ᠨᠢᠭᠡ᠂ ᠨᠡᠶᠢᠲᠡᠯᠡᠭᠰᠡᠨ ᠠᠬᠤᠶ ᠪᠠᠶᠢᠳᠠᠯ | ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠵᠤ᠂ ᠨᠠᠰᠤᠵᠢᠯ ᠤᠨ ᠦᠢᠯᠡᠴᠢᠯᠡᠬᠡᠨ ᠤ | ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ 2022 ᠣᠨ ᠪᠣᠯᠬᠤ ᠳᠤ ᠡᠯ᠎ᠡ | ᠭᠠᠵᠠᠷ ᠤᠨ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠦᠷᠢᠳᠦᠭᠦᠯᠬᠦ ᠪᠦᠲᠦᠭᠡᠨ | ᠪᠠᠶᠢᠭᠤᠯᠤᠯᠲᠠ ᠶᠢᠨ ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ ᠶᠢᠨ ᠪᠠᠷᠢᠮᠵᠢᠶ᠎ᠠ ᠳᠤ ᠬᠦᠷᠬᠦ ᠨᠣᠷᠮ᠎ᠠ 100 % | ᠳᠤ ᠬᠦᠷᠬᠦ ᠶᠢ ᠦᠨᠡᠨᠬᠦ ᠪᠠᠲᠤᠯᠠᠬᠤ ᠶᠢᠨ ᠲᠤᠰᠠᠳᠠ᠂ ᠠᠯᠠᠱᠠᠨ ᠠᠶᠢᠮᠠᠭ ᠤᠨ ᠵᠠᠬᠢᠷᠭ᠎ᠠ ︽ᠠᠯᠠᠱᠠ ᠠᠶᠢᠮᠠᠭ ᠤᠨ | ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ | ᠪᠠ ᠰᠠᠭᠠᠳ ᠥᠬᠡᠶ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠵᠢᠭᠦᠯᠬᠦ ᠲᠥᠰᠦᠯ︾ ︵ | ᠵᠠᠬᠢᠷᠭ᠎ᠠ ᠠᠯᠪᠠᠨ ᠲᠠᠷᠬᠠᠭᠠᠭᠰᠠᠨ ﹇2022﹈ 59 ᠳ᠋ᠣᠭᠡᠷ ᠲᠣᠭᠠᠲᠤ︶ ᠢ ᠲᠣᠭᠲᠠᠭᠠᠵᠤ᠂ ᠳᠣᠷᠣᠭᠰᠢ ︽ | ᠲᠥᠰᠦᠯ︾ ᠭᠡᠵᠦ ᠲᠣᠪᠴᠢᠯᠠᠨ᠎ᠠ᠃ | ᠬᠤᠶᠠᠷ᠂ ᠳᠣᠭᠤᠷᠪᠢᠭᠰᠠᠨ ᠦᠨᠳᠦᠰᠦᠯᠡᠯ | ᠤᠯᠤᠰ᠂ ᠥᠪᠡᠷᠲᠡᠭᠡᠨ ᠵᠠᠰᠠᠬᠤ ᠣᠷᠣᠨ ᠤ ᠬᠥᠮᠦᠨ ᠠᠮᠠ ᠶᠢᠨ ᠨᠠᠰᠤᠵᠢᠯ ᠢ ᠢᠳᠡᠪᠬᠢᠲᠡᠶ ᠠᠷᠭᠠᠴᠠᠬᠤ ᠬᠠᠮᠢᠶ᠎ᠠ | ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠰᠤᠵᠢᠯ ᠤᠨ ᠦᠢᠯᠡᠴᠢᠯᠡᠬᠡᠨ ᠤ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠠᠭᠠᠳ ᠦᠭᠡᠶ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ ᠠᠷᠭ᠎ᠠ︾ ︽ᠨᠠᠰᠤᠵᠢᠯ ᠤᠨ ᠦᠢᠯᠡᠴᠢᠯᠡᠬᠡᠨ ᠤ | ᠦᠢᠯᠡᠰ ᠢ ᠲᠦᠷᠭᠡᠳᠬᠡᠨ ᠬᠥᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠲᠠᠷᠬᠠᠭᠠᠭᠰᠠᠨ ﹇2014﹈ 57 ᠳ᠋ᠤᠭᠠᠷ | ᠲᠣᠭᠠᠲᠤ︶ ᠢ ᠦᠨᠳᠦᠰᠦᠯᠡᠨ ︽ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ | ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ ᠪᠠ ᠰᠠᠭᠠᠳ ᠦᠭᠡᠶ ᠪᠡᠯᠡᠳᠬᠡᠮᠵᠢ ᠶᠢ ᠲᠥᠬᠦᠷᠵᠢᠭᠦᠯᠦᠨ ᠪᠠᠶᠢᠭᠤᠯᠬᠤ | ᠠᠵᠢᠯ ᠢ ᠴᠢᠩᠭᠠᠳᠬᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠦᠰᠦᠭ ﹇2022﹈ 44 ᠳ᠋ᠣᠭᠡᠷ | ᠲᠣᠭᠠᠲᠤ︶ ᠵᠡᠷᠭᠡ ᠱᠠᠭᠠᠷᠳᠠᠯᠭ᠎ᠠ ᠶᠢ ᠦᠨᠳᠦᠰᠦᠯᠡᠬᠦ ᠶᠢᠨ ᠬᠠᠮᠲᠤ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ | ᠳᠡᠰ ᠳᠠᠷᠠᠭᠠᠯᠠᠯ ᠤᠨ ᠬᠠᠮᠢᠶᠠᠷᠤᠯᠲᠠ ᠲᠠᠢ ᠤᠶᠠᠯᠳᠤᠭᠤᠯᠵᠤ᠂ ᠲᠤᠰ ᠲᠥᠰᠦᠯ ᠢ ᠳᠣᠭᠤᠷᠪᠢᠪᠠ᠃ | ᠭᠤᠷᠪᠠ᠂ ᠭᠤᠣᠯ ᠠᠭᠤᠯᠭ᠎ᠠ | ︽ᠲᠥᠰᠦᠯ︾ ᠨᠢ ᠶᠡᠷᠦᠩᠬᠡᠶ ᠬᠠᠷᠠᠯᠲᠠ᠂ ᠬᠡᠷᠡᠭᠵᠢᠭᠦᠯᠬᠦ ᠪᠠᠷᠢᠮᠵᠢᠶ᠎ᠠ᠂ ︽ᠳᠥᠷᠪᠡ ᠶᠢ ᠵᠡᠷᠭᠡ ᠪᠠᠷ ᠬᠢᠬᠦ︾ | ᠵᠠᠷᠴᠢᠮ ᠢ ᠴᠢᠩᠭ᠎ᠠ ᠬᠡᠷᠡᠭᠵᠢᠭᠦᠯᠬᠦ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ 4 ᠬᠡᠰᠡᠭ ᠪᠠᠭᠲᠠᠨ᠎ᠠ᠃ | ︵ᠨᠢᠭᠡ︶ ᠶᠡᠷᠦᠩᠬᠡᠶ ᠬᠠᠷᠠᠯᠲᠠ᠃ ᠨᠢᠭᠡ ᠳᠤ 2022 ᠣᠨ ᠠᠴᠠ ᠡᠬᠢᠯᠡᠨ᠂ ᠪᠥᠬᠦ ᠠᠶᠢᠮᠠᠭ ᠤᠨ ᠬᠤᠲᠠ | ᠪᠠᠯᠭᠠᠰᠤᠨ ᠤ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠤᠨ ᠢᠵᠢ ᠪᠥᠷᠢᠳᠦᠭᠰᠡᠨ ᠪᠥᠲᠥᠭᠡᠨ | ᠪᠠᠶᠢᠭᠤᠯᠤᠯᠲᠠ ᠶᠢᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ | ᠬᠦᠷᠦᠭᠰᠡᠨ ᠨᠣᠷᠮ᠎ᠠ 100 % ᠳᠤ ᠬᠦᠷᠦᠨ᠎ᠡ᠃ 2022 ᠣᠨ ᠳᠤ ᠲᠣᠰ ᠵᠢᠯ ᠳᠤ ᠠᠵᠢᠯ ᠢᠶᠠᠨ | ᠳᠠᠭᠤᠰᠬᠠᠭᠰᠠᠨ ᠪᠣᠯᠪᠠᠴᠤ ᠪᠠᠷᠢᠮᠵᠢᠶ᠎ᠠ ᠳᠤ ᠥᠯᠥ ᠬᠦᠷᠦᠭᠰᠡᠨ ᠣᠷᠣᠨ ᠰᠠᠭᠤᠴᠠ ᠶᠢᠨ ᠲᠣᠭᠤᠷᠢᠭ ᠢ ᠨᠥᠬᠦᠵᠦ | ᠪᠠᠶᠢᠭᠤᠯᠬᠤ᠂ ᠬᠤᠳᠠᠯᠳᠤᠨ ᠠᠪᠬᠤ᠂ ᠰᠣᠯᠢᠬᠤ᠂ ᠰᠤᠯᠠᠯᠠᠵᠤ ᠪᠤᠴᠠᠭᠠᠬᠤ᠂ ᠲᠦᠷᠢᠶᠡᠰᠦᠯᠡᠬᠦ᠂ ᠥᠭᠡᠷᠡᠴᠢᠯᠡᠨ | ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠯᠢ ᠲᠦᠷᠭᠡᠨ ᠢᠶᠠᠷ ᠬᠦᠢᠴᠡᠳ ᠲᠣᠬᠢᠷᠠᠭᠤᠯᠤᠨ᠎ᠠ᠃ | ᠬᠤᠶᠠᠷ ᠲᠤ 2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠵᠠᠮ ᠤᠨ ᠰᠠᠭᠠᠳ ᠥᠬᠡᠶ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠣᠷᠮ᠎ᠠ᠂ ᠣᠯᠠᠨ ᠨᠡᠶᠢᠲᠡ ᠶᠢᠨ ᠪᠠᠷᠢᠯᠭ᠎ᠠ ᠶᠢᠨ ᠰᠠᠭᠠᠳ ᠥᠬᠡᠶ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠨᠣᠷᠮ᠎ᠠ ᠶᠢ ᠴᠥᠮ 100 % ᠳᠤ ᠬᠦᠷᠦᠭᠦᠯᠦᠨ᠎ᠡ᠃ | ︵ᠬᠤᠶᠠᠷ︶ ᠬᠡᠷᠡᠭᠵᠢᠭᠦᠯᠬᠦ ᠪᠠᠷᠢᠮᠵᠢᠶ᠎ᠠ᠃ ᠨᠢᠭᠡ ᠳᠤ᠂ ᠪᠥᠲᠥᠭᠡᠨ ᠪᠠᠶᠢᠭᠤᠯᠬᠤ ᠨᠢᠭᠡᠴᠡ ᠨᠢ ᠡᠷᠬᠡᠪᠰᠢ | ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ ᠪᠠ ᠰᠠᠭᠠᠳ ᠥᠬᠡᠶ ᠶᠢᠨ ᠪᠡᠯᠡᠳᠬᠡᠮᠵᠢ ᠶᠢ ᠰᠢᠨ᠎ᠡ ᠪᠠᠷ ᠪᠠᠶᠢᠭᠤᠯᠬᠤ | ᠣᠷᠣᠨ ᠰᠠᠭᠤᠴᠠ ᠶᠢᠨ ᠲᠥᠯᠥᠪᠵᠢᠭᠦᠯᠭᠡ᠂ ᠣᠷᠣᠨ ᠰᠠᠭᠤᠴᠠ ᠶᠢ ᠵᠡᠷᠭᠡᠪᠡᠷ ᠲᠥᠯᠥᠪᠵᠢᠭᠦᠯᠬᠦ᠂ ᠵᠡᠷᠭᠡᠪᠡᠷ | ᠪᠥᠲᠥᠭᠡᠨ ᠪᠠᠶᠢᠭᠤᠯᠬᠤ᠂ ᠵᠡᠷᠭᠡᠪᠡᠷ ᠰᠢᠯᠭᠠᠨ ᠠᠪᠬᠤ᠂ ᠵᠡᠷᠭᠡᠪᠡᠷ ᠲᠤᠰᠢᠶᠠᠨ ᠬᠡᠷᠡᠭᠯᠡᠭᠦᠯᠬᠦ ᠬᠡᠷᠡᠭᠲᠡᠶ᠃ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠨᠢ ᠵᠠᠭᠤᠨ ᠡᠷᠦᠬᠡ ᠪᠦᠷᠢ ᠳᠤ 20 ᠲᠡᠭᠰᠢ | ᠳᠥᠷᠪᠡᠯᠵᠢᠨ ᠮᠧᠲᠷ ᠤᠨ ᠪᠠᠷᠢᠯᠭ᠎ᠠ ᠶᠢᠨ ᠲᠠᠯᠠᠪᠠᠢ ᠶᠢᠨ ᠪᠠᠷᠢᠮᠵᠢᠶ᠎ᠠ ᠶᠣᠰᠣᠭᠠᠷ ᠨᠠᠰᠤᠵᠢᠯ ᠤᠨ ᠦᠢᠯᠡᠴᠢᠯᠡᠬᠡᠨ ᠤ | ᠪᠡᠯᠡᠳᠬᠡᠮᠵᠢ ᠳᠤ ᠬᠡᠷᠡᠭᠯᠡᠬᠦ ᠭᠡᠷ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠬᠡᠷᠡᠭᠲᠡᠶ᠃ ᠬᠤᠶᠠᠷ ᠲᠤ᠂ | ᠪᠥᠲᠥᠭᠡᠨ ᠪᠠᠶᠢᠭᠤᠯᠬᠤ ᠨᠢᠭᠡᠴᠡ ᠨᠢ ︽ᠨᠠᠰᠤᠲᠠᠶᠢᠴᠤᠳ ᠢ ᠠᠰᠠᠷᠠᠨ ᠬᠠᠷᠠᠭᠠᠯᠵᠠᠬᠤ ᠪᠡᠯᠡᠳᠬᠡᠮᠵᠢᠲᠦ ᠪᠠᠷᠢᠯᠭ᠎ᠠ ᠶᠢᠨ | ᠵᠢᠷᠤᠭ ᠲᠥᠯᠥᠪᠯᠡᠭᠡ ᠶᠢᠨ ᠪᠠᠷᠢᠮᠵᠢᠶ᠎ᠠ︾᠂ ︽ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠡᠳᠦᠷ ᠤᠨ ᠠᠰᠠᠷᠠᠨ | ᠬᠠᠷᠠᠭᠠᠯᠵᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ︾᠂ ︽ᠰᠠᠭᠠᠳ ᠥᠬᠡᠶ ᠵᠢᠷᠤᠭ | ᠲᠥᠯᠥᠪᠯᠡᠭᠡ ᠶᠢᠨ ᠵᠢᠷᠤᠮᠵᠢᠯ︾᠂ ︽ᠪᠠᠷᠢᠯᠭ᠎ᠠ ᠬᠢᠭᠡᠳ ᠬᠤᠲᠠ ᠶᠢᠨ ᠶᠠᠪᠤᠳᠠᠯ ᠤᠨ ᠪᠠᠷᠢᠯᠭ᠎ᠠ ᠶᠢᠨ ᠰᠠᠭᠠᠳ ᠥᠬᠡᠶ | ᠨᠡᠶᠢᠳᠡᠮ ᠬᠡᠷᠡᠭᠯᠡᠬᠦ ᠵᠢᠷᠤᠮᠵᠢᠯ︾ ᠵᠡᠷᠭᠡ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠣᠰᠣᠭᠠᠷ᠂ ᠨᠠᠰᠤᠵᠢᠯ ᠤᠨ | ᠦᠢᠯᠡᠴᠢᠯᠡᠬᠡᠨ ᠤ ᠪᠡᠯᠡᠳᠬᠡᠮᠵᠢ ᠳᠤ ᠬᠡᠷᠡᠭᠯᠡᠬᠦ ᠬᠡᠷ ᠪᠠᠶᠢᠰᠢᠩ ᠢ ᠵᠢᠷᠤᠭᠯᠠᠨ ᠲᠥᠯᠥᠪᠯᠡᠵᠦ ᠳᠣᠭᠢᠷᠠᠭᠤᠯᠤᠨ | ᠪᠠᠶᠢᠭᠤᠯᠬᠤ ᠬᠡᠷᠡᠭᠲᠡᠶ᠃ ᠭᠤᠷᠪᠠ ᠳᠤ᠂ ᠪᠠᠷᠢᠯᠭ᠎ᠠ ᠪᠠᠷᠢᠭᠤᠯᠬᠤ ᠨᠢᠭᠡᠴᠡ ᠨᠦᠭᠦᠳ ᠣᠷᠣᠨ ᠰᠠᠭᠤᠴᠠ ᠶᠢᠨ | ᠲᠣᠭᠤᠷᠢᠭ ᠤᠨ ᠢᠵᠢ ᠪᠦᠷᠢᠳᠦᠭᠦᠯᠦᠭᠰᠡᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ | ᠪᠣᠯᠤᠨ ᠰᠠᠭᠠᠳ ᠦᠭᠡᠶ ᠪᠡᠯᠡᠳᠬᠡᠮᠵᠢ ᠶᠢ ᠪᠠᠷᠢᠯᠭ᠎ᠠ ᠶᠢᠨ ᠰᠢᠯᠭᠠᠨ ᠠᠪᠬᠤ ᠬᠡᠪᠴᠢᠶᠡᠨ ᠳᠤ ᠣᠷᠣᠭᠤᠯᠵᠤ᠂ | ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠯᠦᠭᠡ ᠵᠡᠷᠭᠡ ᠳᠤᠨᠢ ᠰᠢᠯᠭᠠᠨ ᠠᠪᠬᠤ ᠬᠡᠷᠡᠭᠲᠡᠶ᠃ | ︵ᠭᠤᠷᠪᠠ︶ ︽ᠳᠥᠷᠪᠡ ᠶᠢ ᠵᠡᠷᠭᠡᠪᠡᠷ ᠬᠢᠬᠦ︾ ᠵᠠᠷᠴᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠨᠢᠭᠡ ᠳᠤ᠂ | ᠵᠡᠷᠭᠡ ᠳᠤᠨᠢ ᠲᠥᠯᠥᠪᠵᠢᠭᠦᠯᠦᠨ᠎ᠡ᠃ ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ ᠶᠢᠨ ᠲᠤᠰᠬᠠᠶ | ᠲᠥᠯᠥᠪᠵᠢᠭᠦᠯᠭᠡ ᠶᠢ ᠠᠳᠠᠯᠢ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠯᠦᠭᠡ ᠬᠠᠷᠢᠯᠴᠠᠨ ᠵᠣᠯᠭᠠᠭᠤᠯᠬᠤ᠂ ᠪᠥᠲᠥᠭᠡᠨ ᠪᠠᠶᠢᠭᠤᠯᠬᠤ ᠲᠥᠷᠥᠯ ᠵᠦᠢᠯ ᠢ ᠲᠣᠭᠲᠠᠭᠠᠬᠤ ᠪᠠ | ᠳᠠᠩᠰᠠᠯᠠᠬᠤ᠂ ᠰᠢᠨ᠎ᠡ ᠪᠠᠷ ᠪᠠᠶᠢᠭᠤᠯᠬᠤ ᠣᠷᠣᠨ ᠰᠠᠭᠤᠴᠠ ᠶᠢᠨ ᠲᠣᠭᠤᠷᠢᠭ ᠤᠨ ᠲᠥᠷᠥᠯ ᠵᠦᠢᠯ ᠳᠤ ᠬᠡᠷᠡᠭᠯᠡᠬᠦ | ᠭᠠᠵᠠᠷ ᠤᠨ ᠲᠥᠯᠥᠪᠵᠢᠭᠦᠯᠭᠡ ᠶᠢᠨ ᠨᠥᠬᠦᠴᠡᠯ ᠭᠠᠷᠭᠠᠬᠤ᠂ ᠤᠯᠤᠰ ᠤᠨ ᠥᠮᠴᠢᠯᠡᠯᠲᠦ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠥᠭᠬᠦ ᠲᠥᠰᠦᠯ ᠲᠣᠭᠲᠠᠭᠠᠬᠤ᠂ | ᠪᠥᠲᠥᠭᠡᠨ ᠪᠠᠶᠢᠭᠤᠯᠬᠤ ᠪᠠᠷᠢᠯᠭ᠎ᠠ ᠶᠢᠨ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ | ᠪᠠᠶᠢᠴᠠᠭᠠᠬᠤ᠂ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠤᠪᠢᠷᠠᠭᠤᠯᠬᠤ ᠵᠡᠷᠭᠡ ᠲᠠᠯ᠎ᠠ ᠪᠠᠷ 5 | ᠵᠦᠢᠯ ᠤᠨ ᠠᠵᠢᠯ ᠤᠨ ᠱᠠᠭᠠᠷᠳᠠᠯᠭ᠎ᠠ ᠳᠤᠷᠠᠳᠪᠠ᠃ ᠬᠤᠶᠠᠷ ᠲᠤ᠂ ᠵᠡᠷᠭᠡᠪᠡᠷ ᠪᠦᠲᠦᠭᠡᠨ ᠪᠠᠶᠢᠭᠤᠯᠤᠨ᠎ᠠ᠃ ᠪᠥᠲᠥᠭᠡᠨ | ᠪᠠᠶᠢᠭᠤᠯᠤᠯᠲᠠ ᠶᠢᠨ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠢ ᠬᠦᠢᠴᠡᠳᠭᠡᠬᠦ᠂ ᠪᠠᠷᠢᠯᠭ᠎ᠠ ᠶᠢᠨ ᠵᠢᠷᠤᠭ | ᠵᠢᠷᠤᠵᠤ ᠲᠥᠯᠥᠪᠯᠡᠭᠰᠡᠨ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠪᠠᠷᠢᠯᠭ᠎ᠠ ᠶᠢᠨ ᠵᠢᠷᠤᠭ ᠢ ᠬᠢᠨᠠᠨ | ᠪᠠᠶᠢᠴᠠᠭᠠᠬᠤ᠂ ᠪᠠᠷᠢᠯᠭ᠎ᠠ ᠪᠠᠷᠢᠬᠤ ᠶᠢ ᠵᠥᠪᠰᠢᠶᠡᠷᠡᠬᠦ᠂ ᠪᠠᠷᠢᠯᠭ᠎ᠠ ᠪᠠᠷᠢᠬᠤ ᠨᠢᠭᠡᠴᠡ ᠪᠠ ᠪᠠᠷᠢᠯᠭ᠎ᠠ ᠶᠢᠨ ᠬᠢᠨᠠᠨ | ᠬᠠᠮᠢᠶᠠᠷᠬᠤ ᠨᠢᠭᠡᠴᠡ ᠶᠢᠨ ᠡᠭᠦᠷᠭᠡ ᠬᠠᠷᠢᠭᠤᠴᠠᠯᠭ᠎ᠠ᠂ ᠵᠢᠷᠤᠵᠤ ᠲᠥᠯᠥᠪᠯᠡᠭᠰᠡᠨ ᠠᠭᠤᠯᠭ᠎ᠠ ᠶᠢ ᠬᠤᠪᠢᠷᠠᠭᠤᠯᠬᠤ | ᠵᠡᠷᠭᠡ ᠲᠠᠯ᠎ᠠ ᠪᠠᠷ 5 ᠵᠦᠢᠯ ᠤᠨ ᠠᠵᠢᠯ ᠤᠨ ᠱᠠᠭᠠᠷᠳᠠᠯᠭ᠎ᠠ ᠳᠤᠷᠠᠳᠪᠠ᠃ ᠭᠤᠷᠪᠠ ᠳᠤ᠂ ᠠᠵᠢᠯ ᠳᠠᠭᠤᠰᠤᠭᠰᠠᠨ | ᠪᠠᠷᠢᠯᠭ᠎ᠠ ᠶᠢ ᠵᠡᠷᠭᠡ ᠳᠤᠨᠢ ᠰᠢᠯᠭᠠᠨ ᠠᠪᠣᠨ᠎ᠠ᠃ ᠲᠥᠷᠥᠯ ᠵᠦᠢᠯ ᠢ ᠰᠢᠯᠭᠠᠨ ᠠᠪᠬᠤ᠂ ᠲᠥᠷᠥᠯ ᠵᠦᠢᠯ ᠤᠨ | ᠲᠥᠯᠥᠪᠵᠢᠭᠦᠯᠭᠡ ᠶᠢ ᠬᠢᠨᠠᠨ ᠬᠠᠷᠭᠤᠭᠤᠯᠬᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ ᠳᠠᠩᠰᠠᠯᠠᠬᠤ ᠵᠡᠷᠭᠡ | ᠲᠠᠯ᠎ᠠ ᠪᠠᠷ 3 ᠵᠤᠷᠪᠤᠰ ᠠᠵᠢᠯ ᠤᠨ ᠱᠠᠭᠠᠷᠳᠠᠯᠭ᠎ᠠ ᠳᠤᠷᠠᠳᠪᠠ᠃ ᠳᠥᠷᠪᠡ ᠳᠤ᠂ ᠵᠡᠷᠭᠡᠪᠡᠷ ᠲᠤᠰᠢᠶᠠᠨ ᠥᠭᠴᠦ | ᠬᠡᠷᠡᠭᠯᠡᠬᠦᠯᠦᠨ᠎ᠡ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠬᠡᠨ ᠤ ᠲᠥᠬᠦᠭᠡᠷᠦᠮᠵᠢ ᠶᠢ ᠲᠤᠰᠢᠶᠠᠨ ᠥᠭᠬᠦ᠂ | ᠨᠠᠰᠤᠵᠢᠯ ᠤᠨ ᠠᠰᠠᠷᠠᠮᠵᠢ ᠶᠢᠨ ᠲᠥᠬᠦᠭᠡᠷᠦᠮᠵᠢ ᠶᠢ ᠳᠠᠩᠰᠠᠯᠠᠬᠤ᠂ ᠨᠢᠭᠡᠨᠲᠡ ᠲᠤᠰᠢᠶᠠᠨ ᠥᠭᠭᠦᠭᠰᠡᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠬᠡᠨ ᠤ ᠲᠥᠬᠦᠭᠡᠷᠦᠮᠵᠢ ᠳᠤ ᠬᠡᠷᠡᠭᠯᠡᠬᠦ ᠬᠡᠷ ᠪᠠᠶᠢᠰᠢᠩ ᠢ ᠠᠵᠢᠯᠯᠠᠭᠤᠯᠵᠤ ᠬᠠᠮᠠᠭᠠᠯᠠᠬᠤ ᠪᠠ | ᠬᠢᠨᠠᠨ ᠬᠠᠮᠢᠶᠠᠷᠬᠤ ᠵᠡᠷᠭᠡ ᠲᠠᠯ᠎ᠠ ᠪᠠᠷ 3 ᠵᠦᠢᠯ ᠤᠨ ᠠᠵᠢᠯ ᠤᠨ ᠱᠠᠭᠠᠷᠳᠠᠯᠭ᠎ᠠ ᠳᠤᠷᠠᠳᠪᠠ᠃ | ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠨᠢᠭᠡ ᠳᠤ ᠲᠣᠭᠲᠠᠴᠠ ᠶᠢ ᠲᠡᠭᠦᠯᠳᠡᠷᠵᠢᠭᠦᠯᠦᠨ᠎ᠡ᠃ | ᠠᠶᠢᠮᠠᠭ ᠤᠨ ᠱᠠᠲᠤ ᠵᠢᠴᠢ ᠡᠯ᠎ᠡ ᠬᠤᠰᠢᠭᠤ ︵ᠣᠷᠣᠨ︶ ᠨᠢ ᠣᠷᠣᠨ ᠰᠠᠭᠤᠴᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠠᠷᠠᠳ ᠤᠨ ᠶᠠᠪᠤᠳᠠᠯ᠂ | ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠣᠷᠣᠯᠴᠠᠭᠰᠠᠨ ᠬᠠᠮᠲᠤᠷᠠᠭᠰᠠᠨ ᠬᠤᠷᠠᠯ ᠤᠨ | ᠲᠦᠷᠢᠮ ᠢ ᠲᠣᠰ ᠲᠣᠰ ᠪᠠᠶᠢᠭᠤᠯᠤᠨ᠎ᠠ᠃ ᠬᠤᠶᠠᠷ ᠲᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ | ᠴᠢᠩᠭᠠᠷᠠᠭᠤᠯᠤᠨ᠎ᠠ᠃ ᠡᠯ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ | ᠬᠠᠷᠢᠶᠠᠲᠤ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠭᠠᠶᠢᠯᠢ ᠰᠦᠢᠳᠬᠡᠯ ᠢ | ᠬᠠᠰᠤᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠨᠠᠶᠢᠳᠠᠪᠤᠷᠢᠵᠢᠭᠤᠯᠵᠤ᠂ ᠪᠣᠳᠠᠲᠠᠶ ᠳᠡᠮᠵᠢᠬᠦ | ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠬᠦ ᠬᠡᠷᠡᠭᠲᠡᠶ᠃ ᠭᠤᠷᠪᠠ ᠳᠤ ᠬᠠᠷᠠᠯᠲᠠᠲᠤ ᠬᠢᠨᠠᠨ ᠰᠢᠯᠭᠠᠯᠲᠠ ᠶᠢ | ᠴᠢᠩᠳᠠᠯᠠᠨ᠎ᠠ᠃ ᠰᠢᠨ᠎ᠡ ᠪᠠᠷ ᠪᠠᠶᠢᠭᠤᠯᠤᠭᠰᠠᠨ ᠣᠷᠣᠨ ᠰᠠᠭᠤᠴᠠ ᠶᠢᠨ ᠲᠣᠭᠤᠷᠢᠭ ᠲᠠᠬᠢ ᠲᠤᠬᠢᠷᠠᠭᠤᠯᠤᠨ | ᠪᠠᠶᠢᠭᠤᠯᠤᠭᠰᠠᠨ ᠨᠠᠰᠤᠵᠢᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ | ᠨᠢᠭᠡᠨᠲᠡ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠪᠣᠳᠠᠲᠤ ᠠᠮᠵᠢᠯᠲᠠ ᠶᠢᠨ ᠬᠠᠷᠠᠯᠲᠠ ᠶᠢ ᠰᠢᠯᠭᠠᠨ ᠬᠢᠨᠠᠬᠤ | ᠠᠭᠤᠯᠭ᠎ᠠ ᠳᠤ ᠣᠷᠣᠭᠤᠯᠵᠤ᠂ ᠪᠦᠬᠦ ᠠᠶᠢᠮᠠᠭ ᠤᠨ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠵᠦᠢᠯᠡᠰ ᠲᠤ | ᠵᠢᠭᠰᠠᠭᠠᠨ ᠣᠷᠣᠭᠤᠯᠪᠠ᠃ ᠳᠥᠷᠪᠡ ᠳᠤ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠎ᠠ᠃ ᠡᠯ᠎ᠡ ᠬᠤᠰᠢᠭᠤ ︵ | ᠣᠷᠣᠨ︶ ᠶᠢᠨ ᠠᠷᠠᠳ ᠤᠨ ᠶᠠᠪᠤᠳᠠᠯ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠵᠢᠯ ᠪᠦᠷᠢ ᠰᠢᠨ᠎ᠡ ᠪᠠᠷ | ᠪᠠᠶᠢᠭᠤᠯᠤᠭᠰᠠᠨ ᠣᠷᠣᠨ ᠰᠠᠭᠤᠴᠠ ᠶᠢᠨ ᠵᠢᠵᠢᠭ ᠲᠣᠭᠤᠷᠢᠭ ᠲᠤ ᠨᠠᠰᠤᠵᠢᠯ ᠤᠨ ᠦᠢᠯᠡᠴᠢᠯᠡᠬᠡᠨ ᠤ ᠪᠡᠯᠡᠳᠬᠡᠮᠵᠢ ᠳᠤ | ᠬᠡᠷᠡᠭᠯᠡᠬᠦ ᠬᠡᠷ ᠪᠠᠶᠢᠰᠢᠩ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠬᠢᠨᠠᠨ ᠪᠠᠶᠢᠴᠠᠭᠠᠬᠤ ᠠᠵᠢᠯ ᠢ ᠬᠠᠮᠲᠤᠷᠠᠨ | ᠥᠷᠨᠢᠭᠦᠯᠬᠦ ᠬᠡᠷᠡᠭᠲᠡᠶ᠃ ᠠᠶᠢᠮᠠᠭ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠴᠠᠭ ᠲᠤᠬᠠᠶ ᠳᠤᠨᠢ ᠲᠤᠬᠠᠶ ᠶᠢᠨ | ᠭᠠᠵᠠᠷ ᠲᠤᠨᠢ ᠰᠢᠮᠳᠠᠭᠤᠯᠤᠨ ᠪᠠᠶᠢᠴᠠᠭᠠᠨ᠎ᠠ᠃ | | | | | ᠬᠠᠮᠢᠶ᠎ᠠ ᠪᠦᠬᠦᠢ ᠪᠢᠴᠢᠭ ᠮᠠᠲ᠋ᠧᠷᠢᠶᠠᠯ |