ᠥᠪᠡᠷᠲᠡᠭᠡᠨ ᠵᠠᠰᠠᠬᠤ ᠣᠷᠣᠨ ᠤ ᠲᠠᠰ ᠤᠨ ᠬᠤᠶᠠᠷ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠤᠯᠠᠭᠠᠨᠴᠠᠪ ᠲᠤ ᠨᠤᠲᠤᠭᠰᠢᠪᠠ
ᠨᠡᠶᠢᠲᠡᠯᠡᠭᠰᠡᠨ ᠴᠠᠭ᠄
2023/2/28
    ᠤᠶᠢᠷ᠎ᠠ ᠳᠤ᠂ ᠰᠤᠷᠪᠤᠯᠵᠢᠯᠠᠭᠴᠢ ᠤᠯᠠᠭᠠᠨᠴᠠᠪ ᠬᠤᠳᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠥᠪᠡᠷᠲᠡᠭᠡᠨ ᠵᠠᠰᠠᠬᠤ ᠣᠷᠣᠨ ᠤ ᠲᠡᠮᠤᠷ ᠤᠨ ᠬᠠᠶᠢᠯᠤᠰᠢ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠶᠤᠤᠮᠠᠢ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠤᠯᠠᠭᠠᠨᠴᠠᠪ ᠲᠤ ᠨᠤᠲᠤᠭᠰᠢᠪᠠ᠃ ᠲᠡᠳᠡᠭᠡᠷ ᠨᠢ ᠴᠦᠮ ᠮᠠᠨ ᠤ ᠣᠷᠣᠨ ᠤ ᠴᠣᠷ ᠤᠨ ᠭᠠᠭᠴᠠ ᠲᠣᠰ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠪᠤᠯᠤᠨ᠎ᠠ᠃     ᠲᠡᠮᠦᠷ ᠤᠨ ᠬᠠᠶᠢᠯᠤᠰᠢ᠂ ᠶᠤᠤᠮᠠᠢ᠂ ᠲᠥᠮᠥᠰᠥ᠂ ᠡᠭᠡᠳᠡᠭᠰᠡᠨ ᠰᠦ ᠶᠢᠨ ᠠᠵᠤ ᠦᠢᠯᠡᠰ ᠪᠣᠯ ᠤᠯᠠᠭᠠᠨᠴᠠᠪ ᠬᠤᠲᠠ ᠶᠢᠨ ᠣᠨᠴᠠᠯᠢᠭᠲᠤ ᠳᠠᠪᠠᠭᠤᠯᠢᠭ ᠠᠵᠤ ᠦᠢᠯᠡᠰ ᠪᠣᠯᠤᠨ᠎ᠠ᠃ ᠡᠲᠡᠭᠡᠷ ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠤᠯᠠᠭᠠᠨᠴᠠᠪ ᠬᠤᠲᠠ 2022 ᠣᠨ ᠳᠤ ᠥᠪᠡᠷᠲᠡᠭᠡᠨ ᠵᠠᠰᠠᠬᠤ ᠣᠷᠣᠨ ᠤ ᠲᠥᠮᠥᠰᠥ᠂ ᠲᠡᠮᠦᠷ ᠤᠨ ᠬᠠᠶᠢᠯᠤᠰᠢ᠂ ᠶᠤᠤᠮᠠᠢ᠂ ᠡᠭᠡᠳᠡᠭᠰᠡᠨ ᠰᠦ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠵᠡᠷᠭᠡ 4 ᠲᠥᠪ ᠢ ᠪᠠᠶᠢᠭᠤᠯᠬᠤ ᠠᠵᠢᠯ ᠢ ᠡᠬᠢᠯᠡᠭᠦᠯᠪᠡ᠃     ᠤᠯᠠᠭᠠᠨᠴᠠᠪ ᠬᠤᠲᠠ ᠶᠢᠨ ᠦᠢᠯᠡᠳᠬᠦᠨ ᠤ ᠶᠠᠰᠤ ᠴᠢᠨᠠᠷ ᠤᠨ ᠬᠡᠮᠵᠢᠯᠲᠡ ᠰᠢᠯᠭᠠᠨ ᠪᠠᠶᠢᠴᠠᠭᠠᠯᠲᠠ ᠶᠢᠨ ᠲᠥᠪ ᠤᠨ ᠳᠡᠳ᠋ ᠡᠷᠬᠢᠯᠡᠭᠴᠢ ᠨᠢᠤ ᠮᠢᠩ᠄ ︽ᠵᠤᠬᠢᠬᠤ ᠬᠤᠭᠤᠴᠠᠭᠠᠨ ᠤ ᠴᠢᠷᠮᠠᠶᠢᠯᠭ᠎ᠠ ᠪᠠᠷ ᠳᠡᠮᠵᠢᠨ᠂ ᠣᠳᠣᠬᠠᠨ ᠳᠤ᠂ ᠥᠪᠡᠷᠲᠡᠭᠡᠨ ᠵᠠᠰᠠᠬᠤ ᠣᠷᠣᠨ ᠤ ᠲᠡᠮᠦᠷ ᠤᠨ ᠬᠠᠶᠢᠯᠤᠰᠢ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ᠂ ᠥᠪᠡᠷᠲᠡᠭᠡᠨ ᠵᠠᠰᠠᠬᠤ ᠣᠷᠣᠨ ᠤ ᠶᠤᠤᠮᠠᠢ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠥᠪᠰᠢᠶᠡᠷᠡᠯ ᠢ ᠤᠯᠵᠤ ᠠᠳᠡ ᠨᠤᠲᠤᠭᠰᠢᠪᠠ᠃ ᠪᠢᠳᠡ ᠪᠠᠰᠠ ᠲᠥᠮᠥᠰᠥ᠂ ᠡᠭᠡᠳᠡᠭᠰᠡᠨ ᠰᠦ ᠶᠢᠨ ᠬᠡᠮᠵᠢᠯᠲᠡ ᠰᠢᠯᠭᠠᠯᠲᠠ ᠶᠢᠨ ᠲᠥᠪ ᠤᠨ ᠲᠥᠷᠥᠯ ᠵᠦᠢᠯ ᠢ ᠶᠠᠭ ᠢᠳᠡᠪᠬᠢᠲᠡᠶ ᠪᠡᠯᠡᠳᠭᠡᠵᠤ ᠪᠤᠢ︾ ᠬᠡᠵᠤ ᠲᠠᠨᠢᠯᠴᠠᠭᠤᠯᠤᠨ᠎ᠠ᠃     ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠤᠨ ᠭᠤᠤᠯ ᠡᠭᠦᠷᠭᠡ ᠪᠣᠯ ᠠᠵᠤ ᠦᠢᠯᠡᠰ ᠤᠨ ᠣᠨᠴᠠᠯᠢᠭ ᠲᠠᠢ ᠬᠡᠮᠵᠢᠭᠳᠡᠯ ᠳᠠᠮᠵᠢᠭᠤᠯᠬᠤ ᠮᠡᠷᠭᠡᠵᠢᠯ ᠪᠠ ᠰᠢᠯᠭᠠᠬᠤ ᠮᠡᠷᠭᠡᠵᠢᠯ ᠢ ᠰᠤᠳᠤᠯᠵᠤ᠂ ᠠᠵᠤ ᠦᠢᠯᠡᠰ ᠤᠨ ᠲᠤᠰᠬᠠᠶ ᠬᠡᠷᠡᠭᠯᠡᠬᠦ ᠬᠡᠮᠵᠢᠯᠲᠡ᠂ ᠰᠢᠯᠭᠠᠯᠲᠠ ᠶᠢᠨ ᠲᠣᠨᠤᠭ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ᠂ ᠬᠠᠮᠢᠶ᠎ᠠ ᠪᠥᠬᠦᠶ ᠠᠵᠤ ᠦᠢᠯᠡᠰ ᠤᠨ ᠪᠥᠬᠦ ᠡᠬᠢ ᠡᠭᠦᠰᠦᠯ ᠤᠨ ᠬᠡᠯᠬᠢᠶ᠎ᠡ᠂ ᠪᠥᠬᠦ ᠠᠮᠢ ᠨᠠᠰᠤᠨ ᠤ ᠦᠶᠡᠯᠡᠯ᠂ ᠪᠥᠬᠦ ᠠᠵᠤ ᠦᠢᠯᠡᠰ ᠤᠨ ᠬᠡᠯᠬᠢᠶ᠎ᠡ ᠳᠤ ᠤᠶᠢᠯᠡᠴᠢᠯᠠᠬᠦ ᠲᠠᠷᠢᠬᠦᠨ ᠤ ᠬᠡᠮᠵᠢᠯᠲᠡ ᠶᠢᠨ ᠮᠡᠷᠭᠡᠵᠢᠯ ᠢ ᠰᠤᠳᠤᠯᠵᠤ᠂ ᠬᠡᠮᠵᠢᠯᠲᠡ ᠰᠢᠯᠭᠠᠯᠲᠠ ᠶᠢᠨ ᠴᠢᠳᠠᠪᠤᠷᠢ᠂ ᠬᠡᠮᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠢᠯᠯᠠᠭᠠᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠦᠢᠯᠡᠰ ᠤᠨ ᠬᠥᠭᠵᠢᠯᠲᠡ ᠳᠤ ᠳᠡᠭᠡᠳᠦ ᠮᠡᠷᠭᠡᠵᠢᠯ᠂ ᠴᠢᠨᠠᠷ ᠰᠠᠶᠢᠲᠠᠶ ᠦᠢᠯᠡᠴᠢᠯᠡᠭᠡ ᠬᠠᠩᠭᠠᠬᠤ ᠪᠤᠯᠤᠨ᠎ᠠ᠃ᠬᠡᠮᠵᠢᠯᠲᠡ ᠰᠢᠯᠭᠠᠯᠲᠠ ᠶᠢᠨ ᠲᠥᠪ ᠪᠠᠶᠢᠭᠤᠯᠤᠭᠳᠠᠭᠰᠠᠨ ᠨᠢ ᠲᠤᠬᠠᠶ ᠶᠢᠨ ᠭᠠᠵᠠᠷ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠠᠬᠢᠭᠤᠯᠬᠤ ᠶᠢᠨ ᠬᠠᠮᠲᠤ ᠪᠠᠰᠠ ᠬᠤᠯᠪᠣᠭᠳᠠᠯ ᠪᠥᠬᠦᠶ ᠠᠵᠤ ᠠᠬᠤᠶᠢᠯᠠᠯ ᠤᠨ ᠬᠥᠭᠵᠢᠯᠲᠡ ᠳᠤ ᠴᠢᠬᠤᠯᠠ ᠢᠳᠡᠪᠬᠢᠲᠡᠶ ᠦᠢᠯᠡᠳᠦᠯ ᠦᠵᠡᠭᠦᠯᠬᠦ ᠪᠤᠯᠤᠨ᠎ᠠ᠃ ᠥᠪᠥᠷ ᠮᠣᠩᠭᠤᠯ ᠤᠨ ᠶᠢᠨ ᠱᠠᠨ ᠶᠤᠤᠮᠠᠢ ᠶᠢᠨ ᠢᠳᠡᠭᠡᠨ ᠤ ᠬᠢᠵᠠᠭᠠᠷᠲᠤ ᠺᠣᠮᠫᠠᠨᠢ ᠶᠢᠨ ᠪᠠᠶᠢᠩᠭᠤ ᠶᠢᠨ ᠳᠡᠳ᠋ ᠶᠡᠷᠦᠩᠬᠡᠶ ᠳᠠᠭᠠᠭᠠᠮᠠᠯ᠂ ᠶᠡᠷᠦᠩᠬᠡᠶ ᠢᠨᠵᠧᠨᠧᠷ ᠰᠢᠶᠤᠤ ᠫᠢᠩ ᠪᠥᠸᠧ᠄ ︽ᠶᠤᠤᠮᠠᠢ ᠶᠢᠨ ᠠᠵᠤ ᠦᠢᠯᠡᠰ ᠤᠨ ᠬᠡᠮᠵᠢᠯᠲᠡ ᠰᠢᠯᠭᠠᠯᠲᠠ ᠶᠢᠨ ᠲᠥᠪ ᠪᠠᠶᠢᠭᠤᠯᠤᠭᠳᠠᠭᠰᠠᠨ ᠤ ᠳᠠᠷᠠᠭ᠎ᠠ᠂ ᠮᠠᠨ ᠤ ᠠᠵᠤ ᠠᠬᠤᠶᠢᠯᠠᠯ ᠳᠤ ᠠᠪᠴᠤ ᠬᠡᠯᠡᠪᠡᠯ ᠬᠤᠶᠠᠷ ᠲᠠᠯ᠎ᠠ ᠶᠢᠨ ᠰᠠᠶᠢᠨ ᠲᠠᠯ᠎ᠠ ᠲᠠᠢ ᠶᠤᠮ᠃ ᠨᠢᠭᠡ ᠳᠤ᠂ ᠮᠠᠨ ᠤ ᠲᠦᠭᠦᠬᠡᠶ ᠠᠮᠤ ᠬᠤᠳᠠᠯᠳᠤᠨ ᠠᠪᠬᠤ ᠶᠠᠪᠤᠴᠠ ᠳᠤ᠂ ᠬᠡᠷᠪᠡ ᠬᠡᠮᠵᠢᠨ ᠰᠢᠯᠭᠠᠬᠤ ᠠᠵᠢᠯ ᠢ ᠨᠠᠷᠢᠯᠢᠭ ᠬᠢᠪᠠᠯ ᠲᠦᠭᠦᠬᠡᠶ ᠮᠠᠲ᠋ᠧᠷᠢᠶᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠳᠤ ᠮᠠᠰᠢ ᠲᠤᠰᠠ ᠲᠠᠢ︔ ᠨᠥᠭᠦᠭᠡ ᠲᠠᠯ᠎ᠠ ᠪᠠᠷ᠂ ᠦᠢᠯᠡᠳᠪᠦᠷᠢᠯᠡᠯ ᠤᠨ ᠶᠠᠪᠤᠴᠠ ᠳᠤ᠂ ᠠᠭᠤᠷ᠂ ᠳᠤᠯᠠᠭᠠᠨ ᠤ ᠬᠡᠮᠵᠢᠶ᠎ᠡ ᠂ ᠤᠰᠤ ᠳᠤ ᠣᠨᠣᠪᠴᠢᠲᠠᠶ ᠬᠡᠮᠵᠢᠯᠲᠡ ᠬᠢᠬᠦ ᠪᠠᠷ ᠳᠠᠮᠵᠢᠭᠤᠯᠤᠨ ᠮᠠᠨ ᠤ ᠦᠢᠯᠡᠳᠬᠦᠨ ᠤ ᠶᠠᠰᠤ ᠴᠢᠨᠠᠷ ᠤᠨ ᠲᠣᠭᠲᠠᠭᠤᠨ ᠪᠠᠶᠢᠬᠤ ᠶᠢ ᠪᠠᠲᠤᠯᠠᠵᠤ ᠪᠤᠯᠤᠨ᠎ᠠ︾ ᠬᠡᠵᠤ ᠶᠠᠷᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号