠨ | ᠬᠡᠯᠬᠢᠶ᠎ᠡ ᠶᠢᠨ ᠳᠠᠷᠤᠭ᠎ᠠ ᠶᠢᠨ ᠳᠦᠷᠢᠮ᠂ ᠳᠦᠷᠦᠯ ᠵᠦᠢᠯ ᠢ ᠳᠠᠭᠠᠭᠠᠴᠢᠯᠠᠨ ᠬᠠᠷᠢᠯᠴᠠᠬᠤ ᠳᠦᠷᠢᠮ ᠢ ᠪᠥᠬᠦ ᠲᠠᠯ᠎ᠠ ᠪᠠᠷ | ᠭᠡᠷᠡᠭᠵᠢᠬᠦᠯᠵᠦ᠂ ᠪᠦᠬᠦ ᠬᠦᠴᠦ ᠪᠠᠷ ᠢᠶᠠᠨ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠪᠦᠬᠦ ᠬᠦᠴᠦᠨ ᠢᠶᠠᠷ ᠢᠶᠠᠨ ᠪᠠᠳᠣᠯᠠᠵᠦ᠂ ᠪᠦᠬᠦ ᠵᠢᠯ ᠤᠨ ᠭᠠᠶᠢᠯᠢ ᠶᠢ | ᠬᠥᠩᠭᠡᠯᠡᠵᠦ ᠰᠦᠢᠳᠬᠡᠯ ᠢ ᠪᠠᠭᠤᠷᠠᠭᠤᠯᠣᠨ᠂ ᠳᠣᠭᠠᠴᠠᠭᠠᠯᠠᠨ ᠦᠯᠡᠳᠡᠭᠡᠭᠰᠡᠨ ᠭᠠᠶᠢᠯᠢ ᠶᠢ 21.2 ᠳ᠋ᠦᠩᠰᠢᠭᠤᠷ | ᠲᠥᠭᠦᠷᠢᠭ ᠪᠣᠴᠠᠭᠠᠵᠦ᠂ 2200 ᠲᠦᠮᠡᠨ ᠲᠥᠭᠦᠷᠢᠭ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ | ᠨᠥᠬᠦᠪᠥᠷᠢ ᠳᠠᠷᠬᠠᠭᠠᠨ᠂ ᠠᠵᠤ ᠠᠬᠤᠶᠢᠯᠠᠯ ᠢ ᠲᠤᠰᠠᠯᠠᠬᠤ ᠮᠥᠩᠭᠦᠨ ᠭᠦᠢᠯᠭᠡᠭᠡᠨ ᠤ ᠵᠢᠭᠡᠯᠡᠯᠭᠡ ᠶᠢ 352.4 | ᠳ᠋ᠦᠩᠰᠢᠭᠤᠷ ᠲᠥᠭᠦᠷᠢᠭ ᠳᠠᠷᠬᠠᠭᠠᠵᠦ᠂ ᠠᠶᠢᠮᠠᠭ ᠤᠨ ᠲᠡᠰ ᠤᠨ 112 ᠭᠤᠣᠯᠳᠠᠯᠭ᠎ᠠ ᠲᠠᠢ ᠲᠥᠷᠥᠯ ᠵᠦᠢᠯ ᠤᠨ | ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠳᠣᠯᠠᠵᠦ᠂ ᠬᠡᠪᠴᠢᠶᠡᠵᠢᠯ ᠠᠴᠠ ᠳᠡᠭᠡᠭᠰᠢᠬᠢ ᠪᠦᠬᠦ ᠠᠵᠤ ᠠᠬᠤᠶᠢᠯᠠᠯ ᠤᠨ | ᠠᠵᠢᠯ ᠢᠶᠠᠨ ᠰᠡᠷᠭᠦᠭᠡᠵᠦ ᠦᠢᠯᠡᠳᠪᠦᠷᠢᠯᠡᠬᠦ ᠶᠢ ᠠᠬᠢᠭᠤᠯᠣᠨ᠂ 5 ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ | ᠦᠢᠯᠡᠳᠪᠦᠷᠢᠯᠡᠯ ᠢᠶᠠᠨ ᠰᠡᠷᠭᠦᠭᠡᠵᠦ ᠬᠠᠩᠭᠠᠯᠭ᠎ᠠ ᠶᠢ ᠪᠠᠲᠤᠯᠠᠬᠤ ᠶᠢ ᠬᠥᠲᠥᠯᠥᠨ ᠵᠢᠯᠣᠭᠤᠳᠴᠦ᠂ ︽ᠳᠦᠷᠪᠡᠨ | ᠬᠡᠪᠴᠢᠶᠡᠵᠢᠯ ᠠᠴᠠ ᠳᠡᠭᠡᠭᠰᠢᠬᠢ︾ 83 ᠠᠵᠤ ᠠᠬᠤᠶᠢᠯᠠᠯ ᠰᠢᠨ᠎ᠡ ᠪᠠᠷ ᠨᠡᠮᠡᠭᠳᠡᠵᠦ᠂ ᠵᠠᠬ᠎ᠠ ᠳᠡᠯᠭᠡᠭᠦᠷ ᠤᠨ ᠪᠡᠶᠡᠴᠢ | ᠴᠣᠭᠴᠠ 6074 ᠪᠣᠯᠵᠦ᠂ ᠪᠦᠬᠦ ᠠᠶᠢᠮᠠᠭ ᠤᠨ ᠠᠵᠤ ᠠᠬᠤᠢ ᠶᠢᠨ ᠲᠣᠭᠲᠠᠭᠤᠨ᠂ ᠶᠡᠭᠡ ᠳᠠᠯ᠎ᠠ ᠶᠢᠨ ᠲᠣᠭᠲᠠᠭᠤᠨ | ᠢ ᠪᠠᠳᠣᠯᠠᠪᠠ᠃ 2022 ᠣᠨ ᠳᠤ᠂ ᠪᠥᠬᠦ ᠠᠶᠢᠮᠠᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ | ᠥᠷᠲᠡᠭ 407 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠩᠬ᠎ᠠ ᠤᠳᠠᠭ᠎ᠠ 400 ᠳ᠋ᠦᠩᠰᠢᠭᠤᠷ ᠲᠥᠭᠦᠷᠢᠭ ᠢ | ᠳᠠᠪᠠᠵᠤ᠂ 3.6 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠳᠣᠯᠣᠳᠤᠭᠠᠷ ᠲᠤ | ᠵᠢᠭᠰᠠᠭᠠᠭᠳᠠᠪᠠ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ 7.9 % ᠪᠠᠷ | ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠲᠠᠪᠤᠳᠤᠭᠠᠷ ᠲᠤ ᠣᠷᠣᠪᠠ︔ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ 37.1 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ | ᠣᠷᠣᠨ ᠳᠤ ᠬᠤᠶᠠᠳᠣᠭᠠᠷ ᠲᠤ ᠵᠢᠭᠰᠠᠭᠠᠭᠳᠠᠪᠠ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 7.9 | % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠲᠠᠪᠤᠳᠤᠭᠠᠷ ᠲᠤ ᠣᠷᠣᠪᠠ︔ ᠡᠩ ᠤᠨ | ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 20.8 % ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ | ᠣᠷᠣᠨ ᠳᠤ ᠬᠤᠶᠠᠳᠣᠭᠠᠷ ᠲᠤ ᠵᠢᠭᠰᠠᠭᠠᠭᠳᠠᠪᠠ᠃ | — — ᠡᠷᠴᠢᠮ ᠰᠠᠶᠢᠲᠠᠶ ᠬᠥᠳᠡᠯᠭᠡᠭᠦᠷ ᠲᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠬᠦᠴᠦᠨ ᠢᠶᠠᠷ ᠢᠶᠠᠨ ᠲᠥᠷᠥᠯ ᠵᠦᠢᠯ ᠢ ᠠᠳᠬᠤᠵᠤ᠂ ᠪᠠᠯᠠ ᠣᠷᠣᠭᠤᠯᠤᠯᠲᠠ ᠶᠢ ᠦᠷᠭᠡᠳᠭᠡᠪᠡ᠃ ᠠᠶᠢᠮᠠᠭ ᠤᠨ | ᠲᠡᠰ ᠤᠨ ᠭᠤᠣᠯᠳᠠᠯᠭ᠎ᠠ ᠲᠠᠢ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠦᠨ ᠰᠡᠷᠭᠦᠭᠡᠵᠦ᠂ ᠵᠢᠯ ᠤᠨ ᠪᠡᠯᠡ | ᠣᠷᠣᠭᠤᠯᠤᠯᠲᠠ ᠶᠢᠨ ᠠᠬᠢᠴᠠ 109.2 % ᠢ ᠪᠡᠶᠡᠯᠡᠭᠦᠯᠦᠨ᠂ 95% ᠪᠠᠷ ᠨᠡᠮᠡᠭᠳᠡᠵᠦ᠂ ᠣᠨᠴᠣᠭᠤᠶᠢᠯᠠᠨ | ᠠᠷᠠᠳ ᠤᠨ ᠳᠤᠮᠳᠠᠬᠢ ᠪᠡᠯᠡ ᠣᠷᠣᠭᠤᠯᠤᠯᠲᠠ ᠶᠢᠨ ᠲᠤᠯᠭᠠᠭᠤᠷᠢᠯᠠᠨ ᠳᠠᠶᠢᠴᠢᠯᠠᠬᠤ ᠦᠢᠯᠡᠳᠦᠯ ᠢᠯᠡᠷᠬᠡᠢ ᠪᠣᠯᠵᠤ᠂ 5 | ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠨᠢ ᠪᠦᠬᠦ ᠲᠥᠷᠥᠯ ᠵᠦᠢᠯ ᠤᠨ ᠪᠡᠯᠡ ᠣᠷᠣᠭᠤᠯᠤᠯᠲᠠ ᠶᠢᠨ | 44% ᠶᠢ ᠡᠵᠡᠯᠡᠨ᠂ ᠪᠦᠬᠦ ᠠᠶᠢᠮᠠᠭ ᠤᠨ ᠲᠣᠭᠲᠠᠮᠠᠯ ᠪᠡᠯᠡ ᠣᠷᠣᠭᠤᠯᠤᠯᠲᠠ ᠶᠢᠨ ᠨᠡᠮᠡᠭᠳᠡᠯ ᠳᠤ ᠴᠢᠬᠤᠯᠠ ᠬᠤᠪᠢ | ᠨᠡᠮᠡᠷᠢ ᠦᠵᠡᠭᠦᠯᠪᠡ᠃ ᠪᠥᠬᠦ ᠵᠢᠯ ᠳᠤ106 ᠲᠥᠷᠥᠯ ᠵᠦᠢᠯ ᠢ ᠤᠷᠢᠨ ᠣᠷᠣᠭᠤᠯᠵᠤ᠂ 200 ᠳ᠋ᠦᠩᠰᠢᠭᠤᠷ | ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠪᠠᠯᠠ ᠮᠥᠩᠭᠦ ᠲᠡᠳᠡᠨ ᠣᠷᠣᠭᠤᠯᠬᠤ ᠬᠡᠪᠴᠢᠶ᠎ᠡ ᠪᠠ | ᠲᠤᠬᠠᠶ ᠶᠢᠨ ᠵᠢᠯ ᠳᠤ ᠭᠡᠷ᠎ᠡ ᠲᠣᠭᠲᠠᠵᠤ ᠨᠠᠶᠢᠳᠠᠪᠤᠷᠢᠵᠢᠭᠤᠯᠤᠭᠰᠠᠨ ᠲᠥᠷᠥᠯ ᠵᠦᠢᠯ ᠤᠨ ᠲᠤᠭ᠎ᠠ ᠲᠡᠦᠬᠡ ᠶᠢᠨ ᠰᠢᠨ᠎ᠡ | ᠲᠡᠮᠳᠡᠭᠯᠡᠯ ᠢ ᠡᠭᠦᠳᠪᠡ᠃ 450 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ ᠢ ᠤᠯᠤᠰ ᠤᠨ | ᠲᠥᠷᠥᠯ ᠵᠦᠢᠯ ᠤᠨ ᠬᠥᠮᠥᠷᠭᠡ ᠳᠤ ᠣᠷᠣᠭᠤᠯᠵᠤ᠂ ᠲᠥᠷᠥᠯ ᠵᠦᠢᠯ ᠤᠨ ᠨᠥᠭᠡᠴᠡᠯᠡᠯᠲᠡ ᠶᠢ ᠬᠦᠴᠦᠲᠡᠶ ᠵᠠᠯᠭᠠᠭᠤᠯᠪᠠ | ᠃ ︽ᠳᠠᠪᠤ ᠶᠢ ᠳᠣᠶᠢᠯᠪᠣᠷᠢᠳᠠᠢ ᠪᠡᠶᠡᠯᠡᠬᠦᠯᠬᠦ︾ ᠵᠢᠯ ᠤᠨ ᠡᠭᠦᠷᠭᠡ ᠶᠢ ᠪᠦᠬᠦᠨ ᠢ ᠪᠡᠶᠡᠯᠡᠭᠦᠯᠵᠦ᠂ ᠠᠰᠠᠭᠤᠳᠠᠯ ᠲᠠᠢ | 424 ᠲᠥᠷᠦᠯ ᠵᠦᠢᠯ ᠢ ᠰᠢᠢᠳᠪᠦᠷᠢᠯᠡᠵᠦ᠂ 9 ︽ᠬᠠᠭᠠᠰ ᠳᠤᠲᠠᠭᠤ︾ ᠢᠨᠵᠧᠨᠧᠷᠢᠩ ᠢ ᠳᠠᠬᠢᠨ ᠡᠬᠢᠯᠡᠭᠦᠯᠵᠦ᠂ 1. | 62 ᠲᠦᠮᠡᠨ ᠮᠦ ᠭᠠᠵᠠᠷ ᠰᠢᠷᠣᠢ ᠶᠢ ᠠᠮᠢᠯᠠᠭᠤᠯᠵᠤ᠂ 1.8 ᠳ᠋ᠦᠩᠰᠢᠭᠤᠷ ᠲᠥᠭᠦᠷᠢᠭ ᠤᠨ ᠰᠤᠯᠠ ᠪᠡᠯᠡ | ᠮᠥᠩᠭᠦ ᠶᠢ ᠪᠦᠬᠦᠨ ᠢ ᠲᠤᠰᠢᠶᠠᠪᠠ᠃ | — — ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ | ᠬᠦᠴᠦᠨ ᠢᠶᠠᠷ ᠢᠶᠠᠨ ᠪᠦᠲᠦᠴᠡ ᠶᠢ ᠲᠣᠬᠢᠷᠠᠭᠤᠯᠵᠤ᠂ ᠠᠵᠤ ᠦᠢᠯᠡᠰ ᠢ ᠬᠦᠴᠦᠷᠭᠡᠭᠵᠢᠬᠦᠯᠪᠡ᠃ ᠲᠠᠷᠢᠶᠠᠯᠠᠩ ᠮᠠᠯ | ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ᠂ ᠲᠠᠷᠢᠮᠠᠯ ᠤᠨ ᠳᠠᠷᠢᠬᠤ | ᠲᠠᠯᠠᠪᠠᠶ ᠶᠢ 48 ᠲᠦᠮᠡᠨ ᠮᠥ᠂ ᠮᠠᠯ ᠤᠨ ᠲᠤᠭ᠎ᠠ ᠶᠢ 136 ᠲᠦᠮᠡ ᠳᠤ ᠲᠣᠭᠲᠠᠪᠤᠷᠢᠵᠢᠭᠤᠯᠵᠤ᠂ ᠮᠢᠩᠭᠠᠨ ᠮᠥ | ᠴᠢᠨᠠᠷ ᠰᠠᠶᠢᠲᠠᠶ ᠥᠨᠳᠥᠷ ᠦᠷ᠎ᠡ ᠠᠰᠢᠭ ᠲᠠᠢ ᠠᠮᠤ ᠪᠤᠳᠠᠭ᠎ᠠ ᠨᠡᠮᠡᠭᠳᠡᠭᠦᠯᠬᠦ ᠵᠢᠱᠢᠶ᠎ᠡ ᠦᠵᠡᠭᠦᠯᠬᠦ ᠣᠷᠣᠨ᠂ 5 | ᠲᠦᠮᠡᠨ ᠮᠥ ᠪᠠ 20 ᠮᠢᠩᠭᠠᠨ ᠮᠥ ᠡᠷᠳᠡᠨᠢ ᠰᠢᠰᠢ ᠶᠢᠨ ᠪᠣᠬᠢᠷᠲᠤᠯ ᠥᠬᠡᠶ ᠴᠢᠨᠠᠷ ᠰᠠᠶᠢᠲᠠᠶ ᠥᠨᠳᠥᠷ ᠦᠷ᠎ᠡ | ᠠᠰᠢᠭ ᠲᠠᠢ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠪᠠ︔ ︽ᠮᠢᠬ᠎ᠠ᠂ ᠰᠦ᠂ ᠨᠣᠯᠤᠤᠷ᠂ ᠵᠢᠮᠢᠰ᠂ | ᠢᠳᠡᠰᠢᠨ ᠨᠣᠭᠤᠭ᠎ᠠ᠂ ᠡᠷᠡᠭᠦᠯᠵᠢᠯ︾ ᠤᠨ ᠣᠨᠴᠠᠯᠢᠭᠲᠤ ᠠᠵᠤ ᠦᠢᠯᠡᠰ ᠤᠨ ᠰᠦᠷᠦᠭᠵᠢᠯ ᠢ ᠪᠤᠶᠢᠵᠢᠭᠤᠯᠤᠨ | ᠪᠠᠶᠢᠭᠤᠯᠵᠤ᠂ ᠤᠯᠤᠰ ᠤᠨ ᠲᠡᠰ ᠤᠨ ᠠᠯᠠᠱᠠ ᠶᠢᠨ ᠰᠢᠷ᠎ᠠ ᠦᠬᠡᠷ ᠤᠨ ᠡᠭᠦᠯᠳᠡᠷ ᠬᠠᠮᠠᠭᠠᠯᠠᠬᠤ ᠲᠠᠯᠠᠪᠠᠢ᠂ ᠣᠳᠣ | ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠮᠦᠨᠡᠬᠢ ᠬᠤᠭᠤᠴᠠᠭᠠᠨ ᠤ ᠠᠵᠢᠯ ᠢ ᠡᠮᠬᠢ | ᠵᠢᠷᠤᠮ ᠲᠠᠢ ᠪᠠᠷ ᠠᠬᠢᠭᠤᠯᠵᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ | ᠣᠯᠠᠷᠢᠭᠤᠯᠬᠤ ᠨᠣᠷᠮ᠎ᠠ ᠶᠢ 78% ᠬᠦᠷᠲᠡᠯ᠎ᠡ ᠳᠡᠭᠡᠭᠰᠢᠯᠡᠭᠦᠯᠪᠡ᠃ ᠠᠵᠤ ᠦᠢᠯᠡᠳᠪᠦᠷᠢ ᠶᠢᠨ ᠠᠵᠤ ᠠᠬᠤᠶ | ᠲᠣᠭᠲᠠᠭᠤᠨ ᠤ ᠳᠤᠮᠳᠠ ᠤᠷᠤᠭᠰᠢᠯᠠᠨ ᠳᠡᠪᠰᠢᠵᠦ᠂ ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ 37 ᠲᠥᠷᠥᠯ | ᠵᠦᠢᠯ ᠢ ᠬᠡᠷᠡᠭᠵᠢᠭᠦᠯᠵᠦ᠂ ᠱᠠᠩᠬᠠᠶ ᠥᠪᠥᠷ ᠮᠣᠩᠭᠤᠯ ᠤᠨ ᠰᠢᠨ᠎ᠡ ᠮᠠᠲ᠋ᠧᠷᠢᠶᠠᠯ ᠤᠨ ᠨᠢᠭᠡᠳᠦᠭᠡᠷ ᠬᠤᠭᠤᠴᠠᠭ᠎ᠠ | ᠠᠰᠢᠭᠯᠠᠯᠲᠠ ᠳᠤ ᠣᠷᠣᠵᠤ᠂ ᠯᠢᠩ ᠱᠧᠩ ᠰᠢᠨᠵᠢᠯᠡᠬᠦ ᠤᠬᠠᠭᠠᠨ ᠮᠡᠷᠭᠡᠵᠢᠯ ᠤᠨ ᠬᠡᠰᠡᠭ ᠰᠢᠨ᠎ᠡ ᠪᠠᠷ ᠪᠠᠶᠢᠭᠤᠯᠤᠭᠰᠠᠨ | ᠲᠥᠷᠥᠯ ᠵᠦᠢᠯ ᠨᠢᠭᠡᠨᠲᠡ ᠦᠷ᠎ᠡ ᠠᠰᠢᠭ ᠣᠯᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠨᠢᠭᠡᠳᠦᠭᠡᠷ | ᠬᠤᠭᠤᠴᠠᠭ᠎ᠠ ᠨᠢ ᠡᠨᠡ ᠵᠢᠯ ᠤᠨ ᠳᠡᠭᠡᠷ᠎ᠡ ᠬᠠᠭᠠᠰ ᠵᠢᠯ ᠳᠤ ᠲᠤᠷᠰᠢᠨ ᠦᠢᠯᠡᠳᠪᠦᠷᠢᠯᠡᠵᠦ᠂ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠠᠯᠠ ᠣᠷᠣᠭᠤᠯᠤᠯᠲᠠ 15% ᠪᠠᠷ ᠨᠡᠮᠡᠭᠳᠡᠵᠦ᠂ | ᠥᠪᠡᠷᠲᠡᠭᠡᠨ ᠵᠠᠰᠠᠬᠤ ᠣᠷᠣᠨ ᠤ ᠲᠠᠰ ᠤᠨ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠪᠠᠭ᠎ᠠ ᠠᠵᠤ | ᠠᠬᠤᠶᠢᠯᠠᠯ 8᠂ ᠰᠢᠨ᠎ᠡ ᠶᠢ ᠡᠭᠦᠳᠬᠦ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 6 ᠨᠡᠮᠡᠭᠳᠡᠵᠡᠶ᠃ ᠴᠡᠪᠡᠷ | ᠡᠨᠧᠷᠭᠢ ᠶᠢᠨ ᠠᠵᠤ ᠦᠢᠯᠡᠰ ᠰᠢᠪᠲᠤᠯᠤᠯᠲᠠ ᠶᠢᠨ ᠴᠢᠨᠠᠷᠲᠠᠢ ᠠᠬᠢᠯᠲᠠ ᠲᠠᠢ ᠪᠣᠯᠵᠤ᠂ 21 ᠴᠡᠪᠡᠷ ᠡᠨᠧᠷᠭᠢ ᠶᠢᠨ | ᠲᠥᠷᠥᠯ ᠵᠦᠢᠯ ᠢ ᠤᠷᠤᠭᠰᠢᠲᠠᠢ ᠬᠡᠷᠡᠭᠵᠢᠭᠦᠯᠵᠦ᠂ ᠵᠢᠯ ᠤᠨ ᠳᠣᠲᠣᠷ᠎ᠠ ᠰᠢᠨ᠎ᠡ ᠪᠠᠷ 195.5 ᠲᠦᠮᠡᠨ ᠺᠢᠯᠣᠸᠠᠲ ᠢ | ᠲᠣᠣᠷ ᠨᠡᠶᠢᠯᠡᠭᠦᠯᠦᠨ᠂ ᠪᠦᠬᠦ ᠠᠶᠢᠮᠠᠭ ᠤᠨ ᠮᠠᠰᠢᠨ ᠴᠣᠭᠴᠠᠯᠠᠪᠤᠷᠢ ᠶᠢᠨ ᠬᠡᠪᠴᠢᠶ᠎ᠡ 500 ᠲᠦᠮᠡᠨ ᠺᠢᠯᠣᠸᠠᠲ ᠢ | ᠳᠠᠪᠠᠪᠠ︔ ᠭᠤᠷᠪᠠᠨ ᠶᠡᠭᠡ ᠡᠯᠡᠰᠦ ᠨᠢ ᠤᠯᠤᠰ ᠤᠨ ︽ᠡᠯᠡᠰᠦᠨ ᠴᠦᠯ ᠳᠠᠴᠢᠷ ᠭᠤᠪᠢ︾ ᠶᠢᠨ ᠴᠡᠪᠡᠷ ᠡᠨᠧᠷᠭᠢ ᠶᠢ | ᠲᠡᠷᠢᠬᠦᠨ ᠳᠤ ᠨᠡᠭᠡᠭᠡᠨ ᠬᠥᠭᠵᠢᠭᠦᠯᠬᠦ ᠲᠣᠭᠤᠷᠢᠭ ᠲᠤ ᠵᠢᠭᠰᠠᠭᠠᠭᠳᠠᠵᠤ᠂ ᠲᠩᠷᠢ ᠡᠯᠡᠰᠦ ᠶᠢᠨ ᠮᠢᠩᠭᠠᠨ ᠲᠦᠮᠡᠨ | ᠺᠢᠯᠣᠸᠠᠲ ᠤᠨ ᠴᠡᠪᠡᠷ ᠡᠨᠧᠷᠭᠢ ᠶᠢᠨ ᠲᠣᠮᠣ ᠰᠠᠭᠤᠷᠢᠨ ᠵᠢᠴᠢ ᠢᠵᠢ ᠪᠥᠷᠢᠳᠦᠭᠰᠡᠨ 4 × 100 ᠲᠦᠮᠡᠨ | ᠺᠢᠯᠣᠸᠠᠲ ᠤᠨ ᠢᠯᠴᠢ ᠶᠢᠨ ᠴᠠᠬᠢᠯᠭᠠᠨ ᠤ ᠣᠷᠭᠢᠯ ᠢ ᠲᠣᠬᠢᠷᠠᠭᠤᠯᠬᠤ ᠵᠡᠷᠭᠡ ᠲᠥᠷᠥᠯ ᠵᠦᠢᠯ ᠨᠢ ᠤᠯᠤᠰ ᠤᠨ | ᠴᠣᠬᠤᠯᠠᠪᠤᠷᠢ ᠶᠢ ᠵᠢᠩᠬᠢᠨᠢ ᠪᠠᠷ ᠣᠯᠵᠤ᠂ ᠲᠥᠷᠥᠯ ᠵᠦᠢᠯ ᠤᠨ ᠪᠠᠭᠲᠠᠭᠠᠮᠵᠢ᠂ ᠪᠠᠯᠠ ᠣᠷᠣᠭᠤᠯᠤᠯᠲᠠ ᠶᠢᠨ | ᠬᠡᠪᠴᠢᠶ᠎ᠡ ᠨᠢ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ︔ ᠲᠥᠪ ᠤᠨ ᠠᠵᠤ ᠠᠬᠤᠶᠢᠯᠠᠯ᠂ ᠥᠪᠡᠷᠲᠡᠭᠡᠨ ᠵᠠᠰᠠᠬᠤ | ᠣᠷᠣᠨ ᠤ ᠤᠯᠤᠰ ᠤᠨ ᠦᠮᠴᠢᠯᠡᠯᠳᠦ ᠠᠵᠤ ᠠᠬᠤᠶᠢᠯᠠᠯ ᠲᠠᠢ ᠬᠠᠮᠲᠤᠷᠠᠯᠴᠠᠬᠤ ᠲᠠᠯ᠎ᠠ ᠪᠠᠷ ᠪᠣᠳᠠᠲᠠᠢ ᠠᠬᠢᠯᠲᠠ ᠲᠠᠢ | ᠪᠣᠯᠵᠤ᠂ ᠠᠶᠢᠮᠠᠭ ᠤᠨ ᠬᠠᠷᠢᠶ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠴᠡᠪᠡᠷ ᠡᠨᠧᠷᠭᠢ ᠶᠢᠨ ᠪᠦᠲᠦᠭᠡᠨ | ᠪᠠᠶᠢᠭᠤᠯᠤᠯᠲᠠ ᠳᠤ ᠭᠦᠨᠵᠡᠭᠡᠢ ᠣᠷᠣᠯᠴᠠᠭᠠᠳ ᠠᠩᠬ᠎ᠠ ᠠᠯᠬᠤᠮ ᠤᠨ ᠦᠷ᠎ᠡ ᠪᠦᠲᠦᠭᠡᠯ ᠣᠯᠪᠠ︔ ᠣᠷᠣᠨ | ᠪᠦᠰᠡ ᠶᠢᠨ ᠪᠣᠬᠢᠷᠲᠤᠯ ᠥᠬᠡᠶ ᠡᠨᠧᠷᠭᠢ ᠶᠢᠨ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠥᠪᠥᠷ | ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ︽ᠥᠨᠳᠥᠷ ᠠᠴᠢᠶᠠᠯᠠᠪᠤᠷᠢᠲᠤ ᠡᠨᠧᠷᠭᠢ ᠪᠠᠭ᠎ᠠ | ᠭᠠᠳᠠᠭᠰᠢᠯᠠᠭᠤᠯᠬᠤ ᠠᠵᠤ ᠦᠢᠯᠡᠰ ᠲᠥᠪᠯᠡᠷᠡᠭᠰᠡᠨ ᠣᠷᠣᠨ︾ ᠢ ᠪᠥᠲᠥᠭᠡᠨ ᠪᠠᠶᠢᠭᠤᠯᠬᠤ ᠶᠢ ᠲᠦᠷᠦᠭᠦᠯᠡᠨ | ᠳᠤᠷᠠᠳᠬᠤ ᠶᠢᠨ ᠬᠠᠮᠲᠤ ᠢᠳᠡᠪᠬᠢᠲᠡᠶ ᠠᠬᠢᠭᠤᠯᠵᠤ᠂ ᠦᠬᠠᠶ ᠬᠤᠲᠠ ᠲᠠᠢ ᠬᠠᠮᠲᠤᠷᠠᠨ ᠮᠢᠩᠭᠠᠨ ᠲᠦᠮᠡᠨ | ᠺᠢᠯᠣᠸᠠᠲ ᠤᠨ ᠪᠣᠬᠢᠷᠲᠤᠯ ᠥᠬᠡᠶ ᠴᠠᠬᠢᠯᠭᠠᠨ ᠢ ᠪᠠᠭᠲᠠᠭᠠᠨ ᠰᠢᠩᠭᠡᠭᠡᠬᠦ ᠲᠥᠷᠥᠯ ᠵᠦᠢᠯ ᠢ ᠵᠢᠩᠬᠢᠨᠢ ᠪᠠᠷ ᠡᠬᠢᠯᠡᠭᠦᠯᠵᠦ | ᠂ ᠣᠷᠳᠣᠰ ᠬᠤᠲᠠ᠂ ᠦᠬᠠᠶ ᠬᠤᠲᠠ ᠭᠤᠷᠪᠠᠨ ᠭᠠᠵᠠᠷ ᠤᠨ ᠬᠠᠮᠵᠢᠯᠴᠠᠨ ᠬᠥᠭᠵᠢᠬᠦ ᠪᠦᠳᠦᠭᠦᠪᠴᠢ ᠵᠥᠪᠯᠡᠯᠴᠡᠭᠡᠷ ᠢ | ᠵᠢᠩᠬᠢᠨᠢ ᠪᠠᠷ ᠲᠣᠭᠲᠠᠪᠠ︔ ᠪᠣᠬᠢᠷᠳᠣᠯ ᠦᠬᠡᠢ ᠴᠠᠬᠢᠯᠭᠠᠨ ᠤ ᠳᠠᠭᠠᠭᠠᠴᠢᠯᠠᠯᠲᠠ ᠵᠠᠷᠯᠠᠬᠤ ᠲᠠᠸᠠᠷ ᠤᠨ ᠫᠠᠶᠢᠰᠠ ᠶᠢᠨ | ᠦᠢᠯᠡᠳᠦᠯ ᠠᠯᠬᠤᠮ ᠠᠯᠬᠤᠮ ᠢᠶᠠᠷ ᠢᠯᠡᠷᠡᠵᠦ᠂ 19 ᠴᠡᠪᠡᠷ ᠡᠨᠧᠷᠭᠢ ᠶᠢᠨ ᠲᠥᠷᠥᠯ ᠵᠦᠢᠯ ᠢ ᠣᠷᠣᠭᠤᠯᠤᠨ | ᠠᠪᠴᠢᠷᠠᠵᠤ᠂ 100 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠪᠣᠳᠠᠲᠠᠶᠢᠵᠢᠭᠤᠯᠪᠠ᠃ ᠵᠢᠭᠤᠯᠴᠢᠯᠠᠯ ᠤᠨ | ᠦᠢᠯᠡᠴᠢᠯᠡᠭᠡᠨ ᠤ ᠦᠢᠯᠡᠰ ᠠᠭᠠᠵᠢᠮ ᠢᠶᠠᠷ ᠰᠠᠶᠢᠵᠢᠷᠠᠵᠤ᠂ ︽ᠢᠵᠢᠯ ᠠᠶᠠᠨ ᠵᠢᠭᠤᠯᠴᠢᠯᠠᠯ︾ ᠲᠠᠢ ᠬᠠᠮᠲᠤᠷᠠᠨ | ᠠᠯᠠᠱᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠬᠥᠬᠡᠮᠥ᠋ᠷᠡᠨ ᠤ ᠭᠤᠷᠪᠠᠯᠵᠢᠨ | ᠬᠤᠶᠢᠭ ᠤᠨ ᠠᠷᠠᠯᠵᠢᠶᠠᠴᠢᠨ ᠤᠷᠢᠬᠤ ᠬᠡᠷᠡᠭ ᠡᠷᠬᠢᠯᠡᠬᠦ ᠭᠠᠵᠠᠷ ᠢ ᠪᠠᠶᠢᠭᠤᠯᠵᠤ᠂ ︽ ᠬᠠᠨ ᠲᠩᠷᠢ ᠠᠯᠠᠱᠠ︾ ᠭᠡᠬᠦ | ᠨᠡᠷ᠎ᠡ ᠪᠦᠬᠦᠢ ᠲᠦᠷᠭᠡᠨ ᠤ ᠲᠡᠮᠦᠷ ᠵᠠᠮ ᠤᠨ ᠲᠤᠰᠬᠠᠢ ᠭᠠᠯᠲᠤ ᠲᠡᠷᠭᠡ ᠶᠢ ᠪᠤᠢ ᠪᠣᠯᠭᠠᠵᠤ᠂ 30 ᠭᠠᠷᠤᠢ ᠵᠤᠷᠪᠤᠰ | ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠠᠷᠭᠠᠵᠤ᠂ ᠰᠤᠪᠨᠠᠭᠤᠷ ᠢ 4 A ᠲᠡᠰ ᠤᠨ ᠵᠢᠭᠤᠯᠴᠢᠯᠠᠯ ᠤᠨ | ᠦᠵᠡᠮᠵᠢ ᠶᠢᠨ ᠣᠷᠣᠨ ᠪᠣᠯᠭᠠᠨ ᠳᠡᠰ ᠳᠡᠪᠰᠢᠭᠦᠯᠪᠡ᠃ ᠴᠡᠭᠡ ᠪᠣᠭᠤᠮᠲᠠ ᠶᠢ ᠰᠡᠷᠭᠦᠭᠡᠭᠰᠡᠨ ᠠᠴᠠ ᠨᠠᠰᠢ | ᠭᠠᠳᠠᠭᠠᠳᠤ ᠠᠴᠠ ᠣᠷᠣᠭᠤᠯᠤᠭᠰᠠᠨ ᠨᠡᠭᠦᠷᠡᠰᠦ ᠨᠡᠶᠢᠳᠡ 500 ᠲᠦᠮᠡᠨ ᠲᠣᠨ ᠢ ᠳᠠᠪᠠᠵᠤ᠂ ᠪᠦᠬᠦ ᠤᠯᠤᠰ ᠤᠨ | ᠠᠩᠬᠠᠳᠠᠭᠴᠢ ᠤᠶᠤᠨᠲᠤ ᠵᠢᠯᠣᠭᠤᠴᠢ ᠶᠢᠨ ᠬᠦᠨᠳᠦ ᠠᠴᠢᠶᠠᠨ ᠤ ᠬᠡᠯᠪᠡᠷᠢ ᠶᠢᠨ ᠬᠢᠯᠢ ᠠᠯᠤᠰᠯᠠᠭᠰᠠᠨ ᠲᠡᠭᠡᠭᠡᠪᠦᠷᠢ ᠶᠢᠨ | ᠲᠦᠷᠦᠯ ᠵᠦᠢᠯ ᠠᠰᠢᠭᠯᠠᠯᠲᠠ ᠳᠤ ᠣᠷᠣᠪᠠ᠃ ᠥᠪᠥᠷ ᠮᠣᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ ᠨᠢ | ᠪᠦᠬᠦ ᠣᠷᠣᠨ ᠤ ᠠᠩᠬᠠᠳᠠᠭᠴᠢ ᠪᠦᠯᠦᠭ ᠤᠯᠠᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠲᠤᠷᠠᠯᠴᠠᠭᠠᠨ ᠤ ᠰᠠᠭᠤᠷᠢᠨ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠣᠷᠣᠨ ᠤ ᠬᠢᠮᠢ ᠶᠢᠨ | ᠠᠵᠤ ᠦᠢᠯᠡᠳᠪᠦᠷᠢ ᠶᠢᠨ ᠵᠠᠪᠰᠠᠷ ᠤᠨ ᠴᠣᠭᠴᠠ ᠶᠢᠨ ᠤᠨᠴᠠᠯᠢᠬᠳᠤ ᠠᠵᠤ ᠦᠢᠯᠡᠰ ᠤᠨ ᠰᠠᠭᠤᠷᠢᠨ ᠨᠢ ᠣᠯᠣᠰ ᠤᠨ | ᠣᠨᠴᠠᠯᠢᠭᠲᠣ ᠠᠵᠦ ᠦᠢᠯᠡᠰ ᠤᠨ ᠰᠠᠭᠤᠷᠢᠨ ᠢᠶᠠᠷ ᠵᠥᠪᠰᠢᠶᠡᠷᠡᠭᠳᠡᠪᠡ᠃ | — — ᠥᠨᠳᠥᠷ ᠲᠦᠪᠰᠢᠨ ᠤ ᠬᠠᠮᠠᠭᠠᠯᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠬᠦᠴᠦᠨ ᠢᠶᠠᠷ ᠢᠶᠠᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠠᠭᠤᠷᠢ ᠶᠢ ᠪᠠᠬᠢᠵᠢᠬᠦᠯᠪᠡ᠃ ᠣᠶ ᠰᠢᠭᠤᠶ | ᠨᠤᠲᠤᠭ ᠪᠡᠯᠴᠢᠭᠡᠷ ᠤᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠪᠥᠬᠦ ᠬᠦᠴᠦᠨ ᠢᠶᠠᠷ ᠠᠬᠢᠭᠤᠯᠵᠤ᠂ ᠭᠤᠤᠯ ᠤᠨ | ᠳᠠᠷᠤᠭ᠎ᠠ ᠶᠢᠨ ᠲᠦᠷᠢᠮ᠂ ᠣᠶ ᠶᠢᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠯ᠎ᠡ | ᠲᠥᠷᠥᠯ ᠤᠨ ᠪᠠᠯᠠ ᠮᠥᠩᠭᠦ ᠶᠢ 8 . 8 ᠳ᠋ᠦᠩᠰᠢᠭᠤᠷ ᠲᠥᠭᠦᠷᠢᠭ᠂ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ | ᠪᠥᠲᠥᠭᠡᠨ ᠪᠠᠶᠢᠭᠤᠯᠤᠯᠲᠠ ᠶᠢ 1000 ᠲᠦᠮᠡᠨ ᠮᠥ᠂ ᠣᠶᠢᠵᠢᠭᠤᠯᠤᠯᠲᠠ ᠶᠢ 100 ᠲᠦᠮᠡᠨ ᠮᠥ᠂ | ᠭᠤᠤᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ 3 ᠲᠦᠮᠡᠨ ᠮᠥ᠂ ᠤᠯᠤᠰ ᠤᠨ ᠡᠯᠡᠰᠦᠷᠬᠡᠭᠵᠢᠭᠰᠡᠨ | ᠭᠠᠵᠠᠷ ᠰᠢᠷᠣᠶ ᠶᠢᠨ ᠪᠢᠲᠡᠭᠦᠮᠵᠢᠯᠡᠨ ᠴᠠᠭᠠᠵᠠᠯᠠᠭᠰᠠᠨ 4 ᠬᠠᠮᠠᠭᠠᠯᠠᠯᠲᠠ ᠶᠢᠨ ᠣᠷᠣᠨ ᠤ ᠬᠤᠶᠠᠳᠤᠭᠠᠷ | ᠬᠤᠭᠤᠴᠠᠭᠠᠨ ᠤ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠦᠬᠦᠨ ᠢ ᠪᠡᠶᠡᠯᠡᠭᠦᠯᠪᠡ᠃ ᠠᠯᠠᠱᠠ ᠠᠭᠤᠯᠠ ᠶᠢᠨ | ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠶᠢ ᠶᠡᠬᠡᠪᠡᠷ ᠠᠬᠢᠭᠤᠯᠵᠤ᠂ 20 ᠵᠠᠰᠠᠯᠲᠠ ᠶᠢᠨ ᠲᠥᠷᠥᠯ ᠵᠦᠢᠯ ᠢ | ᠬᠡᠷᠡᠭᠵᠢᠭᠦᠯᠵᠦ᠂ 18 ᠶᠢ ᠪᠡᠶᠡᠯᠡᠭᠦᠯᠪᠡ᠃ ︽ᠬᠥᠬᠡ ᠣᠭᠲᠠᠷᠭᠤᠶ ᠬᠥᠬᠡᠮᠳᠦᠭ ᠤᠰᠤ ᠴᠡᠪᠡᠷ ᠬᠥᠷᠥᠰᠥ︾ ᠶᠢ | ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠲᠥᠷᠥᠯ ᠵᠦᠢᠯ ᠢ 53 ᠬᠡᠷᠡᠭᠵᠢᠭᠦᠯᠵᠦ᠂ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ | ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠭᠤᠤᠯ | ᠪᠣᠯᠬᠤ ᠪᠣᠬᠢᠷᠲᠤᠯ ᠪᠣᠳᠠᠰ ᠤᠨ ᠬᠦᠢᠴᠡᠳᠭᠡᠯ ᠲᠤᠭ᠎ᠠ ᠶᠢ ᠬᠠᠷᠠᠯᠲᠠ ᠶᠢᠨ ᠬᠡᠮᠵᠢᠭᠳᠡᠯ ᠤᠨ ᠳᠣᠲᠣᠷ᠎ᠠ ᠬᠢᠵᠠᠭᠠᠷᠯᠠᠵᠤ᠂ | ᠪᠠᠶᠠᠨᠬᠤᠲᠠ ᠶᠢᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ 92 . 1 % ᠳᠤ ᠬᠥᠷᠪᠡ᠃ ᠣᠷᠴᠢᠨ | ᠲᠣᠭᠤᠷᠢᠨ ᠤ ᠬᠦᠷᠢᠶ᠎ᠡ ᠴᠠᠷᠠᠭᠠᠨ ᠳᠠᠬᠢ ᠳᠣᠪᠣᠶᠢᠮ᠎ᠠ ᠠᠰᠠᠭᠤᠳᠠᠯ ᠢ ᠪᠠᠶᠢᠴᠠᠭᠠᠨ ᠴᠡᠭᠴᠡᠯᠡᠬᠦ ᠶᠢ ᠭᠦᠨᠵᠡᠭᠡᠢ | ᠥᠷᠨᠢᠭᠦᠯᠵᠦ᠂ ᠪᠦᠬᠦ ᠠᠶᠢᠮᠠᠭ ᠤᠨ ︽ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠠᠰᠠᠯᠲᠠ ᠶᠢᠨ ᠬᠢᠷᠢ | ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠲᠤᠰᠬᠠᠢ ᠠᠵᠢᠯᠯᠠᠭ᠎ᠠ︾ ᠶᠢᠨ ᠥᠪᠡᠷᠲᠡᠭᠡᠨ ᠪᠠᠶᠢᠴᠠᠭᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠨᠣᠷᠮ᠎ᠠ 94 % ᠳᠤ ᠬᠦᠷᠴᠦ᠂ ᠬᠤᠶᠠᠳᠤᠭᠠᠷ | ᠡᠭᠡᠯᠵᠢ ᠶᠢᠨ ᠲᠥᠪ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠨ ᠪᠠᠶᠢᠴᠠᠭᠠᠯᠲᠠ ᠠᠴᠠ | ᠰᠢᠯᠵᠢᠭᠦᠯᠦᠨ ᠥᠭᠴᠦ ᠭᠦᠢᠴᠡᠳᠬᠡᠭᠦᠯᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠠᠰᠠᠭᠤᠳᠠᠯ ᠢ ᠪᠦᠬᠦᠨ ᠢ | ᠰᠢᠢᠳᠪᠦᠷᠢᠯᠡᠨ ᠳᠠᠭᠤᠰᠬᠠᠵᠤ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠡᠮᠬᠢ | ᠵᠢᠷᠤᠮ ᠲᠠᠢ ᠠᠬᠢᠭᠤᠯᠪᠠ᠃ | — — ᠳᠡᠭᠡᠳᠦ ᠨᠠᠷᠢᠯᠢᠭ ᠰᠡᠷᠭᠡᠶᠢᠯᠡᠨ ᠡᠵᠡᠮᠳᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ | ᠬᠦᠴᠦᠨ ᠢᠶᠠᠷ ᠢᠶᠠᠨ ᠬᠢᠵᠢᠭ ᠤᠨ ᠪᠠᠶᠢᠳᠠᠯ ᠲᠠᠢ ᠲᠡᠮᠡᠴᠡᠵᠦ᠂ ᠠᠮᠤᠷ ᠲᠦᠪᠰᠢᠨ ᠢ ᠬᠠᠮᠠᠭᠠᠯᠠᠪᠠ᠃ ᠨᠠᠮ ᠤᠨ ᠲᠥᠪ | ᠬᠤᠷᠢᠶᠠᠨ ᠤ ︽ᠭᠤᠷᠪᠠᠨ ᠡᠷᠡᠰ ᠭᠤᠶᠢᠪᠢᠰᠢ ᠥᠬᠡᠶ︾ ᠪᠠ ︽ᠬᠤᠶᠠᠷ ᠢ ᠨᠢᠭᠡᠳᠦᠯᠲᠡᠶ ᠲᠥᠯᠥᠪᠵᠢᠭᠦᠯᠬᠦ︾ | ᠴᠢᠬᠤᠯᠠ ᠱᠠᠭᠠᠷᠳᠠᠯᠭ᠎ᠠ ᠶᠢ ᠡᠷᠡᠰ ᠲᠤᠭᠤᠰᠢᠯᠠᠭᠤᠯᠵᠦ᠂ ᠣᠨᠣᠪᠴᠢᠳᠠᠢ ᠥᠨᠳᠥᠷ ᠪᠦᠲᠦᠮᠵᠢᠲᠡᠶ ᠪᠠᠶᠢᠵᠤ᠂ ᠲᠦᠷᠭᠡᠨ | ᠰᠢᠭᠤᠷᠬᠠᠢ᠂ ᠡᠷᠡᠰ ᠬᠠᠳᠠᠭᠤ ᠠᠷᠭ᠎ᠠ ᠬᠡᠮᠵᠢᠶ᠎ᠡ ᠠᠪᠴᠤ᠂ ᠶᠢᠰᠦᠨ ᠶᠡᠭᠡ ᠰᠠᠭᠤᠷᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠡᠯ᠎ᠡ ᠵᠦᠢᠯ ᠤᠨ ᠲᠥᠰᠦᠭᠡᠯᠡᠬᠦᠶ᠎ᠡ ᠪᠡᠷᠬᠡ ᠬᠦᠴᠢᠷ | ᠠᠰᠠᠭᠤᠳᠠᠯ ᠢ ᠬᠦᠴᠦᠲᠡᠶ ᠢᠯᠡᠨ ᠳᠠᠪᠠᠵᠤ᠂ ᠤᠷᠢᠳ ᠬᠤᠵᠢᠳ 16 ᠤᠳᠠᠭᠠᠨ ᠤ ᠭᠡᠨᠡᠳᠲᠡ ᠡᠭᠦᠰᠦᠭᠰᠡᠨ | ᠬᠢᠵᠢᠭ ᠤᠨ ᠪᠠᠶᠢᠳᠠᠯ ᠢ ᠲᠦᠷᠭᠡᠨ ᠰᠢᠢᠳᠪᠦᠷᠢᠯᠡᠵᠦ᠂ ᠡᠯ᠎ᠡ ᠬᠤᠰᠢᠭᠤ ᠣᠷᠣᠨ ᠳᠤ ᠵᠡᠷᠭᠡ ᠪᠠᠷ ᠡᠭᠦᠰᠦᠭᠰᠡᠨ | ᠬᠢᠵᠢᠭ ᠤᠨ ᠪᠠᠶᠢᠳᠠᠯ ᠤᠨ ᠪᠤᠳᠤᠯᠢᠶᠠᠨᠲᠠᠶ ᠪᠠᠶᠢᠳᠠᠯ ᠢ ᠠᠮᠵᠢᠯᠲᠠ ᠲᠠᠢ ᠠᠷᠭᠠᠴᠠᠭᠠᠵᠤ᠂ ᠠᠷᠠᠳ ᠣᠯᠠᠨ ᠤ ᠠᠮᠢ | ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠮᠠᠭᠠᠯᠠᠵᠤ᠂ ᠬᠠᠮᠤᠭ ᠤᠨ ᠪᠠᠭ᠎ᠠ ᠦᠨ᠎ᠡ ᠥᠷᠲᠡᠭ ᠢᠶᠠᠷ ᠦᠢᠯᠡᠳᠪᠦᠷᠢᠯᠡᠯ ᠠᠮᠢᠳᠤᠷᠠᠯ ᠤᠨ ᠬᠡᠪ ᠤᠨ ᠡᠮᠬᠢ | ᠳᠢᠭᠯᠢᠮ ᠢ ᠪᠠᠲᠤᠯᠠᠪᠠ᠃ ᠪᠢᠳᠡ ᠶᠡᠭᠡ ᠲᠠᠯ᠎ᠠ ᠶᠢ ᠪᠣᠳᠣᠯᠬᠢᠯᠠᠨ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠷᠢᠳ | ᠬᠤᠵᠢᠳ 109 ᠡᠮᠴᠢ ᠰᠤᠪᠢᠯᠠᠭᠴᠢ ᠪᠣᠯᠤᠨ ᠶᠠᠪᠤᠭᠤᠯ ᠪᠠᠶᠢᠴᠠᠭᠠᠯᠲᠠ ᠶᠢᠨ ᠠᠵᠢᠯᠳᠠᠨ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠶᠢ ᠲᠣᠮᠢᠯᠠᠨ ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ | ᠳᠤ ᠲᠤᠰᠠᠯᠠᠵᠤ᠂ ᠬᠥᠬᠡᠬᠤᠲᠠ ᠳᠤ ᠪᠠᠶᠢᠭ᠎ᠠ 2852 ᠤᠶᠤᠲᠠᠳ ᠤᠨ ᠨᠤᠲᠤᠭ ᠪᠤᠴᠠᠬᠤ ᠠᠵᠢᠯ ᠢ ᠲᠡᠭᠦᠰ | ᠠᠮᠵᠢᠯᠲᠠ ᠲᠠᠢ ᠪᠡᠶᠡᠯᠡᠭᠦᠯᠵᠦ᠂ ᠪᠦᠬᠦ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠠᠯᠠᠱᠠ ᠶᠢᠨ | ᠬᠦᠴᠦᠨ ᠴᠢᠳᠠᠯ ᠢᠶᠠᠨ ᠡᠷᠭᠦᠪᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨ᠎ᠡ ᠱᠠᠲᠤᠨ ᠳᠤ ᠣᠷᠣᠵᠤ᠂ | ᠪᠢᠳᠡ ︽ᠰᠢᠨ᠎ᠡ ᠠᠷᠪᠠᠨ ᠵᠤᠷᠪᠤᠰ︾ ᠢ ᠨᠠᠷᠢᠯᠢᠭ ᠣᠨᠣᠪᠴᠢᠲᠠᠶ ᠨᠠᠶᠢᠳᠠᠪᠤᠷᠢᠵᠢᠭᠤᠯᠵᠤ᠂ ᠠᠵᠢᠯ ᠤᠨ | ᠭᠤᠤᠯᠳᠠᠯᠭ᠎ᠠ ᠪᠠᠨ ᠴᠠᠭ ᠲᠤᠬᠠᠶ ᠳᠤᠨᠢ ᠡᠮᠬᠢ ᠵᠢᠷᠤᠮ ᠲᠠᠢ ᠪᠠᠷ ︽ᠬᠠᠯᠳᠠᠪᠤᠷᠢᠯᠠᠯ ᠢ ᠰᠡᠷᠭᠡᠶᠢᠯᠡᠬᠦ︾ ᠠᠴᠠ ︽ | ᠡᠷᠡᠭᠦᠯ ᠮᠡᠨᠳᠦ ᠶᠢ ᠬᠠᠮᠠᠭᠠᠯᠠᠬᠤ︾ ︽ᠬᠦᠨᠳᠦ ᠡᠪᠡᠳᠴᠢᠨ ᠢ ᠰᠡᠷᠭᠡᠶᠢᠯᠡᠬᠦ︾ ᠪᠣᠯᠭᠠᠨ ᠬᠤᠪᠢᠷᠠᠭᠤᠯᠵᠤ᠂ | ᠲᠣᠭᠲᠠᠭᠤᠨ ᠢᠶᠠᠷ ᠬᠡᠰᠡᠭ ᠰᠢᠯᠵᠢᠬᠦ ᠪᠠ ᠨᠡᠶᠢᠭᠡᠮ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠦᠨᠡᠨ ᠬᠦ | ᠪᠠᠲᠤᠯᠠᠪᠠ᠃ ᠬᠢᠵᠢᠭ ᠲᠠᠢ ᠲᠡᠮᠡᠴᠡᠬᠦ ᠶᠠᠪᠣᠴᠠ ᠳᠤ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ᠂ ᠡᠮᠴᠢ | ᠰᠤᠪᠢᠯᠠᠭᠴᠢ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ | ᠴᠠᠭᠳᠠᠭ᠎ᠠ᠂ ᠬᠤᠷᠢᠭ᠎ᠠ ᠪᠣᠭᠤᠮᠲᠠ ᠶᠢᠨ ᠵᠢᠵᠢᠭᠦᠷᠯᠡᠭᠴᠢ᠂ ᠨᠡᠶᠢᠭᠡᠮ ᠲᠣᠭᠤᠷᠢᠭ ᠤᠨ ᠠᠵᠢᠯᠲᠠᠨ ᠪᠠ | ᠦᠨᠳᠦᠰᠦᠲᠡᠨ ᠨᠦᠭᠦᠳ ᠤᠨ ᠣᠯᠠᠨ ᠲᠦᠮᠡᠨ ᠬᠠᠷᠠᠮ ᠥᠬᠡᠶ ᠵᠣᠷᠢᠭᠤᠯᠵᠤ᠂ ᠰᠢᠷᠭᠠᠭᠤ ᠬᠠᠲᠠᠭᠤᠵᠢᠯᠲᠠᠶ ᠲᠡᠮᠡᠴᠡᠵᠦ᠂ | ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠠᠯᠠᠱᠠ ᠶᠢᠨ ᠡᠭᠦᠷᠭᠡ ᠬᠠᠷᠢᠭᠤᠴᠠᠯᠭ᠎ᠠ ᠪᠠ ᠣᠶᠤᠨ ᠰᠠᠨᠠᠭᠠᠨ ᠤ | ᠳᠦᠷᠰᠦ ᠪᠠᠶᠢᠳᠠᠯ ᠢ ᠬᠦᠢᠴᠡᠳ ᠢᠯᠡᠷᠡᠭᠦᠯᠵᠦ᠂ ᠠᠯᠠᠱᠠ ᠶᠢᠨ ᠠᠷᠠᠳ ᠲᠦᠮᠡᠨ ᠤ ᠠᠮᠤᠷ ᠠᠮᠤᠭᠤᠯᠠᠩ ᠢ ᠬᠦᠴᠦᠲᠡᠶ | ᠬᠠᠮᠠᠭᠠᠯᠠᠪᠠ᠃ | — — ᠴᠢᠨᠠᠷ ᠰᠠᠶᠢᠲᠠᠶ ᠠᠮᠢᠳᠤᠷᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠦᠴᠦᠨ ᠢᠶᠠᠷ ᠢᠶᠠᠨ | ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠪᠤᠶᠠᠨ ᠬᠡᠰᠢᠭ ᠢ ᠨᠡᠮᠡᠭᠳᠡᠭᠦᠯᠪᠡ᠃ ᠠᠷᠠᠳ ᠤᠨ ᠠᠮᠢᠳᠤᠷᠠᠯ ᠤᠨ | ᠵᠠᠷᠤᠯᠭ᠎ᠠ ᠨᠢ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 65 % ᠶᠢ ᠡᠵᠡᠯᠡᠵᠦ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠨᠢ ᠲᠣᠰ ᠲᠣᠰ 5 | % ᠪᠠ 5 . 8 % ᠪᠠᠷ ᠨᠡᠮᠡᠭᠳᠡᠪᠡ᠃ ᠬᠤᠲᠠ ᠪᠠᠯᠭᠠᠰᠤ ᠶᠢᠨ ᠠᠵᠢᠯ ᠣᠯᠭᠤᠯᠲᠠ᠂ ᠮᠠᠯᠴᠢᠨ ᠲᠠᠷᠢᠶᠠᠴᠢᠳ ᠢ | ᠰᠢᠯᠵᠢᠭᠦᠯᠦᠨ ᠠᠵᠢᠯ ᠣᠯᠭᠤᠬᠤ ᠡᠭᠦᠷᠭᠡ ᠶᠢ ᠰᠢᠨ᠎ᠡ ᠪᠠᠷ ᠨᠡᠮᠡᠭᠳᠡᠭᠦᠯᠬᠦ ᠶᠢ ᠳᠠᠪᠠᠭᠤᠯᠤᠨ ᠪᠡᠶᠡᠯᠡᠭᠦᠯᠵᠦ᠂ ᠨᠠᠰᠤᠵᠢᠯ᠂ | ᠡᠮᠨᠡᠯᠭᠡ ᠶᠢᠨ ᠳᠠᠭᠠᠳᠬᠠᠯ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠨᠠᠭᠠᠳᠤ ᠵᠠᠬ᠎ᠠ ᠶᠢᠨ ᠴᠠᠯᠢᠩ ᠤᠨ | ᠪᠠᠷᠢᠮᠵᠢᠶ᠎ᠠ ᠵᠡᠷᠭᠡ ᠠᠷᠠᠳ ᠤᠨ ᠠᠮᠢᠳᠤᠷᠠᠯ ᠤᠨ ᠬᠦᠢᠴᠡᠳᠭᠡᠯ ᠲᠤᠭ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠪᠡᠯᠡ ᠮᠥᠩᠭᠦ ᠶᠢ 1 . 8 ᠳ᠋ᠦᠩᠰᠢᠭᠤᠷ | ᠲᠥᠭᠦᠷᠢᠭ ᠪᠠᠭᠤᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠬᠦ 129 ᠲᠦᠷᠦᠯ ᠵᠦᠢᠯ ᠢ ᠬᠡᠷᠡᠭᠵᠢᠭᠦᠯᠪᠡ᠃ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ 7 ᠶᠢ | ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠵᠤ᠂ ᠪᠠᠭᠰᠢ ᠶᠢᠨ ᠠᠵᠢᠯ ᠤᠨ ᠪᠦᠲᠦᠮᠵᠢ ᠶᠢᠨ ᠴᠠᠯᠢᠩ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ᠂ ᠳᠡᠭᠡᠳᠦ ᠲᠠᠰ ᠳᠠᠪᠬᠤᠷᠭ᠎ᠠ ᠶᠢᠨ ᠰᠤᠷᠭᠠᠨ | ᠬᠥᠮᠦᠵᠢᠯ ᠡᠮ ᠡᠮᠨᠡᠯᠭᠡ ᠶᠢᠨ ᠪᠠᠴᠢᠮ ᠬᠡᠷᠡᠭᠰᠡᠬᠦ ᠴᠢᠳᠠᠪᠤᠷᠢᠲᠠᠨ ᠢ 31ᠣᠷᠣᠭᠤᠯᠤᠨ ᠠᠪᠴᠢᠷᠠᠵᠤ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠭᠤᠤᠯᠳᠠᠯᠭ᠎ᠠ ᠲᠠᠢ ᠲᠥᠷᠥᠯ ᠵᠦᠢᠯ 10 ᠶᠢ ᠬᠡᠷᠡᠭᠵᠢᠭᠦᠯᠪᠡ᠃ 14 ᠬᠠᠭᠤᠴᠢᠨ | ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠵᠦ᠂ 50 ᠢᠵᠢ ᠳᠥᠭᠦᠮ ᠪᠦᠳᠦᠭᠦᠯᠢᠭ ᠣᠷᠣᠨ ᠰᠠᠭᠤᠴᠠᠲᠤ | ᠲᠣᠭᠤᠷᠢᠭ ᠢ ᠥᠭᠡᠷᠡᠴᠢᠯᠡᠨ ᠰᠢᠨᠡᠳᠬᠡᠵᠦ᠂ 3 ᠵᠤᠷᠪᠤᠰ ᠬᠤᠲᠠ ᠪᠠᠯᠭᠠᠰᠤᠨ ᠤ ᠮᠤᠬᠤᠷ ᠵᠠᠮ ᠢ ᠨᠡᠪᠲᠡᠷᠡᠭᠦᠯᠦᠨ᠂ 7 | ᠲᠡᠷᠭᠡᠨ ᠵᠣᠭᠰᠣᠭᠠᠯ ᠢ ᠰᠢᠨ᠎ᠡ ᠪᠠᠷ ᠨᠡᠮᠡᠭᠳᠡᠭᠦᠯᠵᠦ᠂ 718 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠤᠭᠰᠠᠨ | ᠪᠤᠶᠤ ᠥᠭᠡᠷᠡᠴᠢᠯᠡᠨ ᠪᠠᠶᠢᠭᠤᠯᠪᠠ᠃ ᠭᠤᠤᠯᠳᠠᠯᠭ᠎ᠠ ᠲᠠᠢ ᠵᠠᠮ ᠬᠠᠷᠢᠯᠴᠠᠭᠠᠨ ᠤ ᠲᠥᠷᠥᠯ ᠵᠦᠢᠯ 5᠂ ᠤᠰᠤᠨ | ᠠᠰᠢᠭᠯᠠᠯᠲᠠ ᠶᠢᠨ ᠲᠥᠷᠥᠯ ᠵᠦᠢᠯ 20᠂ ᠴᠠᠬᠢᠯᠭᠠᠨ ᠬᠦᠴᠦᠨ ᠤ ᠲᠥᠷᠥᠯ ᠵᠦᠢᠯ 22᠂ ᠬᠤᠲᠠ ᠪᠠᠯᠭᠠᠰᠤᠨ ᠤ | ᠲᠥᠷᠥᠯ ᠵᠦᠢᠯ 5 ᠶᠢ ᠬᠡᠷᠡᠭᠵᠢᠭᠦᠯᠵᠦ᠂ ᠬᠠᠲᠤᠨ ᠭᠤᠤᠯ ᠤᠨ ᠤᠰᠤ ᠶᠢ ᠲᠠᠲᠠᠵᠤ ᠬᠡᠷᠡᠭᠯᠡᠬᠦ ᠬᠦᠢᠴᠡᠳᠭᠡᠯ | ᠲᠤᠭ᠎ᠠ ᠶᠢ 500 ᠲᠦᠮᠡᠨ ᠪᠣᠰᠤᠭ᠎ᠠ ᠳᠥᠷᠪᠡᠯᠵᠢᠨ ᠮᠧᠲᠷ ᠴᠢᠷᠮᠠᠶᠢᠨ ᠣᠯᠵᠦ᠂ ᠢᠷᠭᠠᠶ ᠪᠠᠶᠠᠠᠬᠤᠳᠠ ᠶᠢᠨ | ᠲᠦᠷᠭᠡᠨ ᠤ ᠲᠡᠮᠦᠷ ᠵᠠᠮ ᠤᠨ ᠪᠠᠷᠢᠯᠭ᠎ᠠ ᠶᠢ ᠡᠬᠢᠯᠡᠭᠦᠯᠵᠦ᠂ ᠬᠤᠲᠠ ᠬᠥᠳᠡᠭᠡ ᠶᠢᠨ ᠬᠥᠭᠵᠢᠯᠲᠡ ᠶᠢᠨ ᠣᠷᠴᠢᠨ | ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠪᠠᠷ ᠴᠢᠷᠮᠠᠶᠢᠪᠠ᠃ ᠠᠶᠤᠯᠭᠦᠢ ᠦᠢᠯᠡᠳᠪᠦᠷᠢᠯᠡᠯ᠂ ᠢᠳᠡᠭᠡᠨ ᠪᠠ | ᠡᠮ ᠤᠨ ᠵᠦᠢᠯ ᠤᠨ ᠠᠮᠤᠷ ᠲᠦᠪᠰᠢᠨ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠪᠠᠶᠢᠳᠠᠯ ᠢ ᠬᠠᠮᠠᠭᠠᠯᠠᠬᠤ᠂ | ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ ᠵᠡᠷᠭᠡ ᠠᠵᠢᠯ ᠯᠠᠪᠳᠠᠭᠤᠨ ᠪᠠᠲᠤᠲᠠᠢ ᠪᠥᠭᠡᠳ ᠪᠦᠲᠦᠮᠵᠢᠲᠡᠢ | ᠶᠠᠪᠤᠭᠳᠠᠪᠠ᠃ | — — ᠥᠨᠳᠥᠷ ᠪᠦᠲᠦᠮᠵᠢᠲᠡᠶ ᠵᠠᠰᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠢᠶᠠᠨ ᠪᠥᠬᠦ | ᠬᠦᠴᠦᠨ ᠢᠶᠠᠷ ᠬᠤᠪᠢᠷᠠᠭᠤᠯᠵᠤ᠂ ᠳᠦᠷᠢ ᠲᠥᠷᠬᠦ ᠶᠢ ᠪᠣᠶ ᠪᠣᠯᠭᠠᠪᠠ᠃ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠵᠦ᠂ ︽ᠳᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠠᠶᠢᠮᠠᠭ ᠤᠨ ᠱᠠᠲᠤᠨ ᠤ 1255 ᠵᠦᠢᠯ ᠢ ᠪᠦᠬᠦᠨ ᠢ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠢᠩᠬᠢᠮ ᠳᠤ ᠣᠷᠣᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠵᠦᠢᠯᠡᠰ | ᠂ ᠲᠤᠬᠠᠶᠢᠯᠠᠪᠠᠯ ᠬᠦᠢᠴᠡᠳᠭᠡᠬᠦ ᠵᠦᠢᠯᠡᠰ ᠤᠨ ᠬᠠᠷᠢᠴᠠᠯ᠂ ᠠᠮᠠᠯᠠᠯᠲᠠ ᠶᠢᠨ ᠴᠠᠭ ᠤᠨ ᠬᠢᠵᠠᠭᠠᠷ ᠢ ᠪᠣᠭᠤᠨᠢᠰᠬᠠᠭᠰᠠᠨ | ᠬᠠᠷᠢᠴᠠᠯ᠂ ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠬᠦᠢᠴᠡᠳᠭᠡᠬᠦ ᠵᠦᠢᠯᠡᠰ ᠤᠨ ᠬᠠᠷᠢᠴᠠᠯ᠂ ᠪᠥᠬᠦ | ᠶᠠᠪᠤᠴᠠ ᠶᠢᠨ ᠰᠦᠯᠵᠢᠶ᠎ᠡ ᠪᠠᠷ ᠬᠦᠢᠴᠡᠳᠭᠡᠬᠦ ᠬᠠᠷᠢᠴᠠᠯ ᠤᠨ ᠨᠣᠷᠮ᠎ᠠ ᠲᠣᠰ ᠲᠣᠰ 77.06%᠂ 85. | 54%᠂ 99.96% ᠪᠠ 89.6% ᠳᠤ ᠬᠥᠷᠪᠡ᠃ ︽ᠨᠢᠭᠡ ᠴᠣᠩᠬᠤᠪᠴᠢ ᠮᠠᠶ᠋ᠢᠭ︾ ᠤᠨ | ᠥᠭᠡᠷᠡᠴᠢᠯᠡᠯᠲᠡ ᠶᠢ ᠪᠥᠬᠦ ᠬᠦᠴᠦᠨ ᠢᠶᠠᠷ ᠠᠬᠢᠭᠤᠯᠵᠤ᠂ ᠴᠣᠩᠬᠤᠪᠴᠢ ᠶᠢ ᠵᠠᠭᠤ ᠰᠢᠬᠠᠮ ᠬᠠᠰᠤᠵᠤ᠂ | ᠪᠠᠭᠠᠰᠬᠠᠭᠰᠠᠨ ᠨᠣᠷᠮ᠎ᠠ ᠨᠢ 58.6% ᠳᠤ ᠬᠥᠷᠪᠡ᠃ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠠᠶᠢᠮᠠᠭ ᠤᠨ ᠬᠠᠷᠢᠶᠠᠲᠤ ᠤᠯᠤᠰ ᠤᠨ ᠦᠮᠴᠢᠯᠡᠯᠳᠦ 4 ᠠᠵᠤ | ᠠᠬᠤᠶᠢᠯᠠᠯ ᠤᠨ ᠦᠷ᠎ᠡ ᠠᠰᠢᠭ ᠪᠠ ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠨᠠᠮ ᠤᠨ ᠪᠠᠶᠢᠭᠤᠯᠤᠯᠲᠠ ᠪᠠᠷ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠬᠥᠲᠥᠯᠥᠨ | ᠳᠠᠭᠠᠭᠤᠯᠬᠤ ᠶᠢ ᠪᠠᠷᠢᠮᠲᠠᠯᠠᠵᠤ᠂ ︽ᠰᠤᠷᠲᠠᠯ ᠢ ᠬᠦᠴᠦᠷᠬᠡᠭᠵᠢᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ ᠳᠦᠷᠢ | ᠲᠥᠷᠬᠦ ᠶᠢ ᠪᠣᠶ ᠪᠣᠯᠭᠠᠬᠤ︾ ᠲᠤᠰᠬᠠᠶ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ︽ᠭᠤᠷᠪᠠᠨ ᠣᠯᠠᠨ ᠭᠤᠷᠪᠠᠨ | ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠭᠡᠰᠢᠭᠦᠨ ᠺᠠᠳ᠋ᠷ ᠤᠨ ᠰᠤᠷᠲᠠᠯ ᠦᠷᠭᠦᠯᠵᠢᠯᠡᠨ ᠰᠠᠶᠢᠵᠢᠷᠠᠵᠤ᠂ ᠠᠵᠢᠯᠯᠠᠭᠠᠨ ᠤ ᠬᠦᠴᠦᠨ᠂ | ᠨᠠᠶᠢᠳᠠᠪᠤᠷᠢᠵᠢᠭᠤᠯᠬᠤ ᠬᠦᠴᠦᠨ᠂ ᠬᠡᠷᠡᠭᠵᠢᠭᠦᠯᠬᠦ ᠬᠦᠴᠦᠨ ᠢᠯᠡᠳᠲᠡ ᠴᠢᠩᠭᠠᠷᠠᠪᠠ᠃ | ᠨᠥᠬᠦᠳ ᠡ᠂ ᠥᠩᠭᠡᠷᠡᠭᠰᠡᠨ ᠨᠢᠭᠡ ᠵᠢᠯ ᠳᠤ᠂ ᠪᠢᠳᠡ ᠬᠦᠴᠢᠷ ᠢ ᠰᠦᠷᠦᠨ ᠡᠷᠡᠮᠡᠬᠡᠶᠢᠯᠡᠨ ᠤᠷᠤᠭᠰᠢᠯᠠᠪᠠ᠂ | ᠡᠶᠢᠮᠦ ᠠᠮᠵᠢᠯᠲᠠ ᠶᠢ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ᠂ ᠲᠤᠷᠰᠢᠯᠭ᠎ᠠ ᠮᠠᠰᠢ ᠡᠷᠬᠢᠮ ᠨᠠᠨᠳᠢᠨ ᠶᠤᠮ᠃ | ᠥᠩᠭᠡᠷᠡᠭᠰᠡᠨ ᠨᠢᠭᠡ ᠵᠢᠯ ᠤᠨ ᠬᠥᠭᠵᠢᠯᠲᠡ ᠶᠢᠨ ᠦᠢᠯᠡᠳᠦᠯᠭᠡ ᠶᠢ ᠡᠷᠭᠢᠴᠡᠭᠦᠯᠪᠡᠯ᠂ ᠭᠠᠭᠴᠠ ᠬᠦ ᠤᠯᠤᠰ | ᠲᠦᠷᠦ ᠶᠢᠨ ᠲᠠᠯ᠎ᠠ ᠪᠠᠷ ᠡᠷᠡᠰ ᠪᠠᠲᠤ ᠪᠠᠶᠢᠪᠠᠯ ᠰᠠᠶ᠋ᠢ ᠴᠢᠭᠯᠡᠯ ᠬᠡᠯᠪᠠᠶᠢᠬᠦ ᠦᠭᠡᠢ ᠪᠠᠶᠢᠵᠤ᠂ ᠯᠠᠪᠳᠠᠭᠤᠨ ᠢᠶᠠᠷ ᠬᠤᠯᠠ | ᠠᠶᠠᠯᠠᠵᠤ ᠴᠢᠳᠠᠨ᠎ᠠ᠂ ᠭᠠᠭᠴᠠ ᠬᠦ ᠵᠣᠷᠢᠯᠲᠠ ᠪᠠᠨ ᠪᠠᠲᠤ ᠪᠤᠢ ᠪᠣᠯᠭᠠᠪᠠᠯ ᠰᠠᠶ᠋ᠢ ᠤᠯᠠᠨ ᠲᠦᠮᠡᠨ ᠳᠤ ᠪᠤᠶᠠᠨ | ᠦᠢᠯᠡᠳᠴᠦ᠂ ᠠᠷᠠᠳ ᠲᠦᠮᠡᠨ ᠳᠤ ᠣᠰᠣᠯᠳᠠᠬᠤ ᠦᠭᠡᠢ ᠪᠠᠶᠢᠵᠤ ᠴᠢᠳᠠᠨ᠎ᠠ᠂ ᠭᠠᠭᠴᠠ ᠬᠦ ᠲᠥᠪ ᠶᠣᠰᠣ ᠶᠢ | ᠪᠠᠷᠢᠮᠲᠠᠯᠠᠨ ᠰᠢᠨ᠎ᠡ ᠶᠢ ᠡᠭᠦᠳᠪᠡᠯ ᠰᠠᠶ᠋ᠢ ᠠᠰᠠᠭᠤᠳᠠᠯ ᠢ ᠰᠢᠢᠳᠪᠦᠷᠢᠯᠡᠨ᠂ ᠬᠥᠭᠵᠢᠯᠲᠡ ᠶᠢ ᠬᠥᠭᠡᠭᠡᠵᠦ ᠭᠦᠢᠴᠡᠨ | ᠳᠠᠪᠠᠵᠤ ᠴᠢᠳᠠᠨ᠎ᠠ ᠭᠡᠳᠡᠭ ᠢ ᠪᠢᠳᠡ ᠭᠦᠨᠵᠡᠭᠡᠢ ᠲᠠᠨᠢᠵᠤ ᠤᠯᠪᠠ︔ ᠠᠯᠠᠱᠠ ᠶᠢᠨ ᠠᠯᠢᠪᠠ ᠲᠠᠪᠰᠢᠯᠳᠠ | ᠬᠤᠪᠢᠷᠠᠯᠲᠠ ᠶᠢ ᠪᠦᠷ ᠠᠶᠢᠮᠠᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ ᠪᠦᠬᠦ ᠠᠶᠢᠮᠠᠭ ᠤᠨ | ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠬᠠᠮᠲᠤ ᠪᠠᠷ ᠲᠡᠮᠡᠴᠡᠵᠦ ᠪᠠᠶᠢᠭᠠᠳ ᠣᠯᠤᠭᠰᠠᠨ ᠶᠤᠮ᠃ ᠡᠨᠡᠬᠦ | ᠲᠡᠮᠡᠴᠡᠯ ᠤᠨ ᠳᠤᠮᠳᠠ ᠨᠢᠭᠲᠠᠷᠠᠭᠤᠯᠤᠭᠰᠠᠨ ︽ᠴᠤᠭ ᠰᠦᠯᠳᠡ︾ ᠨᠢ ᠬᠤᠶᠢᠰᠢᠳᠠ ᠶᠢᠨ ᠠᠯᠠᠱᠠ ᠶᠢᠨ | ᠬᠥᠭᠵᠢᠯᠲᠡ ᠶᠢᠨ ᠬᠠᠮᠤᠭ ᠤᠨ ᠲᠣᠭᠲᠠᠭᠤᠨ ᠲᠤᠯᠭᠠᠭᠤᠷᠢᠯᠠᠯ ᠪᠠ ᠬᠠᠮᠤᠭ ᠤᠨ ᠶᠡᠭᠡ ᠢᠳᠡ ᠬᠦᠴᠦᠨ ᠪᠣᠯᠬᠤ | ᠶᠣᠮ︕ | ᠬᠤᠶᠠᠷ᠂ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠵᠠ ᠲᠣᠬᠢᠶᠠᠯ ᠪᠣᠯᠤᠨ | ᠥᠷᠢᠰᠥᠯᠳᠦᠭᠡᠨ ᠢ ᠣᠨᠣᠪᠴᠢᠲᠠᠢ ᠡᠵᠡᠮᠳᠡᠨ᠎ᠡ | ᠣᠳᠣᠬᠠᠨ ᠳᠤ᠂ ᠠᠯᠠᠱᠠ ᠶᠠᠭ ᠣᠯᠳᠠᠬᠤᠶ᠎ᠠ ᠪᠡᠷᠬᠡ ᠬᠥᠭᠵᠢᠯᠲᠡ ᠶᠢᠨ ᠰᠠᠶᠢᠨ ᠠᠵᠠ ᠲᠣᠬᠢᠶᠠᠯ ᠢ ᠤᠭᠲᠤᠨ | ᠠᠪᠴᠢᠷᠠᠵᠤ᠂ ᠳᠠᠪᠠᠯᠲᠠ ᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠵᠤ᠂ ᠬᠤᠪᠣᠷ ᠨᠠᠨᠳᠢᠨ ᠬᠥᠭᠵᠢᠯᠲᠡ ᠶᠢᠨ | ᠪᠠᠶᠢᠳᠠᠯ ᠢ ᠪᠦᠷᠢᠯᠳᠦᠭᠦᠯᠵᠦ ᠪᠠᠶᠢᠨ᠎ᠠ᠂ ᠪᠢᠳᠡ ᠴᠠᠭ ᠤᠨ ᠪᠠᠶᠢᠳᠠᠯ ᠢ ᠡᠵᠡᠮᠳᠡᠵᠦ᠂ ᠠᠵᠠ ᠲᠣᠬᠢᠶᠠᠯ ᠢ ᠠᠮᠵᠢᠵᠤ᠂ | ᠠᠯᠠᠱᠠ ᠶᠢᠨ ᠬᠥᠭᠵᠢᠯᠲᠡ ᠳᠤ ᠰᠢᠨ᠎ᠡ ᠳᠦᠷᠰᠦ ᠪᠠᠶᠢᠳᠠᠯ ᠢᠯᠡᠷᠡᠬᠦ᠂ ᠰᠢᠨ᠎ᠡ ᠠᠮᠢᠵᠢᠷᠠᠯ ᠤᠨ ᠬᠦᠴᠦᠨ ᠪᠠᠳᠠᠷᠠᠬᠤ ᠶᠢ | ᠬᠦᠴᠦᠯᠡᠨ ᠠᠬᠢᠭᠤᠯᠬᠤ ᠬᠡᠷᠡᠭᠲᠡᠢ᠃ | ᠨᠢᠭᠡ ᠳᠤ ᠬᠥᠭᠵᠢᠯᠲᠡ ᠶᠢᠨ ᠠᠵᠠ ᠲᠣᠬᠢᠶᠠᠯ ᠨᠢᠭᠡᠨᠲᠡ ᠢᠯᠡᠷᠡᠪᠡ᠃ ᠮᠠᠨ ᠤ ᠤᠯᠤᠰ ᠤᠨ ᠠᠵᠤ ᠠᠬᠤᠶ ᠶᠢᠨ | ᠣᠷᠳᠣ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠬᠤᠪᠢᠷᠬᠠᠰᠠᠨ ᠥᠬᠡᠶ᠂ ᠶᠡᠷᠦᠩᠬᠡᠶ ᠳᠡᠭᠡᠨ | ᠳᠡᠭᠡᠭᠰᠢᠯᠡᠭᠰᠡᠨ ᠠᠵᠤ ᠠᠬᠤᠶ ᠶᠢᠨ ᠪᠠᠶᠢᠳᠠᠯ᠂ ᠣᠨᠣᠪᠴᠢᠳᠠᠢ ᠪᠠᠷ ᠬᠦᠴᠦᠯᠡᠬᠦ ᠬᠤᠷᠸ᠎ᠠ ᠲᠥᠷᠥ ᠶᠢᠨ ᠪᠣᠳᠣᠯᠭ᠎ᠠ᠂ | ᠰᠢᠨᠵᠢᠯᠡᠬᠦ ᠤᠬᠠᠭᠠᠨᠴᠢ ᠰᠢᠯᠢᠳᠡᠭᠵᠢᠭᠦᠯᠦᠭᠰᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠵᠡᠷᠭᠡ ᠨᠢ ᠴᠥᠮ | ᠣᠯᠳᠠᠬᠤᠶ᠎ᠠ ᠪᠡᠷᠬᠡ ᠠᠵᠠ ᠲᠣᠬᠢᠶᠠᠯ᠂ ᠰᠢᠨ᠎ᠡ ᠠᠵᠠ ᠲᠣᠬᠢᠶᠠᠯ ᠢ ᠠᠪᠴᠢᠷᠠᠬᠤ ᠪᠣᠯᠤᠨ᠎ᠠ ᠭᠡᠳᠡᠭ ᠢ ᠪᠢᠳᠡ ᠣᠯᠵᠤ | ᠬᠠᠷᠠᠬᠤ ᠬᠡᠷᠡᠭᠲᠡᠶ᠃ ︽ᠬᠤᠤᠰ ᠨᠡᠭᠦᠷᠡᠰᠦᠲᠥ᠋ᠷᠥᠭᠴᠢ︾ ᠶᠢᠨ ᠶᠡᠭᠡ ᠠᠬᠤᠶ ᠪᠠᠶᠢᠳᠠᠯ ᠳᠤᠤᠷ᠎ᠠ᠂ ᠴᠡᠪᠡᠷ | ᠡᠨᠧᠷᠭᠢ ᠨᠢ ᠶᠠᠭ ᠴᠢᠨᠠᠷ ᠰᠠᠶᠢᠲᠠᠶ ᠬᠥᠭᠵᠢᠯᠲᠡ ᠶᠢᠨ ᠭᠤᠤᠯᠯᠠᠬᠤ ᠬᠦᠴᠦᠨ ᠵᠦᠢᠯ ᠪᠣᠯᠵᠣ᠂ ᠤᠯᠤᠰ ᠪᠠ | ᠥᠪᠡᠷᠲᠡᠭᠡᠨ ᠵᠠᠰᠠᠬᠤ ᠣᠷᠣᠨ ᠠᠴᠠ ︽ᠡᠯᠡᠰᠦᠨ ᠴᠦᠯ ᠳᠠᠴᠢᠷ ᠭᠤᠪᠢ︾ ᠶᠢᠨ ᠴᠡᠪᠡᠷ ᠡᠨᠧᠷᠭᠢ ᠶᠢᠨ ᠪᠥᠲᠥᠭᠡᠨ | ᠪᠠᠶᠢᠭᠤᠯᠤᠯᠲᠠ ᠶᠢ ᠶᠡᠭᠡ ᠪᠠᠷ ᠠᠬᠢᠭᠤᠯᠵᠤ᠂ ᠡᠨᠧᠷᠭᠢ ᠶᠢᠨ ᠪᠦᠲᠦᠴᠡ ᠶᠢ ᠳᠠᠬᠢᠨ ᠴᠣᠭᠴᠠᠯᠠᠨ ᠪᠠᠶᠢᠭᠤᠯᠬᠤ | ᠬᠥᠭᠵᠢᠯᠲᠡ ᠶᠢᠨ ᠠᠵᠠ ᠲᠣᠬᠢᠶᠠᠯ ᠢ ᠳᠦᠷᠭᠡᠳᠭᠡᠵᠦ᠂ ᠴᠢᠨᠠᠷ ᠰᠠᠶᠢᠲᠠᠶ ᠳᠡᠭᠡᠳᠦ ᠠᠴᠢᠶᠠᠯᠠᠬᠤ ᠡᠨᠧᠷᠭᠢ ᠶᠢᠨ | ᠲᠥᠷᠥᠯ ᠵᠦᠢᠯ ᠢ ᠰᠢᠯᠵᠢᠬᠦᠯᠦᠨ ︽ᠪᠠᠷᠠᠭᠤᠨᠰᠢ ᠴᠤᠭᠯᠠᠷᠠᠬᠤ︾ ᠶᠢ ᠪᠡᠶᠡᠯᠡᠬᠦᠯᠵᠦ᠂ ᠴᠡᠪᠡᠷ ᠡᠨᠧᠷᠭᠢ ᠬᠢᠭᠡᠳ | ᠤᠯᠠᠮᠵᠢᠯᠠᠯᠲᠤ ᠠᠵᠤ ᠦᠢᠯᠡᠳᠪᠦᠷᠢ ᠶᠢᠨ ᠬᠠᠷᠢᠯᠴᠠᠨ ᠦᠢᠯᠡᠳᠦᠯᠴᠡᠵᠦ ᠲᠠᠰ ᠳᠡᠪᠰᠢᠬᠦ ᠶᠢ ᠠᠬᠢᠭᠤᠯᠬᠤ | ᠬᠥᠭᠵᠢᠯᠲᠡ ᠶᠢᠨ ᠠᠵᠠ ᠲᠣᠬᠢᠶᠠᠯ ᠨᠢ ᠶᠠᠭ ᠲᠥᠪᠯᠡᠷᠡᠨ ᠢᠯᠡᠷᠡᠵᠦ᠂ ᠳᠠᠪᠬᠤᠴᠠᠭᠰᠠᠨ ᠦᠷ᠎ᠡ ᠪᠦᠲᠦᠮᠵᠢ ᠣᠯᠵᠤ | ᠪᠠᠶᠢᠨ᠎ᠠ᠃ ᠬᠢᠵᠢᠭ ᠤᠨ ᠪᠠᠶᠢᠳᠠᠯ ᠤᠨ ᠰᠢᠨ᠎ᠡ ᠱᠠᠲᠤ ᠦᠶ᠎ᠡ ᠳᠤ᠂ ᠴᠠᠭ ᠢ ᠠᠮᠵᠢᠨ᠂ ᠬᠥᠭᠵᠢᠯᠲᠡ ᠶᠢ ᠠᠳᠬᠤᠬᠤ ᠨᠢ | ᠨᠢᠭᠡᠨᠲᠡ ᠪᠢᠳᠡᠨ ᠤ ᠨᠡᠮᠡᠭᠳᠡᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ | ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠢᠯᠡ ᠲᠣᠳᠣ ᠤᠳᠤᠷᠢᠳᠤᠮᠵᠢ ᠪᠣᠯᠵᠣ᠂ ᠴᠢᠬᠤᠯᠠ ᠡᠯᠧᠮᠧᠨ᠋ᠲ ᠤᠨ | ᠬᠦᠢᠯᠬᠡᠬᠡ ᠪᠠᠨ ᠲᠦᠷᠭᠡᠳᠬᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠴᠢᠩᠭᠠᠷᠠᠭᠰᠠᠨ ᠬᠥᠭᠵᠢᠯᠲᠡ ᠶᠢᠨ | ᠠᠵᠠ ᠲᠣᠬᠢᠶᠠᠯ ᠪᠣᠯᠵᠣ᠂ ᠢᠯᠠᠩᠭᠤᠶ᠎ᠠ ᠵᠢᠭᠤᠯᠴᠢᠯᠠᠯ ᠤᠨ ᠵᠠᠬ᠎ᠠ ᠳᠡᠯᠭᠡᠭᠦᠷ ᠲᠦᠷᠭᠡᠨ ᠰᠠᠶᠢᠵᠢᠷᠠᠬᠤ᠂ ᠲᠠᠰᠤᠷᠠᠯᠲᠠ | ᠥᠬᠡᠶ ᠨᠡᠮᠡᠭᠳᠡᠬᠦ ᠬᠥᠭᠵᠢᠯᠲᠡ ᠶᠢᠨ ᠠᠵᠠ ᠲᠣᠬᠢᠶᠠᠯ ᠲᠠᠢ ᠪᠣᠯᠵᠣ᠂ ᠨᠢᠭᠡᠨᠲᠡ ᠰᠦᠷ ᠳᠠᠯᠠᠶᠢᠴᠠᠲᠠᠶ ᠶᠠᠪᠤᠭᠳᠠᠵᠤ᠂ | ᠲᠦᠷᠭᠡᠨ ᠪᠠᠳᠠᠷᠠᠨ ᠬᠥᠭᠵᠢᠪᠡ᠃ ᠡᠳᠡᠭᠡᠷ ᠴᠢᠬᠤᠯᠠ ᠶᠡᠭᠡ ᠠᠰᠢᠭ ᠪᠣᠯᠤᠨ ᠴᠢᠬᠤᠯᠠ ᠠᠵᠠ ᠲᠣᠬᠢᠶᠠᠯ ᠨᠢ ᠠᠯᠠᠱᠠ | ᠳᠤ ᠴᠢᠭᠯᠡᠯᠳᠦ ᠴᠢᠨᠠᠷ ᠢᠶᠠᠷ ᠲᠦᠢᠯ ᠤᠨ ᠴᠢᠩᠭ᠎ᠠ᠂ ᠠᠬᠢᠭᠤᠯᠬᠤ ᠴᠢᠨᠠᠷ ᠢᠶᠠᠷ ᠲᠦᠢᠯ ᠤᠨ ᠶᠡᠭᠡ᠂ ᠲᠤᠯᠭᠠᠭᠤᠷᠢᠯᠠᠬᠤ | ᠴᠢᠨᠠᠷ ᠢᠶᠠᠷ ᠲᠦᠢᠯ ᠤᠨ ᠥᠨᠳᠥᠷ ᠪᠠᠶᠢᠵᠤ᠂ ᠠᠳᠬᠤᠪᠠᠯ ᠰᠢᠨ᠎ᠡ ᠣᠷᠣᠨ ᠵᠠᠢ ᠶᠢ ᠨᠡᠭᠡᠭᠡᠵᠦ᠂ ᠰᠠᠶᠢᠲᠤᠷ ᠠᠰᠢᠭᠯᠠᠪᠠᠯ | ᠰᠢᠨ᠎ᠡ ᠦᠢᠯᠡᠰ ᠢ ᠪᠦᠲᠦᠭᠡᠵᠦ ᠴᠢᠳᠠᠨ᠎ᠠ᠃ | ᠬᠤᠶᠠᠷ ᠲᠤ ᠬᠥᠭᠵᠢᠯᠲᠡ ᠶᠢᠨ ᠵᠠᠮ ᠨᠢᠭᠡᠨᠲᠡ ᠲᠣᠳᠣᠷᠬᠠᠢ ᠪᠣᠯᠪᠠ᠃ ᠴᠢᠭᠯᠡᠯ ᠲᠣᠳᠣᠷᠬᠠᠢ ᠪᠣᠯᠪᠠᠯ ᠰᠠᠶ᠋ᠢ | ᠰᠡᠳᠬᠢᠴᠡ ᠲᠣᠳᠣᠷᠬᠠᠢ᠂ ᠲᠣᠭᠲᠠᠯ ᠬᠦᠴᠦᠨ ᠲᠣᠭᠲᠠᠭᠤᠨ ᠪᠤᠯᠵᠦ᠂ ᠶᠠᠭᠤ ᠬᠢᠵᠦ ᠪᠣᠯᠬᠤ᠂ ᠶᠠᠭᠤ ᠬᠢᠬᠦ᠂ ᠶᠠᠭᠤ | ᠬᠢᠵᠦ ᠳᠡᠶᠢᠯᠬᠦ ᠶᠢ ᠲᠣᠳᠣᠷᠬᠠᠶᠢᠯᠠᠵᠤ ᠴᠢᠳᠠᠨ᠎ᠠ᠃ ᠠᠯᠠᠱᠠ ᠶᠢᠨ ᠪᠣᠳᠠᠲᠤ ᠪᠠᠶᠢᠳᠠᠯ ᠳᠤ ᠰᠠᠭᠤᠷᠢᠯᠠᠵᠤ᠂ ᠪᠢᠳᠡ ︽ | ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠮᠢ ᠠᠬᠤᠢ ᠶᠢ ᠳᠡᠷᠢᠬᠦᠨ ᠳᠤ ᠳᠠᠯᠪᠢᠬᠤ᠂ | ᠪᠣᠬᠢᠷᠲᠤᠯ ᠦᠭᠡᠢ ᠬᠥᠭᠵᠢᠭᠦᠯᠬᠦ︾ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠠᠮᠢ ᠠᠬᠤᠢ ᠶᠢ | ᠬᠦᠴᠦᠷᠬᠡᠭᠵᠢᠭᠦᠯᠬᠦ᠂ ᠠᠵᠤ ᠦᠢᠯᠡᠰ ᠢ ᠬᠦᠴᠦᠷᠬᠡᠭᠵᠢᠭᠦᠯᠬᠦ᠂ ᠠᠷᠠᠳ ᠤᠨ ᠠᠮᠢᠳᠤᠷᠠᠯ ᠢ ᠬᠦᠴᠦᠷᠬᠡᠭᠵᠢᠭᠦᠯᠬᠦ ᠪᠠᠷ | ᠬᠦᠴᠦᠯᠡᠵᠦ᠂ ᠬᠡᠯᠪᠡᠷᠢ ᠪᠠᠨ ᠬᠤᠪᠢᠷᠠᠭᠤᠯᠬᠤ ᠳᠠᠪᠠᠭ᠎ᠠ ᠶᠢ ᠬᠦᠴᠦᠯᠡᠨ ᠳᠠᠪᠠᠵᠤ᠂ ᠬᠥᠭᠵᠢᠯᠲᠡ ᠶᠢᠨ ᠱᠠᠲᠤᠨ ᠳᠤ | ᠭᠠᠷᠣᠨ᠎ᠠ᠃ ᠠᠮᠢ ᠠᠬᠤᠢ ᠶᠢ ᠬᠦᠴᠦᠷᠬᠡᠭᠵᠢᠭᠦᠯᠬᠦ ᠲᠠᠯ᠎ᠠ ᠪᠠᠷ᠂ ᠠᠮᠢ ᠠᠬᠤᠢ ᠶᠢᠨ ᠬᠠᠮᠠᠭᠠᠯᠠᠯᠲᠠ ᠪᠦᠲᠦᠭᠡᠨ | ᠪᠠᠶᠢᠭᠤᠯᠤᠯᠲᠠ ᠶᠢ ᠢᠮᠠᠭᠲᠠ ᠳᠡᠶᠢᠯᠦᠩᠭᠦᠢ ᠪᠠᠶᠢᠷᠢᠨ ᠳᠤ ᠲᠠᠯᠪᠢᠵᠤ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ | ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ | ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠪᠦᠬᠦ ᠬᠦᠷᠢᠶᠡᠨ ᠳᠤ ᠪᠦᠬᠦ ᠲᠠᠯ᠎ᠠ ᠪᠠᠷ | ᠠᠬᠢᠭᠤᠯᠣᠨ᠎ᠠ᠃ ᠠᠵᠤ ᠦᠢᠯᠡᠰ ᠢ ᠬᠦᠴᠦᠷᠬᠡᠭᠵᠢᠭᠦᠯᠬᠦ ᠲᠠᠯ᠎ᠠ ᠪᠠᠷ᠂ ︽ᠭᠤᠷᠪᠠᠨ ᠶᠡᠭᠡ ᠶᠠᠪᠤᠳᠠᠯ︾ ᠢ ᠬᠦᠴᠦᠯᠡᠨ | ᠰᠠᠶᠢᠲᠤᠷ ᠬᠢᠵᠦ᠂ ᠨᠢᠭᠡᠳᠦᠭᠡᠷ ᠠᠵᠤ ᠦᠢᠯᠡᠰ ᠲᠤ ᠦᠷᠭᠦᠯᠵᠢᠯᠡᠬᠦ ᠲᠠᠷᠢᠶᠠᠯᠠᠩ ᠮᠠᠯ ᠠᠵᠤ ᠠᠬᠤᠶ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠵᠦ᠂ ᠳᠡᠭᠡᠳᠦ ᠲᠠᠰ ᠢᠶᠠᠷ ᠶᠠᠪᠤᠬᠤ᠂ ᠨᠠᠷᠠᠲᠤ ᠲᠡᠮᠳᠡᠭᠲᠦ ᠶᠢ ᠡᠭᠦᠳᠬᠦ ᠶᠢ | ᠪᠠᠷᠢᠮᠲᠠᠯᠠᠵᠤ᠂ ︽ᠭᠤᠷᠪᠠᠨ ᠴᠥᠭᠡᠨ ᠢᠶᠠᠷ ᠭᠤᠷᠪᠠᠨ ᠶᠡᠭᠡ ᠶᠢ ᠰᠣᠯᠢᠬᠤ︾ ᠶᠢ ᠪᠡᠶᠡᠯᠡᠭᠦᠯᠦᠨ᠎ᠡ︔ ᠬᠤᠶᠠᠳᠤᠭᠠᠷ | ᠠᠵᠤ ᠦᠢᠯᠡᠰ ᠲᠤ ᠴᠡᠪᠡᠷ ᠡᠨᠧᠷᠭᠢ ᠶᠢᠨ ᠠᠵᠤ ᠦᠢᠯᠡᠰ ᠤᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠠᠵᠤ | ᠦᠢᠯᠡᠳᠪᠦᠷᠢ ᠶᠢᠨ ︽ᠳᠡᠭᠡᠳᠦ ᠳᠦᠪᠰᠢᠨ︾ ᠢ ᠥᠨᠳᠥᠷ ᠪᠣᠯᠭᠠᠨ᠎ᠠ︔ ᠭᠤᠷᠪᠠᠳᠤᠭᠠᠷ ᠠᠵᠤ ᠦᠢᠯᠡᠰ ᠲᠤ ᠳᠡᠭᠡᠳᠦ | ᠲᠠᠰ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠪᠠ ᠪᠣᠭᠤᠮᠲᠠ ᠶᠢᠨ ᠠᠵᠤ ᠠᠬᠤᠶ ᠶᠢᠨ ᠠᠵᠢᠯ ᠢ | ᠭᠤᠤᠯᠳᠠᠯᠭ᠎ᠠ ᠲᠠᠢ ᠰᠠᠶᠢᠲᠤᠷ ᠬᠢᠵᠦ᠂ ᠳᠡᠯᠡᠬᠡᠶ ᠶᠢᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠪᠠ ᠤᠮᠠᠷᠠᠰᠢ | ᠨᠡᠭᠡᠭᠡᠯᠲᠡ ᠬᠢᠬᠦ ᠪᠠᠬᠢᠯᠡᠯᠲᠡ ᠶᠢ ᠪᠠᠶᠢᠭᠤᠯᠤᠨ᠎ᠠ᠃ ᠠᠷᠠᠳ ᠤᠨ ᠠᠮᠢᠳᠤᠷᠠᠯ ᠢ ᠴᠢᠩᠭᠠᠳᠬᠠᠬᠤ ᠲᠠᠯ᠎ᠠ ᠪᠠᠷ᠂ | ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢ ᠠᠯᠢᠪᠠ ᠠᠵᠢᠯ ᠤᠨ ᠡᠭᠦᠰᠭᠡᠯ ᠪᠠ ᠲᠡᠭᠦᠰᠬᠡᠯ ᠪᠣᠯᠭᠠᠬᠤ ᠶᠢ | ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠶᠠᠰᠤ ᠴᠢᠨᠠᠷ ᠢ ᠳᠡᠭᠡᠭᠰᠢᠯᠡᠭᠦᠯᠬᠦ ᠲᠣᠭᠤᠷᠢᠨ ᠳᠤ ᠲᠥᠪᠯᠡᠷᠡᠭᠦᠯᠦᠨ | ᠬᠦᠴᠦᠯᠡᠵᠦ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠣᠷᠣᠯᠭ᠎ᠠ ᠶᠢ ᠨᠡᠮᠡᠭᠳᠡᠭᠦᠯᠬᠦ᠂ ᠦᠢᠯᠡᠴᠢᠯᠡᠭᠡ ᠶᠢ | ᠰᠢᠯᠢᠳᠡᠭᠵᠢᠭᠦᠯᠬᠦ᠂ ᠠᠮᠤᠷ ᠲᠦᠪᠰᠢᠨ ᠢ ᠪᠠᠲᠤᠯᠠᠬᠤ ᠳᠤ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠤᠯᠠᠨ | ᠲᠦᠮᠡᠨ ᠤ ᠬᠦᠷᠲᠡᠮᠵᠢ ᠶᠢᠨ ᠲᠦᠷᠦᠭᠳᠡᠯ ᠢ ᠨᠡᠩ ᠭᠦᠢᠴᠡᠳ᠂ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠬᠦ᠂ | ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠪᠠᠷ ᠴᠢᠷᠮᠠᠶᠢᠨ᠎ᠠ᠃ ᠡᠲᠡᠭᠡᠷ ᠰᠡᠳᠬᠢᠮᠵᠢ | ᠠᠷᠭ᠎ᠠ ᠬᠡᠮᠵᠢᠶ᠎ᠡ ᠨᠢ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠵᠦ᠂ ᠠᠯᠠᠱᠠ ᠠᠶᠢᠮᠠᠭ ᠤᠨ | ᠪᠣᠳᠠᠲᠤ ᠪᠠᠶᠢᠳᠠᠯ ᠳᠤ ᠨᠡᠶᠢᠴᠡᠵᠦ᠂ ᠺᠠᠳ᠋ᠷ ᠣᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠵᠦ ᠪᠠᠶᠢᠭ᠎ᠠ ᠪᠣᠯᠬᠤᠷ | ᠡᠷᠬᠡᠪᠰᠢ ᠬᠠᠷᠠᠯᠲᠠ ᠪᠠᠨ ᠭᠤᠶᠢᠪᠢᠰᠢ ᠥᠬᠡᠶ ᠲᠣᠭᠲᠠᠭᠠᠨ᠂ ᠭᠤᠤᠯᠳᠠᠯᠭ᠎ᠠ ᠪᠠᠨ ᠴᠢᠩᠭ᠎ᠠ ᠠᠳᠬᠤᠵᠤ ᠰᠤᠯᠠᠷᠠᠭᠤᠯᠤᠯ | ᠥᠬᠡᠶ᠂ ᠦᠷᠭᠦᠯᠵᠢᠯᠡᠨ ᠬᠦᠴᠦᠯᠡᠵᠦ᠂ ᠤᠳᠠᠭᠠᠨ ᠳᠠᠭᠠᠭᠠᠮᠠᠭᠠᠶ ᠪᠠᠷᠢᠮᠲᠠᠯᠠᠨ᠂ ᠬᠠᠮᠤᠭ ᠤᠨ ᠶᠡᠭᠡ ᠴᠢᠷᠮᠠᠶᠢᠯᠭ᠎ᠠ ᠪᠠᠷ | ᠬᠠᠮᠤᠭ ᠤᠨ ᠰᠠᠶᠢᠨ ᠦᠷ᠎ᠡ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ᠃ | ᠭᠤᠷᠪᠠ ᠳᠤ ᠬᠥᠭᠵᠢᠯᠲᠡ ᠶᠢᠨ ᠪᠠᠶᠢᠳᠠᠯ ᠨᠢᠭᠡᠨᠲᠡ ᠪᠦᠷᠢᠯᠳᠦᠪᠡ᠃ ᠬᠦᠨᠳᠦ ᠨᠣᠴᠢᠲᠠᠶ ᠪᠤᠳᠤᠯᠢᠶᠠᠨᠲᠠᠶ ᠠᠵᠤ | ᠠᠬᠤᠢ ᠶᠢᠨ ᠪᠠᠶᠢᠳᠠᠯ ᠳᠤᠤᠷ᠎ᠠ᠂ ᠪᠦᠬᠦ ᠠᠶᠢᠮᠠᠭ ᠤᠨ GDP᠂ ᠡᠳ᠋ ᠤᠨ ᠵᠠᠰᠠᠭ ᠤᠨ ᠣᠷᠣᠯᠭ᠎ᠠ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠵᠦ᠂ ᠲᠣᠭᠲᠠᠮᠠᠯ | ᠬᠥᠷᠥᠩᠭᠡ ᠶᠢᠨ ᠪᠡᠯᠡ ᠣᠷᠣᠭᠤᠯᠤᠯᠲᠠ ᠶᠡᠬᠡᠪᠡᠷ ᠳᠡᠭᠡᠭᠰᠢᠯᠡᠵᠦ᠂ ᠴᠡᠪᠡᠷ ᠡᠨᠧᠷᠭᠢ ᠶᠢᠨ ᠲᠣᠮᠣ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠪᠣᠳᠠᠲᠤ ᠠᠬᠢᠴᠠ ᠲᠠᠢ ᠪᠣᠯᠵᠦ᠂ ᠪᠣᠬᠢᠷᠳᠣᠯ ᠦᠬᠡᠢ ᠴᠠᠬᠢᠯᠭᠠᠨ ᠤ ᠬᠤᠳᠠᠯᠳᠤᠭᠠᠴᠢᠨ | ᠤᠷᠢᠬᠤ ᠨᠢ ᠴᠣ᠋ ᠰᠢᠨ᠎ᠡ ᠳᠠᠪᠠᠭᠤᠯᠢᠭ ᠪᠣᠯᠵᠤ᠂ ᠨᠢᠭᠡ ᠪᠦᠯᠦᠭ ᠭᠤᠣᠯᠳᠠᠯᠭ᠎ᠠ ᠲᠠᠢ ᠠᠵᠤ ᠦᠢᠯᠡᠰ ᠤᠨ ᠵᠦᠢᠯᠡᠰ ᠢ | ᠵᠠᠯᠭᠠᠭ᠎ᠠ ᠪᠠᠷ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠦ᠂ ᠪᠦᠬᠦ ᠠᠶᠢᠮᠠᠭ ᠤᠨ ᠬᠤᠳᠠᠯᠳᠤᠭ᠎ᠠ | ᠡᠷᠬᠢᠯᠡᠬᠦ ᠣᠷᠴᠢᠨ ᠨᠥᠬᠦᠴᠡᠯ ᠢ ᠨᠠᠩ ᠰᠢᠯᠢᠳᠡᠭᠵᠢᠭᠦᠯᠦᠨ ᠳᠡᠰ ᠳᠡᠪᠰᠢᠬᠦᠯᠵᠦ᠂ ᠭᠠᠳᠠᠭᠠᠳᠤ ᠣᠷᠴᠢᠨ ᠤ | ᠠᠯᠠᠱᠠ ᠳᠠᠬᠢ ᠵᠢᠱᠢᠯᠲᠡ ᠲᠠᠰᠤᠷᠠᠯᠲᠠ ᠦᠭᠡᠢ ᠴᠢᠩᠭᠠᠷᠠᠵᠦ᠂ ᠠᠵᠤ ᠠᠬᠤᠢ ᠶᠢᠨ ᠠᠵᠢᠯᠯᠠᠭᠠᠨ ᠲᠣᠭᠲᠠᠭᠤᠨ ᠤ | ᠳᠤᠮᠳᠠ ᠰᠠᠶᠢᠵᠢᠷᠠᠬᠤ ᠬᠠᠨᠳᠤᠰᠢ ᠦᠷᠭᠦᠯᠵᠢᠯᠡᠨ ᠪᠠᠬᠢᠵᠢᠵᠦ᠂ ᠴᠡᠪᠡᠷ ᠡᠨᠧᠷᠭᠢ ᠶᠢᠨ ᠬᠦᠴᠢᠷ ᠠᠰᠠᠭᠤᠳᠠᠯ ᠢ | ᠰᠢᠢᠳᠪᠦᠷᠢᠯᠡᠬᠦ ᠬᠠᠨᠳᠤᠰᠢ ᠨᠢᠭᠡᠨᠲᠡ ᠪᠦᠷᠢᠯᠳᠦᠵᠦ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠲᠠᠰ ᠳᠡᠪᠰᠢᠬᠦ ᠬᠠᠨᠳᠤᠰᠢ ᠨᠠᠩ ᠪᠠᠬᠢᠵᠢᠵᠦ᠂ ᠲᠥᠷᠥᠯ ᠵᠦᠢᠯ ᠢ ᠬᠦᠴᠦᠲᠡᠶ ᠠᠳᠬᠤᠵᠤ | ᠠᠷᠠᠯᠵᠢᠶᠠᠴᠢᠨ ᠤᠷᠢᠬᠤ ᠪᠠᠶᠢᠳᠠᠯ ᠴᠢᠩᠭ᠎ᠠ ᠬᠦᠴᠦᠲᠡᠶ ᠪᠠᠶᠢᠵᠦ᠂ ᠬᠥᠮᠦᠨ ᠤ ᠰᠡᠳᠬᠢᠯ ᠦᠭᠡᠳᠡᠷᠡᠭ ᠪᠠᠶᠢᠵᠦ | ᠬᠥᠭᠵᠢᠯᠲᠡ ᠶᠢ ᠬᠠᠮᠲᠤ ᠪᠠᠷ ᠠᠬᠢᠭᠤᠯᠬᠤ ᠬᠠᠨᠳᠤᠰᠢ ᠤᠯᠠᠮ ᠴᠢᠩᠭ᠎ᠠ ᠪᠣᠯᠪᠠ᠃ ᠪᠢᠳᠠ ᠪᠠᠶᠢᠳᠠᠯ ᠢ ᠲᠠᠭᠠᠨ | ᠠᠵᠢᠯᠯᠠᠵᠤ᠂ ᠠᠰᠢᠭᠲᠠᠢ ᠪᠠᠶᠢᠳᠠᠯ ᠢ ᠲᠠᠭᠠᠨ ᠤᠷᠤᠭᠰᠢᠯᠠᠵᠤ᠂ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ | ᠵᠣᠷᠢᠭ ᠢᠶᠠᠨ ᠬᠥᠪᠴᠢᠯᠡᠪᠡᠯ᠂ ᠯᠠᠪᠲᠠᠢ ᠦᠷᠢᠰᠦᠯᠳᠦᠨ ᠬᠥᠭᠵᠢᠬᠦ ᠶᠡᠭᠡ ᠤᠷᠤᠰᠬᠠᠯ ᠳᠤᠮᠳᠠ ᠠᠵᠠ ᠲᠣᠬᠢᠶᠠᠯ ᠢ | ᠠᠮᠵᠢᠵᠤ᠂ ᠰᠠᠨᠠᠭᠠᠴᠢᠯᠠᠭᠠᠲᠤ ᠡᠷᠬᠡ ᠶᠢ ᠣᠯᠵᠤ ᠴᠢᠳᠠᠨ᠎ᠠ᠃ | ᠠᠵᠠ ᠲᠣᠬᠢᠶᠠᠯ ᠤᠨ ᠳᠠᠪᠠᠭᠤᠯᠢᠭ ᠢ ᠣᠨᠣᠪᠴᠢᠲᠠᠢ ᠡᠵᠡᠮᠰᠢᠬᠦ ᠶᠢᠨ ᠬᠠᠮᠲᠤ᠂ ᠬᠥᠭᠵᠢᠯᠲᠡ ᠶᠢᠨ ︽ᠵᠣᠪᠠᠨᠢᠯ︾ | ᠢ ᠴᠤ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠄ ᠬᠡᠳᠦ᠋ᠢᠪᠡᠷ ᠮᠠᠨ ᠤ ᠠᠶᠢᠮᠠᠭ ᠤᠨ ᠬᠥᠭᠵᠢᠯᠲᠡ ᠶᠢᠨ ᠴᠢᠨᠠᠷ | ᠴᠢᠨᠰᠠᠭ᠎ᠠ ᠤᠯᠠᠮ ᠠᠴᠠ ᠤᠯᠠᠮ ᠰᠠᠶᠢᠨ ᠪᠣᠯᠤᠭᠰᠠᠨ ᠪᠣᠯᠪᠠᠴᠤ᠂ ᠪᠦᠬᠦ ᠠᠶᠢᠮᠠᠭ ᠤᠨ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠪᠦᠬᠦ ᠣᠷᠣᠨ ᠤ ᠲᠠᠪᠢᠨ ᠬᠤᠪᠢ ᠶᠢᠨ ᠨᠢᠭᠡ ᠳᠤ ᠴᠦ ᠬᠦᠷᠬᠦ ᠦᠭᠡᠢ ᠪᠠᠶᠢᠵᠤ᠂ ᠮᠠᠨ ᠤ ᠥᠪᠡᠷᠲᠡᠭᠡᠨ | ᠵᠠᠰᠠᠬᠤ ᠣᠷᠣᠨ ᠳᠤ ᠦᠵᠡᠭᠦᠯᠦᠭᠰᠡᠨ ᠬᠤᠪᠢ ᠨᠡᠮᠡᠷᠢ ᠪᠠᠰᠠ ᠮᠠᠰᠢ ᠬᠢᠵᠠᠭᠠᠷ ᠲᠠᠢ ᠪᠠᠶᠢᠵᠤ᠂ ᠮᠠᠰᠢ ᠣᠯᠠᠨ ᠵᠢᠩᠬᠢᠨᠢ | ᠠᠯᠲᠠ ᠮᠥᠩᠭᠦ ᠪᠠᠷ ᠲᠤᠯᠭᠠᠭᠤᠷᠢᠯᠠᠭᠤᠯᠬᠤ ᠴᠢᠬᠤᠯᠠᠲᠠᠢ ᠶᠡᠭᠡ ᠶᠠᠪᠤᠳᠠᠯ ᠬᠦᠴᠢᠷ ᠶᠠᠪᠤᠳᠠᠯ ᠳᠤ ᠰᠡᠳᠬᠢᠯ ᠪᠠᠶᠢᠪᠠᠴᠤ | ᠴᠢᠳᠠᠯ ᠬᠦᠷᠬᠦ ᠦᠭᠡᠢ ᠪᠠᠶᠢᠵᠤ᠂ ᠬᠥᠭᠵᠢᠯᠲᠡ ᠶᠢᠨ ᠠᠯᠬᠤᠴᠠ ᠪᠠᠨ ᠲᠦᠷᠭᠡᠳᠬᠡᠵᠦ᠂ ᠠᠵᠤ ᠠᠬᠤᠢ ᠶᠢᠨ ᠶᠡᠷᠦᠩᠬᠡᠢ | ᠬᠡᠮᠵᠢᠶ᠎ᠡ ᠶᠢ ᠶᠡᠬᠡᠰᠬᠡᠬᠦ ᠪᠣᠯ ᠮᠠᠨ ᠤ ᠲᠡᠷᠢᠭᠦᠨ ᠴᠢᠬᠤᠯᠠ ᠰᠡᠳᠦᠪ ᠪᠣᠯᠤᠨ᠎ᠠ︔ ᠠᠮᠢ ᠠᠬᠤᠶ ᠶᠢᠨ ᠣᠷᠴᠢᠨ | ᠲᠣᠭᠤᠷᠢᠨ ᠬᠡᠪᠡᠷᠡᠭ᠂ ᠰᠠᠭᠤᠷᠢ ᠳᠦᠭᠦᠭᠡᠷᠦᠮᠵᠢ ᠶᠢᠨ ᠲᠡᠦᠬᠡᠨ ᠥᠷᠢᠲᠦᠯ ᠨᠡᠯᠢᠶᠡᠳ ᠣᠯᠠᠨ᠂ ᠠᠭᠤᠷᠬᠠᠶ ᠶᠢᠨ | ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠢᠨᠵᠢᠵᠦ ᠨᠡᠭᠡᠭᠡᠨ ᠬᠥᠭᠵᠢᠭᠦᠯᠬᠦ ᠨᠢ ᠬᠦᠷᠦᠯᠴᠡᠬᠦ ᠦᠭᠡᠶ᠂ ᠠᠵᠤ ᠠᠬᠤᠶ | ᠨᠡᠶᠢᠭᠡᠮ ᠤᠨ ᠬᠥᠭᠵᠢᠯᠲᠡ ᠨᠢ ᠤᠰᠤᠨ ᠳᠤ ᠬᠢᠵᠠᠭᠠᠷᠯᠠᠭᠳᠠᠵᠤ᠂ ᠤᠰᠤᠨ ᠳᠤ ᠬᠠᠰᠢᠭᠳᠠᠭᠰᠠᠨ ᠠᠰᠠᠭᠤᠳᠠᠯ ᠨᠡᠩ | ᠲᠣᠪᠤᠶᠢᠮ᠎ᠠ ᠪᠠᠶᠢᠵᠤ᠂ ᠰᠠᠭᠤᠷᠢ ᠲᠤᠯᠭᠠᠭᠤᠷᠢᠯᠠᠯ ᠢ ᠴᠢᠩᠭᠠᠷᠠᠭᠤᠯᠵᠤ᠂ ︽ᠤᠰᠤᠨ ᠤ ᠬᠦᠴᠢᠷᠳᠡᠯ︾ ᠤᠨ | ᠪᠣᠭᠤᠮᠢ ᠶᠢ ᠠᠷᠢᠯᠭᠠᠬᠤ ᠨᠢ ᠮᠥᠨ ᠬᠦ ᠮᠠᠨ ᠤ ᠴᠢᠬᠤᠯᠠ ᠡᠭᠦᠷᠭᠡ ᠪᠣᠯᠤᠨ᠎ᠠ︔ ᠭᠤᠷᠪᠠᠳᠤᠭᠠᠷ ᠠᠵᠤ ᠦᠢᠯᠡᠰ ᠤᠨ | ᠬᠢᠷᠢ ᠲᠦᠪᠰᠢᠨ ᠶᠡᠷᠦᠩᠬᠡᠢ ᠳᠡᠭᠡᠨ ᠥᠨᠳᠥᠷ ᠪᠢᠰᠢ᠂ ᠨᠢᠭᠡᠳᠦᠭᠡᠷ ᠠᠵᠤ ᠦᠢᠯᠡᠰ ᠪᠠᠭ᠎ᠠ ᠪᠣᠯᠪᠠᠴᠤ ᠪᠦᠳᠦᠭᠦᠯᠢᠭ | ᠪᠠᠶᠢᠵᠤ᠂ ᠬᠤᠶᠠᠳᠤᠭᠠᠷ ᠠᠵᠤ ᠦᠢᠯᠡᠰ ᠶᠡᠭᠡ ᠪᠣᠯᠪᠠᠴᠤ ᠬᠦᠴᠦᠷᠬᠡᠭ ᠪᠢᠰᠢ᠂ ᠭᠤᠷᠪᠠᠳᠤᠭᠠᠷ ᠠᠵᠤ ᠦᠢᠯᠡᠰ | ᠣᠨᠴᠣᠭᠤᠢ ᠪᠣᠯᠪᠠᠴᠤ ᠨᠠᠷᠢᠯᠢᠭ ᠪᠢᠰᠢ᠂ ᠭᠤᠣᠯᠯᠠᠬᠤ ᠠᠵᠤ ᠦᠢᠯᠡᠰ ᠤᠨ ᠬᠡᠯᠬᠢᠶ᠎ᠡ ᠤᠷᠲᠤ ᠪᠢᠰᠢ᠂ ᠰᠢᠨ᠎ᠡ ᠪᠠᠷ | ᠮᠠᠨᠳᠤᠭᠰᠠᠨ ᠠᠵᠤ ᠦᠢᠯᠡᠰ ᠤᠨ ᠬᠥᠭᠵᠢᠯᠲᠡ ᠤᠳᠠᠭᠠᠨ᠂ ᠴᠢᠳᠠᠪᠤᠷᠢᠲᠠᠨ ᠤ ᠲᠤᠯᠭᠠᠭᠤᠷᠢᠯᠠᠯ ᠬᠦᠨᠳᠦ ᠨᠣᠴᠢᠲᠠᠢ | ᠳᠤᠲᠠᠭᠳᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠴᠢᠳᠠᠪᠤᠷᠢ ᠪᠠᠭᠤᠷᠠᠢ᠂ ᠠᠵᠤ ᠦᠢᠯᠡᠰ ᠤᠨ | ᠠᠭᠤᠰᠤᠯᠴᠠᠯ ᠦᠢᠯᠡᠳᠦᠯᠴᠡᠯ ᠳᠤᠲᠠᠮᠠᠭ ᠪᠠᠶᠢᠵᠤ᠂ ᠤᠯᠠᠨ ᠡᠰᠢᠵᠢᠨ ᠬᠥᠭᠵᠢᠭᠰᠡᠨ᠂ ᠤᠯᠠᠨ ᠲᠦᠢᠯ ᠢᠶᠠᠷ | ᠲᠤᠯᠭᠠᠭᠤᠷᠢᠯᠠᠭᠰᠠᠨ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠬᠠᠷᠠᠬᠠᠨ ᠪᠠᠶᠢᠭᠤᠯᠤᠭᠠᠳᠤᠢ᠂ ᠠᠵᠤ | ᠦᠢᠯᠡᠰ ᠤᠨ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠴᠢᠩᠭᠠᠳᠬᠠᠬᠤ ᠨᠢ ᠮᠥᠨ ᠬᠦ ᠮᠠᠨ ᠤ ᠪᠣᠭᠤᠮᠲᠠ ᠰᠢᠪᠲᠤᠯᠬᠤ ᠭᠤᠣᠯᠳᠠᠯᠭ᠎ᠠ ᠪᠣᠯᠤᠨ᠎ᠠ︔ ᠣᠯᠠᠨ ᠨᠡᠶᠢᠲᠡ ᠶᠢᠨ | ᠦᠢᠯᠡᠴᠢᠯᠡᠬᠡᠨ ᠤ ᠬᠠᠩᠭᠠᠯᠭ᠎ᠠ ᠪᠠ ᠶᠠᠰᠤ ᠴᠢᠨᠠᠷ ᠨᠢ ᠣᠯᠠᠨ ᠲᠦᠮᠡᠨ ᠤ ᠬᠦᠰᠡᠯ ᠡᠷᠡᠮᠡᠯᠵᠡᠯ ᠠᠴᠠ ᠪᠠᠰᠠ ᠮᠠᠰᠢ ᠶᠡᠭᠡ | ᠵᠥᠷᠢᠶ᠎ᠡ ᠲᠠᠢ ᠪᠠᠶᠢᠵᠤ᠂ ᠰᠤᠷᠭᠠᠨ ᠬᠥᠮᠦᠵᠢᠯ᠂ ᠡᠮ ᠡᠮᠨᠡᠯᠭᠡ ᠬᠤᠶᠠᠷ ᠲᠠᠯ᠎ᠠ ᠶᠢᠨ ᠳᠤᠲᠠᠭᠤᠳᠠᠯ ᠲᠣᠪᠤᠶᠢᠮ᠎ᠠ ᠪᠠᠶᠢᠵᠤ | ᠂ ᠠᠮᠢᠳᠤᠷᠠᠯ ᠤᠨ ᠴᠢᠬᠤᠯᠠ ᠬᠡᠷᠡᠭᠴᠡᠭᠡᠨ ᠤ ᠵᠦᠢᠯ ᠤᠨ ᠥᠪᠡᠷ ᠢ ᠪᠠᠨ ᠬᠠᠩᠭᠠᠬᠤ ᠴᠢᠳᠠᠪᠤᠷᠢ ᠬᠦᠨᠳᠦ ᠨᠣᠴᠢᠲᠠᠶ | ᠬᠦᠷᠦᠯᠴᠡᠬᠦ ᠥᠬᠡᠶ ᠪᠠᠶᠢᠵᠤ᠂ ᠪᠠᠷᠠᠭᠠᠨ ᠤ ᠦᠨ᠎ᠡ ᠶᠡᠷᠦᠩᠬᠡᠶ ᠳᠡᠭᠡᠨ ᠥᠨᠳᠥᠷ ᠪᠠᠶᠢᠵᠤ᠂ ᠬᠤᠲᠠ ᠪᠠᠯᠭᠠᠰᠤᠨ ᠤ | ᠲᠥᠯᠥᠪᠵᠢᠭᠦᠯᠭᠡ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ | ᠴᠢᠳᠠᠪᠤᠷᠢ ᠶᠢ ᠳᠡᠭᠡᠭᠰᠢᠯᠡᠭᠦᠯᠬᠦ ᠴᠢᠬᠤᠯᠠᠲᠠᠶ ᠪᠠᠶᠢᠵᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢᠨ ᠵᠥᠷᠢᠶ᠎ᠡ ᠨᠡᠯᠢᠶᠡᠳ ᠶᠡᠭᠡ ᠪᠠᠶᠢᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠥᠷᠢᠯᠡᠵᠦ᠂ | ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠬᠤ ᠪᠣᠯ ᠮᠥᠨ ᠯᠡ ᠮᠠᠨ ᠤ ᠴᠢᠬᠤᠯᠠ ᠶᠡᠭᠡ ᠡᠭᠦᠷᠭᠡ ᠪᠣᠯᠤᠨ᠎ᠠ︔ ᠵᠠᠰᠠᠭ | ᠤᠨ ᠣᠷᠳᠣᠨ ᠤ ᠥᠷᠢ ᠥᠭᠴᠡᠭᠡ ᠶᠢᠨ ᠲᠦᠭᠰᠢᠭᠦᠷᠢ᠂ ᠮᠥᠩᠭᠦᠨ ᠭᠦᠢᠯᠭᠡᠭᠡᠨ ᠤ ᠬᠦᠷᠢᠶ᠎ᠡ ᠴᠠᠷᠠᠭ᠎ᠠ ᠶᠢᠨ | ᠲᠦᠭᠰᠢᠭᠦᠷᠢ ᠪᠠ ᠨᠡᠶᠢᠭᠡᠮ ᠤᠨ ᠵᠠᠰᠠᠯᠲᠠ ᠶᠢᠨ ᠬᠦᠷᠢᠶ᠎ᠡ ᠴᠠᠷᠠᠭ᠎ᠠ ᠶᠢᠨ ᠲᠦᠭᠰᠢᠭᠦᠷᠢ ᠠᠳᠠᠯᠢ ᠪᠤᠰᠤ ᠬᠡᠮᠵᠢᠶ᠎ᠡ ᠪᠠᠷ | ᠣᠷᠣᠰᠢᠵᠤ᠂ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠬᠥᠭᠵᠢᠯᠲᠡ ᠪᠠ ᠠᠮᠤᠷ | ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠪᠣᠯ ᠮᠠᠨ ᠤ ᠵᠠᠩᠭᠢᠯᠠᠭ᠎ᠠ ᠶᠢᠨ ᠲᠣᠮᠣ ᠶᠠᠪᠤᠳᠠᠯ ᠪᠣᠯᠤᠨ᠎ᠠ᠃ ᠡᠲᠡᠭᠡᠷ | ᠬᠦᠴᠢᠷᠳᠡᠯ ᠪᠣᠯᠤᠨ ᠠᠰᠠᠭᠤᠳᠠᠯ ᠪᠣᠯ ᠴᠥᠮ ᠪᠢᠳᠡᠨ ᠤ ᠬᠥᠭᠵᠢᠯᠲᠡ ᠶᠢᠨ ᠵᠠᠮ ᠳᠤ ᠲᠤᠯᠭᠠᠷᠠᠭᠰᠠᠨ ᠶᠤᠮ᠂ | ᠰᠠᠶᠢᠲᠤᠷ ᠰᠢᠢᠳᠪᠦᠷᠢᠯᠡᠬᠦ ᠥᠬᠡᠶ ᠪᠣᠯ ᠪᠢᠳᠡᠨ ᠤ ᠲᠦᠷᠭᠡᠨ ᠤᠷᠤᠭᠰᠢᠯᠠᠬᠤ ᠶᠢ ᠬᠠᠷᠰᠢᠯᠠᠵᠤ ᠪᠠᠶᠢᠭ᠎ᠠ ︽ᠰᠠᠭᠠᠳ︾ | ᠪᠣᠯᠤᠨ᠎ᠠ᠂ ᠰᠠᠶᠢᠲᠤᠷ ᠰᠢᠢᠳᠪᠦᠷᠢᠯᠡᠪᠡᠯ ᠳᠠᠷᠤᠶ ᠪᠢᠳᠡᠨ ᠤ ᠴᠢᠨᠠᠷ ᠰᠠᠶᠢᠲᠠᠶ ᠬᠥᠭᠵᠢᠯᠲᠡ ᠶᠢᠨ ︽ᠱᠠᠲᠤ︾ ᠪᠣᠯᠤᠨ᠎ᠠ᠃ | ᠮᠢᠩᠭ᠎ᠠ ᠲᠦᠮᠡᠨ ᠳᠠᠪᠠᠯᠭᠠᠨ ᠢ ᠰᠥᠷᠬᠦ ᠦᠭᠡᠢ ᠪᠣᠯ ᠲᠦᠮᠡᠨ ᠵᠢᠩ ᠵᠢᠭᠠᠰᠤ ᠪᠠᠷᠢᠬᠤ ᠳᠤ ᠪᠡᠷᠬᠡ ᠶᠤᠮ᠂ ᠪᠢᠳᠡ | ᠦᠵᠡᠯ ᠰᠠᠨᠠᠭ᠎ᠠ ᠪᠠᠨ ᠶᠡᠭᠡ ᠪᠠᠷ ᠴᠢᠯᠥᠭᠡᠯᠡᠵᠦ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ | ᠰᠡᠳᠬᠢᠬᠦᠢ ᠪᠠᠨ ᠲᠠᠶᠢᠯᠵᠤ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠬᠥᠭᠵᠢᠯᠲᠡ ᠶᠢᠨ ᠵᠠᠮ ᠢᠶᠠᠨ | ᠪᠠᠲᠤᠳᠬᠠᠵᠤ᠂ ᠬᠥᠭᠵᠢᠯᠲᠡ ᠶᠢᠨ ᠬᠠᠨᠳᠤᠰᠢ ᠪᠠᠨ ᠥᠷᠭᠡᠳᠬᠡᠵᠦ᠂ ᠬᠥᠭᠵᠢᠯᠲᠡ ᠶᠢᠨ ᠵᠣᠪᠠᠭᠤᠷᠢ ᠶᠢ ᠠᠷᠢᠯᠭᠠᠵᠤ᠂ | ᠡᠷᠴᠢ ᠵᠣᠷᠢᠭ ᠢᠶᠠᠨ ᠬᠥᠪᠴᠢᠯᠡᠵᠦ᠂ ᠰᠢᠨ᠎ᠡ ᠡᠭᠦᠷᠭᠡᠯᠡᠯ ᠰᠢᠨ᠎ᠡ ᠳᠦᠷᠰᠦ ᠪᠠᠶᠢᠳᠠᠯ ᠢᠶᠠᠷ ᠬᠥᠭᠵᠢᠯᠲᠡ ᠶᠢᠨ ︽ | ᠬᠤᠷᠳᠤᠴᠠ ᠪᠠᠨ ᠲᠦᠷᠭᠡᠳᠬᠡᠵᠦ︾᠂ ᠬᠥᠭᠵᠢᠯᠲᠡ ᠶᠢᠨ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠪᠠᠷ ᠴᠢᠷᠮᠠᠶᠢᠬᠤ | ᠬᠡᠷᠡᠭᠲᠡᠢ᠃ | ᠭᠤᠷᠪᠠ᠂ ᠰᠢᠨ᠎ᠡ ᠴᠠᠭ ᠦᠶ᠎ᠡ ᠶᠢᠨ ᠠᠯᠠᠱᠠ ᠶᠢᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠨ᠎ᠡ | 2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠡᠬᠢᠯᠡᠯᠲᠡ ᠨᠢ ᠰᠢᠨ᠎ᠡ ᠪᠠᠶᠢᠳᠠᠯ᠂ ᠰᠢᠨ᠎ᠡ | ᠦᠷ᠎ᠡ ᠪᠦᠲᠦᠮᠵᠢ ᠲᠠᠢ ᠪᠠᠶᠢᠬᠤ ᠬᠡᠷᠡᠭᠲᠡᠢ᠃ ᠪᠢᠳᠡ ᠡᠬᠢᠯᠡᠮᠡᠭᠴᠡ ᠪᠠᠨ 7% ᠣᠷᠴᠢᠮ ᠤᠨ ᠠᠵᠤ ᠠᠬᠤᠶ ᠶᠢᠨ | ᠨᠡᠮᠡᠭᠳᠡᠯ ᠤᠨ ᠬᠤᠷᠳᠤᠴᠠ ᠶᠢᠨ ᠬᠠᠷᠠᠯᠲᠠ ᠶᠢ ᠪᠠᠲᠤ ᠡᠵᠡᠮᠳᠡᠵᠦ᠂ ᠭᠤᠤᠯᠳᠠᠭᠤ ᠳᠤᠤᠷᠠᠬᠢ 7 ᠲᠠᠯ᠎ᠠ ᠪᠠᠷ ᠰᠢᠨ᠎ᠡ | ᠦᠷ᠎ᠠ ᠪᠦᠲᠦᠮᠵᠢ ᠰᠢᠨ᠎ᠡ ᠰᠢᠪᠲᠤᠯᠤᠯᠲᠠ ᠭᠠᠷᠭᠠᠵᠤ᠂ ︽ᠰᠠᠶᠢᠨ ᠡᠬᠢᠯᠡᠯᠲᠡ ᠲᠠᠢ᠂ ᠬᠤᠤᠰ ᠬᠠᠭᠠᠰ ᠢ ᠳᠠᠪᠠᠭ᠋ᠤ᠂ | ᠪᠥᠬᠦ ᠵᠢᠯ ᠳᠤ ᠲᠣᠭᠲᠠᠭᠤᠨ ᠪᠠᠶᠢᠬᠤ︾ ᠶᠢ ᠪᠠᠲᠤᠯᠠᠬᠤ ᠬᠡᠷᠡᠭᠲᠡᠶ᠃ | ︵ᠨᠢᠭᠡ︶ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠦᠷ᠎ᠡ ᠪᠦᠲᠦᠮᠵᠢ ᠰᠢᠨ᠎ᠡ | ᠰᠢᠪᠲᠤᠯᠤᠯᠲᠠ ᠭᠠᠷᠭᠠᠨ᠎ᠠ᠃ ᠮᠠᠨ ᠤ ᠠᠶᠢᠮᠠᠭ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠬᠠᠮᠤᠭ ᠤᠨ | ᠪᠣᠳᠠᠲᠠᠢ ᠰᠣᠩᠭᠤᠯᠲᠠ ᠪᠣᠯ ᠳᠠᠷᠤᠢ ᠲᠥᠷᠦᠯ ᠵᠦᠢᠯ ᠳᠤ ᠲᠦᠰᠢᠭᠯᠡᠨ ᠪᠡᠯᠡ ᠣᠷᠣᠭᠤᠯᠤᠯᠲᠠ ᠶᠢ ᠠᠬᠢᠭᠤᠯᠵᠤ᠂ | ᠬᠡᠮᠵᠢᠶ᠎ᠡ ᠶᠢ ᠥᠷᠭᠡᠳᠬᠡᠨ᠂ ᠪᠦᠲᠦᠴᠡ ᠶᠢ ᠰᠢᠯᠢᠳᠡᠭᠵᠢᠭᠦᠯᠬᠦ ᠶᠠᠪᠤᠳᠠᠯ ᠪᠣᠯᠤᠨ᠎ᠠ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ︽ᠲᠦᠷᠭᠡᠳᠭᠡᠨ᠎ᠡ︾᠃ ᠴᠢᠬᠤᠯᠠ ᠶᠡᠭᠡ ᠲᠥᠷᠥᠯ ᠵᠦᠢᠯ ᠤᠨ ᠴᠡᠭ ᠲᠤᠭᠲᠠᠭᠠᠨ ᠳᠠᠭᠠᠭᠠᠴᠢᠯᠠᠨ | ᠬᠠᠷᠢᠯᠴᠠᠬᠤ᠂ ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ ᠲᠤᠰᠬᠠᠢ ᠠᠩᠭᠢ ᠪᠠᠷ ᠲᠤᠬᠢᠷᠠᠭᠤᠯᠤᠨ | ᠠᠬᠢᠭᠤᠯᠬᠤ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠦ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠦᠬᠦ ᠦᠶᠡᠯᠡᠯ ᠢᠶᠠᠷ ᠲᠦᠯᠬᠢᠨ ᠠᠬᠢᠭᠤᠯᠵᠤ᠂ ᠲᠦᠭᠵᠢᠷᠡᠯ ᠤᠨ ᠠᠰᠠᠭᠤᠳᠠᠯ ᠢ ᠪᠦᠬᠦ | ᠶᠠᠪᠤᠴᠠ ᠪᠠᠷ ᠮᠥᠷᠳᠡᠨ ᠰᠢᠢᠳᠪᠦᠷᠢᠯᠡᠵᠦ᠂ ᠠᠶᠢᠮᠠᠭ ᠤᠨ ᠲᠡᠰ ᠤᠨ 123 ᠭᠤᠣᠯᠳᠠᠯᠭ᠎ᠠ ᠲᠠᠢ ᠲᠥᠷᠥᠯ ᠵᠦᠢᠯ ᠤᠨ | ᠤᠷᠤᠭᠰᠢᠲᠠᠢ ᠶᠠᠪᠤᠭᠳᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠵᠢᠯ ᠤᠨ ᠳᠣᠲᠣᠷ᠎ᠠ 500 | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠲᠣᠭᠲᠠᠮᠠᠯ ᠬᠥᠷᠥᠩᠭᠡ ᠶᠢᠨ | ᠪᠡᠯᠡ ᠣᠷᠣᠭᠤᠯᠤᠯᠲᠠ ᠶᠢᠨ ᠨᠡᠮᠡᠭᠳᠡᠯ ᠢ 50 % ᠠᠴᠠ ᠳᠣᠣᠷ᠎ᠠ ᠪᠠᠶᠢᠯᠭᠠᠬᠤ ᠦᠭᠡᠢ ᠪᠠᠶᠢᠬᠤ ᠶᠢ ᠪᠠᠲᠤᠯᠠᠨ᠎ᠠ᠃ ︽ | ᠲᠠᠪᠤ ᠶᠢ ᠲᠤᠶᠢᠯᠪᠦᠷᠢᠳᠠᠢ ᠬᠢᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠨᠢᠭᠡ ᠪᠦᠯᠦᠭ | ᠰᠤᠯᠠ ᠡᠬᠢ ᠪᠠᠶᠠᠯᠢᠭ᠂ ᠴᠢᠬᠤᠯᠠ ᠡᠯᠧᠮᠧᠨ᠋ᠲ᠂ ᠪᠡᠯᠡ ᠮᠥᠩᠭᠦ ᠶᠢ ᠪᠦᠲᠦᠮᠵᠢᠲᠡᠢ ᠠᠮᠢᠯᠠᠭᠤᠯᠵᠤ᠂ ᠡᠯ᠎ᠡ | ᠲᠦᠷᠦᠯ ᠤᠨ ᠲᠦᠷᠦᠯ ᠵᠦᠢᠯ ᠢ ᠦᠨᠳᠦᠷ ᠬᠤᠷᠳᠤᠴᠠ ᠪᠠᠷ ᠲᠦᠯᠬᠢᠨ ᠠᠬᠢᠭᠤᠯᠵᠤ᠂ ᠥᠨᠳᠥᠷ ᠪᠦᠲᠦᠮᠵᠢᠲᠡᠢ | ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ︽ᠶᠠᠰᠤ ᠴᠢᠨᠠᠷ ᠢ | ᠳᠡᠭᠡᠭᠰᠢᠯᠡᠭᠦᠯᠦᠨ᠎ᠡ︾᠃ ᠴᠢᠨᠠᠷ ᠰᠠᠶᠢᠲᠠᠶ ᠪᠠᠷ ᠬᠤᠳᠠᠯᠳᠤᠭᠠᠴᠢᠨ ᠤᠷᠢᠬᠤ ᠶᠢ ᠪᠠᠷᠢᠮᠲᠠᠯᠠᠵᠤ᠂ 2023 ᠣᠨ ᠢ | ᠪᠥᠬᠦ ᠠᠶᠢᠮᠠᠭ ᠤᠨ ︽ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠬᠦ ᠣᠨ︾ | ᠪᠣᠯᠭᠠᠵᠤ᠂ ᠠᠶᠢᠮᠠᠭ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠲᠤᠰᠬᠠᠶ ᠠᠩᠭᠢ ᠶᠢ | ᠵᠣᠬᠢᠶᠠᠨ ᠪᠠᠶᠢᠭᠤᠯᠵᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢ | ᠰᠢᠯᠢᠳᠡᠭᠵᠢᠬᠦᠯᠦᠨ᠂ ᠰᠢᠯᠭᠠᠨ ᠦᠨᠡᠯᠡᠵᠦ ᠬᠦᠬᠢᠬᠦᠯᠦᠨ ᠤᠷᠮᠠᠰᠢᠭᠤᠯᠬᠤ ᠲᠦᠷᠢᠮ ᠢ ᠪᠦᠷᠢᠨᠰᠢᠭᠦᠯᠵᠦ᠂ ᠪᠥᠬᠦ | ᠠᠶᠢᠮᠠᠭ ᠤᠨ 10 ᠵᠤᠷᠪᠤᠰ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ | ᠲᠤᠯᠤᠭᠠᠶᠢᠯᠠᠬᠤ ᠠᠵᠤ ᠠᠬᠤᠶᠢᠯᠠᠯ᠂ ᠪᠦᠯᠦᠭᠯᠡᠯ ᠠᠵᠤ ᠠᠬᠤᠶᠢᠯᠠᠯ᠂ ᠬᠡᠯᠬᠢᠶ᠎ᠡ ᠠᠵᠤ ᠠᠬᠤᠶᠢᠯᠠᠯ ᠢ ᠨᠢᠭᠲᠠ | ᠠᠩᠬᠠᠷᠴᠤ᠂ ᠣᠨᠣᠪᠴᠢᠲᠠᠶ ᠪᠠᠷ ᠬᠤᠳᠠᠯᠳᠤᠭᠠᠴᠢᠨ ᠤᠷᠢᠬᠤ᠂ ᠪᠣᠬᠢᠷᠲᠤᠯ ᠥᠬᠡᠶ ᠴᠠᠬᠢᠯᠭᠠᠨ ᠢᠶᠠᠷ ᠬᠤᠳᠠᠯᠳᠤᠭᠠᠴᠢᠨ | ᠤᠷᠢᠬᠤ᠂ ᠤᠷᠤᠨ ᠠᠯᠤᠰᠯᠠᠵᠦ ᠬᠤᠳᠠᠯᠳᠤᠭᠠᠴᠢᠨ ᠤᠷᠢᠬᠤ᠂ ᠪᠦᠬᠦᠯᠢ ᠬᠡᠯᠬᠢᠶ᠎ᠡ ᠪᠠᠷ ᠬᠤᠳᠠᠯᠳᠤᠭᠠᠴᠢᠨ | ᠤᠷᠢᠬᠤ ᠶᠢ ᠨᠠᠷᠢᠯᠢᠭ ᠣᠨᠣᠪᠴᠢᠲᠠᠶ ᠪᠡᠶᠡᠯᠡᠭᠦᠯᠵᠦ᠂ ᠪᠥᠬᠦ ᠵᠢᠯ ᠤᠨ ᠤᠷᠢᠨ ᠠᠪᠴᠢᠷᠠᠭᠰᠠᠨ ᠪᠠᠯᠠ ᠮᠥᠩᠭᠦ ᠶᠢ | ᠥᠨᠳᠥᠷ ᠲᠦᠪᠰᠢᠨ ᠢᠶᠠᠷ ᠨᠡᠮᠡᠭᠳᠡᠭᠦᠯᠭ᠊᠂ ᠭᠡᠷ᠎ᠡ ᠲᠣᠭᠲᠠᠭᠰᠠᠨ ᠲᠥᠷᠥᠯ ᠵᠦᠢᠯ ᠤᠨ ᠲᠤᠬᠠᠶ ᠶᠢᠨ ᠵᠢᠯ ᠤᠨ ᠠᠵᠢᠯ | ᠡᠬᠢᠯᠡᠬᠦᠯᠬᠦ ᠨᠣᠷᠮ᠎ᠠ ᠶᠢ ᠶᠡᠭᠡ ᠪᠠᠷ ᠳᠡᠭᠡᠭᠰᠢᠯᠡᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃ ᠠᠷᠭ᠎ᠠ ᠤᠬᠠᠭᠠᠨ | ᠰᠦᠪᠡᠭᠴᠢᠯᠡᠵᠦ ᠲᠦᠷᠦᠯ ᠵᠦᠢᠯ ᠢ ᠨᠥᠭᠡᠴᠡᠯᠡᠬᠦ ᠳᠤ ︽ᠨᠠᠷᠢᠯᠢᠭ ᠤᠨᠤᠪᠴᠢᠲᠠᠢ︾ ᠪᠠᠶᠢᠯᠭᠠᠨ᠎ᠠ᠃ ᠳᠡᠭᠡᠷ᠎ᠡ ᠠᠴᠠ | ᠳᠤᠷᠤᠭᠰᠢᠬᠢ ᠴᠢᠬᠤᠯᠠ ᠶᠡᠭᠡ ᠲᠦᠷᠦᠯ ᠵᠦᠢᠯ ᠤᠨ ᠨᠥᠭᠡᠴᠡᠯᠡᠯᠲᠡ ᠰᠢᠨᠡᠴᠢᠯᠡᠯᠲᠡ ᠶᠢᠨ ᠠᠵᠢᠯᠯᠠᠭ᠎ᠠ ᠥᠷᠨᠢᠭᠦᠯᠵᠦ᠂ | ᠨᠥᠭᠡᠴᠡᠯᠡᠬᠦ ᠴᠢᠭᠯᠡᠯ ᠢ ᠣᠨᠣᠪᠴᠢᠲᠠᠢ ᠡᠷᠢᠨ᠂ ᠨᠥᠭᠡᠴᠡᠯᠡᠬᠦ ᠲᠤᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠪᠦᠲᠦᠴᠡ ᠶᠢ ᠰᠢᠯᠢᠳᠡᠭᠵᠢᠭᠦᠯᠦᠨ᠂ ᠲᠦᠷᠦᠯ ᠵᠦᠢᠯ ᠤᠨ ︽ᠶᠠᠳᠠᠭᠤ ᠬᠥᠮᠥᠷᠭᠡ︾ ᠶᠢ ᠲᠦᠷᠦᠯ ᠵᠦᠢᠯ ᠤᠨ ︽ | ᠪᠠᠶᠠᠯᠢᠭ ᠬᠥᠮᠥᠷᠭᠡ︾ ᠪᠣᠯᠭᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠭᠤᠤᠯᠳᠠᠯᠭ᠎ᠠ ᠲᠠᠢ ᠨᠦᠬᠡᠴᠡ ᠲᠥᠷᠥᠯ | ᠵᠦᠢᠯ ᠢ ᠲᠥᠪᠯᠡᠷᠡᠭᠦᠯᠦᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠣᠯᠠᠨᠪᠤᠯᠠᠭ ᠤᠨ ᠪᠣᠬᠢᠷᠲᠤᠯ ᠥᠬᠡᠶ | ᠴᠠᠬᠢᠯᠭᠠᠨ ᠤ ᠣᠷᠣᠨ ᠤ ᠳᠣᠲᠣᠨ᠎ᠠ ᠭᠠᠳᠠᠨ᠎ᠠ ᠬᠦᠷᠭᠡᠬᠦ ᠰᠠᠭᠤᠷᠢᠨ ᠭᠠᠵᠠᠷ᠂ 400 ᠲᠦᠮᠡᠨ ᠮᠥ ᠪᠡᠯᠡᠳᠬᠡᠯ | ᠲᠠᠷᠢᠶᠠᠨ ᠭᠠᠵᠠᠷ ᠤᠨ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠠᠰᠢᠭᠯᠠᠬᠤ ᠪᠠ ᠦᠯᠵᠡᠢ — ᠰᠤᠬᠤᠨᠲᠤ᠂ | ᠴᠠᠭᠠᠡᠳᠡᠷᠡᠰᠦ — ᠵᠢᠷᠠᠲᠠᠶ᠂ ᠪᠤᠩᠬᠤᠨ — ᠪᠠᠶᠠᠨᠬᠤᠲᠠ ᠬᠦᠷᠬᠦ ᠲᠡᠮᠦᠷ ᠵᠠᠮ ᠵᠡᠷᠭᠡ ᠨᠢᠭᠡ ᠪᠦᠯᠦᠭ | ᠭᠤᠤᠯᠳᠠᠯᠭ᠎ᠠ ᠲᠠᠢ ᠨᠦᠭᠡᠴᠡ ᠲᠥᠷᠥᠯ ᠵᠦᠢᠯ ᠳᠤ ᠡᠭᠦᠷᠭᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠠᠶᠢᠭᠤᠯᠵᠤ᠂ | ᠠᠶᠢᠮᠠᠭ ᠤᠨ ᠱᠠᠲᠤᠨ ᠤ ᠤᠳᠤᠷᠢᠳᠤᠯᠭ᠎ᠠ ᠢᠶᠠᠷ ᠤᠳᠤᠷᠢᠳᠤᠭᠤᠯᠤᠨ᠂ ᠪᠦᠯᠬᠦᠮ ᠪᠠᠶᠢᠭᠤᠯᠤᠨ ᠬᠠᠮᠲᠤᠷᠠᠨ ᠠᠬᠢᠭᠤᠯᠵᠤ | ᠂ ᠨᠠᠩ ᠣᠯᠠᠨ ᠨᠦᠭᠡᠴᠡ ᠲᠥᠷᠥᠯ ᠵᠦᠢᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ | ᠠᠬᠢᠭᠤᠯᠬᠤ ᠬᠡᠷᠡᠭᠲᠡᠶ᠃ | ︵ᠬᠤᠶᠠᠷ︶ ᠦᠷᠭᠦᠯᠵᠢᠯᠡᠬᠦᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠠᠯ᠎ᠠ ᠪᠠᠷ ᠰᠢᠨ᠎ᠡ | ᠦᠷ᠎ᠠ ᠪᠦᠲᠦᠮᠵᠢ ᠰᠢᠨ᠎ᠡ ᠰᠢᠪᠲᠤᠯᠤᠯᠲᠠ ᠭᠠᠷᠭᠠᠨ᠎ᠠ᠃ ᠦᠷᠭᠦᠯᠵᠢᠯᠡᠬᠦᠢ ᠲᠠᠷᠢᠶᠠᠯᠠᠩ ᠮᠠᠯ ᠠᠵᠤ ᠠᠬᠤᠶ ᠤᠨ | ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠶ ᠪᠤᠯᠭᠠᠨ᠎ᠠ᠃ ᠠᠵᠤ ᠦᠢᠯᠡᠳᠪᠦᠷᠢᠵᠢᠯᠲᠡ ᠶᠢᠨ ᠰᠡᠳᠬᠢᠬᠦᠶ ᠪᠠᠷ | ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ ᠪᠣᠬᠢᠷᠲᠤᠯ ᠥᠬᠡᠶ ᠠᠮᠢ ᠠᠬᠤᠶ ᠶᠢᠨ | ᠰᠠᠭᠤᠷᠢ ᠪᠠᠷ ᠲᠠᠷᠢᠶᠠᠯᠠᠩ ᠮᠠᠯ ᠠᠵᠤ ᠠᠬᠤᠶ ᠶᠢᠨ ᠪᠦᠲᠦᠭᠡᠭᠳᠡᠬᠦᠨ ᠢ ᠪᠠᠲᠤᠯᠠᠵᠦ᠂ ᠠᠵᠢᠯ ᠮᠡᠷᠭᠡᠵᠢᠯ ᠤᠨ | ᠴᠢᠭᠯᠡᠯ ᠢᠶᠠᠷ ᠮᠠᠯᠴᠢᠨ ᠲᠠᠷᠢᠶᠠᠴᠢᠨ ᠢ ᠬᠥᠮᠦᠵᠢᠭᠦᠯᠵᠦ᠂ ᠣᠷᠣᠰᠢᠨ ᠠᠮᠢᠳᠤᠷᠠᠬᠤ ᠦᠢᠯᠡᠰ ᠡᠷᠭᠢᠯᠡᠬᠦ ᠳᠤ | ᠲᠣᠬᠢᠷᠠᠮᠵᠢᠲᠠᠶ ᠪᠠᠶᠢᠬᠤ ᠬᠠᠷᠠᠯᠲᠠ ᠪᠠᠷ ᠮᠠᠯᠵᠢᠬᠤ ᠲᠠᠷᠢᠶᠠᠯᠠᠬᠤ ᠣᠷᠣᠨ ᠢ ᠪᠥᠲᠥᠭᠡᠨ ᠪᠠᠶᠢᠭᠤᠯᠵᠤ᠂ ︽ᠨᠡᠮᠡᠬᠦ | ᠬᠠᠰᠤᠬᠤ ᠠᠷᠭ᠎ᠠ︾ ᠶᠢ ᠰᠠᠶᠢᠳᠤᠷ ᠬᠢᠵᠦ᠂ ᠠᠵᠦ ᠦᠢᠯᠡᠰ ᠢ ᠪᠤᠶᠢᠵᠢᠭᠤᠯᠵᠦ ᠬᠡᠯᠬᠢᠶ᠎ᠡ ᠶᠢ ᠤᠷᠳᠤᠳᠬᠠᠨ᠂ | ᠬᠤᠶᠠᠳᠤᠭᠠᠷ ᠭᠤᠷᠪᠠᠳᠤᠭᠠᠷ ᠠᠵᠦ ᠦᠢᠯᠡᠰ ᠢ ᠵᠠᠯᠭᠠᠭᠤᠯᠵᠦ᠂ ᠨᠠᠷᠠᠲᠤ ᠲᠡᠮᠳᠡᠭᠲᠦ ᠶᠢ ᠡᠭᠦᠳᠦᠨ ᠵᠠᠬ᠎ᠠ ᠳᠡᠯᠭᠡᠭᠦᠷ ᠢ | ᠨᠡᠬᠡᠬᠡᠵᠦ᠂ ᠬᠠᠮᠤᠭ ᠤᠨ ᠪᠠᠭ᠎ᠠ ᠭᠠᠵᠠᠷ ᠰᠢᠷᠣᠶ ᠶᠢ ᠠᠰᠢᠭᠯᠠᠨ᠂ ᠬᠠᠮᠤᠭ ᠪᠠᠭ᠎ᠠ ᠤᠰᠤᠨ ᠤ ᠬᠤᠷᠤᠭᠳᠠᠯ᠂ ᠬᠠᠮᠤᠭ | ᠪᠠᠭ᠎ᠠ ᠪᠣᠬᠢᠷᠲᠤᠯ ᠢᠶᠠᠷ ᠬᠠᠮᠤᠭ ᠤᠨ ᠶᠡᠭᠡ ᠠᠮᠢ ᠠᠬᠤᠶ ᠶᠢᠨ ᠥᠷᠲᠡᠭ᠂ ᠬᠠᠮᠤᠭ ᠤᠨ ᠶᠡᠭᠡ ᠠᠵᠤ ᠦᠢᠯᠡᠰ ᠤᠨ | ᠦᠷ᠎ᠡ ᠠᠰᠢᠭ᠂ ᠬᠠᠮᠤᠭ ᠤᠨ ᠶᠡᠭᠡ ᠵᠣᠯ ᠵᠢᠷᠭᠠᠯ ᠤᠨ ᠵᠢᠭᠠᠯᠲᠠ ᠲᠤᠭ᠎ᠠ ᠶᠢ ᠡᠭᠦᠳᠴᠦ᠂ ᠪᠥᠬᠦ ᠤᠯᠤᠰ ᠤᠨ | ᠴᠢᠬᠤᠯᠠ ᠪᠥᠭᠡᠳ ᠦᠷᠭᠦᠯᠵᠢᠯᠡᠬᠦᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠤᠰᠢᠭᠤᠴᠢ ᠣᠷᠣᠨ ᠢ | ᠴᠢᠷᠮᠠᠶᠢᠨ ᠪᠠᠶᠢᠭᠤᠯᠤᠨ᠎ᠠ᠃ ᠦᠷᠭᠦᠯᠵᠢᠯᠡᠬᠦᠢ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠲᠤᠭᠳᠠᠯᠴᠠᠭ᠎ᠠ | ᠶᠢ ᠰᠢᠯᠢᠳᠡᠭᠵᠢᠬᠦᠯᠦᠨ᠎ᠡ᠃ ︽ᠮᠢᠬ᠎ᠠ ᠰᠦ ᠨᠣᠯᠤᠤᠷ ᠵᠢᠮᠢᠰ ᠢᠳᠡᠰᠢᠨ ᠨᠣᠭᠤᠭ᠎ᠠ ᠡᠷᠡᠭᠦᠯᠵᠢᠯ︾ ᠤᠨ ᠠᠵᠤ | ᠦᠢᠯᠡᠰ ᠤᠨ ᠰᠦᠷᠦᠭᠯᠡᠯ ᠢ ᠦᠷᠭᠦᠯᠵᠢᠯᠡᠨ ᠴᠣᠭᠴᠠᠯᠠᠵᠤ᠂ ᠪᠦᠬᠦ ᠤᠯᠤᠰ ᠤᠨ ᠴᠢᠬᠤᠯᠠ ᠣᠨᠴᠠᠯᠢᠭᠲᠤ ᠲᠡᠮᠡᠭᠡᠨ ᠤ | ᠠᠵᠤ ᠦᠢᠯᠡᠰ ᠪᠠ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ︽ᠬᠤᠣᠰ ᠣᠳᠣᠨ ᠣᠷᠣᠨ︾ ᠢ | ᠪᠠᠶᠢᠭᠤᠯᠤᠨ᠎ᠠ᠃ ᠠᠯᠠᠱᠠ ᠪᠠᠷᠠᠭᠤᠨ ᠬᠤᠰᠢᠭᠤᠨ ᠤ ᠲᠡᠮᠡᠭᠡᠨ ᠤ ᠠᠵᠤ ᠦᠢᠯᠡᠰ ᠢ ᠳᠠᠶᠢᠴᠢᠯᠠᠨ ᠬᠥᠭᠵᠢᠭᠦᠯᠬᠦ ᠶᠢ | ᠳᠡᠮᠵᠢᠵᠦ᠂ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠥᠨᠳᠥᠷ ᠭᠠᠷᠤᠭ᠎ᠠ ᠠᠴᠠ | ᠲᠥᠯᠥᠪᠵᠢᠭᠦᠯᠦᠨ ᠪᠠᠶᠢᠭᠤᠯᠵᠤ᠂ ︽ᠶᠡᠷᠦᠩᠬᠡᠶᠢᠯᠡᠭᠰᠡᠨ ᠲᠤᠯᠭᠠᠭᠤᠷᠢᠯᠠᠯ + ᠭᠤᠤᠯᠯᠠᠬᠤ ᠠᠵᠤ ᠦᠢᠯᠡᠰ + | ᠡᠭᠦᠰᠦᠮᠡᠯ ᠠᠵᠤ ᠦᠢᠯᠡᠰ + ᠢᠵᠢ ᠪᠥᠷᠢᠳᠦᠭᠰᠡᠨ ᠰᠠᠭᠤᠷᠢᠨ ᠭᠠᠵᠠᠷ︾ ᠤᠨ ᠬᠥᠭᠵᠢᠯᠲᠡ ᠶᠢᠨ ᠲᠤᠭᠳᠠᠯᠴᠠᠭ᠎ᠠ ᠶᠢ | ᠲᠦᠷᠭᠡᠳᠬᠡᠨ ᠪᠠᠶᠢᠭᠤᠯᠤᠨ᠎ᠠ︔ ᠠᠯᠠᠱᠠ ᠵᠡᠭᠦᠨ ᠬᠤᠰᠢᠭᠤᠨ ᠤ ᠠᠮᠢ ᠠᠬᠤᠢ ᠶᠢᠨ ᠡᠯᠡᠰᠦᠨ ᠤ ᠠᠵᠤ ᠦᠢᠯᠡᠰ ᠪᠠ | ᠣᠨᠴᠠᠯᠢᠭᠲᠤ ᠮᠠᠯ ᠠᠵᠤ ᠠᠬᠤᠢ ᠶᠢ ᠳᠠᠶᠢᠴᠢᠯᠠᠨ ᠬᠦᠭᠵᠢᠬᠦᠯᠬᠦ ᠶᠢ ᠳᠡᠮᠵᠢᠵᠦ ᠂ ᠤᠯᠤᠰ ᠤᠨ ᠲᠡᠰ ᠤᠨ ᠠᠮᠢ | ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠭᠦᠯᠬᠦ ᠣᠷᠣᠨ ᠢ ᠪᠦᠲᠦᠭᠡᠨ ᠪᠠᠶᠢᠭᠤᠯᠵᠤ᠂ ᠴᠠᠭᠠᠨ | ᠭᠤᠶᠣᠣ ᠤᠯᠠᠭᠠᠨ ᠭᠤᠶᠣᠣ ᠪᠠ ᠬᠡᠲᠦ ᠨᠠᠷᠢᠯᠢᠭ ᠢᠮᠠᠭᠠᠨ ᠨᠣᠯᠣᠤᠷ᠂ ᠨᠤᠲᠤᠭ ᠤᠨ ᠰᠢᠷ᠎ᠠ ᠦᠬᠡᠷ ᠢ ︽ᠲᠣᠮᠣ | ᠠᠵᠤ ᠦᠢᠯᠡᠰ︾ ᠪᠤᠯᠭᠠᠨ ᠬᠦᠭᠵᠢᠬᠦᠯᠬᠦ ᠪᠠᠷ ᠴᠢᠷᠮᠠᠶᠢᠨ᠎ᠠ︔ ᠡᠵᠡᠨ᠎ᠡ ᠬᠤᠰᠢᠭᠤᠨ ᠤ ᠳᠡᠭᠡᠳᠦ ᠲᠠᠰ ᠤᠨ ᠲᠠᠷᠢᠶᠠᠯᠠᠩ | ᠮᠠᠯ ᠠᠵᠤ ᠠᠬᠤᠶ ᠶᠢ ᠬᠥᠭᠵᠢᠭᠦᠯᠬᠦ ᠶᠢ ᠳᠡᠮᠵᠢᠵᠦ᠂ ᠵᠢᠭᠤᠯᠴᠢᠯᠠᠯ ᠤᠨ IP ᠶᠢᠨ ᠨᠦᠯᠦᠭᠡ ᠦᠢᠯᠡᠳᠦᠯ ᠢ ᠠᠰᠢᠭᠯᠠᠨ᠂ | ᠰᠤᠪᠨᠠᠭᠤᠷ ᠤᠨ ᠪᠠᠯᠲᠤ ᠬᠡᠮᠬᠡ᠂ ᠭᠤᠪᠢ ᠶᠢᠨ ᠬᠤᠨᠢ ᠵᠡᠷᠭᠡ ᠠᠵᠤ ᠦᠢᠯᠡᠰᠵᠢᠭᠰᠡᠨ ᠲᠥᠷᠥᠯ ᠲᠡᠮᠳᠡᠭᠵᠢᠭᠰᠡᠨ | ᠬᠥᠭᠵᠢᠯᠲᠡ ᠶᠢ ᠲᠦᠷᠭᠡᠳᠬᠡᠨ᠎ᠡ︔ ᠬᠤᠶᠠᠷᠬᠤᠳᠳᠤᠭ ᠤᠨ ᠬᠦᠳᠡᠭᠡ ᠵᠡᠷᠭᠡ ᠲᠠᠷᠢᠶᠠᠨ ᠭᠠᠵᠠᠷ ᠲᠥᠪᠯᠡᠷᠡᠭᠰᠡᠨ | ᠣᠷᠣᠨ ᠤ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠪᠠ ᠲᠦᠬᠦᠭᠡᠷᠤᠮᠵᠢᠳᠤ ᠲᠠᠷᠢᠶᠠᠯᠠᠩ ᠤᠨ | ᠬᠦᠭᠵᠢᠯᠲᠡ ᠶᠢ ᠳᠡᠮᠵᠢᠵᠦ᠂ ᠨᠢᠭᠡ ᠪᠦᠯᠦᠭ ᠣᠲᠣ ᠦᠶ᠎ᠡ ᠶᠢᠨ ᠦᠷᠭᠦᠯᠵᠢᠯᠡᠬᠦᠢ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠢ ᠵᠦᠶ ᠵᠣᠬᠢᠰᠲᠠᠶ ᠪᠠᠶᠢᠷᠢᠰᠢᠭᠤᠯᠤᠨ᠎ᠠ᠃ ᠦᠷᠭᠦᠯᠵᠢᠯᠡᠬᠦᠢ ᠲᠠᠷᠢᠶᠠᠯᠠᠩ ᠮᠠᠯ | ᠠᠵᠤ ᠠᠬᠤᠶ ᠶᠢᠨ ᠣᠷᠣᠨ ᠪᠦᠰᠡ ᠶᠢᠨ ᠨᠠᠷᠠᠲᠤ ᠲᠡᠮᠳᠡᠭ ᠢ ᠡᠭᠦᠳᠦᠨ᠎ᠡ᠃ ᠨᠠᠷᠠᠲᠤ ᠲᠡᠮᠳᠡᠭᠲᠦ ᠶᠢ ᠡᠭᠦᠳᠦᠨ | ᠪᠠᠶᠢᠭᠤᠯᠬᠤ᠂ ᠬᠠᠮᠢᠶᠠᠷᠴᠤ ᠡᠵᠡᠩᠨᠡᠬᠦ᠂ ᠪᠠᠷᠢᠮᠵᠢᠶ᠎ᠠ ᠶᠢ ᠮᠥᠷᠳᠡᠨ ᠪᠠᠶᠢᠴᠠᠭᠠᠬᠤ᠂ ᠦᠢᠯᠡᠳᠬᠦᠨ ᠢ ᠭᠠᠳᠠᠭᠰᠢ | ᠭᠠᠷᠭᠠᠬᠤ᠂ ᠵᠠᠬ᠎ᠠ ᠳᠡᠯᠭᠡᠭᠦᠷ ᠤᠨ ᠡᠵᠡᠩᠨᠡᠨ ᠪᠤᠷᠤᠯᠠᠭᠤᠯᠤᠯᠲᠠ ᠵᠡᠷᠭᠡ ᠪᠥᠬᠦ ᠶᠠᠪᠤᠴᠠ ᠶᠢᠨ ᠠᠵᠢᠯ ᠢ ᠨᠢᠭᠡᠳᠦᠯᠲᠡᠶ | ᠲᠥᠯᠥᠪᠯᠡᠨ ᠠᠬᠢᠭᠤᠯᠵᠤ᠂ ᠳᠡᠭᠡᠷ᠎ᠡ ᠪᠠᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠡᠮᠳᠡᠭᠲᠦ ᠪᠠᠷ | ᠬᠥᠲᠥᠯᠦᠨ ᠳᠠᠭᠠᠭᠤᠯᠤᠭᠰᠠᠨ᠂ ᠳᠤᠤᠷ᠎ᠠ ᠪᠠᠨ ᠠᠵᠤ ᠠᠬᠤᠶᠢᠯᠠᠯ ᠤᠨ ᠨᠠᠷᠠᠲᠤ ᠲᠡᠮᠳᠡᠭᠲᠦ ᠪᠠ ᠦᠢᠯᠡᠳᠬᠦᠨ ᠤ | ᠨᠠᠷᠠᠲᠤ ᠲᠡᠮᠳᠡᠭᠲᠦ ᠪᠠᠷ ᠲᠤᠯᠭᠠᠭᠤᠷᠢᠯᠠᠭᠰᠠᠨ ᠨᠠᠷᠠᠲᠤ ᠲᠡᠮᠳᠡᠭᠲᠦ ᠶᠢᠨ ᠪᠦᠷᠢᠯᠳᠦᠴᠡ ᠶᠢ ᠲᠦᠷᠭᠡᠳᠬᠡᠨ ᠪᠠᠶᠢᠭᠤᠯᠵᠤ᠂ | ᠰᠢᠯᠢᠳᠡᠭ ᠰᠠᠶᠢᠨ ᠶᠠᠭᠤᠮ᠎ᠠ ᠶᠢ ᠦᠨᠡᠨᠬᠦ ᠲᠣᠮᠣ ᠨᠠᠷᠠᠲᠤ ᠲᠡᠮᠳᠡᠭᠲᠦ ᠪᠣᠯᠭᠠᠨ᠂ ᠥᠨᠳᠥᠷ ᠦᠷ᠎ᠡ ᠠᠰᠢᠭ ᠲᠠᠢ | ᠪᠤᠯᠭᠠᠬᠤ ᠪᠠᠷ ᠴᠢᠷᠮᠠᠶᠢᠨ᠎ᠠ᠃ | ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠦᠷ᠎ᠡ ᠪᠦᠲᠦᠮᠵᠢ ᠰᠢᠨ᠎ᠡ ᠰᠢᠪᠲᠤᠯᠤᠯᠲᠠ ᠭᠠᠷᠭᠠᠨ᠎ᠠ᠃ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ | ᠬᠤᠪᠢᠷᠠᠭᠤᠯᠤᠨ ᠬᠥᠭᠵᠢᠬᠦ ᠶᠢ ᠠᠬᠢᠭᠤᠯᠤᠨ᠎ᠠ᠃ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠤᠰᠦ ᠬᠢᠮᠢ ᠶᠢᠨ | ᠠᠵᠤ ᠦᠢᠯᠡᠳᠪᠦᠷᠢ ᠪᠠ ᠨᠠᠷᠢᠯᠢᠭ ᠬᠢᠮᠢ ᠶᠢᠨ ᠠᠵᠤ ᠦᠢᠯᠡᠳᠪᠦᠷᠢ ᠪᠣᠯ ᠮᠠᠨ ᠤ ᠠᠶᠢᠮᠠᠭ ᠤᠨ ᠰᠠᠭᠤᠷᠢ ᠠᠵᠤ | ᠦᠢᠯᠡᠰ᠂ ᠨᠠᠩ ᠴᠤ ᠡᠵᠡᠨ ᠮᠡᠳᠡᠬᠦ ᠲᠤᠯᠭᠠᠭᠤᠷᠢ ᠦᠢᠯᠡᠰ ᠮᠥᠨ᠂ ᠬᠦᠭᠵᠢᠬᠦᠯᠦᠨ ᠪᠤᠵᠠᠭᠠᠶᠢᠷᠠᠭᠤᠯᠬᠤ ᠠᠴᠠ ᠪᠢᠰᠢ | ᠤᠷᠬᠢᠨ ᠭᠡᠭᠡᠵᠦ ᠪᠣᠯᠬᠤ ᠥᠬᠡᠶ᠃ ᠠᠵᠤ ᠦᠢᠯᠡᠰ ᠤᠨ ᠬᠡᠯᠬᠢᠶ᠎ᠡ ᠶᠢ ᠤᠷᠳᠤᠳᠬᠠᠨ᠂ ᠤᠯᠠᠷᠢᠭᠤᠯᠤᠨ ᠬᠤᠪᠢᠷᠠᠭᠠᠬᠤ | ᠨᠣᠷᠮ᠎ᠠ ᠶᠢ ᠳᠡᠭᠡᠭᠰᠢᠯᠡᠭᠦᠯᠬᠦ ᠲᠣᠭᠤᠷᠢᠨ ᠳᠤ᠂ ᠣᠲᠣ ᠪᠠᠶᠢᠭ᠎ᠠ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠶᠢ | ᠲᠦᠷᠭᠡᠳᠬᠡᠵᠦ᠂ ᠹᠯᠣᠷ ᠤᠨ ᠬᠢᠮᠢ ᠶᠢᠨ ᠠᠵᠤ ᠦᠢᠯᠡᠳᠪᠦᠷᠢ ᠪᠠ ᠪᠠᠯ ᠴᠢᠯᠠᠭᠤᠨ ᠤ ᠠᠵᠤ ᠦᠢᠯᠡᠰ ᠤᠨ ᠬᠦᠴᠢᠷ | ᠠᠰᠠᠭᠤᠳᠠᠯ ᠢ ᠰᠢᠢᠳᠪᠦᠷᠢᠯᠡᠨ ᠬᠥᠭᠵᠢᠬᠦ ᠶᠢ ᠠᠬᠢᠭᠤᠯᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ᠂ ᠱᠠᠩᠬᠠᠶ | ᠥᠪᠥᠷ ᠮᠣᠩᠭᠤᠯ ᠤᠨ ᠰᠢᠨ᠎ᠡ ᠮᠠᠲ᠋ᠧᠷᠢᠶᠠᠯ᠂ ᠯᠢᠩ ᠱᠧᠩ ᠦᠨᠳᠡᠭᠡᠨ ᠰᠢᠪᠲᠦᠷᠲᠦ ᠬᠦᠴᠢᠯ᠂ ᠪᠧᠨ ᠰᠢᠩ ᠪᠠᠯ | ᠴᠢᠯᠠᠭᠤᠨ ᠠᠯᠺᠧᠨ ᠵᠡᠷᠭᠡ 40 ᠭᠤᠤᠯᠳᠠᠯᠭ᠎ᠠ ᠲᠠᠢ ᠠᠵᠤ ᠦᠢᠯᠡᠳᠪᠦᠷᠢ ᠶᠢᠨ ᠲᠥᠷᠥᠯ ᠵᠦᠢᠯ ᠢ ᠰᠠᠶᠢᠲᠤᠷ | ᠠᠳᠬᠤᠵᠤ᠂ ᠨᠢᠭᠡ ᠪᠦᠯᠦᠭ ᠠᠵᠢᠯ ᠲᠥᠷᠥᠯ ᠤᠨ ︽ᠬᠤᠪᠢ ᠶᠢᠨ ᠮᠠᠩᠯᠠᠶ︾ ᠪᠠ ᠠᠵᠤ ᠦᠢᠯᠡᠰ ᠤᠨ ︽ᠢᠵᠢ | ᠪᠦᠷᠢᠳᠦᠭᠰᠡᠨ ᠮᠡᠷᠭᠡᠵᠢᠯᠲᠡᠨ︾ ᠢ ᠬᠦᠮᠦᠵᠢᠬᠦᠯᠦᠨ ᠭᠠᠷᠭᠠᠵᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ | ᠲᠠᠯ᠎ᠠ ᠪᠠᠷ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ | ᠦᠢᠯᠡᠰ ᠲᠤ ᠵᠢᠱᠢᠶ᠎ᠡ ᠦᠵᠡᠭᠦᠯᠬᠦ ᠪᠠᠷ ᠴᠢᠷᠮᠠᠶᠢᠨ᠎ᠠ᠃ ᠬᠤᠶᠢᠲᠦ ᠠᠭᠤᠯᠠ ᠶᠢᠨ ᠠᠭᠤᠷᠬᠠᠢ ᠶᠢᠨ ᠪᠦᠰᠡ ᠵᠡᠷᠭᠡ | ᠭᠤᠣᠯᠳᠠᠯᠭ᠎ᠠ ᠲᠠᠢᠣᠷᠣᠨ ᠤ ᠡᠬᠢ ᠪᠠᠶᠠᠯᠢᠭ ᠢ ᠬᠠᠶᠢᠨ ᠰᠢᠨᠵᠢᠯᠡᠵᠦ ᠨᠡᠭᠡᠭᠡᠨ ᠬᠥᠭᠵᠢᠭᠦᠯᠬᠦ ᠶᠢ ᠴᠢᠩᠭᠠᠳᠬᠠᠵᠤ᠂ | ᠤᠳᠤ ᠪᠠᠶᠢᠭ᠎ᠠ ᠨᠡᠭᠦᠷᠡᠰᠦᠨ ᠠᠭᠤᠷᠬᠠᠢ ᠪᠣᠯᠤᠨ ᠨᠡᠭᠦᠷᠡᠰᠦᠨ ᠤ ᠪᠤᠰᠤ ᠠᠭᠤᠷᠬᠠᠢ ᠶᠢᠨ ᠨᠡᠬᠡᠬᠡᠨ ᠬᠦᠭᠵᠢᠬᠦᠯᠵᠦ | ᠪᠤᠯᠬᠤ ᠶᠢ ᠪᠦᠬᠦᠨ ᠢ ᠨᠡᠭᠡᠭᠡᠨ ᠠᠰᠢᠭᠯᠠᠬᠤ ᠶᠢ ᠠᠬᠢᠭᠤᠯᠵᠤ᠂ ᠨᠡᠩ ᠤᠯᠠᠨ ᠠᠵᠤ ᠠᠬᠤᠢ ᠶᠢᠨ ᠰᠢᠨ᠎ᠡ | ᠲᠤᠯᠭᠠᠭᠤᠷᠢᠯᠠᠯ᠂ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃ ᠴᠡᠪᠡᠷ ᠡᠨᠧᠷᠭᠢ ᠶᠢᠨ ᠠᠵᠤ ᠦᠢᠯᠡᠰ ᠤᠨ ᠲᠦᠷᠭᠡᠨ | ᠬᠥᠭᠵᠢᠯᠲᠡ ᠶᠢ ᠠᠬᠢᠭᠤᠯᠤᠨ᠎ᠠ᠃ 2023 ᠣᠨ ᠢ ᠪᠦᠬᠦ ᠠᠶᠢᠮᠠᠭ ᠤᠨ ︽ᠴᠡᠪᠡᠷ ᠡᠨᠧᠷᠭᠢ ᠶᠢᠨ ᠪᠣᠭᠤᠮᠲᠠ | ᠰᠢᠪᠲᠤᠯᠬᠤ ᠲᠡᠭᠡᠭᠰᠢᠯᠡᠯᠲᠡ ᠶᠢᠨ ᠣᠨ︾ ᠢᠶᠠᠷ ᠲᠣᠭᠲᠠᠭᠠᠵᠤ᠂ ︽ᠲᠣᠮᠣ ᠰᠠᠭᠤᠷᠢᠨ ᠭᠠᠵᠠᠷ︾ ᠢ ᠪᠦᠲᠦᠭᠡᠨ | ᠪᠠᠶᠢᠭᠤᠯᠬᠤ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠨ᠂ ︽ᠭᠤᠷᠪᠠᠨ ᠵᠢᠱᠢᠶ᠎ᠡ ᠦᠵᠡᠭᠦᠯᠬᠦ ᠣᠷᠣᠨ︾ ᠢ | ᠲᠦᠷᠭᠡᠳᠬᠡᠨ ᠪᠠᠶᠢᠭᠤᠯᠵᠤ᠂ ︽ᠴᠡᠪᠡᠷ ᠡᠨᠧᠷᠭᠢ +︾ ᠪᠠ ︽+ ᠴᠡᠪᠡᠷ ᠡᠨᠧᠷᠭᠢ︾ ᠳᠤ ᠠᠩᠬᠠᠷᠤᠯ ᠢᠶᠠᠨ | ᠲᠥᠪᠯᠡᠷᠡᠭᠦᠯᠦᠨ᠂ ᠪᠣᠬᠢᠷᠲᠤᠯ ᠦᠭᠡᠢ ᠴᠠᠬᠢᠯᠭᠠᠨ ᠢᠶᠠᠷ ᠬᠤᠳᠠᠯᠳᠤᠭᠠᠴᠢᠨ ᠤᠷᠢᠬᠤ ᠠᠵᠢᠯ ᠢ ᠰᠠᠶᠢᠲᠤᠷ ᠬᠢᠵᠦ᠂ | ᠠᠯᠠᠱᠠ ᠶᠢ ᠪᠤᠬᠢᠷᠳᠤᠯ ᠦᠭᠡᠢ ᠴᠠᠬᠢᠯᠭᠠᠨ ᠤ ᠥᠪᠡᠷ ᠤᠨ ᠥᠷᠲᠡᠭ ᠤᠨ ᠰᠠᠭᠤᠷᠢᠨ ᠭᠠᠵᠠᠷ᠂ ᠪᠤᠬᠢᠷᠳᠤᠯ ᠦᠭᠡᠢ | ᠡᠨᠧᠷᠭᠢ ᠶᠢᠨ ᠠᠵᠤ ᠠᠬᠤᠢ ᠶᠢᠨ ᠦᠨᠳᠦᠷᠯᠢᠭ ᠭᠠᠵᠠᠷ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ ︽ | ᠴᠠᠬᠢᠯᠭᠠᠨ ᠭᠠᠷᠭᠠᠬᠤ ᠬᠡᠪᠴᠢᠶ᠎ᠡ ᠪᠠᠷ ᠬᠠᠮᠤᠭ ᠤᠨ ᠶᠡᠭᠡ᠂ ᠪᠠᠲᠤᠯᠠᠭ᠎ᠠ ᠶᠢᠨ ᠴᠢᠳᠠᠪᠤᠷᠢ ᠪᠠᠷ ᠬᠠᠮᠤᠭ ᠤᠨ ᠴᠢᠩᠭ᠎ᠠ᠂ | ᠠᠵᠤ ᠦᠢᠯᠡᠰ ᠤᠨ ᠬᠢᠷᠢ ᠲᠦᠪᠰᠢᠨ ᠢᠶᠠᠷ ᠬᠠᠮᠤᠭ ᠤᠨ ᠥᠨᠳᠥᠷ᠂ ᠶᠡᠷᠦᠩᠬᠡᠶᠢᠯᠡᠭᠰᠡᠨ ᠥᠪᠡᠷ ᠤᠨ ᠥᠷᠲᠡᠭ ᠢᠶᠠᠷ | ᠬᠠᠮᠤᠭ ᠤᠨ ᠳᠣᠣᠷ᠎ᠠ᠂ ᠠᠮᠢ ᠠᠬᠤᠢ ᠶᠢᠨ ᠦᠨ᠎ᠡ ᠥᠷᠲᠡᠭ ᠢᠶᠠᠷ ᠬᠠᠮᠤᠭ ᠤᠨ ᠪᠠᠭ᠎ᠠ︾ ᠪᠠᠶᠢᠬᠤ ᠶᠢ ᠪᠡᠶᠡᠯᠡᠬᠦᠯᠦᠨ᠎ᠡ᠃ | ᠲᠩᠷᠢ ᠡᠯᠡᠰᠦᠨ ᠤ ᠮᠢᠩᠭᠠᠨ ᠲᠦᠮᠡᠨ ᠺᠢᠯᠤᠸᠠᠲ ᠤᠨ ᠲᠠᠰ ᠤᠨ ᠴᠡᠪᠡᠷ ᠡᠨᠧᠷᠭᠢ ᠶᠢᠨ ᠰᠠᠭᠤᠷᠢᠨ ᠭᠠᠵᠠᠷ ᠪᠣᠯᠤᠨ | ᠢᠵᠢ ᠪᠥᠷᠢᠳᠦᠭᠰᠡᠨ 4 × 100 ᠲᠦᠮᠡᠨ ᠺᠢᠯᠤᠸᠠᠲ ᠤᠨ ᠢᠯᠴᠢ ᠶᠢᠨ ᠴᠠᠬᠢᠯᠭᠠᠨ ᠤ ᠤᠷᠬᠢᠯ ᠬᠡᠮᠵᠢᠭᠳᠡᠯ ᠢ | ᠲᠤᠬᠢᠷᠠᠭᠤᠯᠬᠤ᠂ ᠲᠩᠷᠢ ᠡᠯᠡᠰᠦᠨ ᠤ 60 ᠲᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ | ᠤᠰᠤᠲᠥ᠋ᠷᠥᠭᠴᠢ ᠦᠢᠯᠡᠳᠬᠦ ᠶᠢ ᠨᠢᠭᠡ ᠴᠣᠭᠴᠠᠵᠢᠭᠤᠯᠬᠤ᠂ ᠰᠢᠩᠭᠡᠨ ᠳᠠᠷᠤᠴᠠᠲᠤ ᠬᠡᠶ ᠬᠥᠳᠡᠯᠭᠡᠭᠦᠷ ᠤᠨ ᠨᠡᠶᠢᠯᠡᠮᠡᠯ | ᠡᠨᠧᠷᠭᠢ ᠬᠠᠳᠠᠭᠠᠯᠠᠬᠤ ᠰᠢᠰᠲ᠋ᠧᠮ ᠤᠨ ᠪᠣᠳᠠᠲᠤ ᠭᠡᠷᠡᠴᠢᠯᠡᠯᠲᠡ ᠶᠢᠨ ᠵᠢᠱᠢᠶ᠎ᠡ ᠦᠵᠡᠭᠦᠯᠬᠦ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠯᠠᠱᠠ ᠠᠴᠠ ᠵᠢᠶᠠᠩᠰᠢ ᠬᠥᠷᠬᠦ ᠵᠡᠷᠭᠡ | ᠭᠠᠳᠠᠭᠰᠢ ᠬᠦᠷᠭᠡᠯᠲᠡ ᠶᠢᠨ ᠵᠠᠮ ᠱᠤᠭᠤᠮ ᠤᠨ ᠲᠦᠷᠦᠯ ᠵᠦᠢᠯ ᠢ ᠡᠷᠲᠡᠬᠡᠨ ᠬᠡᠷᠡᠭᠵᠢᠭᠦᠯᠬᠦ ᠪᠠᠷ ᠴᠢᠷᠮᠠᠶᠢᠵᠤ᠂ | ᠪᠠᠳᠠᠶ ᠶᠢᠨ ᠵᠢᠷᠠᠨ ᠤ ᠡᠯᠡᠰᠦ᠂ ᠤᠯᠠᠭᠠᠨᠪᠤᠬ᠎ᠠ ᠡᠯᠡᠰᠦᠨ ᠴᠥᠯ ᠤᠨ ᠲᠣᠮᠣ ᠰᠠᠭᠤᠷᠢᠨ ᠭᠠᠵᠠᠷ ᠤᠨ ᠲᠥᠷᠥᠯ ᠵᠦᠢᠯ ᠢ | ᠢᠳᠡᠪᠬᠢᠲᠡᠶ ᠲᠡᠮᠡᠴᠡᠵᠦ᠂ ᠵᠢᠯ ᠤᠨ ᠳᠤᠳᠤᠷᠠᠬᠢ ᠪᠠᠶᠢᠭᠤᠯᠤᠯᠲᠠ ᠳᠤ ᠪᠠᠶᠢᠭ᠎ᠠ ᠮᠠᠰᠢᠨ ᠴᠣᠭᠴᠠᠯᠠᠪᠤᠷᠢ ᠶᠢ 2000 | ᠲᠦᠮᠡᠨ ᠺᠢᠯᠤᠸᠠᠲ ᠢ ᠳᠠᠪᠠᠭᠤᠯᠵᠤ᠂ ᠰᠢᠨ᠎ᠡ ᠪᠠᠷ ᠨᠡᠮᠡᠭᠳᠡᠭᠰᠡᠨ ᠴᠠᠬᠢᠯᠭᠠᠨ ᠲᠤᠤᠷ ᠢ ᠨᠡᠶᠢᠯᠡᠭᠦᠯᠦᠨ ᠴᠠᠬᠢᠯᠭᠠᠨ | ᠭᠠᠷᠭᠠᠬᠤ ᠬᠡᠮᠵᠢᠶ᠎ᠡ ᠶᠢ 500 ᠲᠦᠮᠡᠨ ᠺᠢᠯᠤᠸᠠᠲ ᠠᠴᠠ ᠳᠡᠭᠡᠭᠰᠢ ᠪᠠᠶᠢᠯᠠᠭᠠᠬᠤ ᠪᠠᠷ ᠴᠢᠷᠮᠠᠶᠢᠨ᠎ᠠ᠃ ᠠᠯᠠᠱᠠ ᠶᠢᠨ | ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠲᠡ ᠶᠢᠨ ᠤᠷᠤᠨ ᠤ ᠵᠠᠭᠤᠨ ᠲᠦᠮᠡᠨ ᠺᠢᠯᠤᠸᠠᠲ ᠤᠨ | ᠰᠠᠯᠬᠢᠨ ᠬᠦᠴᠦᠨ ᠤ ᠴᠠᠬᠢᠯᠭᠠᠨ ᠤ ᠤᠰᠤᠲᠥ᠋ᠷᠥᠭᠴᠢᠲᠦ ᠰᠢᠪᠲᠦᠷ + ᠰᠠᠭᠤᠷᠢ ᠲᠥᠬᠦᠭᠡᠷᠦᠮᠵᠢ ᠶᠢ ᠨᠢᠭᠡ | ᠴᠣᠭᠴᠠᠵᠢᠭᠤᠯᠤᠭᠰᠠᠨ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ ᠲᠣᠭᠤᠷᠢᠭ ᠤᠨ ᠵᠢᠱᠢᠶ᠎ᠡ ᠦᠵᠡᠭᠦᠯᠬᠦ ᠲᠥᠷᠥᠯ | ᠵᠦᠢᠯ ᠢ ᠲᠦᠷᠭᠡᠳᠬᠡᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ ᠳᠤᠤᠷ᠎ᠠ ᠨᠡᠭᠦᠷᠡᠰᠦᠲᠥ᠋ᠷᠥᠭᠴᠢᠲᠦ ᠬᠦᠷᠢᠶᠡᠯᠡᠩ | ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠥᠯᠥᠪᠵᠢᠭᠦᠯᠦᠨ ᠠᠬᠢᠭᠤᠯᠵᠤ᠂ ᠳᠤᠮᠳᠠᠳᠤ ᠤᠯᠤᠰ ᠤᠨ ᠳᠠᠪᠤᠰᠤ | ᠪᠦᠯᠦᠭᠯᠡᠯ ᠤᠨ 30 ᠲᠦᠮᠡᠨ ᠺᠢᠯᠤᠸᠠᠲ ᠤᠨ ᠪᠣᠬᠢᠷᠲᠤᠯ ᠥᠬᠡᠶ ᠴᠠᠬᠢᠯᠭᠠᠨ ᠬᠠᠩᠭᠠᠬᠤ ᠵᠡᠷᠭᠡ 5 ᠪᠣᠬᠢᠷᠲᠤᠯ ᠥᠬᠡᠶ | ᠡᠨᠧᠷᠭᠢ ᠶᠢ ᠣᠷᠣᠯᠠᠭᠤᠯᠬᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠵᠦ᠂ ᠬᠦᠷᠢᠶᠡᠯᠡᠩ ᠲᠣᠭᠤᠷᠢᠭ ᠤᠨ | ᠪᠣᠬᠢᠷᠲᠤᠯ ᠥᠬᠡᠶ ᠴᠠᠬᠢᠯᠭᠠᠨ ᠢ ᠪᠠᠭᠲᠠᠭᠠᠬᠤ ᠬᠠᠷᠢᠴᠠᠯ ᠢ 40 % ᠠᠴᠠ ᠳᠡᠭᠡᠭᠰᠢ ᠪᠠᠶᠢᠯᠭᠠᠬᠤ ᠪᠠᠷ ᠴᠢᠷᠮᠠᠶᠢᠨ᠎ᠠ᠃ | ᠠᠬ᠎ᠠ ᠳᠡᠭᠦᠦ ᠠᠶᠢᠮᠠᠭ ᠬᠤᠲᠠ ᠶᠢᠨ ᠪᠣᠬᠢᠷᠲᠤᠯ ᠥᠬᠡᠶ ᠡᠨᠧᠷᠭᠢ ᠶᠢ ᠣᠷᠣᠯᠠᠭᠤᠯᠬᠤ ᠠᠵᠢᠯ ᠢ ᠳᠡᠮᠵᠢᠵᠦ᠂ ᠦᠬᠠᠶ | ᠬᠤᠲᠠ ᠶᠢᠨ ᠮᠢᠩᠭᠠᠨ ᠲᠦᠮᠡᠨ ᠺᠢᠯᠤᠸᠠᠲ ᠤᠨ ᠪᠣᠬᠢᠷᠲᠤᠯ ᠥᠬᠡᠶ ᠡᠨᠧᠷᠭᠢ ᠶᠢᠨ ᠬᠠᠮᠲᠤᠷᠠᠯᠴᠠᠭᠠᠨ ᠤ ᠲᠥᠷᠥᠯ | ᠵᠦᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠪᠠᠷᠠᠭᠤᠨᠳᠠᠬᠢ | ᠴᠠᠬᠢᠯᠭᠠᠨ ᠢ ᠵᠡᠭᠦᠨᠰᠢ ᠬᠦᠷᠭᠡᠬᠦ︾ ᠲᠥᠷᠥᠯ ᠵᠦᠢᠯ ᠳᠤ ᠢᠳᠡᠪᠬᠢᠲᠡᠶ ᠣᠷᠣᠯᠴᠠᠵᠤ᠂ ᠥᠪᠥᠷ ᠮᠣᠩᠭᠤᠯ ᠤᠨ ᠪᠠᠷᠠᠭᠤᠨ | ᠬᠡᠰᠡᠭ ᠤᠨ ᠭᠠᠵᠠᠷ ᠣᠷᠣᠨ ᠤ ︽ᠥᠨᠳᠥᠷ ᠳᠠᠭᠠᠭᠠᠴᠠ ᠲᠠᠢ ᠭᠠᠳᠠᠭᠰᠢᠯᠠᠭᠤᠯᠤᠯᠲᠠ ᠪᠠᠭ᠎ᠠ ᠠᠵᠤ ᠦᠢᠯᠡᠰ | ᠲᠥᠪᠯᠡᠷᠡᠭᠰᠡᠨ ᠣᠷᠣᠨ︾ ᠢ ᠬᠠᠮᠲᠤ ᠪᠠᠷ ᠪᠥᠲᠥᠭᠡᠨ ᠪᠠᠶᠢᠭᠤᠯᠤᠨ᠎ᠠ᠃ ᠴᠡᠪᠡᠷ ᠡᠨᠧᠷᠭᠢ ᠶᠢᠨ ᠬᠡᠷᠡᠭᠯᠡᠭᠡᠨ ᠤ ᠣᠷᠴᠢᠨ | ᠠᠬᠤᠢ ᠶᠢ ᠪᠠᠶᠠᠯᠢᠭᠵᠢᠭᠤᠯᠤᠨ ᠥᠷᠭᠡᠳᠬᠡᠵᠦ᠂ ᠦᠢᠯᠡᠳᠪᠦᠷᠢᠯᠡᠬᠦ ᠰᠤᠳᠤᠯᠤᠨ ᠨᠡᠬᠡᠬᠡᠬᠦ᠂ ᠲᠣᠨᠣᠭᠯᠠᠯ ᠦᠢᠯᠡᠳᠬᠦ᠂ | ᠡᠵᠡᠩᠨᠡᠯᠲᠡ ᠬᠠᠮᠠᠭᠠᠯᠠᠯᠲᠠ᠂ ᠦᠢᠯᠡᠴᠢᠯᠡᠭᠡ ᠭᠠᠳᠠᠭᠰᠢ ᠭᠠᠷᠭᠠᠯᠲᠠ ᠵᠡᠷᠭᠡ ᠬᠤᠯᠪᠣᠭᠳᠠᠯ ᠪᠦᠬᠦᠢ ᠠᠵᠤ ᠦᠢᠯᠡᠰ ᠢ | ᠬᠤᠯᠪᠣᠭᠠᠯᠠᠨ ᠬᠦᠭᠵᠢᠬᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠠᠪᠠᠯᠳᠠᠳᠤ | ᠬᠥᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠤᠨ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ | ᠪᠠᠷᠢᠮᠵᠢᠶ᠎ᠠ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠠᠭᠤᠷᠢ ᠦᠢᠯᠡᠴᠢᠯᠡᠭᠡᠨ ᠤ ᠢᠵᠢ ᠪᠦᠷᠢᠳᠦᠯ ᠢ | ᠴᠢᠩᠭᠠᠳᠬᠠᠨ᠂ ᠰᠢᠯᠢᠳᠡᠭ ᠭᠤᠣᠯᠯᠠᠭᠴᠢ ᠠᠵᠤ ᠠᠬᠤᠶᠢᠯᠠᠯ ᠢ ᠬᠥᠮᠦᠵᠢᠭᠦᠯᠦᠨ ᠲᠠᠭᠠᠭᠤᠯᠵᠦ᠂ ᠬᠦᠷᠢᠶᠡᠯᠡᠩ | ᠲᠣᠭᠤᠷᠢᠭ ᠤᠨ ᠡᠵᠡᠩᠨᠡᠯᠲᠡ ᠬᠠᠮᠢᠶᠠᠷᠤᠯᠲᠠ ᠶᠢ ᠰᠠᠶᠢᠲᠤᠷ ᠠᠳᠬᠤᠨ᠂ ᠬᠦᠷᠢᠶᠡᠯᠡᠩ ᠲᠣᠭᠤᠷᠢᠭ ᠤᠨ ᠮᠦ ᠪᠦᠷᠢ ᠶᠢᠨ | ᠳᠤᠮᠳᠠᠴᠢ ᠦᠷ᠎ᠡ ᠠᠰᠢᠭ ᠪᠠ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ | ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠠᠵᠦ ᠦᠢᠯᠡᠰ ᠤᠨ ᠨᠡᠬᠡᠬᠡᠯᠳᠡ ᠶᠢᠨ ᠤᠷᠤᠨ ᠢ ᠡᠷᠲᠡᠬᠡᠨ ᠮᠢᠩᠭᠠᠨ | ᠳ᠋ᠦᠩᠰᠢᠭᠤᠷ ᠤᠨ ᠬᠦᠷᠢᠶᠡᠯᠡᠩ ᠲᠣᠭᠤᠷᠢᠭ ᠤᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠵᠤ᠂ ᠲᠩᠷᠢ ᠬᠦᠷᠢᠶᠡᠯᠡᠩ | ᠲᠣᠭᠤᠷᠢᠭ᠂ ᠣᠯᠠᠨᠪᠤᠯᠠᠭ ᠬᠦᠷᠢᠶᠡᠯᠡᠩ ᠲᠣᠭᠤᠷᠢᠭ ᠤᠨ ᠲᠦᠷᠭᠡᠨ ᠬᠥᠭᠵᠢᠯᠲᠡ᠂ ᠪᠦᠬᠦᠯᠢ ᠴᠣᠭᠴᠠ ᠶᠢᠨ | ᠳᠡᠭᠡᠭᠰᠢᠯᠡᠯᠲᠡ ᠶᠢ ᠲᠦᠯᠬᠢᠨ ᠠᠬᠢᠭᠤᠯᠤᠨ᠎ᠠ᠃ | ︵ᠲᠦᠷᠪᠡ︶ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠳᠡᠭᠡᠷ᠎ᠡ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ | ᠰᠢᠪᠲᠤᠯᠤᠯᠲᠠ ᠭᠠᠷᠭᠠᠨ᠎ᠠ᠃ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠦᠷᠭᠡᠨ ᠰᠡᠷᠭᠦᠯᠲᠡ ᠶᠢ ᠠᠬᠢᠭᠤᠯᠤᠨ᠎ᠠ᠃ | ᠤᠯᠤᠰ᠂ ᠥᠪᠡᠷᠲᠡᠭᠡᠨ ᠵᠠᠰᠠᠬᠤ ᠣᠷᠣᠨ ᠤ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠬᠢᠨᠠᠮᠠᠭᠠᠶ ᠨᠠᠶᠢᠳᠠᠪᠤᠷᠢᠵᠢᠭᠤᠯᠵᠤ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ᠂ ᠪᠠᠭᠤᠳᠠᠯ᠂ ᠢᠳᠡᠭᠡᠨ ᠤᠮᠳᠠᠭᠠᠨ᠂ ᠰᠣᠶᠣᠯ ᠵᠢᠭᠤᠯᠴᠢᠯᠠᠯ ᠵᠤᠭ᠎ᠠ ᠴᠡᠩᠭᠡᠯ ᠵᠡᠷᠭᠡ | ᠬᠡᠷᠡᠭᠯᠡᠭᠡᠨ ᠤ ᠠᠵᠢᠯ ᠲᠥᠷᠥᠯ ᠢ ᠬᠠᠪᠰᠤᠷᠤᠨ ᠵᠢᠯᠤᠭᠤᠳᠴᠦ ᠢᠲᠡᠭᠡᠯ ᠵᠣᠷᠢᠭ ᠢ ᠨᠢ ᠬᠥᠪᠴᠢᠯᠡᠵᠦ᠂ ᠬᠡᠪ ᠤᠨ | ᠪᠠᠶᠢᠳᠠᠯ ᠢ ᠨᠢ ᠰᠡᠷᠭᠦᠭᠡᠨ᠂ ᠤᠷᠤᠰᠬᠠᠯ ᠳᠠᠭᠠᠭᠰᠠᠨ ᠰᠥᠨᠢ ᠶᠢᠨ ᠵᠠᠬ᠎ᠠ ᠂ ᠠᠷᠠᠳ ᠤᠨ ᠠᠮᠢᠳᠤᠷᠠᠯ ᠤᠨ ᠬᠡᠷᠡᠭᠴᠡᠭᠡᠲᠦ | ᠥᠷᠯᠥᠭᠡ ᠶᠢᠨ ᠵᠠᠬ᠎ᠠ᠂ ᠬᠤᠲᠠ ᠬᠥᠳᠡᠭᠡ ᠶᠢᠨ ᠴᠤᠭᠯᠠᠭ᠎ᠠ ᠮᠠᠶᠢᠮᠠᠶ ᠶᠢ ᠬᠥᠭᠵᠢᠭᠦᠯᠬᠦ ᠶᠢ ᠵᠣᠷᠢᠭᠵᠢᠭᠤᠯᠵᠤ᠂ ︽ | ᠢᠨᠲ᠋ᠧᠷ ᠰᠦᠯᠵᠢᠶ᠎ᠡ +︾ ᠬᠡᠷᠡᠭᠯᠡᠭᠡᠨ ᠤ ᠬᠡᠯᠪᠡᠷᠢ ᠶᠢ ᠪᠤᠶᠢᠵᠢᠭᠤᠯᠤᠨ ᠬᠦᠭᠵᠢᠭᠦᠯᠵᠦ᠂ ᠵᠠᠬ᠎ᠠ ᠳᠡᠯᠭᠡᠭᠦᠷ ᠢ ᠦᠨᠡᠨ | ᠬᠦ ᠬᠥᠭᠵᠢᠭᠡᠨ᠂ ᠬᠡᠷᠡᠭᠯᠡᠭᠡ ᠶᠢ ᠦᠨᠡᠨ ᠬᠦ ᠭᠦᠭᠵᠢᠭᠡᠨ᠂ ᠠᠷᠠᠳ ᠣᠯᠠᠨ ᠢ ᠤᠯᠬᠤ ᠵᠣᠭᠤᠰ ᠲᠠᠢ᠂ ᠵᠠᠷᠤᠬᠤ | ᠵᠣᠭᠤᠰ ᠲᠠᠢ ᠪᠠᠶᠢᠯᠠᠭᠠᠨ᠎ᠠ᠃ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠳᠡᠭᠡᠳᠦ ᠲᠡᠰ ᠤᠨ ᠬᠥᠭᠵᠢᠯᠲᠡ ᠶᠢ | ᠠᠬᠢᠭᠤᠯᠤᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠪᠠ ᠦᠷ᠎ᠡ ᠠᠰᠢᠭ ᠢ ᠨᠡᠮᠡᠭᠳᠡᠭᠦᠯᠬᠦ ︽ᠬᠤᠶᠠᠷ ᠬᠥᠯ︾ ᠢᠶᠠᠷ | ᠵᠠᠮᠨᠠᠬᠤ ᠶᠢ ᠪᠠᠷᠢᠮᠲᠠᠯᠠᠵᠤ᠂ ᠰᠢᠨ᠎ᠡ ᠦᠵᠡᠮᠵᠢ ᠶᠢᠨ ᠴᠡᠭ ᠢ ᠪᠠᠶᠢᠭᠤᠯᠵᠤ᠂ ᠰᠢᠨ᠎ᠡ ᠬᠡᠯᠪᠡᠷᠢ ᠶᠢᠨ ᠨᠠᠭᠠᠳᠤᠨ ᠴᠡᠩᠭᠡᠬᠦ | ᠠᠷᠭ᠎ᠠ ᠶᠢ ᠡᠭᠦᠳᠦᠨ᠂ ᠰᠢᠨ᠎ᠡ ᠵᠠᠮ ᠱᠤᠭᠤᠮ ᠢ ᠨᠡᠭᠡᠭᠡᠨ ᠬᠥᠭᠵᠢᠭᠦᠯᠵᠦ᠂ ᠰᠢᠨ᠎ᠡ ᠡᠵᠡᠩᠨᠡᠯᠲᠡ ᠶᠢᠨ ᠬᠡᠯᠪᠡᠷᠢ ᠶᠢ | ᠪᠤᠶᠢᠵᠢᠭᠤᠯᠵᠤ᠂ ᠣᠯᠠᠨ ᠤᠯᠤᠰ ᠤᠨ ᠨᠡᠷᠡᠲᠦ ᠵᠢᠭᠤᠯᠴᠢᠯᠠᠯ ᠤᠨ ᠵᠤᠷᠢᠯᠭᠠᠲᠤ ᠭᠠᠵᠠᠷ᠂ ᠤᠯᠤᠰ ᠤᠨ ᠳᠤᠲᠤᠭᠠᠳᠤ | ᠶᠢᠨ ᠵᠢᠭᠤᠯᠴᠢᠯᠠᠯ ᠤᠨ ᠵᠠᠪᠠᠯ ᠵᠤᠷᠢᠬᠤ ᠭᠠᠵᠠᠷ᠂ ᠳᠡᠯᠡᠬᠡᠢ ᠶᠢᠨ ᠲᠡᠰ ᠤᠨ ᠵᠢᠭᠤᠯᠴᠢᠯᠠᠯ ᠤᠨ ᠰᠡᠭᠦᠳᠡᠷᠯᠡᠬᠦ ᠭᠠᠵᠠᠷ᠂ | ᠳᠡᠭᠡᠳᠦ ᠲᠡᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠡᠷᠬᠢᠯᠡᠬᠦ ᠭᠠᠵᠠᠷ᠂ ᠣᠨᠴᠠᠯᠢᠭᠲᠤ ᠠᠷᠠᠳ ᠤᠨ | ᠰᠠᠭᠤᠴᠠ ᠶᠢᠨ ᠪᠦᠷᠢᠳᠭᠡᠬᠦᠯᠬᠦ ᠭᠠᠵᠠᠷ ᠢ ᠴᠢᠷᠮᠠᠶᠢᠨ ᠪᠠᠶᠢᠭᠤᠯᠵᠤ᠂ ᠠᠯᠠᠱᠠ ᠶᠢ ᠦᠨᠡᠨ ᠬᠦ ᠦᠵᠡᠰᠬᠦᠯᠡᠩᠲᠦ | ᠰᠠᠶᠢᠬᠠᠨ ᠦᠵᠡᠮᠵᠢ ᠲᠠᠢ᠂ ᠠᠮᠲᠠᠲᠤ ᠰᠠᠶᠢᠬᠠᠨ ᠢᠳᠡᠭᠡᠨ ᠲᠠᠢ᠂ ᠪᠦᠬᠦ ᠣᠷᠣᠨ ᠪᠦᠰᠡ ᠪᠠᠷ ᠨᠠᠭᠠᠳᠤᠨ ᠵᠤᠭᠠᠴᠠᠬᠤ᠂ | ᠳᠥᠷᠪᠡᠨ ᠤᠯᠠᠷᠢᠯ ᠳᠤ ᠪᠦᠷ ᠲᠤᠭᠤᠷᠢᠨ ᠵᠤᠭᠠᠴᠠᠵᠦ ᠪᠤᠯᠬᠤ ᠰᠤᠶᠤᠯ ᠵᠢᠭᠤᠯᠴᠢᠯᠠᠯ ᠤᠨ ᠤᠷᠤᠨ ᠪᠤᠯᠭᠠᠨ | ᠪᠦᠲᠦᠭᠡᠨ ᠪᠠᠶᠢᠭᠤᠯᠤᠨ᠎ᠠ᠃ ᠡᠯᠡᠰᠦᠨ ᠤ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠡᠯᠡᠰᠦ ᠪᠠᠷ | ᠨᠠᠭᠠᠳᠬᠤ︾ ᠪᠠ ︽ᠡᠯᠡᠰᠦᠨ ᠳᠤ ᠨᠠᠭᠠᠳᠬᠤ︾ ᠶᠢ ᠨᠢᠭᠡᠳᠦᠯᠲᠡᠶ ᠲᠥᠯᠥᠪᠵᠢᠭᠦᠯᠵᠦ᠂ ᠵᠢᠭᠤᠯᠴᠢᠯᠠᠯ ᠤᠨ | ᠲᠤᠯᠤᠭᠠᠶᠢᠯᠠᠬᠤ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠶᠢ ᠡᠭᠦᠳᠦᠨ | ᠰᠦᠪᠡᠭᠴᠢᠯᠡᠬᠦ ᠪᠠᠷ ᠳᠠᠮᠵᠢᠨ ᠪᠠᠭᠠᠲᠤᠷᠴᠤᠳ ᠤᠨ ᠴᠤᠭᠯᠠᠭᠠᠨ᠂ ᠲᠤᠤᠷᠠᠶ ᠶᠢᠨ ᠨᠠᠶᠢᠷ᠂ ᠨᠠᠭᠠᠳᠤᠮ ᠤᠨ ᠬᠤᠷᠠᠯ | ᠵᠡᠷᠭᠡ ᠤᠯᠠᠮᠵᠢᠯᠠᠯᠲᠤ ᠳᠡᠭᠡᠳᠦ ᠲᠠᠰ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠰᠠᠶᠢᠲᠤᠷ ᠡᠷᠭᠢᠯᠡᠵᠦ᠂ | ᠡᠯᠡᠰᠦᠨ ᠤ ᠡᠬᠢ ᠪᠠᠶᠠᠯᠢᠭ ᠢ ᠦᠨᠡᠨ ᠬᠦ ᠵᠢᠭᠤᠯᠴᠢᠯᠠᠯ ᠤᠨ ᠪᠦᠲᠦᠭᠡᠭᠳᠡᠬᠦᠨ᠂ ᠵᠢᠭᠤᠯᠴᠢᠯᠠᠯ ᠤᠨ ᠬᠤᠳᠠᠯᠳᠤᠭ᠎ᠠ | ᠪᠣᠯᠭᠠᠵᠤ᠂ ᠥᠨᠳᠥᠷ ᠭᠠᠷᠤᠭ᠎ᠠ ᠥᠨᠳᠥᠷ ᠲᠦᠪᠰᠢᠨ ᠠᠴᠠ ᠳᠡᠯᠡᠬᠡᠶ ᠶᠢᠨ ᠲᠡᠷᠢᠭᠦᠨ ᠤ ︽ᠡᠯᠡᠰᠦ ᠮᠠᠩᠬᠠᠨ ᠤ | ᠪᠠᠶᠠᠰᠬᠤᠯᠠᠩᠲᠦ ᠶᠢᠷᠲᠢᠨᠴᠦ︾ ᠶᠢ ᠴᠤᠭᠴᠠᠯᠠᠨ ᠪᠠᠶᠢᠭᠤᠯᠤᠨ᠎ᠠ᠃ ᠬᠠᠴᠢᠨ ᠴᠢᠯᠠᠭᠤᠨ ᠤ ᠠᠵᠤ ᠦᠢᠯᠡᠰ ᠪᠣᠯᠤᠨ | ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠭᠦᠨᠵᠡᠭᠡᠶ ᠠᠭᠤᠰᠤᠯᠴᠠᠯ ᠢ ᠠᠬᠢᠭᠤᠯᠵᠤ᠂ ᠬᠤᠯᠠᠳᠠᠬᠢᠨ ᠢ | ᠲᠤᠭᠲᠠᠭᠠᠭᠴᠢ ᠡᠷᠲᠡᠨ ᠤ ᠬᠤᠲᠠ᠂ ᠡᠯᠡᠰᠦ ᠮᠠᠩᠬᠠᠨ ᠤ ᠬᠠᠴᠢᠨ ᠴᠢᠯᠠᠭᠤᠨ ᠤ ᠠᠵᠤ ᠦᠢᠯᠡᠰ ᠤᠨ | ᠬᠦᠷᠢᠶᠡᠯᠡᠩ ᠯᠦᠭᠡ ᠨᠢᠭᠡᠳᠦᠯᠲᠡᠶ ᠲᠥᠯᠥᠪᠵᠢᠭᠦᠯᠦᠨ ᠬᠤᠯᠪᠣᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠠᠯᠠᠱᠠ ᠶᠢ | ᠪᠥᠬᠦ ᠤᠯᠤᠰ ᠴᠢᠨᠠᠭᠰᠢᠯᠠᠪᠠᠯ ᠳᠡᠯᠡᠬᠡᠶ ᠶᠢᠨ ᠴᠢᠬᠤᠯᠠ ᠬᠠᠴᠢᠨ ᠴᠢᠯᠠᠭᠤᠨ ᠤ ᠦᠵᠡᠭᠦᠯᠦᠯᠭᠡ ᠰᠤᠯᠢᠯᠴᠠᠭᠠᠨ ᠤ | ᠰᠣᠶᠣᠯ ᠤᠨ ᠲᠥᠪ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠨ᠎ᠠ᠃ ᠪᠣᠭᠤᠮᠲᠠ ᠶᠢᠨ ᠠᠵᠤ ᠠᠬᠤᠶ ᠶᠢᠨ | ᠬᠡᠮᠵᠢᠶ᠎ᠡ ᠶᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠤᠨ᠎ᠠ᠃ ᠴᠡᠭᠡ ᠪᠣᠭᠤᠮᠲᠠ ᠶᠢᠨ ᠰᠠᠭᠤᠷᠢ | ᠳᠦᠬᠦᠭᠡᠷᠦᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠬᠥᠮᠥᠷᠭᠡᠯᠡᠨ ᠬᠠᠳᠠᠭᠠᠯᠠᠬᠤ ᠴᠢᠳᠠᠪᠤᠷᠢ ᠶᠢ ᠨᠡᠮᠡᠭᠳᠡᠭᠦᠯᠦᠨ᠂ | ᠪᠣᠭᠤᠮᠲᠠ ᠪᠠᠷ ᠥᠩᠭᠡᠷᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠡᠮᠦᠷ ᠵᠠᠮ ᠵᠠᠰᠠᠮᠠᠯ ᠵᠠᠮ ᠤᠨ | ᠲᠡᠭᠡᠭᠡᠪᠦᠷᠢᠯᠡᠬᠦ ᠬᠦᠴᠦᠨ ᠢ ᠨᠡᠮᠡᠭᠳᠡᠭᠦᠯᠦᠨ᠂ 2023 ᠣᠨ ᠳᠤ 1600 ᠲᠦᠮᠡᠨ ᠲᠣᠨ ᠠᠴᠠ ᠳᠡᠭᠡᠭᠰᠢ | ᠨᠡᠭᠦᠷᠡᠰᠦ ᠶᠢ ᠭᠠᠳᠠᠭᠠᠳᠤ ᠠᠴᠠ ᠣᠷᠣᠭᠤᠯᠬᠤ ᠪᠠᠷ ᠴᠢᠷᠮᠠᠶᠢᠨ᠎ᠠ᠃ ᠥᠯᠵᠡᠶ ᠪᠣᠭᠤᠮᠲᠠ ᠶᠢᠨ ᠮᠣᠩᠭᠤᠯ ᠤᠨ | ᠲᠠᠯ᠎ᠠ ᠶᠢᠨ ᠰᠠᠭᠤᠷᠢ ᠳᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠤᠰᠠᠯᠠᠨ ᠪᠠᠶᠢᠭᠤᠯᠬᠤ ᠠᠵᠢᠯ ᠢ | ᠢᠳᠡᠪᠬᠢᠲᠡᠶ ᠪᠠᠷ ᠲᠦᠯᠬᠢᠨ ᠠᠬᠢᠭᠤᠯᠵᠤ᠂ ᠡᠷᠲᠡᠬᠡᠨ ᠪᠣᠭᠤᠮᠲᠠ ᠪᠠᠷ ᠥᠩᠭᠡᠷᠡᠭᠦᠯᠬᠦ ᠪᠠᠷ ᠴᠢᠷᠮᠠᠶᠢᠨ᠎ᠠ᠃ ︽ᠪᠣᠭᠤᠮᠲᠠ | + ᠠᠵᠤ ᠦᠢᠯᠡᠰ︾ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ | ᠂ ᠪᠤᠳᠠᠳᠠᠶᠢᠵᠢᠭᠤᠯᠤᠨ ᠡᠳ᠋ᠰᠢᠭᠦᠯᠬᠦ᠂ ᠡᠳ᠋ ᠪᠠᠷᠠᠭ᠎ᠠ ᠶᠢ ᠲᠥᠪᠯᠡᠷᠡᠭᠦᠯᠵᠦ ᠲᠠᠷᠬᠠᠭᠠᠬᠤ᠂ ᠬᠢᠯᠢ ᠠᠯᠤᠰᠯᠠᠭᠰᠠᠨ | ᠡᠯᠧᠺᠲᠷᠣᠨ ᠬᠤᠳᠠᠯᠳᠤᠭ᠎ᠠ᠂ ᠪᠣᠭᠤᠮᠲᠠ ᠶᠢᠨ ᠵᠢᠭᠤᠯᠴᠢᠯᠠᠯ ᠵᠡᠷᠭᠡ ᠲᠠᠯ᠎ᠠ ᠪᠠᠷ ᠬᠦᠴᠦᠯᠡᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠵᠠᠮ ᠱᠤᠭᠤᠮ ᠤᠨ ᠳᠠᠪᠠᠭᠤᠯᠢᠭ ᠢ ᠠᠵᠤ ᠠᠬᠤᠶ ᠶᠢᠨ ᠳᠠᠪᠠᠭᠤᠯᠢᠭ ᠪᠣᠯᠭᠠᠨ | ᠬᠤᠪᠢᠷᠠᠭᠤᠯᠬᠤ ᠶᠢ ᠲᠦᠷᠭᠡᠳᠬᠡᠨ᠎ᠡ᠃ ᠴᠡᠷᠢᠭ ᠠᠷᠠᠳ ᠤᠨ ᠬᠡᠷᠡᠭᠯᠡᠭᠡ ᠠᠭᠤᠰᠤᠯᠴᠠᠭᠰᠠᠨ ᠤᠨᠴᠠᠯᠢᠬᠳᠤ ᠠᠵᠤ | ᠦᠢᠯᠡᠰ ᠢ ᠪᠤᠶᠢᠵᠢᠭᠤᠯᠤᠨ᠎ᠠ᠃ ᠬᠤᠳᠠᠯᠳᠤᠭᠠᠨ ᠤ ᠦᠢᠯᠡᠰ ᠲᠤ ᠵᠤᠷᠢᠭᠤᠯᠤᠭᠰᠠᠨ ᠰᠠᠨᠰᠠᠷ ᠠᠶᠠᠯᠠᠯ᠂ ᠮᠡᠳᠡᠭᠡ | ᠵᠠᠩᠭᠢ ᠶᠢᠨ ᠠᠮᠤᠷ ᠲᠦᠪᠰᠢᠨ᠂ ᠵᠡᠪᠰᠡᠭ ᠲᠣᠨᠣᠭᠯᠠᠯ ᠤᠨ ᠲᠤᠷᠰᠢᠨ ᠰᠢᠯᠭᠠᠯᠲᠠ᠂ ᠴᠡᠷᠢᠭ ᠤᠨ ᠠᠵᠤ | ᠦᠢᠯᠡᠳᠪᠦᠷᠢ ᠶᠢᠨ ᠮᠡᠷᠭᠡᠵᠢᠯ ᠢ ᠠᠷᠠᠳ ᠤᠨ ᠬᠡᠷᠡᠭᠯᠡᠭᠡᠨ ᠳᠤ ᠰᠢᠯᠵᠢᠭᠦᠯᠬᠦ ᠪᠠ ᠣᠨᠴᠠ ᠲᠦᠷᠦᠯ ᠤᠨ ᠬᠡᠳᠦ | ᠳᠠᠭᠠᠭᠠᠮᠠᠭᠠᠢ ᠪᠤᠯᠤᠳ᠂ ᠨᠡᠭᠦᠷᠡᠰᠦᠲᠥ᠋ᠷᠥᠭᠴᠢ ᠴᠠᠬᠢᠭᠤᠷ ᠤᠨ ᠪᠥᠭᠡᠭᠡᠨᠡᠪᠦᠷᠢ ᠵᠡᠷᠭᠡ ᠳᠡᠭᠡᠳᠦ ᠰᠢᠨ᠎ᠡ ᠮᠠᠲ᠋ᠧᠷᠢᠶᠠᠯ ᠤᠨ | ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠨ ᠠᠬᠢᠭᠤᠯᠵᠤ᠂ ᠰᠣᠶᠣᠯ ᠵᠢᠭᠤᠯᠴᠢᠯᠠᠯ᠂ ᠠᠷᠤ ᠦᠢᠯᠡᠴᠢᠯᠡᠭᠡᠨ ᠤ | ᠪᠠᠲᠤᠯᠠᠭ᠎ᠠ᠂ ᠨᠡᠶᠢᠭᠡᠮ ᠤᠨ ᠦᠢᠯᠡᠴᠢᠯᠡᠭᠡᠨ ᠤ ᠭᠦᠨᠵᠡᠭᠡᠢ ᠬᠠᠮᠲᠤᠷᠠᠯᠴᠠᠭ᠎ᠠ ᠶᠢ ᠠᠬᠢᠭᠤᠯᠵᠤ᠂ ᠴᠡᠷᠢᠭ ᠠᠷᠠᠳ ᠤᠨ | ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠬᠤᠰᠢᠭᠤᠴᠢ ᠣᠷᠣᠨ ᠢ ᠴᠢᠷᠮᠠᠶᠢᠨ ᠪᠠᠶᠢᠭᠤᠯᠤᠨ᠎ᠠ᠃ | ︵ᠲᠠᠪᠤ︶ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠰᠢᠨ᠎ᠡ | ᠵᠢᠳᠬᠦᠯ ᠴᠢᠷᠮᠠᠶᠢᠯᠭ᠎ᠠ ᠰᠢᠨ᠎ᠡ ᠰᠢᠪᠲᠤᠯᠤᠯᠲᠠ ᠭᠠᠷᠭᠠᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠪᠦᠬᠦ | ᠬᠦᠴᠦᠨ ᠢᠶᠠᠷ ᠢᠶᠠᠨ ᠬᠠᠮᠠᠭᠠᠯᠠᠨ᠎ᠠ᠃ ᠭᠤᠷᠪᠠᠨ ᠶᠡᠭᠡ ᠡᠯᠡᠰᠦ ᠪᠠ ᠬᠠᠲᠤᠨ ᠭᠤᠤᠯ᠂ ᠬᠠᠷ᠎ᠠ ᠭᠤᠤᠯ ᠤᠨ ᠰᠠᠪᠠ | ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠵᠤ᠂ ᠠᠯᠠᠱᠠ ᠠᠭᠤᠯᠠ ᠶᠢᠨ ᠠᠮᠢ | ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠥᠪᠥᠷ ᠮᠣᠩᠭᠤᠯ ᠤᠨ | ᠪᠠᠷᠠᠭᠤᠨ ᠬᠡᠰᠡᠭ ᠤᠨ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ ᠵᠡᠷᠭᠡ ᠠᠮᠢ ᠠᠬᠤᠶ ᠶᠢᠨ ᠲᠥᠷᠥᠯ ᠵᠦᠢᠯ ᠢ | ᠭᠤᠤᠯᠳᠠᠯᠭ᠎ᠠ ᠲᠠᠢ ᠰᠠᠶᠢᠲᠤᠷ ᠠᠳᠬᠤᠨ᠎ᠠ᠃ ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠶ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠵᠦ᠂ 43 ᠪᠣᠬᠢᠷᠲᠤᠯ ᠢ ᠰᠡᠷᠭᠡᠶᠢᠯᠡᠨ | ᠵᠠᠰᠠᠬᠤ ᠲᠥᠷᠥᠯ ᠵᠦᠢᠯ ᠢ ᠬᠡᠷᠡᠭᠵᠢᠭᠦᠯᠵᠦ᠂ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ | ᠪᠠᠲᠤᠲᠠᠶ ᠰᠠᠶᠢᠲᠤᠷ ᠬᠢᠨ᠎ᠠ᠃ ᠴᠡᠪᠡᠷ ᠡᠨᠧᠷᠭᠢ + ᠠᠮᠢ ᠠᠬᠤᠶ᠂ ᠴᠡᠪᠡᠷ ᠡᠨᠧᠷᠭᠢ + ᠠᠵᠤ ᠦᠢᠯᠡᠰ ᠵᠡᠷᠭᠡ | ᠵᠠᠰᠠᠯᠲᠠ ᠶᠢᠨ ᠵᠠᠭᠪᠤᠷ ᠢ ᠰᠦᠪᠡᠭᠴᠢᠯᠡᠵᠦ᠂ ᠠᠯᠠᠱᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ᠂ ᠳᠠᠭᠤᠷᠢᠶᠠᠨ | ᠳᠡᠯᠭᠡᠷᠡᠭᠦᠯᠵᠦ ᠪᠣᠯᠬᠤ ᠠᠮᠢ ᠠᠬᠤᠶ ᠶᠢᠨ ᠬᠠᠮᠠᠭᠠᠯᠠᠯᠲᠠ ᠪᠥᠲᠥᠭᠡᠨ ᠪᠠᠶᠢᠭᠤᠯᠤᠯᠲᠠ ᠶᠢᠨ ᠰᠢᠨ᠎ᠡ ᠵᠠᠮ ᠢᠶᠠᠷ | ᠵᠠᠮᠨᠠᠬᠤ ᠪᠠᠷ ᠴᠢᠷᠮᠠᠶᠢᠵᠤ᠂ ᠪᠠᠷᠠᠭᠤᠨ ᠣᠷᠣᠨ ᠤ ᠴᠦᠯᠯᠡᠷᠭᠡᠭᠵᠢᠯ ᠢ ᠵᠠᠰᠠᠵᠤ ᠬᠠᠮᠠᠭᠠᠯᠠᠬᠤ ᠵᠢᠱᠢᠶ᠎ᠡ ᠦᠵᠡᠭᠦᠯᠬᠦ | ᠥᠯᠢᠭᠡᠷ ᠳᠠᠭᠤᠷᠢᠶᠠᠯ ᠢ ᠴᠢᠷᠮᠠᠶᠢᠨ ᠪᠣᠶ ᠪᠣᠯᠭᠠᠨ᠎ᠠ᠃ ᠬᠤᠳᠠ ᠬᠥᠳᠡᠭᠡ ᠶᠢᠨ ᠣᠷᠴᠢᠨ ᠨᠥᠬᠦᠴᠡᠯ ᠢ ᠬᠦᠴᠦᠯᠡᠨ | ᠰᠠᠶᠢᠵᠢᠷᠠᠭᠤᠯᠤᠨ᠎ᠠ᠃ ᠨᠢᠭᠡ ᠪᠦᠯᠦᠭ ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ᠂ ᠤᠰᠤᠨ ᠤ ᠠᠮᠢ | ᠠᠬᠤᠶ ᠶᠢᠨ ᠬᠠᠮᠠᠭᠠᠯᠠᠯᠲᠠ᠂ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠵᠡᠷᠭᠡ ᠤᠰᠤᠨ ᠠᠰᠢᠭᠯᠠᠯᠲᠠ ᠶᠢᠨ | ᠲᠥᠷᠥᠯ ᠵᠦᠢᠯ ᠢ ᠲᠡᠮᠡᠴᠡᠨ ᠤᠯᠬᠤ ᠪᠠᠷ ᠴᠢᠷᠮᠠᠶᠢᠵᠦ᠂ ᠬᠠᠲᠤᠨ ᠭᠤᠤᠯ ᠤᠨ ᠥᠪᠥᠷ ᠮᠣᠩᠭᠤᠯ ᠤᠨ ᠬᠡᠰᠡᠭ ᠲᠠᠬᠢ | ᠪᠠᠴᠢᠮ ᠪᠠᠶᠢᠳᠠᠯ ᠢ ᠠᠷᠭᠠᠴᠠᠭᠠᠨ ᠬᠠᠯᠢᠶ᠎ᠠ ︵ᠦᠶᠡᠷ︶ ᠶᠢ ᠰᠠᠯᠭᠠᠬᠤ ᠢᠨᠵᠧᠨᠧᠷᠢᠩ ᠢ ᠡᠷᠲᠡᠬᠡᠨ ᠬᠡᠷᠡᠭᠵᠢᠭᠦᠯᠬᠦ ᠶᠢ | ᠬᠦᠴᠦᠯᠡᠨ ᠠᠬᠢᠭᠤᠯᠵᠤ᠂ ᠮᠠᠨ ᠤ ᠠᠶᠢᠮᠠᠭ ᠢ ᠤᠯᠤᠰ ᠤᠨ ᠡᠮᠦᠨᠡᠲᠦ ᠶᠢᠨ ᠤᠰᠤ ᠶᠢ ᠤᠮᠠᠷᠠᠰᠢ ᠲᠠᠲᠠᠬᠤ ᠪᠠᠷᠠᠭᠤᠨ | ᠱᠤᠭᠤᠮ ᠤᠨ ᠢᠨᠵᠧᠨᠧᠷᠢᠩ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠲᠠᠷᠢᠶᠠᠯᠠᠩ ᠤᠨ ᠤᠰᠤ | ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ᠂ ᠠᠵᠤ ᠦᠢᠯᠡᠳᠪᠦᠷᠢ ᠶᠢᠨ ᠤᠰᠤ ᠠᠷᠪᠢᠯᠠᠵᠤ ᠬᠤᠷᠣᠭᠳᠠᠯ ᠢ ᠪᠠᠭᠠᠰᠬᠠᠬᠤ | ᠂ ᠬᠤᠲᠠ ᠪᠠᠯᠭᠠᠰᠤᠨ ᠤ ᠤᠰᠤ ᠠᠷᠪᠢᠯᠠᠵᠤ ᠬᠤᠬᠢᠷᠠᠯ ᠢ ᠪᠠᠭᠠᠰᠬᠠᠬᠤ ᠶᠢ ᠵᠡᠷᠭᠡᠪᠡᠷ ᠠᠬᠢᠭᠤᠯᠵᠤ᠂ ᠤᠰᠤ ᠶᠢ ᠦᠨᠡᠨ | ᠬᠦ ᠦᠯᠡᠳᠡᠭᠡᠵᠦ᠂ ᠠᠷᠪᠢᠯᠠᠵᠤ᠂ ᠠᠮᠢᠯᠠᠭᠤᠯᠤᠨ᠎ᠠ᠃ ᠢᠷᠭᠠᠢ ᠠᠴᠠ ᠪᠠᠶᠠᠨᠬᠤᠲᠠ ᠬᠦᠷᠬᠦ ᠬᠤᠷᠳᠤᠨ ᠤ ᠲᠡᠮᠦᠷ ᠵᠠᠮ᠂ | ᠯᠢᠨ ᠾᠧ ᠠᠴᠠ ᠬᠠᠮᠢ ᠬᠦᠷᠬᠦ ᠲᠡᠮᠦᠷ ᠵᠠᠮ ᠤᠨ ᠠᠯᠠᠱᠨ ᠠᠶᠢᠮᠠᠭ ᠤᠨ ᠬᠡᠰᠡᠭ ᠤᠨ ᠴᠢᠳᠠᠮᠵᠢ ᠶᠢ ᠳᠡᠭᠡᠭᠰᠢᠯᠡᠬᠦᠯᠬᠦ | ᠥᠭᠡᠷᠡᠴᠢᠯᠡᠯᠲᠡ᠂ G1817 ᠠᠯᠠᠱᠨ ᠠᠶᠢᠮᠠᠭ ᠤᠨ ᠦᠨᠳᠦᠷ ᠬᠤᠷᠳᠤᠴᠠᠲᠦ ᠵᠠᠰᠠᠮᠠᠯ ᠵᠠᠮ ᠵᠡᠷᠭᠡ | ᠭᠤᠣᠯᠳᠠᠯᠭ᠎ᠠ ᠲᠠᠢ ᠵᠠᠮ ᠬᠠᠷᠢᠯᠴᠠᠭᠠᠨ ᠤ ᠲᠥᠷᠦᠯ ᠵᠦᠢᠯ ᠢ ᠰᠠᠶᠢᠳᠤᠷ ᠠᠳᠬᠤᠵᠤ᠂ ᠠᠯᠠᠱᠠ ᠵᠡᠭᠦᠨ ᠬᠤᠰᠢᠭᠤᠨ ᠤ | ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠪᠣᠯᠭᠠᠨ ᠥᠭᠡᠷᠡᠴᠢᠯᠡᠬᠦ ᠢᠨᠵᠧᠨᠧᠷᠢᠩ ᠢ | ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤᠨ ᠤ ᠨᠢᠰᠬᠡᠯ ᠤᠨ | ᠪᠠᠭᠤᠳᠠᠯ ᠢ ᠳᠡᠰ ᠳᠡᠪᠰᠢᠬᠦᠯᠦᠨ ᠳᠡᠭᠡᠭᠡᠪᠦᠷᠢ ᠶᠢᠨ ᠨᠢᠰᠬᠡᠯ ᠤᠨ ᠪᠠᠭᠤᠳᠠᠯ ᠪᠤᠯᠭᠠᠬᠤ ᠶᠢ ᠠᠬᠢᠭᠤᠯᠤᠨ᠎ᠠ᠃ ᠣᠷᠣᠰᠢᠨ | ᠠᠮᠢᠳᠤᠷᠠᠬᠤ ᠳᠤ ᠲᠣᠬᠢᠷᠠᠮᠵᠢᠲᠠᠶ᠂ ᠤᠶᠠᠨ ᠬᠠᠲᠠᠨ ᠴᠢᠨᠠᠷᠲᠠᠶ᠂ ᠤᠶᠤᠨᠲᠤ ᠬᠤᠲᠠ ᠪᠠᠯᠭᠠᠰᠤ ᠶᠢ ᠵᠢᠱᠢᠶᠡᠴᠢᠯᠡᠨ | ᠪᠠᠶᠢᠭᠤᠯᠵᠤ᠂ ᠬᠤᠲᠠ ᠪᠠᠯᠭᠠᠰᠤᠨ ᠤ ᠰᠢᠨᠡᠴᠢᠯᠡᠯᠲᠡ ᠶᠢ ᠠᠬᠢᠭᠤᠯᠤᠨ᠂ ᠬᠤᠲᠠ ᠪᠠᠯᠭᠠᠰᠤᠨ ᠤ ᠬᠠᠮᠢᠶᠠᠷᠤᠯᠲᠠ ᠶᠢ | ᠴᠢᠩᠭᠠᠳᠬᠠᠵᠤ᠂ ᠬᠤᠲᠠ ᠪᠠᠯᠭᠠᠰᠤᠨ ᠤ ᠴᠢᠳᠠᠮᠵᠢ ᠶᠢ ᠲᠡᠭᠦᠯᠳᠡᠷᠵᠢᠭᠦᠯᠦᠨ᠂ ᠬᠥᠮᠦᠨ ᠠᠮᠠ ᠶᠢᠨ ᠲᠠᠲᠠᠬᠤ ᠬᠦᠴᠦᠨ | ᠪᠠ ᠠᠵᠤ ᠠᠬᠤᠶ ᠶᠢᠨ ᠳᠠᠭᠠᠭᠠᠴᠠ ᠶᠢ ᠨᠡᠮᠡᠭᠳᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠥᠷᠢᠯᠡᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠤᠨ᠎ᠠ᠃ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠬᠦᠴᠦᠯᠡᠨ ᠰᠢᠯᠢᠳᠡᠭᠵᠢᠭᠦᠯᠦᠨ᠎ᠡ᠃ ᠣᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠵᠦ᠂ | ᠰᠠᠭᠠᠳ ᠲᠣᠳᠬᠠᠷ ᠢ ᠠᠷᠢᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ 3.0 ᠬᠡᠪ ᠢ | ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠺᠠᠳ᠋ᠷ ᠢ ᠦᠨᠡᠨ ᠬᠦ ᠵᠣᠷᠢᠭᠲᠠᠶ ᠠᠵᠢᠯᠯᠠᠭᠤᠯᠬᠤ᠂ ᠣᠷᠣᠨ ᠨᠤᠲᠤᠭ | ᠦᠨᠡᠨ ᠬᠦ ᠵᠣᠷᠢᠭᠲᠠᠶ ᠪᠠᠷ ᠪᠦᠲᠦᠭᠡᠨ ᠪᠠᠶᠢᠭᠤᠯᠤᠯᠲᠠ ᠬᠢᠬᠦ᠂ ᠠᠵᠤ ᠠᠬᠤᠶᠢᠯᠠᠯ ᠦᠨᠡᠨ ᠬᠦ ᠵᠣᠷᠢᠭᠲᠠᠶ ᠪᠠᠷ | ᠠᠵᠢᠯᠯᠠᠬᠤ᠂ ᠤᠯᠠᠨ ᠲᠦᠮᠡᠨ ᠦᠨᠡᠨ ᠬᠦ ᠡᠭᠦᠳᠦᠨ ᠪᠦᠲᠦᠭᠡᠯᠳᠡ ᠭᠠᠷᠭᠠᠬᠤ ᠶᠢ ᠪᠡᠶᠡᠯᠡᠭᠦᠯᠦᠨ᠎ᠡ᠃ ︽ᠤᠨᠴᠠ | ᠳᠥᠭᠦᠮ︾ ᠬᠢᠨᠠᠨ ᠵᠦᠪᠰᠢᠶᠡᠷᠡᠯᠳᠡ᠂ ︽ᠤᠨᠴᠠ ᠰᠢᠯᠢᠳᠡᠭ︾ ᠦᠢᠯᠡᠴᠢᠯᠡᠭᠡ᠂ ︽ᠤᠨᠴᠠ ᠣᠨᠣᠪᠴᠢᠲᠠᠶ︾ | ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾ | ᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠬᠦᠢᠴᠡᠳᠬᠡᠬᠦ︾ ᠪᠠ ᠲᠦᠪᠯᠡᠷᠡᠩᠭᠦᠢ ᠦᠢᠯᠡᠴᠢᠯᠡᠭᠡ ᠶᠢ | ᠭᠦᠨᠵᠡᠭᠡᠶᠢᠷᠡᠭᠦᠯᠦᠨ ᠳᠡᠭᠡᠭᠰᠢᠯᠡᠭᠦᠯᠵᠦ᠂ ︽ᠵᠠᠬ᠎ᠠ ᠳᠡᠯᠭᠡᠭᠦᠷ ᠢ ᠰᠢᠯᠤᠭᠤᠳᠬᠠᠨ ᠠᠷᠠᠳ ᠲᠤ ᠳᠥᠭᠦᠮ ᠦᠵᠡᠭᠦᠯᠵᠦ | ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠶ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ︽ᠠᠵᠤ | ᠠᠬᠤᠶᠢᠯᠠᠯ ᠢ ᠬᠠᠪᠰᠤᠷᠤᠨ ᠳᠡᠳᠬᠦᠬᠦ ᠬᠠᠮᠢᠶᠠᠷᠤᠭᠴᠢ︾ ᠶᠢᠨ ᠲᠣᠭᠲᠠᠴᠠ ᠶᠢ ᠰᠦᠪᠡᠭᠴᠢᠯᠡᠨ ᠪᠤᠢ ᠪᠤᠯᠭᠠᠵᠦ᠂ ᠠᠵᠤ | ᠠᠬᠤᠶᠢᠯᠠᠯ ᠢ ᠬᠠᠪᠰᠤᠷᠤᠨ ᠪᠠᠯᠠ ᠮᠥᠩᠭᠦ᠂ ᠲᠦᠭᠦᠬᠡᠶ ᠮᠠᠲ᠋ᠧᠷᠢᠶᠠᠯ᠂ ᠠᠵᠢᠯᠴᠢᠨ᠂ ᠵᠠᠬ᠎ᠠ ᠳᠡᠯᠭᠡᠭᠦᠷ ᠡᠷᠢᠵᠦ᠂ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠬᠥᠭᠵᠢᠭᠡᠨ ᠬᠦᠴᠦᠷᠬᠡᠭᠵᠢᠭᠦᠯᠦᠨ᠎ᠡ᠃ ᠰᠢᠨ᠎ᠡ ᠶᠢ ᠡᠭᠦᠳᠬᠦ | ᠣᠷᠴᠢᠨ ᠲᠣᠭᠤᠷᠢᠨ ᠢ ᠬᠦᠴᠦᠯᠡᠨ ᠪᠤᠶᠢᠵᠢᠭᠤᠯᠤᠨ᠎ᠠ᠃ ᠣᠯᠠᠨ ᠲᠦᠮᠡᠨ ᠤ ᠠᠩᠬᠠᠷᠴᠤ ᠪᠠᠶᠢᠭ᠎ᠠ ᠬᠠᠯᠠᠮᠰᠢᠯ ᠬᠡᠷᠡᠭ | ᠶᠠᠪᠤᠳᠠᠯ᠂ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠨᠡᠶᠢᠲᠡᠴᠢ ᠴᠢᠨᠠᠷᠲᠠᠢ ᠬᠡᠷᠡᠭᠴᠡᠭᠡ ᠱᠠᠭᠠᠷᠳᠠᠯᠭ᠎ᠠ᠂ | ᠨᠡᠶᠢᠭᠡᠮ ᠤᠨ ᠵᠠᠰᠠᠯᠲᠠ ᠶᠢᠨ ᠲᠦᠭᠵᠢᠷᠡᠯ ᠲᠠᠰᠤᠯᠳᠠᠯ ᠤᠨ ᠲᠣᠭᠤᠷᠢᠨ ᠳᠤ᠂ ᠨᠢᠭᠡ ᠪᠦᠯᠦᠭ ᠪᠡᠶ᠎ᠡ ᠪᠠᠨ ᠳᠠᠭᠠᠭᠠᠭᠰᠠᠨ | ᠥᠭᠡᠷᠡᠴᠢᠯᠡᠯᠲᠡ ᠶᠢᠨ ᠲᠥᠷᠥᠯ ᠵᠦᠢᠯ ᠢ ᠨᠢᠮᠪᠠᠢ ᠬᠡᠷᠡᠭᠵᠢᠭᠦᠯᠵᠦ᠂ ᠨᠢᠭᠡ ᠪᠦᠯᠦᠭ ᠣᠳᠣᠬᠠᠨ ᠤ ᠶᠠᠪᠤᠳᠠᠯ ᠢ | ᠬᠠᠮᠢᠶᠠᠷᠬᠤ᠂ ᠠᠯᠤᠰ ᠬᠡᠲᠦ ᠳᠤ ᠠᠰᠢᠭᠲᠠᠢ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠪᠤᠢ ᠪᠣᠯᠭᠠᠬᠤ ᠶᠢ | ᠠᠬᠢᠭᠤᠯᠤᠨ᠎ᠠ᠃ ᠵᠢᠵᠢᠭ ᠪᠢᠴᠢᠯ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ | ᠲᠤᠰᠬᠠᠶ ᠬᠤᠷᠰᠢᠶᠡᠵᠢᠯ ᠤᠨ ᠭᠤᠷᠪᠠᠨ ᠵᠢᠯ ᠤᠨ ᠪᠤᠶᠢᠵᠢᠯᠲᠠ ᠶᠢᠨ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ ︽ | ᠬᠤᠪᠢ ᠬᠤᠪᠢ ᠪᠠᠷ ᠲᠠᠷᠬᠠᠢ ᠣᠷᠣᠬᠤ︾᠂ ︽ᠬᠤᠪᠢ ᠠᠴᠠ ᠠᠵᠤ ᠠᠬᠤᠶᠢᠯᠠᠯ ᠳᠤ ᠰᠢᠯᠵᠢᠬᠦ︾᠂ ︽ᠪᠠᠭ᠎ᠠ ᠠᠴᠠ | ᠬᠡᠪᠴᠢᠶᠡᠵᠢᠬᠦᠯᠬᠦ︾ ᠶᠢ ᠶᠡᠬᠡᠪᠡᠷ ᠠᠬᠢᠭᠤᠯᠤᠨ᠎ᠠ᠃ ᠭᠤᠣᠯᠳᠠᠯᠭ᠎ᠠ ᠲᠠᠢ ᠠᠵᠤ ᠦᠢᠯᠡᠰ ᠤᠨ ᠨᠡᠩ ᠤᠯᠠᠨ | ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠭᠠᠷᠭᠠᠬᠤ ᠳᠤ ᠠᠩᠬᠠᠷᠤᠯ ᠢᠶᠠᠨ | ᠲᠥᠪᠯᠡᠷᠡᠭᠦᠯᠦᠨ᠂ ᠨᠡᠩ ᠤᠯᠠᠨ ᠣᠷᠣᠨ ᠤ᠂ ᠤᠯᠤᠰ ᠤᠨ ᠳᠡᠮᠳᠡᠭᠲᠦ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ | ᠨᠡᠩ ᠤᠯᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠵᠤ᠂ ᠨᠡᠩ ᠤᠯᠠᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢᠲᠠᠨ ᠢ ᠤᠷᠢᠨ ᠠᠪᠴᠢᠷᠠᠨ᠎ᠠ᠃ ᠰᠢᠨ᠎ᠡ ᠪᠠᠷ ᠪᠤᠢ | ᠪᠤᠯᠤᠭᠰᠠᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠠᠵᠤ | ᠠᠬᠤᠶᠢᠯᠠᠯ ᠤᠨ ᠪᠡᠯᠡ ᠬᠤᠷᠠᠮᠳᠤᠭᠤᠯᠬᠤ ᠲᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠬ᠎ᠠ | ᠳᠡᠯᠭᠡᠭᠦᠷ ᠲᠤ ᠭᠠᠷᠬᠤ ᠠᠵᠤ ᠠᠬᠤᠶᠢᠯᠠᠯ ᠢ ᠨᠥᠭᠡᠴᠡᠯᠡᠬᠦ ᠪᠠ ᠱᠠᠲᠤᠴᠢᠯᠠᠨ ᠪᠤᠶᠢᠵᠢᠭᠤᠯᠬᠤ ᠠᠵᠢᠯ ᠢ ᠰᠠᠶᠢᠲᠤᠷ ᠬᠢᠵᠦ | ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠭᠠᠷᠤᠭᠰᠠᠨ ᠺᠣᠮᠫᠠᠨᠢ ESG ᠶᠢᠨ ᠠᠯᠠᠱᠠ ᠳᠠᠬᠢ ᠠᠩᠬᠠᠳᠤᠭᠠᠷ | ᠬᠤᠭᠤᠴᠠᠭᠠᠨ ᠤ ᠣᠨ ᠤ ᠬᠤᠷᠠᠯ ᠢ ᠰᠠᠶᠢᠲᠤᠷ ᠡᠷᠬᠢᠯᠡᠨ᠎ᠡ᠃ | ︵ᠵᠢᠷᠭᠤᠭ᠎ᠠ︶ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠰᠢᠨ᠎ᠡ ᠵᠢᠳᠬᠦᠯ | ᠴᠢᠷᠮᠠᠶᠢᠯᠭ᠎ᠠ ᠰᠢᠨ᠎ᠡ ᠰᠢᠪᠲᠤᠯᠤᠯᠲᠠ ᠭᠠᠷᠭᠠᠨ᠎ᠠ᠃ ᠬᠠᠮᠲᠤ ᠪᠠᠷ ᠴᠢᠨᠡᠭᠡᠯᠢᠭᠵᠢᠬᠦ ᠬᠠᠷᠠᠯᠲᠠ ᠳᠤ ᠠᠩᠬᠠᠷᠤᠯ ᠢᠶᠠᠨ | ᠲᠦᠪᠯᠡᠷᠡᠭᠦᠯᠦᠨ᠂ ᠨᠡᠩ ᠴᠢᠨᠠᠷ ᠰᠠᠶᠢᠲᠠᠢ ᠬᠤᠳᠠ ᠬᠥᠳᠡᠭᠡ ᠶᠢᠨ ᠠᠵᠢᠯ ᠣᠯᠭᠤᠯᠲᠠ᠂ ᠰᠤᠷᠭᠠᠨ ᠬᠥᠮᠦᠵᠢᠯ᠂ | ᠨᠠᠰᠤᠵᠢᠯ ᠤᠨ ᠠᠰᠠᠷᠠᠮᠵᠢ᠂ ᠡᠮ ᠡᠮᠨᠡᠯᠭᠡ᠂ ᠠᠮᠤᠭᠤᠯᠠᠩ ᠣᠷᠣᠨ ᠰᠠᠭᠤᠴᠠ᠂ ᠠᠪᠤᠷᠠᠨ ᠲᠤᠰᠠᠯᠠᠬᠤ ︽ᠵᠢᠷᠭᠤᠭᠠᠨ | ᠶᠡᠭᠡ︾ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠰᠢᠰᠲ᠋ᠧᠮ ᠢ ᠴᠢᠷᠮᠠᠶᠢᠨ ᠪᠠᠶᠢᠭᠤᠯᠵᠤ᠂ ᠠᠷᠠᠳ ᠤᠯᠠᠨ ᠤ | ᠠᠮᠢᠳᠤᠷᠠᠯ ᠢ ᠨᠡᠩ ᠴᠢᠨᠠᠷ ᠴᠢᠨᠰᠠᠭ᠎ᠠ ᠲᠠᠢ᠂ ᠣᠷᠣᠯᠭ᠎ᠠ ᠶᠢ ᠨᠡᠩ ᠪᠠᠲᠤᠯᠠᠭ᠎ᠠ ᠲᠠᠢ᠂ ᠠᠮᠢᠳᠤᠷᠠᠯ ᠢ ᠨᠡᠩ ᠵᠣᠯ | ᠵᠢᠷᠭᠠᠯ ᠲᠠᠢ ᠪᠣᠯᠭᠠᠵᠤ᠂ ᠡᠬᠡ ᠤᠯᠤᠰ ᠤᠨ ᠬᠢᠯᠢ ᠬᠢᠵᠠᠭᠠᠷ ᠣᠷᠣᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢᠨ | ᠦᠨᠳᠦᠷ ᠴᠡᠭ ᠢ ᠴᠢᠷᠮᠠᠶᠢᠨ ᠴᠣᠭᠴᠠᠯᠠᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠭᠤᠤᠯ ᠰᠢᠵᠢᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ | ᠰᠠᠶᠢᠵᠢᠷᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ | ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠦᠨ᠎ᠡ᠃ ︽ᠬᠥᠬᠡᠭᠴᠢᠨ ᠲᠥᠷᠥᠯ ᠤᠨ | ᠬᠥᠬᠡᠭᠴᠢᠨ ᠬᠠᠮᠢᠶᠠᠷᠤᠯᠲᠠ︾ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠬᠡᠷᠡᠭᠵᠢᠭᠦᠯᠵᠦ᠂ ᠲᠠᠰ ᠲᠥᠷᠥᠯ | ᠬᠤᠪᠢᠶᠠᠨ ᠬᠠᠮᠢᠶᠠᠷᠬᠤ ᠪᠠ ᠠᠪᠤᠷᠠᠨ ᠵᠠᠰᠠᠬᠤ ᠶᠢ ᠴᠢᠩᠭᠠᠳᠬᠠᠨ᠂ ᠪᠥᠬᠦ ᠬᠥᠮᠦᠰ ᠲᠤ ᠬᠢᠵᠢᠭ ᠤᠨ ᠲᠠᠷᠢᠯᠭ᠎ᠠ | ᠲᠠᠷᠢᠬᠤ ᠠᠵᠢᠯ ᠢ ᠠᠬᠢᠭᠤᠯᠵᠤ᠂ ᠡᠮᠴᠢᠯᠡᠭᠡᠨ ᠤ ᠡᠬᠢ ᠪᠠᠶᠠᠯᠢᠭ ᠢ ᠨᠥᠭᠡᠴᠡᠯᠡᠬᠦ ᠪᠠ ᠨᠢᠭᠡᠳᠦᠯᠲᠡᠶ ᠲᠥᠯᠥᠪᠯᠡᠬᠦ ᠶᠢ | ᠴᠢᠩᠭᠠᠳᠬᠠᠨ᠂ ᠡᠮᠨᠡᠯᠭᠡ ᠶᠢᠨ ᠰᠢᠬᠠᠯᠴᠠᠭᠠ ᠪᠠ ᠬᠦᠨᠳᠦ ᠡᠪᠡᠳᠴᠢᠨ ᠢ ᠰᠡᠷᠭᠡᠶᠢᠯᠡᠵᠦ᠂ ᠣᠯᠠᠨ ᠲᠦᠮᠡᠨ ᠤ ᠠᠮᠤᠷ | ᠲᠦᠪᠰᠢᠨ ᠡᠷᠡᠭᠦᠯ ᠮᠡᠨᠳᠦ ᠶᠢ ᠦᠨᠡᠨᠬᠦ ᠰᠠᠬᠢᠨ ᠬᠠᠮᠠᠭᠠᠯᠠᠨ᠎ᠠ᠃ ᠠᠮᠤᠷ ᠲᠦᠪᠰᠢᠨ ᠤ ᠦᠵᠡᠯᠲᠡ ᠶᠢ ᠪᠠᠲᠤ ᠪᠠᠬᠢ ᠪᠤᠢ | ᠪᠣᠯᠭᠠᠵᠤ᠂ ᠠᠶᠤᠯᠭᠦᠢ ᠦᠢᠯᠡᠳᠪᠦᠷᠢᠯᠡᠯ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ᠂ ᠵᠠᠬᠢᠳᠠᠯ | ᠰᠤᠷᠪᠤᠯᠵᠢᠯᠠᠭ᠎ᠠ ᠲᠣᠭᠲᠠᠭᠤᠨ ᠢ ᠬᠠᠮᠠᠭᠠᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠲᠥᠷᠥᠯ ᠤᠨ | ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠠᠶᠢᠮᠠᠭ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ | ᠬᠦᠴᠦᠯᠡᠨ ᠬᠠᠮᠠᠭᠠᠯᠠᠨ᠎ᠠ᠃ | ᠡᠨᠡ ᠬᠦ ᠰᠠᠭᠤᠷᠢᠨ ᠳᠡᠭᠡᠷ᠎ᠡ᠂ ᠪᠢᠳᠡ ᠣᠯᠠᠨ ᠲᠦᠮᠡᠨ ᠤ ᠬᠦᠰᠡᠯ ᠡᠷᠡᠮᠡᠯᠵᠡᠯ᠂ ᠣᠯᠠᠨ ᠲᠦᠮᠡᠨ ᠤ ︽ | ᠵᠠᠩᠭᠢᠯᠠᠭ᠎ᠠ ᠶᠢᠨ ᠪᠠᠭ᠎ᠠ ᠶᠠᠪᠤᠳᠠᠯ︾ ᠤᠨ ᠲᠣᠭᠤᠷᠢᠨ ᠳᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ | ᠬᠢᠨ᠎ᠡ᠃ ᠨᠢᠭᠡ ᠳᠤ᠂ ᠰᠤᠷᠭᠠᠨ ᠬᠥᠮᠦᠵᠢᠯ ᠡᠮ ᠡᠮᠨᠡᠯᠭᠡ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ | ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠨᠡᠷᠡᠲᠦ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠬᠢᠯᠡᠬᠦ | ᠪᠣᠳᠠᠲᠤ ᠦᠷ᠎ᠡ ᠪᠦᠲᠦᠮᠵᠢ ᠶᠢ ᠲᠦᠯᠬᠢᠨ ᠠᠬᠢᠭᠤᠯᠵᠤ᠂ ᠪᠠᠭᠰᠢ ᠠᠵᠢᠯᠲᠠᠨ ᠳᠤ 4000 ᠬᠥᠮᠦᠨ ᠤᠳᠠᠭᠠᠨ ᠤ | ᠡᠭᠡᠯᠵᠢᠯᠡᠨ ᠪᠤᠯᠪᠠᠰᠤᠷᠠᠭᠤᠯᠬᠤ ᠪᠤᠳᠠᠳᠤ ᠪᠤᠯᠪᠠᠰᠤᠷᠠᠯ ᠢ ᠬᠦᠷᠳᠡᠭᠡᠵᠦ᠂ 82 ᠨᠠᠷᠠ ᠰᠤᠷᠭᠠᠨ ᠬᠥᠮᠦᠵᠢᠯ ᠤᠨ | ᠪᠠᠴᠢᠮ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠤᠷᠢᠨ ᠣᠷᠣᠭᠤᠯᠵᠤ᠂ 3 ᠬᠡᠦᠬᠡᠳ ᠤᠨ ᠴᠡᠴᠡᠷᠯᠢᠭ ᠂ 1 | ᠳᠤᠮᠳᠠᠳᠤ ᠪᠠᠭ᠎ᠠ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠭᠡᠷᠡᠴᠢᠯᠡᠨ ᠪᠠᠶᠢᠭᠤᠯᠤᠨ᠎ᠠ᠃ 2 ᠨᠡᠷ᠎ᠡ | ᠠᠶᠢᠮᠠᠭ ᠤᠨ ᠭᠠᠳᠠᠨᠠᠬᠢ ᠠᠵᠢᠯ ᠲᠥᠷᠥᠯ ᠢᠶᠠᠷ ᠲᠤᠰᠠᠯᠠᠬᠤ ᠡᠮᠨᠡᠯᠭᠡ ᠶᠢᠨ ᠬᠤᠷᠢᠶ᠎ᠠ ᠶᠢ ᠰᠢᠨ᠎ᠡ ᠪᠠᠷ ᠨᠡᠮᠡᠭᠳᠡᠭᠦᠯᠦᠨ᠂ | 1 ᠨᠢᠭᠲᠠ ᠬᠠᠷᠢᠯᠴᠠᠭᠠᠨ ᠤ ᠬᠡᠯᠪᠡᠷᠢ ᠶᠢᠨ ᠡᠮᠨᠡᠯᠭᠡ ᠶᠢᠨ ᠬᠠᠮᠲᠤ ᠶᠢᠨ ᠴᠣᠭᠴᠠ ᠶᠢ ᠪᠠᠶᠢᠭᠤᠯᠵᠤ᠂ 140 ᠰᠠᠭᠤᠷᠢ | ᠡᠮᠨᠡᠯᠭᠡ ᠶᠢᠨ ᠤᠷᠤ ᠶᠢ ᠰᠢᠨ᠎ᠡ ᠪᠠᠷ ᠨᠡᠮᠡᠭᠳᠡᠭᠦᠯᠦᠨ᠂ 2 ᠬᠤᠰᠢᠭᠤ ᠤᠷᠤᠨ ᠤ ᠣᠨᠣᠰᠢᠯᠠᠨ ᠡᠮᠨᠡᠬᠦ ᠪᠠᠶᠢᠭᠤᠯᠤᠮᠵᠢ ᠶᠢ | ᠥᠭᠡᠷᠡᠴᠢᠯᠡᠨ ᠳᠡᠭᠡᠭᠰᠢᠯᠡᠭᠦᠯᠵᠦ᠂ ᠬᠢᠲᠠᠳ ᠡᠮ ᠡᠮᠨᠡᠯᠭᠡ ︵ᠮᠣᠩᠭᠤᠯ ᠡᠮ ᠡᠮᠨᠡᠯᠭᠡ︶ ᠶᠢᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠨ | ᠦᠢᠯᠡᠴᠢᠯᠡᠬᠦ ᠦᠢᠯᠡᠴᠢᠯᠡᠭᠡ ᠶᠢ ᠨᠡᠮᠡᠭᠳᠡᠭᠦᠯᠵᠦ᠂ ᠬᠦᠴᠢᠷᠳᠡᠯᠲᠡᠢ ᠭᠡᠷ ᠪᠦᠯᠢ ᠶᠢᠨ ᠬᠡᠦᠬᠡᠳ ᠲᠤ ᠰᠦᠢᠳᠬᠡᠯ | ᠬᠤᠷᠢᠶᠠᠬᠤ ᠦᠭᠡᠢ ᠪᠠᠷ ᠨᠢᠳᠦᠨ ᠰᠢᠯ ᠲᠠᠭᠠᠷᠠᠭᠤᠯᠬᠤ ᠪᠠ ᠬᠠᠷᠠᠭ᠎ᠠ ᠮᠠᠭᠤᠳᠠᠭᠰᠠᠳ ᠢ ᠰᠦᠢᠳᠬᠡᠯ ᠬᠤᠷᠢᠶᠠᠬᠤ | ᠦᠭᠡᠢ ᠪᠠᠷ ᠵᠠᠰᠠᠵᠦ ᠡᠮᠨᠡᠬᠦ ᠦᠢᠯᠡᠴᠢᠯᠡᠭᠡ ᠶᠢ ᠬᠡᠷᠡᠭᠵᠢᠭᠦᠯᠦᠨ᠎ᠡ᠃ ᠬᠤᠶᠠᠷ ᠲᠤ᠂ ᠠᠵᠢᠯ ᠣᠯᠭᠤᠵᠤ ᠣᠷᠣᠯᠭ᠎ᠠ ᠶᠢ | ᠨᠡᠮᠡᠭᠳᠡᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠤᠨᠴᠠᠯᠢᠭᠲᠤ ᠠᠷᠠᠳ ᠢ | ᠪᠠᠶᠠᠵᠢᠭᠤᠯᠬᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠤᠲᠠ ᠪᠠᠯᠭᠠᠰᠤᠨ ᠤ ᠠᠵᠤ ᠠᠬᠤᠶ ᠶᠢ | ᠴᠡᠴᠡᠭᠯᠡᠭᠦᠯᠦᠨ ᠬᠥᠭᠵᠢᠭᠦᠯᠵᠦ᠂ ᠳᠤᠮᠳᠠ ᠵᠡᠷᠭᠡ ᠶᠢᠨ ᠣᠷᠣᠯᠭ᠎ᠠ ᠲᠠᠢ ᠬᠥᠮᠦᠰ ᠤᠨ ᠬᠡᠪᠴᠢᠶ᠎ᠡ ᠶᠢ ᠥᠷᠭᠡᠳᠬᠡᠨ᠂ | ᠳᠤᠤᠷ᠎ᠠ ᠤᠷᠤᠯᠭ᠎ᠠ ᠲᠠᠢ ᠬᠥᠮᠦᠰ ᠤᠨ ᠣᠷᠣᠯᠭ᠎ᠠ ᠶᠢ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠣᠷᠣᠯᠭ᠎ᠠ ᠶᠢᠨ ᠵᠥᠷᠢᠶ᠎ᠡ ᠶᠢ ᠪᠠᠭᠠᠰᠬᠠᠨ᠂ ᠮᠠᠯᠴᠢᠨ ᠲᠠᠷᠢᠶᠠᠴᠢᠳ ᠤᠨ ᠠᠵᠤ ᠦᠢᠯᠡᠰ ᠤᠨ | ᠣᠷᠣᠯᠭ᠎ᠠ ᠶᠢᠨ ᠶᠡᠭᠡ ᠬᠡᠮᠵᠢᠶ᠎ᠡ ᠪᠠᠷ ᠨᠡᠮᠡᠭᠳᠡᠬᠦ ᠶᠢ ᠠᠬᠢᠭᠤᠯᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ | ᠣᠷᠣᠯᠭ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠦᠨ᠎ᠡ᠃ ᠭᠤᠷᠪᠠ ᠳᠤ᠂ ︽ᠢᠳᠡᠰᠢᠨ ᠨᠤᠭᠤᠭ᠎ᠠ︾ ᠶᠢᠨ | ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠢᠨᠵᠧᠨᠧᠷᠢᠩ ᠢ ᠪᠥᠬᠦ ᠬᠦᠴᠦᠨ ᠢᠶᠠᠷ | ᠠᠬᠢᠭᠤᠯᠤᠨ᠎ᠠ᠃ ᠬᠥᠮᠦᠨ ᠠᠮᠠ ᠶᠢᠨ ᠬᠡᠪᠴᠢᠶ᠎ᠡ᠂ ᠡᠳᠦᠷ ᠲᠤᠲᠤᠮ ᠤᠨ ᠬᠡᠷᠡᠭᠴᠡᠭᠡ ᠱᠠᠭᠠᠷᠳᠠᠯᠭ᠎ᠠ ᠪᠠ ᠭᠠᠵᠠᠷ | ᠰᠢᠷᠣᠢ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠨ᠂ 7 ᠢᠳᠡᠰᠢᠨ ᠨᠤᠭᠤᠭᠠᠨ ᠤ ᠬᠠᠩᠭᠠᠯᠭ᠎ᠠ ᠶᠢ ᠪᠠᠲᠤᠯᠠᠬᠤ | ᠰᠠᠭᠤᠷᠢᠨ ᠭᠠᠵᠠᠷ ᠢ ᠡᠬᠢᠯᠡᠭᠦᠯᠦᠨ ᠪᠠᠶᠢᠭᠤᠯᠵᠤ᠂ ᠲᠠᠷᠢᠵᠤ ᠪᠣᠷᠣᠯᠠᠭᠤᠯᠬᠤ ᠪᠠ ᠵᠢᠯᠣᠭᠤᠳᠤᠨ ᠲᠣᠬᠢᠷᠠᠭᠤᠯᠬᠤ ᠵᠡᠷᠭᠡ | ᠲᠥᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠵᠢ ᠪᠦᠷᠢᠳᠦᠭᠦᠯᠦᠨ ᠲᠤᠭᠳᠠᠭᠠᠵᠦ᠂ ᠵᠢᠯ ᠤᠨ ᠳᠣᠲᠣᠷ᠎ᠠ ᠪᠦᠬᠦ | ᠠᠶᠢᠮᠠᠭ ᠤᠨ ᠢᠳᠡᠰᠢᠨ ᠨᠣᠭᠤᠭ᠎ᠠ ᠶᠢᠨ ᠥᠪᠡᠷ ᠢ ᠪᠠᠨ ᠬᠠᠩᠭᠠᠬᠤ ᠨᠣᠷᠮ᠎ᠠ ᠶᠢ 80 % ᠠᠴᠠ ᠳᠡᠭᠡᠭᠰᠢ | ᠪᠠᠶᠢᠯᠭᠠᠬᠤ ᠶᠢ ᠦᠨᠡᠨᠬᠦ ᠪᠠᠲᠤᠯᠠᠵᠤ᠂ ᠮᠠᠨ ᠤ ᠠᠷᠠᠳ ᠲᠦᠮᠡᠨ ᠳᠡᠭᠡᠨ ᠦᠨᠡᠨᠬᠦ ᠥᠪᠡᠷ ᠤᠨ ᠪᠣᠬᠢᠷᠲᠤᠯ ᠦᠭᠡᠢ | ᠡᠩ ᠤᠨ ᠦᠨ᠎ᠡ ᠲᠠᠢ ᠢᠳᠡᠰᠢᠨ ᠨᠤᠭᠤᠭ᠎ᠠ ᠶᠢ ᠬᠠᠩᠭᠠᠨ᠎ᠠ᠃ ᠳᠥᠷᠪᠡ ᠳᠤ᠂ ᠬᠤᠲᠠ ᠪᠠᠯᠭᠠᠰᠤᠨ ᠤ ᠬᠦᠴᠢᠷᠳᠡᠯᠲᠡᠢ | ᠣᠯᠠᠨ ᠲᠦᠮᠡᠨ ᠢ ᠬᠠᠯᠠᠮᠵᠢᠯᠠᠬᠤ ᠪᠠᠲᠤᠯᠠᠭ᠎ᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠎ᠠ᠃ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠬᠦ ᠶᠢᠨ ᠬᠠᠮᠲᠤ | ᠂ ᠬᠤᠲᠠ ᠪᠠᠯᠭᠠᠰᠤᠨ ᠤ ᠣᠷᠣᠯᠭ᠎ᠠ ᠪᠠᠭᠠᠲᠠᠶ ᠬᠡᠷ ᠪᠦᠯᠢ ᠵᠡᠷᠭᠡ ᠬᠦᠴᠢᠷᠳᠡᠯᠲᠡᠶ ᠬᠥᠮᠦᠰ ᠤᠨ ᠦᠢᠯᠡᠳᠪᠦᠷᠢᠯᠡᠯ | ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ ᠨᠠᠩ ᠠᠩᠬᠠᠷᠴᠤ᠂ ᠬᠥᠮᠦᠨ ᠠᠮᠠ ᠶᠢᠨ ᠰᠠᠭᠤᠷᠢ ᠲᠤᠭ᠎ᠠ ᠶᠢ | ᠲᠣᠳᠣᠷᠬᠠᠶ ᠤᠶᠢᠯᠠᠭᠠᠨ᠂ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠨᠡᠶᠢᠳᠭᠡᠵᠦ᠂ ᠣᠷᠳᠣ ᠬᠤᠭᠤᠴᠠᠭᠠᠨ ᠤ | ᠪᠦᠲᠦᠮᠵᠢᠲᠡᠶ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ᠂ ᠨᠡᠶᠢᠭᠡᠮ ᠤᠨ ᠬᠠᠶᠢᠷ᠎ᠠ ᠬᠠᠯᠠᠮᠵᠢ ᠶᠢᠨ ᠡᠷᠴᠢᠮ ᠢ | ᠴᠢᠩᠭᠠᠷᠠᠭᠤᠯᠵᠤ᠂ ᠬᠦᠴᠢᠷᠳᠡᠯᠲᠡᠶ ᠣᠯᠠᠨ ᠲᠦᠮᠡᠨ ᠢ ᠦᠨᠡᠨ ᠬᠦ ᠬᠠᠶᠢᠷ᠎ᠠ ᠬᠠᠯᠠᠮᠵᠢ ᠳᠦᠬᠦᠷᠡᠩ᠂ ᠠᠮᠢᠳᠤᠷᠠᠯ | ᠪᠠᠲᠤᠯᠠᠭ᠎ᠠ ᠲᠠᠢ᠂ ᠬᠦᠰᠡᠯ ᠡᠷᠡᠮᠡᠯᠵᠡᠯ ᠲᠠᠢ ᠪᠠᠶᠢᠬᠤ ᠶᠢ ᠪᠡᠶᠡᠯᠡᠬᠦᠯᠦᠨ᠎ᠠ᠃ ᠲᠠᠪᠤ ᠳᠤ᠂ ᠣᠷᠣᠰᠢᠨ ᠰᠠᠭᠤᠷᠢᠰᠢᠬᠤ | ᠣᠷᠴᠢᠨ ᠲᠣᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠪᠦᠬᠦ ᠬᠦᠴᠦᠨ ᠢᠶᠠᠷ ᠠᠬᠢᠭᠤᠯᠤᠨ᠎ᠠ᠃ | ᠭᠤᠣᠯ ᠬᠤᠲᠠ ᠪᠠᠯᠭᠠᠰᠤᠨ ᠤ ᠬᠠᠭᠤᠴᠢᠨ ᠭᠡᠷ ᠪᠠᠶᠢᠰᠢᠩ ᠤᠨ ᠲᠣᠭᠤᠷᠢᠭ ᠢ ᠥᠭᠡᠷᠡᠴᠢᠯᠡᠨ ᠳᠡᠭᠡᠭᠰᠢᠯᠡᠭᠦᠯᠬᠦ | ᠲᠥᠯᠥᠪᠯᠡᠭᠡ ᠶᠢ ᠡᠬᠢᠯᠡᠭᠦᠯᠵᠦ᠂ 11 ᠬᠠᠭᠤᠴᠢᠨ ᠰᠠᠭᠤᠭᠠᠯᠢ ᠲᠣᠭᠤᠷᠢᠭ᠂ 840 ᠢᠵᠢ ᠳᠥᠭᠦᠮ ᠪᠦᠲᠦᠴᠡᠲᠦ | ᠣᠷᠣᠨ ᠰᠠᠭᠤᠴᠠ ᠶᠢᠨ ᠲᠣᠭᠤᠷᠢᠭ ᠤᠨ ᠨᠦᠬᠦᠴᠡᠯ ᠳᠦᠬᠦᠭᠡᠷᠦᠮᠵᠢ ᠨᠢ ᠪᠦᠷᠢᠨ ᠪᠤᠰᠤ ᠤᠷᠤᠨ ᠰᠠᠭᠤᠴᠠ ᠶᠢ | ᠥᠭᠡᠷᠡᠴᠢᠯᠡᠨ ᠰᠢᠨᠡᠳᠬᠡᠵᠦ᠂ ᠲᠠᠪᠤᠨ ᠵᠢᠯ ᠤᠨ ᠬᠤᠭᠤᠴᠠᠭᠠᠨ ᠳᠤ ᠪᠠᠶᠠᠨᠬᠤᠲᠠ ᠶᠢᠨ ︽ᠨᠢᠭᠡᠳᠦᠯᠲᠡᠢ ᠲᠦᠯᠦᠪᠯᠡᠨ | ᠪᠠᠷᠢᠭᠰᠠᠨ ᠠᠰᠠᠷ︾ ᠢ ᠦᠭᠡᠷᠡᠴᠢᠯᠡᠬᠦ ᠠᠵᠢᠯ ᠢ ᠴᠢᠷᠮᠠᠶᠢᠨ ᠪᠡᠶᠡᠯᠡᠭᠦᠯᠵᠦ᠂ ᠨᠢᠭᠡ ᠪᠦᠯᠦᠭ ᠴᠡᠴᠡᠷᠯᠢᠭ᠂ ᠪᠦᠬᠦ | ᠠᠷᠠᠳ ᠤᠨ ᠪᠡᠶ᠎ᠡ ᠴᠢᠭᠢᠷᠠᠭᠵᠢᠭᠤᠯᠬᠤ ᠠᠭᠤᠳᠠᠮ ᠲᠠᠯᠠᠪᠠᠢ ᠶᠢ ᠦᠭᠡᠷᠡᠴᠢᠯᠡᠨ ᠰᠢᠨᠡᠳᠭᠡᠵᠦ᠂ ᠨᠢᠭᠡ ᠪᠦᠯᠦᠭ ᠬᠤᠲᠠ | ᠪᠠᠯᠭᠠᠰᠤᠨ ᠤ ᠮᠤᠬᠤᠷ ᠵᠠᠮ᠂ ᠲᠦᠭᠵᠢᠷᠡᠭᠰᠡᠨ ᠵᠠᠮ᠂ ᠤᠰᠤ ᠬᠤᠷᠠᠭᠰᠠᠨ ᠵᠠᠮ ᠢ ᠦᠷᠭᠦᠯᠵᠢᠯᠡᠨ ᠵᠠᠰᠠᠨ | ᠨᠡᠪᠲᠡᠷᠡᠬᠦᠯᠵᠦ᠂ ᠭᠠᠵᠠᠷ ᠳᠣᠣᠷᠠᠬᠢ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | 20 ᠺᠢᠯᠦᠮᠧᠲᠷ ᠬᠤᠲᠠ ᠪᠠᠯᠭᠠᠰᠤᠨ ᠤ ᠤᠰᠤ ᠬᠠᠩᠭᠠᠬᠤ ᠭᠠᠳᠠᠭᠰᠢᠯᠠᠭᠤᠯᠬᠤ᠂ ᠰᠢᠲᠠᠮᠠᠬᠠᠢ ᠬᠡᠢ᠂ ᠢᠯᠴᠢ | ᠬᠠᠩᠭᠠᠬᠤ ᠬᠠᠭᠤᠴᠢᠷᠠᠭᠰᠠᠨ ᠬᠤᠭᠤᠯᠠᠢ ᠶᠢ ᠥᠭᠡᠷᠡᠴᠢᠯᠡᠨ ᠵᠠᠰᠠᠵᠤ᠂180 ᠺᠢᠯᠦᠮᠧᠲᠷ ᠤᠨ ᠮᠠᠯᠵᠢᠬᠤ ᠲᠠᠷᠢᠶᠠᠯᠠᠬᠤ | ᠣᠷᠣᠨ ᠤ ᠵᠠᠮ ᠢ ᠵᠠᠰᠠᠵᠦ ᠨᠡᠪᠲᠡᠷᠡᠭᠦᠯᠦᠨ᠎ᠡ᠃ ᠵᠢᠷᠭᠤᠭ᠎ᠠ ᠳᠤ᠂ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠵᠤ | ᠥᠪᠡᠷ ᠤᠨ ᠥᠷᠲᠡᠭ ᠢ ᠪᠠᠭᠤᠷᠠᠭᠤᠯᠬᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠦᠨ᠎ᠡ | ᠬᠠᠩᠰᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠬᠡᠯᠪᠡᠷᠢ ᠶᠢᠨ ᠪᠡᠶᠡᠴᠢ ᠴᠣᠭᠴᠠ ᠶᠢ ᠤᠷᠢᠨ | ᠤᠷᠤᠭᠤᠯᠵᠦ᠂ ᠬᠤᠳᠠᠯᠳᠤᠨ ᠠᠪᠬᠤ ᠪᠠ ᠪᠣᠷᠣᠯᠠᠭᠤᠯᠬᠤ ᠠᠷᠭ᠎ᠠ ᠵᠠᠮ ᠢ ᠰᠢᠯᠤᠭᠤᠳᠬᠠᠵᠤ᠂ ᠬᠠᠩᠭᠠᠯᠭ᠎ᠠ ᠶᠢᠨ | ᠴᠢᠳᠠᠪᠤᠷᠢ ᠶᠢ ᠨᠡᠮᠡᠭᠳᠡᠭᠦᠯᠦᠨ᠂ ᠢᠳᠡᠰᠢᠨ ᠨᠣᠭᠤᠭ᠎ᠠ᠂ ᠵᠢᠮᠢᠰ᠂ ᠡᠮ ᠤᠨ ᠵᠦᠢᠯ᠂ ᠭᠡᠷ ᠤᠨ ᠬᠡᠷᠡᠭᠰᠡᠯ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠶᠢᠨ ︽ᠦᠨ᠎ᠡ ᠬᠠᠩᠰᠢ ᠥᠨᠳᠥᠷ︾ ᠠᠰᠠᠭᠤᠳᠠᠯ ᠢ ᠪᠦᠲᠦᠮᠵᠢᠲᠡᠢ | ᠰᠢᠢᠳᠪᠦᠷᠢᠯᠡᠵᠦ᠂ ᠵᠠᠬ᠎ᠠ ᠳᠡᠯᠭᠡᠭᠦᠷ ᠤᠨ ᠪᠠᠷᠠᠭᠠᠨ ᠤ ᠦᠨ᠎ᠡ ᠶᠢ ᠬᠦᠴᠦᠯᠡᠨ ᠲᠣᠭᠲᠠᠪᠤᠷᠢᠵᠢᠭᠤᠯᠵᠤ᠂ ᠤᠯᠠᠨ | ᠲᠦᠮᠡᠨ ᠤ ᠠᠮᠢᠳᠤᠷᠠᠯ ᠤᠨ ᠥᠪᠡᠷ ᠤᠨ ᠦᠷᠲᠡᠭ ᠢ ᠪᠠᠭᠤᠷᠠᠭᠤᠯᠤᠨ᠂ ᠰᠠᠭᠤᠭᠠᠯᠢ ᠠᠷᠠᠳ ᠤᠨ ᠵᠣᠯ ᠵᠢᠷᠭᠠᠯ ᠤᠨ | ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ | ︵ᠲᠤᠯᠤᠭ᠎ᠠ︶ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠰᠢᠨ᠎ᠡ | ᠰᠢᠪᠲᠤᠯᠤᠯᠲᠠ ᠭᠠᠷᠭᠠᠨ᠎ᠠ᠃ ᠲᠤᠭ ᠲᠡᠮᠳᠡᠭ ᠲᠣᠳᠣᠷᠬᠠᠶ ᠪᠠᠷ ᠤᠯᠤᠰ ᠲᠥᠷᠥ ᠶᠢ ᠡᠷᠬᠢᠮᠯᠡᠨ᠎ᠡ᠃ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠪᠠ ᠠᠶᠢᠮᠠᠭ ᠤᠨ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ | ᠂ ︽ᠬᠤᠶᠠᠷ ᠢ ᠲᠣᠭᠲᠠᠭᠠᠬᠤ︾ ᠶᠢ ᠦᠨᠡᠨᠴᠢ ᠰᠢᠳᠤᠷᠭᠤ ᠪᠠᠷ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ | ᠡᠷᠡᠰ ᠪᠡᠶᠡᠯᠡᠭᠦᠯᠵᠦ᠂ ᠨᠠᠮ ᠤᠨ ᠤᠳᠤᠷᠢᠳᠤᠯᠭ᠎ᠠ ᠶᠢ ᠢᠮᠠᠭᠲᠠ ᠵᠠᠰᠠᠭ ᠤᠨ ᠣᠷᠳᠣᠨ ᠤ ᠠᠵᠢᠯ ᠤᠨ ᠪᠥᠬᠦ | ᠶᠠᠪᠤᠴᠠ ᠳᠤ ᠲᠤᠭᠤᠰᠢᠯᠠᠭᠤᠯᠤᠨ᠎ᠠ᠃ ᠬᠠᠤᠯᠢ ᠶᠣᠰᠣᠭᠠᠷ ᠵᠠᠰᠠᠭ ᠶᠠᠪᠤᠭᠤᠯᠵᠤ ᠲᠥᠪ ᠭᠤᠤᠯᠴᠢ ᠶᠢ ᠠᠬᠢᠭᠤᠯᠤᠨ᠎ᠠ᠃ | ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠦᠷᠭᠦᠯᠵᠢᠯᠡᠨ | ᠪᠦᠷᠢᠨᠰᠢᠭᠦᠯᠦᠨ ᠲᠡᠭᠦᠯᠳᠡᠷᠵᠢᠭᠦᠯᠵᠦ᠂ ︽ᠨᠠᠢᠮᠠᠳᠤᠭᠠᠷ ᠲᠠᠪᠤᠨ ᠵᠢᠯ︾ ᠤᠨ ᠬᠠᠤᠯᠢ ᠴᠠᠭᠠᠵᠠ ᠶᠢᠨ ᠶᠡᠷᠦ ᠶᠢᠨ | ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠭᠦᠨᠵᠡᠭᠡᠢ ᠥᠷᠨᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠵᠦ᠂ ᠬᠢᠨᠠᠨ ᠪᠤᠳᠤᠬᠤ᠂ ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠳᠬᠠᠵᠤ᠂ ᠬᠢᠨᠠᠯᠲᠠ ᠲᠤᠤᠷ᠎ᠠ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠡᠭᠡᠨ ᠴᠢᠳᠠᠮᠠᠭᠠᠢ ᠪᠠᠶᠢᠵᠤ᠂ ᠡᠷᠬᠡ ᠶᠢ ᠢᠯᠡ ᠪᠠᠷ ᠬᠡᠷᠡᠭᠵᠢᠭᠦᠯᠬᠦ ᠶᠢ | ᠪᠡᠶᠡᠯᠡᠭᠦᠯᠦᠨ᠎ᠠ᠃ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ ᠦᠢᠯᠡᠴᠢᠯᠡᠭᠡ ᠪᠠᠨ ᠴᠢᠩᠭᠠᠳᠬᠠᠨ᠎ᠠ᠃ ︽ | ᠨᠠᠶᠢᠳᠠᠪᠤᠷᠢᠵᠢᠭᠤᠯᠬᠤ ᠶᠢ ᠠᠳᠬᠤᠬᠤ︾ ᠶᠢ ᠵᠠᠰᠠᠭ ᠤᠨ ᠣᠷᠳᠣᠨ ᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ | ᠭᠤᠣᠯᠳᠠᠯᠭ᠎ᠠ ᠪᠣᠯᠭᠠᠵᠤ᠂ ᠰᠢᠯᠭᠠᠯᠲᠠ ᠲᠤᠰᠢᠶᠠᠬᠤ ᠤᠬᠠᠮᠰᠠᠷ᠂ ᠳᠠᠩᠰᠠ ᠲᠤᠰᠢᠶᠠᠬᠤ ᠤᠬᠠᠮᠰᠠᠷ᠂ ᠦᠷ᠎ᠡ | ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ︽ᠳᠤᠯᠤᠭ᠎ᠠ ᠶᠢ ᠲᠠᠶᠠᠭᠳᠠᠬᠤ︾ ᠱᠠᠭᠠᠷᠳᠠᠯᠭ᠎ᠠ ᠶᠢ ᠡᠷᠡᠰ | ᠨᠠᠶᠢᠳᠠᠪᠤᠷᠢᠵᠢᠭᠤᠯᠵᠦ᠂ ︽ᠭᠤᠷᠪᠠᠨ ᠣᠯᠠᠨ ᠭᠤᠷᠪᠠᠨ ᠴᠥᠭᠡᠨ ᠭᠤᠷᠪᠠᠨ ᠤᠳᠠᠭᠠᠨ︾ ᠠᠰᠠᠭᠤᠳᠠᠯ ᠢ ᠬᠦᠴᠦᠯᠡᠨ | ᠰᠢᠢᠳᠪᠦᠷᠢᠯᠡᠵᠦ᠂ ᠡᠯ᠎ᠡ ᠱᠠᠲᠤᠨ ᠤ ᠺᠠᠳ᠋ᠷ ᠢ ᠨᠠᠩ ᠠᠷᠪᠢᠨ ᠴᠠᠭ ᠣᠶᠤᠨ ᠴᠢᠳᠠᠯ ᠢᠶᠠᠨ ᠬᠥᠭᠵᠢᠯᠲᠡ ᠶᠢ | ᠰᠦᠪᠡᠭᠴᠢᠯᠡᠬᠦ ᠳᠡᠭᠡᠷ᠎ᠡ ᠵᠠᠷᠤᠴᠠᠭᠤᠯᠵᠦ᠂ ᠬᠡᠷᠡᠭᠵᠢᠭᠦᠯᠦᠯᠲᠡ ᠶᠢ ᠨᠠᠶᠢᠳᠠᠪᠤᠷᠢᠵᠢᠭᠤᠯᠬᠤ ᠳᠡᠭᠡᠷ᠎ᠡ ᠲᠠᠯᠪᠢᠵᠤ᠂ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠡᠭᠡᠷ᠎ᠡ ᠬᠦᠴᠦᠯᠡᠬᠦ ᠶᠢ ᠳᠡᠮᠵᠢᠨ᠎ᠡ᠃ ᠴᠢᠬᠡᠴᠢ ᠵᠠᠰᠠᠭ ᠢ ᠢᠮᠠᠭᠲᠠ | ᠠᠳᠬᠤᠨ᠎ᠠ᠃ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠬᠡᠵᠦ᠂ | ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠡᠳ᠋ ᠤᠨ | ᠵᠠᠰᠠᠭ ᠤᠨ ᠪᠡᠯᠡ ᠮᠥᠩᠭᠦ᠂ ᠤᠯᠠᠨ ᠨᠡᠶᠢᠲᠡ ᠶᠢᠨ ᠡᠬᠢ ᠪᠠᠶᠠᠯᠢᠭ᠂ ᠭᠤᠣᠯᠳᠠᠯᠭ᠎ᠠ ᠲᠠᠢ ᠵᠦᠢᠯᠡᠰ ᠪᠠ ᠤᠯᠤᠰ ᠤᠨ | ᠥᠮᠴᠢᠯᠡᠯ ᠤᠨ ᠡᠳ᠋ ᠬᠦᠷᠦᠩᠭᠡ ᠵᠡᠷᠭᠡ ᠬᠦᠷᠢᠶᠡᠨ ᠳᠠᠬᠢ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠲᠥᠪ | ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ | ᠰᠤᠷᠲᠠᠯ︾ ᠢ ᠦᠷᠭᠦᠯᠵᠢᠯᠡᠨ ᠵᠠᠯᠠᠷᠠᠭᠤᠯᠤᠨ ᠵᠠᠰᠠᠵᠤ᠂ ᠴᠡᠪᠡᠷ ᠠᠷᠢᠭᠤᠨ ᠤᠯᠤᠰ ᠲᠦᠷᠦ ᠶᠢᠨ ᠠᠮᠢ ᠠᠬᠤᠢ ᠶᠢ | ᠴᠢᠷᠮᠠᠶᠢᠨ ᠪᠤᠢ ᠪᠣᠯᠭᠠᠨ᠎ᠠ᠃ | ᠨᠥᠬᠦᠳ ᠡ᠂ ᠠᠯᠤᠰ ᠤᠨ ᠲᠦᠰᠦᠪ ᠢ ᠵᠢᠷᠤᠭᠯᠠᠭᠠᠳ᠂ ᠰᠠᠯᠬᠢ ᠰᠦᠷᠦᠨ ᠤᠷᠤᠭᠰᠢᠯᠠᠬᠤ ᠳᠤ ᠪᠡᠯᠡᠬᠡᠨ︔ | ᠡᠭᠦᠷᠭᠡ ᠬᠦᠨᠳᠦ ᠵᠠᠮ ᠬᠤᠯᠠ᠂ ᠨᠡᠩ ᠰᠠᠶᠢᠨ ᠴᠢᠷᠮᠠᠶᠢᠨ ᠠᠵᠢᠯᠯᠠᠬᠤ ᠴᠢᠬᠤᠯᠠᠲᠠᠢ᠃ ᠪᠢᠳᠡ ᠰᠢ ᠶᠢᠨ ᠫᠢᠩ | ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ ᠠᠶᠢᠮᠠᠭ ᠤᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ | ᠭᠠᠷᠭᠠᠵᠤ᠂ ᠰᠢᠷᠭᠠᠭᠤ ᠴᠢᠷᠮᠠᠶᠢᠨ ᠪᠣᠳᠠᠲᠠᠢ ᠠᠵᠢᠯᠯᠠᠵᠤ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠠᠯᠠᠱᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠠᠮ ᠤᠨ ᠬᠤᠷᠢᠳᠤᠭᠠᠷ ᠶᠡᠭᠡ | ᠬᠤᠷᠠᠯ ᠤᠨ ᠵᠣᠷᠢᠭ ᠰᠠᠨᠠᠭ᠎ᠠ ᠶᠢ ᠠᠯᠠᠱᠠ ᠨᠤᠲᠤᠭ ᠲᠤ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ | ᠰᠠᠶᠢᠨ ᠦᠷ᠎ᠡ ᠪᠦᠲᠦᠮᠵᠢ ᠤᠯᠵᠠᠭᠠᠶ᠎ᠠ︕ | | |