ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠡᠷᠡᠭᠯᠡᠬᠦ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠲᠥᠰᠦᠯ
ᠨᠡᠶᠢᠲᠡᠯᠡᠭᠰᠡᠨ ᠴᠠᠭ᠄
2023/2/28
    ᠪᠦᠬᠦ ᠠᠶᠢᠮᠠᠭ ᠤᠨ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠣᠭᠠᠴᠢᠯᠠᠯᠲᠠ᠂ ᠰᠢᠨᠵᠢᠯᠡᠬᠦ ᠤᠬᠠᠭᠠᠨᠴᠢᠯᠠᠯᠲᠠ᠂ ᠨᠠᠷᠢᠯᠢᠭᠵᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠠᠯᠠᠱᠠ ᠠᠶᠢᠮᠠᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠠᠵᠢᠯᠯᠠᠭᠠᠨ ᠤ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠬᠠᠷᠠᠯᠲᠠ     ᠤᠯᠤᠰ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠣᠶᠤᠨᠴᠢᠯᠠᠭᠰᠠᠨ ᠬᠠᠮᠢᠶᠠᠷᠤᠯᠲᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠨ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ᠂ ᠵᠠᠰᠠᠭ ᠤᠨ ᠶᠠᠪᠤᠳᠠᠯ ᠤᠨ ᠡᠭᠦᠯᠡᠨ ᠪᠣᠳᠣᠯᠲᠠ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠲᠠᠪᠴᠠᠩ ᠵᠡᠷᠭᠡ ᠲᠣᠭᠠᠴᠢᠯᠠᠭᠰᠠᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ᠂ ᠨᠡᠶᠢᠭᠡᠮ ᠤᠨ ᠲᠤᠭ᠎ᠠ ᠪᠠᠷᠢᠮᠲᠠ ᠶᠢᠨ ᠰᠠᠯᠠᠭ᠎ᠠ ᠮᠥᠴᠢᠷ ᠠᠯᠤᠰᠯᠠᠭᠰᠠᠨ᠂ ᠠᠵᠢᠯ ᠲᠥᠷᠥᠯ ᠠᠯᠤᠰᠯᠠᠭᠰᠠᠨ᠂ ᠱᠠᠲᠤ ᠳᠡᠰ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠲᠥᠪᠯᠡᠷᠡᠭᠦᠯᠦᠨ ᠬᠠᠮᠲᠤᠪᠠᠷ ᠬᠦᠷᠲᠡᠬᠦ ᠪᠠ ᠡᠮᠬᠢ ᠵᠢᠷᠤᠮ ᠲᠠᠢ ᠪᠠᠷ ᠰᠢᠯᠵᠢᠬᠦ ᠶᠢ ᠠᠬᠢᠭᠤᠯᠤᠨ᠂ ᠲᠤᠭ᠎ᠠ ᠪᠠᠷᠢᠮᠲᠠ ᠶᠢ ᠵᠠᠰᠠᠬᠤ᠂ ᠲᠤᠭ᠎ᠠ ᠪᠠᠷᠢᠮᠲᠠ ᠳᠤ ᠡᠨᠧᠷᠭᠢ ᠣᠯᠭᠤᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠂ ᠲᠤᠭ᠎ᠠ ᠪᠠᠷᠢᠮᠲᠠ ᠶᠢᠨ ︽ᠨᠢᠭᠡ ᠰᠦᠯᠵᠢᠶ᠎ᠡ ᠪᠠᠷ ᠨᠡᠶᠢᠳᠡᠮ ᠬᠡᠷᠡᠭᠯᠡᠬᠦ︾᠎ ᠶᠢ ᠪᠡᠶᠡᠯᠡᠭᠦᠯᠵᠦ᠂ ︽ᠨᠢᠭᠡ ᠰᠦᠯᠵᠢᠶ᠎ᠡ ᠪᠠᠷ ᠨᠡᠶᠢᠳᠡᠮ ᠬᠦᠢᠴᠡᠳᠭᠡᠬᠦ︾᠎ ᠶᠢ ᠪᠡᠶᠡᠯᠡᠬᠦᠯᠦᠨ᠎ᠡ᠃     ᠬᠤᠶᠠᠷ᠂ ᠠᠵᠢᠯ ᠤᠨ ᠡᠭᠦᠷᠭᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ     1 . ᠠᠯᠠᠱᠠ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠲᠤᠰᠬᠠᠶ ᠠᠵᠢᠯ ᠤᠨ ᠳᠤᠭᠤᠶᠢᠯᠠᠩ ᠢ ᠪᠠᠶᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠠᠶᠢᠮᠠᠭ ᠤᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠬᠡᠷᠡᠭᠯᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ︔ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢ ᠬᠠᠮᠲᠤ ᠳᠠᠭᠠᠨ ᠭᠥᠷᠳᠡᠬᠦ ᠴᠢᠬᠤᠯᠠ ᠲᠥᠷᠥ ᠶᠢᠨ ᠪᠣᠳᠣᠯᠭ᠎ᠠ ᠶᠢᠨ ᠲᠥᠯᠥᠪᠵᠢᠭᠦᠯᠭᠡ ᠶᠢ ᠰᠤᠳᠤᠯᠵᠤ᠂ ᠭᠤᠤᠯᠳᠠᠯᠭ᠎ᠠ ᠲᠠᠢ ᠲᠦᠪᠡᠭᠲᠡᠶ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠨ᠎ᠡ︔ ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠵᠦ ᠬᠡᠷᠡᠭᠯᠡᠬᠦ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠵᠢᠯᠣᠭᠤᠳᠤᠨ ᠰᠢᠮᠳᠠᠭᠤᠯᠤᠨ᠎ᠠ︔ ᠵᠠᠰᠠᠭ ᠎ ᠤᠨ ᠶᠠᠪᠤᠳᠠᠯ ᠎ ᠤᠨ  ᠳᠤᠭ᠎ᠠ ᠪᠠᠷᠢᠮᠳᠠ ᠎ ᠶᠢ ᠬᠠᠮᠲᠤᠪᠠᠷ ᠭᠥᠷᠳᠡᠵᠦ ᠬᠡᠷᠡᠭᠯᠡᠬᠦ ᠲᠦᠷᠢᠮ᠂ ᠪᠠᠷᠢᠮᠵᠢᠶ᠎ᠠ ᠵᠢᠷᠤᠮᠵᠢᠯ᠂ ᠠᠮᠤᠷ ᠲᠦᠪᠰᠢᠨ  ᠤ ᠲᠣᠭᠲᠠᠴᠠ  ᠶᠢᠨ ᠪᠠᠶᠢᠭᠤᠯᠤᠯᠲᠠ  ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ  ᠎ ᠶᠢ ᠠᠬᠢᠭᠤᠯᠤᠨ᠎ᠠ᠃     ︵ᠬᠤᠶᠠᠷ︶ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠤᠨ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠨ᠎ᠠ     2 . ᠠᠶᠢᠮᠠᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠵᠢᠴᠢ ᠡᠯ᠎ᠡ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠡᠪᠴᠢᠶᠡᠨ ᠳᠠᠬᠢ ᠠᠵᠤ ᠠᠬᠤᠶᠢᠯᠠᠯ ᠠᠵᠢᠯ  ᠦᠢᠯᠡᠰ ᠤᠨ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠪᠠᠶᠢᠳᠠᠯ ᠢ ᠣᠶᠢᠯᠠᠭᠠᠬᠤ ᠪᠠᠶᠢᠴᠠᠭᠠᠨ ᠰᠤᠳᠤᠯᠤᠯᠲᠠ ᠶᠢ ᠥᠷᠨᠢᠭᠦᠯᠵᠦ᠂ ᠰᠢᠰᠲ᠋ᠧᠮ ᠤᠨ ᠪᠠᠶᠢᠭᠤᠯᠤᠯᠲᠠ ᠶᠢᠨ ᠲᠠᠰ ᠳᠠᠪᠬᠤᠷᠭ᠎ᠠ᠂ ᠳᠤᠭ᠎ᠠ ᠪᠠᠷᠢᠮᠳᠠ ᠶᠢᠨ ᠲᠥᠷᠥᠯ ᠬᠡᠯᠪᠡᠷᠢ᠂ ᠬᠠᠮᠲᠤᠪᠠᠷ ᠭᠥᠷᠳᠡᠵᠦ ᠪᠣᠯᠬᠤ ᠠᠷᠭ᠎ᠠ ᠮᠠᠶ᠋ᠢᠭ ᠵᠡᠷᠭᠡ ᠪᠠᠶᠢᠳᠠᠯ ᠢ ᠡᠮᠬᠢᠯᠡᠨ ᠳᠢᠭᠯᠡᠵᠦ᠂ ᠡᠯ᠎ᠡ ᠰᠠᠯᠠᠭ᠎ᠠ ᠮᠥᠴᠢᠷ ᠤᠨ ᠳᠤᠭ᠎ᠠ ᠪᠠᠷᠢᠮᠳᠠ ᠶᠢ ᠬᠠᠮᠲᠤᠪᠠᠷ ᠭᠥᠷᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠬᠤᠷᠢᠶᠠᠩᠭᠤᠶᠢᠯᠠᠨ ᠪᠦᠷᠢᠯᠳᠦᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠂ ᠦᠷᠭᠦᠯᠵᠢᠯᠡᠨ ᠠᠬᠢᠭᠤᠯᠤᠨ᠎ᠠ︶     ︵ᠭᠤᠷᠪᠠ︶ ᠳᠤᠭ᠎ᠠ ᠪᠠᠷᠢᠮᠳᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠪᠠ ᠳᠤᠭ᠎ᠠ ᠪᠠᠷᠢᠮᠳᠠ ᠶᠢᠨ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠥᠷᠨᠢᠭᠦᠯᠦᠨ᠎ᠡ         3 . ᠡᠯ᠎ᠡ ᠰᠠᠯᠠᠭ᠎ᠠ ᠮᠥᠴᠢᠷ ᠤᠳ ᠳᠤᠭ᠎ᠠ ᠪᠠᠷᠢᠮᠳᠠ ᠶᠢ ᠬᠠᠮᠲᠤ ᠳᠠᠭᠠᠨ ᠭᠥᠷᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠶᠢ ᠦᠨᠳᠦᠰᠦᠯᠡᠨ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤ ᠎ ᠳᠠᠭᠠᠨ ᠭᠥᠷᠳᠡᠬᠦ ᠲᠠᠪᠴᠠᠩ ᠢᠶᠠᠷ ᠳᠠᠮᠵᠢᠭᠤᠯᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠨᠡᠶᠢᠲᠡᠯᠡᠬᠦ ᠶᠢᠨ ᠬᠠᠮᠲᠤ ᠬᠥᠳᠡᠯᠦᠩᠭᠦᠶ ᠪᠠᠷ ᠬᠠᠮᠠᠭᠠᠯᠠᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠳᠤᠭ᠎ᠠ ᠪᠠᠷᠢᠮᠳᠠ ᠶᠢ ᠬᠠᠮᠲᠤ ᠳᠠᠭᠠᠨ ᠭᠥᠷᠳᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢᠶᠠᠷ ᠳᠡᠮᠵᠢᠨ᠂ ᠨᠠᠶᠢᠷᠠᠭᠤᠯᠤᠨ ᠵᠣᠬᠢᠶᠠᠭᠰᠠᠨ ᠭᠠᠷᠴᠠᠭ ᠢ ᠳᠠᠭᠢᠵᠤ ᠳᠠᠪᠬᠤᠷᠳᠠᠭᠤᠯᠤᠨ ᠨᠠᠶᠢᠷᠠᠭᠤᠯᠤᠨ ᠵᠣᠬᠢᠶᠠᠬᠤ ᠥᠬᠡᠶ᠂ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠠᠴᠠ ᠬᠤᠷᠢᠶᠠᠩᠭᠤᠶᠢᠯᠠᠬᠤ ᠶᠢᠨ ᠬᠠᠮᠲᠤ ᠠᠶᠢᠮᠠᠭ ᠤᠨ ᠱᠠᠲᠤᠨ ᠤ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤ ᠳᠠᠭᠠᠨ ᠭᠥᠷᠳᠡᠬᠦ ᠲᠠᠪᠴᠠᠩ ᠳᠤ ᠵᠡᠷᠭᠡ ᠪᠠᠷ ᠨᠡᠶᠢᠲᠡᠯᠡᠨ᠎ᠡ᠃ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠠᠴᠠ ᠪᠤᠰᠤᠳ ᠲᠤᠭ᠎ᠠ ᠪᠠᠷᠢᠮᠲᠠ ᠳᠤ᠂ ᠡᠯ᠎ᠡ ᠰᠠᠯᠠᠭ᠎ᠠ ᠮᠥᠴᠢᠷ ᠨᠢ ᠪᠣᠳᠠᠲᠠᠶ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢᠶᠠᠷ ᠳᠠᠮᠵᠢᠭᠤᠯᠤᠨ ᠲᠤᠭ᠎ᠠ ᠪᠠᠷᠢᠮᠲᠠ ᠶᠢᠨ ᠬᠡᠷᠡᠭᠴᠡᠭᠡ ᠱᠠᠭᠠᠷᠳᠠᠯᠭ᠎ᠠ ᠶᠢ ᠳᠤᠷᠠᠳᠴᠤ᠂ ᠲᠤᠭ᠎ᠠ ᠪᠠᠷᠢᠮᠲᠠ ᠶᠢ ᠬᠠᠮᠠᠭᠠᠯᠠᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠬᠡᠷᠡᠭᠯᠡᠭᠡᠨ ᠤ ᠲᠤᠰᠬᠠᠶ ᠠᠵᠢᠯ ᠤᠨ ᠳᠤᠭᠤᠶᠢᠯᠠᠩ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠢ ᠵᠣᠬᠢᠴᠠᠭᠤᠯᠤᠨ ᠬᠠᠮᠢᠶ᠎ᠠ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠦᠷᠭᠦᠯᠵᠢᠯᠡᠨ ᠠᠬᠢᠭᠤᠯᠤᠨ᠎ᠠ︶      ︵ᠳᠥᠷᠪᠡ︶ ᠲᠤᠭ᠎ᠠ ᠪᠠᠷᠢᠮᠲᠠ ᠶᠢ ᠴᠤᠭᠯᠠᠭᠤᠯᠤᠨ ᠰᠢᠨᠡᠳᠬᠡᠨ᠎ᠠ        4 . ᠡᠯ᠎ᠡ ᠰᠠᠯᠠᠭ᠎ᠠ ᠮᠥᠴᠢᠷ ᠤᠨ ᠬᠡᠷᠡᠭᠯᠡᠵᠦ ᠪᠥᠬᠦᠶ ᠥᠪᠡᠰᠦᠪᠡᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠨᠢ ᠳᠤᠭ᠎ᠠ ᠪᠠᠷᠢᠮᠳᠠ ᠶᠢᠨ ᠬᠥᠮᠥᠷᠭᠡ ᠶᠢᠨ ᠬᠦᠰᠦᠨᠦᠭᠲᠦ ᠶᠢ ᠲᠠᠨᠢᠯᠴᠠᠭᠤᠯᠤᠨ ᠬᠦᠷᠭᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤ ᠳᠠᠭᠠᠨ ᠭᠥᠷᠳᠡᠬᠦ ᠲᠠᠪᠴᠠᠩ ᠯᠤᠭ᠎ᠠ ᠵᠣᠯᠭᠠᠭᠤᠯᠵᠤ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠤᠨ ᠭᠠᠷᠴᠠᠭ ᠢ ᠦᠨᠳᠦᠰᠦᠯᠡᠨ ᠡᠬᠢ ᠪᠠᠶᠠᠯᠢᠭ ᠢ ᠵᠠᠯᠭᠠᠭᠤᠯᠬᠤ ᠪᠠ ᠬᠥᠳᠡᠯᠦᠩᠭᠦᠶ ᠪᠠᠷ ᠰᠢᠨᠡᠳᠬᠡᠵᠦ᠂ ᠳᠤᠭ᠎ᠠ ᠪᠠᠷᠢᠮᠳᠠ ᠶᠢ ᠰᠢᠨᠡᠳᠬᠡᠬᠦ ᠳᠠᠪᠲᠠᠮᠵᠢ ᠶᠣᠰᠣᠭᠠᠷ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤ ᠳᠠᠭᠠᠨ ᠭᠥᠷᠳᠡᠬᠦ ᠲᠠᠪᠴᠠᠩ ᠳᠠᠰᠢ ᠢᠵᠢᠯ ᠠᠯᠬᠤᠮ ᠢᠶᠠᠷ ᠴᠤᠭᠯᠠᠭᠤᠯᠤᠨ ᠨᠡᠶᠢᠯᠡᠭᠦᠯᠬᠦ ᠶᠢ ᠪᠠᠲᠤᠯᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠦᠷᠭᠦᠯᠵᠢᠯᠡᠨ ᠠᠬᠢᠭᠤᠯᠤᠨ᠎ᠠ︶     5 . ᠤᠯᠤᠰ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠬᠡᠷᠡᠭᠯᠡᠵᠦ ᠪᠠᠶᠢᠭ᠎ᠠ ᠰᠠᠯᠠᠭ᠎ᠠ ᠮᠥᠴᠢᠷ ᠤᠳ 2000 ᠣᠨ ᠠᠴᠠ ᠨᠠᠰᠢᠬᠢ ᠦᠯᠡᠳᠡᠭᠡᠯ ᠲᠤᠭ᠎ᠠ ᠪᠠᠷᠢᠮᠲᠠ ᠶᠢ ᠮᠥᠷᠳᠡᠨ ᠭᠠᠷᠭᠠᠬᠤ ᠶᠢᠨ ᠬᠠᠮᠲᠤ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠲᠤ ᠲᠣᠭᠲᠠᠭᠠᠭᠰᠠᠨ ᠰᠢᠨᠡᠳᠬᠡᠬᠦ ᠳᠠᠪᠲᠠᠮᠵᠢ ᠶᠢ ᠦᠨᠳᠦᠰᠦᠯᠡᠨ᠂ ᠨᠡᠮᠡᠭᠳᠡᠯ ᠲᠤᠭ᠎ᠠ ᠪᠠᠷᠢᠮᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠮᠥᠷᠳᠡᠨ ᠭᠠᠷᠭᠠᠵᠤ᠂ ᠮᠥᠷᠳᠡᠨ ᠭᠠᠷᠭᠠᠭᠰᠠᠨ ᠲᠤᠭ᠎ᠠ ᠪᠠᠷᠢᠮᠲᠠ ᠶᠢ ᠯᠠᠶᠢᠰᠧᠷ ᠫᠠᠨᠰᠠ ᠶᠢᠨ ᠺᠤᠫᠢᠳᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠲᠤ ᠬᠠᠩᠭᠠᠨ᠎ᠠ᠃ ᠰᠢᠰᠲ᠋ᠧᠮ ᠨᠢ ᠳᠤᠭ᠎ᠠ ᠪᠠᠷᠢᠮᠳᠠ ᠪᠠᠷ ᠳᠠᠮᠵᠢᠭᠤᠯᠤᠨ ᠭᠠᠷᠭᠠᠬᠤ ᠴᠢᠳᠠᠮᠵᠢ ᠶᠢ ᠳᠡᠮᠵᠢᠬᠦ ᠥᠬᠡᠶ ᠪᠤᠶᠤ ᠳᠤᠭ᠎ᠠ ᠪᠠᠷᠢᠮᠳᠠ ᠨᠢ ᠨᠢᠭᠤᠴᠠ ᠳᠤ ᠬᠤᠯᠪᠣᠭᠳᠠᠬᠤ ᠵᠡᠷᠭᠡ ᠰᠢᠯᠲᠠᠭᠠᠨ ᠠᠴᠠ ᠪᠣᠯᠵᠣ ᠬᠠᠮᠲᠤ ᠳᠠᠭᠠᠨ ᠭᠥᠷᠳᠡᠬᠦ  ᠶᠢᠨ ᠠᠷᠭ᠎ᠠ ᠥᠬᠡᠶ  ᠪᠣᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠎ ᠶᠢᠨ ᠪᠣᠳᠣᠯᠭ᠎ᠠ ᠶᠢᠨ ᠦᠨᠳᠦᠰᠦᠯᠡᠯ  ᠪᠤᠶᠤ ᠭᠡᠷᠡᠴᠢᠯᠡᠬᠦ ᠮᠠᠲ᠋ᠧᠷᠢᠶᠠᠯ ᠢ ᠬᠠᠩᠭᠠᠵᠤ᠂ ᠳᠤᠭ᠎ᠠ ᠪᠠᠷᠢᠮᠳᠠ ᠎ ᠶᠢ ᠬᠠᠮᠲᠤ  ᠎ ᠳᠠᠭᠠᠨ ᠭᠥᠷᠳᠡᠬᠦ ᠬᠠᠷᠢᠭᠤᠴᠠᠯᠭ᠎ᠠ ᠶᠢᠨ ᠨᠠᠷᠢᠨ ᠬᠠᠭᠤᠳᠠᠰᠤ  ᠳᠤ ᠲᠣᠳᠣᠷᠬᠠᠶᠢᠯᠠᠭᠰᠠᠨ ᠬᠠᠮᠲᠤ  ᠎ ᠳᠠᠭᠠᠨ ᠭᠥᠷᠳᠡᠬᠦ ᠥᠬᠡᠶ ᠳᠤᠭ᠎ᠠ ᠪᠠᠷᠢᠮᠳᠠ ᠎ ᠠᠴᠠ ᠪᠤᠰᠤᠳ ᠳᠤᠭ᠎ᠠ ᠪᠠᠷᠢᠮᠳᠠ  ᠶᠢ ᠴᠥᠮ ᠱᠠᠭᠠᠷᠳᠠᠯᠭ᠎ᠠ ᠶᠣᠰᠣᠭᠠᠷ ᠬᠠᠮᠲᠤ  ᠎ ᠳᠠᠭᠠᠨ ᠭᠥᠷᠳᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠢᠮᠠᠭ  ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠦᠷᠭᠦᠯᠵᠢᠯᠡᠨ ᠠᠬᠢᠭᠤᠯᠤᠨ᠎ᠠ︶      ︵ᠲᠠᠪᠤ︶ ᠲᠤᠭ᠎ᠠ ᠪᠠᠷᠢᠮᠲᠠ ᠶᠢ ᠵᠠᠰᠠᠬᠤ ᠪᠠ ᠬᠡᠷᠡᠭᠯᠡᠬᠦ ᠶᠢ ᠴᠢᠩᠭᠠᠳᠬᠠᠨ᠎ᠠ      6 . ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠨᠢ ︽ᠨᠢᠭᠡ ᠲᠤᠭ᠎ᠠ ᠳᠤ ᠨᠢᠭᠡ ᠢᠷᠡᠯᠲᠡ ᠲᠠᠢ ᠪᠠᠶᠢᠯᠭᠠᠬᠤ︾ ︽ᠣᠯᠠᠨ ᠡᠰᠢᠲᠦ ᠬᠠᠷᠭᠤᠭᠤᠯᠤᠨ ᠬᠢᠨᠠᠬᠤ︾ ᠵᠠᠷᠴᠢᠮ ᠶᠣᠰᠣᠭᠠᠷ᠂ ᠲᠤᠭ᠎ᠠ ᠪᠠᠷᠢᠮᠲᠠ ᠶᠢ ᠴᠤᠭᠯᠠᠭᠤᠯᠤᠨ ᠡᠮᠬᠢᠳᠬᠡᠬᠦ ᠳᠡᠭᠡᠨ ᠬᠠᠮᠢᠶ᠎ᠠ ᠪᠥᠬᠦᠶ ᠪᠠᠷᠢᠮᠵᠢᠶ᠎ᠠ ᠶᠣᠰᠣᠭᠠᠷ ᠴᠡᠪᠡᠷᠯᠡᠬᠦ᠂ ᠰᠣᠯᠢᠬᠤ᠂ ᠬᠠᠷᠰᠢᠮᠠᠲᠠᠭᠠᠶ ᠶᠢ ᠠᠷᠢᠯᠭᠠᠬᠤ᠂ ᠡᠮᠬᠢᠯᠡᠨ ᠨᠡᠶᠢᠯᠡᠭᠦᠯᠬᠦ ᠵᠡᠷᠭᠡ ᠰᠢᠢᠳᠪᠦᠷᠢᠯᠡᠯᠳᠡ ᠬᠢᠭᠰᠡᠨ ᠤ ᠳᠠᠷᠠᠭ᠎ᠠ᠂ ᠬᠥᠮᠦᠨ ᠠᠮᠠ᠂ ᠬᠠᠤᠯᠢ ᠶᠢᠨ ᠡᠷᠬᠡᠲᠡᠨ ᠲᠠᠢ ᠨᠢᠭᠡᠴᠡ᠂ ᠠᠵᠤ ᠠᠬᠤᠶ ᠶᠢᠨ ᠵᠠᠰᠠᠯᠲᠠ᠂ ᠣᠯᠠᠨ ᠨᠡᠶᠢᠲᠡ ᠶᠢᠨ ᠢᠲᠡᠭᠡᠮᠵᠢ ᠵᠡᠷᠭᠡ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠵᠢᠴᠢ ᠡᠯ᠎ᠡ ᠲᠥᠷᠥᠯ ᠤᠨ ᠭᠤᠤᠯ ᠰᠡᠳᠦᠪᠲᠦ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠲᠤᠭ᠎ᠠ ᠪᠠᠷᠢᠮᠲᠠ ᠶᠢ ᠠᠭᠤᠰᠤᠯᠴᠠᠭᠤᠯᠤᠨ ᠵᠠᠳᠠᠯᠬᠤ᠂ ᠠᠭᠤᠳᠠᠯᠬᠤ ᠵᠢᠴᠢ ᠦᠵᠡᠭᠳᠡᠮᠡᠯ ᠬᠡᠷᠡᠭᠯᠡᠭᠡᠨ ᠢ ᠥᠷᠨᠢᠭᠦᠯᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠨ᠎ᠠ︔ ᠪᠣᠳᠠᠲᠠᠶ ᠬᠡᠷᠡᠭᠯᠡᠭᠡᠨ ᠤ ᠪᠠᠶᠢᠳᠠᠯ ᠢ ᠦᠨᠳᠦᠰᠦᠯᠡᠨ᠂ ᠡᠯ᠎ᠡ ᠬᠡᠷᠡᠭᠴᠡᠭᠡ ᠱᠠᠭᠠᠷᠳᠠᠯᠭ᠎ᠠ ᠶᠢᠨ ᠰᠠᠯᠠᠭ᠎ᠠ ᠮᠥᠴᠢᠷ ᠲᠤ ᠪᠥᠭᠡᠮ ᠢᠶᠠᠷ ᠲᠤᠭ᠎ᠠ ᠪᠠᠷᠢᠮᠲᠠ ᠶᠢ ᠬᠠᠮᠲᠤ ᠳᠠᠭᠠᠨ ᠭᠥᠷᠳᠡᠬᠦ ᠪᠤᠶᠤ ᠲᠤᠭ᠎ᠠ ᠪᠠᠷᠢᠮᠲᠠ ᠶᠢ ᠪᠠᠶᠢᠴᠠᠭᠠᠨ ᠯᠠᠪᠯᠠᠬᠤ᠂ ᠬᠠᠷᠭᠤᠭᠤᠯᠤᠨ ᠬᠢᠨᠠᠬᠤ᠂ ᠵᠠᠳᠠᠯᠬᠤ ᠵᠡᠷᠭᠡ ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠣᠮᠣ ᠳ᠋ᠠᠶᠢᠲ᠋ᠠ ᠶᠢᠨ ᠲᠥᠪ᠂ ᠦᠷᠭᠦᠯᠵᠢᠯᠡᠨ ᠠᠬᠢᠭᠤᠯᠤᠨ᠎ᠠ︶      7 . ᠡᠯ᠎ᠡ ᠬᠤᠰᠢᠭᠤ ᠣᠷᠣᠨ᠂ ᠡᠯ᠎ᠡ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ ᠶᠢ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ ᠢᠶᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠤᠭ᠎ᠠ ᠪᠠᠷᠢᠮᠲᠠ ︵ᠡᠯᠧᠺᠲᠷᠣᠨ ᠦᠨᠡᠮᠯᠡᠯ︶᠎ ᠶᠢ ᠬᠡᠷᠡᠭᠯᠡᠬᠦ ᠪᠠᠷ ᠭᠤᠶᠤᠴᠢᠯᠠᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠤᠨ ᠵᠢᠷᠤᠮᠵᠢᠯ ᠢ ᠦᠨᠳᠦᠰᠦᠯᠡᠨ ᠰᠠᠯᠠᠭ᠎ᠠ ᠮᠥᠴᠢᠷ ᠠᠯᠤᠰᠯᠠᠭᠰᠠᠨ᠂ ᠲᠠᠰ ᠱᠠᠲᠤ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠲᠤᠭ᠎ᠠ ᠪᠠᠷᠢᠮᠲᠠ ᠎ ᠶᠢ ᠬᠠᠷᠢᠯᠴᠠᠨ ᠮᠡᠳᠡᠷᠡᠬᠦ ᠎ ᠶᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ  ᠤ ᠭᠤᠭᠴᠤᠭ᠎ᠠ ᠎ ᠶᠢ ᠪᠠᠭᠠᠰᠬᠠᠬᠤ᠂ ᠮᠠᠲ᠋ᠧᠷᠢᠶᠠᠯ ᠢ ᠪᠠᠭᠠᠰᠬᠠᠬᠤ᠂ ᠴᠠᠭ ᠎ ᠤᠨ ᠬᠢᠵᠠᠭᠠᠷ ᠎ ᠢ ᠪᠠᠭᠠᠰᠬᠠᠬᠤ᠂ ᠦᠢᠯᠡᠴᠢᠯᠡᠬᠡᠨ  ᠤ ᠴᠤᠪᠤᠷᠠᠯ ᠎ ᠢ ᠰᠢᠯᠢᠳᠡᠭᠵᠢᠭᠦᠯᠬᠦ᠂ ᠦᠢᠯᠡᠴᠢᠯᠡᠬᠡᠨ ᠤ ᠵᠠᠭᠪᠤᠷ  ᠲᠤ ᠰᠢᠨ᠎ᠡ  ᠶᠢ ᠡᠭᠦᠳᠬᠦ ᠶᠢ ᠪᠡᠶᠡᠯᠡᠭᠦᠯᠦᠨ᠎ᠡ︔ ᠬᠥᠮᠦᠨ ᠠᠮᠠ᠂ ᠬᠠᠤᠯᠢ ᠎ ᠶᠢᠨ ᠡᠷᠬᠡᠲᠡᠨ  ᠤ  ᠨᠢᠬᠡᠴᠡ᠂ ᠭᠠᠵᠠᠷ ᠎ ᠤᠨ ᠨᠡᠷ᠎ᠡ᠂ ᠰᠤᠷᠭᠠᠨ ᠬᠥᠮᠦᠵᠢᠯ᠂ ᠤᠷᠤᠭ᠂ ᠦᠷᠡᠵᠢᠯ᠂ ᠣᠷᠣᠨ ᠰᠠᠭᠤᠴᠠ᠂ ᠤᠯᠠᠨ ᠨᠡᠶᠢᠲᠡ ᠎ ᠶᠢᠨ ᠢᠲᠡᠭᠡᠮᠵᠢ ᠵᠡᠷᠭᠡ ᠲᠤᠭ᠎ᠠ ᠪᠠᠷᠢᠮᠲᠠ ᠎ ᠶᠢᠨ ᠲᠦᠷᠦ  ᠶᠢᠨ ᠪᠤᠳᠤᠯᠭ᠎ᠠ ᠶᠢᠨ ᠲᠥᠯᠥᠪᠵᠢᠭᠦᠯᠭᠡ ᠲᠣᠭᠲᠠᠭᠠᠬᠤ᠂ ᠠᠵᠢᠯ ᠲᠦᠷᠦᠯ  ᠤᠨ ᠬᠠᠮᠢᠶᠠᠷᠤᠯᠲᠠ᠂ ᠬᠠᠤᠯᠢ ᠬᠡᠷᠡᠭᠵᠢᠭᠦᠯᠦᠯᠲᠡ  ᠳᠤ ᠬᠢᠨᠠᠯᠲᠠ ᠲᠠᠯᠪᠢᠬᠤ  ᠵᠡᠷᠭᠡ ᠲᠠᠯ᠎ᠠ ᠎ ᠶᠢᠨ ᠬᠡᠷᠡᠭᠯᠡᠯᠲᠡ  ᠶᠢ ᠴᠢᠩᠭᠠᠳᠬᠠᠨ᠎ᠠ᠃ ︵ᠬᠠᠷᠢᠭᠤᠴᠠᠯᠭᠠᠲᠤ ᠨᠢᠬᠡᠴᠡ᠄ ᠡᠯ᠎ᠡ ᠬᠤᠰᠢᠭᠤ ᠣᠷᠣᠨ᠂ ᠠᠶᠢᠮᠠᠭ ᠎ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠦᠷᠭᠦᠯᠵᠢᠯᠡᠨ ᠠᠬᠢᠭᠤᠯᠤᠨ᠎ᠠ     ︵ᠵᠢᠷᠭᠤᠭ᠎ᠠ︶ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠲᠤᠯᠭᠠᠭᠤᠷᠢᠯᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ     8 . ᠪᠥᠬᠦ ᠠᠶᠢᠮᠠᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠵᠠᠰᠠᠭ ᠤᠨ ᠶᠠᠪᠤᠳᠠᠯ ᠤᠨ ᠡᠭᠦᠯᠡᠨ ᠪᠤᠳᠤᠯᠲᠠ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ ᠬᠢᠭᠡᠳ ᠡᠯ᠎ᠡ ᠰᠠᠯᠠᠭ᠎ᠠ ᠮᠥᠴᠢᠷ ᠤᠨ ᠰᠢᠰᠲ᠋ᠧᠮ ᠤᠨ ᠬᠤᠭᠤᠷᠣᠨᠳᠣ ᠲᠣᠭᠲᠠᠭᠤᠨ᠂ ᠨᠠᠶᠢᠳᠠᠪᠤᠷᠢᠲᠠᠶ᠂ ᠠᠮᠤᠷ ᠲᠦᠪᠰᠢᠨ᠂ ᠥᠨᠳᠥᠷ ᠪᠦᠲᠦᠮᠵᠢᠲᠡᠶ ᠳᠤᠭ᠎ᠠ ᠪᠠᠷᠢᠮᠳᠠ ᠳᠠᠮᠵᠢᠭᠤᠯᠬᠤ ᠨᠡᠪᠲᠡᠷᠡᠯ ᠵᠠᠮ ᠢ ᠬᠠᠩᠭᠠᠨ᠎ᠠ︔ ᠪᠥᠬᠦ ᠠᠶᠢᠮᠠᠭ ᠤᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠵᠢᠯᠯᠠᠭᠠᠨ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠬᠠᠶ᠋ᠢᠭ ᠤᠨ ᠲᠥᠯᠥᠪᠵᠢᠭᠦᠯᠭᠡ᠂ ᠠᠮᠤᠷ ᠲᠦᠪᠰᠢᠨ ᠤ ᠵᠠᠯᠭᠠᠯᠲᠠ᠂ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠲᠤᠬᠠᠶᠢᠯᠠᠭᠰᠠᠨ ᠠᠵᠢᠯ ᠤᠨ ᠳᠠᠭᠠᠭᠠᠬᠤ ᠴᠢᠳᠠᠪᠤᠷᠢ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ  ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠠᠶᠢᠮᠠᠭ ᠤᠨ ᠲᠣᠮᠣ ᠳ᠋ᠠᠶᠢᠲ᠋ᠠ ᠶᠢᠨ ᠲᠥᠪ᠂ ᠦᠷᠭᠦᠯᠵᠢᠯᠡᠨ ᠠᠬᠢᠭᠤᠯᠤᠨ᠎ᠠ︶     ︵ᠳᠣᠯᠤᠭ᠎ᠠ︶ ᠳᠤᠭ᠎ᠠ ᠪᠠᠷᠢᠮᠳᠠ ᠶᠢᠨ ᠠᠮᠤᠷ ᠲᠦᠪᠰᠢᠨ ᠢ ᠬᠦᠢᠴᠡᠳ ᠪᠠᠲᠤᠯᠠᠨ᠎ᠠ     9 . ᠵᠠᠰᠠᠭ ᠤᠨ ᠶᠠᠪᠤᠳᠠᠯ ᠤᠨ ᠡᠭᠦᠯᠡᠨ ᠪᠤᠳᠤᠯᠲᠠ᠂ ᠵᠠᠰᠠᠭ ᠤᠨ ᠶᠠᠪᠤᠳᠠᠯ ᠤᠨ ᠳᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠲᠤᠪᠠᠷ ᠭᠥᠷᠳᠡᠬᠦ ᠲᠠᠪᠴᠠᠩ ᠤᠨ ᠰᠦᠯᠵᠢᠶᠡᠨ ᠤ ᠠᠮᠤᠷ ᠲᠦᠪᠰᠢᠨ ᠤ ᠲᠠᠰ ᠢ ᠬᠠᠮᠠᠭᠠᠯᠠᠵᠤ ᠰᠢᠯᠭᠠᠨ ᠦᠨᠡᠯᠡᠬᠦ᠂ ᠨᠢᠭᠤᠴᠠ ᠨᠣᠮᠧᠷ ᠤᠨ ᠬᠡᠷᠡᠭᠯᠡᠭᠡᠨ ᠤ ᠠᠮᠤᠷ ᠲᠦᠪᠰᠢᠨ ᠢ ᠰᠢᠯᠭᠠᠨ ᠦᠨᠡᠯᠡᠬᠦ ᠠᠵᠢᠯ ᠢ ᠨᠠᠶᠢᠳᠠᠪᠤᠷᠢᠵᠢᠭᠤᠯᠤᠨ᠎ᠠ︔ ᠭᠤᠷᠪᠠᠳᠠᠬᠢ ᠡᠲᠡᠭᠡᠳ ᠤᠨ ᠲᠤᠰᠬᠠᠶ ᠪᠠᠶᠢᠭᠤᠯᠤᠮᠵᠢ ᠶᠢ ᠤᠷᠢᠵᠤ ᠰᠦᠯᠵᠢᠶᠡᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ ᠬᠢᠯᠭᠡᠵᠦ᠂ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠬᠡᠮ ᠢ ᠠᠷᠢᠯᠭᠠᠨ᠎ᠠ︔ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠠᠮᠤᠷ ᠲᠦᠪᠰᠢᠨ ᠢ ᠬᠢᠨᠠᠨ ᠰᠢᠨᠵᠢᠬᠦ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠠᠮᠤᠷ ᠲᠦᠪᠰᠢᠨ ᠢ ᠬᠢᠨᠠᠨ ᠰᠢᠨᠵᠢᠵᠦ ᠰᠡᠷᠡᠮᠵᠢᠯᠡᠭᠦᠯᠬᠦ ᠶᠢ ᠪᠥᠬᠦ ᠰᠦᠯᠵᠢᠶ᠎ᠡ ᠪᠠᠷ ᠪᠦᠬᠦᠨ ᠢ ᠬᠠᠮᠤᠷᠤᠭᠤᠯᠬᠤ ᠶᠢ ᠦᠨᠡᠨᠬᠦ ᠪᠠᠲᠤᠯᠠᠨ᠎ᠠ᠃ ︵ᠬᠠᠷᠢᠭᠤᠴᠠᠯᠭᠠᠲᠤ ᠨᠢᠬᠡᠴᠡ᠄ ᠠᠶᠢᠮᠠᠭ ᠤᠨ ᠲᠣᠮᠣ ᠳ᠋ᠠᠶᠢᠲ᠋ᠠ ᠶᠢᠨ ᠲᠥᠪ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ 2022 ᠣᠨ ᠤ 9 ᠰᠠᠷ᠎ᠠ ᠶᠢᠨ 30᠎ ᠤ ᠡᠳᠦᠷ ᠠᠴᠠ ᠡᠮᠦᠨ᠎ᠡ ᠪᠡᠶᠡᠯᠡᠭᠦᠯᠦᠨ᠎ᠡ     ᠭᠤᠷᠪᠠ᠂ ᠲᠤᠰᠬᠠᠢ ᠠᠵᠢᠯ ᠤᠨ ᠳᠤᠭᠤᠶᠢᠯᠠᠩ ᠤᠨ ᠪᠦᠷᠢᠯᠳᠦᠬᠦᠨ     ᠲᠤᠰᠬᠠᠶ ᠠᠵᠢᠯ ᠤᠨ ᠳᠤᠭᠤᠶᠢᠯᠠᠩ ᠤᠨ ᠠᠯᠪᠠᠨ ᠬᠡᠷ ᠢ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠲᠤ ᠪᠠᠶᠢᠭᠤᠯᠵᠤ᠂ ᠡᠷᠬᠢᠯᠡᠭᠴᠢ ᠶᠢᠨ ᠲᠤᠰᠢᠶᠠᠯ ᠢ ᠵᠠᠩ ᠰᠢᠶᠦ᠋ᠩ ᠶᠢᠩ ᠨᠥᠬᠦᠷ ᠬᠠᠪᠰᠤᠷᠭᠠᠨ ᠡᠭᠦᠷᠭᠡᠯᠡᠨ᠎ᠡ᠃ ᠲᠤᠰᠬᠠᠶ ᠠᠵᠢᠯ ᠤᠨ ᠳᠤᠭᠤᠶᠢᠯᠠᠩ ᠤᠨ ᠠᠵᠢᠯᠲᠠᠨ ᠳᠤ ᠪᠣᠳᠠᠲᠠᠶ ᠠᠵᠢᠯ ᠤᠨ ᠬᠡᠷᠡᠭᠴᠡᠭᠡ ᠶᠢ ᠦᠨᠳᠦᠰᠦᠯᠡᠨ ᠲᠣᠬᠢᠷᠠᠭᠤᠯᠤᠯᠲᠠ ᠬᠢᠵᠦ ᠪᠣᠯᠤᠨ᠎ᠠ᠂ ᠲᠣᠬᠢᠷᠠᠭᠤᠯᠤᠯᠲᠠ ᠬᠢᠬᠦ ᠲᠥᠰᠦᠯ ᠢ ᠠᠯᠪᠠᠨ ᠬᠡᠷ ᠠᠴᠠ ᠲᠤᠰᠬᠠᠶ ᠠᠵᠢᠯ ᠤᠨ ᠳᠤᠭᠤᠶᠢᠯᠠᠩ ᠤᠨ ᠳᠠᠷᠤᠭ᠎ᠠ ᠳᠤ ᠮᠡᠳᠡᠭᠦᠯᠦᠨ ᠵᠥᠪᠰᠢᠶᠡᠷᠡᠭᠦᠯᠦᠨ᠎ᠡ᠂ ᠠᠰᠲᠠᠭᠠᠨ ᠪᠢᠴᠢᠭ ᠮᠠᠲ᠋ᠧᠷᠢᠶᠠᠯ ᠪᠠᠭᠤᠯᠭᠠᠬᠤ ᠥᠬᠡᠶ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ     ︵ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯ ᠠᠵᠢᠯᠯᠠᠭᠠᠨ ᠤ ᠲᠥᠰᠦᠯ ᠢ ᠨᠠᠶᠢᠳᠠᠪᠤᠷᠢᠵᠢᠭᠤᠯᠬᠤ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ᠨᠠᠷᠢᠨ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠳᠠᠷᠤᠯᠲᠠ ᠶᠢ ᠬᠦᠢᠴᠡᠳ ᠳᠠᠮᠵᠢᠭᠤᠯᠤᠨ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠪᠣᠯᠤᠨ ᠪᠣᠳᠠᠲᠠᠶ ᠠᠵᠢᠯᠲᠠᠨ ᠢ ᠲᠣᠳᠣᠷᠬᠠᠶᠢᠯᠠᠵᠤ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠳᠣᠭᠢᠷᠠᠭᠤᠯᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠵᠤ ᠬᠠᠮᠠᠭᠠᠯᠠᠬᠤ᠂ ᠲᠤᠭ᠎ᠠ ᠪᠠᠷᠢᠮᠲᠠ ᠶᠢ ᠰᠢᠨᠡᠳᠬᠡᠨ ᠴᠤᠭᠯᠠᠭᠤᠯᠬᠤ ᠵᠡᠷᠭᠡ ᠬᠡᠪᠰᠢᠭᠰᠡᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ᠃     ︵ᠬᠤᠶᠠᠷ︶ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠡᠯ᠎ᠡ ᠰᠠᠯᠠᠭ᠎ᠠ ᠮᠥᠴᠢᠷ ᠨᠢ ᠳᠣᠲᠣᠭᠠᠳᠤ ᠶᠢᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠲᠣᠰ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠢᠯ ᠲᠥᠷᠥᠯ ᠤᠨ ᠪᠠᠷᠢᠮᠵᠢᠶ᠎ᠠ ᠶᠢᠨ ᠵᠢᠷᠤᠮᠵᠢᠯ ᠢ ᠦᠨᠳᠦᠰᠦᠯᠡᠨ᠂ ᠲᠤᠭ᠎ᠠ ᠪᠠᠷᠢᠮᠲᠠ ᠴᠤᠭᠯᠠᠭᠤᠯᠬᠤ᠂ ᠴᠤᠭᠯᠠᠭᠤᠯᠤᠨ ᠨᠡᠶᠢᠯᠡᠭᠦᠯᠬᠦ᠂ ᠵᠠᠰᠠᠬᠤ ᠵᠢᠴᠢ ᠭᠠᠳᠠᠭᠠᠳᠤ ᠳᠤ ᠬᠠᠮᠲᠤᠪᠠᠷ ᠭᠥᠷᠳᠡᠬᠦ᠂ ᠨᠡᠭᠡᠭᠡᠯᠲᠡ ᠬᠢᠵᠦ ᠬᠠᠮᠢᠶᠠᠷᠬᠤ ᠶᠢ ᠴᠢᠩᠭᠠᠳᠬᠠᠵᠤ᠂ ᠲᠤᠭ᠎ᠠ ᠪᠠᠷᠢᠮᠲᠠ ᠶᠢ ᠬᠠᠮᠲᠤᠪᠠᠷ ᠭᠥᠷᠳᠡᠬᠦ᠂ ᠨᠡᠭᠡᠭᠡᠯᠲᠡ ᠬᠢᠬᠦ ᠦᠷ᠎ᠡ ᠪᠦᠲᠦᠮᠵᠢ ᠪᠠ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ᠂ ᠲᠦᠷᠢᠮ ᠪᠠᠷᠢᠮᠵᠢᠶ᠎ᠠ ᠶᠣᠰᠣᠭᠠᠷ ᠣᠯᠠᠨ ᠨᠡᠶᠢᠲᠡ ᠶᠢᠨ ᠳᠤᠭ᠎ᠠ ᠪᠠᠷᠢᠮᠳᠠ ᠪᠠ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠶ᠃ ᠳᠤᠭ᠎ᠠ ᠪᠠᠷᠢᠮᠳᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠳᠤᠭ᠎ᠠ ᠪᠠᠷᠢᠮᠳᠠ ᠬᠠᠩᠭᠠᠬᠤ ᠰᠠᠯᠠᠭ᠎ᠠ ᠮᠥᠴᠢᠷ᠂ ᠳᠤᠭ᠎ᠠ ᠪᠠᠷᠢᠮᠳᠠ ᠬᠡᠷᠡᠭᠯᠡᠬᠦ ᠰᠠᠯᠠᠭ᠎ᠠ ᠮᠥᠴᠢᠷ ᠵᠢᠴᠢ ᠬᠠᠮᠢᠶ᠎ᠠ ᠪᠥᠬᠦᠶ ᠠᠵᠢᠯᠲᠠᠨ ᠯᠤᠭ᠎ᠠ ᠳᠤᠭ᠎ᠠ ᠪᠠᠷᠢᠮᠳᠠ ᠶᠢᠨ ᠠᠮᠤᠷ ᠲᠦᠪᠰᠢᠨ ᠤ ᠵᠥᠪᠳᠡᠯᠴᠡᠬᠡᠷ ᠲᠣᠭᠲᠠᠬᠤ ᠬᠡᠷᠡᠭᠲᠡᠶ᠃     ︵ᠭᠤᠷᠪᠠ︶ ᠰᠢᠯᠭᠠᠨ ᠬᠢᠨᠠᠵᠤ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ ᠠᠵᠢᠯᠯᠠᠭᠠᠨ ᠤ ᠲᠥᠰᠦᠯ ᠤᠨ ᠠᠵᠢᠯ ᠤᠨ ᠠᠭᠤᠯᠭ᠎ᠠ ᠶᠢ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠤᠨ ᠣᠨ ᠤ ᠰᠢᠯᠭᠠᠨ ᠬᠢᠨᠠᠬᠤ ᠬᠦᠢᠴᠡᠳᠭᠡᠯ ᠲᠤᠭ᠎ᠠ ᠳᠤ ᠣᠷᠣᠭᠤᠯᠵᠤ᠂ ᠠᠶᠢᠮᠠᠭ ᠤᠨ ᠲᠣᠮᠣ ᠳ᠋ᠠᠶᠢᠲ᠋ᠠ ᠶᠢᠨ ᠲᠥᠪ ᠨᠢ ᠠᠵᠢᠯ ᠤᠨ ᠠᠬᠢᠴᠠ ᠶᠢᠨ ᠪᠠᠶᠢᠳᠠᠯ ᠢ ᠰᠠᠷ᠎ᠠ ᠪᠠᠷ ᠳᠣᠭᠢᠷᠠᠭᠤᠯᠤᠨ ᠮᠡᠳᠡᠭᠡᠯᠡᠵᠦ᠂ ᠴᠢᠬᠤᠯᠠ ᠪᠠᠶᠢᠳᠠᠯ ᠢ ᠠᠶᠢᠮᠠᠭ ᠤᠨ ᠵᠠᠬᠢᠷᠭ᠎ᠠ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠶᠢᠨ ᠬᠠᠮᠲᠤ᠂ ᠬᠠᠮᠲᠤᠷᠠᠨ ᠰᠢᠮᠳᠠᠭᠤᠯᠤᠨ ᠪᠠᠶᠢᠴᠠᠭᠠᠬᠤ ᠰᠠᠯᠠᠭ᠎ᠠ ᠮᠥᠴᠢᠷ ᠲᠠᠢ ᠬᠠᠮᠲᠤᠷᠠᠨ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠵᠢᠯ ᠢ ᠰᠢᠮᠳᠠᠭᠤᠯᠤᠨ ᠪᠠᠶᠢᠴᠠᠭᠠᠵᠤ ᠂ ᠦᠷᠭᠦᠯᠵᠢᠯᠡᠨ ᠮᠥᠷᠳᠡᠨ ᠦᠷ᠎ᠡ ᠪᠦᠲᠦᠮᠵᠢ ᠶᠢ ᠨᠢ ᠠᠰᠠᠭᠤᠬᠤ ᠬᠡᠷᠡᠭᠲᠡᠶ᠃     ᠬᠠᠮᠢᠶ᠎ᠠ ᠪᠦᠬᠦᠢ ᠳᠦᠷᠦ ᠶᠢᠨ ᠪᠣᠳᠣᠯᠭ᠎ᠠ ᠶᠢᠨ ᠳᠠᠶᠢᠯᠣᠮᠵᠢ    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号