ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠶᠢᠮᠠᠭ ᠪᠠ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/2/8
     ︽ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ᠂ ᠠᠮᠢ ᠠᠬᠤᠶ ᠣᠷᠴᠢᠨ ᠲᠣᠭᠤᠷᠢᠨ ᠤ ᠬᠦᠷᠢᠶ᠎ᠡ ᠳᠠᠬᠢ ᠥᠪᠡᠷᠲᠡᠭᠡᠨ ᠵᠠᠰᠠᠬᠤ ᠣᠷᠣᠨ ᠬᠢᠭᠡᠳ ᠠᠶᠢᠮᠠᠭ ᠬᠤᠲᠠ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠢ ᠳᠠᠷᠤᠮᠠᠯᠯᠠᠨ  ᠳᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2021﹈ 10 ᠳ᠋ᠤᠭᠠᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠡᠳᠦᠭᠡ ᠠᠯᠠᠱᠠ ᠠᠶᠢᠮᠠᠭ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠳᠠᠬᠢ ᠠᠶᠢᠮᠠᠭ ᠬᠢᠭᠡᠳ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠬᠠᠮᠢᠶᠠᠷᠬᠤ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢᠨ ᠲᠤᠬᠠᠶ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠤᠨ ᠥᠭᠡᠷᠡᠴᠢᠯᠡᠯᠲᠡ ᠶᠢᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠳᠠᠬᠢ ᠠᠶᠢᠮᠠᠭ ᠪᠣᠯᠣᠨ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ  ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠤᠪᠢᠶᠠᠷᠢᠯᠠᠵᠤ᠂ ᠣᠲᠣ ᠦᠶ᠎ᠡ ᠶᠢᠨ ᠡᠳ᠋ ᠤᠨ ᠵᠠᠰᠠᠭ ᠤᠨ ᠳᠦᠷᠢᠮ ᠲᠠᠢ ᠵᠣᠬᠢᠴᠠᠯᠳᠤᠭᠰᠠᠨ᠂ ᠤᠯᠤᠰ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠱᠠᠭᠠᠷᠳᠠᠯᠭ᠎ᠠ ᠲᠠᠢ ᠵᠣᠬᠢᠴᠠᠭᠰᠠᠨ ᠬᠠᠤᠯᠢ ᠶᠣᠰᠣᠭᠠᠷ ᠵᠢᠷᠤᠮᠵᠢᠭᠰᠠᠨ᠂ ᠡᠷᠬᠡ ᠬᠠᠷᠢᠭᠤᠴᠠᠯᠭ᠎ᠠ ᠲᠠᠢ ᠵᠣᠬᠢᠴᠠᠯᠳᠤᠭᠰᠠᠨ᠂ ᠠᠵᠢᠯᠯᠠᠭᠠᠨ ᠨᠢ ᠥᠨᠳᠥᠷ ᠪᠦᠲᠦᠮᠵᠢᠲᠡᠶ᠂ ᠪᠠᠲᠤᠯᠠᠭ᠎ᠠ ᠨᠢ ᠬᠦᠴᠦᠲᠡᠢ ᠬᠤᠪᠢᠶᠠᠷᠢᠯᠠᠬᠤ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠠᠶᠢᠮᠠᠭ ᠤᠨ ᠵᠠᠬᠢᠷᠭ᠎ᠠ᠂ ᠬᠤᠰᠢᠭᠤ ︵ᠣᠷᠣᠨ︶᠎ ᠶᠢᠨ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠪᠠᠨ ᠨᠠᠩ ᠰᠠᠶᠢᠲᠤᠷ ᠭᠦᠢᠴᠡᠳᠬᠡᠬᠦ ᠶᠢ ᠠᠬᠢᠭᠤᠯᠵᠤ᠂ ᠠᠯᠠᠱᠠ ᠠᠶᠢᠮᠠᠭ ᠤᠨ ᠣᠯᠠᠨ ᠨᠡᠶᠢᠲᠡ ᠶᠢᠨ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠬᠠᠩᠭᠠᠯᠭ᠎ᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠯᠠᠱᠠ ᠠᠶᠢᠮᠠᠭ ᠤᠨ ᠣᠲᠣ ᠦᠶ᠎ᠡ ᠶᠢᠨ ᠶᠡᠷᠦᠩᠬᠡᠶᠢᠯᠡᠭᠰᠡᠨ ᠵᠠᠮ ᠲᠡᠭᠡᠭᠡᠪᠦᠷᠢ ᠶᠢᠨ ᠰᠢᠰᠲ᠋ᠧᠮᠵᠢ ᠶᠢ ᠲᠦᠷᠬᠡᠨ ᠪᠠᠶᠢᠭᠤᠯᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠲᠠᠰᠤᠷᠠᠯᠲᠠ ᠦᠭᠡᠢ ᠬᠠᠩᠭᠠᠬᠤ ᠳᠤ ᠬᠦᠴᠦᠲᠡᠢ ᠪᠠᠲᠤᠯᠠᠭ᠎ᠠ ᠬᠠᠩᠭᠠᠨ᠎ᠠ᠃     ︵ᠬᠤᠶᠠᠷ︶ ᠦᠨᠳᠦᠰᠦᠨ ᠵᠠᠷᠴᠢᠮ     ︱ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠨ᠎ᠠ᠃ᠠᠷᠠᠳ ᠤᠨ ᠵᠠᠮ ᠬᠠᠷᠢᠯᠴᠠᠭ᠎ᠠ ᠶᠢ ᠠᠷᠠᠳ ᠲᠦᠮᠡᠨ ᠳᠤ ᠦᠢᠯᠡᠴᠢᠯᠡᠭᠦᠯᠬᠦ ᠦᠨᠳᠦᠰᠦᠨ ᠵᠣᠷᠢᠯᠲᠠ ᠶᠢ ᠪᠠᠷᠢᠮᠲᠠᠯᠠᠵᠤ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠡᠭᠦᠰᠬᠡᠯ ᠪᠠ ᠲᠡᠭᠦᠰᠬᠡᠯ ᠪᠣᠯᠭᠠᠵᠤ᠂ ᠠᠶᠢᠮᠠᠭ ᠤᠨ ᠵᠠᠬᠢᠷᠭ᠎ᠠ᠂ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠬᠥᠭᠵᠢᠯᠲᠡ ᠲᠡᠩᠴᠡᠭᠦᠷᠢ ᠦᠭᠡᠢ ᠭᠦᠢᠴᠡᠳ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃     ︱ ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠬᠠᠷᠠᠭᠤᠯᠤᠨ᠎ᠠ᠃ᠵᠠᠮ ᠬᠠᠷᠢᠯᠴᠠᠭ᠎ᠠ ᠲᠡᠭᠡᠭᠡᠪᠦᠷᠢ ᠶᠢᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠦᠨᠳᠦᠰᠦᠯᠡᠨ ᠠᠶᠢᠮᠠᠭ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠵᠦᠢ ᠵᠣᠬᠢᠰᠲᠠᠢ ᠲᠣᠭᠲᠠᠭᠠᠵᠤ᠂ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡᠨ ᠤ ᠠᠰᠢᠭ ᠭᠥᠷᠳᠡᠬᠦ ᠬᠡᠪᠴᠢᠶ᠎ᠡ ᠶᠢ ᠵᠠᠰᠠᠭ ᠤᠨ ᠣᠷᠳᠣᠨ ᠤ ᠬᠠᠷᠢᠶ᠎ᠠ ᠣᠷᠣᠨ ᠪᠦᠰᠡ ᠯᠦᠭᠡ ᠨᠢᠭᠡᠳᠦᠯᠲᠡᠢ ᠪᠠᠶᠢᠯᠭᠠᠨ᠎ᠠ᠃     ︱ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠶᠢ ᠵᠢᠷᠤᠮᠯᠠᠨ᠎ᠠ ᠃ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠢᠯ ᠲᠥᠷᠥᠯ ᠤᠨ ᠬᠥᠭᠵᠢᠯᠲᠡ ᠶᠢᠨ ᠵᠢᠮ᠎ᠡ ᠶᠣᠰᠣ ᠪᠣᠯᠣᠨ ᠣᠨᠴᠠᠯᠢᠭ ᠢ ᠭᠦᠢᠴᠡᠳ ᠪᠣᠳᠣᠯᠬᠢᠯᠠᠨ᠂ ᠠᠵᠢᠯᠯᠠᠭᠠᠨ ᠤ ᠪᠠᠶᠢᠳᠠᠯ ᠢᠶᠠᠷ ᠰᠠᠶᠢᠨ᠂ ᠬᠠᠮᠢᠶᠠᠷᠤᠯᠲᠠ ᠪᠠᠷ ᠪᠦᠲᠦᠮᠵᠢᠲᠡᠶ᠂ ᠵᠠᠮ ᠬᠠᠷᠢᠯᠴᠠᠭᠠᠨ ᠤ ᠬᠥᠭᠵᠢᠯᠲᠡ ᠶᠢᠨ ᠪᠣᠳᠠᠲᠤ ᠪᠠᠶᠢᠳᠠᠯ ᠳᠤ ᠨᠡᠶᠢᠴᠡᠬᠦ ᠵᠦᠢᠯᠡᠰ ᠢ ᠳ᠋ᠦᠩᠨᠡᠨ ᠨᠤᠲᠠᠯᠠᠵᠤ᠂ ᠰᠢᠨ᠎ᠡ ᠪᠠᠶᠢᠳᠠᠯ ᠳᠤ ᠵᠣᠬᠢᠴᠠᠬᠤ ᠦᠭᠡᠢ ᠪᠠ ᠲᠣᠳᠣᠷᠬᠠᠢ ᠦᠭᠡᠢ ᠵᠦᠢᠯᠡᠰ᠂ ᠥᠭᠡᠷᠡᠴᠢᠯᠡᠯᠲᠡ ᠶᠢᠨ ᠨᠥᠬᠦᠴᠡᠯ ᠬᠠᠷᠠᠬᠠᠨ ᠪᠣᠯᠪᠠᠰᠤᠷᠠᠩᠭᠤᠢ ᠪᠣᠯᠣᠭᠠᠳᠤᠢ ᠵᠦᠢᠯᠡᠰ ᠢ ᠠᠯᠬᠤᠮ ᠠᠯᠬᠤᠮ ᠢᠶᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠬᠠᠮᠢᠶ᠎ᠠ ᠪᠦᠬᠦᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠤᠨ᠎ᠠ᠃     ᠬᠤᠶᠠᠷ᠂ ᠭᠤᠣᠯ ᠠᠭᠤᠯᠭ᠎ᠠ     ᠳᠡᠭᠡᠷ᠎ᠡ ᠳᠤᠷᠠᠳᠤᠭᠰᠠᠨ ᠶᠡᠷᠦᠩᠬᠡᠢ ᠱᠠᠭᠠᠷᠳᠠᠯᠭ᠎ᠠ ᠪᠣᠯᠣᠨ ᠵᠠᠮ ᠬᠠᠷᠢᠯᠴᠠᠭ᠎ᠠ ᠲᠡᠭᠡᠭᠡᠪᠦᠷᠢ ᠎ ᠶᠢᠨ ᠠᠵᠢᠯ  ᠤᠨ ᠣᠨᠴᠠᠯᠢᠭ  ᠢ ᠦᠨᠳᠦᠰᠦᠯᠡᠨ᠂ ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭ᠎ᠠ ᠵᠡᠷᠭᠡ ᠵᠢᠷᠭᠤᠭᠠᠨ ᠲᠠᠯ᠎ᠠ ᠎ ᠶᠢᠨ ᠠᠶᠢᠮᠠᠭ ᠎ ᠤᠨ ᠱᠠᠲᠤ ᠬᠢᠭᠡᠳ ᠬᠤᠰᠢᠭᠤ ︵ ᠣᠷᠣᠨ︶᠎ ᠶᠢᠨ ᠡᠳ᠋ ᠤᠨ ᠵᠠᠰᠠᠭ  ᠤᠨ ᠡᠷᠬᠡ  ᠪᠠ ᠵᠠᠷᠤᠯᠭ᠎ᠠ  ᠶᠢᠨ ᠬᠠᠷᠢᠭᠤᠴᠠᠯᠭ᠎ᠠ ᠶᠢ ᠬᠤᠪᠢᠶᠠᠷᠢᠯᠠᠨ᠎ᠠ᠃     ︵ᠨᠢᠭᠡ︶ ᠠᠶᠢᠮᠠᠭ ᠤᠨ ᠱᠠᠲᠤᠨ ᠤ ᠡᠳ᠋ ᠤᠨ ᠵᠠᠰᠠᠭ ᠤᠨ ᠠᠵᠢᠯ ᠤᠨ ᠡᠷᠬᠡ    1. ᠵᠠᠰᠠᠮᠠᠯ ᠵᠡᠮ     ︵1︶ ᠤᠯᠤᠰ ᠤᠨ ᠡᠩ ᠤᠨ ᠵᠠᠮ᠃ᠠᠶᠢᠮᠠᠭ ᠤᠨ ᠱᠠᠲᠤ ᠨᠢ ᠡᠩ ᠤᠨ ᠤᠯᠤᠰ ᠤᠨ ᠵᠠᠮ ᠤᠨ ᠳᠣᠲᠣᠷᠠᠬᠢ ᠠᠶᠢᠮᠠᠭ ᠤᠨ ᠱᠠᠲᠤ ᠠᠴᠠ ᠬᠠᠷᠢᠭᠤᠴᠠᠬᠤ ᠬᠡᠰᠡᠭ ᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠴᠠᠩᠭᠤᠢ ᠡᠭᠦᠷᠭᠡ ᠬᠠᠷᠢᠭᠤᠴᠠᠯᠭ᠎ᠠ ᠵᠢᠴᠢ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠵᠦ᠂ ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ ᠵᠠᠷᠤᠯᠭ᠎ᠠ ᠠᠴᠠ ᠭᠠᠳᠠᠨᠠᠬᠢ ᠵᠣᠬᠢᠴᠠᠩᠭᠤᠢ ᠵᠠᠷᠤᠯᠭ᠎ᠠ ᠶᠢ ᠡᠭᠦᠷᠭᠡᠯᠡᠨ᠎ᠡ᠃     ︵2︶ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ᠃ᠠᠶᠢᠮᠠᠭ ᠤᠨ ᠱᠠᠲᠤ ᠨᠢ ᠣᠷᠣᠨ ᠨᠤᠲᠤᠭ ᠤᠨ ᠳᠡᠭᠡᠳᠦ ᠬᠤᠷᠳᠤ ᠶᠢᠨ ᠵᠠᠰᠠᠮᠠᠯ ᠵᠠᠮ ᠳᠠᠬᠢ ᠠᠶᠢᠮᠠᠭ  ᠎ ᠤᠨ ᠱᠠᠲᠤ ᠠᠴᠠ ᠬᠠᠷᠢᠭᠤᠴᠠᠬᠤ ᠬᠡᠰᠡᠭ ᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠴᠠᠩᠭᠤᠢ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ ᠠᠴᠠ ᠪᠡᠯᠡ ᠭᠠᠷᠭᠠᠬᠤ ᠠᠴᠠ ᠭᠠᠳᠠᠨᠠᠬᠢ ᠵᠣᠬᠢᠴᠠᠩᠭᠤᠢ ᠵᠠᠷᠤᠯᠭ᠎ᠠ ᠶᠢ ᠡᠭᠦᠷᠭᠡᠯᠡᠨ᠎ᠡ᠃     ︵3︶ ᠡᠩ ᠤᠨ ᠮᠤᠵᠢ ᠶᠢᠨ ᠵᠠᠮ᠃ᠠᠶᠢᠮᠠᠭ ᠤᠨ ᠱᠠᠲᠤ ᠨᠢ ᠡᠩ ᠤᠨ ᠮᠤᠵᠢ ᠶᠢᠨ ᠵᠠᠮ ᠳᠠᠬᠢ ᠠᠶᠢᠮᠠᠭ ᠤᠨ ᠱᠠᠲᠤ ᠠᠴᠠ ᠬᠠᠷᠢᠭᠤᠴᠠᠬᠤ ᠬᠡᠰᠡᠭ ᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠣᠬᠢᠴᠠᠩᠭᠤᠢ ᠡᠭᠦᠷᠭᠡ ᠬᠠᠷᠢᠭᠤᠴᠠᠯᠭ᠎ᠠ ᠬᠢᠭᠡᠳ ᠪᠣᠳᠠᠲᠠᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠡᠭᠦᠷᠭᠡᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠠᠴᠠ ᠪᠡᠯᠡ ᠭᠠᠷᠭᠠᠬᠤ ᠠᠴᠠ ᠭᠠᠳᠠᠨᠠᠬᠢ ᠵᠣᠬᠢᠴᠠᠩᠭᠤᠢ ᠵᠠᠷᠤᠯᠭ᠎ᠠ ᠶᠢ ᠡᠭᠦᠷᠭᠡᠯᠡᠨ᠎ᠡ᠃     ︵4︶ ᠬᠥᠳᠡᠭᠡ ᠲᠣᠰᠬᠤᠨ ᠤ ᠵᠠᠰᠠᠮᠠᠯ ᠵᠠᠮ᠃ᠠᠶᠢᠮᠠᠭ ᠤᠨ ᠱᠠᠲᠤᠨ ᠤ ᠬᠢᠨ ᠪᠥᠬᠦ ᠠᠶᠢᠮᠠᠭ ᠤᠨ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠯᠥᠪᠯᠡᠭᠡ ᠶᠢ ᠳᠡᠭᠡᠭᠰᠢ ᠮᠡᠳᠡᠭᠦᠯᠬᠦ᠂ ᠲᠥᠷᠥ ᠶᠢᠨ ᠪᠣᠳᠣᠯᠭ᠎ᠠ ᠪᠠᠷ ᠲᠣᠭᠲᠠᠭᠠᠬᠤ᠂ ᠠᠵᠢᠯ ᠲᠥᠷᠥᠯ ᠢᠶᠠᠷ ᠵᠢᠯᠤᠭᠤᠳᠬᠤ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ᠠᠶᠢᠮᠠᠭ ᠤᠨ ᠱᠠᠲᠤᠨ ᠤ ᠬᠢᠨ ᠪᠣᠳᠠᠲᠤ ᠪᠠᠶᠢᠳᠠᠯ ᠢᠶᠠᠨ ᠦᠵᠡᠵᠦ ᠪᠠᠶᠢᠭᠠᠳ ᠵᠣᠬᠢᠬᠤ ᠬᠡᠮᠵᠢᠶᠡᠨ ᠤ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠳᠡᠮᠵᠢᠯᠭᠡ ᠦᠵᠡᠭᠦᠯᠬᠦ ᠬᠡᠷᠡᠭᠲᠡᠢ᠃     ︵5︶ ᠠᠶᠢᠮᠠᠭ ᠤᠨ ᠳᠣᠲᠣᠷᠠᠬᠢ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠡᠳ᠋ ᠪᠠᠷᠠᠭ᠎ᠠ ᠶᠢᠨ ᠨᠥᠭᠡᠴᠡᠯᠡᠯᠲᠡ᠃ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠠᠶᠢᠮᠠᠭ ᠤᠨ ᠱᠠᠲᠤᠨ ᠤ ᠬᠢᠨ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠲᠣᠨᠤᠭ ᠲᠥᠬᠦᠭᠡᠷᠦᠮᠵᠢ ᠶᠢᠨ ᠡᠳ᠋ ᠪᠠᠷᠠᠭ᠎ᠠ ᠶᠢ ᠨᠥᠭᠡᠴᠡᠯᠡᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠤᠯᠤᠰ᠂ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ  ᠎ ᠠᠴᠠ ᠪᠤᠰᠤᠳ ᠵᠠᠷᠤᠯᠭ᠎ᠠ ᠶᠢ ᠡᠭᠦᠷᠭᠡᠯᠡᠨ᠎ᠡ᠃     2. ᠲᠡᠮᠦᠷ ᠵᠡᠮ     ︵1︶ ᠤᠯᠤᠰ ᠤᠨ ᠭᠤᠣᠯ ᠱᠤᠭᠤᠮ ᠤᠨ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠢ ᠬᠡᠷᠡᠭᠯᠡᠬᠦ ᠱᠤᠭᠤᠮ ᠤᠨ ᠲᠥᠷᠥᠯ ᠵᠦᠢᠯ᠂ ᠡᠭᠦᠨ ᠳᠤ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠬᠡᠷᠡᠭᠵᠢᠭᠦᠯᠬᠦ ᠵᠦᠢᠯᠡᠰ ᠢ ᠥᠮᠴᠢᠲᠡᠨ ᠤ ᠨᠢᠭᠡᠴᠡ ᠠᠴᠠ ᠡᠵᠡᠨ ᠮᠡᠳᠡᠵᠦ ᠬᠡᠷᠡᠭᠵᠢᠭᠦᠯᠬᠦ ᠪᠤᠶᠤ ᠲᠡᠮᠦᠷ ᠵᠠᠮ ᠤᠨ ᠡᠵᠡᠩᠨᠡᠬᠦ ᠬᠢᠷᠢ ᠬᠡᠮ ᠲᠠᠢ ᠠᠵᠤ ᠠᠬᠤᠶᠢᠯᠠᠯ ᠳᠤ ᠨᠠᠶᠢᠳᠠᠵᠤ ᠬᠡᠷᠡᠭᠵᠢᠭᠦᠯᠦᠨ᠎ᠡ᠃︵ᠯᠢᠨᠾᠧ ᠠᠴᠠ ᠬᠠᠮᠢ ᠬᠦᠷᠬᠦ ᠲᠡᠮᠦᠷ ᠵᠠᠮ ᠪᠣᠯ ᠤᠯᠤᠰ ᠤᠨ ᠭᠤᠣᠯ ᠱᠤᠭᠤᠮ ᠤᠨ ᠲᠡᠮᠦᠷ ᠵᠠᠮ ᠪᠣᠯᠣᠨ᠎ᠠ᠂ ᠯᠢᠨ ᠾᠧ ᠶᠢᠨ ᠲᠡᠭᠡᠭᠡᠪᠦᠷᠢ ᠡᠵᠡᠩᠨᠡᠯᠲᠡ ᠶᠢᠨ ᠬᠠᠮᠢᠶᠠᠷᠤᠯᠲᠠ ᠶᠢᠨ ᠬᠡᠰᠡᠭ ᠲᠤ ᠬᠠᠷᠢᠭᠤᠴᠠᠨ᠎ᠠ︔ ᠡᠵᠡᠨ᠎ᠡ ᠬᠤᠰᠢᠭᠤᠨ ᠤ  ᠰᠠᠶᠢᠬᠠᠨ ᠵᠠᠪᠠᠢ ᠪᠣᠭᠤᠮᠳᠠ ᠠᠴᠠ ᠴᠡᠭᠡ ᠬᠦᠷᠬᠦ ᠲᠡᠮᠦᠷ ᠵᠠᠮ ᠪᠣᠯ ᠲᠤᠰᠬᠠᠢ ᠱᠤᠭᠤᠮ ᠤᠨ ᠲᠦᠷᠦᠯ ᠵᠦᠢᠯ ᠪᠠᠶᠢᠵᠦ᠂ ᠠᠵᠤ ᠠᠬᠤᠶᠢᠯᠠᠯ ᠠᠴᠠ ᠪᠡᠶ᠎ᠡ ᠪᠠᠨ ᠳᠠᠭᠠᠭᠠᠵᠤ ᠪᠠᠶᠢᠭᠤᠯᠬᠤ᠂ ᠲᠡᠵᠢᠭᠡᠬᠦ᠂ ᠬᠠᠮᠢᠶᠠᠷᠬᠤ᠂ ᠵᠥᠭᠡᠭᠡᠪᠦᠷᠢᠯᠡᠬᠦ ᠠᠵᠢᠯ ᠢ ᠬᠠᠷᠢᠭᠤᠴᠠᠨ᠎ᠠ᠃︶    ︵2︶ ᠲᠡᠮᠦᠷ ᠵᠠᠮ ᠳᠠᠭᠠᠤ ︵ᠤᠯᠠᠭᠠᠨ ᠱᠤᠭᠤᠮ  ᠎ ᠠᠴᠠ ᠭᠠᠳᠠᠨ᠎ᠠ︶᠎ ᠶᠢᠨ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠤᠯᠤᠰ ᠤᠨ ᠲᠡᠮᠦᠷ ᠵᠠᠮ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠡᠯᠡ ᠨᠡᠶᠢᠯᠡᠭᠦᠯᠦᠭᠰᠡᠨ ᠲᠡᠮᠦᠷ ᠵᠠᠮ ᠢ ᠪᠣᠳᠠᠲᠠᠢ ᠬᠠᠮᠢᠶᠠᠷᠬᠤ  ᠎ ᠠᠴᠠ ᠪᠤᠰᠤᠳ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠠᠶᠢᠮᠠᠭ ᠤᠨ ᠱᠠᠲᠤ ︵ᠵᠠᠮ ᠬᠠᠮᠠᠭᠠᠯᠠᠬᠤ ᠠᠯᠪᠠᠨ ᠭᠡᠷ︶  ᠎ ᠠᠴᠠ ᠵᠣᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃    ᠳᠡᠭᠡᠷ᠎ᠡ ᠳᠤᠷᠠᠳᠤᠭᠰᠠᠨ ᠲᠡᠮᠦᠷ ᠵᠠᠮ ᠤᠨ ᠬᠦᠷᠢᠶᠡᠨ ᠳᠠᠬᠢ ᠵᠦᠢᠯᠡᠰ ᠲᠤ ᠠᠶᠢᠮᠠᠭ ᠤᠨ ᠱᠠᠲᠤᠨ  ᠎ ᠠᠴᠠ ᠵᠣᠬᠢᠬᠤ ᠵᠠᠷᠤᠯᠭ᠎ᠠ ᠭᠠᠷᠭᠠᠵᠤ ᠬᠠᠷᠢᠭᠤᠴᠠᠯᠭ᠎ᠠ ᠡᠭᠦᠷᠭᠡᠯᠡᠨ᠎ᠡ᠃    3. ᠠᠷᠠᠳ ᠤᠨ ᠠᠭᠠᠷ ᠤᠨ ᠲᠡᠭᠡᠭᠡᠪᠦᠷᠢ    ︵1︶ ᠪᠥᠬᠦ ᠠᠶᠢᠮᠠᠭ ᠤᠨ ᠠᠷᠠᠳ ᠤᠨ ᠠᠭᠠᠷ ᠤᠨ ᠲᠡᠭᠡᠭᠡᠪᠦᠷᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠬᠠᠮᠢᠶ᠎ᠠ ᠪᠦᠬᠦᠢ ᠬᠢᠨᠠᠨ ᠵᠥᠪᠰᠢᠶᠡᠷᠡᠬᠦ ᠠᠵᠢᠯ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃    ︵2︶ ᠪᠥᠬᠦ ᠣᠷᠣᠨ ᠤ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯ ᠪᠣᠯᠣᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ᠂ ᠪᠥᠬᠦ ᠠᠶᠢᠮᠠᠭ ᠤᠨ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠲᠣᠭᠲᠠᠭᠠᠨ᠎ᠠ᠃    ︵3︶ ᠪᠥᠬᠦ ᠠᠶᠢᠮᠠᠭ ᠤᠨ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠠᠶᠢᠷᠢᠰᠢᠭᠤᠯᠤᠯᠲᠠ ᠪᠠ ᠲᠥᠯᠦᠪᠵᠢᠭᠦᠯᠭᠡ ᠶᠢ ᠲᠣᠭᠲᠠᠭᠠᠨ᠎ᠠ᠃    ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶ᠎ᠡ ᠶᠢᠨ ᠵᠦᠢᠯᠡᠰ ᠲᠤ ᠲᠥᠪ ᠪᠠ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ  ᠎ ᠠᠴᠠ ᠪᠤᠰᠤᠳ ᠵᠣᠬᠢᠬᠤ ᠵᠠᠷᠤᠯᠭ᠎ᠠ ᠶᠢ ᠠᠶᠢᠮᠠᠭ ᠤᠨ ᠱᠠᠳᠣ ᠠᠴᠠ ᠬᠠᠷᠠᠭᠠᠯᠵᠠᠭᠰᠠᠨ ᠵᠦᠢᠯ ᠶᠣᠰᠣᠭᠠᠷ ᠡᠭᠦᠷᠭᠡᠯᠡᠨ᠎ᠡ᠃    4. ᠰᠢᠤᠳᠠᠨ    ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ᠠᠶᠢᠮᠠᠭ ᠤᠨ ᠱᠠᠲᠤᠨ ᠠᠴᠠ ᠰᠢᠤᠳᠠᠨ ᠟ ᠤ ᠦᠢᠯᠡᠰ ᠤᠨ ᠠᠶᠤᠯ ᠦᠭᠡᠢ ᠶᠢᠨ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠰᠢᠰᠲ᠋ᠧᠮ ᠢ ᠡᠭᠦᠷᠭᠡᠯᠡᠵᠦ᠂ ᠢᠯᠡᠭᠡᠬᠦ ᠶᠢᠨ ᠠᠶᠤᠯ ᠦᠭᠡᠢ ᠶᠢ ᠪᠠᠲᠤᠯᠠᠬᠤ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠪᠣᠳᠠᠲᠠᠢ ᠵᠦᠢᠯ ᠢ ᠬᠡᠷᠡᠭᠵᠢᠭᠦᠯᠵᠦ᠂ ᠠᠶᠢᠮᠠᠭ ᠤᠨ ᠰᠢᠤᠳᠠᠨ ᠤ ᠦᠢᠯᠡᠰ ᠤᠨ ᠠᠶᠤᠯ ᠦᠭᠡᠢ ᠶᠢᠨ ᠲᠥᠪ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    ︵2︶ ᠰᠢᠤᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ᠠᠶᠢᠮᠠᠭ ᠤᠨ ᠱᠠᠲᠤᠨ ᠤ ᠬᠢᠨ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠲᠦᠭᠡᠮᠡᠯ ᠦᠢᠯᠡᠴᠢᠯᠡᠭᠡ᠂ ᠣᠨᠴᠣᠭᠤᠢ ᠦᠢᠯᠡᠴᠢᠯᠡᠭᠡ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃    ᠳᠡᠭᠡᠷ᠎ᠡ ᠳᠤᠷᠠᠳᠤᠭᠰᠠᠨ ᠵᠦᠢᠯᠡᠰ ᠢ ᠠᠶᠢᠮᠠᠭ ᠤᠨ ᠱᠠᠲᠤᠨ  ᠎ ᠠᠴᠠ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ ᠪᠣᠳᠠᠲᠠᠢ ᠵᠦᠢᠯᠡᠰ ᠢ ᠬᠡᠷᠡᠭᠵᠢᠭᠦᠯᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    5. ᠶᠡᠷᠦᠩᠬᠡᠶᠢᠯᠡᠭᠰᠡᠨ ᠵᠠᠮ ᠬᠠᠷᠢᠯᠴᠠᠭ᠎ᠠ    ᠠᠶᠢᠮᠠᠭ ᠬᠤᠳᠠ ᠨᠤᠭᠤᠳ ᠡᠩ ᠤᠨ ᠴᠢᠨᠠᠷᠲᠠᠢ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ ᠶᠢᠨ ᠲᠤᠰᠬᠠᠢ ᠵᠦᠢᠯ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ᠠᠶᠢᠮᠠᠭ ᠤᠨ ᠱᠠᠲᠤᠨ  ᠎ ᠠᠴᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ  ᠎ ᠠᠴᠠ ᠭᠠᠳᠠᠨᠠᠬᠢ ᠵᠣᠬᠢᠬᠤ ᠬᠠᠷᠠᠭᠠᠯᠵᠠᠭᠰᠠᠨ ᠵᠦᠢᠯ ᠢ ᠭᠡᠷᠡᠭᠵᠢᠬᠦᠯᠦᠨ᠎ᠡ᠃    ︵ᠬᠤᠶᠠᠷ︶ ᠠᠶᠢᠮᠠᠭ ᠤᠨ ᠱᠠᠲᠤ ᠬᠢᠭᠡᠳ ᠬᠤᠰᠢᠭᠤ ︵ᠣᠷᠣᠨ︶᠎ ᠶᠢᠨ ᠬᠠᠮᠲᠤ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ    1. ᠵᠠᠰᠠᠮᠠᠯ ᠵᠡᠮ    ︵1︶ ᠵᠠᠮ ᠲᠡᠭᠡᠭᠡᠪᠦᠷᠢ ᠶᠢᠨ ᠥᠷᠲᠡᠭᠡ ᠲᠠᠯᠠᠪᠤᠷ᠃ᠠᠶᠢᠮᠠᠭ ᠤᠨ ᠱᠠᠲᠤᠨ ᠠᠴᠠ ᠲᠤᠰᠬᠠᠢ ᠵᠦᠢᠯ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ᠂ ᠵᠣᠬᠢᠶᠠᠨ ᠪᠠᠶᠢᠭᠤᠯᠤᠨ ᠵᠣᠬᠢᠴᠠᠭᠤᠯᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤ ︵ᠣᠷᠣᠨ︶᠎ ᠨᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯ ᠢ ᠬᠡᠷᠡᠭᠵᠢᠭᠦᠯᠬᠦ ᠶᠢ ᠡᠭᠦᠷᠭᠡᠯᠡᠨ᠎ᠡ᠃ᠥᠪᠡᠷᠲᠡᠭᠡᠨ ᠵᠠᠰᠠᠬᠤ ᠣᠷᠣᠨ  ᠎ ᠠᠴᠠ ᠭᠠᠷᠭᠠᠭᠰᠠᠨ ᠪᠡᠯᠡ ᠮᠥᠩᠭᠦ ᠠᠴᠠ ᠪᠤᠰᠤᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    ︵2︶ ᠵᠠᠮ ᠲᠡᠭᠡᠭᠡᠪᠦᠷᠢ ᠶᠢᠨ ᠬᠠᠮᠢᠶᠠᠷᠤᠯᠲᠠ᠃ᠥᠪᠡᠷᠲᠡᠭᠡᠨ ᠵᠠᠰᠠᠬᠤ ᠣᠷᠣᠨ ᠤ ᠲᠤᠰᠬᠠᠢ ᠵᠦᠢᠯ ᠤᠨ ᠲᠥᠯᠦᠪᠵᠢᠭᠦᠯᠭᠡ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ᠂ ᠠᠶᠢᠮᠠᠭ ᠤᠨ ᠱᠠᠲᠤ ᠪᠠ ᠬᠤᠰᠢᠭᠤ ︵ᠣᠷᠣᠨ︶᠎ ᠨᠤᠭᠤᠳ ᠪᠣᠳᠠᠲᠠᠢ ᠵᠦᠢᠯᠡᠰ ᠢ ᠬᠡᠷᠡᠭᠵᠢᠭᠦᠯᠬᠦ ᠶᠢ ᠬᠠᠮᠲᠤᠪᠠᠷ ᠡᠭᠦᠷᠭᠡᠯᠡᠨ᠎ᠡ᠃ᠥᠪᠡᠷᠲᠡᠭᠡᠨ ᠵᠠᠰᠠᠬᠤ ᠣᠷᠣᠨ  ᠎ ᠠᠴᠠ ᠭᠠᠷᠭᠠᠭᠰᠠᠨ ᠪᠡᠯᠡ ᠮᠥᠩᠭᠦ ᠠᠴᠠ ᠪᠤᠰᠤᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    2. ᠤᠰᠤᠨ ᠵᠠᠮ    ︵1︶ ᠪᠤᠰᠤᠳ ᠳᠣᠲᠣᠭᠠᠳᠤ ᠭᠤᠣᠯ ᠮᠥᠷᠡᠨ ᠤ ᠠᠶᠠᠯᠠᠯ ᠤᠨ ᠵᠠᠮ᠃ᠠᠶᠢᠮᠠᠭ ᠤᠨ ᠱᠠᠲᠤᠨ ᠠᠴᠠ ᠲᠤᠰᠬᠠᠢ ᠵᠦᠢᠯ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤ ︵ᠣᠷᠣᠨ︶᠎ ᠨᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯ ᠢ ᠬᠡᠷᠡᠭᠵᠢᠭᠦᠯᠬᠦ ᠶᠢ ᠡᠭᠦᠷᠭᠡᠯᠡᠨ᠎ᠡ᠃ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    ︵2︶ ᠠᠶᠠᠨᠴᠢᠳ ᠤᠨ ᠲᠡᠭᠡᠭᠡᠪᠦᠷᠢ ᠶᠢᠨ ᠭᠠᠷᠠᠮ ᠤᠨ ᠠᠮᠤᠷ ᠲᠦᠪᠰᠢᠨ ᠢ ᠪᠠᠶᠢᠴᠠᠭᠠᠨ ᠰᠢᠯᠭᠠᠬᠤ ᠪᠡᠯᠡᠳᠬᠡᠮᠵᠢ ᠃ᠠᠶᠢᠮᠠᠭ ᠤᠨ ᠱᠠᠲᠤᠨ ᠠᠴᠠ ᠲᠤᠰᠬᠠᠢ ᠵᠦᠢᠯ ᠟ ᠤᠨ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ ᠶᠢᠨ ᠲᠣᠭᠲᠠᠭᠠᠯ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤ ︵ᠣᠷᠣᠨ︶᠎ ᠨᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯ ᠢ ᠬᠡᠷᠡᠭᠵᠢᠭᠦᠯᠬᠦ ᠶᠢ ᠡᠭᠦᠷᠭᠡᠯᠡᠨ᠎ᠡ᠃ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    ︵3︶ ᠤᠰᠤᠨ ᠲᠡᠭᠡᠭᠡᠪᠦᠷᠢ ᠶᠢ ᠪᠣᠬᠢᠷᠳᠤᠯ ᠦᠭᠡᠢ ᠬᠥᠭᠵᠢᠭᠦᠯᠦᠨ᠎ᠡ᠃ᠠᠶᠢᠮᠠᠭ ᠤᠨ ᠱᠠᠲᠤᠨ  ᠎ ᠠᠴᠠ ᠥᠪᠡᠷᠲᠡᠭᠡᠨ ᠵᠠᠰᠠᠬᠤ ᠣᠷᠣᠨ ᠤ ᠲᠥᠯᠦᠪᠵᠢᠭᠦᠯᠭᠡ ᠶᠢ ᠦᠨᠳᠦᠰᠦᠯᠡᠨ ᠵᠣᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠢ ᠬᠡᠷᠡᠭᠵᠢᠭᠦᠯᠬᠦ ᠵᠦᠢᠯᠡᠰ ᠢ ᠬᠤᠰᠢᠭᠤ ︵ᠣᠷᠣᠨ︶  ᠎ ᠠᠴᠠ ᠬᠡᠷᠡᠭᠵᠢᠭᠦᠯᠦᠨ᠎ᠡ᠃ᠲᠥᠪ᠂ ᠥᠪᠡᠷᠲᠡᠭᠡᠨ ᠵᠠᠰᠠᠬᠤ ᠣᠷᠣᠨ  ᠎ ᠠᠴᠠ ᠭᠠᠷᠭᠠᠭᠰᠠᠨ ᠪᠡᠯᠡ ᠮᠥᠩᠭᠦ ᠠᠴᠠ ᠪᠤᠰᠤᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    ︵4︶ ᠠᠶᠢᠮᠠᠭ ᠤᠨ ᠳᠣᠲᠣᠷᠠᠬᠢ ᠠᠶᠠᠯᠠᠯ ᠨᠡᠪᠲᠡᠷᠡᠬᠦ ᠤᠰᠤᠨ ᠣᠷᠣᠨ ᠢ ᠡᠷᠢᠵᠦ ᠠᠪᠤᠷᠠᠨ ᠲᠤᠰᠠᠯᠠᠬᠤ ᠪᠠ ᠣᠩᠭᠤᠴᠠ ᠰᠠᠯ ᠤᠨ ᠪᠣᠬᠢᠷᠳᠤᠯ ᠢ ᠰᠡᠷᠭᠡᠶᠢᠯᠡᠨ ᠵᠠᠰᠠᠬᠤ᠃ᠠᠶᠢᠮᠠᠭ ᠤᠨ ᠱᠠᠲᠤᠨ ᠤ ᠲᠥᠷᠥ ᠶᠢᠨ ᠪᠣᠳᠣᠯᠭ᠎ᠠ ᠶᠢ ᠲᠣᠭᠲᠠᠭᠠᠬᠤ᠂ ᠬᠢᠨᠠᠯᠲᠠ ᠲᠠᠯᠪᠢᠵᠤ ᠦᠨᠡᠯᠡᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠪᠣᠳᠠᠲᠠᠢ ᠬᠡᠷᠡᠭᠵᠢᠭᠦᠯᠬᠦ ᠵᠦᠢᠯᠡᠰ ᠢ ᠬᠤᠰᠢᠭᠤ ︵ᠣᠷᠣᠨ︶  ᠎ ᠠᠴᠠ ᠬᠡᠷᠡᠭᠵᠢᠭᠦᠯᠦᠨ᠎ᠡ᠃ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    3. ᠲᠡᠮᠦᠷ ᠵᠡᠮ    ᠤᠯᠤᠰ ᠤᠨ ᠭᠤᠣᠯ ᠱᠤᠭᠤᠮ ᠤᠨ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠢ ᠬᠡᠷᠡᠭᠯᠡᠭᠡᠨ ᠤ ᠱᠤᠭᠤᠮ᠃ᠠᠶᠢᠮᠠᠭ ᠤᠨ ᠱᠠᠲᠤ ︵ᠵᠠᠮ ᠬᠠᠮᠠᠭᠠᠯᠠᠬᠤ ᠠᠯᠪᠠᠨ ᠭᠡᠷ︶ ᠬᠢᠭᠡᠳ ᠬᠤᠰᠢᠭᠤ ︵ᠣᠷᠣᠨ ᠤ ᠵᠠᠮ ᠬᠠᠮᠠᠭᠠᠯᠠᠬᠤ ᠠᠯᠪᠠᠨ ᠭᠡᠷ︶  ᠎ ᠨᠢ ᠵᠣᠬᠢᠬᠤ ᠡᠭᠦᠷᠭᠡ ᠬᠠᠷᠢᠭᠤᠴᠠᠯᠭ᠎ᠠ  ᠪᠠ ᠵᠠᠷᠤᠯᠭ᠎ᠠ  ᠶᠢᠨ ᠬᠠᠷᠢᠭᠤᠴᠠᠯᠭ᠎ᠠ  ᠶᠢ ᠬᠠᠮᠲᠤᠪᠠᠷ ᠡᠭᠦᠷᠭᠡᠯᠡᠨ᠎ᠡ᠃    4. ᠠᠷᠠᠳ ᠤᠨ ᠠᠭᠠᠷ ᠤᠨ ᠲᠡᠭᠡᠭᠡᠪᠦᠷᠢ    ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ᠂ ᠡᠵᠡᠩᠨᠡᠯᠲᠡ ᠪᠠ ᠣᠯᠠᠨ ᠨᠡᠶᠢᠲᠡ ᠶᠢᠨ ᠠᠭᠠᠷ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠪᠣᠳᠠᠲᠠᠢ ᠵᠦᠢᠯᠡᠰ ᠢ ᠬᠡᠷᠡᠭᠵᠢᠭᠦᠯᠦᠨ᠎ᠡ᠃    ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠪᠦᠲᠦᠭᠡᠨ ᠪᠠᠶᠢᠭᠤᠯᠤᠯᠲᠠ᠂ ᠬᠠᠮᠠᠭᠠᠯᠠᠯᠲᠠ᠂ ᠡᠵᠡᠩᠨᠡᠯᠲᠡ ᠪᠠ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠣᠶᠢᠷ᠎ᠠ ᠵᠠᠮ ᠤᠨ ᠲᠡᠭᠡᠭᠡᠪᠦᠷᠢ ᠶᠢᠨ ᠠᠶᠠᠯᠠᠯ ᠤᠨ ᠱᠤᠭᠤᠮ ᠵᠡᠷᠭᠡ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ ᠲᠥᠷᠥᠯ ᠵᠦᠢᠯ ᠤᠨ ᠪᠣᠳᠠᠲᠠᠢ ᠬᠡᠷᠡᠭᠵᠢᠭᠦᠯᠬᠦ ᠵᠦᠢᠯᠡᠰ ᠢ ᠬᠡᠷᠡᠭᠵᠢᠭᠦᠯᠦᠨ᠎ᠡ᠃    ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶ᠎ᠡ ᠶᠢᠨ ᠵᠦᠢᠯᠡᠰ ᠢ ᠠᠶᠢᠮᠠᠭ ᠤᠨ ᠱᠠᠲᠤ ᠪᠠ ᠬᠤᠰᠢᠭᠤ ︵ᠣᠷᠣᠨ︶  ᠎ ᠠᠴᠠ ᠲᠥᠪ ᠪᠠ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ  ᠎ ᠠᠴᠠ ᠪᠤᠰᠤᠳ ᠵᠠᠷᠤᠯᠭ᠎ᠠ ᠶᠢᠨ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠨ᠎ᠡ᠃    5. ᠶᠡᠷᠦᠩᠬᠡᠶᠢᠯᠡᠭᠰᠡᠨ ᠵᠠᠮ ᠬᠠᠷᠢᠯᠴᠠᠭ᠎ᠠ    ︵1︶ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ᠃ᠥᠪᠡᠷᠲᠡᠭᠡᠨ ᠵᠠᠰᠠᠬᠤ ᠣᠷᠣᠨ ᠤ ᠲᠡᠭᠡᠭᠡᠪᠦᠷᠢ ᠶᠢᠨ ᠪᠦᠲᠦᠴᠡ ᠶᠢᠨ ᠲᠣᠬᠢᠷᠠᠭᠤᠯᠤᠯᠲᠠ ᠶᠢᠨ ᠲᠥᠰᠥᠯ ᠤᠨ ᠶᠣᠰᠣᠭᠠᠷ᠂ ᠠᠶᠢᠮᠠᠭ ᠤᠨ ᠱᠠᠲᠤ ᠪᠠ ᠬᠤᠰᠢᠭᠤ ︵ᠣᠷᠣᠨ︶᠎ ᠨᠢ ᠪᠣᠳᠠᠲᠠᠢ ᠵᠦᠢᠯᠡᠰ ᠢ ᠬᠡᠷᠡᠭᠵᠢᠭᠦᠯᠬᠦ ᠶᠢ ᠬᠠᠮᠲᠤᠪᠠᠷ ᠡᠭᠦᠷᠭᠡᠯᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ  ᠎ ᠠᠴᠠ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃    ︵2︶ ᠡᠩ ᠤᠨ ᠴᠢᠨᠠᠷᠲᠠᠢ ᠶᠡᠷᠦᠩᠬᠡᠶᠢᠯᠡᠭᠰᠡᠨ ᠲᠡᠭᠡᠭᠡᠪᠦᠷᠢ ᠶᠢᠨ ᠵᠠᠩᠭᠢᠯᠠᠭ᠎ᠠ᠃ᠠᠶᠢᠮᠠᠭ ᠤᠨ ᠱᠠᠲᠤ ᠪᠣᠯᠣᠨ ᠬᠤᠰᠢᠭᠤ ︵ᠣᠷᠣᠨ︶᠎ ᠨᠢ ᠪᠦᠲᠦᠭᠡᠨ ᠪᠠᠶᠢᠭᠤᠯᠬᠤ᠂ ᠬᠠᠮᠠᠭᠠᠯᠠᠬᠤ ︵ᠠᠷᠠᠴᠢᠯᠠᠨ ᠬᠠᠮᠠᠭᠠᠯᠠᠬᠤ︶᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯᠡᠰ ᠢ ᠬᠡᠷᠡᠭᠵᠢᠭᠦᠯᠬᠦ ᠶᠢ ᠬᠠᠮᠲᠤᠪᠠᠷ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠬᠤ  ᠎ ᠠᠴᠠ ᠭᠠᠳᠠᠨᠠᠬᠢ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃    ︵3︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ᠃ᠠᠶᠢᠮᠠᠭ ᠤᠨ ᠱᠠᠲᠤ ᠪᠠ ᠬᠤᠰᠢᠭᠤ ︵ᠣᠷᠣᠨ︶᠎ ᠨᠢ ᠤᠯᠤᠰ᠂ ᠥᠪᠡᠷᠲᠡᠭᠡᠨ ᠵᠠᠰᠠᠬᠤ ᠣᠷᠣᠨ ᠤ ᠲᠦᠷᠭᠡᠨ ᠴᠢᠨᠠᠷᠲᠠᠢ ᠵᠠᠮ ᠬᠠᠷᠢᠯᠴᠠᠭ᠎ᠠ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡᠨ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠪᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠮ ᠬᠠᠷᠢᠯᠴᠠᠭᠠᠨ ᠤ ᠳᠠᠶᠢᠴᠢᠯᠠᠯᠲᠠ ᠶᠢᠨ ᠴᠢᠳᠠᠪᠤᠷᠢ ᠶᠢᠨ ᠪᠠᠶᠢᠭᠤᠯᠤᠯᠲᠠ ᠬᠢᠭᠡᠳ ᠬᠠᠮᠢᠶᠠᠷᠤᠯᠲᠠ᠂ ᠤᠯᠤᠰ ᠤᠨ ᠣᠨᠴᠣᠭᠤᠢ ᠭᠤᠣᠯᠳᠠᠯᠭ᠎ᠠ ᠲᠠᠢ ᠡᠳ᠋ ᠪᠠᠷᠠᠭ᠎ᠠ ᠶᠢᠨ ᠲᠡᠭᠡᠭᠡᠪᠦᠷᠢ ᠶᠢᠨ ᠪᠠᠲᠤᠯᠠᠭ᠎ᠠ ᠵᠡᠷᠭᠡ ᠵᠣᠬᠢᠬᠤ ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ ᠠᠴᠠ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃    ︵4︶ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠠᠵᠢᠯ ᠲᠦᠷᠦᠯ ᠤᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ᠃ᠠᠶᠢᠮᠠᠭ ᠤᠨ ᠱᠠᠲᠤ ᠪᠠ ᠬᠤᠰᠢᠭᠤ ︵ᠣᠷᠣᠨ︶᠎ ᠨᠢ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠭᠦᠢᠴᠡᠳᠬᠡᠬᠦ ᠵᠦᠢᠯᠡᠰ ᠤᠨ ᠵᠣᠬᠢᠬᠤ ᠡᠭᠦᠷᠭᠡ ᠬᠠᠷᠢᠭᠤᠴᠠᠯᠭ᠎ᠠ ᠶᠢ ᠬᠠᠮᠲᠤᠪᠠᠷ ᠡᠭᠦᠷᠭᠡᠯᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ  ᠎ ᠠᠴᠠ ᠪᠡᠯᠡ ᠭᠠᠷᠭᠠᠭᠰᠠᠨ  ᠎ ᠠᠴᠠ ᠪᠤᠰᠤᠳ ᠵᠠᠷᠤᠯᠭ᠎ᠠ ᠶᠢ ᠬᠠᠮᠲᠤᠪᠠᠷ ᠡᠭᠦᠷᠭᠡᠯᠡᠨ᠎ᠡ᠃    ︵ᠭᠤᠷᠪᠠ︶ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ    1. ᠵᠠᠰᠠᠮᠠᠯ ᠵᠡᠮ    ︵1︶ ᠡᠩ ᠤᠨ ᠤᠯᠤᠰ ᠤᠨ ᠵᠠᠮ᠂ ᠮᠤᠵᠢ ᠶᠢᠨ ᠵᠠᠮ᠂ ᠣᠷᠣᠨ ᠨᠤᠲᠤᠭ ᠤᠨ ᠲᠦᠷᠭᠡᠨ ᠳᠠᠪᠬᠢᠬᠤ ᠵᠠᠰᠠᠮᠠᠯ ᠵᠠᠮ᠃ᠬᠤᠰᠢᠭᠤ ︵ᠣᠷᠣᠨ︶᠎ ᠨᠢ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠬᠠᠷᠢᠭᠤᠴᠠᠬᠤ ᠬᠡᠰᠡᠭ ᠠᠴᠠ ᠭᠠᠳᠠᠨᠠᠬᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠪᠣᠳᠠᠲᠠᠢ ᠵᠦᠢᠯᠡᠰ ᠢ ᠡᠭᠦᠷᠭᠡᠯᠡᠵᠦ᠂ ᠲᠥᠪ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠤᠨ ᠱᠠᠲᠤᠨ ᠤ ᠪᠡᠯᠡ ᠣᠷᠣᠭᠤᠯᠤᠯᠲᠠ  ᠎ ᠠᠴᠠ ᠭᠠᠳᠠᠨᠠᠬᠢ ᠪᠤᠰᠤᠳ ᠵᠠᠷᠤᠯᠭ᠎ᠠ ᠶᠢ ᠡᠭᠦᠷᠭᠡᠯᠡᠨ᠎ᠡ᠃    ︵2︶ ᠬᠥᠳᠡᠭᠡ ᠲᠣᠰᠬᠤᠨ ᠤ ᠵᠠᠰᠠᠮᠠᠯ ᠵᠠᠮ᠃ᠬᠤᠰᠢᠭᠤ ︵ᠣᠷᠣᠨ︶᠎ ᠨᠢ ᠬᠥᠳᠡᠭᠡ ᠲᠣᠰᠬᠤᠨ ᠤ ᠵᠠᠰᠠᠮᠠᠯ ᠵᠠᠮ ᠤᠨ ᠲᠤᠰᠬᠠᠢ ᠵᠦᠢᠯ ᠤᠨ ᠲᠥᠯᠦᠪᠵᠢᠭᠦᠯᠭᠡ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠠᠷᠠᠴᠢᠯᠠᠯᠲᠠ᠂ ᠬᠠᠮᠢᠶᠠᠷᠤᠯᠲᠠ᠂ ᠡᠵᠡᠩᠨᠡᠯᠲᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠵᠡᠷᠭᠡ ᠪᠣᠳᠠᠲᠠᠢ ᠵᠦᠢᠯᠡᠰ ᠢ ᠬᠡᠷᠡᠭᠵᠢᠭᠦᠯᠬᠦ ᠶᠢ ᠡᠭᠦᠷᠭᠡᠯᠡᠨ᠎ᠡ᠃ᠲᠥᠪ᠂ ᠥᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠤᠨ ᠱᠠᠲᠤᠨ ᠤ ᠪᠡᠯᠡ ᠣᠷᠣᠭᠤᠯᠤᠯᠲᠠ  ᠎ ᠠᠴᠠ ᠭᠠᠳᠠᠨᠠᠬᠢ ᠪᠤᠰᠤᠳ ᠵᠠᠷᠤᠯᠭ᠎ᠠ ᠶᠢ ᠡᠭᠦᠷᠭᠡᠯᠡᠨ᠎ᠡ᠃    2. ᠤᠰᠤᠨ ᠵᠠᠮ    ︵1︶ ᠬᠥᠳᠡᠭᠡ ᠲᠣᠰᠬᠤᠨ ᠤ ᠤᠰᠤᠨ ᠳᠡᠭᠡᠷᠡᠬᠢ ᠠᠶᠠᠨᠴᠢᠳ ᠤᠨ ᠭᠠᠲᠤᠯᠭ᠎ᠠ ᠶᠢᠨ ᠲᠡᠭᠡᠭᠡᠪᠦᠷᠢ ᠶᠢᠨ ᠬᠠᠮᠢᠶᠠᠷᠤᠯᠲᠠ᠃ᠬᠤᠰᠢᠭᠤ ︵ᠣᠷᠣᠨ︶  ᠎ ᠨᠢ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠵᠦᠢᠯᠡᠰ ᠎ ᠢ ᠬᠡᠷᠡᠭᠵᠢᠭᠦᠯᠬᠦ ᠎ ᠶᠢ ᠡᠭᠦᠷᠭᠡᠯᠡᠨ᠎ᠡ᠃ᠬᠤᠰᠢᠭᠤ ︵ᠣᠷᠣᠨ︶  ᠎ ᠨᠢ ᠵᠠᠷᠤᠯᠭ᠎ᠠ  ᠎ ᠶᠢᠨ ᠬᠠᠷᠢᠭᠤᠴᠠᠯᠭ᠎ᠠ ᠎ ᠶᠢ ᠡᠭᠦᠷᠭᠡᠯᠡᠨ᠎ᠡ᠃    ︵2︶ ᠬᠤᠰᠢᠭᠤ ︵ᠣᠷᠣᠨ︶᠎ ᠨᠢ ᠠᠶᠠᠯᠠᠯ ᠨᠡᠪᠲᠡᠷᠡᠬᠦ ᠤᠰᠤᠨ ᠣᠷᠣᠨ ᠤ ᠤᠰᠤᠨ ᠳᠡᠭᠡᠷᠡᠬᠢ ᠵᠠᠮ ᠬᠠᠷᠢᠯᠴᠠᠭᠠᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠬᠠᠮᠢᠶᠠᠷᠤᠨ᠎ᠠ᠃ᠬᠤᠰᠢᠭᠤ ︵ᠣᠷᠣᠨ︶᠎ ᠨᠢ ᠪᠣᠳᠠᠲᠠᠢ ᠵᠦᠢᠯᠡᠰ ᠢ ᠬᠡᠷᠡᠭᠵᠢᠭᠦᠯᠬᠦ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    3. ᠲᠡᠮᠦᠷ ᠵᠡᠮ    ︵1︶ ᠤᠯᠤᠰ ᠤᠨ ᠭᠤᠣᠯ ᠱᠤᠭᠤᠮ ᠤᠨ ᠲᠡᠮᠦᠷ ᠵᠠᠮ᠂ ᠰᠠᠯᠪᠤᠷᠢ ᠱᠤᠭᠤᠮ ᠤᠨ ᠲᠡᠮᠦᠷ ᠵᠠᠮ᠂ ᠲᠡᠮᠦᠷ ᠵᠠᠮ ᠤᠨ ᠲᠤᠰᠬᠠᠢ ᠬᠡᠷᠡᠭᠯᠡᠬᠦ ᠱᠤᠭᠤᠮ ᠤᠨ ᠲᠥᠷᠥᠯ ᠵᠦᠢᠯ᠂ ᠡᠭᠦᠨ ᠳᠤ ᠪᠦᠲᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠬᠠᠮᠢᠶᠠᠷᠬᠤ᠂ ᠡᠵᠡᠩᠨᠡᠬᠦ ᠵᠡᠷᠭᠡ ᠪᠣᠳᠠᠲᠠᠢ ᠬᠡᠷᠡᠭᠵᠢᠭᠦᠯᠬᠦ ᠵᠦᠢᠯᠡᠰ ᠢ ᠥᠮᠴᠢᠲᠡᠨ ᠨᠢᠭᠡᠴᠡ ᠠᠴᠠ ᠡᠵᠡᠨ ᠮᠡᠳᠡᠵᠦ ᠬᠡᠷᠡᠭᠵᠢᠭᠦᠯᠬᠦ ᠪᠤᠶᠤ ᠲᠡᠮᠦᠷ ᠵᠠᠮ ᠤᠨ ᠡᠵᠡᠩᠨᠡᠯᠲᠡ ᠶᠢᠨ ᠬᠢᠷᠢ ᠬᠡᠮ ᠲᠠᠢ ᠠᠵᠤ ᠠᠬᠤᠶᠢᠯᠠᠯ ᠳᠤ ᠨᠠᠶᠢᠳᠠᠵᠤ ᠬᠡᠷᠡᠭᠵᠢᠭᠦᠯᠦᠨ᠎ᠡ᠃︵ᠯᠢᠨᠾᠧ ᠠᠴᠠ ᠬᠠᠮᠢ ᠬᠦᠷᠬᠦ ᠲᠡᠮᠦᠷ ᠵᠠᠮ ᠢᠶᠠᠷ ᠭᠤᠣᠯ ᠱᠤᠭᠤᠮ ᠤᠨ ᠲᠡᠮᠦᠷ ᠵᠠᠮ ᠪᠣᠯᠭᠠᠵᠤ᠂ ᠯᠢᠨ ᠾᠧ ᠶᠢᠨ ᠲᠡᠭᠡᠭᠡᠪᠦᠷᠢ ᠡᠵᠡᠩᠨᠡᠯᠲᠡ ᠶᠢᠨ ᠬᠠᠮᠢᠶᠠᠷᠤᠯᠲᠠ ᠶᠢᠨ ᠬᠡᠰᠡᠭ ᠲᠤ ᠬᠠᠷᠢᠭᠤᠴᠠᠨ᠎ᠠ︔ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠮᠦᠷ ᠵᠠᠮ ᠪᠣᠯ ᠲᠤᠰᠬᠠᠢ ᠬᠡᠷᠡᠭᠯᠡᠭᠡᠨ ᠤ ᠱᠤᠭᠤᠮ ᠤᠨ ᠲᠥᠷᠥᠯ ᠵᠦᠢᠯ ᠮᠥᠨ᠂ ᠠᠵᠤ ᠠᠬᠤᠶᠢᠯᠠᠯ ᠥᠪᠡᠷ ᠢᠶᠠᠨ ᠡᠵᠡᠨ ᠮᠡᠳᠡᠵᠦ ᠪᠠᠶᠢᠭᠤᠯᠬᠤ᠂ ᠬᠠᠮᠢᠶᠠᠷᠬᠤ᠂ ᠲᠡᠵᠢᠭᠡᠬᠦ᠂ ᠲᠡᠭᠡᠭᠡᠪᠦᠷᠢᠯᠡᠬᠦ ᠶᠢ ᠬᠠᠷᠢᠭᠤᠴᠠᠨ᠎ᠠ︶    ︵2︶ ᠲᠡᠮᠦᠷ ᠵᠠᠮ ᠳᠠᠭᠠᠤ ︵ᠤᠯᠠᠭᠠᠨ ᠱᠤᠭᠤᠮ  ᠎ ᠠᠴᠠ ᠭᠠᠳᠠᠨ᠎ᠠ︶᠎ ᠶᠢᠨ ᠣᠷᠴᠢᠨ ᠲᠣᠭᠤᠷᠢᠨ ᠤ ᠪᠣᠬᠢᠷᠳᠤᠯ ᠢ ᠵᠠᠰᠠᠬᠤ ᠪᠠ ᠲᠡᠮᠦᠷ ᠵᠠᠮ ᠳᠠᠭᠠᠤ ᠶᠢᠨ ᠠᠮᠤᠷ ᠲᠦᠪᠰᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ᠂ ᠤᠯᠤᠰ ᠤᠨ ᠲᠡᠮᠦᠷ ᠵᠠᠮ ᠤᠨ ᠬᠢᠨᠠᠨ ᠬᠠᠮᠢᠶᠠᠷᠬᠤ ᠰᠠᠯᠠᠭ᠎ᠠ ᠮᠥᠴᠢᠷ᠂ ᠤᠯᠤᠰ ᠤᠨ ᠲᠡᠮᠦᠷ ᠵᠠᠮ ᠤᠨ ᠲᠡᠭᠡᠭᠡᠪᠦᠷᠢ ᠶᠢᠨ ᠠᠵᠤ ᠠᠬᠤᠶᠢᠯᠠᠯ ᠤᠨ ᠪᠡᠯᠡ ᠨᠡᠶᠢᠯᠡᠭᠦᠯᠦᠭᠰᠡᠨ ᠲᠡᠮᠦᠷ ᠵᠠᠮ ᠢ ᠪᠣᠳᠠᠲᠠᠢ ᠬᠠᠮᠢᠶᠠᠷᠬᠤ  ᠎ ᠠᠴᠠ ᠪᠤᠰᠤᠳ ᠲᠡᠮᠦᠷ ᠵᠠᠮ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ ᠬᠤᠰᠢᠭᠤᠨ ᠱᠠᠲᠤ ︵ᠵᠠᠮ ᠬᠠᠮᠠᠭᠠᠯᠠᠬᠤ ᠠᠯᠪᠠᠨ ᠭᠡᠷ︶᠎ ᠠᠴᠠ ᠵᠣᠬᠢᠬᠤ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃    4. ᠠᠷᠠᠳ ᠤᠨ ᠠᠭᠠᠷ ᠤᠨ ᠲᠡᠭᠡᠭᠡᠪᠦᠷᠢ    ︵1︶ ᠲᠡᠭᠡᠭᠡᠪᠦᠷᠢ ᠶᠢᠨ ᠨᠢᠰᠬᠡᠯ ᠤᠨ ᠪᠠᠭᠤᠳᠠᠯ ᠤᠨ ᠰᠠᠭᠤᠷᠢ ᠪᠡᠯᠡᠳᠬᠡᠮᠵᠢ ᠶᠢᠨ ᠬᠠᠮᠠᠭᠠᠯᠠᠯᠲᠠ᠂ ᠡᠵᠡᠩᠨᠡᠯᠲᠡ᠂ ᠬᠠᠮᠢᠶᠠᠷᠤᠯᠲᠠ ᠶᠢᠨ ᠵᠦᠢᠯᠡᠰ ᠢ ᠬᠡᠷᠡᠭᠵᠢᠭᠦᠯᠦᠨ᠎ᠡ᠃    ︵2︶ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠰᠠᠭᠤᠷᠢ ᠪᠡᠯᠡᠳᠬᠡᠮᠵᠢ ᠶᠢ ᠬᠠᠮᠠᠭᠠᠯᠠᠬᠤ᠂ ᠡᠵᠡᠩᠨᠡᠬᠦ ᠂ ᠬᠠᠮᠢᠶᠠᠷᠬᠤ ᠪᠠ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠠᠵᠢᠯᠯᠠᠭᠠᠨ ᠤ ᠲᠥᠷᠥᠯ ᠵᠦᠢᠯ ᠤᠨ ᠪᠣᠳᠠᠲᠠᠢ ᠵᠦᠢᠯᠡᠰ ᠢ ᠬᠡᠷᠡᠭᠵᠢᠭᠦᠯᠦᠨ᠎ᠡ᠃    ᠳᠡᠭᠡᠷ᠎ᠡ ᠳᠤᠷᠠᠳᠤᠭᠰᠠᠨ ᠠᠷᠠᠳ ᠤᠨ ᠠᠭᠠᠷ ᠤᠨ ᠲᠡᠭᠡᠭᠡᠪᠦᠷᠢ ᠶᠢᠨ ᠬᠦᠷᠢᠶ᠎ᠡ ᠶᠢᠨ ᠵᠦᠢᠯᠡᠰ ᠲᠤ ᠬᠤᠰᠢᠭᠤ ︵ᠣᠷᠣᠨ︶᠎ ᠨᠢ ᠵᠣᠬᠢᠬᠤ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    5. ᠰᠢᠤᠳᠠᠨ    ︵1︶ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠃ᠬᠤᠰᠢᠭᠤ ︵ᠣᠷᠣᠨ︶᠎ ᠨᠢ ᠠᠶᠢᠮᠠᠭ ᠤᠨ ᠱᠠᠲᠤᠨ ᠤ ᠬᠠᠷᠢᠭᠤᠴᠠᠬᠤ ᠬᠡᠰᠡᠭ ᠠᠴᠠ ᠭᠠᠳᠠᠨᠠᠬᠢ ᠰᠢᠤᠳᠠᠨ ᠤ ᠦᠢᠯᠡᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠲᠤᠯᠭᠠᠭᠤᠷᠢᠯᠠᠬᠤ ᠰᠢᠰᠲ᠋ᠧᠮᠵᠢ ᠶᠢ ᠡᠭᠦᠷᠭᠡᠯᠡᠵᠦ᠂ ᠢᠯᠡᠭᠡᠬᠦ ᠶᠢᠨ ᠠᠮᠤᠷ ᠲᠦᠪᠰᠢᠨ ᠪᠠ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠵᠡᠷᠭᠡ ᠪᠣᠳᠠᠲᠠᠢ ᠵᠦᠢᠯᠡᠰ ᠢ ᠬᠡᠷᠡᠭᠵᠢᠭᠦᠯᠬᠦ ᠶᠢ ᠪᠠᠲᠤᠯᠠᠵᠤ᠂ ᠬᠤᠰᠢᠭᠤ ︵ᠣᠷᠣᠨ︶᠎ ᠶᠢᠨ ᠰᠢᠤᠳᠠᠨ ᠤ ᠦᠢᠯᠡᠰ ᠤᠨ ᠠᠮᠤᠷ ᠲᠦᠪᠰᠢᠨ ᠤ ᠲᠥᠪ ᠤᠨ ᠵᠠᠷᠤᠯᠭ᠎ᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃    ︵2︶ ᠰᠢᠤᠳᠠᠨ ᠤ ᠤᠯᠠᠨ ᠨᠡᠶᠢᠲᠡ ᠶᠢᠨ ᠪᠤᠰᠤᠳ ᠦᠢᠯᠡᠴᠢᠯᠡᠭᠡ᠃ᠬᠤᠰᠢᠭᠤ ︵ᠣᠷᠣᠨ︶᠎ ᠨᠢ ᠠᠶᠢᠮᠠᠭ ᠤᠨ ᠱᠠᠲᠤᠨ ᠤ ᠬᠠᠷᠢᠭᠤᠴᠠᠬᠤ ᠬᠡᠰᠡᠭ ᠠᠴᠠ ᠭᠠᠳᠠᠨᠠᠬᠢ ᠮᠠᠯᠵᠢᠬᠤ ᠲᠠᠷᠢᠶᠠᠯᠠᠬᠤ ᠣᠷᠣᠨ ᠤ ᠰᠢᠤᠳᠠᠨ ᠤ ᠲᠦᠭᠡᠮᠡᠯ ᠦᠢᠯᠡᠴᠢᠯᠡᠭᠡᠨ᠂ ᠣᠨᠴᠣᠭᠤᠢ ᠦᠢᠯᠡᠴᠢᠯᠡᠭᠡᠨ᠂ ︽ᠲᠦᠷᠭᠡᠨ ᠬᠦᠷᠭᠡᠯᠲᠡ ᠶᠢ ᠲᠣᠰᠬᠤᠨ ᠳᠤ ᠣᠷᠣᠭᠤᠯᠬᠤ︾᠂ ᠰᠢᠤᠳᠠᠨ ᠤ ᠦᠢᠯᠡᠰ ᠤᠨ ᠣᠷᠴᠢᠨ ᠲᠣᠭᠤᠷᠢᠨ ᠎ ᠤ ᠪᠣᠬᠢᠷᠳᠤᠯ ᠎ ᠢ ᠵᠠᠰᠠᠬᠤ ᠵᠡᠷᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠎ᠡ᠃ᠳᠡᠭᠡᠷ᠎ᠡ ᠳᠤᠷᠠᠳᠤᠭᠰᠠᠨ ᠵᠦᠢᠯᠡᠰ ᠎ ᠢ ᠬᠤᠰᠢᠭᠤ ︵ᠣᠷᠣᠨ︶  ᠎ ᠠᠴᠠ ᠪᠦᠲᠦᠭᠡᠨ ᠪᠠᠶᠢᠭᠤᠯᠬᠤ᠂ ᠬᠠᠮᠠᠭᠠᠯᠠᠬᠤ᠂ ᠡᠵᠡᠩᠨᠡᠬᠦ ᠵᠡᠷᠭᠡ ᠪᠣᠳᠠᠲᠠᠢ ᠵᠦᠢᠯᠡᠰ ᠎ ᠢ ᠡᠭᠦᠷᠭᠡᠯᠡᠵᠦ᠂ ᠬᠤᠰᠢᠭᠤ ︵ᠣᠷᠣᠨ︶  ᠎ ᠠᠴᠠ ᠵᠠᠷᠤᠯᠭ᠎ᠠ ᠎ ᠶᠢᠨ ᠬᠠᠷᠢᠭᠤᠴᠠᠯᠭ᠎ᠠ  ᠶᠢ ᠡᠭᠦᠷᠭᠡᠯᠡᠨ᠎ᠡ᠃    ︵ᠳᠥᠷᠪᠡ︶ ᠪᠤᠰᠤᠳ ᠠᠵᠢᠯ ᠶᠠᠪᠤᠳᠠᠯ ᠤᠨ ᠡᠷᠬᠡ    ᠵᠠᠰᠠᠮᠠᠯ ᠵᠠᠮ᠂ ᠤᠰᠤᠨ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ᠂ ᠰᠢᠤᠳᠠᠨ᠂ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠷᠢᠶᠡᠨ ᠳᠠᠬᠢ ᠠᠶᠢᠮᠠᠭ ᠤᠨ ᠳᠡᠰ ᠤᠨ ᠪᠠ ᠬᠤᠰᠢᠭᠤ ︵ᠣᠷᠣᠨ︶᠎ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ᠂ ᠡᠭᠦᠨ ᠳᠤ ᠭᠤᠣᠯᠳᠠᠭᠤ ᠬᠤᠯᠪᠣᠭᠳᠠᠯ ᠪᠦᠬᠦᠢ ᠬᠦᠷᠢᠶᠡᠨ ᠳᠠᠬᠢ ᠠᠵᠢᠯ ᠲᠥᠷᠥᠯ ᠤᠨ ᠬᠠᠮᠢᠶᠠᠷᠤᠯᠲᠠ ᠪᠠ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠥᠷᠨᠢᠭᠦᠯᠦᠭᠰᠡᠨ ᠪᠥᠬᠦ ᠲᠠᠯ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠪᠠ ᠪᠠᠷᠠᠭᠠᠯᠬᠢᠯᠠᠯ ᠤᠨ ᠴᠢᠨᠠᠷᠲᠠᠢ ᠴᠢᠬᠤᠯᠠ ᠶᠡᠭᠡ ᠠᠰᠠᠭᠤᠳᠠᠯ ᠤᠨ ᠰᠤᠳᠤᠯᠭᠠᠨ᠂ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠣᠯᠠᠷᠢᠭᠤᠯᠬᠤ ᠵᠢᠴᠢ ᠴᠢᠬᠤᠯᠠ ᠶᠡᠭᠡ ᠲᠤᠰᠬᠠᠢ ᠵᠦᠢᠯ ᠤᠨ ᠠᠵᠢᠯ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠥᠭᠵᠢᠯᠲᠡ ᠶᠢᠨ ᠪᠠᠶᠢᠯᠳᠤᠬᠤ ᠪᠣᠳᠣᠯᠭ᠎ᠠ᠂ ᠲᠥᠯᠦᠪᠵᠢᠭᠦᠯᠭᠡ᠂ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠣᠭᠲᠠᠭᠠᠬᠤ︔ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠪᠠᠷᠢᠯᠭ᠎ᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ︔ᠠᠵᠢᠯ ᠲᠥᠷᠥᠯ ᠤᠨ ᠪᠦᠷᠢᠳᠬᠡᠯ ᠪᠠ ᠠᠵᠢᠯᠯᠠᠭᠠᠨ ᠤ ᠬᠢᠨᠠᠨ ᠬᠡᠮᠵᠢᠯᠲᠡ᠃ᠲᠦᠷᠭᠡᠨ ᠴᠢᠨᠠᠷᠲᠠᠢ ᠵᠠᠮ ᠬᠠᠷᠢᠯᠴᠠᠭᠠᠨ ᠤ ᠲᠡᠭᠡᠭᠡᠪᠦᠷᠢ ᠶᠢᠨ ᠣᠯᠠᠨ ᠨᠡᠶᠢᠲᠡ ᠶᠢᠨ ᠦᠢᠯᠡᠴᠢᠯᠡᠭᠡ ᠵᠡᠷᠭᠡ ᠵᠦᠢᠯᠡᠰ ᠢ ᠪᠠᠭᠲᠠᠭᠠᠨ᠎ᠠ᠃ᠠᠶᠢᠮᠠᠭ ᠤᠨ ᠱᠠᠲᠤᠨ ᠤ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠪᠠᠶᠢᠭᠤᠯᠤᠯᠲᠠ ᠳᠤ ᠠᠶᠢᠮᠠᠭ ᠤᠨ ᠱᠠᠲᠤᠨ  ᠎ ᠠᠴᠠ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠎ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠤᠰᠢᠭᠤ ︵ᠣᠷᠣᠨ︶᠎ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠎ ᠶᠢᠨ ᠪᠠᠶᠢᠭᠤᠯᠤᠯᠲᠠ  ᠳᠤ ᠬᠤᠰᠢᠭᠤ ︵ᠣᠷᠣᠨ︶  ᠎ ᠠᠴᠠ ᠡᠳ᠋  ᠤᠨ ᠵᠠᠰᠠᠭ ᠎ ᠤᠨ ᠠᠵᠢᠯ ᠶᠠᠪᠤᠳᠠᠯ ᠎ ᠤᠨ ᠡᠷᠬᠡ  ᠪᠠ ᠵᠠᠷᠤᠯᠭ᠎ᠠ ᠎ ᠶᠢᠨ ᠬᠠᠷᠢᠭᠤᠴᠠᠯᠭ᠎ᠠ  ᠶᠢ ᠡᠭᠦᠷᠭᠡᠯᠡᠨ᠎ᠡ᠃     ᠭᠤᠷᠪᠠ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ     ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠥᠭᠡᠷᠡᠴᠢᠯᠡᠯᠲᠡ ᠶᠢᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠨ᠎ᠠ᠃ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠤᠬᠠᠮᠰᠠᠷ︾᠎ ᠢᠶᠠᠨ ᠤᠯᠠᠮ ᠨᠢᠭᠡ ᠠᠯᠬᠤᠮ ᠴᠢᠩᠭᠠᠳᠬᠠᠨ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ ᠂ ︽ᠬᠤᠶᠠᠷ ᠢ ᠲᠣᠭᠲᠠᠭᠠᠬᠤ︾᠎ ᠶᠢ ᠬᠠᠮᠠᠭᠠᠯᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠵᠣᠬᠢᠶᠠᠨ ᠪᠠᠶᠢᠭᠤᠯᠵᠤ ᠤᠳᠤᠷᠢᠳᠬᠤ ᠪᠠ ᠵᠣᠬᠢᠴᠠᠭᠤᠯᠤᠨ ᠬᠠᠮᠵᠢᠯᠴᠠᠬᠤ ᠪᠠᠨ ᠦᠨᠡᠨᠬᠦ ᠴᠢᠩᠭᠠᠳᠬᠠᠵᠤ᠂ ᠲᠣᠰ ᠲᠥᠰᠥᠯ ᠳᠤ ᠲᠣᠳᠣᠷᠬᠠᠶᠢᠯᠠᠭᠰᠠᠨ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠪᠠ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠬᠤ ᠬᠡᠷᠡᠭᠲᠡᠢ᠃     ︵ᠬᠤᠶᠠᠷ︶ ᠵᠠᠷᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠣᠷᠣᠭᠤᠯᠤᠯᠲᠠ ᠶᠢᠨ ᠪᠠᠲᠤᠯᠠᠭ᠎ᠠ ᠶᠢ ᠴᠢᠩᠭᠠᠷᠠᠭᠤᠯᠤᠨ᠎ᠠ᠃ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠨᠦᠭᠦᠳ ᠲᠣᠰ ᠲᠥᠰᠥᠯ ᠢ ᠦᠨᠳᠦᠰᠦᠯᠡᠨ᠂ ᠲᠣᠭᠲᠠᠭᠠᠯ ᠶᠣᠰᠣᠭᠠᠷ ᠲᠥᠰᠥᠪ ᠤᠨ ᠲᠣᠬᠢᠷᠠᠭᠤᠯᠤᠯᠲᠠ ᠪᠠ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠰᠠᠶᠢᠲᠤᠷ ᠬᠢᠵᠦ᠂ ᠵᠠᠷᠤᠯᠭ᠎ᠠ ᠶᠢᠨ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ᠡᠯ᠎ᠡ ᠬᠤᠰᠢᠭᠤ ︵ᠣᠷᠣᠨ︶᠎ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠳᠤ ᠬᠠᠷᠢᠶᠠᠯᠠᠭᠳᠠᠪᠠᠯ᠂ ᠵᠠᠷᠴᠢᠮ ᠳᠡᠭᠡᠷ᠎ᠡ ᠪᠠᠨ ᠡᠯ᠎ᠡ ᠬᠤᠰᠢᠭᠤ ︵ᠣᠷᠣᠨ︶᠎ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶᠎ ᠨᠢ ᠥᠪᠡᠷ ᠤᠨ ᠡᠳ᠋ ᠤᠨ ᠬᠦᠴᠦᠨ ᠤ ᠲᠣᠬᠢᠷᠠᠭᠤᠯᠤᠯᠲᠠ ᠪᠠᠷ ᠳᠡᠮᠵᠢᠨ᠂ ᠡᠯ᠎ᠡ ᠬᠤᠰᠢᠭᠤ ︵ᠣᠷᠣᠨ︶᠎ ᠶᠢᠨ ᠡᠭᠦᠷᠭᠡᠯᠡᠭᠰᠡᠨ ᠵᠠᠷᠤᠯᠭ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ᠃     ︵ᠭᠤᠷᠪᠠ︶ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠥᠭᠡᠷᠡᠴᠢᠯᠡᠯᠲᠡ ᠶᠢᠨ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠎ᠡ᠃ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ ᠥᠭᠡᠷᠡᠴᠢᠯᠡᠯᠲᠡ ᠶᠢ ᠳᠡᠭᠡᠳᠦ ᠱᠠᠲᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶᠡᠨ ᠤ ᠴᠢᠬᠤᠯᠠ ᠶᠡᠭᠡ ᠥᠭᠡᠷᠡᠴᠢᠯᠡᠯᠲᠡ ᠲᠠᠢ ᠣᠷᠭᠠᠨᠢᠭ ᠢᠶᠠᠷ ᠵᠣᠯᠭᠠᠭᠤᠯᠵᠤ᠂ ᠨᠢᠭᠡᠳᠦᠯᠲᠡᠢ ᠲᠥᠯᠥᠪᠯᠡᠨ ᠠᠬᠢᠭᠤᠯᠬᠤ ᠬᠡᠷᠡᠭᠲᠡᠢ᠃ᠤᠯᠤᠰ ᠤᠨ ᠵᠠᠮ ᠬᠠᠷᠢᠯᠴᠠᠭ᠎ᠠ ᠲᠡᠭᠡᠭᠡᠪᠦᠷᠢ ᠶᠢᠨ ᠥᠭᠡᠷᠡᠴᠢᠯᠡᠯᠲᠡ ᠪᠠ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠪᠠᠶᠢᠳᠠᠯ ᠢ ᠦᠨᠳᠦᠰᠦᠯᠡᠨ᠂ ᠠᠶᠢᠮᠠᠭ ᠤᠨ ᠱᠠᠲᠤ ᠬᠢᠭᠡᠳ ᠡᠯ᠎ᠡ ᠬᠤᠰᠢᠭᠤ ︵ᠣᠷᠣᠨ︶᠎ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠳᠤ ᠴᠠᠭ ᠳᠣᠬᠠᠢ ᠳᠤᠨᠢ ᠲᠣᠬᠢᠷᠠᠭᠤᠯᠤᠨ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠬᠠᠮᠵᠢᠯᠴᠠᠨ ᠠᠬᠢᠭᠤᠯᠬᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠪᠠᠶᠢᠳᠠᠯ ᠢ ᠪᠣᠶ ᠪᠣᠯᠭᠠᠨ᠎ᠠ᠃ᠲᠥᠰᠥᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠦᠯᠡᠳᠡᠭᠡᠯ ᠪᠡᠯᠡ ᠮᠥᠩᠭᠦ ᠶᠢ ᠠᠮᠢᠳᠤᠯᠢᠭ ᠪᠣᠯᠭᠠᠨ᠂ ᠵᠠᠷᠤᠯᠭ᠎ᠠ ᠶᠢᠨ ᠪᠦᠲᠦᠴᠡ ᠶᠢ ᠰᠢᠯᠢᠳᠡᠭᠵᠢᠭᠦᠯᠵᠦ᠂ ᠵᠠᠮ ᠲᠡᠭᠡᠭᠡᠪᠦᠷᠢ ᠶᠢᠨ ᠬᠦᠷᠢᠶᠡᠨ ᠳᠠᠬᠢ ᠪᠡᠯᠡ ᠮᠥᠩᠭᠦ ᠶᠢᠨ ᠲᠣᠬᠢᠷᠠᠭᠤᠯᠤᠯᠲᠠ ᠶᠢᠨ ᠦᠷ᠎ᠡ ᠪᠦᠲᠦᠮᠵᠢ ᠪᠠ ᠬᠡᠷᠡᠭᠯᠡᠯᠲᠡ ᠶᠢᠨ ᠦᠷ᠎ᠡ ᠠᠰᠢᠭ ᠢ ᠬᠦᠴᠦᠯᠡᠨ ᠳᠡᠭᠡᠭᠰᠢᠯᠡᠭᠦᠯᠦᠨ᠎ᠡ᠃     ︵ᠳᠥᠷᠪᠡ︶ ᠢᠵᠢ ᠪᠦᠷᠢᠳᠦᠭᠦᠯᠬᠦ ᠳᠦᠷᠢᠮ ᠢ ᠲᠡᠭᠦᠯᠳᠡᠷᠵᠢᠭᠦᠯᠵᠦ᠂ ᠵᠢᠷᠤᠮᠵᠢᠭᠰᠠᠨ ᠠᠵᠢᠯᠯᠠᠭᠠᠨ ᠢ ᠠᠬᠢᠭᠤᠯᠤᠨ᠎ᠠ᠃ᠡᠯ᠎ᠡ ᠬᠤᠰᠢᠭᠤ ︵ᠣᠷᠣᠨ︶᠂ ᠠᠶᠢᠮᠠᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠡ ᠨᠦᠭᠦᠳ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠶᠢᠨ ᠲᠠᠯ᠎ᠠ ᠪᠠᠷ ᠬᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠵᠢᠴᠢ ᠳᠦᠷᠢᠮ ᠢ ᠪᠥᠬᠦ ᠲᠠᠯ᠎ᠠ ᠪᠠᠷ ᠰᠢᠰᠲ᠋ᠧᠮ ᠲᠠᠢ ᠡᠮᠬᠢᠯᠡᠨ ᠳᠢᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠳᠤ ᠱᠠᠯᠠᠪᠳᠠᠨ ᠵᠠᠰᠠᠪᠤᠷᠢ ᠣᠷᠣᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠷᠢᠶ᠎ᠡ ᠶᠢᠨ ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢᠨ ᠬᠤᠪᠢᠶᠠᠷᠢᠯᠠᠯ ᠢ ᠳᠦᠷᠢᠮᠵᠢᠭᠦᠯᠬᠦ ᠪᠠ ᠵᠢᠷᠤᠮᠵᠢᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠬᠦ ᠬᠡᠷᠡᠭᠲᠡᠢ᠃     ᠲᠣᠰ ᠲᠥᠰᠥᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号