ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠬᠢᠨᠠᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠯᠠᠱᠠ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ︵ᠳᠣᠷᠣᠭᠰᠢ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ ᠭᠡᠵᠦ ᠲᠣᠪᠴᠢᠯᠠᠨ᠎ᠠ︶ ᠤᠨ ᠲᠣᠭᠤᠰᠣ ᠰᠢᠷᠣᠢ ᠶᠢᠨ ᠪᠣᠬᠢᠷᠳᠤᠯ ᠢ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠣᠷᠴᠢᠨ ᠲᠣᠭᠤᠷᠢᠨ ᠤ ᠠᠭᠠᠷ ᠤᠨ | ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠤᠰᠠᠳᠠ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︽ᠬᠠᠷᠢᠶ᠎ᠠ ᠣᠷᠣᠨ ᠤ ᠬᠠᠮᠢᠶᠠᠷᠤᠯᠲᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ᠂ ᠪᠦᠬᠦᠯᠢ | ᠴᠣᠭᠴᠠ ᠪᠠᠷ ᠢᠶᠠᠨ ᠬᠤᠯᠪᠤᠭᠠᠯᠠᠨ ᠬᠥᠳᠡᠯᠦᠯᠴᠡᠬᠦ᠂ ᠶᠡᠷᠦᠩᠬᠡᠶᠢᠯᠡᠨ ᠵᠠᠰᠠᠬᠤ︾ ᠵᠠᠷᠴᠢᠮ ᠶᠣᠰᠣᠭᠠᠷ᠂ ᠠᠯᠠᠱᠠ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠡᠪᠴᠢᠶᠡᠨ ᠳᠤ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ | ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠤᠷᠢᠳᠴᠢᠯᠠᠨ ᠰᠡᠷᠭᠡᠶᠢᠯᠡᠵᠦ ᠬᠠᠮᠢᠶᠠᠷᠤᠨ ᠡᠵᠡᠮᠳᠡᠬᠦ᠂ | ᠲᠥᠪᠯᠡᠷᠡᠭᠦᠯᠦᠨ ᠴᠡᠭᠴᠡᠯᠡᠨ ᠵᠠᠰᠠᠬᠤ᠂ ᠶᠡᠷᠦᠩᠬᠡᠶᠢᠯᠡᠨ ᠬᠠᠤᠯᠢ ᠬᠡᠷᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ | ᠳᠠᠮᠵᠢᠭᠤᠯᠤᠨ᠂ ᠪᠠᠷᠢᠯᠭ᠎ᠠ ᠶᠢᠨ ᠭᠠᠵᠠᠷ᠂ ᠵᠠᠮ ᠬᠠᠷᠢᠯᠴᠠᠭ᠎ᠠ ᠲᠡᠭᠡᠭᠡᠪᠦᠷᠢ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠵᠣᠬᠢᠶᠠᠨ ᠪᠠᠶᠢᠭᠤᠯᠤᠯᠲᠠ᠂ ᠵᠠᠳᠠᠭᠠᠢ ᠣᠪᠣᠭᠠᠯᠠᠬᠤ ᠲᠠᠯᠠᠪᠠᠶ ᠵᠡᠷᠭᠡ ᠭᠤᠣᠯᠳᠠᠯᠭ᠎ᠠ ᠲᠠᠢ ᠬᠦᠷᠢᠶᠡᠨ ᠤ | ᠲᠣᠭᠤᠰᠣ ᠰᠢᠷᠣᠢ ᠶᠢᠨ ᠪᠣᠬᠢᠷᠳᠤᠯ ᠢ ᠪᠦᠲᠦᠮᠵᠢᠲᠡᠶ ᠡᠵᠡᠮᠳᠡᠵᠦ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ | ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠤᠨ᠎ᠠ᠃ | ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠳᠡᠭᠳᠡᠮᠡᠯ ᠲᠣᠭᠤᠰᠣᠨ ᠤ | ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠬᠠᠷᠢᠶ᠎ᠠ ᠣᠷᠣᠨ ᠤ ᠳᠣᠲᠣᠷᠠᠬᠢ ᠳᠡᠭᠳᠡᠮᠡᠯ ᠲᠣᠭᠤᠰᠣᠨ ᠤ ᠪᠣᠬᠢᠷᠳᠤᠯ ᠢ ᠶᠡᠷᠦᠩᠬᠡᠶᠢᠯᠡᠨ ᠴᠡᠭᠴᠡᠯᠡᠨ | ᠵᠠᠰᠠᠬᠤ ᠶᠢ ᠬᠡᠷᠡᠭᠵᠢᠭᠦᠯᠬᠦ ᠳᠤ ᠨᠢᠭᠡᠳᠦᠯᠲᠡᠢ ᠬᠢᠨᠠᠯᠲᠠ ᠲᠠᠯᠪᠢᠵᠤ ᠬᠠᠮᠢᠶᠠᠷᠬᠤ ᠶᠢ ᠬᠠᠷᠢᠭᠤᠴᠠᠵᠤ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠤᠨ ᠳᠡᠭᠳᠡᠮᠡᠯ ᠲᠣᠭᠤᠰᠣᠨ ᠤ ᠪᠣᠬᠢᠷᠳᠤᠯ ᠢ ᠴᠡᠭᠴᠡᠯᠡᠨ ᠵᠠᠰᠠᠬᠤ ᠠᠵᠢᠯ ᠤᠨ ᠠᠬᠢᠴᠠ | ᠬᠢᠭᠡᠳ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ᠎ᠠ᠃ | ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠨᠢ ᠳᠡᠭᠳᠡᠮᠡᠯ ᠲᠣᠭᠤᠰᠣᠨ ᠤ ᠪᠣᠬᠢᠷᠳᠤᠯ ᠢ | ᠰᠡᠷᠭᠡᠶᠢᠯᠡᠨ ᠵᠠᠰᠠᠬᠤ ᠶᠢ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠵᠤ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠳ᠋ ᠮᠠᠲ᠋ᠧᠷᠢᠶᠠᠯ ᠣᠪᠣᠭᠠᠯᠠᠬᠤ ᠲᠠᠯᠠᠪᠠᠶ ᠶᠢᠨ ᠳᠡᠭᠳᠡᠮᠡᠯ ᠲᠣᠭᠤᠰᠣᠨ ᠤ ᠪᠣᠬᠢᠷᠳᠤᠯ ᠢ ᠰᠡᠷᠭᠡᠶᠢᠯᠡᠨ | ᠵᠠᠰᠠᠬᠤ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠬᠦ ᠶᠢ ᠪᠣᠳᠠᠲᠠᠢ ᠬᠠᠷᠢᠭᠤᠴᠠᠨ᠎ᠠ᠃ | ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠨᠢ | ᠭᠡᠷ ᠪᠠᠶᠢᠰᠢᠩ ᠤᠨ ᠪᠠᠷᠢᠯᠭ᠎ᠠ ᠶᠢᠨ ᠠᠵᠢᠯ᠂ ᠤᠯᠤᠰ ᠤᠨ ᠥᠮᠴᠢᠯᠡᠯᠲᠦ ᠭᠠᠵᠠᠷ ᠰᠢᠷᠣᠢ ᠶᠢᠨ ᠭᠡᠷ ᠪᠠᠶᠢᠰᠢᠩ ᠢ | ᠲᠠᠲᠠᠪᠤᠷᠢᠯᠠᠨ ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠠᠵᠢᠯ᠂ ᠬᠤᠲᠠ ᠶᠢᠨ ᠶᠠᠪᠤᠳᠠᠯ ᠤᠨ ᠰᠠᠭᠤᠷᠢ ᠪᠡᠯᠡᠳᠬᠡᠮᠵᠢ ᠵᠢᠴᠢ | ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ᠂ ᠪᠧᠲ᠋ᠤᠨ ᠵᠢᠭᠤᠷᠠᠬᠤ ᠥᠷᠲᠡᠭᠡ᠂ ᠣᠯᠠᠨ | ᠨᠡᠶᠢᠲᠡ ᠶᠢᠨ ᠨᠣᠭᠤᠭᠠᠷᠠᠭᠤᠯᠤᠯᠲᠠ ᠶᠢᠨ ᠲᠥᠷᠥᠯ ᠵᠦᠢᠯ᠂ ᠢᠯᠡ ᠭᠠᠵᠠᠷ ᠰᠢᠷᠣᠢ᠂ ᠵᠠᠮ ᠴᠡᠪᠡᠷᠯᠡᠭᠡ᠂ | ᠲᠡᠭᠡᠭᠡᠪᠦᠷᠢ ᠶᠢᠨ ᠲᠡᠷᠭᠡ ᠬᠥᠰᠬᠡ᠂ ᠵᠠᠳᠠᠭᠠᠢ ᠰᠢᠲᠠᠭᠠᠬᠤ ᠬᠤᠭ ᠨᠣᠪᠰᠢ ᠵᠡᠷᠭᠡ ᠳᠡᠭᠳᠡᠮᠡᠯ ᠲᠣᠭᠤᠰᠣᠨ ᠤ | ᠪᠣᠬᠢᠷᠳᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ | ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ᠂ ᠠᠭᠤᠷᠬᠠᠢ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠳᠤ ᠬᠢᠨᠠᠯᠲᠠ ᠬᠠᠮᠢᠶᠠᠷᠤᠯᠲᠠ ᠶᠢ | ᠬᠡᠷᠡᠭᠵᠢᠭᠦᠯᠬᠦ ᠶᠢ ᠬᠠᠷᠢᠭᠤᠴᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠲᠠᠢ ᠬᠠᠮᠵᠢᠯᠴᠠᠨ | ᠠᠭᠤᠷᠬᠠᠢ ᠶᠢᠨ ᠳᠡᠭᠳᠡᠮᠡᠯ ᠲᠣᠭᠤᠰᠣ ᠶᠢ ᠰᠡᠷᠭᠡᠶᠢᠯᠡᠨ ᠵᠠᠰᠠᠬᠤ ᠶᠢ ᠬᠠᠷᠢᠭᠤᠴᠠᠨ᠎ᠠ᠃ | ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ ᠨᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ | ᠵᠠᠰᠠᠮᠠᠯ ᠵᠠᠮ᠂ ᠬᠥᠭᠦᠷᠭᠡ ᠵᠡᠷᠭᠡ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠬᠢᠭᠡᠳ ᠨᠤᠷᠠᠭᠠᠬᠤ᠂ ᠵᠠᠰᠠᠮᠠᠯ ᠵᠠᠮ ᠢ | ᠠᠷᠠᠴᠢᠯᠠᠨ ᠬᠠᠮᠠᠭᠠᠯᠠᠬᠤ ᠪᠠ ᠨᠣᠭᠤᠭᠠᠷᠠᠭᠤᠯᠬᠤ ᠠᠵᠢᠯ᠂ ᠵᠠᠰᠠᠮᠠᠯ ᠵᠠᠮ ᠳᠡᠭᠡᠷᠡᠬᠢ ᠪᠣᠳᠠᠰ ᠤᠨ ᠮᠠᠲ᠋ᠧᠷᠢᠶᠠᠯ ᠢ | ᠲᠡᠭᠡᠭᠡᠪᠦᠷᠢᠯᠡᠬᠦ ᠵᠡᠷᠭᠡ ᠳᠡᠭᠳᠡᠮᠡᠯ ᠲᠣᠭᠤᠰᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ | ᠬᠠᠮᠢᠶᠠᠷᠬᠤ ᠶᠢ ᠬᠡᠷᠡᠭᠵᠢᠭᠦᠯᠬᠦ ᠶᠢ ᠬᠠᠷᠢᠭᠤᠴᠠᠨ᠎ᠠ᠃ | ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠠᠴᠠ ᠬᠠᠷᠢᠭᠤᠴᠠᠵᠤ ᠪᠠᠶᠢᠭᠠᠳ ᠣᠷᠣᠨ ᠰᠠᠭᠤᠴᠠ | ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ | ᠲᠡᠭᠡᠭᠡᠪᠦᠷᠢ ᠶᠢᠨ ᠲᠡᠷᠭᠡ ᠬᠥᠰᠬᠡ ᠶᠢᠨ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠬᠠᠶᠠᠵᠤ | ᠠᠰᠬᠠᠵᠤ ᠭᠤᠭᠤᠵᠢᠭᠤᠯᠤᠭᠰᠠᠨ᠂ ᠲᠣᠭᠲᠠᠭᠰᠠᠨ ᠵᠠᠮ ᠱᠤᠭᠤᠮ ᠢᠶᠠᠷ ᠶᠠᠪᠤᠭᠤᠯᠬᠤ ᠦᠭᠡᠢ᠂ ᠰᠡᠭᠦᠯ ᠤᠨ ᠬᠡᠢ ᠶᠢᠨ | ᠭᠠᠳᠠᠭᠰᠢᠯᠠᠭᠤᠯᠤᠯᠲᠠ ᠨᠢ ᠪᠠᠷᠢᠮᠵᠢᠶ᠎ᠠ ᠳᠤ ᠬᠦᠷᠬᠦ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ | ᠠᠵᠢᠯᠯᠠᠭ᠎ᠠ ᠳᠤ ᠬᠢᠨᠠᠯᠲᠠ ᠲᠠᠯᠪᠢᠵᠤ ᠬᠠᠮᠢᠶᠠᠷᠬᠤ ᠶᠢ ᠬᠡᠷᠡᠭᠵᠢᠭᠦᠯᠦᠨ᠎ᠡ᠃ | ᠭᠤᠷᠪᠠ᠂ ᠴᠡᠭᠴᠡᠯᠡᠨ ᠵᠠᠰᠠᠬᠤ ᠠᠭᠤᠯᠭ᠎ᠠ | ︵ᠨᠢᠭᠡ︶ ᠪᠠᠷᠢᠯᠭ᠎ᠠ ᠶᠢᠨ ᠭᠠᠵᠠᠷ ᠤᠨ ᠬᠤᠭ ᠲᠣᠭᠤᠰᠣ ᠶᠢ ᠴᠡᠭᠴᠡᠯᠡᠨ ᠵᠠᠰᠠᠬᠤ | 1. ᠪᠠᠷᠢᠯᠭ᠎ᠠ ᠶᠢᠨ ᠭᠠᠵᠠᠷ ᠤᠨ ᠬᠤᠭ ᠲᠣᠭᠤᠰᠣ ᠶᠢ ᠴᠡᠭᠴᠡᠯᠡᠨ ᠵᠠᠰᠠᠨ᠎ᠠ᠃ᠪᠠᠷᠢᠯᠭ᠎ᠠ ᠶᠢᠨ ᠲᠤᠬᠠᠢ ᠶᠢᠨ | ᠲᠠᠯᠠᠪᠤᠷ ᠲᠤ ᠪᠠᠷᠢᠮᠵᠢᠶ᠎ᠠ ᠶᠣᠰᠣᠭᠠᠷ ᠪᠦᠷᠢᠨ ᠪᠢᠲᠡᠭᠦᠮᠵᠢᠯᠡᠭᠰᠡᠨ ᠬᠠᠰᠢᠯᠭ᠎ᠠ ᠬᠡᠷᠡᠮ ᠢ ᠪᠠᠶᠢᠷᠢᠯᠠᠭᠤᠯᠬᠤ ᠶᠢᠨ ᠬᠠᠮᠲᠤ | ᠬᠠᠰᠢᠯᠭ᠎ᠠ ᠬᠡᠷᠡᠮ ᠳᠡᠭᠡᠷ᠎ᠡ ᠳᠡᠭᠳᠡᠮᠡᠯ ᠲᠣᠭᠤᠰᠣ ᠶᠢ ᠵᠠᠰᠠᠬᠤ ᠶᠢ ᠵᠠᠷᠯᠠᠨ ᠨᠡᠶᠢᠲᠡᠯᠡᠬᠦ ᠪᠤᠯᠤᠩ ᠭᠠᠷᠭᠠᠵᠤ᠂ | ᠪᠠᠷᠢᠯᠭ᠎ᠠ ᠶᠢᠨ ᠳᠡᠭᠳᠡᠮᠡᠯ ᠲᠣᠭᠤᠰᠣ ᠶᠢ ᠡᠵᠡᠮᠳᠡᠬᠦ ᠠᠷᠭ᠎ᠠ ᠬᠡᠮᠵᠢᠶ᠎ᠡ᠂ ᠲᠥᠷᠥᠯ ᠵᠦᠢᠯ ᠤᠨ ᠳᠠᠭᠠᠭᠠᠮᠠᠯ᠂ ᠪᠣᠳᠠᠲᠠᠢ | ᠬᠠᠷᠢᠭᠤᠴᠠᠯᠭᠠᠲᠠᠨ ᠤ ᠣᠪᠣᠭ ᠨᠡᠷ᠎ᠡ ᠵᠢᠴᠢ ᠳᠡᠭᠳᠡᠮᠡᠯ ᠲᠣᠭᠤᠰᠣ ᠶᠢ ᠵᠠᠭᠠᠯᠳᠤᠵᠤ ᠢᠯᠡᠴᠢᠯᠡᠨ ᠮᠡᠳᠡᠭᠦᠯᠬᠦ ᠣᠳᠠᠰᠣ ᠶᠢ | ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃ᠪᠣᠶ ᠪᠦᠬᠦᠢ ᠪᠠᠷᠢᠯᠭ᠎ᠠ ᠶᠢᠨ ᠭᠠᠵᠠᠷ᠂ | ᠬᠤᠲᠠ ᠶᠢᠨ ᠶᠠᠪᠤᠳᠠᠯ ᠤᠨ ᠵᠠᠮ ᠤᠨ ᠪᠠᠷᠢᠯᠭ᠎ᠠ ᠳᠤ ᠲᠤᠬᠠᠢ ᠶᠢᠨ ᠭᠠᠵᠠᠷ ᠢ ᠬᠦᠷᠢᠶᠡᠯᠡᠨ ᠬᠠᠰᠢᠬᠤ᠂ ᠪᠣᠳᠠᠰ ᠤᠨ | ᠮᠠᠲ᠋ᠧᠷᠢᠶᠠᠯ ᠢ ᠣᠪᠣᠭᠠᠯᠠᠨ ᠲᠠᠯᠪᠢᠵᠤ ᠪᠦᠷᠬᠦᠭᠦᠯᠬᠦ᠂ ᠣᠷᠣᠵᠤ ᠭᠠᠷᠬᠤ ᠲᠡᠷᠭᠡ ᠬᠥᠰᠬᠡ ᠶᠢ ᠤᠬᠢᠶᠠᠬᠤ᠂ | ᠪᠠᠷᠢᠯᠭ᠎ᠠ ᠶᠢᠨ ᠲᠤᠬᠠᠢ ᠶᠢᠨ ᠭᠠᠵᠠᠷ ᠤᠨ ᠵᠠᠮ ᠵᠢᠴᠢ ᠮᠠᠲ᠋ᠧᠷᠢᠶᠠᠯ ᠣᠪᠣᠭᠠᠯᠠᠬᠤ ᠲᠠᠯᠠᠪᠠᠶ ᠶᠢ ᠬᠠᠲᠠᠭᠤᠷᠠᠭᠤᠯᠬᠤ᠂ | ᠪᠠᠷᠢᠯᠭ᠎ᠠ ᠶᠢᠨ ᠭᠠᠵᠠᠷ ᠤᠨ ᠨᠣᠶᠢᠲᠠᠨ ᠢᠶᠠᠷ ᠠᠵᠢᠯᠯᠠᠬᠤ᠂ ᠬᠤᠭ ᠰᠢᠷᠣᠢ ᠶᠢᠨ ᠲᠡᠷᠭᠡ ᠬᠥᠰᠬᠡ ᠶᠢ ᠨᠢᠭᠲᠠ | ᠪᠢᠲᠡᠭᠦᠮᠵᠢᠯᠡᠨ ᠲᠡᠭᠡᠭᠡᠪᠦᠷᠢᠯᠡᠬᠦ ᠵᠡᠷᠭᠡ ︽ᠵᠢᠷᠭᠤᠭᠠᠨ ᠵᠠᠭᠤᠨ ᠤ ᠵᠠᠭᠤ ᠪᠠᠷ︾ ᠰᠡᠷᠭᠡᠶᠢᠯᠡᠨ ᠵᠠᠰᠠᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠲᠥᠷᠥᠯ ᠵᠦᠢᠯ ᠢ ᠪᠦᠬᠦᠨ ᠢ ᠳᠠᠭᠤᠰᠬᠠᠲᠠᠯᠠ ᠪᠠᠲᠤᠯᠠᠬᠤ ᠬᠡᠷᠡᠭᠲᠡᠢ᠃ | ᠥᠨᠳᠥᠷ ᠣᠭᠲᠠᠷᠭᠤᠢ ᠳᠤ ᠪᠣᠳᠠᠰ ᠪᠤᠶᠤ ᠪᠠᠷᠢᠯᠭ᠎ᠠ ᠶᠢᠨ ᠬᠤᠭ ᠨᠣᠪᠰᠢ ᠶᠢ ᠬᠠᠶᠠᠬᠤ ᠶᠢ ᠴᠢᠩᠭ᠎ᠠ ᠴᠠᠭᠠᠵᠠᠯᠠᠨ᠎ᠠ᠃ | ᠪᠠᠷᠢᠯᠭ᠎ᠠ ᠶᠢᠨ ᠠᠵᠢᠯ ᠬᠢᠬᠦ ᠳᠤ ᠤᠷᠢᠳᠴᠢᠯᠠᠨ ᠬᠤᠯᠢᠭᠰᠠᠨ ᠪᠧᠲ᠋ᠣᠨ ᠪᠠ ᠤᠷᠢᠳᠴᠢᠯᠠᠨ ᠬᠤᠯᠢᠭᠰᠠᠨ ᠡᠯᠡᠰᠦᠨ | ᠵᠢᠭᠤᠷᠠᠮᠠᠭ ᠢ ᠬᠡᠷᠡᠭᠯᠡᠬᠦ ᠬᠡᠷᠡᠭᠲᠡᠢ᠃ᠪᠠᠷᠢᠯᠭ᠎ᠠ ᠶᠢᠨ ᠠᠵᠢᠯ ᠤᠨ ᠲᠤᠬᠠᠢ ᠶᠢᠨ ᠭᠠᠵᠠᠷ ᠲᠤ ᠬᠡᠰᠡᠭ ᠪᠤᠰᠠᠭ ᠪᠧᠲ᠋ᠣᠨ᠂ | ᠡᠯᠡᠰᠦᠨ ᠵᠢᠭᠤᠷᠠᠮᠠᠯ ᠢ ᠦᠨᠡᠨ ᠬᠦ ᠬᠤᠳᠬᠤᠬᠤ ᠴᠢᠬᠤᠯᠠᠲᠠᠢ ᠪᠠᠶᠢᠪᠠᠯ᠂ ᠬᠤᠳᠬᠤᠬᠤ ᠣᠷᠣᠨ ᠪᠦᠰᠡ ᠳᠤ | ᠪᠢᠲᠡᠭᠦᠮᠵᠢᠯᠡᠨ ᠲᠣᠭᠤᠰᠣ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ ᠬᠡᠷᠡᠭᠲᠡᠢ᠃ᠪᠠᠷᠢᠯᠭ᠎ᠠ ᠶᠢᠨ ᠬᠤᠭ ᠨᠣᠪᠰᠢ ᠶᠢ | ᠰᠢᠢᠳᠪᠦᠷᠢᠯᠡᠬᠦ ᠳᠡᠭᠡᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠪᠤᠯᠠᠬᠤ ᠭᠠᠵᠠᠷ ᠲᠤ | ᠲᠡᠭᠡᠭᠡᠪᠦᠷᠢᠯᠡᠨ ᠬᠦᠷᠭᠡᠬᠦ ᠬᠡᠷᠡᠭᠲᠡᠢ᠂ ᠴᠥᠮᠥᠷᠡᠭᠰᠡᠨ ᠣᠷᠣᠨ᠂ ᠬᠠᠶᠠᠭᠳᠠᠮᠠᠯ ᠰᠢᠷᠣᠢ ᠶᠢᠨ ᠨᠦᠬᠡ ᠵᠡᠷᠭᠡ ᠭᠠᠵᠠᠷ ᠲᠤ | ᠰᠢᠭᠤᠳ ᠴᠢᠳᠬᠤᠵᠤ ᠪᠣᠯᠬᠤ ᠦᠭᠡᠢ᠃3 ᠰᠠᠷ᠎ᠠ ᠠᠴᠠ ᠳᠡᠭᠡᠭᠰᠢ ᠰᠤᠯᠠ ᠲᠠᠯᠪᠢᠭᠰᠠᠨ ᠪᠠᠷᠢᠯᠭ᠎ᠠ ᠶᠢᠨ ᠭᠠᠵᠠᠷ ᠤᠨ | ᠪᠠᠷᠢᠯᠭ᠎ᠠ ᠪᠠᠷᠢᠬᠤ ᠳᠤ᠂ ᠪᠠᠷᠢᠯᠭ᠎ᠠ ᠪᠠᠷᠢᠭᠤᠯᠬᠤ ᠨᠢᠭᠡᠴᠡ ᠨᠢ ᠲᠡᠭᠦᠨ ᠤ ᠨᠢᠴᠦᠭᠦᠨ ᠭᠠᠵᠠᠷ ᠰᠢᠷᠣᠢ ᠶᠢ ᠲᠥᠷ ᠴᠠᠭ | ᠨᠣᠭᠤᠭᠠᠷᠠᠭᠤᠯᠬᠤ ᠪᠤᠶᠤ ᠳᠡᠪᠢᠰᠴᠦ᠂ ᠬᠦᠷᠢᠶᠡᠯᠡᠨ ᠬᠠᠰᠢᠵᠤ ᠲᠣᠭᠤᠰᠣ ᠶᠢ ᠪᠠᠭᠤᠷᠠᠭᠤᠯᠬᠤ ᠠᠷᠭ᠎ᠠ ᠬᠡᠮᠵᠢᠶ᠎ᠡ ᠠᠪᠬᠤ | ᠬᠡᠷᠡᠭᠲᠡᠢ᠃ᠪᠠᠷᠢᠯᠭ᠎ᠠ ᠶᠢᠨ ᠲᠠᠯᠠᠪᠠᠶ ᠨᠢ 5 ᠲᠦᠮᠡᠨ ᠲᠡᠭᠰᠢ ᠳᠥᠷᠪᠡᠯᠵᠢᠨ ᠮᠧᠲᠷ ᠵᠢᠴᠢ 5 ᠲᠦᠮᠡᠨ ᠲᠡᠭᠰᠢ | ᠳᠥᠷᠪᠡᠯᠵᠢᠨ ᠮᠧᠲᠷ ᠠᠴᠠ ᠳᠡᠭᠡᠭᠰᠢᠬᠢ ᠪᠠᠷᠢᠯᠭ᠎ᠠ ᠶᠢᠨ ᠭᠠᠵᠠᠷ ᠤᠨ ᠭᠤᠣᠯ ᠪᠣᠯᠬᠤ ᠲᠣᠭᠤᠰᠣ ᠳᠡᠭᠳᠡᠬᠦ ᠴᠡᠭ ᠪᠠ | ᠪᠠᠷᠢᠯᠭ᠎ᠠ ᠶᠢᠨ ᠭᠠᠵᠠᠷ ᠤᠨ ᠲᠡᠷᠭᠡ ᠬᠥᠰᠬᠡ ᠶᠢᠨ ᠣᠷᠣᠵᠤ ᠭᠠᠷᠬᠤ ᠭᠠᠵᠠᠷ ᠲᠤ ᠸᠢᠳᠢᠤ᠋ ᠪᠠᠷ ᠬᠢᠨᠠᠨ ᠡᠵᠡᠮᠳᠡᠬᠦ | ᠲᠣᠨᠣᠭᠯᠠᠯ ᠤᠭᠰᠠᠷᠠᠵᠤ᠂ ᠪᠥᠬᠦ ᠶᠠᠪᠤᠴᠠ ᠶᠢᠨ ᠬᠢᠨᠠᠨ ᠡᠵᠡᠮᠳᠡᠬᠦ ᠬᠡᠷᠡᠯ ᠵᠢᠷᠤᠭ ᠤᠨ ᠮᠠᠲ᠋ᠧᠷᠢᠶᠠᠯ ᠢ ᠬᠠᠳᠠᠭᠠᠯᠠᠬᠤ | ᠬᠡᠷᠡᠭᠲᠡᠢ᠃ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠢ | ᠥᠷᠨᠢᠭᠦᠯᠵᠦ᠂ ᠪᠠᠷᠢᠯᠭ᠎ᠠ ᠶᠢᠨ ᠠᠵᠢᠯ ᠤᠨ ᠲᠤᠬᠠᠢ ᠶᠢᠨ ᠲᠠᠯᠠᠪᠠᠶ ᠳᠤ ᠣᠷᠣᠵᠤ ᠭᠠᠷᠬᠤ ᠮᠡᠳᠡᠭᠡ ᠵᠠᠩᠭᠢ ᠶᠢᠨ | ᠳᠠᠩᠰᠠᠯᠠᠯᠲᠠ ᠶᠢ ᠰᠠᠶᠢᠲᠤᠷ ᠬᠢᠵᠦ᠂ ᠮᠡᠳᠡᠭᠡ ᠵᠠᠩᠭᠢ ᠶᠢᠨ ᠳ᠋ᠤᠭᠠᠷᠯᠠᠯ ᠤᠨ ᠳᠠᠩᠰᠠᠯᠠᠯᠲᠠ ᠶᠢ ᠳᠠᠮᠵᠢᠭᠰᠠᠨ ᠦᠭᠡᠢ | ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠣᠷᠣᠬᠤ ᠶᠢ | ᠬᠤᠷᠢᠭᠯᠠᠨ᠎ᠠ᠃ ︵ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | 2. ᠨᠤᠷᠠᠭᠠᠵᠤ ᠨᠡᠭᠦᠯᠭᠡᠬᠦ ᠪᠠᠷᠢᠯᠭ᠎ᠠ ᠶᠢᠨ ᠭᠠᠵᠠᠷ ᠤᠨ ᠬᠤᠭ ᠲᠣᠭᠤᠰᠣ ᠶᠢ ᠴᠡᠭᠴᠡᠯᠡᠨ ᠵᠠᠰᠠᠨ᠎ᠠ᠃ᠪᠠᠷᠢᠯᠭ᠎ᠠ ᠶᠢ | ᠨᠤᠷᠠᠭᠠᠬᠤ ᠠᠵᠢᠯ ᠳᠤ ᠪᠦᠰᠡᠯᠡᠨ ᠬᠠᠰᠢᠬᠤ ᠠᠵᠢᠯ ᠲᠣᠬᠢᠷᠠᠭᠤᠯᠵᠤ᠂ ᠲᠣᠭᠤᠰᠣ ᠳᠡᠭᠳᠡᠬᠦ ᠪᠣᠬᠢᠷᠳᠤᠯ ᠢ ᠬᠢᠯᠪᠠᠷᠬᠠᠨ | ᠡᠭᠦᠰᠬᠡᠬᠦ ᠨᠤᠷᠠᠭᠠᠬᠤ ᠠᠵᠢᠯ ᠤᠨ ᠳᠠᠷᠠᠭᠠᠯᠠᠯ ᠢ ᠴᠢᠭᠢᠭᠲᠦᠭᠦᠯᠬᠦ ᠠᠷᠭ᠎ᠠ ᠪᠠᠷ ᠠᠵᠢᠯᠯᠠᠭᠤᠯᠵᠤ᠂ ᠪᠠᠷᠢᠯᠭ᠎ᠠ ᠶᠢᠨ ᠬᠤᠭ | ᠨᠣᠪᠰᠢ ᠶᠢ ᠴᠠᠭ ᠲᠤᠬᠠᠢ ᠳᠤᠨᠢ ᠴᠡᠪᠡᠷᠯᠡᠨ ᠲᠡᠭᠡᠭᠡᠪᠦᠷᠢᠯᠡᠵᠦ᠂ ᠲᠦᠷ ᠴᠠᠭ ᠴᠡᠪᠡᠷᠯᠡᠨ ᠲᠡᠭᠡᠭᠡᠪᠦᠷᠢᠯᠡᠬᠦ ᠶᠢᠨ ᠠᠷᠭ᠎ᠠ | ᠦᠭᠡᠢ ᠪᠣᠯ ᠬᠠᠯᠬᠠᠯᠠᠬᠤ ᠠᠷᠭ᠎ᠠ ᠬᠡᠮᠵᠢᠶ᠎ᠡ ᠠᠪᠴᠤ᠂ ᠪᠣᠬᠢᠷ ᠮᠠᠨᠠᠨ᠂ ᠶᠡᠭᠡ ᠰᠠᠯᠬᠢ᠂ ᠡᠯᠡᠰᠦᠨ ᠰᠢᠭᠤᠷᠭ᠎ᠠ ᠶᠢᠨ ᠲᠤᠶᠢᠯ | ᠤᠨ ᠴᠠᠭ ᠠᠭᠤᠷ ᠲᠣᠬᠢᠶᠠᠯᠳᠤᠬᠤ ᠦᠶ᠎ᠡ ᠳᠤ ᠨᠤᠷᠠᠭᠠᠵᠤ ᠨᠡᠭᠦᠯᠭᠡᠬᠦ ᠠᠵᠢᠯ ᠢ ᠵᠣᠭᠰᠣᠭᠠᠵᠤ᠂ ᠲᠣᠭᠤᠰᠣ ᠶᠢ | ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠴᠢᠩᠭᠠᠷᠠᠭᠤᠯᠬᠤ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ | ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | | 3. ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠬᠤᠭ ᠲᠣᠭᠤᠰᠣ ᠶᠢ ᠴᠡᠭᠴᠡᠯᠡᠨ ᠵᠠᠰᠠᠨ᠎ᠠ᠃ᠵᠠᠮ | ᠬᠠᠷᠢᠯᠴᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠵᠢᠯ ᠤᠨ | ᠲᠤᠬᠠᠢ ᠶᠢᠨ ᠲᠠᠯᠠᠪᠠᠶ ᠶᠢ ᠬᠦᠷᠢᠶᠡᠯᠡᠨ ᠬᠠᠰᠢᠬᠤ ᠶᠢ ᠬᠡᠷᠡᠭᠵᠢᠭᠦᠯᠵᠦ᠂ ᠤᠰᠤ ᠰᠦᠷᠴᠢᠬᠦ᠂ ᠲᠣᠭᠤᠰᠣ ᠳᠡᠭᠳᠡᠬᠦ | ᠪᠣᠳᠠᠰ ᠤᠨ ᠮᠠᠲ᠋ᠧᠷᠢᠶᠠᠯ ᠪᠠ ᠬᠠᠯᠴᠠᠭᠠᠢ ᠰᠢᠷᠣᠢ ᠶᠢ ᠪᠦᠷᠬᠦᠬᠦ᠂ ᠰᠢᠷᠣᠢ ᠶᠢᠨ ᠲᠠᠯ᠎ᠠ ᠶᠢᠨ ᠨᠢᠭᠲᠠ ᠪᠢᠲᠡᠭᠦᠮᠵᠢᠯᠡᠨ | ᠲᠡᠭᠡᠭᠡᠪᠦᠷᠢᠯᠡᠬᠦ᠂ ᠲᠠᠯᠠᠪᠤᠷ ᠭᠠᠵᠠᠷ ᠢ ᠬᠠᠲᠠᠭᠤᠷᠠᠭᠤᠯᠬᠤ᠂ ᠣᠷᠣᠵᠤ ᠭᠠᠷᠬᠤ ᠭᠠᠵᠠᠷ ᠤᠨ ᠲᠡᠷᠭᠡ ᠬᠥᠰᠬᠡ ᠶᠢ | ᠤᠬᠢᠶᠠᠬᠤ ᠵᠡᠷᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃ᠵᠠᠮ ᠬᠠᠷᠢᠯᠴᠠᠭᠠᠨ ᠤ | ᠪᠤᠰᠤ ᠰᠢᠯᠵᠢᠮᠡᠯ ᠮᠠᠰᠢᠨ ᠤ ᠬᠢᠨᠠᠯᠲᠠ ᠬᠠᠮᠢᠶᠠᠷᠤᠯᠲᠠ ᠶᠢ ᠯᠠᠪᠳᠠᠭᠤᠨ ᠪᠠᠲᠤᠲᠠᠢ ᠥᠷᠨᠢᠭᠦᠯᠵᠦ᠂ ᠪᠠᠷᠢᠯᠭ᠎ᠠ ᠶᠢᠨ | ᠠᠵᠢᠯ ᠤᠨ ᠲᠤᠬᠠᠢ ᠶᠢᠨ ᠲᠠᠯᠠᠪᠠᠶ ᠳᠤ ᠣᠷᠣᠵᠤ ᠭᠠᠷᠬᠤ ᠮᠡᠳᠡᠭᠡ ᠵᠠᠩᠭᠢ ᠶᠢᠨ ᠳᠠᠩᠰᠠᠯᠠᠯᠲᠠ ᠶᠢ ᠰᠠᠶᠢᠲᠤᠷ ᠬᠢᠵᠦ᠂ | ᠮᠡᠳᠡᠭᠡ ᠵᠠᠩᠭᠢ ᠶᠢᠨ ᠳ᠋ᠤᠭᠠᠷᠯᠠᠯ ᠤᠨ ᠳᠠᠩᠰᠠᠯᠠᠯᠲᠠ ᠶᠢ ᠳᠠᠮᠵᠢᠭᠰᠠᠨ ᠦᠭᠡᠢ ᠵᠠᠮ ᠬᠠᠷᠢᠯᠴᠠᠭᠠᠨ ᠤ ᠪᠤᠰᠤ ᠰᠢᠯᠵᠢᠮᠡᠯ | ᠮᠠᠰᠢᠨ ᠤ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠣᠷᠣᠬᠤ ᠶᠢ ᠬᠤᠷᠢᠭᠯᠠᠨ᠎ᠠ᠃ ︵ᠬᠠᠷᠢᠭᠤᠴᠠᠯᠭᠠᠲᠤ ᠨᠢᠭᠡᠴᠡ᠄ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ | ᠨᠢᠭᠡᠴᠡ᠄ ᠠᠶᠢᠮᠠᠭ ᠤᠨ ᠵᠠᠮ ᠬᠠᠷᠢᠯᠴᠠᠭᠠᠨ ᠤ ᠲᠣᠪᠴᠢᠶ᠎ᠠ︶ | ︵ᠬᠤᠶᠠᠷ︶ ᠬᠤᠭ ᠰᠢᠷᠣᠢ ᠶᠢᠨ ᠲᠡᠭᠡᠭᠡᠪᠦᠷᠢ ᠶᠢᠨ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠬᠤ | ᠪᠠᠷᠢᠯᠭ᠎ᠠ ᠶᠢᠨ ᠬᠤᠭ ᠨᠣᠪᠰᠢ ᠲᠡᠭᠡᠭᠡᠪᠦᠷᠢᠯᠡᠬᠦ ᠲᠡᠷᠭᠡ ᠬᠥᠰᠬᠡ ᠶᠢ ᠬᠢᠨᠠᠨ ᠵᠥᠪᠰᠢᠶᠡᠷᠡᠵᠦ ᠳᠠᠩᠰᠠᠯᠠᠬᠤ ᠶᠢ | ᠴᠢᠩᠭᠠᠳᠬᠠᠵᠤ᠂ ᠳᠠᠩᠰᠠᠯᠠᠭᠤᠯᠤᠭᠰᠠᠨ ᠦᠭᠡᠢ ᠲᠡᠷᠭᠡ ᠬᠥᠰᠬᠡ ᠨᠦᠭᠦᠳ ᠪᠠᠷᠢᠯᠭ᠎ᠠ ᠶᠢᠨ ᠬᠤᠭ ᠨᠣᠪᠰᠢ | ᠲᠡᠭᠡᠭᠡᠪᠦᠷᠢᠯᠡᠬᠦ ᠠᠵᠢᠯ ᠢ ᠡᠷᠭᠢᠯᠡᠵᠦ ᠪᠣᠯᠬᠤ ᠦᠭᠡᠢ᠃ᠬᠤᠭ ᠰᠢᠷᠣᠢ᠂ ᠪᠠᠷᠢᠯᠭ᠎ᠠ ᠶᠢᠨ ᠬᠤᠭ ᠨᠣᠪᠰᠢ ᠵᠢᠴᠢ ᠪᠤᠰᠤᠳ | ᠠᠮᠠᠷᠬᠠᠨ ᠲᠣᠭᠤᠰᠣ ᠳᠡᠭᠳᠡᠬᠦ ᠪᠣᠳᠠᠰ ᠤᠨ ᠮᠠᠲ᠋ᠧᠷᠢᠶᠠᠯ ᠢ ᠲᠡᠭᠡᠭᠡᠪᠦᠷᠢᠯᠡᠨ ᠬᠦᠷᠭᠡᠬᠦ ᠲᠡᠭᠡᠭᠡᠪᠦᠷᠢ ᠶᠢᠨ ᠲᠡᠷᠭᠡ | ᠬᠥᠰᠬᠡ ᠨᠦᠭᠦᠳ ᠨᠢᠭᠲᠠ ᠪᠢᠲᠡᠭᠦᠮᠵᠢᠯᠡᠨ ᠲᠡᠭᠡᠭᠡᠪᠦᠷᠢᠯᠡᠬᠦ ᠪᠠ ᠤᠬᠢᠶᠠᠵᠤ ᠴᠡᠪᠡᠷᠯᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠵᠤ᠂ ᠲᠣᠭᠲᠠᠭᠰᠠᠨ ᠴᠠᠭ ᠬᠤᠭᠤᠴᠠᠭ᠎ᠠ ᠪᠠ ᠵᠠᠮ ᠱᠤᠭᠤᠮ ᠢᠶᠠᠷ ᠶᠠᠪᠤᠭᠤᠯᠬᠤ ᠬᠡᠷᠡᠭᠲᠡᠢ᠃ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ᠂ ᠵᠠᠮ | ᠬᠠᠷᠢᠯᠴᠠᠭ᠎ᠠ᠂ ᠠᠮᠢ ᠠᠬᠤᠢ ᠶᠢᠨ ᠣᠷᠴᠢᠨ ᠲᠣᠭᠤᠷᠢᠨ ᠵᠡᠷᠭᠡ ᠰᠠᠯᠠᠭ᠎ᠠ ᠮᠥᠴᠢᠷ ᠤᠳ ᠬᠠᠶᠢᠷ ᠴᠢᠯᠠᠭᠤ᠂ ᠰᠢᠷᠣᠢ᠂ | ᠬᠤᠭ ᠨᠣᠪᠰᠢ ᠵᠡᠷᠭᠡ ᠶᠢ ᠲᠡᠭᠡᠭᠡᠪᠦᠷᠢᠯᠡᠬᠦ ᠳᠤ ᠠᠮᠠᠷᠬᠠᠨ ᠲᠣᠭᠤᠰᠣ ᠰᠢᠷᠣᠢ ᠶᠢᠨ ᠪᠣᠬᠢᠷᠳᠤᠯ ᠡᠭᠦᠰᠬᠡᠬᠦ ᠲᠡᠷᠭᠡ | ᠬᠥᠰᠬᠡ ᠶᠢ ᠪᠢᠲᠡᠭᠦᠮᠵᠢᠯᠡᠨ ᠲᠡᠭᠡᠭᠡᠪᠦᠷᠢᠯᠡᠭᠰᠡᠨ ᠦᠭᠡᠢ᠂ ᠬᠡᠮᠵᠢᠶ᠎ᠡ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ | ᠬᠠᠶᠠᠵᠤ ᠠᠰᠬᠠᠵᠤ ᠭᠤᠭᠤᠵᠢᠭᠤᠯᠤᠭᠰᠠᠨ᠂ ᠲᠡᠷᠭᠡᠨ ᠤ ᠪᠡᠶ᠎ᠡ ᠨᠢ ᠴᠡᠪᠡᠷ ᠪᠤᠰᠤ᠂ ᠲᠡᠷᠭᠡᠨ ᠬᠦᠷᠳᠦ ᠨᠢ ᠰᠢᠪᠠᠷ ᠲᠠᠢ | ᠂ ᠲᠣᠭᠲᠠᠭᠰᠠᠨ ᠵᠠᠮ ᠱᠤᠭᠤᠮ ᠢᠶᠠᠷ ᠶᠠᠪᠤᠭᠰᠠᠨ ᠦᠭᠡᠢ᠂ ᠰᠡᠭᠦᠯ ᠤᠨ ᠬᠡᠢ ᠶᠢᠨ ᠭᠠᠳᠠᠭᠰᠢᠯᠠᠭᠤᠯᠤᠯᠲᠠ ᠨᠢ | ᠪᠠᠷᠢᠮᠵᠢᠶ᠎ᠠ ᠳᠤ ᠬᠦᠷᠬᠦ ᠦᠭᠡᠢ ᠵᠡᠷᠭᠡ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠡᠭᠴᠡᠯᠡᠨ ᠵᠠᠰᠠᠬᠤ | ᠡᠷᠴᠢᠮ ᠢᠶᠠᠨ ᠴᠢᠩᠭᠠᠷᠠᠭᠤᠯᠵᠤ᠂ ᠣᠯᠵᠤ ᠮᠡᠳᠡᠪᠡᠯ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠪᠠᠷᠢᠯᠭ᠎ᠠ ᠶᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠪᠠ ᠪᠠᠷᠢᠯᠭ᠎ᠠ ᠶᠢᠨ ᠬᠤᠭ ᠰᠢᠷᠣᠢ ᠶᠢᠨ ᠬᠢᠷᠢ ᠬᠡᠮ ᠤᠨ | ᠲᠡᠭᠡᠭᠡᠪᠦᠷᠢ ᠶᠢᠨ ᠺᠣᠮᠫᠠᠨᠢ ᠶᠢᠨ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ | ᠠᠰᠬᠠᠵᠤ ᠳᠤᠷ᠎ᠠ ᠪᠠᠷ ᠢᠶᠠᠨ ᠭᠠᠳᠠᠭᠰᠢᠯᠠᠭᠤᠯᠵᠤ ᠳᠤᠷ᠎ᠠ ᠪᠠᠷ ᠢᠶᠠᠨ ᠪᠠᠭᠤᠯᠭᠠᠬᠤ ᠦᠶᠯᠡ ᠠᠵᠢᠯᠯᠠᠭ᠎ᠠ ᠶᠢ ᠲᠣᠭᠤᠷᠢᠨ | ᠪᠠᠶᠢᠴᠠᠭᠠᠬᠤ ᠤᠳᠠᠭ᠎ᠠ ᠪᠠ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃︵ | ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ | ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ︔ᠬᠠᠮᠵᠢᠯᠴᠠᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ ᠵᠡᠷᠭᠡ ᠰᠠᠯᠠᠭ᠎ᠠ ᠮᠥᠴᠢᠷ︶ | ︵ᠭᠤᠷᠪᠠ︶ ᠵᠠᠮ ᠤᠨ ᠬᠤᠭ ᠲᠣᠭᠤᠰᠣ ᠶᠢ ᠴᠡᠭᠴᠡᠯᠡᠨ ᠵᠠᠰᠠᠬᠤ | ᠪᠠᠶᠢᠭᠤᠯᠤᠭᠰᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠮ ᠳᠡᠭᠡᠷ᠎ᠡ ᠰᠢᠷᠣᠢ | ᠲᠣᠭᠤᠰᠣ ᠬᠤᠷᠠᠭᠰᠠᠨ ᠢ ᠪᠥᠬᠦ ᠲᠠᠯ᠎ᠠ ᠪᠠᠷ ᠴᠡᠪᠡᠷᠯᠡᠵᠦ᠂ ᠴᠡᠪᠡᠷᠯᠡᠬᠦ ᠠᠵᠢᠯ ᠬᠢᠬᠦ ᠳᠡᠭᠡᠨ ᠲᠣᠭᠤᠰᠣ ᠳᠡᠭᠳᠡᠬᠦ ᠦᠭᠡᠢ | ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠲᠣᠭᠲᠠᠮᠠᠯ ᠬᠤᠭᠤᠴᠠᠭ᠎ᠠ ᠲᠠᠢ ᠪᠠᠷ ᠴᠡᠪᠡᠷ ᠪᠠᠶᠢᠯᠭᠠᠬᠤ᠂ ᠮᠠᠰᠢᠨᠴᠢᠯᠠᠨ | ᠴᠡᠪᠡᠷᠯᠡᠬᠦ᠂ ᠲᠣᠭᠲᠠᠭᠰᠠᠨ ᠴᠠᠭ ᠲᠤ ᠤᠰᠤ ᠰᠦᠷᠴᠢᠬᠦ ᠳᠦᠷᠢᠮ ᠢ ᠬᠡᠷᠡᠭᠵᠢᠭᠦᠯᠵᠦ᠂ ᠬᠡᠰᠡᠭ ᠵᠠᠮ ᠳᠤ ᠬᠥᠮᠥᠨ ᠤ | ᠬᠦᠴᠦ ᠪᠠᠷ ᠴᠡᠪᠡᠷᠯᠡᠨ ᠱᠦᠭᠦᠷᠳᠡᠬᠦ ᠪᠠᠷ ᠬᠠᠪᠰᠤᠷᠤᠮᠵᠢ ᠪᠣᠯᠭᠠᠨ᠂ ᠤᠷᠤᠰᠬᠠᠬᠤ᠂ ᠱᠤᠸᠠᠰᠠᠳᠠᠬᠤ᠂ ᠰᠣᠷᠣᠬᠤ᠂ | ᠱᠦᠭᠦᠷᠳᠡᠬᠦ ᠵᠡᠷᠭᠡ ᠠᠷᠭ᠎ᠠ ᠶᠢ ᠶᠡᠷᠦᠩᠬᠡᠶᠢᠯᠡᠨ ᠬᠡᠷᠡᠭᠯᠡᠵᠦ᠂ ᠲᠣᠭᠤᠰᠣ ᠬᠤᠷᠠᠭᠰᠠᠨ ᠵᠠᠮ ᠤᠨ ᠨᠢᠭᠤᠷ ᠢ ᠴᠠᠭ ᠲᠤᠬᠠᠢ | ᠳᠤᠨᠢ ᠴᠡᠪᠡᠷᠯᠡᠵᠦ᠂ ᠵᠠᠮ ᠤᠨ ᠨᠢᠭᠤᠷ ᠤᠨ ᠬᠡᠪᠴᠢᠶᠡᠨ ᠳᠤ ᠵᠠᠮ ᠤᠨ ᠤᠭ ᠥᠩᠭᠡ ᠶᠢ ᠣᠯᠵᠤ ᠬᠠᠷᠠᠬᠤ ᠳᠤ | ᠬᠦᠷᠦᠭᠦᠯᠵᠦ᠂ ᠦᠨᠳᠦᠰᠦᠨ ᠳᠡᠭᠡᠨ ᠬᠥᠪᠥᠮᠡᠯ ᠰᠢᠷᠣᠢ ᠦᠭᠡᠢ ᠪᠠᠶᠢᠯᠭᠠᠬᠤ ᠬᠡᠷᠡᠭᠲᠡᠢ᠃ ᠪᠠᠶᠠᠠᠬᠤᠳᠠ ᠠᠴᠠ ᠦᠬᠠᠢ | ᠬᠦᠷᠬᠦ ᠬᠠᠭᠤᠴᠢᠨ ᠵᠠᠮ ᠵᠡᠷᠭᠡ ᠲᠣᠭᠤᠰᠣ ᠰᠢᠷᠣᠢ ᠶᠢᠨ ᠪᠣᠬᠢᠷᠳᠤᠯ ᠤᠨ ᠠᠰᠠᠭᠤᠳᠠᠯ ᠨᠡᠯᠢᠶᠡᠳ ᠬᠦᠨᠳᠦ ᠪᠠᠶᠢᠭ᠎ᠠ | ᠵᠠᠮ ᠤᠨ ᠬᠡᠰᠡᠭ ᠲᠤ ᠤᠰᠤ ᠰᠦᠷᠴᠢᠬᠦ᠂ ᠴᠡᠪᠡᠷᠯᠡᠬᠦ ᠵᠡᠷᠭᠡ ᠠᠵᠢᠯ ᠤᠨ ᠤᠳᠠᠭ᠎ᠠ ᠪᠠᠨ ᠨᠡᠮᠡᠭᠳᠡᠭᠦᠯᠬᠦ ᠬᠡᠷᠡᠭᠲᠡᠢ᠃ | ᠬᠦᠨᠳᠦ ᠪᠣᠬᠢᠷᠳᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠬᠤᠭᠤᠴᠠᠭᠠᠨ ᠳᠤ᠂ ᠠᠭᠠᠷ ᠤᠨ ᠶᠠᠰᠤ | ᠴᠢᠨᠠᠷ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ ᠲᠣᠭᠤᠰᠣ ᠬᠤᠷᠢᠭᠯᠠᠬᠤ ᠪᠤᠶᠤ ᠲᠣᠭᠤᠰᠣ ᠪᠠᠭᠤᠷᠠᠭᠤᠯᠬᠤ | ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠤᠳᠠᠭ᠎ᠠ ᠶᠢ ᠨᠡᠮᠡᠭᠳᠡᠭᠦᠯᠦᠨ᠎ᠡ᠃ᠵᠠᠮ ᠠᠷᠠᠴᠢᠯᠠᠨ ᠬᠠᠮᠠᠭᠠᠯᠠᠬᠤ ᠪᠠᠷᠢᠮᠵᠢᠶ᠎ᠠ ᠶᠢ | ᠵᠢᠷᠤᠮᠵᠢᠭᠤᠯᠵᠤ᠂ ᠪᠠᠶᠢᠭᠤᠯᠤᠭᠰᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠮ ᠤᠨ | ᠡᠪᠳᠡᠷᠡᠵᠦ ᠰᠦᠢᠳᠦᠭᠰᠡᠨ ᠨᠢᠭᠤᠷ᠂ ᠢᠯᠠᠩᠭᠤᠶ᠎ᠠ ᠭᠤᠣᠯᠳᠠᠯᠭ᠎ᠠ ᠲᠠᠢ ᠣᠷᠣᠨ ᠪᠦᠰᠡ ᠶᠢᠨ ᠵᠠᠮ ᠢ ᠵᠢᠭᠰᠠᠭᠠᠨ | ᠪᠠᠶᠢᠴᠠᠭᠠᠬᠤ ᠶᠢ ᠵᠣᠬᠢᠶᠠᠨ ᠪᠠᠶᠢᠭᠤᠯᠵᠤ᠂ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠵᠠᠰᠠᠨ ᠰᠡᠷᠭᠦᠭᠡᠵᠦ᠂ | ᠡᠪᠳᠡᠷᠡᠵᠦ ᠰᠦᠢᠳᠦᠭᠰᠡᠨ ᠪᠠ ᠨᠢᠴᠦᠭᠦᠨ ᠰᠢᠪᠠᠷ ᠵᠠᠮ ᠤᠨ ᠬᠤᠭ ᠲᠣᠭᠤᠰᠣᠨ ᠤ ᠪᠣᠬᠢᠷᠳᠤᠯ ᠡᠭᠦᠰᠬᠦ ᠶᠢ ᠰᠡᠷᠭᠡᠶᠢᠯᠡᠬᠦ | ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ | ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ︵ᠳᠥᠷᠪᠡ︶ ᠬᠤᠳᠠ ᠶᠢᠨ ᠨᠣᠭᠤᠭᠠᠷᠠᠭᠤᠯᠤᠯᠲᠠ ᠶᠢᠨ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠬᠤ | ᠪᠠᠶᠢᠭᠤᠯᠤᠭᠰᠠᠨ ᠲᠣᠭᠤᠷᠢᠭ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠵᠠᠮ ᠤᠨ ᠬᠤᠶᠠᠷ | ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠶᠢᠨ ᠳᠣᠲᠣᠷᠠᠬᠢ ᠮᠣᠳᠣ ᠶᠢ ᠪᠥᠬᠦ ᠲᠠᠯ᠎ᠠ ᠪᠠᠷ ᠤᠬᠢᠶᠠᠵᠤ | ᠴᠡᠪᠡᠷᠯᠡᠭᠰᠡᠨ ᠤ ᠳᠠᠷᠠᠭ᠎ᠠ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠣᠶ ᠪᠣᠯᠭᠠᠵᠤ᠂ ᠴᠠᠭ ᠠᠭᠤᠷ ᠤᠨ | ᠪᠠᠶᠢᠳᠠᠯ ᠲᠠᠢ ᠤᠶᠠᠯᠳᠤᠭᠤᠯᠤᠨ ᠴᠠᠭ ᠲᠤᠨᠢ ᠲᠣᠬᠢᠷᠠᠭᠤᠯᠤᠨ ᠨᠠᠪᠴᠢᠨ ᠤ ᠭᠠᠳᠠᠷᠭᠤ ᠶᠢ ᠤᠬᠢᠶᠠᠵᠤ᠂ ᠨᠠᠪᠴᠢᠨ ᠤ | ᠭᠠᠳᠠᠷᠭᠤ ᠳᠤ ᠲᠣᠭᠤᠰᠣ ᠦᠭᠡᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ᠨᠣᠭᠤᠭᠠᠷᠠᠭᠤᠯᠬᠤ ᠠᠵᠢᠯ ᠪᠤᠶᠤ ᠵᠠᠮ | ᠳᠠᠭᠠᠭᠰᠠᠨ ᠮᠣᠳᠣ ᠶᠢ ᠵᠠᠶᠢᠯᠠᠬᠤ ᠶᠠᠪᠤᠴᠠ ᠳᠤ᠂ ᠮᠠᠯᠲᠠᠭᠰᠠᠨ ᠮᠣᠳᠣᠨ ᠤ ᠨᠦᠬᠡ ᠶᠢ 48 ᠴᠠᠭ ᠤᠨ ᠳᠣᠲᠣᠷ᠎ᠠ | ᠵᠠᠶᠢᠯᠠᠵᠤ ᠳᠡᠶᠢᠯᠬᠦ ᠦᠭᠡᠢ ᠪᠣᠯ ᠮᠣᠳᠣᠨ ᠤ ᠨᠦᠬᠡ ᠪᠣᠯᠣᠨ ᠳᠠᠷᠢᠭᠰᠠᠨ ᠬᠦᠷᠦᠰᠦ ᠶᠢ ᠪᠦᠷᠬᠦᠬᠦᠯᠬᠦ᠂ ᠤᠰᠤ | ᠰᠦᠷᠴᠢᠬᠦ ᠵᠡᠷᠭᠡ ᠳᠡᠭᠳᠡᠮᠡᠯ ᠲᠣᠭᠤᠰᠣᠨ ᠤ ᠪᠣᠬᠢᠷᠳᠤᠯ ᠢ ᠰᠡᠷᠭᠡᠶᠢᠯᠡᠨ ᠵᠠᠰᠠᠬᠤ ᠠᠷᠭ᠎ᠠ ᠬᠡᠮᠵᠢᠶ᠎ᠡ ᠠᠪᠴᠦ᠂ ᠵᠠᠮ | ᠳᠠᠭᠠᠭᠰᠠᠨ ᠮᠣᠳᠣ ᠶᠢ ᠵᠠᠶᠢᠯᠠᠭᠰᠠᠨ ᠤ ᠲᠠᠷᠠᠭ᠎ᠠ᠂ ᠦᠯᠡᠳᠡᠭᠰᠡᠨ ᠰᠢᠷᠣᠢ ᠵᠢᠴᠢ ᠪᠤᠰᠤᠳ ᠪᠣᠳᠠᠰ ᠢ ᠡᠳᠦᠷ ᠪᠦᠷᠢ | ᠴᠡᠪᠡᠷᠯᠡᠨ ᠳᠡᠭᠡᠭᠡᠪᠦᠷᠢᠯᠡᠵᠦ᠂ ᠴᠡᠪᠡᠷᠯᠡᠨ ᠲᠡᠭᠡᠭᠡᠪᠦᠷᠢᠯᠡᠬᠦ ᠠᠵᠢᠯ ᠢ ᠪᠡᠶᠡᠯᠡᠭᠦᠯᠵᠦ ᠳᠡᠶᠢᠯᠬᠦ ᠦᠭᠡᠢ ᠪᠣᠯ ᠪᠦᠲᠡᠭᠡᠬᠦ | ᠬᠡᠷᠡᠭᠲᠡᠢ᠃ᠬᠡᠰᠡᠭ ᠬᠡᠰᠡᠭ ᠢᠶᠠᠷ ᠨᠣᠭᠤᠭᠠᠷᠠᠭᠤᠯᠬᠤ ᠪᠦᠲᠦᠭᠡᠨ ᠪᠠᠶᠢᠭᠤᠯᠤᠯᠲᠠ ᠬᠢᠭᠰᠡᠨ ᠪᠣᠯ ᠨᠣᠭᠤᠭᠠᠷᠠᠭᠤᠯᠬᠤ ᠳᠤ | ᠬᠡᠷᠡᠭᠯᠡᠬᠦ ᠭᠠᠵᠠᠷ ᠤᠨ ᠡᠷᠬᠢᠨ ᠲᠣᠭᠤᠷᠢᠨ ᠢ ᠨᠢᠭᠲᠠ ᠪᠢᠲᠡᠭᠦᠮᠵᠢᠯᠡᠵᠦ ᠬᠠᠰᠢᠨ᠂ ᠪᠠᠷᠢᠯᠭ᠎ᠠ ᠶᠢᠨ ᠭᠠᠵᠠᠷ ᠤᠨ | ᠳᠣᠲᠣᠷ᠎ᠠ ᠲᠡᠷᠭᠡ ᠬᠥᠰᠬᠡ ᠶᠢ ᠤᠬᠢᠶᠠᠵᠤ ᠴᠡᠪᠡᠷᠯᠡᠬᠦ ᠪᠡᠯᠡᠳᠬᠡᠮᠵᠢ ᠵᠢᠴᠢ ᠤᠰᠤ ᠵᠠᠯᠠᠬᠤ᠂ ᠰᠢᠪᠡᠷ ᠱᠠᠯᠪᠠᠭ ᠲᠤᠩᠭᠠᠬᠤ | ᠲᠥᠬᠦᠷᠴᠢᠯᠡᠭᠰᠡᠨ ᠪᠡᠯᠡᠳᠬᠡᠮᠵᠢ ᠲᠣᠬᠢᠷᠠᠭᠤᠯᠵᠤ᠂ ᠲᠡᠭᠡᠭᠡᠪᠦᠷᠢ ᠶᠢᠨ ᠲᠡᠷᠭᠡ ᠬᠥᠰᠬᠡ ᠨᠦᠭᠦᠳ ᠰᠢᠪᠠᠷ ᠠᠷᠢᠯᠭᠠᠬᠤ᠂ | ᠤᠬᠢᠶᠠᠵᠤ ᠴᠡᠪᠡᠷᠯᠡᠭᠰᠡᠨ ᠤ ᠲᠠᠷᠠᠭ᠎ᠠ ᠰᠠᠶ᠋ᠢ ᠪᠠᠷᠢᠯᠭ᠎ᠠ ᠶᠢᠨ ᠭᠠᠵᠠᠷ ᠠᠴᠠ ᠭᠠᠷᠴᠤ ᠪᠣᠯᠣᠨ᠎ᠠ᠃︵ᠬᠠᠷᠢᠭᠤᠴᠠᠯᠭᠠᠲᠤ | ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ | ᠬᠠᠮᠢᠶᠠᠷᠬᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | ︵ᠲᠠᠪᠤ︶ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢ ᠶᠢᠨ ᠲᠣᠭᠤᠷᠢᠭ ᠤᠨ ᠲᠣᠭᠤᠰᠣ | ᠳᠡᠭᠳᠡᠬᠦ ᠶᠢ ᠴᠡᠭᠴᠡᠯᠡᠨ ᠵᠠᠰᠠᠬᠤ | 2019 ᠣᠨ ᠤ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠠᠵᠤ ᠦᠢᠯᠡᠳᠪᠦᠷᠢ ᠶᠢᠨ ᠠᠵᠤ | ᠠᠬᠤᠶᠢᠯᠠᠯ ᠤᠨ ᠡᠳ᠋ ᠮᠠᠲ᠋ᠧᠷᠢᠶᠠᠯ ᠣᠪᠣᠭᠠᠯᠠᠬᠤ ᠲᠠᠯᠠᠪᠠᠶ ᠶᠢ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠡᠳ᠋ | ᠮᠠᠲ᠋ᠧᠷᠢᠶᠠᠯ ᠣᠪᠣᠭᠠᠯᠠᠬᠤ ᠲᠠᠯᠠᠪᠠᠶ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠨᠥᠬᠦᠪᠦᠷᠢᠯᠡᠨ ᠲᠡᠭᠦᠯᠳᠡᠷᠵᠢᠭᠦᠯᠵᠦ᠂ | ᠡᠳ᠋ ᠮᠠᠲ᠋ᠧᠷᠢᠶᠠᠯ ᠣᠪᠣᠭᠠᠯᠠᠬᠤ ᠲᠠᠯᠠᠪᠠᠶ ᠶᠢᠨ ᠳᠡᠭᠳᠡᠮᠡᠯ ᠲᠣᠭᠤᠰᠣ ᠶᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ | ᠨᠢᠭᠡᠳ ᠨᠢᠭᠡ ᠪᠠᠷ ᠬᠢᠨᠠᠨ ᠬᠠᠷᠭᠤᠭᠤᠯᠬᠤ ᠬᠡᠷᠡᠭᠲᠡᠢ᠃ᠨᠤᠨᠳᠠᠭ ᠬᠡᠯᠪᠡᠷᠢᠲᠦ᠂ ᠨᠠᠷᠢᠨ ᠮᠥᠬᠦᠯᠢᠭᠲᠦ ᠪᠣᠳᠠᠰ ︵ᠱᠦᠢᠨᠢ᠂ | ᠴᠠᠭᠠᠨ ᠦᠨᠡᠰᠦ᠂ ᠨᠤᠨᠳᠠᠭ ᠦᠨᠡᠰᠦ ᠵᠡᠷᠭᠡ︶ ᠢ ᠡᠷᠬᠡᠪᠰᠢ ᠨᠢᠭᠲᠠ ᠪᠢᠲᠡᠭᠦᠮᠵᠢᠯᠡᠨ ᠬᠠᠳᠠᠭᠠᠯᠠᠵᠤ᠂ ᠠᠮᠠᠷᠬᠠᠨ ᠲᠣᠭᠤᠰᠣ | ᠳᠡᠭᠳᠡᠬᠦ ᠬᠡᠰᠡᠭᠲᠦ ᠪᠣᠳᠠᠰ ᠤᠨ ᠮᠠᠲ᠋ᠧᠷᠢᠶᠠᠯ ︵ᠨᠡᠭᠦᠷᠡᠰᠦ᠂ ᠨᠡᠭᠦᠷᠡᠰᠦᠨ ᠴᠢᠯᠠᠭᠤ ᠵᠡᠷᠭᠡ︶ ᠢ ᠬᠥᠮᠥᠷᠭᠡ ᠳᠤ | ᠣᠷᠣᠭᠤᠯᠵᠤ ᠫᠧᠩ ᠳᠤ ᠣᠷᠣᠭᠤᠯᠤᠨ᠂ ᠵᠡᠷᠭᠡ ᠪᠠᠷ ᠰᠦᠷᠴᠢᠨ ᠲᠣᠭᠤᠰᠣ ᠬᠤᠷᠢᠶᠠᠬᠤ ᠵᠡᠷᠭᠡ ᠠᠷᠭ᠎ᠠ ᠬᠡᠮᠵᠢᠶ᠎ᠡ | ᠠᠪᠴᠤ ᠲᠣᠭᠤᠰᠣ ᠳᠡᠭᠳᠡᠬᠦ ᠪᠣᠬᠢᠷᠳᠤᠯ ᠢ ᠰᠡᠷᠭᠡᠶᠢᠯᠡᠵᠦ᠂ ᠪᠤᠰᠤᠳ ᠬᠡᠰᠡᠭᠲᠦ ᠪᠣᠳᠠᠰ ᠤᠨ ᠮᠠᠲ᠋ᠧᠷᠢᠶᠠᠯ ᠢ ᠫᠧᠩ ᠳᠤ | ᠣᠷᠣᠭᠤᠯᠵᠤ ᠬᠥᠮᠥᠷᠭᠡ ᠳᠤ ᠣᠷᠣᠭᠤᠯᠬᠤ ᠪᠤᠶᠤ ᠰᠠᠯᠬᠢ ᠶᠢ ᠰᠡᠷᠭᠡᠶᠢᠯᠡᠵᠦ ᠲᠣᠭᠤᠰᠣ ᠶᠢ ᠬᠤᠷᠢᠭᠯᠠᠬᠤ ᠲᠣᠣᠷ | ᠪᠠᠶᠢᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠬᠠᠳᠠᠭᠠᠯᠠᠬᠤ ᠬᠡᠷᠡᠭᠲᠡᠢ᠃ᠪᠣᠳᠠᠰ ᠤᠨ ᠮᠠᠲ᠋ᠧᠷᠢᠶᠠᠯ ᠢ ᠬᠦᠷᠭᠡᠬᠦ | ᠲᠥᠬᠦᠭᠡᠷᠦᠮᠵᠢ ᠶᠢ ᠨᠢᠭᠲᠠ ᠪᠢᠲᠡᠭᠦᠮᠵᠢᠯᠡᠬᠦ ᠶᠢᠨ ᠬᠠᠮᠲᠤ ᠠᠴᠢᠵᠤ ᠪᠠᠭᠤᠯᠭᠠᠬᠤ ᠭᠠᠵᠠᠷ ᠲᠤ ᠲᠣᠭᠤᠰᠣ ᠬᠤᠷᠢᠶᠠᠬᠤ᠂ | ᠰᠦᠷᠴᠢᠨ ᠨᠣᠷᠭᠠᠬᠤ ᠵᠡᠷᠭᠡ ᠲᠣᠭᠤᠰᠣ ᠰᠡᠷᠭᠡᠶᠢᠯᠡᠬᠦ ᠲᠥᠬᠦᠭᠡᠷᠦᠮᠵᠢ ᠶᠢ ᠲᠣᠬᠢᠷᠠᠭᠤᠯᠬᠤ ᠬᠡᠷᠡᠭᠲᠡᠢ᠃ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠪᠤᠯᠠᠬᠤ ᠭᠠᠵᠠᠷ ᠪᠠ ᠴᠠᠬᠢᠯᠭᠠᠨ ᠤ ᠦᠢᠯᠡᠳᠪᠦᠷᠢ ᠶᠢᠨ ᠦᠨᠡᠰᠦᠨ ᠲᠠᠯᠠᠪᠠᠢ᠂ ᠰᠢᠭᠠᠷᠤ ᠶᠢᠨ | ᠭᠠᠵᠠᠷ ᠲᠤ ᠳᠠᠷᠤᠬᠤ᠂ ᠪᠦᠷᠬᠦᠬᠦ᠂ ᠤᠰᠤ ᠰᠦᠷᠴᠢᠬᠦ᠂ ᠰᠦᠷᠴᠢᠨ ᠨᠣᠷᠭᠠᠬᠤ ᠵᠡᠷᠭᠡ ᠲᠣᠭᠤᠰᠣ ᠶᠢ ᠬᠤᠷᠢᠭᠯᠠᠬᠤ ᠠᠷᠭ᠎ᠠ | ᠬᠡᠮᠵᠢᠶ᠎ᠡ ᠶᠢ ᠠᠪᠬᠤ ᠬᠡᠷᠡᠭᠲᠡᠢ᠃ ᠴᠠᠬᠢᠯᠭᠠᠨ ᠤ ᠦᠢᠯᠡᠳᠪᠦᠷᠢ ᠶᠢᠨ ᠦᠨᠡᠰᠦᠨ ᠲᠠᠯᠠᠪᠠᠢ᠂ ᠰᠢᠭᠠᠷᠤ ᠶᠢᠨ ᠲᠠᠯᠠᠪᠠᠢ ᠳᠤ | ᠳᠠᠷᠤᠬᠤ᠂ ᠪᠦᠷᠬᠦᠬᠦ᠂ ᠤᠰᠤ ᠰᠦᠷᠴᠢᠬᠦ᠂ ᠰᠦᠷᠴᠢᠨ ᠨᠣᠷᠭᠠᠬᠤ ᠵᠡᠷᠭᠡ ᠲᠣᠭᠤᠰᠣ ᠳᠠᠷᠤᠬᠤ ᠠᠷᠭ᠎ᠠ ᠬᠡᠮᠵᠢᠶ᠎ᠡ ᠠᠪᠬᠤ | ᠬᠡᠷᠡᠭᠲᠡᠢ᠃ᠴᠡᠭᠴᠡᠯᠡᠨ ᠵᠠᠰᠠᠬᠤ ᠦᠭᠡᠢ ᠪᠠ ᠴᠡᠭᠴᠡᠯᠡᠨ ᠵᠠᠰᠠᠬᠤ ᠨᠢ ᠰᠤᠯᠠ ᠪᠠᠶᠢᠭ᠎ᠠ ᠠᠵᠤ ᠦᠢᠯᠡᠳᠪᠦᠷᠢ ᠶᠢᠨ ᠠᠵᠤ | ᠠᠬᠤᠶᠢᠯᠠᠯ ᠢ ᠴᠢᠩᠭ᠎ᠠ ᠪᠠᠶᠢᠴᠠᠭᠠᠬᠤ ᠬᠡᠷᠡᠭᠲᠡᠢ᠃ᠠᠭᠤᠷᠬᠠᠢ ᠮᠠᠯᠲᠠᠬᠤ᠂ ᠨᠡᠭᠦᠷᠡᠰᠦ ᠤᠬᠢᠶᠠᠵᠤ ᠰᠢᠯᠢᠬᠦ᠂ ᠴᠠᠬᠢᠯᠭᠠᠨ | ᠬᠦᠴᠦᠨ᠂ ᠲᠡᠮᠦᠷᠯᠢᠭ ᠪᠣᠯᠪᠠᠰᠤᠷᠠᠭᠤᠯᠬᠤ᠂ ᠱᠦᠢᠨᠢ᠂ ᠬᠢᠮᠢ ᠶᠢᠨ ᠠᠵᠤ ᠦᠢᠯᠡᠳᠪᠦᠷᠢ ᠵᠡᠷᠭᠡ ᠠᠵᠤ ᠠᠬᠤᠶᠢᠯᠠᠯ ᠤᠨ | ᠲᠣᠭᠤᠰᠣ ᠠᠮᠠᠷᠬᠠᠨ ᠳᠡᠭᠳᠡᠳᠡᠭ ᠪᠣᠳᠠᠰ ᠤᠨ ᠮᠠᠲ᠋ᠧᠷᠢᠶᠠᠯ ᠣᠪᠣᠭᠠᠯᠠᠬᠤ ᠲᠠᠯᠠᠪᠤᠷ ᠲᠤ ᠸᠢᠳᠢᠤ᠋ ᠪᠠᠷ ᠬᠢᠨᠠᠨ ᠡᠵᠡᠮᠳᠡᠬᠦ | ᠰᠢᠰᠲ᠋ᠧᠮ ᠤᠭᠰᠠᠷᠠᠬᠤ ᠶᠢᠨ ᠬᠠᠮᠲᠤ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠯᠦᠭᠡ ᠬᠤᠯᠪᠣᠨ | ᠠᠵᠢᠯᠯᠠᠭᠤᠯᠬᠤ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ︶ | ᠦᠢᠯᠡᠳᠪᠦᠷᠢ ᠶᠢᠨ ᠲᠣᠭᠤᠷᠢᠭ ᠵᠢᠴᠢ ᠡᠷᠬᠢᠨ ᠲᠣᠭᠤᠷᠢᠨ ᠤ ᠵᠠᠮ ᠢ ᠬᠠᠲᠠᠭᠤᠷᠠᠭᠤᠯᠵᠤ᠂ | ᠬᠠᠲᠠᠭᠤᠷᠠᠭᠤᠯᠤᠭᠠᠳᠤᠢ ᠶᠢ ᠨᠢ ᠨᠣᠭᠤᠭᠠᠷᠠᠭᠤᠯᠬᠤ ᠬᠡᠷᠡᠭᠲᠡᠢ᠃ᠦᠢᠯᠡᠳᠪᠦᠷᠢ ᠶᠢᠨ ᠲᠣᠭᠤᠷᠢᠭ ᠤᠨ ᠵᠠᠮ ᠳᠤ ᠰᠥᠭᠡᠷᠭᠦ | ᠳᠠᠷᠤᠯᠲᠠ ᠪᠠᠷ ᠱᠦᠭᠦᠷᠳᠡᠨ ᠴᠡᠪᠡᠷᠯᠡᠬᠦ᠂ ᠨᠣᠶᠢᠲᠠᠨ ᠢᠶᠠᠷ ᠱᠦᠭᠦᠷᠳᠡᠬᠦ᠂ ᠤᠰᠤ ᠰᠦᠷᠴᠢᠬᠦ ᠵᠡᠷᠭᠡ ᠠᠷᠢᠭᠤᠨ ᠴᠡᠪᠡᠷ ᠢ | ᠬᠠᠮᠠᠭᠠᠯᠠᠬᠤ ᠠᠷᠭ᠎ᠠ ᠬᠡᠮᠵᠢᠶ᠎ᠡ ᠠᠪᠴᠤ᠂ ᠦᠢᠯᠡᠳᠪᠦᠷᠢ ᠶᠢᠨ ᠲᠣᠭᠤᠷᠢᠭ ᠤᠨ ᠵᠠᠮ ᠳᠤ ᠬᠤᠭ ᠲᠣᠭᠤᠰᠣ ᠦᠭᠡᠢ | ᠪᠠᠶᠢᠯᠭᠠᠨ᠎ᠠ᠃ᠦᠢᠯᠡᠳᠪᠦᠷᠢ ᠶᠢᠨ ᠲᠣᠭᠤᠷᠢᠭ ᠠᠴᠠ ᠲᠡᠭᠡᠭᠡᠪᠦᠷᠢᠯᠡᠨ ᠭᠠᠷᠭᠠᠭᠰᠠᠨ ᠨᠡᠭᠦᠷᠡᠰᠦ᠂ ᠨᠡᠭᠦᠷᠡᠰᠦᠨ ᠴᠢᠯᠠᠭᠤ᠂ | ᠨᠤᠨᠳᠠᠭ ᠨᠡᠭᠦᠷᠡᠰᠦᠨ ᠤ ᠦᠨᠡᠰᠦ ᠵᠡᠷᠭᠡ ᠲᠣᠭᠤᠰᠣ ᠳᠡᠭᠳᠡᠬᠦ ᠳᠤ ᠠᠮᠠᠷᠬᠠᠨ ᠪᠣᠬᠢᠷᠳᠤᠯ ᠡᠭᠦᠰᠬᠡᠬᠦ ᠪᠣᠳᠠᠰ ᠤᠨ | ᠮᠠᠲ᠋ᠧᠷᠢᠶᠠᠯ ᠢ ᠨᠢᠭᠲᠠ ᠪᠢᠲᠡᠭᠦᠮᠵᠢᠯᠡᠨ ᠲᠡᠭᠡᠭᠡᠪᠦᠷᠢᠯᠡᠵᠦ᠂ ᠲᠡᠷᠭᠡ ᠬᠥᠰᠬᠡ ᠳᠤ ᠪᠦᠷᠢᠨ ᠨᠢᠭᠲᠠ ᠪᠢᠲᠡᠭᠦᠮᠵᠢᠯᠡᠭᠰᠡᠨ | ᠮᠧᠬᠠᠨᠢᠭ ᠮᠠᠶ᠋ᠢᠭ ᠤᠨ ᠪᠦᠲᠡᠭᠡᠯᠭᠡ ᠶᠢᠨ ᠲᠣᠨᠣᠭᠯᠠᠯ ᠢ ᠬᠡᠷᠡᠭᠯᠡᠵᠦ᠂ ᠬᠤᠭᠤᠰᠤᠨ ᠠᠴᠢᠶᠠᠯᠠᠬᠤ ᠳᠠᠭᠠᠨ ᠴᠤ ᠨᠢᠭᠲᠠ | ᠪᠢᠲᠡᠭᠦᠮᠵᠢᠯᠡᠨ ᠶᠠᠪᠤᠵᠤ᠂ ᠲᠠᠯᠠᠪᠤᠷ ᠠᠴᠠ ᠭᠠᠷᠬᠤ ᠲᠡᠷᠭᠡ ᠬᠥᠰᠬᠡ ᠶᠢ ᠠᠷᠢᠭᠤᠨ ᠴᠡᠪᠡᠷ ᠪᠠᠶᠢᠯᠭᠠᠬᠤ ᠬᠡᠷᠡᠭᠲᠡᠢ᠃︵ | ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ | ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶ | ︵ᠵᠢᠷᠭᠤᠭ᠎ᠠ︶ ᠠᠭᠤᠷᠬᠠᠢ ᠶᠢᠨ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠬᠤ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠳᠤᠯ ᠦᠭᠡᠢ ᠠᠭᠤᠷᠬᠠᠢ ᠶᠢᠨ ᠪᠦᠲᠦᠭᠡᠨ | ᠪᠠᠶᠢᠭᠤᠯᠤᠯᠲᠠ ᠶᠢᠨ ᠲᠥᠰᠥᠯ︾ ︵ᠥᠪᠥᠷ ᠵᠠᠰᠠᠭ ᠲᠠᠷᠬᠠᠭᠠᠭᠰᠠᠨ ﹇2020﹈ 18 ᠳ᠋ᠤᠭᠠᠷ ᠲᠣᠭᠠᠲᠤ︶ ᠢ | ᠴᠢᠩᠭ᠎ᠠ ᠨᠠᠶᠢᠳᠠᠪᠤᠷᠢᠵᠢᠭᠤᠯᠵᠤ᠂ ᠰᠢᠨ᠎ᠡ ᠪᠠᠷ ᠪᠠᠶᠢᠭᠤᠯᠤᠭᠰᠠᠨ ᠠᠭᠤᠷᠬᠠᠢ ᠶᠢ ᠪᠦᠬᠦᠨ ᠢ ᠪᠣᠬᠢᠷᠳᠤᠯ ᠦᠭᠡᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ ᠦᠢᠯᠡᠳᠪᠦᠷᠢᠯᠡᠭᠰᠡᠨ ᠠᠭᠤᠷᠬᠠᠢ ᠶᠢ | ᠲᠠᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠨ᠂ 2025 ᠣᠨ ᠪᠣᠯᠬᠤ ᠳᠤ 3 ᠪᠣᠬᠢᠷᠳᠤᠯ ᠦᠭᠡᠢ | ᠠᠭᠤᠷᠬᠠᠢ ᠶᠢ ᠰᠢᠨ᠎ᠡ ᠪᠠᠷ ᠪᠠᠶᠢᠭᠤᠯᠤᠨ᠎ᠠ᠃ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠮᠠᠯᠲᠠᠬᠤ ᠳᠤ ᠳᠡᠯᠪᠡᠴᠢᠨ | ᠨᠦᠬᠡᠯᠡᠬᠦ ᠠᠵᠢᠯ ᠬᠢᠬᠦ ᠳᠡᠭᠡᠨ ᠲᠣᠭᠤᠰᠣ ᠬᠤᠷᠢᠶᠠᠵᠤ ᠴᠡᠪᠡᠷᠰᠢᠭᠦᠯᠬᠦ ᠲᠣᠨᠣᠭᠯᠠᠯ ᠲᠠᠢ ᠴᠢᠯᠠᠭᠤ ᠥᠷᠥᠮᠳᠡᠬᠦ | ᠲᠥᠬᠦᠭᠡᠷᠦᠮᠵᠢ ᠶᠢ ᠬᠡᠷᠡᠭᠯᠡᠬᠦ ᠪᠤᠶᠤ ᠴᠢᠭᠢᠭᠲᠦᠭᠦᠯᠬᠦ ᠠᠷᠭ᠎ᠠ ᠪᠠᠷ ᠠᠵᠢᠯᠯᠠᠬᠤ ᠬᠡᠷᠡᠭᠲᠡᠢ᠃ᠬᠦᠳᠡᠷ ᠢ ᠬᠡᠮᠬᠡᠯᠦᠨ | ᠪᠣᠯᠪᠠᠰᠤᠷᠠᠭᠤᠯᠬᠤ᠂ ᠬᠠᠳᠠᠭᠠᠯᠠᠬᠤ ᠳᠤ ᠪᠦᠷᠢᠨ ᠪᠢᠲᠡᠭᠦᠮᠵᠢᠯᠡᠭᠰᠡᠨ ᠠᠵᠢᠯᠯᠠᠬᠤ ᠪᠡᠯᠡᠳᠬᠡᠮᠵᠢ ᠶᠢ ᠬᠡᠷᠡᠭᠯᠡᠵᠦ᠂ ᠲᠣᠭᠤᠰᠣ | ᠬᠤᠷᠢᠶᠠᠬᠤ ᠪᠤᠶᠤ ᠲᠣᠭᠤᠰᠣ ᠪᠠᠭᠤᠷᠠᠭᠤᠯᠤᠨ ᠲᠣᠭᠤᠰᠣ ᠬᠤᠷᠢᠭᠯᠠᠬᠤ ᠲᠥᠬᠦᠭᠡᠷᠦᠮᠵᠢ ᠲᠣᠬᠢᠷᠠᠭᠤᠯᠬᠤ ᠬᠡᠷᠡᠭᠲᠡᠢ᠃ | ᠬᠦᠳᠡᠷ ᠪᠣᠯᠪᠠᠰᠤᠷᠠᠭᠤᠯᠬᠤ ᠣᠷᠣᠨ ᠳᠤ ᠬᠦᠷᠢᠶᠡᠯᠡᠨ ᠬᠠᠰᠢᠵᠤ ᠪᠢᠲᠡᠭᠦᠮᠵᠢᠯᠡᠬᠦ ᠶᠢ ᠬᠡᠷᠡᠭᠵᠢᠭᠦᠯᠦᠨ᠎ᠡ᠃ᠠᠭᠤᠷᠬᠠᠢ ᠶᠢᠨ | ᠭᠤᠣᠯ ᠲᠡᠭᠡᠭᠡᠪᠦᠷᠢ ᠶᠢᠨ ᠵᠠᠮ ᠪᠠ ᠬᠦᠳᠡᠷ ᠪᠣᠯᠪᠠᠰᠤᠷᠠᠭᠤᠯᠬᠤ ᠲᠣᠭᠤᠷᠢᠭ ᠤᠨ ᠵᠠᠮ ᠳᠤ ᠪᠧᠲ᠋ᠤᠨ ᠢ | ᠬᠠᠲᠠᠭᠤᠷᠠᠭᠤᠯᠵᠤ᠂ ᠢᠯᠡ ᠭᠠᠷᠭᠠᠬᠤ ᠭᠠᠵᠠᠷ ᠢ ᠪᠦᠲᠡᠭᠡᠬᠦ ᠪᠤᠶᠤ ᠨᠣᠭᠤᠭᠠᠷᠠᠭᠤᠯᠬᠤ ᠠᠷᠭ᠎ᠠ ᠬᠡᠮᠵᠢᠶ᠎ᠡ ᠠᠪᠬᠤ | ᠬᠡᠷᠡᠭᠲᠡᠢ᠃ᠭᠤᠣᠯᠳᠠᠯᠭ᠎ᠠ ᠲᠠᠢ ᠵᠠᠮ ᠤᠨ ᠬᠡᠰᠡᠭ᠂ ᠠᠭᠤᠷᠬᠠᠢ ᠶᠢᠨ ᠣᠷᠣᠨ ᠵᠡᠷᠭᠡ ᠲᠣᠭᠤᠰᠣ ᠰᠢᠷᠣᠢ ᠶᠢᠨ | ᠪᠣᠬᠢᠷᠳᠤᠯ ᠢ ᠬᠠᠮᠢᠶᠠᠷᠤᠨ ᠡᠵᠡᠮᠳᠡᠬᠦ ᠣᠷᠣᠨ ᠪᠦᠰᠡ ᠳᠤ ᠠᠦ᠋ᠲ᠋ᠣ᠋ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃ᠨᠢᠭᠡᠨᠲᠡ | ᠡᠭᠦᠳᠡ ᠪᠠᠨ ᠬᠠᠭᠠᠭᠰᠠᠨ ᠪᠤᠶᠤ ᠬᠠᠶᠠᠭᠳᠠᠮᠠᠯ ᠠᠭᠤᠷᠬᠠᠢ ᠶᠢᠨ ᠠᠮᠢ ᠠᠬᠤᠢ ᠶᠢᠨ ᠰᠡᠷᠭᠦᠭᠡᠯᠲᠡ ᠶᠢ ᠬᠠᠤᠯᠢ ᠴᠠᠭᠠᠵᠠ᠂ | ᠬᠠᠤᠯᠢ ᠲᠣᠭᠲᠠᠭᠠᠯ ᠵᠡᠷᠭᠡ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃︵ᠬᠠᠷᠢᠭᠤᠴᠠᠯᠭᠠᠲᠤ | ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ | ᠬᠠᠮᠢᠶᠠᠷᠬᠤ ᠨᠢᠭᠡᠴᠡ᠄ ᠠᠶᠢᠮᠠᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ︶ | ︵ᠲᠤᠯᠤᠭ᠎ᠠ︶ ᠪᠧᠲ᠋ᠣᠨ ᠵᠢᠭᠤᠷᠠᠬᠤ ᠥᠷᠲᠡᠭᠡᠨ ᠤ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠬᠤ | ᠡᠯᠡᠰᠦᠨ ᠡᠭᠡᠳᠡᠩ ᠪᠧᠲ᠋ᠣᠨ ᠢ ᠵᠢᠭᠤᠷᠠᠬᠤ ᠳᠠᠭᠠᠨ ᠨᠢᠭᠲᠠ ᠪᠢᠲᠡᠭᠦᠮᠵᠢᠯᠡᠬᠦ᠂ ᠬᠦᠷᠢᠶᠡᠯᠡᠨ ᠬᠠᠰᠢᠬᠤ᠂ ᠤᠰᠤ | ᠰᠦᠷᠴᠢᠬᠦ᠂ ᠤᠬᠢᠶᠠᠵᠤ ᠴᠡᠪᠡᠷᠯᠡᠬᠦ ᠵᠡᠷᠭᠡ ᠲᠣᠭᠤᠰᠣ ᠰᠡᠷᠭᠡᠶᠢᠯᠡᠬᠦ ᠠᠷᠭ᠎ᠠ ᠬᠡᠮᠵᠢᠶ᠎ᠡ ᠠᠪᠴᠤ᠂ ᠲᠣᠭᠤᠰᠣ ᠳᠡᠭᠳᠡᠬᠦ | ᠪᠣᠳᠠᠰ ᠤᠨ ᠮᠠᠲ᠋ᠧᠷᠢᠶᠠᠯ ᠢ ᠬᠠᠳᠠᠭᠠᠯᠠᠬᠤ ᠱᠠᠭᠠᠷᠳᠠᠯᠭ᠎ᠠ ᠶᠣᠰᠣᠭᠠᠷ᠂ ᠲᠠᠯᠠᠪᠠᠢ ᠳᠤ ᠲᠣᠭᠤᠰᠣ ᠬᠤᠷᠠᠬᠤ ᠦᠭᠡᠢ᠂ | ᠰᠠᠪᠠᠯᠠᠬᠤ ᠲᠡᠷᠭᠡᠨ ᠤ ᠪᠡᠶ᠎ᠡ ᠨᠢ ᠴᠡᠪᠡᠷ ᠲᠡᠭᠰᠢ ᠪᠠᠶᠢᠬᠤ ᠪᠠ ᠰᠡᠬᠦᠯ ᠤᠨ ᠬᠡᠰᠡᠭ ᠨᠢ ᠪᠣᠬᠢᠷᠳᠤᠯ ᠦᠭᠡᠢ ᠪᠠᠶᠢᠬᠤ ᠶᠢ | ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠣᠷᠣᠨ ᠳᠤ ᠲᠣᠭᠤᠰᠣ ᠬᠤᠷᠠᠬᠤ ᠦᠭᠡᠢ᠂ ᠰᠠᠪᠠᠯᠠᠬᠤ ᠲᠡᠷᠭᠡᠨ ᠤ ᠪᠡᠶ᠎ᠡ | ᠨᠢ ᠴᠡᠪᠡᠷ ᠲᠡᠭᠰᠢ ᠪᠠᠶᠢᠬᠤ ᠪᠠ ᠰᠡᠬᠦᠯ ᠤᠨ ᠬᠡᠰᠡᠭ ᠨᠢ ᠪᠣᠬᠢᠷᠳᠤᠯ ᠦᠭᠡᠢ ᠪᠠᠶᠢᠬᠤ ᠬᠡᠷᠡᠭᠲᠡᠢ᠃ᠬᠤᠳᠬᠤᠬᠤ ᠭᠤᠣᠯ | ᠮᠠᠰᠢᠨ ᠢ ᠡᠯ᠎ᠡ ᠵᠦᠢᠯ ᠤᠨ ᠮᠠᠲ᠋ᠧᠷᠢᠶᠠᠯ ᠪᠣᠯᠣᠨ ᠲᠣᠭᠤᠰᠣ ᠠᠷᠢᠯᠭᠠᠬᠤ ᠲᠥᠬᠦᠭᠡᠷᠦᠮᠵᠢ ᠲᠠᠢ ᠵᠠᠯᠭᠠᠬᠤ ᠠᠴᠠ ᠭᠠᠳᠠᠨ᠎ᠠ | ᠪᠤᠰᠤᠳ ᠭᠠᠷᠬᠤ ᠠᠮᠠ ᠭᠠᠷᠭᠠᠵᠤ ᠪᠣᠯᠬᠤ ᠦᠭᠡᠢ᠃ᠪᠦᠬᠦᠨ ᠢ ᠪᠢᠲᠡᠭᠦᠮᠵᠢᠯᠡᠭᠰᠡᠨ ᠪᠧᠲ᠋ᠤᠨ ᠢ ᠬᠥᠭᠵᠢᠭᠦᠯᠬᠦ᠂ ᠡᠯᠡᠰᠦᠨ | ᠵᠢᠭᠤᠷᠠᠮᠠᠯ ᠢ ᠬᠤᠳᠬᠤᠬᠤ ᠶᠠᠪᠤᠳᠠᠯ ᠢ ᠵᠣᠷᠢᠭᠵᠢᠭᠤᠯᠤᠨ ᠲᠡᠮᠵᠢᠨ᠎ᠠ᠃︵ᠬᠠᠷᠢᠭᠤᠴᠠᠯᠭᠠᠲᠤ ᠨᠢᠭᠡᠴᠡ᠄ ᠠᠯᠠᠱᠠ | ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ ᠬᠠᠮᠢᠶᠠᠷᠬᠤ ᠨᠢᠭᠡᠴᠡ | ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ | ᠲᠦᠷᠦᠭᠦᠯᠡᠨ ᠪᠧᠲ᠋ᠣᠨ ᠵᠢᠭᠤᠷᠠᠬᠤ ᠥᠷᠲᠡᠭᠡ ᠶᠢᠨ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠵᠤ᠂ ᠠᠶᠢᠮᠠᠭ ᠤᠨ ᠵᠠᠮ | ᠬᠠᠷᠢᠯᠴᠠᠭᠠᠨ ᠤ ᠲᠣᠪᠴᠢᠶ᠎ᠠ ᠨᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠰᠡᠨ ᠪᠧᠲ᠋ᠣᠨ | ᠵᠢᠭᠤᠷᠠᠬᠤ ᠥᠷᠲᠡᠭᠡ᠂ ᠪᠠᠷᠤᠭᠰᠢᠨ ᠵᠢᠭᠤᠷᠠᠬᠤ ᠥᠷᠲᠡᠭᠡ ᠶᠢᠨ ᠳᠡᠭᠳᠡᠮᠡᠯ ᠲᠣᠭᠤᠰᠣ ᠶᠢ ᠴᠡᠭᠴᠡᠯᠡᠨ ᠵᠠᠰᠠᠬᠤ ᠶᠢ | ᠬᠠᠷᠢᠭᠤᠴᠠᠨ᠎ᠠ︶ | ︵ᠨᠠᠢᠮᠠ︶ ᠨᠢᠴᠦᠭᠦᠨ ᠭᠠᠵᠠᠷ ᠳᠡᠭᠡᠷᠡᠬᠢ ᠲᠣᠭᠤᠰᠣ ᠳᠡᠭᠳᠡᠬᠦ ᠶᠢ ᠴᠡᠭᠴᠡᠯᠡᠨ ᠵᠠᠰᠠᠬᠤ | ᠪᠠᠷᠢᠯᠭ᠎ᠠ ᠶᠢᠨ ᠣᠷᠣᠨ ᠤ ᠳᠣᠲᠣᠷᠠᠬᠢ ᠨᠢᠴᠦᠭᠦᠨ ᠭᠠᠵᠠᠷ ᠢ ᠬᠠᠮᠢᠶ᠎ᠠ ᠪᠦᠬᠦᠢ ᠪᠠᠷᠢᠯᠭ᠎ᠠ ᠶᠢᠨ ᠨᠢᠭᠡᠴᠡ ᠠᠴᠠ | ᠪᠦᠷᠬᠦᠭᠦᠯᠵᠦ᠂ ᠨᠣᠭᠤᠭᠠᠷᠠᠭᠤᠯᠬᠤ ᠪᠤᠶᠤ ᠳᠡᠪᠢᠰᠦᠨ᠎ᠡ︔ᠲᠦᠷ ᠴᠠᠭ ᠠᠵᠢᠯ ᠡᠬᠢᠯᠡᠭᠦᠯᠵᠦ ᠳᠡᠶᠢᠯᠬᠦ ᠦᠭᠡᠢ | ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠳᠣᠲᠣᠷᠠᠬᠢ ᠨᠢᠴᠦᠭᠦᠨ ᠭᠠᠵᠠᠷ ᠢ ᠪᠦᠲᠦᠭᠡᠨ ᠪᠠᠶᠢᠭᠤᠯᠬᠤ | ᠨᠢᠭᠡᠴᠡ ᠠᠴᠠ ᠬᠠᠷᠢᠭᠤᠴᠠᠨ ᠪᠦᠷᠬᠦᠭᠦᠯᠬᠦ᠂ ᠨᠣᠭᠤᠭᠠᠷᠠᠭᠤᠯᠬᠤ ᠪᠤᠶᠤ ᠳᠡᠪᠢᠰᠬᠦ ᠬᠡᠷᠡᠭᠲᠡᠢ᠃︵ᠬᠠᠷᠢᠭᠤᠴᠠᠯᠭᠠᠲᠤ | ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ᠲᠦᠷᠦᠭᠦᠯᠡᠨ ᠬᠢᠨᠠᠨ | ᠬᠠᠮᠢᠶᠠᠷᠬᠤ ᠨᠢᠭᠡᠴᠡ᠄ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | ᠨᠥᠭᠡᠴᠡᠯᠡᠭᠰᠡᠨ ᠭᠠᠵᠠᠷ ᠰᠢᠷᠣᠢ᠂ ᠨᠢᠭᠡᠨᠲᠡ ᠲᠠᠲᠠᠪᠤᠷᠢᠯᠠᠭᠠᠳ ᠪᠠᠶᠢᠭᠤᠯᠬᠤ ᠪᠠᠷ ᠪᠠᠶᠢᠭ᠎ᠠ ᠭᠠᠵᠠᠷ ᠰᠢᠷᠣᠢ᠂ ᠰᠤᠯᠠ | ᠪᠠᠶᠢᠭ᠎ᠠ ᠭᠠᠵᠠᠷ ᠰᠢᠷᠣᠢ ᠶᠢ ᠪᠦᠷᠬᠦᠭᠦᠯᠬᠦ᠂ ᠨᠣᠭᠤᠭᠠᠷᠠᠭᠤᠯᠬᠤ ᠪᠤᠶᠤ ᠳᠡᠪᠢᠰᠦᠨ ᠤᠭᠰᠠᠷᠠᠵᠤ᠂ ᠳᠡᠭᠳᠡᠮᠡᠯ ᠲᠣᠭᠤᠰᠣ | ᠰᠢᠷᠣᠢ ᠶᠢᠨ ᠪᠣᠬᠢᠷᠳᠤᠯ ᠢ ᠴᠢᠩᠭ᠎ᠠ ᠬᠢᠵᠠᠭᠠᠷᠯᠠᠬᠤ ᠬᠡᠷᠡᠭᠲᠡᠢ᠃︵ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ | ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ᠂ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ | ᠲᠣᠭᠲᠠᠭᠠᠭᠰᠠᠨ ᠬᠠᠷᠢᠭᠤᠴᠠᠯᠭᠠᠲᠤ ᠰᠠᠯᠠᠭ᠎ᠠ ᠮᠥᠴᠢᠷ ᠠᠴᠠ ᠨᠠᠶᠢᠳᠠᠪᠤᠷᠢᠵᠢᠭᠤᠯᠤᠨ᠎ᠠ︶ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠡᠪᠴᠢᠶᠡᠨ ᠳᠠᠬᠢ ᠨᠢᠴᠦᠭᠦᠨ ᠭᠠᠵᠠᠷ ᠢ ᠪᠠᠶᠢᠭ᠎ᠠ ᠠᠵᠤ | ᠦᠢᠯᠡᠳᠪᠦᠷᠢ ᠶᠢᠨ ᠠᠵᠤ ᠠᠬᠤᠶᠢᠯᠠᠯ ᠠᠴᠠ ᠪᠦᠷᠬᠦᠭᠦᠯᠵᠦ᠂ ᠨᠣᠭᠤᠭᠠᠷᠠᠭᠤᠯᠬᠤ ᠪᠤᠶᠤ ᠳᠡᠪᠢᠰᠦᠨ᠎ᠡ᠃︵ | ᠬᠠᠷᠢᠭᠤᠴᠠᠯᠭᠠᠲᠤ ᠨᠢᠭᠡᠴᠡ᠄ ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ︔ | ᠲᠦᠷᠦᠭᠦᠯᠡᠨ ᠬᠢᠨᠠᠨ ᠬᠠᠮᠢᠶᠠᠷᠬᠤ ᠨᠢᠭᠡᠴᠡ᠄ ᠠᠶᠢᠮᠠᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ︶ | ᠳᠥᠷᠪᠡ᠂ ᠴᠠᠭ ᠤᠨ ᠲᠣᠬᠢᠷᠠᠭᠤᠯᠤᠯᠲᠠ | ︵ᠨᠢᠭᠡ︶ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠯᠠᠱᠠ ᠳᠡᠭᠡᠳᠦ ᠰᠢᠨ᠎ᠡ | ᠮᠡᠷᠭᠡᠵᠢᠯ ᠤᠨ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ | ᠲᠥᠷᠥᠯ ᠤᠨ ᠲᠣᠭᠤᠰᠣ ᠰᠢᠷᠣᠢ ᠶᠢᠨ ᠪᠣᠬᠢᠷᠳᠤᠯ ᠤᠨ ᠡᠬᠢ ᠰᠤᠷᠪᠤᠯᠵᠢ ᠶᠢ ᠪᠥᠬᠦ ᠲᠠᠯ᠎ᠠ ᠪᠠᠷ ᠵᠢᠭᠰᠠᠭᠠᠨ | ᠪᠠᠶᠢᠴᠠᠭᠠᠵᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠨ᠂ ᠲᠣᠭᠤᠰᠣ ᠰᠢᠷᠣᠢ ᠶᠢᠨ ᠪᠣᠬᠢᠷᠳᠤᠯ ᠤᠨ ᠡᠬᠢ | ᠰᠤᠷᠪᠤᠯᠵᠢ ᠶᠢᠨ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠤᠨ᠎ᠠ᠃ᠵᠢᠭᠰᠠᠭᠠᠨ ᠪᠠᠶᠢᠴᠠᠭᠠᠬᠤ ᠶᠠᠪᠤᠴᠠ ᠳᠤ | ᠢᠯᠡᠷᠡᠭᠦᠯᠦᠭᠰᠡᠨ ᠠᠰᠠᠭᠤᠳᠠᠯ ᠳᠤ᠂ ᠠᠰᠠᠭᠤᠳᠠᠯ ᠤᠨ ᠨᠠᠷᠢᠨ ᠬᠠᠭᠤᠳᠠᠰᠤ ᠪᠠᠶᠢᠭᠤᠯᠵᠤ᠂ ᠴᠡᠭᠴᠡᠯᠡᠨ | ᠰᠠᠶᠢᠵᠢᠷᠠᠭᠤᠯᠬᠤ ᠠᠷᠭ᠎ᠠ ᠬᠡᠮᠵᠢᠶ᠎ᠡ᠂ ᠴᠠᠭ ᠤᠨ ᠬᠢᠵᠠᠭᠠᠷ᠂ ᠬᠠᠷᠢᠭᠤᠴᠠᠯᠭᠠᠲᠤ ᠨᠢᠭᠡᠴᠡ ᠵᠡᠷᠭᠡ ᠶᠢ ᠨᠢᠭᠡᠳ ᠨᠢᠭᠡ | ᠪᠠᠷ ᠲᠣᠳᠣᠷᠬᠠᠶᠢᠯᠠᠵᠤ᠂ ᠲᠠᠩᠰᠠ ᠶᠢ ᠬᠠᠷᠭᠤᠭᠤᠯᠵᠤ ᠳ᠋ᠤᠭᠠᠷ ᠢ ᠬᠠᠰᠤᠬᠤ ᠬᠡᠷᠡᠭᠲᠡᠢ᠃ | ︵ᠬᠤᠶᠠᠷ︶ 2023 ᠣᠨ ᠤ 8 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠲᠣᠭᠤᠰᠣ ᠰᠢᠷᠣᠢ ᠶᠢᠨ | ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠣᠷᠳᠣ ᠬᠤᠭᠤᠴᠠᠭᠠᠨ ᠤ | ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠲᠥᠷᠥᠯ ᠤᠨ ᠲᠣᠭᠤᠰᠣ | ᠰᠢᠷᠣᠢ ᠶᠢᠨ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠲᠤ ᠦᠵᠡᠭᠦᠯᠬᠦ ᠨᠥᠯᠥᠭᠡ ᠶᠢ ᠪᠦᠲᠦᠮᠵᠢᠲᠡᠶ | ᠬᠤᠷᠢᠭᠯᠠᠨ᠎ᠠ᠃2023 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠠᠯᠠᠱᠠ ᠳᠡᠭᠡᠳᠦ ᠰᠢᠨ᠎ᠡ ᠮᠡᠷᠭᠡᠵᠢᠯ ᠤᠨ | ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠭᠤᠰᠣ | ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠨᠠᠷᠢᠨ ᠬᠢᠨᠠᠮᠠᠭᠠᠢ ᠳ᠋ᠦᠩᠨᠡᠬᠦ ᠶᠢᠨ ᠬᠠᠮᠲᠤ᠂ | ᠬᠤᠯᠪᠣᠭᠳᠠᠯ ᠪᠦᠬᠦᠢ ᠪᠠᠶᠢᠳᠠᠯ ᠢ ᠠᠶᠢᠮᠠᠭ ᠤᠨ ᠠᠭᠠᠷ ᠮᠠᠨᠳᠠᠯ ᠤᠨ ᠠᠵᠢᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ | ᠬᠡᠷᠡᠭᠲᠡᠢ᠃ | ︵ᠭᠤᠷᠪᠠ︶ 2023 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠠᠯᠠᠱᠠ ᠳᠡᠭᠡᠳᠦ ᠰᠢᠨ᠎ᠡ ᠮᠡᠷᠭᠡᠵᠢᠯ ᠤᠨ | ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠶᠡᠷᠦᠩᠬᠡᠶᠢᠯᠡᠨ | ᠴᠡᠭᠴᠡᠯᠡᠨ ᠵᠠᠰᠠᠭᠰᠠᠨ ᠰᠠᠭᠤᠷᠢᠨ ᠳᠡᠭᠡᠷ᠎ᠡ᠂ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠭᠰᠠᠨ ᠦᠷ᠎ᠡ | ᠪᠦᠲᠦᠭᠡᠯ ᠢᠶᠠᠨ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠵᠦ᠂ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ | ᠢ ᠴᠠᠭ ᠳᠣᠬᠠᠢ ᠳᠤᠨᠢ ᠲᠣᠬᠢᠷᠠᠭᠤᠯᠤᠨ ︽ᠡᠷᠬᠢᠨ ᠬᠠᠷᠠᠬᠤ︾ ᠠᠵᠢᠯᠯᠠᠭ᠎ᠠ ᠥᠷᠨᠢᠭᠦᠯᠵᠦ᠂ ᠲᠣᠭᠤᠰᠣ ᠰᠢᠷᠣᠢ ᠶᠢᠨ | ᠪᠣᠬᠢᠷᠳᠤᠯ ᠤᠨ ᠠᠰᠠᠭᠤᠳᠠᠯ ᠳᠠᠬᠢᠨ ᠡᠭᠦᠰᠬᠦ ᠶᠢ ᠰᠡᠷᠭᠡᠶᠢᠯᠡᠨ᠂ 2023 ᠣᠨ ᠤ ᠣᠷᠴᠢᠨ ᠲᠣᠭᠤᠷᠢᠨ ᠤ ᠠᠭᠠᠷ ᠤᠨ | ᠶᠠᠰᠤ ᠴᠢᠨᠠᠷ ᠢ ᠰᠠᠶᠢᠵᠢᠷᠠᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠤᠨ ᠬᠢᠨ ᠲᠣᠭᠤᠰᠣ | ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠬᠠᠷᠢᠶ᠎ᠠ ᠣᠷᠣᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ | ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ᠱᠠᠭᠠᠷᠳᠠᠯᠭ᠎ᠠ ᠶᠣᠰᠣᠭᠠᠷ᠂ ᠬᠠᠷᠢᠶ᠎ᠠ ᠣᠷᠣᠨ ᠤ | ᠳᠣᠲᠣᠷᠠᠬᠢ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠶᠡᠷᠦᠩᠬᠡᠢ | ᠬᠠᠷᠢᠭᠤᠴᠠᠯᠭ᠎ᠠ ᠶᠢ ᠡᠭᠦᠷᠭᠡᠯᠡᠵᠦ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠣᠯᠣᠨ | ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ᠠᠶᠢᠮᠠᠭ ᠤᠨ | ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠬᠦᠷᠢᠶᠡᠨ ᠳᠠᠬᠢ ᠲᠣᠭᠤᠰᠣ | ᠰᠢᠷᠣᠢ ᠶᠢᠨ ᠪᠣᠬᠢᠷᠳᠤᠯ ᠢ ᠵᠠᠰᠠᠬᠤ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠬᠠᠷᠢᠶ᠎ᠠ ᠣᠷᠣᠨ ᠤ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠶᠢ ᠰᠢᠮᠳᠠᠭᠤᠯᠵᠤ᠂ ᠲᠣᠭᠲᠠᠭᠰᠠᠨ ᠬᠤᠭᠤᠴᠠᠭ᠎ᠠ ᠲᠠᠢ ᠪᠠᠷ | ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠵᠤ᠂ ᠨᠠᠷᠢᠨ | ᠨᠢᠮᠪᠠᠢ ᠨᠠᠶᠢᠳᠠᠪᠤᠷᠢᠵᠢᠭᠤᠯᠬᠤ ᠬᠡᠷᠡᠭᠲᠡᠢ᠃ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠠᠶᠢᠮᠠᠭ ᠤᠨ ᠰᠢᠭᠤᠳ | ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠲᠥᠰᠥᠯ ᠤᠨ ᠱᠠᠭᠠᠷᠳᠠᠯᠭ᠎ᠠ ᠲᠠᠢ | ᠤᠶᠠᠯᠳᠤᠭᠤᠯᠤᠨ᠂ ᠲᠣᠰ ᠣᠷᠣᠨ ᠪᠦᠰᠡ᠂ ᠲᠣᠰ ᠠᠵᠢᠯ ᠲᠥᠷᠥᠯ ᠤᠨ ᠢᠶᠠᠨ ᠳᠡᠭᠳᠡᠮᠡᠯ ᠲᠣᠭᠤᠰᠣᠨ ᠤ ᠪᠣᠬᠢᠷᠳᠤᠯ ᠢ | ᠰᠡᠷᠭᠡᠶᠢᠯᠡᠨ ᠵᠠᠰᠠᠬᠤ ᠠᠵᠢᠯ ᠤᠨ ᠠᠷᠭ᠎ᠠ ᠬᠡᠮᠵᠢᠶ᠎ᠡ ᠶᠢ ᠲᠦᠷᠬᠡᠨ ᠨᠠᠷᠢᠯᠢᠭᠵᠢᠭᠤᠯᠵᠤ᠂ ᠥᠪᠡᠰᠦᠪᠡᠨ ᠪᠠᠶᠢᠴᠠᠭᠠᠵᠤ | ᠥᠪᠡᠰᠦᠪᠡᠨ ᠵᠠᠯᠠᠷᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠥᠷᠨᠢᠭᠦᠯᠵᠦ᠂ ᠶᠡᠷᠦᠩᠬᠡᠶᠢᠯᠡᠨ ᠴᠡᠭᠴᠡᠯᠡᠨ ᠵᠠᠰᠠᠬᠤ | ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ | ︵ᠬᠤᠶᠠᠷ︶ ᠡᠳ᠋ ᠤᠨ ᠵᠠᠰᠠᠭ ᠤᠨ ᠪᠠᠲᠤᠯᠠᠭ᠎ᠠ ᠶᠢ ᠪᠦᠷᠢᠨᠰᠢᠭᠦᠯᠦᠨ᠎ᠡ | ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢᠨ ᠲᠣᠭᠲᠠᠴᠠ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠎ᠠ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠤ ᠬᠠᠮᠢᠶᠠᠷᠤᠯᠲᠠ ᠶᠢᠨ ᠵᠥᠪᠯᠡᠯ ᠨᠢ ᠲᠣᠭᠤᠰᠣ ᠰᠢᠷᠣᠢ ᠶᠢᠨ | ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠳᠤ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ | ᠡᠭᠦᠷᠭᠡᠯᠡᠵᠦ᠂ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠵᠠᠷᠤᠳᠠᠯ ᠢ ᠲᠤᠰ ᠱᠠᠲᠤᠨ ᠤ ᠡᠳ᠋ ᠤᠨ | ᠵᠠᠰᠠᠭ ᠤᠨ ᠲᠥᠰᠥᠪ ᠲᠤ ᠣᠷᠣᠭᠤᠯᠵᠤ᠂ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠪᠡᠯᠡ | ᠮᠥᠩᠭᠦ ᠶᠢᠨ ᠳᠡᠮᠵᠢᠯᠭᠡ ᠪᠠᠨ ᠨᠡᠮᠡᠭᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ | ᠰᠠᠶᠢᠵᠢᠷᠠᠭᠤᠯᠬᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ᠂ | ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠬᠦ ᠳᠤ | ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ᠃ | ︵ᠭᠤᠷᠪᠠ︶ ᠬᠠᠤᠯᠢ ᠶᠢ ᠴᠢᠩᠭ᠎ᠠ ᠬᠡᠷᠡᠭᠵᠢᠭᠦᠯᠵᠦ ᠰᠢᠮᠳᠠᠭᠤᠯᠤᠨ ᠪᠠᠶᠢᠴᠠᠭᠠᠬᠤ ᠶᠢ ᠴᠢᠩᠳᠠᠯᠠᠨ᠎ᠠ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ | ᠳᠡᠭᠳᠡᠮᠡᠯ ᠲᠣᠭᠤᠰᠣᠨ ᠤ ᠪᠣᠬᠢᠷᠳᠤᠯ ᠤᠨ ᠡᠬᠢ ᠶᠢ ᠲᠣᠭᠲᠠᠮᠠᠯ ᠬᠤᠭᠤᠴᠠᠭ᠎ᠠ ᠲᠠᠢ ᠪᠠᠷ ᠲᠣᠭᠤᠷᠢᠨ ᠪᠠᠶᠢᠴᠠᠭᠠᠵᠤ᠂ | ᠢᠯᠡᠷᠡᠭᠦᠯᠦᠭᠰᠡᠨ ᠳᠡᠭᠳᠡᠮᠡᠯ ᠲᠣᠭᠤᠰᠣᠨ ᠤ ᠪᠣᠬᠢᠷᠳᠤᠯ ᠤᠨ ᠠᠰᠠᠭᠤᠳᠠᠯ ᠳᠤ ᠴᠡᠭᠴᠡᠯᠡᠨ ᠰᠠᠶᠢᠵᠢᠷᠠᠭᠤᠯᠬᠤ | ᠮᠡᠳᠡᠭᠳᠡᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ᠂ ᠠᠵᠢᠯ ᠢ | ᠨᠢ ᠵᠣᠭᠰᠣᠭᠠᠵᠤ ᠵᠠᠯᠠᠷᠠᠭᠤᠯᠬᠤ᠂ ᠬᠠᠷᠢᠭᠤᠴᠠᠯᠭ᠎ᠠ ᠲᠠᠢ ᠨᠢᠭᠡᠴᠡ ᠬᠠᠤᠯᠢ ᠶᠢᠨ ᠡᠷᠬᠡᠲᠡᠨ ᠲᠠᠢ ᠪᠣᠯᠵᠣᠨ ᠶᠠᠷᠢᠯᠴᠠᠬᠤ᠂ | ᠬᠠᠷᠢᠭᠤᠴᠠᠯᠭ᠎ᠠ ᠲᠠᠢ ᠨᠢᠭᠡᠴᠡ ᠶᠢᠨ ᠮᠠᠭᠤ ᠦᠶᠯᠡ ᠠᠵᠢᠯᠯᠠᠭ᠎ᠠ ᠶᠢ ᠲᠡᠮᠳᠡᠭᠯᠡᠬᠦ᠂ ᠵᠠᠰᠠᠭ ᠵᠠᠬᠢᠷᠭᠠᠨ ᠤ ᠰᠢᠳᠬᠡᠯ ᠥᠭᠬᠦ | ᠵᠡᠷᠭᠡ ᠠᠷᠭ᠎ᠠ ᠪᠠᠷᠢᠯ ᠢᠶᠠᠷ ᠳᠠᠮᠵᠢᠭᠤᠯᠤᠨ᠂ ᠳᠡᠭᠳᠡᠮᠡᠯ ᠲᠣᠭᠤᠰᠣ ᠶᠢ ᠰᠡᠷᠭᠡᠶᠢᠯᠡᠨ ᠵᠠᠰᠠᠬᠤ ᠬᠡᠪᠰᠢᠭᠰᠡᠨ | ᠲᠣᠭᠲᠠᠴᠠ ᠶᠢ ᠪᠠᠶᠢᠭᠤᠯᠵᠤ᠂ ᠳᠡᠭᠳᠡᠮᠡᠯ ᠲᠣᠭᠤᠰᠣ ᠶᠢ ᠰᠡᠷᠭᠡᠶᠢᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ | ᠣᠯᠬᠤ ᠶᠢ ᠦᠨᠡᠨᠬᠦ ᠪᠠᠲᠤᠯᠠᠬᠤ ᠬᠡᠷᠡᠭᠲᠡᠢ᠃ᠣᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠵᠦ ᠪᠠᠶᠢᠭ᠎ᠠ | ᠪᠠᠶᠢᠳᠠᠯ ᠢ ᠪᠠᠶᠢᠴᠠᠭᠠᠬᠤ ᠶᠢ ᠥᠷᠨᠢᠭᠦᠯᠵᠦ᠂ ᠲᠣᠭᠤᠰᠣ ᠰᠢᠷᠣᠢ ᠶᠢᠨ ᠪᠣᠬᠢᠷᠳᠤᠯ ᠤᠨ ᠡᠯ᠎ᠡ ᠲᠥᠷᠥᠯ ᠤᠨ ᠦᠶᠯᠡ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ | ︵ᠳᠥᠷᠪᠡ︶ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠴᠢᠩᠭᠠᠳᠬᠠᠨ᠎ᠠ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠲᠣᠭᠤᠰᠣ ᠰᠢᠷᠣᠢ ᠶᠢᠨ ᠪᠣᠬᠢᠷᠳᠤᠯ ᠢ ᠶᠡᠷᠦᠩᠬᠡᠶᠢᠯᠡᠨ ᠴᠡᠭᠴᠡᠯᠡᠨ ᠵᠠᠰᠠᠬᠤ ᠤᠬᠠᠭᠤᠯᠭ᠎ᠠ ᠶᠢᠨ | ᠡᠷᠴᠢᠮ ᠢᠶᠠᠨ ᠴᠢᠩᠭᠠᠷᠠᠭᠤᠯᠵᠤ᠂ ᠥᠷᠭᠡᠨ ᠣᠯᠠᠨ ᠲᠦᠮᠡᠨ ᠤ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠬᠦ ᠬᠡᠷᠡᠭᠲᠡᠢ᠃ | ᠠᠰᠠᠭᠤᠳᠠᠯ ᠢ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠤᠯᠠᠨ ᠲᠦᠮᠡᠨ ᠤ ᠠᠩᠬᠠᠷᠬᠤ | ᠬᠡᠮᠵᠢᠶ᠎ᠡ ᠪᠠ ᠣᠷᠤᠯᠴᠠᠬᠤ ᠬᠡᠮᠵᠢᠶ᠎ᠡ ᠶᠢ ᠳᠡᠭᠡᠭᠰᠢᠯᠡᠭᠦᠯᠵᠦ᠂ ᠤᠯᠠᠨ ᠲᠦᠮᠡᠨ ᠤ ᠬᠢᠨᠠᠯᠲᠠ ᠲᠠᠯᠪᠢᠬᠤ ᠲᠣᠣᠷ ᠢ ᠨᠢᠭᠲᠠ | ᠰᠦᠯᠵᠢᠵᠦ᠂ ᠤᠯᠠᠨ ᠲᠦᠮᠡᠨ ᠤ ᠳᠡᠷᠭᠡᠳᠡᠬᠢ ᠲᠣᠭᠤᠰᠣ ᠰᠢᠷᠣᠢ ᠶᠢᠨ ᠪᠣᠬᠢᠷᠳᠤᠯ ᠤᠨ ᠠᠰᠠᠭᠤᠳᠠᠯ ᠢ ᠶᠡᠬᠡᠪᠡᠷ | ᠰᠢᠢᠳᠪᠦᠷᠢᠯᠡᠬᠦ ᠬᠡᠷᠡᠭᠲᠡᠢ᠃ | ︵ᠲᠠᠪᠤ︶ ᠮᠥᠷᠳᠡᠨ ᠲᠣᠬᠢᠷᠠᠭᠤᠯᠬᠤ ᠶᠢ ᠨᠠᠶᠢᠳᠠᠪᠣᠷᠢᠵᠢᠭᠤᠯᠣᠨ᠎ᠠ | ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠳ ᠠᠵᠢᠯ ᠤᠨ ᠪᠠᠶᠢᠳᠠᠯ ᠢᠶᠠᠨ ᠮᠡᠳᠡᠭᠦᠯᠦᠨ ᠬᠦᠷᠭᠡᠬᠦ ᠳᠦᠷᠢᠮ ᠢ ᠪᠠᠶᠢᠭᠤᠯᠵᠤ᠂ ᠲᠣᠰ ᠣᠷᠣᠨ | ᠪᠦᠰᠡ᠂ ᠲᠣᠰ ᠠᠵᠢᠯ ᠲᠥᠷᠥᠯ ᠤᠨ ᠢᠶᠠᠨ ᠲᠣᠭᠤᠰᠣ ᠰᠢᠷᠣᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠠᠵᠢᠯ ᠢ | ᠴᠠᠭ ᠲᠤᠬᠠᠢ ᠳᠤᠨᠢ ᠵᠣᠬᠢᠴᠠᠭᠤᠯᠤᠨ ᠠᠬᠢᠭᠤᠯᠵᠤ᠂ ᠰᠠᠷ᠎ᠠ ᠪᠦᠷᠢ ᠶᠢᠨ 25 ᠤ ᠡᠳᠦᠷ ᠠᠴᠠ ᠡᠮᠦᠨ᠎ᠡ᠂ ᠲᠣᠰ | ᠣᠷᠣᠨ ᠪᠦᠰᠡ᠂ ᠲᠣᠰ ᠠᠵᠢᠯ ᠲᠥᠷᠥᠯ ᠤᠨ ᠢᠶᠠᠨ ᠲᠣᠰ ᠰᠠᠷ᠎ᠠ ᠶᠢᠨ ᠲᠣᠭᠤᠰᠣ ᠰᠢᠷᠣᠢ ᠶᠢ ᠶᠡᠷᠦᠩᠬᠡᠶᠢᠯᠡᠨ | ᠴᠡᠭᠴᠡᠯᠡᠨ ᠵᠠᠰᠠᠭᠰᠠᠨ ᠪᠠᠶᠢᠳᠠᠯ ᠵᠢᠴᠢ ᠠᠰᠠᠭᠤᠳᠠᠯ ᠤᠨ ᠨᠠᠷᠢᠨ ᠲᠠᠩᠰᠠ ᠶᠢ ᠠᠶᠢᠮᠠᠭ ᠤᠨ ᠠᠭᠠᠷ ᠮᠠᠨᠳᠠᠯ ᠤᠨ | ᠠᠵᠢᠯ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ ᠬᠡᠷᠡᠭᠲᠡᠢ᠃ᠠᠰᠠᠭᠤᠳᠠᠯ ᠢ ᠲᠤᠶᠢᠯᠪᠤᠷᠢᠲᠠᠢ ᠪᠠᠶᠢᠴᠠᠭᠠᠭᠰᠠᠨ | ᠦᠭᠡᠢ᠂ ᠬᠠᠰᠢ ᠶᠠᠰᠢ ᠪᠠᠷ ᠠᠷᠭᠠᠴᠠᠵᠤ᠂ ᠠᠵᠢᠯ ᠬᠢᠬᠦ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠤᠳᠤᠷᠢᠳᠬᠤ | ᠪᠠᠭ ᠤᠨ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ ᠬᠡᠪᠴᠢᠶᠡᠨ ᠳᠤ ᠣᠷᠣᠭᠤᠯᠤᠨ᠎ᠠ᠃ | |