︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ | ᠲᠥᠯᠦᠪᠵᠢᠭᠦᠯᠭᠡ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠶᠡᠷᠦᠩᠬᠡᠶᠢᠯᠡᠭᠰᠡᠨ ᠠᠵᠢᠯ ᠤᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠲᠠᠷᠬᠠᠭᠠᠭᠰᠠᠨ ﹇2022﹈ 17 | ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ | ᠠᠯᠠᠱᠠ ᠠᠶᠢᠮᠠᠭ ᠤᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ | ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ | ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ | ᠲᠠᠯᠪᠢᠬᠤ᠂ ᠪᠣᠬᠢᠷᠳᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ | ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠵᠠᠮᠨᠠᠵᠤ᠂ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠵᠦ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ | ᠬᠥᠭᠵᠢᠯᠲᠡ ᠶᠢᠨ ᠠᠵᠤ ᠠᠬᠤᠢ ᠶᠢᠨ ᠰᠢᠰᠲ᠋ᠧᠮ ᠢ ᠲᠦᠷᠬᠡᠨ ᠪᠠᠶᠢᠭᠤᠯᠵᠤ᠂ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ ᠬᠡᠯᠪᠡᠷᠢ ᠶᠢ ᠪᠦᠬᠦ | ᠲᠠᠯ᠎ᠠ ᠪᠠᠷ ᠬᠤᠪᠢᠷᠠᠭᠤᠯᠬᠤ ᠶᠢ ᠠᠬᠢᠭᠤᠯᠵᠤ᠂ ᠠᠯᠠᠱᠠ ᠠᠶᠢᠮᠠᠭ ᠤᠨ︽ᠠᠷᠪᠠᠨ ᠳᠥᠷᠪᠡᠳᠦᠭᠡᠷ ᠲᠠᠪᠤᠨ ᠵᠢᠯ︾ ᠤᠨ | ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ ᠶᠢ ᠪᠠᠭᠠᠰᠬᠠᠬᠤ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠵᠤ᠂ | ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠪᠣᠬᠢᠷᠳᠤᠯ ᠢ ᠪᠠᠭᠠᠰᠬᠠᠬᠤ᠂ ᠨᠡᠮᠡᠭᠳᠡᠯ ᠢ ᠬᠠᠮᠵᠢᠯᠴᠠᠨ ᠠᠬᠢᠭᠤᠯᠬᠤ ᠶᠢ | ᠪᠡᠶᠡᠯᠡᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠤᠷᠬᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠨ᠎ᠠ᠃ | ᠬᠤᠶᠠᠷ᠂ ᠭᠤᠣᠯ ᠬᠠᠷᠠᠯᠲᠠ | 2025 ᠣᠨ ᠪᠣᠯᠬᠤ ᠳᠤ᠂ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠠᠮᠢᠶᠠᠷᠤᠯᠲᠠ ᠶᠢᠨ | ᠳᠦᠷᠢᠮ ᠢ ᠨᠡᠩ ᠪᠦᠷᠢᠨᠰᠢᠭᠦᠯᠵᠦ᠂ ᠡᠨᠧᠷᠭᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ | ᠢᠯᠡᠳᠲᠡ ᠳᠡᠭᠡᠭᠰᠢᠯᠡᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠦᠷᠦᠯ ᠤᠨ ᠡᠨᠧᠷᠭᠢ ᠶᠢᠨ | ᠬᠤᠷᠣᠭᠳᠠᠭᠤᠯᠤᠯ ᠢ ᠦᠨᠳᠦᠰᠦᠨ ᠳᠡᠭᠡᠨ ᠤᠯᠤᠰ ᠤᠨ ᠳᠣᠲᠣᠭᠠᠳᠤ ᠶᠢᠨ ᠲᠡᠷᠢᠭᠦᠨ ᠤ ᠲᠦᠪᠰᠢᠨ ᠳᠤ ᠬᠦᠷᠭᠡᠵᠦ᠂ | ᠭᠤᠣᠯᠳᠠᠯᠭ᠎ᠠ ᠲᠠᠢ ᠬᠦᠷᠢᠶᠡᠨ ᠤ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠠᠵᠢᠯ ᠳᠤ ᠨᠡᠯᠢᠶᠡᠳ ᠶᠡᠭᠡ ᠦᠷ᠎ᠡ ᠪᠦᠳᠦᠮᠵᠢ ᠣᠯᠵᠦ᠂ ᠠᠵᠤ ᠦᠢᠯᠡᠰ ᠤᠨ ᠪᠦᠲᠦᠴᠡ ᠪᠠ | ᠡᠨᠧᠷᠭᠢ ᠶᠢᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠠᠵᠢᠯ ᠢᠯᠡᠳᠲᠡ ᠠᠬᠢᠴᠠ ᠲᠠᠢ ᠪᠣᠯᠵᠤ᠂ | ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠂ | ᠪᠣᠬᠢᠷᠳᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠢ ᠪᠥᠬᠦ ᠲᠠᠯ᠎ᠠ ᠪᠠᠷ ᠳᠡᠯᠭᠡᠷᠡᠭᠦᠯᠵᠦ᠂ ᠠᠵᠤ | ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠬᠡᠯᠪᠡᠷᠢ ᠶᠢ ᠬᠤᠪᠢᠷᠠᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠣᠨ᠎ᠠ︔ᠡᠨᠧᠷᠭᠢ ᠶᠢᠨ ᠬᠡᠷᠡᠭᠯᠡᠭᠡᠨ ᠤ ᠶᠡᠷᠦᠩᠬᠡᠢ | ᠬᠡᠮᠵᠢᠶ᠎ᠡ ᠶᠢ ᠵᠦᠢ ᠵᠣᠬᠢᠰᠲᠠᠢ ᠣᠷᠣᠨ ᠵᠠᠢ ᠳᠤ ᠬᠢᠵᠠᠭᠠᠷᠯᠠᠵᠤ᠂ ᠥᠪᠡᠷᠲᠡᠭᠡᠨ ᠵᠠᠰᠠᠬᠤ ᠣᠷᠣᠨ ᠠᠴᠠ | ᠪᠠᠭᠤᠯᠭᠠᠭᠰᠠᠨ ᠦᠨᠳᠦᠰᠦᠨ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠤᠷᠮᠠᠰᠢᠭᠤᠯᠬᠤ ᠬᠠᠷᠠᠯᠲᠠ ᠳᠤ | ᠬᠦᠷᠦᠭᠦᠯᠬᠦ ᠪᠠᠷ ᠴᠢᠷᠮᠠᠶᠢᠨ᠎ᠠ᠃ᠪᠥᠬᠦ ᠠᠶᠢᠮᠠᠭ ᠤᠨ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ | ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 2020 ᠣᠨ ᠤ ᠬᠢ ᠠᠴᠠ 18% ᠪᠠᠷ ᠪᠠᠭᠤᠷᠠᠭᠤᠯᠵᠤ᠂ | ᠬᠢᠮᠢ ᠶᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ᠂ ᠠᠽᠣᠲ ᠤᠨ ᠢᠰᠦᠮᠡᠭ᠂ ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢᠨ ᠪᠠᠭᠤᠷᠠᠯᠲᠠ ᠶᠢ ᠥᠪᠡᠷᠲᠡᠭᠡᠨ | ᠵᠠᠰᠠᠬᠤ ᠣᠷᠣᠨ ᠤ ᠱᠠᠭᠠᠷᠳᠠᠯᠭ᠎ᠠ ᠳᠤ ᠬᠦᠷᠦᠭᠦᠯᠦᠨ᠎ᠡ᠃ | ᠭᠤᠷᠪᠠ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠣᠳᠠᠲᠠᠢ | ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ | ︵ᠨᠢᠭᠡ︶ ᠭᠤᠣᠯᠳᠠᠯᠭ᠎ᠠ ᠲᠠᠢ ᠠᠵᠢᠯ ᠲᠥᠷᠥᠯ ᠤᠨ ᠪᠣᠬᠢᠷᠳᠤᠯ ᠦᠭᠡᠢ ᠲᠠᠰ ᠳᠠᠪᠰᠢᠯᠲᠠ | ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ ᠲᠣᠨᠣᠭᠯᠠᠯ ᠤᠨ | ᠰᠢᠨ᠎ᠡ ᠶᠢ ᠡᠭᠦᠳᠬᠦ ᠪᠠ ᠬᠡᠷᠡᠭᠯᠡᠬᠦ ᠶᠢ ᠴᠢᠩᠭᠠᠳᠬᠠᠵᠤ᠂ ᠲᠡᠮᠦᠷ ᠤᠨ ᠬᠠᠶᠢᠯᠤᠰᠢ᠂ ᠴᠠᠬᠢᠯᠠᠭᠤᠷ ᠴᠢᠯᠠᠭᠤ ᠵᠡᠷᠭᠡ ᠡᠨᠧᠷᠭᠢ | ᠶᠡᠭᠡ ᠬᠤᠷᠣᠭᠳᠠᠭᠤᠯᠬᠤ ᠠᠵᠢᠯ ᠲᠦᠷᠦᠯ ᠤᠨ ᠡᠨᠧᠷᠭᠢ ᠬᠡᠷᠡᠭᠯᠡᠬᠦ ᠭᠤᠣᠯᠳᠠᠯᠭ᠎ᠠ ᠲᠠᠢ ᠠᠵᠤ ᠠᠬᠤᠶᠢᠯᠠᠯ ᠳᠤ | ᠲᠡᠷᠢᠭᠦᠨ ᠤ᠂ ᠪᠣᠯᠪᠠᠰᠤᠷᠠᠩᠭᠤᠢ᠂ ᠬᠡᠷᠡᠭᠯᠡᠭᠡᠨ ᠳᠤ ᠲᠣᠬᠢᠷᠠᠬᠤ ᠡᠨᠧᠷᠭᠢ ᠠᠷᠪᠢᠯᠠᠬᠤ ᠮᠡᠷᠭᠡᠵᠢᠯ ᠪᠠ ᠦᠢᠯᠡᠳᠪᠦᠷᠢᠯᠡᠯ ᠤᠨ | ᠲᠣᠨᠣᠭᠯᠠᠯ ᠢ ᠳᠡᠯᠭᠡᠷᠡᠭᠦᠯᠦᠨ ᠬᠡᠷᠡᠭᠯᠡᠵᠦ᠂ ᠮᠡᠷᠭᠡᠵᠢᠯ ᠤᠨ ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ | ᠥᠷᠨᠢᠭᠦᠯᠵᠦ᠂ ᠡᠨᠧᠷᠭᠢ ᠠᠰᠢᠭᠯᠠᠬᠤ ᠦᠷ᠎ᠡ ᠪᠦᠲᠦᠮᠵᠢ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠴᠡᠪᠡᠷ ᠡᠨᠧᠷᠭᠢ ᠶᠢᠨ | ᠰᠤᠷᠪᠤᠯᠵᠢ ᠶᠢ ᠳᠡᠯᠭᠡᠷᠡᠭᠦᠯᠦᠨ ᠬᠡᠷᠡᠭᠯᠡᠬᠦ ᠶᠢ ᠨᠡᠮᠡᠭᠳᠡᠭᠦᠯᠵᠦ᠂ ᠠᠵᠤ ᠦᠢᠯᠡᠳᠪᠦᠷᠢ ᠶᠢᠨ ᠬᠦᠷᠢᠶᠡᠨ ᠳᠠᠬᠢ | ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢ ᠠᠰᠢᠭᠯᠠᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ | ᠨᠡᠭᠦᠷᠡᠰᠦ᠂ ᠴᠢᠯᠠᠭᠤᠨ ᠲᠤᠰᠤᠨ ᠤ ᠬᠡᠦᠷᠡᠰᠦ᠂ ᠬᠦᠨᠳᠦ ᠲᠣᠰᠣ᠂ ᠰᠢᠭᠠᠷᠤ ᠶᠢᠨ ᠲᠣᠰᠣ᠂ ᠨᠡᠭᠦᠷᠡᠰᠦ ᠵᠡᠷᠭᠡ ᠪᠠᠷ | ᠲᠦᠯᠡᠰᠢ ᠪᠣᠯᠭᠠᠭᠰᠠᠨ ᠠᠵᠤ ᠦᠢᠯᠡᠳᠪᠦᠷᠢ ᠶᠢᠨ ᠵᠤᠤᠬ᠎ᠠ᠂ ᠥᠪᠡᠰᠦᠪᠡᠨ ᠪᠡᠯᠡᠳᠬᠡᠭᠰᠡᠨ ᠨᠡᠭᠦᠷᠡᠰᠦ ᠰᠢᠲᠠᠭᠠᠬᠤ | ᠴᠠᠬᠢᠯᠭᠠᠨ ᠤ ᠦᠢᠯᠡᠳᠪᠦᠷᠢ ᠵᠢᠴᠢ ᠨᠡᠭᠦᠷᠡᠰᠦ ᠰᠢᠲᠠᠭᠠᠬᠤ ᠵᠣᠤᠬ᠎ᠠ ᠳᠤ ᠴᠡᠪᠡᠷ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠡᠨᠧᠷᠭᠢ ᠶᠢᠨ ᠰᠤᠷᠪᠤᠯᠵᠢ᠂ ᠠᠵᠤ ᠦᠢᠯᠡᠳᠪᠦᠷᠢ ᠶᠢᠨ ᠦᠯᠡᠳᠡᠪᠦᠷᠢ ᠢᠯᠴᠢ ᠵᠡᠷᠭᠡ ᠶᠢ | ᠣᠷᠣᠯᠠᠭᠤᠯᠬᠤ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ᠳᠤᠮᠳᠠᠳᠤ ᠤᠯᠤᠰ ᠤᠨ ᠳᠠᠪᠤᠰᠤᠨ ᠤ ᠴᠠᠬᠢᠯᠠᠭᠤᠷ | ᠴᠢᠯᠠᠭᠤᠨ ᠤ ᠵᠤᠤᠬ᠎ᠠ ᠶᠢᠨ ᠴᠡᠪᠡᠷᠰᠢᠭᠦᠯᠦᠭᠰᠡᠨ ᠦᠨᠡᠰᠦ ᠶᠢ ᠶᠡᠷᠦᠩᠬᠡᠶᠢᠯᠡᠨ ᠠᠰᠢᠭᠯᠠᠬᠤ᠂ ᠳᠤᠮᠳᠠᠳᠤ ᠤᠯᠤᠰ ᠤᠨ | ᠳᠠᠪᠤᠰᠤᠨ ᠤ ᠵᠢᠷᠠᠨᠲᠠᠢ ᠶᠢᠨ ᠰᠢᠨ᠎ᠡ ᠪᠠᠷ ᠨᠡᠮᠡᠭᠳᠡᠭᠰᠡᠨ ᠠᠭᠤᠷ ᠤᠨ ᠨᠡᠶᠢᠯᠡᠮᠡᠯ ᠵᠤᠤᠬ᠎ᠠ᠂ ᠤᠰᠤ ᠲᠠᠢ ᠢᠯᠴᠢ ᠶᠢᠨ | ᠴᠠᠬᠢᠯᠭᠠᠨ ᠤ ᠦᠢᠯᠡᠳᠪᠦᠷᠢ ᠶᠢᠨ ᠠᠭᠤᠷ ᠤᠨ ᠲᠦᠷᠪᠢᠨ ᠤ ᠮᠡᠷᠭᠡᠵᠢᠯ ᠤᠨ ᠥᠭᠡᠷᠡᠴᠢᠯᠡᠯᠲᠡ᠂ ᠳᠤᠮᠳᠠᠳᠤ ᠤᠯᠤᠰ ᠤᠨ | ᠳᠠᠪᠣᠰᠣ ᠬᠢᠮᠢ ᠶᠢᠨ ᠠᠵᠤ ᠦᠢᠯᠡᠳᠪᠦᠷᠢ ᠶᠢᠨ ᠠᠭᠤᠷᠰᠢᠯᠳᠤ ᠰᠢᠪᠲᠦᠷ ᠤᠨ ᠬᠠᠶᠠᠭᠳᠠᠮᠠᠯ ᠰᠢᠩᠭᠡᠨ ᠤ ᠦᠯᠡᠳᠡᠪᠦᠷᠢ | ᠢᠯᠴᠢ ᠶᠢ ᠬᠤᠷᠢᠶᠠᠨ ᠠᠪᠴᠤ ᠠᠰᠢᠭᠯᠠᠬᠤ᠂ ᠬᠠᠯᠠᠭᠤᠨ ᠡᠨᠧᠷᠭᠢ ᠶᠢᠨ ᠠᠭᠤᠷ ᠤᠨ ᠲᠦᠷᠪᠢᠨ ᠤ ᠴᠠᠬᠢᠯᠭᠠᠨ | ᠭᠠᠷᠭᠠᠬᠤ ᠮᠠᠰᠢᠨ ᠴᠣᠭᠴᠠᠯᠠᠪᠤᠷᠢ ᠶᠢᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠡᠨᠧᠷᠭᠢ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ᠪᠣᠯᠣᠳ ᠲᠡᠮᠦᠷ᠂ | ᠱᠦᠢᠨᠢ᠂ ᠬᠡᠦᠷᠰᠢᠭᠦᠯᠬᠦ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠵᠣᠤᠬ᠎ᠠ ᠶᠢᠨ ᠬᠡᠲᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ 2023 ᠣᠨ ᠤ ᠵᠢᠯ ᠤᠨ | ᠰᠡᠭᠦᠯᠴᠢ ᠠᠴᠠ ᠡᠮᠦᠨ᠎ᠡ᠂ ᠣᠲᠣ ᠶᠢᠨ ᠪᠠᠶᠢᠭ᠎ᠠ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠨᠢ 5.5 | ᠮᠧᠲᠷ ᠤᠨ ᠬᠡᠦᠷᠰᠢᠭᠦᠯᠬᠦ ᠵᠤᠤᠬ᠎ᠠ ᠶᠢᠨ ᠬᠠᠭᠤᠷᠠᠢ ᠤᠨᠲᠠᠷᠠᠭᠠᠯᠲᠠ ᠶᠢᠨ ᠬᠡᠦᠷᠰᠢᠭᠦᠯᠬᠦ ᠪᠠ ᠬᠡᠲᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠪᠦᠬᠦᠨ ᠢ ᠪᠡᠶᠡᠯᠡᠭᠦᠯᠦᠨ᠎ᠡ᠃ᠬᠡᠦᠷᠰᠢᠭᠦᠯᠦᠭᠰᠡᠨ ᠬᠠᠶᠠᠭᠳᠠᠮᠠᠯ | ᠤᠰᠤ ᠶᠢ ᠭᠦᠨ ᠰᠢᠢᠳᠪᠦᠷᠢᠯᠡᠬᠦ ᠶᠢ ᠴᠢᠩᠭᠠᠷᠠᠭᠤᠯᠵᠤ᠂ ᠣᠷᠣᠨ ᠪᠦᠰᠡ ᠶᠢᠨ ᠳᠣᠲᠣᠷᠠᠬᠢ ᠬᠡᠦᠷᠰᠢᠭᠦᠯᠦᠭᠰᠡᠨ | ᠬᠠᠶᠠᠭᠳᠠᠮᠠᠯ ᠤᠰᠤ ᠶᠢ ᠡᠷᠬᠡᠪᠰᠢ ᠪᠦᠬᠦᠨ ᠢ ᠴᠤᠭᠯᠠᠭᠤᠯᠵᠤ᠂ ᠪᠦᠬᠦᠨ ᠢ ᠰᠢᠢᠳᠪᠦᠷᠢᠯᠡᠵᠦ᠂ ᠪᠦᠬᠦᠨ ᠢ ᠪᠤᠴᠠᠭᠠᠨ | ᠬᠡᠷᠡᠭᠯᠡᠬᠦ ᠬᠡᠷᠡᠭᠲᠡᠢ᠃2025 ᠣᠨ ᠪᠣᠯᠬᠤ ᠳᠤ᠂ ᠪᠥᠬᠦ ᠠᠶᠢᠮᠠᠭ ᠤᠨ 65 ᠲᠣᠨ ᠠᠭᠤᠷᠰᠢᠭᠤᠯᠬᠤ/ᠴᠠᠭ ᠵᠢᠴᠢ | ᠲᠡᠭᠦᠨ ᠠᠴᠠ ᠳᠡᠭᠡᠭᠰᠢᠬᠢ ᠨᠡᠭᠦᠷᠡᠰᠦ ᠰᠢᠲᠠᠭᠠᠬᠤ ᠵᠤᠤᠬ᠎ᠠ ︵ᠴᠠᠬᠢᠯᠭᠠᠨ ᠬᠦᠴᠦᠨ ᠪᠠᠭᠲᠠᠨ᠎ᠠ︶ ᠶᠢ ᠬᠡᠲᠦ ᠳᠣᠣᠷ᠎ᠠ | ᠭᠠᠳᠠᠭᠰᠢᠯᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ᠲᠡᠷᠢᠭᠦᠨ ᠤ ᠮᠡᠷᠭᠡᠵᠢᠯ᠂ ᠡᠨᠧᠷᠭᠢ ᠶᠢᠨ ᠬᠤᠷᠣᠭᠳᠠᠯ ᠤᠨ | ᠬᠠᠮᠢᠶᠠᠷᠤᠯᠲᠠ ᠶᠢᠨ ᠰᠢᠰᠲ᠋ᠧᠮ ᠪᠠ ᠪᠣᠬᠢᠷᠳᠤᠯ ᠦᠭᠡᠢ ᠳ᠋ᠠᠶᠢᠲ᠋ᠠ ᠶᠢᠨ ᠲᠥᠪ ᠤᠨ ᠪᠦᠲᠦᠭᠡᠨ ᠪᠠᠶᠢᠭᠤᠯᠤᠯᠲᠠ ᠶᠢᠨ | ᠪᠠᠷᠢᠮᠵᠢᠶ᠎ᠠ ᠶᠢ2025 ᠣᠨ ᠪᠣᠯᠬᠤ ᠳᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠢᠭᠡᠴᠢ | ᠨᠡᠮᠡᠭᠳᠡᠯ ᠥᠷᠲᠡᠭ ᠤᠨ ᠡᠨᠧᠷᠭᠢ ᠶᠢᠨ ᠬᠤᠷᠣᠭᠳᠠᠯ ᠢ 20% ᠪᠠᠷ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ | ᠦᠢᠯᠡᠳᠪᠦᠷᠢ ᠶᠢᠨ ᠨᠡᠮᠡᠭᠳᠡᠯ ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ 13% ᠪᠠᠷ ᠪᠠᠭᠤᠷᠠᠭᠤᠯᠤᠨ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯᠯᠠᠭ᠎ᠠ ᠶᠢ ᠬᠡᠷᠡᠭᠵᠢᠭᠦᠯᠬᠦ ᠪᠠᠷ ᠳᠠᠮᠵᠢᠭᠤᠯᠤᠨ᠂ ᠪᠣᠯᠣᠳ | ᠲᠡᠮᠦᠷ᠂ ᠴᠠᠬᠢᠯᠭᠠᠨ ᠵᠠᠳᠠᠯᠤᠯ ᠤᠨ ᠬᠥᠩᠭᠡᠨ ᠴᠠᠭᠠᠨ᠂ ᠱᠦᠢᠨᠢ᠂ ᠬᠠᠪᠲᠠᠭᠠᠢ ᠰᠢᠯ᠂ ᠡᠲ᠋ᠧᠨ᠂ ᠨᠡᠶᠢᠯᠡᠯᠭᠡ ᠰᠢᠪᠲᠦᠷ | ᠂ ᠴᠠᠬᠢᠯᠠᠭᠤᠷ ᠴᠢᠯᠠᠭᠤ ᠵᠡᠷᠭᠡ ᠭᠤᠣᠯᠳᠠᠯᠭ᠎ᠠ ᠲᠠᠢ ᠠᠵᠢᠯ ᠲᠥᠷᠥᠯ ᠤᠨ ᠦᠢᠯᠡᠳᠪᠦᠷᠢᠯᠡᠬᠦ ᠴᠢᠳᠠᠪᠤᠷᠢ ᠪᠠ ᠲᠤᠭ᠎ᠠ | ᠪᠠᠷᠢᠮᠲᠠ ᠶᠢᠨ ᠲᠥᠪ ᠤᠨ ᠡᠨᠧᠷᠭᠢ ᠶᠢᠨ ᠠᠰᠢᠭᠯᠠᠮᠵᠢ ᠶᠢᠨ ᠬᠡᠪ ᠳᠠᠭᠤᠷᠢᠶᠠᠯ ᠤᠨ ᠬᠢᠷᠢ ᠲᠦᠪᠰᠢᠨ ᠳᠤ ᠬᠦᠷᠦᠭᠦᠯᠬᠦ | ᠬᠠᠷᠢᠴᠠᠯ ᠢ 30% ᠠᠴᠠ ᠳᠠᠪᠠᠭᠤᠯᠤᠨ᠎ᠠ᠃︵ᠠᠶᠢᠮᠠᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠲᠣᠮᠣ | ᠳ᠋ᠠᠶᠢᠲ᠋ᠠ ᠶᠢᠨ ᠲᠥᠪ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠡᠯ᠎ᠡ | ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ ᠣᠷᠳᠣᠨ ︵ᠬᠠᠮᠢᠶᠠᠷᠤᠯᠲᠠ ᠶᠢᠨ ᠵᠥᠪᠯᠡᠯ︶ ᠨᠢ ᠬᠠᠷᠢᠭᠤᠴᠠᠨ | ᠨᠠᠶᠢᠳᠠᠪᠤᠷᠢᠵᠢᠭᠤᠯᠤᠨ᠎ᠠ᠃ᠳᠣᠷᠣᠭᠰᠢ ᠪᠥᠬᠦᠳᠡ ᠶᠢ ᠡᠯ᠎ᠡ ᠬᠤᠰᠢᠭᠤ ︵ᠣᠷᠣᠨ︶ ᠶᠢᠨ ᠠᠷᠠᠳ ᠤᠨ ᠵᠠᠰᠠᠭ ᠤᠨ | ᠣᠷᠳᠣᠨ ︵ᠬᠠᠮᠢᠶᠠᠷᠤᠯᠲᠠ ᠶᠢᠨ ᠵᠥᠪᠯᠡᠯ︶ ᠠᠴᠠ ᠬᠠᠷᠢᠭᠤᠴᠠᠨ ᠨᠠᠶᠢᠳᠠᠪᠣᠷᠢᠵᠢᠭᠤᠯᠣᠨ᠎ᠠ ᠬᠡᠵᠦ ᠳᠣᠪᠴᠢᠯᠠᠨᠠ᠂ | ᠳᠠᠭᠢᠵᠤ ᠳᠠᠪᠬᠤᠷᠳᠠᠭᠤᠯᠤᠨ ᠵᠢᠭᠰᠠᠭᠠᠬᠤ ᠦᠭᠡᠢ︶ | ︵ᠬᠤᠶᠠᠷ︶ ᠬᠦᠷᠢᠶᠡᠯᠡᠩ ᠲᠣᠭᠤᠷᠢᠭ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠶᠢ | ᠳᠡᠭᠡᠭᠰᠢᠯᠡᠬᠦᠯᠦᠨ᠎ᠡ | ᠬᠦᠷᠢᠶᠡᠯᠡᠩ ᠲᠣᠭᠤᠷᠢᠭ ᠤᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠡᠷᠭᠢᠯᠲᠡᠲᠦ ᠬᠥᠭᠵᠢᠯᠲᠡ ᠶᠢᠨ | ᠶᠡᠷᠦᠩᠬᠡᠶᠢᠯᠡᠭᠰᠡᠨ ᠣᠨᠣᠰᠢᠯᠠᠯᠲᠠ ᠶᠢ ᠥᠷᠨᠢᠭᠦᠯᠵᠦ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ | ᠭᠠᠳᠠᠭᠰᠢᠯᠠᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠪᠠᠶᠢᠭᠤᠯᠬᠤ ᠳᠤ ᠵᠠᠷᠴᠢᠮ ᠳᠡᠭᠡᠷ᠎ᠡ ᠪᠠᠨ ᠬᠦᠷᠢᠶᠡᠯᠡᠩ | ᠲᠣᠭᠤᠷᠢᠭ ᠲᠤ ᠣᠷᠣᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠳᠠᠰᠢ | ᠴᠤᠭᠯᠠᠷᠠᠬᠤ ᠶᠢ ᠠᠬᠢᠭᠤᠯᠤᠨ᠎ᠠ᠃ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠡᠨᠧᠷᠭᠢ ᠶᠢᠨ ᠰᠢᠰᠲ᠋ᠧᠮ ᠢ | ᠪᠦᠬᠦᠯᠢ ᠴᠣᠭᠴᠠ ᠪᠠᠷ ᠨᠢ ᠰᠢᠯᠢᠳᠡᠭᠵᠢᠭᠦᠯᠬᠦ ᠶᠢ ᠲᠦᠯᠬᠢᠨ ᠠᠬᠢᠭᠤᠯᠵᠤ᠂ ᠲᠡᠬᠢᠨ ᠡᠭᠦᠰᠴᠦ ᠪᠣᠯᠬᠤ ᠡᠨᠧᠷᠭᠢ ᠶᠢᠨ | ᠰᠤᠷᠪᠤᠯᠵᠢ ᠶᠢ ᠡᠩ ᠲᠡᠷᠢᠭᠦᠨ ᠳᠤ ᠢᠯᠴᠢ ᠬᠠᠩᠭᠠᠬᠤ᠂ ᠴᠠᠬᠢᠯᠭᠠᠨ ᠬᠠᠩᠭᠠᠬᠤ᠂ ᠪᠣᠬᠢᠷ ᠤᠰᠤ ᠶᠢ ᠰᠢᠢᠳᠪᠦᠷᠢᠯᠡᠬᠦ᠂ | ᠳᠤᠮᠳᠠᠬᠢ ᠤᠰᠤ ᠶᠢ ᠡᠭᠡᠭᠦᠯᠦᠨ ᠬᠡᠷᠡᠭᠯᠡᠬᠦ ᠵᠡᠷᠭᠡ ᠤᠯᠠᠨ ᠨᠡᠶᠢᠲᠡ ᠶᠢᠨ ᠰᠠᠭᠤᠷᠢ ᠲᠥᠬᠦᠭᠡᠷᠦᠮᠵᠢ ᠶᠢ ᠬᠠᠮᠲᠤ ᠪᠠᠷ | ᠪᠠᠶᠢᠭᠤᠯᠵᠤ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ | ᠠᠶᠤᠯᠲᠠᠢ ᠬᠠᠶᠠᠭᠳᠠᠮᠠᠯ ᠪᠣᠳᠠᠰ ᠢ ᠲᠥᠪᠯᠡᠷᠡᠭᠦᠯᠦᠨ ᠬᠠᠳᠠᠭᠠᠯᠠᠬᠤ ᠪᠠ ᠰᠢᠢᠳᠪᠦᠷᠢᠯᠡᠬᠦ ᠠᠵᠢᠯ ᠢ ᠴᠢᠩᠭᠠᠳᠬᠠᠨ᠎ᠠ᠃ | ᠠᠯᠠᠱᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠣᠷᠣᠨ ᠢᠶᠠᠷ ᠲᠦᠰᠢᠭ ᠪᠣᠯᠭᠠᠵᠤ᠂ | ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠦᠢᠯᠡᠰ ᠤᠨ ᠪᠣᠬᠢᠷᠳᠤᠯ ᠦᠭᠡᠢ ᠬᠡᠯᠬᠢᠶ᠎ᠡ ᠶᠢᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠥᠷᠨᠢᠭᠦᠯᠵᠦ᠂ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠠᠬᠤᠶᠢᠯᠠᠯ ᠤᠨ | ᠪᠣᠬᠢᠷᠳᠤᠯ ᠦᠭᠡᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠭᠤᠣᠯᠯᠠᠬᠤ ᠠᠵᠤ | ᠦᠢᠯᠡᠰ ᠤᠨ ᠪᠣᠬᠢᠷᠳᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠵᠤ᠂ ᠲᠣᠯᠣᠭᠠᠶᠢᠯᠠᠭᠴᠢ ᠠᠵᠤ | ᠠᠬᠤᠶᠢᠯᠠᠯ ᠤᠨ ᠪᠣᠬᠢᠷᠳᠤᠯ ᠦᠭᠡᠢ ᠬᠠᠩᠭᠠᠯᠭ᠎ᠠ ᠶᠢᠨ ᠬᠡᠯᠬᠢᠶ᠎ᠡ ᠶᠢ ᠪᠦᠲᠦᠭᠡᠨ ᠪᠠᠶᠢᠭᠤᠯᠵᠤ᠂ ᠬᠦᠷᠢᠶᠡᠯᠡᠩ | ᠲᠣᠭᠤᠷᠢᠭ ᠤᠨ ᠮᠡᠳᠡᠭᠡ ᠵᠠᠩᠭᠢ᠂ ᠮᠡᠷᠭᠡᠵᠢᠯ ᠤᠨ ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠵᠤ ᠬᠠᠮᠲᠤᠪᠠᠷ | ᠭᠥᠷᠳᠡᠬᠦ ᠶᠢ ᠠᠬᠢᠭᠤᠯᠤᠨ᠂ ᠣᠯᠠᠨ ᠠᠵᠤ ᠦᠢᠯᠡᠰ ᠤᠨ ᠪᠣᠰᠤᠭ᠎ᠠ ᠴᠣᠭᠴᠠᠲᠤ ᠬᠤᠷᠠᠮᠠᠯ᠂ ᠬᠦᠷᠢᠶᠡᠯᠡᠩ | ᠲᠣᠭᠤᠷᠢᠭ ᠤᠨ ᠬᠤᠭᠤᠷᠣᠨᠳᠣᠬᠢ ᠠᠵᠤ ᠦᠢᠯᠡᠰ ᠠᠯᠤᠰᠯᠠᠭᠰᠠᠨ ᠬᠤᠯᠪᠣᠯᠳᠤᠯ᠂ ᠠᠵᠤ ᠦᠢᠯᠡᠰ ᠤᠨ | ᠬᠤᠭᠤᠷᠣᠨᠳᠣᠬᠢ ᠡᠬᠢ ᠪᠠᠶᠠᠯᠢᠭ ᠢ ᠬᠠᠮᠲᠤᠪᠠᠷ ᠭᠥᠷᠳᠡᠬᠦ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠪᠠ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠡᠷᠭᠡ ᠣᠷᠣᠨ ᠪᠦᠰᠡ ᠶᠢᠨ ᠡᠬᠢ ᠪᠠᠶᠠᠯᠢᠭ ᠤᠨ | ᠣᠨᠴᠠᠯᠢᠭ ᠲᠠᠢ ᠣᠷᠴᠢᠯ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠪᠠᠶᠢᠭᠤᠯᠤᠨ᠎ᠠ᠃︽ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ | ᠂ ᠬᠦᠷᠢᠶᠡᠯᠡᠩ ᠲᠣᠭᠤᠷᠢᠭ ᠤᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠳᠠᠭᠠᠭᠠᠴᠠ ᠳᠤ ᠲᠣᠬᠢᠷᠠᠬᠤ ᠰᠢᠨ᠎ᠡ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠲᠥᠰᠥᠯ ᠢ ᠳᠠᠷᠤᠶᠢᠬᠠᠨ ᠭᠤᠶᠤᠴᠢᠯᠠᠨ ᠮᠡᠳᠡᠭᠦᠯᠵᠦ᠂ ᠪᠣᠬᠢᠷᠳᠤᠯ | ᠦᠭᠡᠢ ᠴᠠᠬᠢᠯᠭᠠᠨ ᠢ ᠠᠵᠤ ᠠᠬᠤᠶᠢᠯᠠᠯ ᠤᠨ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠵᠤ᠂ ᠠᠵᠤ | ᠠᠬᠤᠶᠢᠯᠠᠯ ᠤᠨ ᠡᠨᠧᠷᠭᠢ ᠬᠡᠷᠡᠭᠯᠡᠬᠦ ᠥᠪᠡᠷ ᠤᠨ ᠥᠷᠲᠡᠭ ᠢ ᠪᠠᠭᠤᠷᠠᠭᠤᠯᠤᠨ᠎ᠠ᠃ᠠᠶᠤᠯᠲᠠᠢ ᠬᠠᠶᠠᠭᠳᠠᠮᠠᠯ ᠪᠣᠳᠠᠰ ᠢ | ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢᠨ ᠳᠤᠲᠠᠭᠤᠳᠠᠯ ᠢ ᠲᠦᠷᠬᠡᠨ ᠨᠥᠬᠦᠪᠦᠷᠢᠯᠡᠵᠦ᠂ ᠠᠵᠤ | ᠠᠬᠤᠶᠢᠯᠠᠯ᠂ ᠬᠦᠷᠢᠶᠡᠯᠡᠩ ᠲᠣᠭᠤᠷᠢᠭ ᠤᠨ ᠠᠶᠤᠯᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠪᠡᠯᠡᠳᠬᠡᠮᠵᠢ ᠶᠢᠨ | ᠠᠰᠢᠭᠯᠠᠯᠲᠠ ᠶᠢᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃2025 ᠣᠨ ᠪᠣᠯᠬᠤ ᠳᠤ᠂ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠬᠢᠷᠢ ᠲᠦᠪᠰᠢᠨ᠂ ᠡᠨᠧᠷᠭᠢ ᠠᠷᠪᠢᠯᠠᠵᠤ | ᠣᠷᠴᠢᠨ ᠲᠣᠭᠤᠷᠢᠨ ᠢ ᠬᠠᠮᠠᠭᠠᠯᠠᠬᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃︵ᠠᠶᠢᠮᠠᠭ ᠤᠨ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠭᠤᠷᠪᠠ︶ ᠬᠤᠲᠠ ᠪᠠᠯᠭᠠᠰᠤ ᠶᠢᠨ ᠪᠣᠬᠢᠷᠳᠤᠯ ᠦᠭᠡᠢ ᠡᠨᠧᠷᠭᠢ ᠠᠷᠪᠢᠯᠠᠬᠤ ᠥᠭᠡᠷᠡᠴᠢᠯᠡᠯᠲᠡ | ᠪᠣᠬᠢᠷᠳᠤᠯ ᠦᠭᠡᠢ ᠲᠥᠯᠦᠪᠵᠢᠭᠦᠯᠭᠡ ᠶᠢᠨ ᠵᠢᠷᠤᠭᠯᠠᠨ ᠲᠥᠯᠥᠪᠯᠡᠬᠦ ᠣᠨᠣᠯᠵᠢᠬᠤᠨ ᠢ ᠰᠠᠨᠠᠭᠠᠴᠢᠯᠠᠵᠤ᠂ ᠬᠤᠲᠠ | ᠪᠠᠯᠭᠠᠰᠤ ᠶᠢᠨ ᠪᠣᠬᠢᠷᠳᠤᠯ ᠦᠭᠡᠢ ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ᠂ ᠠᠵᠢᠯᠯᠠᠭᠠᠨ ᠤ | ᠬᠠᠮᠢᠶᠠᠷᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ᠪᠠᠷᠢᠯᠭ᠎ᠠ ᠶᠢᠨ ᠡᠨᠧᠷᠬᠢ ᠠᠷᠪᠢᠯᠠᠬᠤ ᠠᠯᠪᠠᠳᠠᠯᠭ᠎ᠠ ᠶᠢᠨ | ᠴᠢᠨᠠᠷᠲᠠᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠡᠭᠦᠳᠡ ᠴᠣᠩᠬᠤ᠂ ᠭᠠᠳᠠᠷ ᠬᠡᠷᠡᠮ ᠤᠨ ᠳᠤᠯᠠᠭᠠᠨ ᠢ | ᠬᠠᠮᠠᠭᠠᠯᠠᠬᠤ ᠵᠡᠷᠭᠡ ᠵᠠᠩᠭᠢᠯᠠᠭ᠎ᠠ ᠶᠢᠨ ᠣᠷᠣᠨ ᠪᠠᠶᠢᠷᠢ ᠪᠠ ᠬᠡᠰᠡᠭ ᠦᠢᠯᠡᠳᠬᠦᠨ ᠤ ᠡᠨᠧᠷᠬᠢ ᠠᠷᠪᠢᠯᠠᠬᠤ ᠴᠢᠳᠠᠮᠵᠢ ᠶᠢ | ᠭᠤᠣᠯᠳᠠᠯᠭ᠎ᠠ ᠲᠠᠢ ᠳᠡᠭᠡᠭᠰᠢᠯᠡᠭᠦᠯᠵᠦ᠂ ᠵᠢᠷᠤᠭᠯᠠᠨ ᠲᠥᠯᠥᠪᠯᠡᠬᠦ᠂ ᠵᠢᠷᠤᠭ ᠬᠢᠨᠠᠬᠤ᠂ ᠪᠠᠷᠢᠯᠭ᠎ᠠ ᠪᠠᠷᠢᠬᠤ᠂ ᠪᠠᠶᠢᠴᠠᠭᠠᠨ | ᠬᠡᠮᠵᠢᠬᠦ᠂ ᠬᠢᠨᠠᠨ ᠬᠠᠮᠢᠶᠠᠷᠬᠤ᠂ ᠪᠠᠷᠢᠯᠭ᠎ᠠ ᠳᠠᠭᠤᠰᠴᠤ ᠰᠢᠯᠭᠠᠨ ᠠᠪᠬᠤ ᠵᠡᠷᠭᠡ ᠭᠤᠭᠴᠤᠭ᠎ᠠ ᠶᠢᠨ ᠡᠨᠧᠷᠬᠢ ᠠᠷᠪᠢᠯᠠᠬᠤ | ᠶᠠᠰᠤ ᠴᠢᠨᠠᠷ ᠤᠨ ᠬᠠᠮᠢᠶᠠᠷᠤᠯᠲᠠ ᠶᠢ ᠴᠢᠩᠭᠠᠳᠬᠠᠨ᠂ ᠡᠨᠧᠷᠬᠢ ᠶᠢᠨ ᠬᠤᠷᠣᠭᠳᠠᠭᠤᠯᠤᠯ ᠢᠶᠠᠷ ᠬᠡᠳᠤ ᠪᠠᠭ᠎ᠠ᠂ ᠡᠨᠧᠷᠬᠢ | ᠶᠢᠨ ᠬᠤᠷᠣᠭᠳᠠᠭᠤᠯᠤᠯ ᠢᠶᠠᠷ ᠪᠠᠷᠤᠭᠲᠠᠢ ᠪᠠᠷᠢᠯᠭ᠎ᠠ ᠶᠢᠨ ᠪᠠᠷᠢᠮᠵᠢᠶ᠎ᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ | ᠲᠤᠷᠰᠢᠯᠲᠠ ᠶᠢᠨ ᠵᠢᠱᠢᠶ᠎ᠡ ᠦᠵᠡᠭᠦᠯᠬᠦ ᠠᠵᠢᠯ ᠢ ᠢᠳᠡᠪᠬᠢᠲᠡᠢ ᠪᠠᠷ ᠵᠣᠬᠢᠶᠠᠨ ᠪᠠᠶᠢᠭᠤᠯᠤᠨ᠎ᠠ᠃ᠳᠠᠬᠢᠠ ᠡᠭᠦᠰᠴᠦ ᠪᠣᠯᠬᠤ | ᠡᠨᠧᠷᠭᠢ ᠶᠢᠨ ᠰᠤᠷᠪᠤᠯᠵᠢ ᠶᠢᠨ ᠪᠠᠷᠢᠯᠭ᠎ᠠ ᠶᠢᠨ ᠬᠡᠷᠡᠭᠯᠡᠯᠲᠡ ᠶᠢ ᠴᠢᠩᠭᠠᠳᠬᠠᠵᠤ᠂ ᠬᠤᠳᠠ ᠪᠠᠯᠭᠠᠰᠤᠨ ᠤ ᠰᠢᠨ᠎ᠡ ᠪᠠᠷ | ᠪᠠᠶᠢᠭᠤᠯᠤᠭᠰᠠᠨ ᠪᠠᠷᠢᠯᠭ᠎ᠠ ᠳᠤ ᠨᠡᠷᠡᠨ ᠡᠨᠧᠷᠭᠢ ᠶᠢᠨ ᠭᠡᠷᠡᠯ ᠸᠣᠯᠲ ᠢ ᠨᠢᠭᠡ ᠴᠣᠭᠴᠠᠵᠢᠭᠤᠯᠤᠨ ᠬᠡᠷᠡᠭᠯᠡᠬᠦ ᠶᠢ | ᠳᠡᠯᠭᠡᠷᠡᠭᠦᠯᠵᠦ᠂ ᠡᠩ ᠤᠨ ᠡᠨᠧᠷᠭᠢ ᠶᠢᠨ ᠰᠤᠷᠪᠤᠯᠵᠢ ᠶᠢᠨ2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ | ᠪᠠᠯᠭᠠᠰᠤ ᠶᠢᠨ ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠤ ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠪᠣᠬᠢᠷᠳᠤᠯ ᠦᠭᠡᠢ ᠠᠮᠢ ᠠᠬᠤᠢ ᠶᠢᠨ ᠬᠤᠲᠠ ᠲᠣᠭᠤᠷᠢᠭ᠂ ᠪᠣᠬᠢᠷᠳᠤᠯ ᠦᠭᠡᠢ ᠠᠮᠢ | ᠠᠬᠤᠢ ᠶᠢᠨ ᠵᠢᠵᠢᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠠᠯᠬᠤᠮ ᠠᠯᠬᠤᠮ ᠢᠶᠠᠷ ᠠᠬᠢᠭᠤᠯᠵᠤ᠂ | ᠰᠢᠨ᠎ᠡ ᠪᠠᠷ ᠪᠠᠶᠢᠭᠤᠯᠤᠭᠰᠠᠨ ᠪᠠᠷᠢᠯᠭ᠎ᠠ ᠳᠠᠬᠢ ᠣᠳᠣᠨ ᠲᠠᠰ ᠤᠨ ᠪᠣᠬᠢᠷᠳᠤᠯ ᠦᠭᠡᠢ ᠪᠠᠷᠢᠯᠭ᠎ᠠ ᠶᠢᠨ ᠡᠵᠡᠯᠡᠬᠦ | ᠬᠠᠷᠢᠴᠠᠯ ᠢ 30% ᠠᠴᠠ ᠳᠠᠪᠠᠭᠤᠯᠤᠨ᠂ ᠨᠢᠭᠡᠨᠲᠡ ᠪᠠᠶᠢᠭ᠎ᠠ ᠣᠷᠣᠨ ᠰᠠᠭᠤᠴᠠ ᠶᠢᠨ ᠪᠠᠷᠢᠯᠭ᠎ᠠ ᠶᠢᠨ ᠡᠨᠧᠷᠭᠢ | ᠠᠷᠪᠢᠯᠠᠬᠤ ᠥᠭᠡᠷᠡᠴᠢᠯᠡᠯᠲᠡ ᠶᠢ 10 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠭᠡᠨ᠎ᠡ᠃ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠤᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠪᠠ | ᠪᠣᠬᠢᠷᠳᠤᠯ ᠦᠭᠡᠢ ᠪᠠᠷᠢᠯᠭ᠎ᠠ ᠶᠢᠨ ᠪᠠᠷᠢᠮᠵᠢᠶ᠎ᠠ ᠵᠡᠷᠭᠡ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ | ᠲᠥᠯᠥᠪᠵᠢᠭᠦᠯᠵᠦ ᠵᠢᠷᠤᠭᠯᠠᠨ ᠲᠥᠯᠥᠪᠯᠡᠬᠦ ᠨᠥᠬᠦᠴᠡᠯ ᠳᠤ ᠣᠷᠣᠭᠤᠯᠤᠨ᠎ᠠ᠃︵ᠠᠶᠢᠮᠠᠭ ᠤᠨ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠵᠠᠮ ᠬᠠᠷᠢᠯᠴᠠᠭᠠᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ | ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠵᠠᠮ ᠬᠠᠷᠢᠯᠴᠠᠭ᠎ᠠ ᠪᠠᠷᠠᠭ᠎ᠠ ᠶᠢᠨ ᠭᠦᠢᠯᠭᠡᠭᠡᠨ ᠤ ᠡᠨᠧᠷᠬᠢ ᠠᠷᠪᠢᠯᠠᠵᠤ ᠪᠣᠬᠢᠷᠳᠤᠯ | ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠨ᠎ᠠ | ᠲᠡᠭᠡᠭᠡᠪᠦᠷᠢ ᠶᠢᠨ ᠪᠦᠲᠦᠴᠡ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠴᠡᠪᠡᠷ ᠡᠨᠧᠷᠭᠢ ᠶᠢᠨ | ᠰᠤᠷᠪᠤᠯᠵᠢ ᠪᠠᠷ ᠣᠷᠣᠯᠠᠭᠤᠯᠬᠤ ᠶᠢ ᠬᠡᠷᠡᠭᠵᠢᠭᠦᠯᠵᠦ᠂ ᠲᠣᠣᠷ ᠰᠦᠯᠵᠢᠶ᠎ᠡ ᠪᠠᠷ ᠪᠠᠷᠠᠭ᠎ᠠ ᠲᠡᠭᠡᠭᠡᠪᠦᠷᠢᠯᠡᠬᠦ᠂ ᠴᠢᠷᠭᠡᠦᠯ | ᠲᠡᠭᠡᠭᠡᠪᠦᠷᠢ ᠵᠡᠷᠭᠡ ᠲᠡᠷᠢᠭᠦᠨ ᠤ ᠲᠡᠭᠡᠭᠡᠪᠦᠷᠢ ᠶᠢᠨ ᠵᠠᠭᠪᠤᠷ ᠢ ᠢᠳᠡᠪᠬᠢᠲᠡᠢ ᠪᠠᠷ ᠰᠦᠪᠡᠭᠴᠢᠯᠡᠨ ᠠᠬᠢᠭᠤᠯᠤᠨ᠎ᠠ᠃︽ | ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠲᠡᠷᠢᠭᠦᠨ ᠳᠤ ᠲᠠᠯᠪᠢᠬᠤ︾ ᠪᠠᠶᠢᠯᠳᠤᠬᠤ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠥᠷᠲᠡᠭᠡ ᠲᠠᠯᠠᠪᠤᠷ᠂ ᠴᠠᠬᠢᠯᠭᠠᠨ ᠴᠡᠨᠡᠭᠯᠡᠬᠦ | ᠪᠡᠯᠡᠳᠬᠡᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠵᠠᠮ ᠬᠠᠷᠢᠯᠴᠠᠭ᠎ᠠ | ᠲᠡᠭᠡᠭᠡᠪᠦᠷᠢ ᠶᠢᠨ ᠪᠣᠬᠢᠷᠳᠤᠯ ᠦᠭᠡᠢ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ | ᠵᠠᠮ ᠬᠠᠷᠢᠯᠴᠠᠭ᠎ᠠ᠂ ᠲᠦᠷᠢᠶᠡᠰᠦᠯᠡᠭᠦᠯᠬᠦ ᠵᠡᠷᠭᠡ ᠠᠵᠤ ᠠᠬᠤᠶᠢᠯᠠᠯ ᠤᠨ ᠡᠵᠡᠩᠨᠡᠯᠲᠡ ᠶᠢᠨ ᠲᠡᠷᠭᠡ ᠬᠥᠰᠬᠡ ᠶᠢ | ᠰᠢᠨ᠎ᠡ ᠪᠠᠷ ᠨᠡᠮᠡᠭᠳᠡᠭᠦᠯᠬᠦ ᠪᠠ ᠰᠢᠨᠡᠳᠬᠡᠬᠦ ᠳᠡᠭᠡᠨ᠂ ᠰᠢᠨ᠎ᠡ ᠡᠨᠧᠷᠭᠢ᠂ ᠴᠡᠪᠡᠷ ᠡᠨᠧᠷᠭᠢ ᠶᠢᠨ ᠲᠡᠷᠭᠡ ᠬᠥᠰᠬᠡ ᠶᠢ | ᠤᠷᠢᠳᠠᠪᠠᠷ ᠰᠣᠩᠭᠤᠬᠤ ᠶᠢ ᠵᠣᠷᠢᠭᠵᠢᠭᠤᠯᠤᠨ᠎ᠠ᠃2025 ᠣᠨ ᠪᠣᠯᠬᠤ ᠳᠤ᠂ ᠪᠥᠬᠦ ᠠᠶᠢᠮᠠᠭ ᠤᠨ ᠰᠢᠨ᠎ᠡ ᠡᠨᠧᠷᠭᠢ | ᠵᠢᠴᠢ ᠴᠡᠪᠡᠷ ᠡᠨᠧᠷᠭᠢ ᠶᠢᠨ ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠳᠤ ᠬᠦᠷᠦᠭᠦᠯᠵᠦ᠂ ᠪᠠᠶᠠᠨᠬᠤᠲᠠ | ᠪᠠᠯᠭᠠᠰᠤ ᠶᠢᠨ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠡᠭ ᠤᠨ ᠪᠦᠷᠬᠦᠴᠡ ᠶᠢ 100% ᠳᠤ ᠬᠦᠷᠦᠭᠦᠯᠦᠨ᠎ᠡ᠃ | ᠶᠡᠭᠡ ᠬᠡᠮᠵᠢᠶᠡᠨ ᠤ ᠡᠳ᠋ ᠪᠠᠷᠠᠭᠠᠨ ᠤ ᠲᠡᠭᠡᠭᠡᠪᠦᠷᠢ ᠶᠢᠨ ︽ᠲᠡᠮᠦᠷ ᠵᠠᠮ ᠢᠶᠠᠷ ᠳᠠᠮᠵᠢᠭᠤᠯᠬᠤ︾ ᠶᠢ ᠦᠷᠭᠦᠯᠵᠢᠯᠡᠨ | ᠲᠦᠯᠬᠢᠨ ᠠᠬᠢᠭᠤᠯᠤᠨ᠎ᠠ᠃ᠪᠣᠬᠢᠷᠳᠤᠯ ᠦᠭᠡᠢ ᠲᠦᠷᠭᠡᠨ ᠬᠦᠷᠭᠡᠯᠲᠡ ᠶᠢᠨ ᠪᠣᠭᠤᠳᠠᠯ ᠪᠠᠭᠯᠠᠭ᠎ᠠ ᠶᠢ ᠪᠥᠬᠦ ᠲᠠᠯ᠎ᠠ ᠪᠠᠷ | ᠳᠡᠯᠭᠡᠷᠡᠭᠦᠯᠵᠦ᠂ ᠰᠢᠤᠳᠠᠨ ᠤ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠨᠢᠭᠡᠳᠦᠯᠲᠡᠢ ᠬᠤᠳᠠᠯᠳᠤᠨ ᠠᠪᠬᠤ | ᠳᠦᠷᠢᠮ ᠢ ᠨᠠᠶᠢᠳᠠᠪᠤᠷᠢᠵᠢᠭᠤᠯᠬᠤ ᠶᠢ ᠰᠢᠮᠳᠠᠭᠤᠯᠵᠤ᠂ ᠤᠯᠤᠰ ᠤᠨ ᠲᠣᠭᠲᠠᠭᠠᠯ ᠳᠤ ᠨᠡᠶᠢᠴᠡᠬᠦ ᠪᠣᠭᠤᠳᠠᠯ | ᠪᠠᠭᠯᠠᠭ᠎ᠠ ᠶᠢ ᠬᠤᠳᠠᠯᠳᠤᠨ ᠠᠪᠴᠤ ᠬᠡᠷᠡᠭᠯᠡᠨ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠪᠠᠷᠢᠮᠵᠢᠶ᠎ᠠ ᠳᠤ | ᠨᠡᠶᠢᠴᠡᠬᠦ ᠪᠣᠭᠤᠳᠠᠯ ᠪᠠᠭᠯᠠᠭ᠎ᠠ ᠶᠢᠨ ᠮᠠᠲ᠋ᠧᠷᠢᠶᠠᠯ ᠢ ᠬᠤᠳᠠᠯᠳᠤᠨ ᠠᠪᠴᠤ ᠬᠡᠷᠡᠭᠯᠡᠬᠦ ᠬᠠᠷᠢᠴᠠᠯ ᠢ 95% ᠠᠴᠠ | ᠳᠣᠣᠷ᠎ᠠ ᠪᠠᠶᠢᠯᠭᠠᠬᠤ ᠦᠭᠡᠢ ᠪᠠᠶᠢᠬᠤ ᠬᠠᠷᠠᠯᠲᠠ ᠶᠢ ᠪᠡᠶᠡᠯᠡᠭᠦᠯᠦᠨ᠎ᠡ᠃ᠲᠦᠷᠭᠡᠨ ᠬᠦᠷᠭᠡᠯᠲᠡ ᠶᠢᠨ ᠪᠣᠭᠤᠳᠠᠯ | ᠪᠠᠭᠯᠠᠭ᠎ᠠ ᠶᠢᠨ ᠬᠠᠶᠠᠭᠳᠠᠮᠠᠯ ᠪᠣᠳᠠᠰ ᠢ ᠲᠥᠷᠥᠯ ᠬᠤᠪᠢᠶᠠᠨ ᠲᠠᠯᠪᠢᠬᠤ ᠪᠠ ᠴᠡᠪᠡᠷᠯᠡᠨ ᠲᠡᠭᠡᠭᠡᠪᠦᠷᠢᠯᠡᠵᠦ | ᠰᠢᠢᠳᠪᠦᠷᠢᠯᠡᠬᠦ ᠶᠢ ᠵᠢᠷᠤᠮᠵᠢᠭᠤᠯᠤᠨ᠎ᠠ᠃ᠳᠣᠲᠣᠭᠠᠳᠤ ᠶᠢ ᠬᠠᠮᠠᠭᠠᠯᠠᠬᠤ ᠶᠠᠮᠤᠨ ᠤ ᠮᠠᠰᠢᠨᠲᠤ ᠲᠡᠷᠭᠡ ᠶᠢ ᠳᠠᠩᠰᠠᠯᠠᠬᠤ | ᠤᠯᠤᠰ ᠤᠨ ᠵᠢᠷᠭᠤᠳᠤᠭᠠᠷ ᠪᠠᠷᠢᠮᠵᠢᠶ᠎ᠠ ᠶᠢᠨ ᠵᠢᠷᠤᠮᠵᠢᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ | ᠳᠠᠩᠰᠠᠯᠠᠭᠤᠯᠤᠨ ᠪᠦᠷᠢᠳᠬᠡᠭᠦᠯᠦᠭᠰᠡᠨ ᠮᠠᠰᠢᠨᠲᠤ ᠲᠡᠷᠭᠡ ᠶᠢ ᠵᠥᠪᠰᠢᠶᠡᠷᠡᠨ ᠣᠷᠣᠭᠤᠯᠬᠤ ᠪᠣᠭᠤᠮᠲᠠ ᠶᠢ ᠴᠢᠩᠭ᠎ᠠ | ᠠᠳᠬᠤᠵᠤ᠂ ᠬᠠᠭᠤᠴᠢᠷᠠᠭᠰᠠᠨ ᠵᠠᠮ ᠲᠡᠭᠡᠭᠡᠪᠦᠷᠢ ᠶᠢᠨ ᠪᠠᠭᠠᠵᠢ ᠶᠢ ᠬᠡᠷᠡᠭᠯᠡᠭᠡᠨ ᠠᠴᠠ ᠭᠠᠷᠭᠠᠬᠤ᠂ ᠰᠢᠨᠡᠳᠬᠡᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠬᠠᠭᠤᠴᠢᠷᠠᠭᠰᠠᠨ ᠮᠠᠰᠢᠨᠲᠤ ᠲᠡᠷᠭᠡ ᠶᠢ ᠤᠷᠢᠳᠴᠢᠯᠠᠨ ᠰᠢᠨᠡᠳᠬᠡᠬᠦ ᠶᠢ ᠶᠡᠭᠡ ᠪᠠᠷ | ᠲᠦᠯᠬᠢᠨ ᠠᠬᠢᠭᠤᠯᠤᠨ᠎ᠠ᠃ᠣᠶᠤᠨᠲᠤ ᠵᠠᠮ ᠬᠠᠷᠢᠯᠴᠠᠭ᠎ᠠ ᠶᠢ ᠶᠡᠬᠡᠪᠡᠷ ᠬᠥᠭᠵᠢᠭᠦᠯᠵᠦ᠂ ᠲᠣᠮᠣ ᠳ᠋ᠠᠶᠢᠲ᠋ᠠ ᠶᠢ ᠢᠳᠡᠪᠬᠢᠲᠡᠢ | ᠬᠡᠷᠡᠭᠯᠡᠨ ᠲᠡᠭᠡᠭᠡᠪᠦᠷᠢ ᠶᠢᠨ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠢᠯᠢᠳᠡᠭᠵᠢᠭᠦᠯᠦᠨ᠎ᠡ᠃ᠪᠣᠬᠢᠷᠳᠤᠯ ᠦᠭᠡᠢ | ᠬᠥᠮᠥᠷᠭᠡᠯᠡᠨ ᠬᠠᠳᠠᠭᠠᠯᠠᠬᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠪᠣᠬᠢᠷᠳᠤᠯ ᠦᠭᠡᠢ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ ᠪᠠᠶᠢᠭᠤᠯᠬᠤ ᠶᠢ ᠵᠣᠷᠢᠭᠵᠢᠭᠤᠯᠤᠨ᠎ᠠ᠃ᠪᠠᠷᠢᠮᠵᠢᠶᠠᠵᠢᠭᠤᠯᠤᠭᠰᠠᠨ ᠪᠠᠷᠠᠭᠠᠨ ᠤ | ᠭᠦᠢᠯᠭᠡᠭᠡᠨ ᠤ ᠡᠷᠭᠢᠯᠲᠡ ᠶᠢᠨ ᠬᠠᠶᠢᠷᠴᠠᠭ ᠢ ᠳᠡᠯᠭᠡᠷᠡᠭᠦᠯᠦᠨ2025 ᠣᠨ ᠪᠣᠯᠬᠤ ᠳᠤ᠂ ᠬᠤᠲᠠ ᠶᠢᠨ ᠣᠯᠠᠨ | ᠨᠡᠶᠢᠲᠡ ᠶᠢᠨ ᠵᠠᠮ ᠬᠠᠷᠢᠯᠴᠠᠭᠠᠨ ᠤ ᠭᠠᠳᠠᠭᠰᠢ ᠭᠠᠷᠬᠤ ᠶᠢ ᠬᠤᠪᠢᠶᠠᠨ ᠡᠭᠦᠷᠭᠡᠯᠡᠬᠦ ᠨᠣᠷᠮ᠎ᠠ ᠶᠢ 9% ᠳᠤ | ᠬᠦᠷᠦᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠪᠣᠬᠢᠷᠳᠤᠯ ᠦᠭᠡᠢ ᠭᠠᠳᠠᠭᠰᠢ ᠭᠠᠷᠬᠤ ᠶᠢ ᠬᠤᠪᠢᠶᠠᠨ ᠡᠭᠦᠷᠭᠡᠯᠡᠬᠦ | ᠨᠣᠷᠮ᠎ᠠ ᠶᠢ 20% ᠳᠤ ᠬᠦᠷᠭᠡᠨ᠎ᠡ᠃ ︵ᠠᠶᠢᠮᠠᠭ ᠤᠨ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ | ᠰᠢᠤᠳᠠᠨ ᠤ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ | ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠲᠠᠪᠤ︶ ᠲᠠᠷᠢᠶᠠᠯᠠᠩ ᠮᠠᠯ ᠠᠵᠤ ᠠᠬᠤᠢ ᠶᠢᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠨ᠎ᠠ | ᠲᠣᠰᠣ ᠠᠷᠪᠢᠯᠠᠬᠤ᠂ ᠣᠷᠴᠢᠨ ᠠᠬᠤᠢ ᠶᠢ ᠬᠠᠮᠠᠭᠠᠯᠠᠬᠤ ᠲᠠᠷᠢᠶᠠᠯᠠᠩ ᠤᠨ ᠮᠠᠰᠢᠨ ᠪᠠ ᠲᠥᠬᠦᠭᠡᠷᠦᠮᠵᠢ ᠶᠢ | ᠳᠡᠯᠭᠡᠷᠡᠭᠦᠯᠦᠨ ᠬᠡᠷᠡᠭᠯᠡᠵᠦ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠰᠢᠨ᠎ᠡ ᠮᠠᠶ᠋ᠢᠭ ᠤᠨ ᠪᠠᠷᠢᠯᠭ᠎ᠠ ᠶᠢᠨ | ᠮᠡᠷᠭᠡᠵᠢᠯ ᠬᠡᠷᠡᠭᠯᠡᠬᠦ ᠶᠢ ᠵᠣᠷᠢᠭᠵᠢᠭᠤᠯᠤᠨ᠎ᠠ᠃ᠲᠠᠷᠢᠶᠠᠯᠠᠩ ᠤᠨ ᠮᠡᠷᠭᠡᠵᠢᠯ ᠤᠨ ᠵᠢᠯᠣᠭᠤᠳᠤᠯᠭ᠎ᠠ ᠶᠢ ᠴᠢᠩᠭᠠᠳᠬᠠᠵᠤ᠂ | ᠤᠷᠭᠤᠮᠠᠯ ᠢ ᠬᠠᠮᠠᠭᠠᠯᠠᠬᠤ ᠣᠶᠤᠨᠴᠢᠯᠠᠭᠰᠠᠨ ᠡᠮ ᠤᠨ ᠪᠠᠭᠠᠵᠢ ᠶᠢ ᠶᠡᠬᠡᠪᠡᠷ ᠳᠡᠯᠭᠡᠷᠡᠭᠦᠯᠵᠦ᠂ ᠲᠠᠷᠢᠶᠠᠨ ᠡᠮ ᠤᠨ | ᠰᠦᠷᠴᠢᠬᠦ ᠠᠰᠢᠭᠯᠠᠮᠵᠢ ᠶᠢ ᠳᠡᠭᠡᠭᠰᠢᠯᠡᠭᠦᠯᠵᠦ᠂ ᠲᠠᠷᠢᠶᠠᠨ ᠡᠮ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ | ᠬᠥᠷᠥᠰᠥ ᠰᠢᠷᠣᠢ ᠶᠢᠨ ᠪᠣᠷᠳᠣᠭᠤᠷ ᠬᠠᠩᠭᠠᠬᠤ ᠴᠢᠳᠠᠪᠤᠷᠢ ᠪᠠ ᠲᠠᠷᠢᠮᠠᠯ ᠤᠨ ᠪᠣᠷᠳᠣᠭᠤᠷ ᠬᠡᠷᠡᠭᠰᠡᠬᠦ ᠵᠢᠮ᠎ᠡ ᠶᠣᠰᠣ ᠶᠢ | ᠶᠡᠷᠦᠩᠬᠡᠶᠢᠯᠡᠨ᠂ ᠨᠠᠶᠢᠷᠠᠯᠭ᠎ᠠ ᠲᠠᠢ ᠪᠣᠷᠳᠣᠭᠤᠷ ᠢ ᠵᠦᠢ ᠵᠣᠬᠢᠰᠲᠠᠢ ᠲᠣᠬᠢᠷᠠᠭᠤᠯᠤᠨ ᠰᠣᠩᠭᠤᠨ ᠬᠡᠷᠡᠭᠯᠡᠵᠦ᠂ ᠬᠢᠮᠢ ᠶᠢᠨ | ᠪᠣᠷᠳᠣᠭᠤᠷ ᠢ ᠨᠢᠭᠡᠳᠦᠯᠲᠡᠢ ᠬᠡᠮᠵᠢᠬᠦ᠂ ᠨᠢᠭᠡᠳᠦᠯᠲᠡᠢ ᠲᠣᠬᠢᠷᠠᠭᠤᠯᠬᠤ᠂ ᠨᠢᠭᠡᠳᠦᠯᠲᠡᠢ ᠬᠡᠷᠡᠭᠯᠡᠬᠦ ᠵᠡᠷᠭᠡ ᠲᠤᠰᠬᠠᠶᠢᠵᠢᠭᠰᠠᠨ | ᠦᠢᠯᠡᠴᠢᠯᠡᠭᠡ ᠶᠢ ᠬᠥᠭᠵᠢᠭᠦᠯᠬᠦ ᠶᠢ ᠵᠣᠷᠢᠭᠵᠢᠭᠤᠯᠤᠨ ᠲᠡᠮᠵᠢᠵᠤ᠂ ᠬᠡᠪᠴᠢᠶᠡᠵᠢᠭᠦᠯᠦᠭᠰᠡᠨ ᠡᠷᠴᠢᠮᠵᠢᠭᠦᠯᠦᠭᠰᠡᠨ ᠲᠠᠷᠢᠮᠠᠯ | ᠪᠠ ᠰᠢᠨᠵᠢᠯᠡᠬᠦ ᠤᠬᠠᠭᠠᠨᠴᠢ ᠪᠠᠷ ᠪᠣᠷᠳᠣᠭᠤᠷ ᠣᠷᠣᠭᠤᠯᠬᠤ ᠮᠡᠷᠭᠡᠵᠢᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃︽ | ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ᠂ ᠪᠥᠬᠦ ᠠᠶᠢᠮᠠᠭ ᠤᠨ ᠡᠯ᠎ᠡ ᠲᠥᠷᠥᠯ ᠤᠨ | ᠲᠠᠷᠢᠮᠠᠯ ᠤᠨ ᠡᠰᠢ ᠰᠦᠷᠡᠯ ᠢ ᠲᠡᠵᠢᠭᠡᠯ ᠪᠣᠷᠳᠤᠭ᠎ᠠ ᠪᠣᠯᠭᠠᠬᠤ ᠪᠠ ᠲᠦᠯᠡᠰᠢᠵᠢᠭᠦᠯᠬᠦ ᠳᠤ ᠬᠡᠷᠡᠭᠯᠡᠬᠦ ᠪᠠᠷ ᠲᠥᠯᠥᠪᠯᠡᠵᠦ᠂ | ᠦᠯᠡᠳᠡᠭᠰᠡᠨ ᠴᠥᠭᠡᠨ ᠲᠣᠭᠠᠨ ᠤ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠨ ᠥᠭᠴᠦ᠂ ᠡᠰᠢ ᠰᠦᠷᠡᠯ ᠢ | ᠶᠡᠷᠦᠩᠬᠡᠶᠢᠯᠡᠨ ᠠᠰᠢᠭᠯᠠᠬᠤ ᠨᠣᠷᠮ᠎ᠠ ᠶᠢ 90% ᠠᠴᠠ ᠳᠡᠭᠡᠭᠰᠢ ᠳᠤ ᠲᠣᠭᠲᠠᠪᠤᠷᠢᠵᠢᠭᠤᠯᠤᠨ᠎ᠠ᠃ᠲᠠᠷᠢᠶᠠᠴᠢᠨ | ᠡᠷᠦᠬᠡ ᠶᠢ ᠬᠥᠲᠥᠯᠥᠨ ᠵᠢᠯᠤᠭᠤᠳᠴᠤ ᠪᠠᠶᠢᠭᠠᠳ 0.01mm ᠵᠢᠴᠢ ᠲᠡᠭᠦᠨ ᠠᠴᠠ ᠳᠡᠭᠡᠭᠰᠢᠬᠢ ᠵᠤᠵᠠᠭᠠᠨ | ᠰᠦᠯᠢᠶᠥᠦ ᠪᠦᠷᠬᠦᠪᠴᠢ ᠪᠤᠶᠤ ᠠᠮᠢᠳᠤ ᠪᠣᠳᠠᠰ ᠤᠨ ᠵᠠᠳᠠᠷᠠᠵᠤ ᠪᠣᠯᠬᠤ ᠰᠦᠯᠢᠶᠥᠦ ᠪᠦᠷᠬᠦᠭᠦᠯ ᠢ ᠬᠡᠷᠡᠭᠯᠡᠭᠦᠯᠵᠦ᠂ | ᠰᠦᠯᠢᠶᠥᠦ ᠪᠦᠷᠬᠦᠭᠦᠯ ᠢ ᠬᠤᠷᠢᠶᠠᠨ ᠠᠪᠴᠤ ᠠᠰᠢᠭᠯᠠᠬᠤ ᠠᠵᠢᠯ ᠳᠤ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ | ᠣᠷᠣᠯᠴᠠᠭᠤᠯᠤᠨ᠎ᠠ᠃2025 ᠣᠨ ᠪᠣᠯᠬᠤ ᠳᠤ᠂ ᠪᠥᠬᠦ ᠠᠶᠢᠮᠠᠭ ᠤᠨ ᠬᠠᠶᠠᠭᠳᠠᠮᠠᠯ ᠬᠠᠭᠤᠴᠢᠨ ᠰᠦᠯᠢᠶᠥᠦ | ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ ᠨᠣᠷᠮ᠎ᠠ ᠶᠢ 85% ᠳᠤ ᠬᠦᠷᠦᠭᠦᠯᠵᠦ᠂ ᠡᠯ᠎ᠡ ᠬᠤᠰᠢᠭᠤ | ᠣᠷᠣᠨ ᠳᠤ ᠨᠡᠯᠢᠶᠡᠳ ᠪᠦᠷᠢᠨ ᠲᠡᠭᠦᠯᠳᠡᠷ ᠰᠦᠯᠢᠶᠥᠦ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ | ᠰᠢᠰᠲ᠋ᠧᠮᠵᠢ ᠶᠢ ᠦᠨᠳᠦᠰᠦᠨ ᠳᠡᠭᠡᠨ ᠪᠦᠷᠢᠯᠳᠦᠭᠦᠯᠵᠦ᠂ ᠲᠠᠷᠢᠶᠠᠨ ᠭᠠᠵᠠᠷ ᠤᠨ ᠰᠦᠯᠢᠶᠥᠦ ᠶᠢᠨ ᠪᠣᠬᠢᠷᠳᠤᠯ ᠤᠨ | ᠣᠳᠣᠬᠢ ᠪᠠᠶᠢᠳᠠᠯ ᠢ ᠢᠯᠡᠳᠲᠡ ᠰᠠᠶᠢᠵᠢᠷᠠᠭᠤᠯᠤᠨ᠎ᠠ᠃ᠠᠯᠠᠰᠢᠨ ᠦᠬᠡᠷ᠂ ᠭᠠᠭ᠋ᠠᠢ᠂ ᠰᠠᠭᠠᠯᠢ ᠶᠢᠨ ᠦᠨᠢᠶ᠎ᠡ ᠂ ᠮᠠᠯ | ᠵᠢᠭᠦᠷᠲᠡᠨ ᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠠᠯᠠᠪᠠᠶ ᠪᠠᠷ ᠦᠷᠭᠦᠯᠵᠢᠯᠡᠨ ᠭᠤᠣᠯᠳᠠᠯᠭ᠎ᠠ ᠪᠣᠯᠭᠠᠵᠤ᠂ ︽ | ᠪᠠᠭᠠᠰᠤᠨ ᠪᠣᠬᠢᠷᠳᠤᠯ ᠢ ᠪᠥᠬᠦ ᠬᠡᠮᠵᠢᠶ᠎ᠡ ᠪᠠᠷ ᠬᠤᠷᠢᠶᠠᠨ ᠴᠤᠭᠯᠠᠭᠤᠯᠵᠤ ᠠᠰᠢᠭᠯᠠᠬᠤ︾ ︽ᠨᠣᠳᠤᠭ ᠤᠨ | ᠪᠣᠷᠳᠣᠭᠤᠷ ᠢ ᠲᠥᠪᠯᠡᠷᠡᠭᠦᠯᠦᠨ ᠰᠢᠢᠳᠪᠦᠷᠢᠯᠡᠵᠦ ᠲᠠᠷᠢᠶᠠᠨ ᠭᠠᠵᠠᠷ ᠲᠤ ᠪᠤᠴᠠᠭᠠᠬᠤ︾ ᠪᠠ ︽ᠨᠣᠳᠤᠭ ᠤᠨ | ᠪᠣᠷᠳᠣᠭᠤᠷ ᠢ ᠲᠥᠪᠯᠡᠷᠡᠭᠦᠯᠦᠨ ᠥᠪᠡᠰᠦᠪᠡᠨ ᠬᠡᠷᠡᠭᠯᠡᠵᠦ ᠲᠠᠷᠢᠶᠠᠨ ᠭᠠᠵᠠᠷ ᠲᠤ ᠪᠤᠴᠠᠭᠠᠬᠤ︾ ᠭᠤᠷᠪᠠᠨ ᠵᠦᠢᠯ ᠤᠨ | ᠮᠡᠷᠭᠡᠵᠢᠯ ᠤᠨ ᠵᠠᠭᠪᠤᠷ ᠢ ᠬᠡᠷᠡᠭᠯᠡᠨ ᠮᠠᠯ ᠵᠢᠭᠦᠷᠲᠡᠨ ᠤ ᠪᠠᠭᠠᠰᠤᠨ ᠪᠣᠬᠢᠷᠳᠤᠯ ᠢ ᠡᠬᠢ ᠪᠠᠶᠠᠯᠢᠭᠵᠢᠭᠤᠯᠤᠨ | ᠠᠰᠢᠭᠯᠠᠬᠤ ᠶᠢ ᠠᠬᠢᠭᠤᠯᠤᠨ᠎ᠠ᠃ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠬᠦ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ | ᠳᠡᠭᠡᠭᠰᠢᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠪᠡᠯᠡᠳᠬᠡᠮᠵᠢ ᠶᠢᠨ | ᠡᠳᠦᠷ ᠲᠤᠲᠤᠮ ᠤᠨ ᠠᠵᠢᠯᠯᠠᠭᠠᠨ ᠤ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠷᠠᠭᠤᠯᠤᠨ᠂ ᠪᠥᠬᠦ ᠠᠶᠢᠮᠠᠭ ᠤᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃2022 ᠣᠨ ᠤ ᠰᠡᠭᠦᠯᠴᠢ ᠪᠣᠯᠬᠤ ᠳᠤ᠂ ᠪᠥᠬᠦ ᠠᠶᠢᠮᠠᠭ ᠤᠨ | ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠰᠢᠰᠲ᠋ᠧᠮᠵᠢ ᠶᠢ ᠬᠠᠮᠤᠷᠤᠭᠰᠠᠨ ᠵᠠᠰᠠᠭ ᠵᠠᠬᠢᠷᠭᠠᠨ ᠤ ᠲᠣᠰᠬᠤᠨ ᠢ 55% ᠠᠴᠠ ᠳᠡᠭᠡᠭᠰᠢ ᠳᠤ ᠬᠦᠷᠦᠭᠦᠯᠦᠨ᠎ᠡ︔ | 2025 ᠣᠨ ᠪᠣᠯᠬᠤ ᠳᠤ᠂ ᠪᠥᠬᠦ ᠠᠶᠢᠮᠠᠭ ᠤᠨ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ ᠰᠢᠰᠲ᠋ᠧᠮᠵᠢ ᠶᠢᠨ ᠬᠠᠮᠤᠷᠬᠤ ᠵᠠᠰᠠᠭ ᠵᠠᠬᠢᠷᠭᠠᠨ ᠤ | ᠲᠣᠰᠬᠤᠨ ᠢ 65% ᠠᠴᠠ ᠳᠡᠭᠡᠭᠰᠢ ᠳᠤ ᠬᠦᠷᠦᠭᠦᠯᠦᠨ᠎ᠡ᠃ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ | ᠤᠰᠤᠨ ᠴᠣᠭᠴᠠ ᠶᠢᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ ᠥᠷᠨᠢᠭᠦᠯᠵᠦ᠂ ᠰᠠᠭᠤᠷᠢ ᠲᠤᠭ᠎ᠠ ᠶᠢ ᠪᠥᠬᠦ | ᠲᠠᠯ᠎ᠠ ᠪᠠᠷ ᠣᠶᠢᠯᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠪᠣᠬᠢᠷ ᠦᠮᠡᠬᠡᠢ ᠤᠰᠤᠨ ᠴᠣᠭᠴᠠ ᠶᠢ | ᠦᠨᠳᠦᠰᠦᠨ ᠳᠡᠭᠡᠨ ᠠᠷᠢᠯᠭᠠᠨ᠎ᠠ᠃ᠮᠠᠯᠵᠢᠬᠤ ᠲᠠᠷᠢᠶᠠᠯᠠᠬᠤ ᠣᠷᠣᠨ ᠤ ᠵᠣᠷᠯᠣᠩ ᠤᠨ ᠦᠭᠡᠷᠡᠴᠢᠯᠡᠯᠳᠡ ᠬᠢᠭᠡᠳ | ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠮᠠᠯᠵᠢᠬᠤ | ᠲᠠᠷᠢᠶᠠᠯᠠᠬᠤ ᠣᠷᠣᠨ ᠤ ᠪᠣᠬᠢᠷ ᠤᠰᠤ ᠶᠢ ᠵᠠᠰᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠮᠠᠯᠵᠢᠬᠤ ᠲᠠᠷᠢᠶᠠᠯᠠᠬᠤ | ᠣᠷᠣᠨ ᠤ ᠠᠮᠢᠳᠤᠷᠠᠯ ᠤᠨ ᠪᠣᠬᠢᠷ ᠤᠰᠤ ᠶᠢ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠪᠡᠯᠡᠳᠬᠡᠮᠵᠢ ᠶᠢ ᠵᠦᠢ | ᠵᠣᠬᠢᠰᠲᠠᠢ ᠲᠥᠯᠥᠪᠵᠢᠭᠦᠯᠬᠦ ᠪᠠ ᠰᠢᠨ᠎ᠡ ᠪᠠᠷ ᠪᠠᠶᠢᠭᠤᠯᠵᠤ᠂ 28 ᠪᠠᠶᠢᠭᠤᠯᠤᠯᠲᠠᠲᠤ ᠲᠣᠰᠬᠤᠨ ᠤ ᠠᠮᠢᠳᠤᠷᠠᠯ ᠤᠨ | ᠪᠣᠬᠢᠷ ᠤᠰᠤ ᠶᠢ ᠵᠠᠰᠠᠬᠤ ᠡᠭᠦᠷᠭᠡ ᠶᠢ ᠪᠡᠶᠡᠯᠡᠭᠦᠯᠦᠨ᠎ᠡ᠃︵ᠠᠶᠢᠮᠠᠭ ᠤᠨ ᠲᠠᠷᠢᠶᠠᠯᠠᠩ ᠮᠠᠯ ᠠᠵᠤ ᠠᠬᠤᠢ ᠬᠦᠳᠡᠭᠡ | ᠳᠣᠰᠬᠤᠨ ᠮᠠᠯᠵᠢᠬᠤ ᠣᠷᠣᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠤ ᠶᠠᠪᠤᠳᠠᠯ ᠤᠨ ᠲᠣᠪᠴᠢᠶ᠎ᠠ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ | ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠣᠬᠢᠷᠳᠤᠯ ᠦᠭᠡᠢ ᠪᠣᠯᠭᠠᠬᠤ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠨᠢᠭᠡᠨᠲᠡ ᠪᠠᠶᠢᠭ᠎ᠠ ᠪᠠᠷᠢᠯᠭ᠎ᠠ ᠶᠢᠨ ᠬᠦᠷᠢᠶᠡᠯᠡᠨ ᠬᠠᠮᠠᠭᠠᠯᠠᠬᠤ ᠪᠦᠲᠦᠴᠡ᠂ ᠭᠡᠷᠡᠯᠲᠦᠭᠦᠯᠭᠡ᠂ ᠴᠠᠬᠢᠯᠭᠠᠨ | ᠱᠠᠲᠤ ᠵᠡᠷᠭᠡ ᠪᠡᠯᠡᠳᠬᠡᠮᠵᠢ ᠲᠥᠬᠦᠭᠡᠷᠦᠮᠵᠢ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠷᠭᠡᠳᠬᠡᠨ᠂ | ᠡᠨᠧᠷᠭᠢ ᠶᠢᠨ ᠵᠠᠷᠤᠳᠠᠯ ᠢ ᠨᠠᠶᠢᠳᠠᠨ ᠬᠠᠮᠢᠶᠠᠷᠤᠭᠤᠯᠬᠤ ᠵᠡᠷᠭᠡ ᠭᠡᠷᠡᠲᠦ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠢ | ᠲᠦᠯᠬᠢᠨ ᠠᠬᠢᠭᠤᠯᠤᠨ᠎ᠠ᠃ᠲᠥᠪ ᠤᠨ ᠠᠭᠠᠷ ᠲᠣᠬᠢᠷᠠᠭᠤᠯᠤᠭᠴᠢ ᠶᠢᠨ ᠥᠭᠡᠷᠡᠴᠢᠯᠡᠯᠲᠡ ᠶᠢ ᠥᠷᠨᠢᠭᠦᠯᠵᠦ᠂ | ᠣᠶᠤᠨᠴᠢ ᠪᠠᠷ ᠬᠠᠮᠢᠶᠠᠷᠤᠨ ᠡᠵᠡᠮᠳᠡᠬᠦ᠂ ᠣᠯᠠᠨ ᠡᠨᠧᠷᠭᠢ ᠪᠠᠷ ᠬᠠᠷᠢᠯᠴᠠᠨ ᠨᠥᠬᠦᠪᠦᠷᠢᠯᠡᠬᠦ ᠵᠡᠷᠭᠡ ᠮᠡᠷᠭᠡᠵᠢᠯ ᠢ | ᠬᠡᠷᠡᠭᠯᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ᠤᠯᠠᠨ ᠨᠡᠶᠢᠲᠡ ᠶᠢᠨ | ᠪᠠᠶᠢᠭᠤᠯᠤᠮᠵᠢ ᠶᠢᠨ ᠡᠨᠧᠷᠭᠢ ᠠᠷᠪᠢᠯᠠᠬᠤ ᠬᠠᠮᠢᠶᠠᠷᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠪᠣᠬᠢᠷᠳᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠤᠨ ᠬᠡᠷᠡᠭᠯᠡᠯᠲᠡ ᠶᠢ ᠠᠬᠢᠭᠤᠯᠤᠨ᠎ᠠ᠃ᠣᠯᠠᠨ ᠨᠡᠶᠢᠲᠡ ᠶᠢᠨ | ᠪᠠᠶᠢᠭᠤᠯᠤᠮᠵᠢ ᠶᠢᠨ ᠪᠣᠬᠢᠷᠳᠤᠯ ᠦᠭᠡᠢ ᠪᠠᠷ ᠠᠵᠢᠯᠯᠠᠬᠤ ᠠᠵᠢᠯᠯᠠᠭ᠎ᠠ ᠶᠢ ᠥᠷᠨᠢᠭᠦᠯᠵᠦ᠂ ᠮᠡᠳᠡᠭᠡ ᠵᠠᠩᠭᠢᠵᠢᠯᠲᠠ ᠶᠢᠨ | ᠵᠠᠰᠠᠭ ᠤᠨ ᠶᠠᠪᠤᠳᠠᠯ ᠤᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠡᠯᠧᠺᠲᠷᠤᠨᠴᠢᠯᠡᠭᠰᠡᠨ᠂ ᠴᠠᠭᠠᠰᠤ ᠦᠭᠡᠢ ᠪᠠᠷ | ᠠᠵᠢᠯᠯᠠᠬᠤ ᠶᠢ ᠳᠡᠯᠭᠡᠷᠡᠭᠦᠯᠵᠦ᠂ ᠳᠠᠬᠢᠯᠲᠠ ᠴᠠᠭᠠᠰᠤ᠂ ᠳᠠᠬᠢᠯᠲᠠ ᠬᠤᠷᠣᠭᠳᠠᠯ ᠮᠠᠲ᠋ᠧᠷᠢᠶᠠᠯ ᠵᠡᠷᠭᠡ ᠡᠷᠭᠢᠯᠲᠡᠲᠦ | ᠳᠠᠬᠢᠯᠲᠠ ᠠᠯᠪᠠᠨ ᠭᠡᠷ ᠤᠨ ᠬᠡᠷᠡᠭᠰᠡᠯ ᠢ ᠬᠡᠷᠡᠭᠯᠡᠬᠦ ᠶᠢ ᠰᠠᠨᠠᠭᠠᠴᠢᠯᠠᠨ᠎ᠠ᠃ᠬᠤᠷᠠᠯ ᠤᠨ ᠭᠡᠷ᠂ ᠪᠠᠶᠢᠭᠤᠯᠭ᠎ᠠ ᠶᠢᠨ | ᠬᠤᠭᠤᠯᠠᠨ ᠭᠡᠷ᠂ ᠠᠵᠢᠯᠯᠠᠬᠤ ᠲᠠᠯᠠᠪᠤᠷ ᠤᠨ ᠭᠡᠷᠡᠯᠲᠦᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠪᠠᠶᠢᠭᠠᠯᠢ ᠶᠢᠨ | ᠬᠡᠷᠡᠯ ᠢ ᠭᠦᠢᠴᠡᠳ ᠬᠡᠷᠡᠭᠯᠡᠨ᠂ ᠠᠶᠢᠮᠠᠭ ᠤᠨ ᠱᠠᠲᠤ ᠵᠢᠴᠢ ᠬᠤᠰᠢᠭᠤ ᠣᠷᠣᠨ ᠤ ᠰᠢᠭᠤᠳ ᠬᠠᠷᠢᠶ᠎ᠠ ᠣᠯᠠᠨ | ᠨᠡᠶᠢᠲᠡ ᠶᠢᠨ ᠪᠠᠶᠢᠭᠤᠯᠤᠮᠵᠢ ᠶᠢᠨ ᠥᠨᠳᠥᠷ ᠦᠷ᠎ᠡ ᠠᠰᠢᠭ ᠲᠠᠢ ᠭᠡᠷᠡᠯᠲᠦᠭᠦᠯᠭᠡ ᠶᠢᠨ ᠬᠡᠷᠡᠯ ᠡᠭᠦᠰᠬᠡᠭᠴᠢ ᠶᠢᠨ | ᠬᠡᠷᠡᠭᠯᠡᠯᠲᠡ ᠶᠢᠨ ᠨᠣᠷᠮ᠎ᠠ ᠶᠢ 100% ᠳᠤ ᠬᠦᠷᠭᠡᠨ᠎ᠡ᠃ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ | ᠦᠢᠯᠡᠳᠬᠦᠨ ᠢ ᠤᠷᠢᠳᠠᠪᠠᠷ ᠬᠤᠳᠠᠯᠳᠤᠨ ᠠᠪᠬᠤ ᠪᠠ ᠠᠯᠪᠠᠳᠠᠯᠭ᠎ᠠ ᠪᠠᠷ ᠬᠤᠳᠠᠯᠳᠤᠨ ᠠᠪᠬᠤ ᠳᠦᠷᠢᠮ ᠢ ᠴᠢᠩᠭ᠎ᠠ | ᠬᠡᠷᠡᠭᠵᠢᠭᠦᠯᠦᠨ᠎ᠡ᠃ᠵᠠᠰᠠᠭ ᠵᠠᠬᠢᠷᠭ᠎ᠠ᠂ ᠠᠵᠢᠯ ᠦᠢᠯᠡᠰ ᠤᠨ ᠨᠢᠭᠡᠴᠡ ᠨᠦᠭᠦᠳ ᠪᠣᠬᠢᠷᠳᠤᠯ ᠦᠭᠡᠢ ᠦᠢᠯᠡᠳᠬᠦᠨ | ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠣᠷᠴᠢᠨ | ᠲᠣᠭᠤᠷᠢᠨ ᠢ ᠬᠠᠮᠠᠭᠠᠯᠠᠬᠤ᠂ ᠳᠠᠬᠢᠯᠲᠠ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠪᠣᠬᠢᠷᠳᠤᠯ ᠦᠭᠡᠢ | ᠦᠢᠯᠡᠳᠬᠦᠨ ᠢ ᠨᠠᠩ ᠣᠯᠠᠨ ᠬᠤᠳᠠᠯᠳᠤᠨ ᠠᠪᠤᠨ᠎ᠠ᠃ᠤᠯᠠᠨ ᠨᠡᠶᠢᠲᠡ ᠶᠢᠨ ᠪᠠᠶᠢᠭᠤᠯᠤᠮᠵᠢ ᠶᠢᠨ ᠰᠢᠨ᠎ᠡ ᠡᠨᠧᠷᠭᠢ ᠶᠢᠨ | ᠰᠤᠷᠪᠤᠯᠵᠢ ᠶᠢᠨ ᠮᠠᠰᠢᠨ ᠲᠡᠷᠭᠡ ᠶᠢ ᠲᠦᠷᠦᠭᠦᠯᠡᠨ ᠬᠡᠷᠡᠭᠯᠡᠬᠦ ᠶᠢ ᠲᠦᠯᠬᠢᠨ ᠠᠬᠢᠭᠤᠯᠵᠤ᠂ ᠵᠢᠱᠢᠶ᠎ᠡ ᠦᠵᠡᠭᠦᠯᠵᠦ | ᠳᠠᠶᠢᠴᠢᠯᠠᠬᠤ ᠦᠢᠯᠡᠳᠦᠯ ᠢ ᠴᠢᠩᠭᠠᠷᠠᠭᠤᠯᠤᠨ᠎ᠠ᠃ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ ᠶᠢ ᠡᠭᠦᠳᠦᠨ | ᠪᠠᠶᠢᠭᠤᠯᠬᠤ ᠠᠵᠢᠯᠯᠠᠭ᠎ᠠ ᠶᠢ ᠠᠬᠢᠭᠤᠯᠵᠤ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠲᠡᠷᠢᠭᠦᠨ ᠤ ᠬᠡᠷᠡᠭᠯᠡᠭᠡᠨ ᠤ | ᠮᠡᠷᠭᠡᠵᠢᠯ ᠢ ᠰᠢᠯᠢᠨ ᠰᠣᠩᠭᠤᠬᠤ ᠪᠠ ᠡᠨᠧᠷᠭᠢ ᠡᠬᠢ ᠪᠠᠶᠠᠯᠢᠭ ᠢ ᠠᠷᠪᠢᠯᠠᠬᠤ ᠵᠢᠱᠢᠶ᠎ᠡ ᠦᠵᠡᠭᠦᠯᠦᠨ ᠲᠠᠨᠢᠯᠴᠠᠭᠤᠯᠬᠤ | ᠠᠵᠢᠯ ᠢ ᠦᠷᠭᠦᠯᠵᠢᠯᠡᠨ ᠥᠷᠨᠢᠭᠦᠯᠵᠦ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠰᠣᠶᠣᠯ ᠡᠷᠡᠭᠦᠯ ᠬᠠᠮᠠᠭᠠᠯᠠᠯ ᠤᠨ | ᠰᠢᠰᠲ᠋ᠧᠮ ᠤᠨ ᠠᠷᠪᠢᠯᠠᠨ ᠭᠠᠮᠨᠠᠬᠤ ᠬᠡᠯᠪᠡᠷᠢ ᠶᠢᠨ ᠣᠯᠠᠨ ᠨᠡᠶᠢᠲᠡ ᠶᠢᠨ ᠪᠠᠶᠢᠭᠤᠯᠤᠮᠵᠢ ᠶᠢᠨ ᠵᠢᠱᠢᠶ᠎ᠡ ᠦᠵᠡᠭᠦᠯᠦᠨ | ᠡᠭᠦᠳᠦᠨ ᠪᠠᠶᠢᠭᠤᠯᠬᠤ ᠠᠵᠢᠯ ᠢ ᠭᠤᠣᠯᠳᠠᠯᠭ᠎ᠠ ᠲᠠᠢ ᠠᠬᠢᠭᠤᠯᠵᠤ᠂ ᠡᠨᠧᠷᠭᠢ ᠬᠡᠷᠡᠭᠯᠡᠬᠦ ᠭᠤᠣᠯᠳᠠᠯᠭ᠎ᠠ ᠲᠠᠢ | ᠬᠦᠷᠢᠶ᠎ᠡ ᠶᠢᠨ ᠵᠢᠱᠢᠶ᠎ᠡ ᠦᠵᠡᠭᠦᠯᠬᠦ ᠨᠢᠭᠡᠴᠡ ᠶᠢᠨ ᠡᠭᠦᠳᠦᠨ ᠪᠠᠶᠢᠭᠤᠯᠬᠤ ᠬᠠᠷᠢᠴᠠᠯ ᠢ ᠳᠡᠭᠡᠭᠰᠢᠯᠡᠭᠦᠯᠦᠨ᠎ᠡ᠃2022 | ᠣᠨ ᠤ ᠵᠢᠯ ᠤᠨ ᠰᠡᠭᠦᠯᠴᠢ ᠠᠴᠠ ᠡᠮᠦᠨ᠎ᠡ ᠠᠶᠢᠮᠠᠭ ᠤᠨ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠯᠠᠨ | ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢ ᠪᠦᠬᠦᠨ ᠢ ᠡᠭᠦᠳᠦᠨ ᠪᠠᠶᠢᠭᠤᠯᠵᠤ ᠳᠠᠭᠤᠰᠬᠠᠬᠤ ᠶᠢ ᠲᠦᠯᠬᠢᠨ ᠠᠬᠢᠭᠤᠯᠵᠤ᠂ | 80% ᠠᠴᠠ ᠳᠡᠭᠡᠭᠰᠢᠬᠢ ᠬᠤᠰᠢᠭᠤ ᠣᠷᠣᠨ ᠤ ᠨᠠᠮ ᠵᠠᠰᠠᠭ ᠤᠨ ᠪᠠᠶᠢᠭᠤᠯᠭ᠎ᠠ ᠶᠢ 2025 ᠣᠨ ᠤ ᠵᠢᠯ ᠤᠨ | ᠰᠡᠭᠦᠯᠴᠢ ᠠᠴᠠ ᠡᠮᠦᠨ᠎ᠡ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠬᠦ ᠪᠠᠷ ᠴᠢᠷᠮᠠᠶᠢᠨ᠎ᠠ᠃ᠰᠢᠨ᠎ᠡ ᠪᠠᠷ | ᠪᠠᠶᠢᠭᠤᠯᠬᠤ ᠪᠠ ᠨᠢᠭᠡᠨᠲᠡ ᠪᠠᠶᠢᠭ᠎ᠠ ᠲᠡᠷᠭᠡᠨ ᠵᠣᠭᠰᠣᠭᠠᠯ ᠳᠤ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ | ᠴᠠᠬᠢᠯᠭᠠᠨ ᠴᠡᠨᠡᠭᠯᠡᠬᠦ ᠪᠡᠯᠡᠳᠬᠡᠮᠵᠢ ᠲᠣᠬᠢᠷᠠᠭᠤᠯᠬᠤ ᠪᠤᠶᠤ ᠴᠠᠬᠢᠯᠭᠠᠨ ᠴᠡᠨᠡᠭᠯᠡᠬᠦ ᠪᠡᠯᠡᠳᠬᠡᠮᠵᠢ ᠶᠢᠨ ᠤᠭᠰᠠᠷᠠᠬᠤ | ᠨᠥᠬᠦᠴᠡᠯ ᠢ ᠤᠷᠢᠳᠴᠢᠯᠠᠨ ᠦᠯᠡᠳᠡᠭᠡᠬᠦ ᠬᠡᠷᠡᠭᠲᠡᠢ᠃︵ᠠᠶᠢᠮᠠᠭ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠲᠥᠪ᠂ | ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠲᠤᠯᠤᠭ᠎ᠠ︶ ᠭᠤᠣᠯᠳᠠᠯᠭ᠎ᠠ ᠲᠠᠢ ᠣᠷᠣᠨ ᠪᠦᠰᠡ ᠶᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠨ᠎ᠠ | ᠭᠤᠣᠯᠳᠠᠯᠭ᠎ᠠ ᠲᠠᠢ ᠠᠵᠢᠯ ᠲᠦᠷᠦᠯ ᠤᠨ ᠪᠦᠲᠦᠴᠡ ᠶᠢ ᠲᠣᠬᠢᠷᠠᠭᠤᠯᠬᠤ ᠪᠠ ᠪᠣᠬᠢᠷᠳᠤᠯ ᠢ ᠵᠠᠰᠠᠬᠤ ᠡᠷᠴᠢᠮ ᠢ | ᠴᠢᠩᠭᠠᠷᠠᠭᠤᠯᠤᠨ᠎ᠠ᠃ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠵᠡᠷᠭᠡ ᠠᠵᠢᠯ ᠲᠥᠷᠥᠯ ᠢᠶᠠᠷ ᠭᠤᠣᠯᠳᠠᠯᠭ᠎ᠠ | ᠪᠣᠯᠭᠠᠵᠤ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠪᠥᠬᠦ ᠶᠠᠪᠤᠴᠠ ᠶᠢ ᠶᠡᠷᠦᠩᠬᠡᠶᠢᠯᠡᠨ ᠵᠠᠰᠠᠬᠤ ᠶᠢ | ᠠᠬᠢᠭᠤᠯᠤᠨ᠎ᠠ᠃ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠪᠠ ᠠᠽᠣᠲ ᠤᠨ ᠢᠰᠦᠮᠡᠭ ᠢ ᠬᠠᠮᠵᠢᠯᠴᠠᠨ | ᠭᠠᠳᠠᠭᠰᠢᠯᠠᠭᠤᠯᠬᠤ ᠶᠢ ᠪᠠᠭᠠᠰᠬᠠᠬᠤ ᠶᠢ ᠰᠦᠪᠡᠭᠴᠢᠯᠡᠨ ᠥᠷᠨᠢᠭᠦᠯᠵᠦ᠂ ᠨᠠᠷᠢᠨ ᠮᠥᠬᠦᠯᠢᠭᠲᠦ ᠪᠣᠳᠠᠰ ᠪᠠ ᠣᠽᠣᠨ ᠢ | ᠬᠠᠮᠵᠢᠯᠴᠠᠨ ᠡᠵᠡᠮᠳᠡᠬᠦ ᠶᠢ ᠴᠢᠩᠭᠠᠳᠬᠠᠨ᠎ᠠ᠃ᠤᠰᠤ ᠶᠢ ᠭᠦᠨ ᠠᠷᠪᠢᠯᠠᠵᠤ ᠤᠰᠤ ᠶᠢ ᠬᠢᠵᠠᠭᠠᠷᠯᠠᠬᠤ ᠠᠵᠢᠯᠯᠠᠭ᠎ᠠ ᠶᠢ | ᠬᠡᠷᠡᠭᠵᠢᠭᠦᠯᠦᠨ᠎ᠡ᠃ᠬᠤᠳᠠ ᠪᠠᠯᠭᠠᠰᠤᠨ ᠤ ᠪᠣᠬᠢᠷ ᠤᠰᠤ ᠬᠤᠭ ᠨᠣᠪᠰᠢ ᠶᠢ ᠰᠢᠢᠳᠪᠦᠷᠢᠯᠡᠬᠦ ᠪᠠ ᠠᠵᠤ ᠦᠢᠯᠡᠳᠪᠦᠷᠢ᠂ | ᠲᠠᠷᠢᠶᠠᠯᠠᠩ ᠤᠨ ᠤᠯᠠᠨ ᠡᠬᠢᠲᠦ ᠪᠣᠬᠢᠷᠳᠣᠯ᠂ ᠠᠭᠤᠷᠬᠠᠢ᠂ ᠦᠯᠡᠳᠡᠭᠳᠡᠯ ᠬᠦᠳᠡᠷ ᠤᠨ ᠬᠥᠮᠥᠷᠭᠡ ᠵᠡᠷᠭᠡ ᠪᠣᠬᠢᠷᠳᠤᠯ ᠢ | ᠵᠠᠰᠠᠬᠤ ᠢᠨᠵᠧᠨᠧᠷᠢᠩ ᠢ ᠯᠠᠪᠳᠠᠭᠤᠨ ᠢᠶᠠᠷ ᠲᠦᠯᠬᠢᠨ ᠠᠬᠢᠭᠤᠯᠤᠨ᠎ᠠ᠃ᠠᠯᠠᠱᠠ ᠠᠶᠢᠮᠠᠭ ᠤᠨ ᠬᠠᠲᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠬᠡᠷᠡᠭᠵᠢᠭᠦᠯᠬᠦ ᠲᠥᠰᠥᠯ ᠢ | ᠨᠠᠶᠢᠷᠠᠭᠤᠯᠤᠨ ᠵᠣᠬᠢᠶᠠᠵᠤ᠂ ᠬᠠᠲᠤᠨ ᠭᠤᠣᠯ ᠤᠨ ᠠᠮᠢ ᠠᠬᠤᠢ ᠶᠢ ᠬᠠᠮᠠᠭᠠᠯᠠᠨ ᠵᠠᠰᠠᠬᠤ ᠠᠵᠢᠯ ᠢ ᠪᠣᠬᠢᠷᠳᠤᠯ ᠢ | ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠭᠰᠡᠨ ᠦᠷ᠎ᠡ ᠪᠦᠲᠦᠮᠵᠢ ᠶᠢ | ᠰᠢᠯᠭᠠᠨ ᠬᠢᠨᠠᠬᠤ ᠳᠤ ᠣᠷᠣᠭᠤᠯᠤᠨ᠎ᠠ᠃2022 ᠣᠨ ᠤ ᠵᠢᠯ ᠤᠨ ᠰᠡᠭᠦᠯᠴᠢ ᠠᠴᠠ ᠡᠮᠦᠨ᠎ᠡ ᠬᠠᠲᠤᠨ ᠭᠤᠣᠯ ᠤᠨ | ᠭᠤᠣᠯ ᠤᠷᠤᠰᠬᠠᠯ ᠵᠢᠴᠢ ᠬᠡᠰᠡᠭ ᠴᠢᠬᠤᠯᠠ ᠰᠠᠯᠪᠤᠷᠢ ᠭᠤᠣᠯ ᠤᠨ ᠪᠣᠬᠢᠷᠳᠤᠯ ᠭᠠᠳᠠᠭᠰᠢᠯᠠᠭᠤᠯᠬᠤ ᠠᠮᠠ ᠶᠢ | ᠵᠢᠭᠰᠠᠭᠠᠨ ᠪᠠᠶᠢᠴᠠᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠡᠬᠡ | ᠲᠠᠩᠰᠠ ᠶᠢ ᠪᠠᠶᠢᠭᠤᠯᠤᠨ᠂ ᠪᠣᠬᠢᠷᠳᠤᠯ ᠭᠠᠳᠠᠭᠰᠢᠯᠠᠭᠤᠯᠬᠤ ᠠᠮᠠ ᠶᠢᠨ ᠬᠢᠨᠠᠨ ᠬᠡᠮᠵᠢᠯᠲᠡ ᠶᠢᠨ ᠡᠬᠢ ᠰᠤᠷᠪᠤᠯᠵᠢ ᠶᠢ | ᠡᠷᠢᠬᠦ ᠶᠢ ᠲᠦᠷᠬᠡᠨ ᠠᠬᠢᠭᠤᠯᠵᠤ᠂ ᠴᠡᠭᠴᠡᠯᠡᠨ ᠵᠠᠰᠠᠬᠤ ᠠᠵᠢᠯ ᠢ ᠬᠦᠴᠦᠲᠡᠢ ᠠᠬᠢᠭᠤᠯᠤᠨ᠎ᠠ᠃2025 ᠣᠨ | ᠪᠣᠯᠬᠤ ᠳᠤ᠂ ᠪᠣᠶ ᠪᠦᠬᠦᠢ ᠪᠣᠬᠢᠷ ᠪᠣᠳᠠᠰ ᠭᠠᠳᠠᠭᠰᠢᠯᠠᠭᠤᠯᠬᠤ ᠠᠮᠠ ᠶᠢ ᠵᠢᠭᠰᠠᠭᠠᠨ ᠪᠠᠶᠢᠴᠠᠭᠠᠬᠤ ᠶᠢ ᠪᠡᠶᠡᠯᠡᠭᠦᠯᠵᠦ᠂ | ᠬᠠᠲᠤᠨ ᠭᠤᠣᠯ ᠤᠨ ᠭᠤᠣᠯ ᠤᠷᠤᠰᠬᠠᠯ ᠵᠢᠴᠢ ᠴᠢᠬᠤᠯᠠ ᠰᠠᠯᠪᠤᠷᠢ ᠤᠷᠤᠰᠬᠠᠯ ᠤᠨ ᠭᠤᠣᠯ ᠮᠥᠷᠡᠨ ᠤ ᠪᠣᠬᠢᠷ | ᠪᠣᠳᠠᠰ ᠭᠠᠳᠠᠭᠰᠢᠯᠠᠭᠤᠯᠬᠤ ᠠᠮᠠ ᠶᠢ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠦᠨ᠎ᠡ᠃︵ᠠᠶᠢᠮᠠᠭ ᠤᠨ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠂ ᠤᠰᠤᠨ ᠤ ᠶᠠᠪᠤᠳᠠᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ | ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠨᠠᠢᠮᠠ︶ ᠨᠡᠭᠦᠷᠡᠰᠦ ᠶᠢ ᠴᠡᠪᠡᠷ ᠪᠥᠭᠡᠳ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠨ᠎ᠠ | ᠦᠯᠡᠳᠡᠭᠡᠯ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠨᠡᠭᠦᠷᠡᠰᠦ ᠶᠢ ᠠᠷᠪᠢᠯᠠᠨ ᠬᠤᠷᠣᠭᠳᠠᠯ ᠢ | ᠪᠠᠭᠠᠰᠬᠠᠬᠤ ᠥᠭᠡᠷᠡᠴᠢᠯᠡᠯᠲᠡ᠂ ᠢᠯᠴᠢ ᠬᠠᠩᠭᠠᠬᠤ ᠥᠭᠡᠷᠡᠴᠢᠯᠡᠯᠲᠡ᠂ ᠠᠮᠢᠳᠤᠯᠢᠭ ᠴᠢᠨᠠᠷᠲᠠᠢ ᠥᠭᠡᠷᠡᠴᠢᠯᠡᠯᠲᠡ ᠶᠢᠨ | ︽ᠭᠤᠷᠪᠠᠨ ᠥᠭᠡᠷᠡᠴᠢᠯᠡᠯᠲᠡ ᠶᠢᠨ ᠬᠤᠯᠪᠣᠯᠳᠤᠯ︾ ᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠭᠡᠳᠤ ᠳᠣᠣᠷ᠎ᠠ ᠭᠠᠳᠠᠭᠰᠢᠯᠠᠭᠤᠯᠤᠯᠲᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠤᠨ᠎ᠠ᠃ᠪᠣᠯᠣᠳ ᠲᠡᠮᠦᠷ᠂ ᠴᠢᠳᠬᠤᠯᠲᠠ᠂ ᠪᠠᠷᠢᠯᠭ᠎ᠠ ᠶᠢᠨ | ᠮᠠᠲ᠋ᠧᠷᠢᠶᠠᠯ ᠵᠡᠷᠭᠡ ᠨᠡᠭᠦᠷᠡᠰᠦ ᠬᠤᠷᠣᠭᠳᠠᠭᠤᠯᠬᠤ ᠭᠤᠣᠯᠳᠠᠯᠭ᠎ᠠ ᠲᠠᠢ ᠠᠵᠢᠯ ᠲᠥᠷᠥᠯ ᠤᠨ ᠬᠠᠮᠢᠶᠠᠷᠤᠯᠲᠠ ᠶᠢ | ᠴᠢᠩᠭᠠᠳᠬᠠᠵᠤ᠂ ᠴᠠᠬᠢᠯᠭᠠᠨ ᠡᠨᠧᠷᠭᠢ ᠪᠠᠷ ᠣᠷᠣᠯᠠᠭᠤᠯᠬᠤ ᠶᠢ ᠠᠬᠢᠭᠤᠯᠤᠨ᠎ᠠ᠃ᠢᠯᠴᠢ ᠴᠠᠬᠢᠯᠭᠠᠨ ᠢ ᠬᠠᠮᠲᠤᠷᠠᠨ | ᠦᠢᠯᠡᠳᠪᠦᠷᠢᠯᠡᠵᠦ ᠲᠥᠪᠯᠡᠷᠡᠭᠦᠯᠦᠨ ᠢᠯᠴᠢ ᠬᠠᠩᠭᠠᠬᠤ ᠲᠠᠯᠠᠪᠠᠢ ᠶᠢ ᠦᠷᠭᠦᠯᠵᠢᠯᠡᠨ ᠥᠷᠭᠡᠳᠬᠡᠵᠦ᠂ ᠠᠵᠤ | ᠦᠢᠯᠡᠳᠪᠦᠷᠢ ᠶᠢᠨ ᠦᠯᠡᠳᠡᠪᠦᠷᠢ ᠢᠯᠴᠢ ᠪᠠᠷ ᠲᠥᠪᠯᠡᠷᠡᠭᠦᠯᠦᠨ ᠢᠯᠴᠢ ᠬᠠᠩᠭᠠᠬᠤ ᠶᠢ ᠳᠡᠯᠭᠡᠷᠡᠭᠦᠯᠦᠨ᠂ ︽ᠲᠠᠷᠠᠬᠠᠢ | ᠨᠡᠭᠦᠷᠡᠰᠦ ᠶᠢ ᠬᠤᠶᠠᠷ ᠢ ᠣᠷᠣᠯᠠᠭᠤᠯᠬᠤ︾ ᠶᠢ ᠰᠢᠨᠵᠢᠯᠡᠬᠦ ᠤᠬᠠᠭᠠᠨᠴᠢ ᠪᠥᠭᠡᠳ ᠡᠮᠬᠢ ᠵᠢᠷᠤᠮ ᠲᠠᠢ ᠪᠠᠷ ᠲᠦᠯᠬᠢᠨ | ᠠᠬᠢᠭᠤᠯᠵᠤ᠂ ᠳᠤᠯᠠᠭᠠᠯᠠᠭ᠎ᠠ ᠳᠤ ᠬᠡᠷᠡᠭᠯᠡᠬᠦ ᠨᠡᠭᠦᠷᠡᠰᠦᠨ ᠤ ᠬᠡᠷᠡᠭᠴᠡᠭᠡ ᠶᠢ ᠪᠠᠭᠠᠰᠬᠠᠨ᠎ᠠ᠃ᠳᠡᠭᠡᠳᠦ ᠰᠢᠨ᠎ᠡ ᠬᠡᠷᠡᠭᠯᠡᠭᠡᠨ ᠤ | ᠮᠡᠷᠭᠡᠵᠢᠯ ᠢ ᠬᠡᠷᠡᠭᠯᠡᠨ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠠᠵᠤ ᠦᠢᠯᠡᠰ ᠢ | ᠥᠭᠡᠷᠡᠴᠢᠯᠡᠨ ᠰᠢᠯᠢᠳᠡᠭᠵᠢᠭᠦᠯᠦᠨ ᠬᠥᠭᠵᠢᠭᠦᠯᠵᠦ᠂ ᠲᠡᠭᠦᠨ ᠤ ᠣᠷᠴᠢᠯ ᠠᠵᠤ ᠠᠬᠤᠢ ᠲᠡᠰᠢ ᠲᠦᠷᠭᠡᠨ ᠢᠶᠠᠷ | ᠬᠥᠭᠵᠢᠬᠦ ᠶᠢ ᠠᠬᠢᠭᠤᠯᠤᠨ᠎ᠠ᠃ᠨᠡᠭᠦᠷᠡᠰᠦ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠬᠡᠲᠦ ᠳᠣᠣᠷ᠎ᠠ | ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠪᠥᠬᠦ ᠠᠶᠢᠮᠠᠭ ᠤᠨ 30 ᠲᠦᠮᠡᠨ | ᠺᠢᠯᠣᠸᠠᠲ ᠵᠢᠴᠢ ᠲᠡᠭᠦᠨ ᠠᠴᠠ ᠳᠡᠭᠡᠭᠰᠢᠬᠢ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠴᠠᠬᠢᠯᠭᠠᠨ ᠤ | ᠦᠢᠯᠡᠳᠪᠦᠷᠢ ᠶᠢᠨ ᠢᠯᠴᠢ ᠬᠠᠩᠭᠠᠬᠤ ᠷᠠᠳᠢᠦ᠋ᠰ ᠨᠢ 15 ᠺᠢᠯᠣᠮᠧᠲᠷ ᠤᠨ ᠬᠡᠪᠴᠢᠶᠡᠨ ᠳᠣᠲᠣᠷᠠᠬᠢ ᠨᠡᠭᠦᠷᠡᠰᠦ | ᠰᠢᠲᠠᠭᠠᠬᠤ ᠵᠣᠤᠬ᠎ᠠ ᠶᠢ ᠬᠠᠭᠠᠵᠤ ᠵᠣᠭᠰᠣᠭᠠᠵᠤ ᠡᠮᠬᠢᠯᠡᠨ ᠨᠡᠶᠢᠯᠡᠭᠦᠯᠦᠨ᠎ᠡ᠃2025 ᠣᠨ ᠪᠣᠯᠬᠤ ᠳᠤ᠂ ᠪᠥᠬᠦ | ᠠᠶᠢᠮᠠᠭ ᠤᠨ ᠨᠡᠭᠦᠷᠡᠰᠦᠨ ᠤ ᠬᠡᠷᠡᠭᠯᠡᠭᠡᠨ ᠤ ᠬᠤᠪᠢ ᠶᠢᠨ ᠵᠢᠩ ᠢ 75% ᠠᠴᠠ ᠳᠣᠷᠣᠭᠰᠢ ᠪᠣᠯᠲᠠᠯ᠎ᠠ | ᠪᠠᠭᠤᠷᠠᠭᠤᠯᠵᠤ᠂ ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠡᠵᠡᠯᠡᠬᠦ ᠬᠠᠷᠢᠴᠠᠯ ᠢ 18% ᠠᠴᠠ | ᠳᠡᠭᠡᠭᠰᠢ ᠳᠤ ᠬᠦᠷᠦᠭᠦᠯᠦᠨ᠎ᠡ᠃︵ᠠᠶᠢᠮᠠᠭ ᠤᠨ ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ | ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ︵ᠶᠢᠰᠦ︶ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠨ᠎ᠠ | ᠪᠦᠬᠦ ᠶᠠᠪᠤᠴᠠ ᠶᠢᠨ ᠪᠣᠬᠢᠷᠳᠤᠯ ᠪᠣᠳᠠᠰ ᠢ ᠵᠠᠰᠠᠬᠤ ᠶᠢ ᠬᠡᠷᠡᠭᠵᠢᠭᠦᠯᠦᠨ᠎ᠡ᠃ᠲᠦᠭᠦᠬᠡᠢ ᠮᠠᠲ᠋ᠧᠷᠢᠶᠠᠯ ᠲᠤᠰᠠᠯᠠᠬᠤ | ᠮᠠᠲ᠋ᠧᠷᠢᠶᠠᠯ ᠪᠠ ᠪᠦᠲᠦᠭᠡᠭᠳᠡᠬᠦᠨ ᠤ ᠡᠬᠢ ᠡᠭᠦᠰᠦᠯ ᠠᠴᠠ ᠨᠢ ᠣᠷᠣᠯᠠᠭᠤᠯᠬᠤ ᠢᠨᠵᠧᠨᠧᠷᠢᠩ ᠢ ᠲᠦᠯᠬᠢᠨ ᠠᠬᠢᠭᠤᠯᠵᠤ | ᠂ ᠠᠵᠤ ᠦᠢᠯᠡᠳᠪᠦᠷᠢ ᠶᠢᠨ ᠰᠢᠷᠳᠡᠨ ᠰᠠᠪᠠᠯᠠᠬᠤ᠂ ᠪᠣᠭᠤᠳᠠᠯᠯᠠᠨ ᠳᠠᠷᠤᠮᠠᠯᠯᠠᠬᠤ ᠵᠡᠷᠭᠡ ᠠᠵᠢᠯ ᠲᠥᠷᠥᠯ ᠢᠶᠠᠷ | ᠭᠤᠣᠯᠳᠠᠯᠭ᠎ᠠ ᠪᠣᠯᠭᠠᠨ᠂ ᠠᠭᠤᠰᠬᠠᠭᠴᠢ ᠮᠠᠶ᠋ᠢᠭ ᠤᠨ ᠠᠵᠤ ᠦᠢᠯᠡᠳᠪᠦᠷᠢ ᠶᠢᠨ ᠰᠢᠷᠯᠢᠭ ᠡᠳ᠋᠂ ᠲᠣᠰᠣᠨ ᠪᠡᠭᠡ᠂ | ᠨᠠᠭᠠᠯᠳᠤᠭᠤᠯᠤᠭᠴᠢ ᠡᠳ᠋᠂ ᠠᠷᠢᠭᠤᠳᠬᠠᠭᠴᠢ ᠡᠳ᠋ ᠵᠡᠷᠭᠡ ᠴᠡᠪᠡᠷ ᠲᠦᠭᠦᠬᠡᠢ ᠮᠠᠲ᠋ᠧᠷᠢᠶᠠᠯ ᠢᠶᠠᠷ ᠣᠷᠣᠯᠠᠭᠤᠯᠬᠤ ᠶᠢ | ᠬᠡᠷᠡᠭᠵᠢᠭᠦᠯᠬᠦ ᠶᠢ ᠲᠦᠯᠬᠢᠨ ᠠᠬᠢᠭᠤᠯᠤᠨ᠎ᠠ᠃ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠬᠢᠮᠢ ᠶᠢᠨ ᠠᠵᠤ | ᠦᠢᠯᠡᠳᠪᠦᠷᠢ ᠵᠡᠷᠭᠡ ᠠᠵᠢᠯ ᠲᠥᠷᠥᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠪᠣᠬᠢᠷᠳᠤᠯ ᠢ ᠵᠠᠰᠠᠬᠤ ᠶᠢ | ᠭᠦᠨᠵᠡᠭᠡᠶᠢᠷᠡᠭᠦᠯᠵᠦ᠂ ᠬᠠᠶᠠᠭᠳᠠᠮᠠᠯ ᠬᠡᠢ ᠶᠢ ᠬᠤᠷᠢᠶᠠᠨ ᠴᠤᠭᠯᠠᠭᠤᠯᠬᠤ ᠨᠣᠷᠮ᠎ᠠ᠂ ᠵᠠᠰᠠᠬᠤ ᠪᠡᠯᠡᠳᠬᠡᠮᠵᠢ ᠶᠢᠨ | ᠵᠡᠷᠭᠡ ᠪᠠᠷ ᠠᠵᠢᠯᠯᠠᠬᠤ ᠨᠣᠷᠮ᠎ᠠ ᠪᠠ ᠠᠷᠢᠯᠭᠠᠬᠤ ᠨᠣᠷᠮ᠎ᠠ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ᠳᠡᠭᠳᠡᠮᠡᠬᠡᠢ | ᠴᠢᠨᠠᠷᠲᠠᠢ ᠣᠷᠭᠠᠨᠢᠭ ᠪᠣᠳᠠᠰ ᠤᠨ ᠬᠠᠳᠠᠭᠠᠯᠠᠬᠤ ᠰᠠᠪᠠ ᠶᠢ ᠵᠢᠭᠰᠠᠭᠠᠨ ᠪᠠᠶᠢᠴᠠᠭᠠᠬᠤ ᠶᠢ ᠥᠷᠨᠢᠭᠦᠯᠵᠦ᠂ ᠠᠮᠠᠷᠬᠠᠨ | ᠳᠡᠭᠳᠡᠬᠦ ᠣᠷᠭᠠᠨᠢᠭ ᠰᠢᠩᠭᠡᠨ ᠪᠡᠶᠡᠲᠦ ᠶᠢᠨ ᠬᠠᠳᠠᠭᠠᠯᠠᠬᠤ ᠰᠠᠪᠠ ᠳᠤ ᠥᠭᠡᠷᠡᠴᠢᠯᠡᠯᠲᠡ ᠬᠢᠵᠦ᠂ ᠬᠥᠪᠥᠮᠡᠯ ᠣᠷᠣᠢ ᠶᠢᠨ | ᠰᠠᠪᠠ ᠳᠤ ᠪᠦᠷᠢᠨ ᠵᠠᠯᠭᠠᠭᠤᠯᠬᠤ ᠬᠥᠪᠥᠮᠡᠯ ᠲᠠᠪᠠᠭ ᠪᠠ ᠥᠨᠳᠥᠷ ᠦᠷ᠎ᠡ ᠠᠰᠢᠭᠲᠤ ᠳᠠᠪᠬᠤᠷ ᠪᠢᠲᠡᠭᠦᠮᠵᠢᠯᠡᠬᠦ | ᠮᠡᠷᠭᠡᠵᠢᠯ ᠢ ᠳᠡᠯᠭᠡᠷᠡᠭᠦᠯᠦᠨ ᠬᠡᠷᠡᠭᠯᠡᠵᠦ᠂ ᠬᠠᠶᠠᠭᠳᠠᠮᠠᠯ ᠤᠰᠤᠨ ᠤ ᠰᠢᠰᠲ᠋ᠧᠮ ᠤᠨ ᠥᠨᠳᠥᠷ ᠥᠳᠬᠡᠴᠡ ᠲᠠᠢ | ᠬᠠᠶᠠᠭᠳᠠᠮᠠᠯ ᠬᠡᠢ ᠶᠢ ᠲᠤᠰᠠᠭᠠᠷ ᠴᠤᠭᠯᠠᠭᠤᠯᠤᠨ ᠰᠢᠢᠳᠪᠦᠷᠢᠯᠡᠬᠦ ᠶᠢ ᠬᠡᠷᠡᠭᠵᠢᠭᠦᠯᠦᠨ᠎ᠡ᠃2025 ᠣᠨ ᠪᠣᠯᠬᠤ ᠳᠤ᠂ | ᠠᠭᠤᠰᠬᠠᠭᠴᠢ ᠬᠡᠯᠪᠡᠷᠢ ᠶᠢᠨ ᠠᠵᠤ ᠦᠢᠯᠡᠳᠪᠦᠷᠢ ᠶᠢᠨ ᠰᠢᠷ ᠪᠤᠳᠤᠭ᠂ ᠲᠣᠰᠣᠨ ᠪᠡᠭᠡ ᠶᠢᠨ ᠬᠡᠷᠡᠭᠯᠡᠬᠦ ᠬᠠᠷᠢᠴᠠᠯ ᠢ | ᠲᠣᠰ ᠲᠣᠰ 20%᠂ 10% ᠪᠠᠷ ᠪᠠᠭᠤᠷᠠᠭᠤᠯᠵᠤ᠂ ᠠᠭᠤᠰᠬᠠᠭᠴᠢ ᠬᠡᠯᠪᠡᠷᠢ ᠶᠢᠨ ᠨᠠᠭᠠᠯᠳᠤᠭᠤᠯᠤᠭᠴᠢ ᠡᠳ᠋ ᠤᠨ | ᠬᠡᠷᠡᠭᠯᠡᠬᠦ ᠬᠡᠮᠵᠢᠶ᠎ᠡ ᠶᠢ 20% ᠪᠠᠷ ᠪᠠᠭᠤᠷᠠᠭᠤᠯᠤᠨ᠎ᠠ᠃︵ᠠᠶᠢᠮᠠᠭ ᠤᠨ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠠᠷᠪᠠ︶ ᠣᠷᠴᠢᠨ ᠲᠣᠭᠤᠷᠢᠨ ᠤ ᠰᠠᠭᠤᠷᠢ ᠪᠡᠯᠡᠳᠬᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠢ ᠵᠠᠰᠠᠬᠤ ᠰᠢᠰᠲ᠋ᠧᠮᠵᠢ ᠶᠢ ᠬᠦᠴᠦᠯᠡᠨ | ᠪᠠᠶᠢᠭᠤᠯᠵᠤ᠂ ᠡᠩ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠂ ᠠᠶᠤᠯᠲᠠᠢ ᠬᠠᠶᠠᠭᠳᠠᠮᠠᠯ | ᠪᠣᠳᠠᠰ᠂ ᠡᠮᠴᠢᠯᠡᠭᠡᠨ ᠤ ᠬᠠᠶᠠᠭᠳᠠᠮᠠᠯ ᠪᠣᠳᠠᠰ ᠤᠨ ᠪᠣᠬᠢᠷᠳᠤᠯ ᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠡᠬᠢ | ᠡᠭᠦᠰᠦᠯ ᠠᠴᠠ ᠨᠢ ᠶᠡᠭᠡ ᠬᠡᠮᠵᠢᠶ᠎ᠡ ᠪᠠᠷ ᠪᠠᠭᠠᠰᠬᠠᠬᠤ᠂ ᠭᠦᠢᠴᠡᠳ ᠡᠬᠢ ᠪᠠᠶᠠᠯᠢᠭᠵᠢᠭᠤᠯᠤᠨ ᠠᠰᠢᠭᠯᠠᠬᠤ ᠪᠠ ᠠᠮᠤᠷ | ᠲᠦᠪᠰᠢᠨ ᠢᠶᠠᠷ ᠰᠢᠢᠳᠪᠦᠷᠢᠯᠡᠬᠦ ᠶᠢ ᠪᠡᠶᠡᠯᠡᠭᠦᠯᠦᠨ᠎ᠡ᠃ᠪᠣᠬᠢᠷ ᠤᠰᠤ᠂ ᠬᠤᠭ ᠨᠣᠪᠰᠢ᠂ ᠬᠠᠲᠠᠭᠤ ᠪᠡᠶᠡᠲᠦ ᠬᠠᠶᠠᠭᠳᠠᠮᠠᠯ | ᠪᠣᠳᠠᠰ᠂ ᠠᠶᠤᠯᠲᠠᠢ ᠬᠠᠶᠠᠭᠳᠠᠮᠠᠯ ᠪᠣᠳᠠᠰ᠂ ᠡᠮ ᠡᠮᠨᠡᠯᠭᠡ ᠶᠢᠨ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠲᠥᠬᠦᠭᠡᠷᠦᠮᠵᠢ | ᠪᠠ ᠬᠢᠨᠠᠨ ᠬᠡᠮᠵᠢᠵᠦ ᠬᠢᠨᠠᠨ ᠬᠠᠮᠢᠶᠠᠷᠬᠤ ᠴᠢᠳᠠᠪᠤᠷᠢ ᠶᠢ ᠨᠢᠭᠡ ᠴᠣᠭᠴᠠᠵᠢᠭᠤᠯᠤᠭᠰᠠᠨ ᠣᠷᠴᠢᠨ ᠠᠬᠤᠢ ᠶᠢᠨ ᠰᠠᠭᠤᠷᠢ | ᠲᠥᠬᠦᠭᠡᠷᠦᠮᠵᠢ ᠶᠢᠨ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠤᠨ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠯ ᠢ ᠰᠢᠢᠳᠪᠦᠷᠢᠯᠡᠬᠦ ᠵᠢᠴᠢ ᠶᠡᠷᠦᠩᠬᠡᠶᠢᠯᠡᠨ | ᠠᠰᠢᠭᠯᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠡᠭᠡᠭᠦᠯᠦᠨ | ᠬᠤᠷᠢᠶᠠᠵᠤ ᠪᠣᠯᠬᠤ ᠶᠢ ᠨᠢ ᠡᠭᠡᠭᠦᠯᠦᠨ ᠬᠤᠷᠢᠶᠠᠬᠤ᠂ ᠢᠯᠭᠠᠬᠤ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠨ᠎ᠠ᠃ᠬᠤᠲᠠ ᠪᠠᠯᠭᠠᠰᠤ ᠶᠢᠨ ᠤᠰᠤ ᠬᠠᠩᠭᠠᠬᠤ ᠤᠰᠤ ᠵᠠᠯᠠᠬᠤ ᠬᠤᠭᠤᠯᠠᠢ ᠲᠣᠣᠷ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤ ᠶᠢᠨ ᠤᠰᠤ | ᠬᠠᠩᠭᠠᠬᠤ ᠤᠰᠤ ᠵᠠᠯᠠᠬᠤ ᠬᠠᠭᠤᠴᠢᠨ ᠬᠤᠭᠤᠯᠠᠢ ᠲᠣᠣᠷ ᠢ ᠰᠢᠨᠡᠳᠬᠡᠬᠦ ᠪᠠ ᠥᠭᠡᠷᠡᠴᠢᠯᠡᠬᠦ ᠶᠢ ᠠᠬᠢᠭᠤᠯᠤᠨ᠂ | ᠠᠯᠠᠱᠠ ᠵᠡᠭᠦᠨ ᠬᠤᠰᠢᠭᠤᠨ ᠤ ᠪᠠᠶᠠᠨᠬᠤᠲᠠ ᠪᠠᠯᠭᠠᠰᠤ ᠶᠢᠨ ᠪᠣᠷᠣᠭᠠᠨ ᠤ ᠣᠰᠣ ᠪᠣᠬᠢᠷᠳᠤᠯ ᠢ ᠰᠠᠯᠭᠠᠬᠤ ᠬᠤᠭᠤᠯᠠᠢ | ᠲᠣᠣᠷ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠭᠤᠣᠯᠳᠠᠯᠭ᠎ᠠ ᠲᠠᠢ ᠠᠬᠢᠭᠤᠯᠤᠨ᠎ᠠ᠃ᠠᠮᠢᠳᠤᠷᠠᠯ ᠤᠨ | ᠬᠤᠭ ᠨᠣᠪᠰᠢ ᠶᠢ ᠲᠥᠷᠥᠯ ᠬᠤᠪᠢᠶᠠᠬᠤ ᠪᠡᠯᠡᠳᠬᠡᠮᠵᠢ ᠶᠢᠨ ᠰᠢᠰᠲ᠋ᠧᠮᠵᠢ ᠪᠠ ᠲᠥᠷᠥᠯ ᠬᠤᠪᠢᠶᠠᠨ ᠲᠠᠯᠪᠢᠬᠤ᠂ | ᠲᠡᠭᠡᠭᠡᠪᠦᠷᠢᠯᠡᠬᠦ᠂ ᠰᠢᠢᠳᠪᠦᠷᠢᠯᠡᠬᠦ ᠰᠢᠰᠲ᠋ᠧᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠵᠦ᠂ ᠠᠯᠠᠱᠠ ᠪᠠᠷᠠᠭᠤᠨ | ᠬᠤᠰᠢᠭᠤᠨ ᠤ ᠪᠠᠳᠠᠢ ᠶᠢᠨ ᠵᠢᠷᠠᠨ ᠪᠠᠯᠭᠠᠰᠤ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤ ᠶᠢᠨ ᠬᠤᠭᠤᠯᠠᠨ | ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ | ᠠᠬᠢᠭᠤᠯᠤᠨ᠎ᠠ᠃2025 ᠣᠨ ᠪᠣᠯᠬᠤ ᠳᠤ᠂ ᠪᠥᠬᠦ ᠠᠶᠢᠮᠠᠭ ᠤᠨ ᠬᠤᠲᠠ ᠪᠠᠯᠭᠠᠰᠤ ᠶᠢᠨ ᠠᠮᠢᠳᠤᠷᠠᠯ ᠤᠨ ᠪᠣᠬᠢᠷ | ᠤᠰᠤ ᠶᠢ ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠬᠤᠣᠷ ᠦᠭᠡᠢ ᠪᠣᠯᠭᠠᠨ ᠰᠢᠢᠳᠪᠦᠷᠢᠯᠡᠬᠦ ᠨᠣᠷᠮ᠎ᠠ ᠶᠢ | 90% ᠠᠴᠠ ᠳᠡᠭᠡᠭᠰᠢ ᠳᠤ ᠬᠦᠷᠦᠭᠦᠯᠦᠨ᠎ᠡ᠃︵ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠨᠢ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠥᠷᠪᠡ᠂ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠦᠷᠦ ᠶᠢᠨ | ᠪᠣᠳᠣᠯᠭ᠎ᠠ ᠶᠢ ᠨᠠᠶᠢᠳᠠᠪᠣᠷᠢᠵᠢᠭᠤᠯᠣᠨ᠎ᠠ | ︵ᠨᠢᠭᠡ︶ ᠡᠨᠧᠷᠭᠢ ᠶᠢᠨ ᠬᠤᠷᠣᠭᠳᠠᠭᠤᠯᠭ᠎ᠠ ᠶᠢᠨ ᠬᠤᠣᠰ ᠡᠵᠡᠮᠳᠡᠯ ᠤᠨ ᠬᠡᠮᠵᠢᠶ᠎ᠡ ᠶᠢ ᠰᠢᠯᠢᠳᠡᠭᠵᠢᠭᠦᠯᠦᠨ | ᠲᠡᠭᠦᠯᠳᠡᠷᠵᠢᠭᠦᠯᠦᠨ᠎ᠡ᠃ᠡᠨᠧᠷᠭᠢ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢ ᠪᠠᠭᠤᠷᠠᠭᠤᠯᠬᠤ ᠬᠢᠵᠠᠭᠠᠷᠯᠠᠯ ᠤᠨ ᠴᠢᠨᠠᠷᠲᠠᠢ ᠭᠦᠢᠴᠡᠳᠬᠡᠯ ᠲᠤᠭ᠎ᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠠᠮᠢᠶᠠᠷᠤᠯᠲᠠ ᠶᠢᠨ ᠤᠶᠠᠨ | ᠬᠠᠳᠠᠨ ᠴᠢᠨᠠᠷ ᠢ ᠪᠦᠲᠦᠮᠵᠢᠲᠡᠢ ᠴᠢᠩᠭᠠᠳᠬᠠᠵᠤ᠂ ᠡᠯ᠎ᠡ ᠭᠠᠵᠠᠷ ᠣᠷᠣᠨ ᠤ ᠡᠨᠧᠷᠭᠢ ᠶᠢᠨ ᠬᠤᠷᠣᠭᠳᠠᠭᠤᠯᠤᠯ ᠤᠨ | ᠬᠦᠴᠦᠯᠡᠴᠡ ᠶᠢ ᠪᠠᠭᠤᠷᠠᠭᠤᠯᠬᠤ ᠬᠠᠷᠠᠯᠲᠠ ᠶᠢ ᠵᠣᠬᠢᠰᠲᠠᠢ ᠲᠣᠭᠲᠠᠭᠠᠵᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠢ | ᠬᠡᠮᠵᠢᠶ᠎ᠡ ᠶᠢᠨ ᠭᠦᠢᠴᠡᠳᠬᠡᠯᠰᠢᠨᠡ ᠪᠠᠷ ᠨᠡᠮᠡᠭᠳᠡᠭᠰᠡᠨ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ | ᠴᠠᠬᠢᠯᠭᠠᠨ ᠬᠦᠴᠦᠨ ᠤ ᠬᠡᠷᠡᠭᠯᠡᠭᠡᠨ ᠤ ᠬᠡᠮᠵᠢᠶ᠎ᠡ ᠶᠢ ᠣᠷᠣᠨ ᠨᠤᠲᠤᠭ ᠤᠨ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢᠨ ᠬᠢᠨᠠᠨ ᠰᠢᠯᠭᠠᠯᠲᠠ ᠳᠤ ᠣᠷᠣᠭᠤᠯᠬᠤ ᠦᠭᠡᠢ᠂ ᠲᠦᠭᠦᠬᠡᠢ ᠮᠠᠲ᠋ᠧᠷᠢᠶᠠᠯ ᠤᠨ | ᠡᠨᠧᠷᠭᠢ ᠬᠡᠷᠡᠭᠯᠡᠬᠦ ᠶᠢ ᠣᠷᠣᠨ ᠨᠤᠲᠤᠭ ᠤᠨ ᠡᠨᠧᠷᠭᠢ ᠶᠢᠨ ᠬᠤᠷᠣᠭᠳᠠᠯ ᠤᠨ ᠬᠦᠴᠦᠯᠡᠴᠡ᠂ ᠤᠯᠤᠰ ᠪᠠ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠡᠨᠧᠷᠭᠢ ᠶᠢᠨ ᠬᠤᠷᠣᠭᠳᠠᠭᠤᠯᠤᠯ ᠢ ᠠᠰ | ᠲᠤᠨᠢ ᠵᠢᠭᠰᠠᠭᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠨᠧᠷᠭᠢ ᠶᠢᠨ ᠬᠤᠷᠣᠭᠳᠠᠭᠤᠯᠤᠯ ᠢ ᠠᠰ | ᠲᠤᠨᠢ ᠵᠢᠭᠰᠠᠭᠠᠬᠤ ᠬᠡᠪᠴᠢᠶᠡᠨ ᠳᠤ ᠵᠢᠭᠰᠠᠭᠠᠨ ᠣᠷᠣᠭᠤᠯᠤᠭᠰᠠᠨ ᠴᠢᠬᠤᠯᠠ ᠶᠡᠭᠡ ᠲᠥᠷᠥᠯ ᠵᠦᠢᠯ ᠤᠨ ᠤᠯᠤᠰ ᠪᠠ | ᠥᠪᠡᠷᠲᠡᠭᠡᠨ ᠵᠠᠰᠠᠬᠤ ᠣᠷᠣᠨ ᠤ ᠡᠭᠦᠷᠭᠡᠯᠡᠭᠰᠡᠨ ᠬᠡᠰᠡᠭ ᠡᠨᠧᠷᠭᠢ ᠶᠢᠨ ᠬᠤᠷᠣᠭᠳᠠᠭᠤᠯᠤᠯ ᠢ ᠡᠨᠧᠷᠭᠢ ᠶᠢᠨ | ᠬᠤᠷᠣᠭᠳᠠᠭᠤᠯᠤᠯ ᠤᠨ ᠬᠤᠣᠰ ᠡᠵᠡᠮᠳᠡᠯ ᠤᠨ ᠰᠢᠯᠭᠠᠨ ᠬᠢᠨᠠᠬᠤ ᠳᠤᠮᠳᠠ ᠬᠠᠷᠭᠤᠭᠤᠯᠤᠨ ᠬᠠᠰᠤᠨ᠎ᠠ᠃ᠡᠨᠧᠷᠭᠢ | ᠬᠡᠷᠡᠭᠯᠡᠬᠦ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ | ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢ ᠲᠡᠩᠴᠡᠭᠦᠷᠢᠲᠡᠢ | ᠪᠣᠯᠭᠠᠬᠤ ᠳᠠᠰᠢ ᠬᠤᠪᠢᠷᠠᠭᠤᠯᠬᠤ ᠶᠢ ᠪᠡᠶᠡᠯᠡᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠡᠨᠧᠷᠭᠢ ᠶᠢᠨ | ᠬᠤᠷᠣᠭᠳᠠᠭᠤᠯᠤᠯ ᠤᠨ ᠬᠦᠴᠦᠯᠡᠴᠡ ᠶᠢᠨ ᠬᠡᠪ ᠳᠠᠭᠤᠷᠢᠶᠠᠯ ᠢᠶᠠᠷ ᠬᠥᠲᠥᠯᠥᠨ ᠵᠢᠯᠤᠭᠤᠳᠬᠤ ᠶᠢ ᠴᠢᠩᠭᠠᠷᠠᠭᠤᠯᠤᠨ᠂ | ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠᠷ ᠪᠠᠭ᠎ᠠ ᠲᠥᠷᠥᠯ ᠵᠦᠢᠯ ᠤᠨ ᠡᠨᠧᠷᠭᠢ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠵᠦᠢ ᠵᠣᠬᠢᠰᠲᠠᠢ ᠪᠠᠲᠤᠯᠠᠵᠤ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠪᠠᠷ ᠶᠡᠭᠡ | ᠲᠥᠷᠥᠯ ᠵᠦᠢᠯ ᠤᠨ ᠭᠠᠵᠠᠷ ᠣᠷᠣᠨ ᠤ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠢᠨᠠᠨ | ᠰᠢᠯᠭᠠᠬᠤ ᠤᠳᠠᠭ᠎ᠠ ᠶᠢ ᠰᠢᠯᠢᠳᠡᠭᠵᠢᠭᠦᠯᠵᠦ᠂ ︽ᠣᠨ ᠤ ᠦᠨᠡᠯᠡᠯᠲᠡ᠂ ᠳᠤᠮᠳᠠ ᠬᠤᠭᠤᠴᠠᠭᠠᠨ ᠤ ᠦᠨᠡᠯᠡᠨ ᠵᠢᠱᠢᠯᠲᠡ᠂ | ᠲᠠᠪᠤᠨ ᠵᠢᠯ ᠤᠨ ᠬᠢᠨᠠᠨ ᠰᠢᠯᠭᠠᠯᠲᠠ︾ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠬᠦᠴᠦᠯᠡᠴᠡ ᠶᠢᠨ | ᠬᠠᠷᠠᠯᠲᠠ ᠶᠢ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ ᠨᠢᠭᠡᠳᠦᠯᠲᠡᠢ | ᠲᠥᠯᠥᠪᠯᠡᠨ ᠬᠢᠨᠠᠨ ᠰᠢᠯᠭᠠᠨ᠎ᠠ᠃ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠲᠥᠷᠥ ᠶᠢᠨ ᠪᠣᠳᠣᠯᠭ᠎ᠠ ᠶᠢ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠣᠷᠭᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠬᠠᠷᠠᠯᠲᠠᠲᠤ ᠡᠭᠦᠷᠭᠡ ᠯᠦᠭᠡ ᠵᠣᠯᠭᠠᠭᠤᠯᠬᠤ ᠶᠢ ᠴᠢᠩᠭᠠᠳᠬᠠᠨ᠎ᠠ᠃ᠥᠪᠡᠷᠲᠡᠭᠡᠨ ᠵᠠᠰᠠᠬᠤ | ᠣᠷᠣᠨ ᠤ ᠪᠠᠭᠤᠯᠭᠠᠭᠰᠠᠨ ᠡᠨᠧᠷᠭᠢ ᠶᠢᠨ ᠬᠤᠷᠣᠭᠳᠠᠭᠤᠯᠭ᠎ᠠ ᠶᠢᠨ ᠬᠦᠴᠦᠯᠡᠴᠡ ᠶᠢ ᠪᠠᠭᠤᠷᠠᠭᠤᠯᠬᠤ ᠣᠨ ᠤ ᠬᠠᠷᠠᠯᠲᠠ | ᠪᠣᠯᠣᠨ ᠲᠣᠰ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠡᠮᠡᠭᠳᠡᠯ ᠤᠨ ᠬᠤᠷᠳᠤᠴᠠ ᠶᠢᠨ | ᠣᠨ ᠤ ᠬᠠᠷᠠᠯᠲᠠ ᠶᠢ ᠦᠨᠳᠦᠰᠦᠯᠡᠨ᠂ ᠲᠣᠰ ᠭᠠᠵᠠᠷ ᠣᠷᠣᠨ ᠤ ᠡᠨᠧᠷᠭᠢ ᠶᠢᠨ ᠬᠤᠷᠣᠭᠳᠠᠭᠤᠯᠭ᠎ᠠ ᠶᠢᠨ | ᠶᠡᠷᠦᠩᠬᠡᠢᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠦᠷᠦ ᠶᠢᠨ ᠪᠣᠳᠣᠯᠭ᠎ᠠ ᠶᠢᠨ | ᠰᠢᠰᠲ᠋ᠧᠮ ᠢ ᠦᠷᠭᠦᠯᠵᠢᠯᠡᠨ ᠲᠡᠭᠦᠯᠳᠡᠷᠵᠢᠭᠦᠯᠵᠦ᠂ ᠤᠯᠠᠨ ᠡᠨᠧᠷᠭᠢ ᠶᠢᠨ ᠰᠤᠷᠪᠤᠯᠵᠢ ᠶᠢᠨ ᠲᠦᠷᠦᠯ ᠵᠦᠢᠯ ᠢ | ᠬᠠᠮᠵᠢᠯᠴᠠᠭᠤᠯᠤᠨ ᠬᠠᠷᠢᠯᠴᠠᠨ ᠲᠡᠳᠬᠦᠬᠦ᠂ ᠡᠬᠢ ᠰᠤᠷᠪᠤᠯᠵᠢ ᠶᠢᠨ ᠲᠣᠣᠷ ᠤᠨ ᠨᠥᠭᠡᠴᠡ ᠶᠢ ᠬᠤᠷᠠᠮᠳᠤᠭᠤᠯᠤᠨ | ᠰᠢᠯᠢᠳᠡᠭᠵᠢᠭᠦᠯᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ︽ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ︾ ᠬᠠᠷᠠᠯᠲᠠ ᠪᠠ ᠤᠯᠤᠰ ᠤᠨ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠶᠢᠨ | ᠬᠡᠷᠡᠭᠯᠡᠭᠡᠨ ᠤ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠰᠤᠷᠪᠤᠯᠵᠢ ᠪᠠᠷ ᠨᠡᠭᠦᠷᠡᠰᠦ | ᠴᠠᠬᠢᠯᠭᠠᠨ ᠢ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠶᠡᠭᠡ ᠪᠠᠷ ᠬᠥᠭᠵᠢᠭᠦᠯᠬᠦ ᠪᠠᠷ ᠳᠠᠮᠵᠢᠭᠤᠯᠤᠨ ᠡᠨᠧᠷᠭᠢ ᠶᠢᠨ | ᠰᠤᠷᠪᠤᠯᠵᠢ ᠶᠢᠨ ᠪᠦᠲᠦᠴᠡ ᠶᠢ ᠲᠣᠬᠢᠷᠠᠭᠤᠯᠤᠨ᠎ᠠ᠃ᠤᠯᠤᠰ ᠤᠨ ᠲᠤᠭ᠎ᠠ ᠪᠦᠷᠢᠳᠬᠡᠯ ᠤᠨ ᠠᠷᠭ᠎ᠠ ᠶᠢᠨ ᠳᠦᠷᠢᠮ | ᠶᠣᠰᠣᠭᠠᠷ ᠳᠠᠬᠢᠨ ᠡᠭᠦᠰᠴᠦ ᠪᠣᠯᠬᠤ ᠴᠠᠬᠢᠯᠭᠠᠨ ᠬᠦᠴᠦᠨ ᠪᠠ ᠲᠦᠭᠦᠬᠡᠢ ᠮᠠᠲ᠋ᠧᠷᠢᠶᠠᠯ ᠤᠨ ᠡᠨᠧᠷᠭᠢ ᠬᠡᠷᠡᠭᠯᠡᠬᠦ ᠶᠢ | ᠪᠦᠷᠢᠳᠬᠡᠨ ᠬᠢᠨᠠᠨ ᠬᠡᠮᠵᠢᠬᠦ ᠠᠵᠢᠯ ᠢ ᠴᠢᠩᠭᠠᠳᠬᠠᠨ᠎ᠠ᠃ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢ ᠬᠠᠮᠲᠤᠪᠠᠷ | ᠡᠳ᠋ᠯᠡᠬᠦ ᠶᠢ ᠴᠢᠩᠭᠠᠳᠬᠠᠵᠤ᠂ ᠡᠨᠧᠷᠭᠢ ᠶᠢᠨ ᠲᠡᠩᠴᠡᠭᠦᠷᠢ ᠶᠢᠨ ᠬᠦᠰᠦᠨᠦᠭᠲᠦ ᠶᠢᠨ ᠰᠠᠭᠤᠷᠢ ᠲᠤᠭ᠎ᠠ ᠪᠠᠷᠢᠮᠲᠠ ᠶᠢᠨ | ᠢᠷᠡᠯᠲᠡ ᠶᠢ ᠥᠷᠭᠡᠳᠬᠡᠨ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭᠠᠴᠠᠭ᠎ᠠ ᠬᠢᠬᠦ ᠳᠤ | ᠨᠠᠷᠢᠯᠢᠭ ᠣᠨᠣᠪᠴᠢᠳᠠᠢ ᠪᠠᠷ ᠦᠢᠯᠡᠴᠢᠯᠡᠨ᠎ᠡ᠃︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠡᠨᠧᠷᠭᠢ ᠶᠢᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠤᠭ᠎ᠠ ᠪᠦᠷᠢᠳᠬᠡᠯ ᠤᠨ | ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠪᠣᠬᠢᠷᠳᠤᠯ ᠪᠣᠳᠠᠰ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠳᠦᠷᠢᠮ ᠢ | ᠪᠦᠷᠢᠨᠰᠢᠭᠦᠯᠦᠨ᠎ᠡ᠃ᠨᠠᠷᠢᠯᠢᠭ ᠣᠨᠣᠪᠴᠢᠳᠠᠢ ᠪᠠᠷ ᠪᠣᠬᠢᠷᠳᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠳᠤᠯ ᠢ | ᠵᠠᠰᠠᠬᠤ᠂ ᠬᠠᠤᠯᠢ ᠶᠣᠰᠣᠭᠠᠷ ᠪᠣᠬᠢᠷᠳᠤᠯ ᠢ ᠵᠠᠰᠠᠬᠤ ᠶᠢ ᠪᠠᠷᠢᠮᠲᠠᠯᠠᠵᠤ᠂ ᠪᠦᠲᠦᠴᠡ ᠶᠢ ᠰᠢᠯᠢᠳᠡᠭᠵᠢᠭᠦᠯᠦᠨ | ᠲᠣᠬᠢᠷᠠᠭᠤᠯᠬᠤ ᠶᠢ ᠲᠦᠯᠬᠢᠨ ᠠᠬᠢᠭᠤᠯᠵᠤ᠂ ᠣᠷᠴᠢᠨ ᠠᠬᠤᠢ ᠶᠢ ᠵᠠᠰᠠᠬᠤ ᠬᠢᠷᠢ ᠲᠦᠪᠰᠢᠨ ᠢ ᠳᠡᠭᠡᠭᠰᠢᠯᠡᠭᠦᠯᠦᠨ᠂ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠭᠤᠣᠯᠳᠠᠯᠭ᠎ᠠ ᠲᠠᠢ ᠢᠨᠵᠧᠨᠧᠷᠢᠩ ᠢ | ᠬᠡᠷᠡᠭᠵᠢᠭᠦᠯᠬᠦ ᠶᠢ ᠲᠦᠯᠬᠢᠨ ᠠᠬᠢᠭᠤᠯᠵᠤ᠂ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠪᠦᠲᠦᠮᠵᠢᠲᠡᠶ ᠴᠢᠳᠠᠪᠤᠷᠢ ᠶᠢ ᠪᠤᠢ ᠪᠣᠯᠭᠠᠨ᠎ᠠ᠃ᠥᠪᠡᠷᠲᠡᠭᠡᠨ ᠵᠠᠰᠠᠬᠤ ᠣᠷᠣᠨ ᠤ ︽ᠠᠷᠪᠠᠨ ᠳᠥᠷᠪᠡᠳᠦᠭᠡᠷ ᠲᠠᠪᠤᠨ | ᠵᠢᠯ︾ ᠤᠨ ᠪᠣᠬᠢᠷᠳᠤᠯ ᠪᠣᠳᠠᠰ ᠤᠨ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠡᠯ᠎ᠡ ᠬᠤᠰᠢᠭᠤ ᠣᠷᠣᠨ ᠳᠤ | ᠬᠤᠪᠢᠶᠠᠨ ᠥᠭᠴᠦ᠂ ᠪᠣᠬᠢᠷᠳᠤᠯ ᠢ ᠵᠠᠰᠠᠬᠤ ᠡᠭᠦᠷᠭᠡ ᠪᠠᠷ ᠨᠡᠯᠢᠶᠡᠳ ᠬᠦᠨᠳᠦ ᠭᠠᠵᠠᠷ ᠣᠷᠣᠨ ᠨᠢ ᠬᠠᠷᠢᠴᠠᠩᠭᠤᠢ ᠪᠠᠷ | ᠨᠡᠯᠢᠶᠡᠳ ᠠᠷᠪᠢᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠡᠭᠦᠷᠭᠡ ᠶᠢ ᠡᠭᠦᠷᠭᠡᠯᠡᠵᠦ᠂ ᠡᠯ᠎ᠡ | ᠬᠤᠰᠢᠭᠤ ᠣᠷᠣᠨ ᠢ ᠵᠢᠯᠣᠭᠤᠳᠤᠨ ᠵᠢᠯ ᠳᠠᠷᠠᠭᠠᠯᠠᠨ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠢᠨᠵᠧᠨᠧᠷᠢᠩ ᠢ ᠨᠠᠶᠢᠳᠠᠪᠤᠷᠢᠵᠢᠭᠤᠯᠵᠤ᠂ ᠶᠡᠷᠦᠩᠬᠡᠢ ᠬᠡᠮᠵᠢᠶ᠎ᠡ ᠶᠢᠨ ᠪᠣᠬᠢᠷᠳᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠲᠣᠭᠠᠴᠠᠭ᠎ᠠ ᠬᠢᠬᠦ ᠶᠢ ᠴᠢᠩᠭᠠᠷᠠᠭᠤᠯᠤᠨ᠎ᠠ᠃ᠪᠣᠬᠢᠷᠳᠤᠯ ᠪᠣᠳᠠᠰ ᠭᠠᠳᠠᠭᠰᠢᠯᠠᠭᠤᠯᠬᠤ | ᠶᠡᠷᠦᠩᠬᠡᠢ ᠬᠡᠮᠵᠢᠶ᠎ᠡ ᠶᠢ ᠪᠠᠭᠠᠰᠬᠠᠬᠤ ᠶᠢ ᠬᠢᠨᠠᠨ ᠰᠢᠯᠭᠠᠬᠤ ᠰᠢᠰᠲ᠋ᠧᠮ ᠢ ᠲᠡᠭᠦᠯᠳᠡᠷᠵᠢᠭᠦᠯᠵᠦ᠂ ᠤᠷᠮᠠᠰᠢᠭᠤᠯᠤᠨ | ᠬᠢᠵᠠᠭᠠᠷᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠶᠡᠷᠦᠩᠬᠡᠢ ᠬᠡᠮᠵᠢᠶ᠎ᠡ ᠶᠢ ᠪᠠᠭᠠᠰᠬᠠᠬᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠎ᠠ᠃ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠳᠣᠣᠷ᠎ᠠ | ᠪᠣᠬᠢᠷᠳᠤᠯ ᠭᠠᠳᠠᠭᠰᠢᠯᠠᠭᠤᠯᠬᠤ ᠶᠢ ᠵᠥᠪᠰᠢᠶᠡᠷᠡᠬᠦ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠵᠦ ᠬᠢᠨᠠᠨ | ᠵᠥᠪᠰᠢᠶᠡᠷᠡᠬᠦ ᠵᠡᠷᠭᠡ ᠳᠦᠷᠢᠮ ᠯᠦᠭᠡ ᠵᠣᠯᠭᠠᠭᠤᠯᠬᠤ ᠶᠢ ᠠᠬᠢᠭᠤᠯᠤᠨ᠎ᠠ᠃︵ᠠᠶᠢᠮᠠᠭ ᠤᠨ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ ᠬᠠᠷᠢᠭᠤᠴᠠᠨ᠎ᠠ︶ | ︵ᠭᠤᠷᠪᠠ︶ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠪᠣᠬᠢᠷᠲᠤᠭᠤᠯᠤᠯ ᠶᠡᠬᠡᠲᠡᠢ ᠳᠣᠣᠷ᠎ᠠ ᠲᠦᠪᠰᠢᠨ ᠤ | ᠵᠦᠢᠯᠡᠰ ᠢ ᠰᠣᠬᠤᠷ ᠪᠠᠯᠠᠢ ᠪᠠᠷ ᠬᠥᠭᠵᠢᠭᠦᠯᠬᠦ ᠶᠢ ᠡᠷᠡᠰ ᠬᠤᠷᠢᠭᠯᠠᠨ᠎ᠠ᠃ᠠᠵᠤ ᠦᠢᠯᠡᠰ ᠲᠤ ᠵᠥᠪᠰᠢᠶᠡᠷᠡᠨ | ᠣᠷᠣᠭᠤᠯᠬᠤ᠂ ᠡᠨᠧᠷᠭᠢ ᠠᠷᠪᠢᠯᠠᠬᠤ ᠶᠢ ᠬᠢᠨᠠᠨ ᠪᠠᠶᠢᠴᠠᠭᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ | ᠦᠨᠡᠯᠡᠬᠦ᠂ ᠠᠵᠤ ᠦᠢᠯᠡᠰ ᠤᠨ ᠬᠡᠯᠬᠢᠶ᠎ᠡ ᠵᠡᠷᠭᠡ ᠲᠦᠷᠪᠡᠨ ᠲᠠᠯ᠎ᠠ ᠠᠴᠠ ᠡᠨᠧᠷᠭᠢ ᠶᠢᠨ ᠬᠤᠷᠣᠭᠳᠠᠭᠤᠯᠤᠯ ᠶᠡᠬᠡᠲᠡᠢ | ᠭᠠᠳᠠᠭᠰᠢᠯᠠᠭᠤᠯᠤᠯᠲᠠ ᠶᠡᠬᠡᠲᠡᠢ ᠵᠦᠢᠯᠡᠰ ᠢ ᠴᠢᠩᠭ᠎ᠠ ᠬᠢᠵᠠᠭᠠᠷᠯᠠᠨ᠎ᠠ ︵ᠳᠣᠷᠣᠭᠰᠢ ᠡᠨᠧᠷᠭᠢ ᠶᠢᠨ ᠬᠤᠷᠣᠭᠳᠠᠭᠤᠯᠤᠯ | ᠶᠡᠬᠡᠲᠡᠢ ᠪᠣᠬᠢᠷᠲᠤᠭᠤᠯᠤᠯ ᠶᠡᠬᠡᠲᠡᠢ ᠵᠦᠢᠯᠡᠰ ᠭᠡᠵᠦ ᠲᠣᠪᠴᠢᠯᠠᠨ᠎ᠠ︶᠃ᠥᠪᠡᠷᠲᠡᠭᠡᠨ ᠵᠠᠰᠠᠬᠤ ᠣᠷᠣᠨ ᠤ ︽︿ᠠᠷᠪᠠᠨ | ᠳᠥᠷᠪᠡᠳᠦᠭᠡᠷ ᠲᠠᠪᠤᠨ ᠵᠢᠯ﹀ ᠤᠨ ᠡᠨᠧᠷᠭᠢ ᠶᠢᠨ ᠬᠤᠷᠣᠭᠳᠠᠭᠤᠯᠤᠯ ᠤᠨ ᠬᠤᠶᠠᠷ ᠢ ᠡᠵᠡᠮᠳᠡᠬᠦ ᠬᠠᠷᠠᠯᠲᠠ ᠶᠢᠨ | ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠨᠦᠭᠦᠳ︾ ︽︿ᠬᠤᠶᠠᠷ | ᠦᠨᠳᠦᠷ﹀ ᠲᠥᠷᠥᠯ ᠵᠦᠢᠯ ᠤᠨ ᠳᠣᠣᠷ᠎ᠠ ᠳᠦᠪᠰᠢᠨ ᠤ ᠵᠦᠢᠯᠡᠰ ᠰᠣᠬᠤᠷ ᠪᠠᠯᠠᠢ ᠪᠠᠷ ᠬᠥᠭᠵᠢᠬᠦ ᠶᠢ ᠡᠷᠡᠰ | ᠬᠤᠷᠢᠭᠯᠠᠬᠤ ᠬᠠᠮᠢᠶᠠᠷᠤᠨ ᠡᠵᠡᠮᠳᠡᠬᠦ ᠭᠠᠷᠴᠠᠭ︾ ᠤᠨ ᠲᠣᠭᠲᠠᠭᠠᠯ ᠢ ᠴᠢᠩᠭ᠎ᠠ ᠵᠢᠷᠤᠮᠯᠠᠨ᠂ ︽ᠬᠤᠶᠠᠷ ᠥᠨᠳᠥᠷ︾ | ᠠᠵᠢᠯ ᠲᠥᠷᠥᠯ ᠤᠨ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠬᠦ ᠴᠢᠳᠠᠪᠤᠷᠢ᠂ ᠰᠢᠨ᠎ᠡ ᠪᠠᠷ ᠪᠠᠶᠢᠭᠤᠯᠬᠤ ᠲᠥᠷᠥᠯ | ᠵᠦᠢᠯ ᠢ ᠴᠢᠩᠭ᠎ᠠ ᠡᠵᠡᠮᠳᠡᠬᠦ ᠬᠡᠷᠡᠭᠲᠡᠢ᠃︽ᠬᠤᠶᠠᠷ ᠥᠨᠳᠥᠷ︾ ᠲᠥᠷᠥᠯ ᠵᠦᠢᠯ ᠤᠨ ᠬᠠᠮᠢᠶᠠᠷᠤᠯᠲᠠ ᠶᠢᠨ ᠡᠬᠡ | ᠲᠠᠩᠰᠠ ᠶᠢ ᠪᠠᠶᠢᠭᠤᠯᠵᠤ᠂ ᠨᠠᠷᠢᠨ ᠲᠠᠩᠰᠠ ᠶᠢᠨ ᠬᠠᠮᠢᠶᠠᠷᠤᠯᠲᠠ᠂ ᠲᠥᠷᠥᠯ ᠬᠤᠪᠢᠶᠠᠨ ᠰᠢᠢᠳᠪᠦᠷᠢᠯᠡᠬᠦ᠂ | ᠬᠥᠳᠡᠯᠦᠩᠭᠦᠢ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠦᠨ᠎ᠡ᠃︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠨᠧᠷᠭᠢ ᠶᠢᠨ ᠠᠰᠢᠭᠯᠠᠮᠵᠢ ᠶᠢᠨ ᠬᠢᠵᠠᠭᠠᠷᠯᠠᠯ ᠢ ᠴᠢᠩᠳᠠᠯᠠᠵᠤ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠠᠵᠢᠯ ᠢ ᠲᠦᠯᠬᠢᠨ ᠠᠬᠢᠭᠤᠯᠬᠤ ᠲᠤᠬᠠᠢ ᠬᠡᠷᠡᠭᠵᠢᠭᠦᠯᠬᠦ | ᠲᠥᠰᠥᠯ︾ ᠶᠣᠰᠣᠭᠠᠷ᠂ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠮᠵᠢ ᠶᠢᠨ ᠨᠠᠷᠢᠨ ᠬᠠᠭᠤᠳᠠᠰᠤ ᠶᠢ | ᠪᠠᠶᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠠᠴᠠ | ᠳᠣᠣᠷ᠎ᠠ ᠪᠠᠶᠢᠭ᠎ᠠ ᠦᠯᠡᠳᠡᠭᠡᠯ ᠲᠥᠷᠥᠯ ᠵᠦᠢᠯ ᠳᠤ ᠮᠡᠷᠭᠡᠵᠢᠯ ᠤᠨ ᠥᠭᠡᠷᠡᠴᠢᠯᠡᠯᠲᠡ ᠬᠢᠬᠦ ᠪᠠᠷ ᠳᠠᠮᠵᠢᠭᠤᠯᠤᠨ | ᠪᠦᠬᠦᠨ ᠢ ᠤᠯᠤᠰ ᠤᠨ ᠰᠠᠭᠤᠷᠢ ᠪᠠᠷᠢᠮᠵᠢᠶ᠎ᠠ ᠳᠤ ᠬᠦᠷᠭᠡᠨ᠎ᠡ᠃ ᠡᠨᠧᠷᠭᠢ ᠶᠢᠨ ᠠᠰᠢᠭᠯᠠᠮᠵᠢ ᠨᠢ ᠬᠡᠪ ᠳᠠᠭᠤᠷᠢᠶᠠᠯ ᠤᠨ | ᠬᠢᠷᠢ ᠬᠡᠮᠵᠢᠶ᠎ᠡ ᠪᠠ ᠰᠠᠭᠤᠷᠢ ᠪᠠᠷᠢᠮᠵᠢᠶ᠎ᠠ ᠶᠢᠨ ᠬᠢᠷᠢ ᠬᠡᠮᠵᠢᠶ᠎ᠡ ᠶᠢᠨ ᠬᠤᠭᠤᠷᠣᠨᠳᠤ ᠪᠠᠶᠢᠬᠤ ᠲᠥᠷᠥᠯ ᠵᠦᠢᠯ ᠳᠤ᠂ | ᠤᠯᠤᠰ ᠤᠨ ᠬᠡᠪ ᠳᠠᠭᠤᠷᠢᠶᠠᠯ ᠤᠨ ᠬᠢᠷᠢ ᠬᠡᠮᠵᠢᠶ᠎ᠡ ᠪᠠᠷ ᠯᠠᠪᠯᠠᠯᠲᠠ ᠪᠣᠯᠭᠠᠵᠤ ᠥᠭᠡᠷᠡᠴᠢᠯᠡᠨ ᠲᠠᠰ ᠳᠡᠪᠰᠢᠭᠦᠯᠬᠦ ᠶᠢ | ᠬᠡᠷᠡᠭᠵᠢᠭᠦᠯᠬᠦ ᠶᠢ ᠵᠣᠷᠢᠭᠵᠢᠭᠤᠯᠵᠤ᠂ ᠠᠵᠢᠯ ᠲᠥᠷᠥᠯ ᠤᠨ ᠡᠨᠧᠷᠭᠢ ᠶᠢᠨ ᠠᠰᠢᠭᠯᠠᠮᠵᠢ ᠶᠢᠨ ︽ᠳᠠᠭᠠᠭᠤᠯᠤᠭᠴᠢ︾ | ᠶᠢᠨ ᠨᠡᠷᠡᠰ ᠲᠤ ᠣᠷᠣᠭᠤᠯᠬᠤ ᠪᠠᠷ ᠴᠢᠷᠮᠠᠶᠢᠨ᠎ᠠ᠃ᠰᠢᠨ᠎ᠡ ᠪᠠᠷ ᠪᠠᠶᠢᠭᠤᠯᠬᠤ᠂ ᠥᠭᠡᠷᠡᠴᠢᠯᠡᠵᠦ ᠥᠷᠭᠡᠳᠬᠡᠨ | ᠪᠠᠶᠢᠭᠤᠯᠬᠤ ︽ᠬᠤᠶᠠᠷ ᠥᠨᠳᠥᠷ︾ ᠲᠥᠷᠥᠯ ᠵᠦᠢᠯ ᠳᠤ᠂ ᠲᠣᠰ ᠭᠠᠵᠠᠷ ᠣᠷᠣᠨ ᠤ ᠡᠨᠧᠷᠭᠢ ᠶᠢᠨ | ᠬᠤᠷᠣᠭᠳᠠᠭᠤᠯᠤᠯ ᠤᠨ ᠬᠤᠶᠠᠷ ᠢ ᠡᠵᠡᠮᠳᠡᠬᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠦᠴᠦᠯᠡᠴᠡ ᠶᠢ ᠡᠵᠡᠮᠳᠡᠬᠦ | ᠱᠠᠭᠠᠷᠳᠠᠯᠭ᠎ᠠ ᠶᠢ ᠬᠠᠩᠭᠠᠭᠰᠠᠨ ᠤᠷᠢᠲᠠᠯ ᠳᠣᠣᠷ᠎ᠠ᠂ ᠮᠡᠷᠭᠡᠵᠢᠯ ᠤᠨ ᠲᠣᠨᠤᠭ ᠲᠥᠬᠦᠭᠡᠷᠦᠮᠵᠢ ᠶᠢ ᠡᠷᠬᠡᠪᠰᠢ | ᠤᠯᠤᠰ ᠤᠨ ᠳᠣᠲᠣᠭᠠᠳᠤ ᠶᠢᠨ ᠲᠡᠷᠢᠭᠦᠨ ᠤ ᠬᠢᠷᠢ ᠬᠡᠮᠵᠢᠶ᠎ᠡ ᠳᠤ ᠬᠦᠷᠦᠭᠦᠯᠵᠦ᠂ ᠡᠨᠧᠷᠭᠢ ᠶᠢᠨ ᠠᠰᠢᠭᠯᠠᠯᠲᠠ ᠶᠢᠨ | ᠦᠷ᠎ᠡ ᠪᠦᠲᠦᠮᠵᠢ ᠶᠢ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ ᠳᠤ ᠬᠦᠷᠦᠭᠦᠯᠬᠦ ᠬᠡᠷᠡᠭᠲᠡᠢ᠃︽ᠭᠤᠷᠪᠠᠨ | ᠱᠤᠭᠤᠮ ᠨᠢᠭᠡ ᠬᠠᠭᠤᠳᠠᠰᠤ︾ ᠶᠢᠨ ᠦᠷ᠎ᠡ ᠪᠦᠲᠦᠭᠡᠯ ᠤᠨ ︽ᠬᠤᠶᠠᠷ ᠥᠨᠳᠥᠷ︾ ᠠᠵᠢᠯ ᠲᠥᠷᠥᠯ ᠤᠨ ᠠᠵᠤ | ᠦᠢᠯᠡᠰ ᠤᠨ ᠪᠠᠶᠢᠷᠢᠰᠢᠭᠤᠯᠤᠯᠲᠠ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠬᠡᠷᠡᠭᠯᠡᠯᠲᠡ ᠶᠢ | ᠲᠦᠷᠬᠡᠨ ᠠᠬᠢᠭᠤᠯᠵᠤ᠂ ︽ᠬᠤᠶᠠᠷ ᠥᠨᠳᠥᠷ︾ ᠠᠵᠢᠯ ᠲᠥᠷᠥᠯ ᠳᠤ ᠬᠤᠯᠪᠣᠭᠳᠠᠬᠤ ᠬᠠᠮᠢᠶ᠎ᠠ ᠪᠦᠬᠦᠢ | ᠲᠥᠯᠦᠪᠵᠢᠭᠦᠯᠭᠡ ᠶᠢᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠢᠵᠠᠭᠠᠷᠯᠠᠯ ᠢ | ᠴᠢᠩᠭᠠᠷᠠᠭᠤᠯᠤᠨ᠎ᠠ᠃︽ᠬᠤᠶᠠᠷ ᠥᠨᠳᠥᠷ︾ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠦᠭᠡᠢ ︽ᠬᠤᠶᠠᠷ ᠥᠨᠳᠥᠷ︾ ᠲᠥᠷᠥᠯ | ᠵᠦᠢᠯ ᠢ ᠡᠷᠡᠰ ᠢᠶᠠᠷ ᠵᠣᠭᠰᠣᠭᠠᠵᠤ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ | ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠢ᠂ | ᠪᠣᠬᠢᠷᠲᠤᠭᠤᠯᠤᠯ ᠶᠡᠬᠡᠲᠡᠢ ᠵᠦᠢᠯᠡᠰ ᠤᠨ ᠪᠡᠯᠡ ᠲᠣᠬᠢᠷᠠᠭᠤᠯᠬᠤ ᠳᠤ ᠬᠢᠨᠠᠯᠳᠠ ᠳᠠᠯᠪᠢᠨ᠎ᠠ᠃ ︵ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠨᠧᠷᠭᠢ ᠶᠢᠨ ᠲᠣᠪᠴᠢᠶ᠎ᠠ ᠲᠦᠷᠦᠭᠦᠯᠡᠵᠦ᠂ ᠠᠶᠢᠮᠠᠭ ᠤᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ | ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠨᠢ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠥᠷᠪᠡ︶ ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠢᠨ ᠰᠢᠰᠲ᠋ᠧᠮᠵᠢ ᠶᠢ ᠬᠡᠷᠡᠭᠵᠢᠬᠦᠯᠦᠨ᠎ᠡ᠃ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠨᠧᠷᠭᠢ ᠠᠷᠪᠢᠯᠠᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠷᠴᠢᠯ ᠠᠵᠤ ᠠᠬᠤᠢ ᠶᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠡᠪᠡᠷ ᠦᠢᠯᠡᠳᠪᠦᠷᠢᠯᠡᠯ ᠢ ᠠᠬᠢᠭᠤᠯᠬᠤ ᠬᠠᠤᠯᠢ︾ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠬᠠᠤᠯᠢ︾ ︽ᠠᠮᠢ ᠠᠬᠤᠢ ᠶᠢᠨ ᠣᠷᠴᠢᠨ | ᠲᠣᠭᠤᠷᠢᠨ ᠢ ᠬᠢᠨᠠᠨ ᠬᠡᠮᠵᠢᠬᠦ ᠳᠦᠷᠢᠮ︾ ︽ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠡᠨᠧᠷᠭᠢ ᠠᠷᠪᠢᠯᠠᠬᠤ | ᠳᠦᠷᠢᠮ︾ ︽ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠳᠦᠷᠢᠮ︾ ᠵᠡᠷᠭᠡ ᠬᠠᠤᠯᠢ ᠴᠠᠭᠠᠵᠠ | ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃ᠡᠨᠧᠷᠭᠢ ᠶᠢᠨ ᠬᠤᠷᠣᠭᠳᠠᠯ ᠤᠨ ᠬᠢᠵᠠᠭᠠᠷ | ᠲᠤᠭ᠎ᠠ ᠶᠢᠨ ᠪᠠᠷᠢᠮᠵᠢᠶ᠎ᠠ ᠪᠠ ᠪᠣᠬᠢᠷᠳᠤᠯ ᠪᠣᠳᠠᠰ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ | ᠤᠯᠤᠰ ᠤᠨ ᠰᠠᠭᠤᠭᠠᠯᠢ ᠠᠷᠠᠳ ᠤᠨ ᠬᠡᠷᠡᠭᠯᠡᠭᠡᠨ ᠤ ᠵᠦᠢᠯ ᠤᠨ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ | ᠠᠭᠤᠯᠤᠭᠳᠠᠴᠠ ᠶᠢ ᠬᠢᠵᠠᠭᠠᠷᠯᠠᠬᠤ ᠪᠠᠷᠢᠮᠵᠢᠶ᠎ᠠ ᠪᠠ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠲᠤ ᠬᠤᠯᠪᠣᠭᠳᠠᠬᠤ | ᠭᠤᠣᠯᠳᠠᠯᠭ᠎ᠠ ᠲᠠᠢ ᠠᠵᠢᠯ ᠲᠦᠷᠦᠯ ᠤᠨ ᠠᠭᠠᠷ ᠮᠠᠨᠳᠠᠯ ᠤᠨ ᠪᠣᠬᠢᠷᠳᠤᠯ ᠢ ᠭᠠᠳᠠᠭᠰᠢᠯᠠᠭᠤᠯᠬᠤ ᠪᠠᠷᠢᠮᠵᠢᠶ᠎ᠠ ᠶᠢ ᠴᠢᠩᠭ᠎ᠠ | ᠬᠡᠷᠡᠭᠵᠢᠭᠦᠯᠵᠦ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠧᠬᠠᠨᠢᠭ ᠪᠠ ᠬᠥᠳᠡᠯᠭᠡᠭᠦᠷ ᠢ ᠭᠠᠳᠠᠭᠠᠳᠤ ᠠᠴᠠ | ᠣᠷᠣᠭᠤᠯᠬᠤ ᠳᠤ ᠤᠯᠤᠰ ᠤᠨ ᠤᠳᠤ ᠶᠢᠨ ᠬᠡᠷᠡᠭᠵᠢᠭᠦᠯᠵᠦ ᠪᠠᠶᠢᠭ᠎ᠠ ᠰᠢᠨ᠎ᠡ ᠦᠢᠯᠡᠳᠪᠦᠷᠢᠯᠡᠯ ᠤᠨ ᠲᠥᠬᠦᠭᠡᠷᠦᠮᠵᠢ ᠶᠢ | ᠭᠠᠳᠠᠭᠰᠢᠯᠠᠭᠤᠯᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠳᠡᠭᠡᠭᠡᠪᠦᠷᠢ | ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ | ᠲᠥᠪ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ ᠬᠠᠷᠢᠭᠤᠴᠠᠨ᠎ᠠ︶ | ︵ᠲᠠᠪᠤ︶ ᠠᠵᠤ ᠠᠬᠤᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ᠡᠨᠧᠷᠭᠢ | ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠳᠤ ᠡᠳ᠋ ᠤᠨ ᠵᠠᠰᠠᠭ ᠤᠨ ᠳᠡᠮᠵᠢᠯᠭᠡ | ᠦᠵᠡᠭᠦᠯᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠠᠴᠠ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠤᠷᠬᠢᠯ ᠳᠤ ᠬᠦᠷᠭᠡᠬᠦ ᠪᠠ ᠬᠤᠯᠪᠣᠭᠳᠠᠯ ᠪᠦᠬᠦᠢ ᠠᠵᠢᠯ ᠢ | ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ᠂ ᠡᠨᠧᠷᠭᠢ ᠠᠷᠪᠢᠯᠠᠬᠤ ᠤᠰᠤ | ᠠᠷᠪᠢᠯᠠᠬᠤ ᠵᠡᠷᠭᠡ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠦᠷᠦ ᠶᠢᠨ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠎ᠠ᠃ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠬᠤᠯᠪᠣᠭᠳᠠᠯ ᠪᠦᠬᠦᠢ | ᠲᠤᠰᠬᠠᠢ ᠵᠦᠢᠯᠡᠰ᠂ ᠤᠯᠤᠰ ᠤᠨ ᠡᠨᠧᠷᠭᠢ ᠠᠷᠪᠢᠯᠠᠬᠤ ᠠᠵᠢᠯ ᠤᠨ ᠲᠤᠰᠬᠠᠢ ᠵᠦᠢᠯᠡᠰ ᠤᠨ ᠱᠠᠩᠨᠠᠯ ᠵᠡᠷᠭᠡ ᠪᠡᠯᠡ | ᠮᠥᠩᠭᠦ ᠶᠢ ᠢᠳᠡᠪᠬᠢᠲᠡᠢ ᠪᠠᠷ ᠣᠯᠬᠤ ᠪᠠᠷ ᠴᠢᠷᠮᠠᠶᠢᠨ᠎ᠠ᠃ᠵᠥᠷᠢᠶᠡᠲᠦ ᠴᠠᠬᠢᠯᠭᠠᠨ ᠤ ᠦᠨ᠎ᠡ᠂ ᠱᠠᠲᠤᠯᠢᠭ ᠴᠠᠬᠢᠯᠭᠠᠨ ᠤ | ᠦᠨ᠎ᠡ ᠵᠡᠷᠭᠡ ᠪᠣᠬᠢᠷᠳᠤᠯ ᠦᠭᠡᠢ ᠴᠠᠬᠢᠯᠭᠠᠨ ᠤ ᠦᠨ᠎ᠡ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠦᠨ᠎ᠡ᠃ | ︽ᠱᠠᠩᠨᠠᠬᠤ ᠪᠠᠷ ᠨᠥᠬᠦᠪᠦᠷᠢᠯᠡᠬᠦ ᠶᠢ ᠣᠷᠣᠯᠠᠭᠤᠯᠬᠤ︾ ᠵᠡᠷᠭᠡ ᠪᠡᠯᠡ ᠮᠥᠩᠭᠦ ᠪᠠᠷ ᠳᠡᠮᠵᠢᠬᠦ ᠠᠷᠭ᠎ᠠ ᠮᠠᠶ᠋ᠢᠭ ᠢ | ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ ᠮᠥᠩᠭᠦ ᠶᠢᠨ ᠣᠷᠣᠭᠤᠯᠤᠯᠲᠠ ᠶᠢ ᠪᠦᠲᠦᠮᠵᠢᠲᠡᠶ ᠪᠠᠷ ᠲᠠᠶᠢᠴᠢᠯᠠᠨ᠂ ᠡᠨᠧᠷᠭᠢ | ᠠᠷᠪᠢᠯᠠᠬᠤ ᠥᠭᠡᠷᠡᠴᠢᠯᠡᠯᠲᠡ᠂ ᠶᠡᠷᠦᠩᠬᠡᠶᠢᠯᠡᠭᠰᠡᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ᠂ ᠴᠢᠬᠤᠯᠠ ᠶᠡᠭᠡ | ᠡᠨᠧᠷᠭᠢ ᠠᠷᠪᠢᠯᠠᠬᠤ ᠮᠡᠷᠭᠡᠵᠢᠯ ᠢ ᠰᠤᠳᠤᠯᠤᠨ ᠨᠡᠭᠡᠭᠡᠬᠦ ᠪᠠ ᠠᠵᠤ ᠦᠢᠯᠡᠰᠵᠢᠭᠦᠯᠦᠨ ᠵᠢᠱᠢᠶ᠎ᠡ ᠦᠵᠡᠭᠦᠯᠬᠦ ᠵᠡᠷᠭᠡ | ᠭᠤᠣᠯᠳᠠᠯᠭ᠎ᠠ ᠲᠠᠢ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠡᠮᠵᠢᠨ᠎ᠡ᠃ᠵᠦᠢ ᠶᠣᠰᠣᠨ ᠤ ᠮᠥᠩᠭᠦᠨ | ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠵᠦᠢ ᠶᠣᠰᠣᠨ ᠤ ᠢᠲᠡᠭᠡᠮᠵᠢᠲᠦ ᠵᠢᠭᠡᠯᠡᠯᠭᠡ᠂ ᠵᠦᠢ ᠶᠣᠰᠣᠨ ᠤ | ᠰᠠᠭᠤᠷᠢ ᠮᠥᠩᠭᠦ᠂ ᠵᠦᠢ ᠶᠣᠰᠣᠨ ᠤ ᠵᠢᠭᠡᠯᠡᠯᠭᠡ ᠶᠢᠨ ᠲᠡᠮᠳᠡᠭᠲᠦ᠂ ᠵᠦᠢ ᠶᠣᠰᠣᠨ ᠤ ᠳᠠᠭᠠᠳᠬᠠᠯ ᠵᠡᠷᠭᠡ ᠮᠥᠩᠭᠦᠨ | ᠭᠦᠢᠯᠭᠡᠭᠡᠨ ᠤ ᠪᠠᠭᠠᠵᠢ ᠶᠢ ᠶᠡᠬᠡᠪᠡᠷ ᠬᠥᠭᠵᠢᠭᠦᠯᠵᠦ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠤᠭᠤᠳᠴᠤ ᠪᠠᠶᠢᠭᠠᠳ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠢᠯᠡᠳᠲᠡ | ᠦᠢᠯᠡᠳᠦᠯ ᠲᠠᠢ ᠲᠥᠷᠥᠯ ᠵᠦᠢᠯ ᠳᠤ ᠣᠷᠳᠣ ᠬᠤᠭᠤᠴᠠᠭᠠᠨ ᠤ ᠪᠠ ᠳᠣᠣᠷ᠎ᠠ ᠬᠦᠦ ᠶᠢᠨ ᠨᠣᠷᠮ᠎ᠠ ᠲᠠᠢ ᠪᠡᠯᠡ | ᠲᠣᠬᠢᠷᠠᠭᠤᠯᠭ᠎ᠠ ᠬᠠᠩᠭᠠᠨ᠎ᠠ᠃ᠨᠡᠶᠢᠭᠡᠮ ᠤᠨ ᠬᠥᠷᠥᠩᠭᠡ ᠶᠢᠨ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠪᠣᠬᠢᠷᠳᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠰᠠᠭᠤᠷᠢ | ᠮᠥᠩᠭᠦ ᠪᠠᠶᠢᠭᠤᠯᠬᠤ ᠶᠢ ᠲᠦᠷᠭᠡᠳᠬᠡᠨ᠎ᠡ᠃ ᠣᠷᠴᠢᠨ ᠠᠬᠤᠢ ᠶᠢ ᠬᠠᠮᠠᠭᠠᠯᠠᠬᠤ᠂ ᠡᠨᠧᠷᠭᠢ ᠠᠷᠪᠢᠯᠠᠵᠤ ᠤᠰᠤ | ᠠᠷᠪᠢᠯᠠᠬᠤ᠂ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ ᠲᠦᠷᠦ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃︵ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠭᠡᠷ᠂ ᠡᠨᠧᠷᠭᠢ ᠶᠢᠨ ᠲᠣᠪᠴᠢᠶ᠎ᠠ᠂ | ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠠᠷᠠᠳ ᠤᠨ ᠪᠠᠩᠬᠢ᠂ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | ︵ᠵᠢᠷᠭᠤᠭ᠎ᠠ︶ ᠡᠨᠧᠷᠭᠢ ᠠᠷᠪᠢᠯᠠᠬᠤ ᠵᠠᠬ᠎ᠠ ᠳᠡᠯᠭᠡᠭᠦᠷᠴᠢᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠲᠣᠭᠲᠠᠴᠠ ᠶᠢ ᠬᠠᠶᠢᠨ ᠰᠦᠪᠡᠭᠴᠢᠯᠡᠵᠦ᠂ ᠲᠥᠯᠥᠪᠦᠷᠢ ᠲᠠᠢ ᠪᠠᠷ | ᠬᠡᠷᠡᠭᠯᠡᠬᠦ᠂ ᠲᠥᠰᠥᠪ ᠤᠨ ᠬᠠᠮᠢᠶᠠᠷᠤᠯᠲᠠ᠂ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠡᠷᠭᠡ ᠲᠣᠭᠲᠠᠴᠠ ᠶᠢᠨ | ᠰᠢᠨ᠎ᠡ ᠶᠢ ᠡᠭᠦᠳᠴᠦ᠂ ᠡᠨᠧᠷᠭᠢ ᠬᠡᠷᠡᠭᠯᠡᠬᠦ ᠡᠷᠬᠡ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠪᠣᠶᠢᠵᠢᠭᠤᠯᠤᠨ | ᠬᠥᠭᠵᠢᠭᠦᠯᠦᠨ᠎ᠡ᠃ᠡᠨᠧᠷᠭᠢ ᠶᠢᠨ ᠰᠤᠷᠪᠤᠯᠵᠢ ᠶᠢᠨ ᠭᠡᠷᠡᠲᠦ ᠬᠠᠮᠢᠶᠠᠷᠤᠯᠲᠠ ᠶᠢ ᠢᠳᠡᠪᠬᠢᠲᠡᠢ ᠪᠠᠷ ᠶᠠᠪᠤᠭᠤᠯᠵᠤ᠂ ᠡᠨᠧᠷᠭᠢ | ᠠᠷᠪᠢᠯᠠᠬᠤ ᠵᠥᠪᠯᠡᠯᠭᠡ ᠥᠭᠬᠦ᠂ ᠣᠨᠣᠰᠢᠯᠠᠬᠤ᠂ ᠵᠢᠷᠤᠵᠤ ᠲᠥᠯᠥᠪᠯᠡᠬᠦ᠂ ᠪᠡᠯᠡ ᠲᠣᠬᠢᠷᠠᠭᠤᠯᠬᠤ᠂ ᠥᠭᠡᠷᠡᠴᠢᠯᠡᠬᠦ᠂ ᠨᠠᠶᠢᠳᠠᠨ | ᠬᠠᠮᠢᠶᠠᠷᠤᠭᠤᠯᠬᠤ ᠵᠡᠷᠭᠡ ︽ᠨᠢᠭᠡ ᠯᠡ ᠥᠷᠲᠡᠭᠡᠨ ᠤ ᠮᠠᠶ᠋ᠢᠭ︾ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠵᠠᠭᠪᠤᠷ ᠢ | ᠳᠡᠯᠭᠡᠷᠡᠭᠦᠯᠦᠨ᠎ᠡ᠃ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢᠨ ᠭᠤᠷᠪᠠᠳᠠᠭᠢ ᠡᠲᠡᠭᠡᠳ ᠤᠨ ᠨᠠᠶᠢᠳᠠᠨ ᠬᠠᠮᠢᠶᠠᠷᠤᠭᠤᠯᠬᠤ ᠦᠢᠯᠡᠴᠢᠯᠡᠭᠡᠨ ᠢ ᠠᠬᠢᠭᠤᠯᠵᠤ᠂ ᠡᠯ᠎ᠡ | ᠲᠥᠷᠥᠯ ᠤᠨ ᠬᠥᠷᠥᠩᠭᠡ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢ | ᠪᠠᠭᠤᠷᠠᠭᠤᠯᠬᠤ ᠬᠠᠮᠢᠶᠠᠷᠤᠯᠲᠠ᠂ ᠣᠷᠴᠢᠨ ᠲᠣᠭᠤᠷᠢᠨ ᠤ ᠵᠠᠰᠠᠯᠲᠠ ᠬᠢᠭᠡᠳ ᠦᠢᠯᠡᠴᠢᠯᠡᠭᠡᠨ᠂ ᠪᠡᠯᠡ | ᠣᠷᠣᠭᠤᠯᠤᠯᠲᠠ ᠶᠢᠨ ᠪᠦᠲᠦᠭᠡᠨ ᠪᠠᠶᠢᠭᠤᠯᠤᠯᠲᠠ᠂ ᠠᠵᠢᠯᠯᠠᠭᠠᠨ ᠳᠤ ᠣᠷᠣᠯᠴᠠᠭᠤᠯᠤᠨ᠎ᠠ᠃ᠡᠨᠧᠷᠭᠢ ᠶᠢᠨ | ᠠᠰᠢᠭᠯᠠᠮᠵᠢ ᠶᠢᠨ ᠢᠯᠡᠷᠬᠡᠶᠢᠯᠡᠯ ᠤᠨ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠪᠣᠬᠢᠷᠳᠤᠯ ᠦᠭᠡᠢ | ᠪᠦᠲᠦᠭᠡᠭᠳᠡᠬᠦᠨ ᠤ ᠭᠡᠷᠡᠴᠢᠯᠡᠯ᠂ ᠡᠨᠧᠷᠭᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠣᠷᠴᠢᠨ ᠲᠣᠭᠤᠷᠢᠨ ᠢ | ᠬᠠᠮᠠᠭᠠᠯᠠᠬᠤ ᠪᠦᠲᠦᠭᠡᠭᠳᠡᠬᠦᠨ ᠤ ᠭᠡᠷᠡᠴᠢᠯᠡᠯ ᠢ ᠠᠬᠢᠭᠤᠯᠤᠨ᠎ᠠ᠃︵ᠠᠶᠢᠮᠠᠭ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠲᠤᠭ᠎ᠠ ᠪᠦᠷᠢᠳᠬᠡᠯ ᠤᠨ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠬᠡᠴᠡ ᠶᠢᠨ ᠡᠨᠧᠷᠭᠢ ᠶᠢᠨ ᠠᠰᠢᠭᠯᠠᠯᠲᠠ ᠶᠢᠨ ᠪᠠᠶᠢᠳᠠᠯ ᠢ ᠮᠡᠳᠡᠭᠦᠯᠬᠦ | ᠳᠦᠷᠢᠮ ᠢ ᠴᠢᠩᠭ᠎ᠠ ᠬᠡᠷᠡᠭᠵᠢᠭᠦᠯᠵᠦ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠬᠡᠴᠡ ᠶᠢᠨ ᠡᠨᠧᠷᠭᠢ ᠶᠢᠨ | ᠬᠤᠷᠣᠭᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ ᠰᠢᠰᠲ᠋ᠧᠮ ᠤᠨ ᠪᠠᠶᠢᠭᠤᠯᠤᠯᠲᠠ ᠪᠠ ᠬᠡᠷᠡᠭᠯᠡᠯᠲᠡ ᠶᠢ | ᠴᠢᠩᠭᠠᠳᠬᠠᠨ᠎ᠠ᠃ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠷᠢᠶᠡᠨ ᠳᠠᠬᠢ | ᠡᠨᠧᠷᠭᠢ ᠶᠢᠨ ᠰᠤᠷᠪᠤᠯᠵᠢ ᠶᠢᠨ ᠬᠡᠷᠡᠭᠯᠡᠭᠡᠨ ᠤ ᠲᠤᠭ᠎ᠠ ᠪᠦᠷᠢᠳᠬᠡᠯ ᠤᠨ ᠳᠦᠷᠢᠮ ᠪᠠ ᠭᠦᠢᠴᠡᠳᠬᠡᠬᠦ ᠲᠤᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠪᠣᠬᠢᠷᠳᠤᠯ ᠤᠨ ᠡᠬᠢ ᠰᠤᠷᠪᠤᠯᠵᠢ ᠶᠢ ᠪᠦᠷᠢᠳᠬᠡᠨ ᠪᠠᠶᠢᠴᠠᠭᠠᠬᠤ ᠬᠦᠷᠢᠶ᠎ᠡ | ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠪᠣᠬᠢᠷᠳᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ ᠤᠨ ᠦᠨᠡᠮᠯᠡᠯ ᠲᠠᠢ | ᠨᠢᠬᠡᠴᠡ ᠶᠢ ᠬᠠᠮᠤᠷᠤᠭᠰᠠᠨ ᠲᠣᠭᠲᠠᠮᠠᠯ ᠪᠣᠬᠢᠷᠳᠤᠯ ᠤᠨ ᠡᠬᠢ ᠰᠤᠷᠪᠤᠯᠵᠢ ᠶᠢ ᠬᠢᠨᠠᠨ ᠬᠡᠮᠵᠢᠬᠦ ᠰᠢᠰᠲ᠋ᠧᠮ ᠢ | ᠪᠠᠶᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠬᠢᠷᠳᠤᠯ ᠤᠨ ᠡᠬᠢ ᠰᠤᠷᠪᠤᠯᠵᠢ ᠶᠢ ᠬᠢᠨᠠᠨ | ᠬᠡᠮᠵᠢᠬᠦ ᠶᠢ ᠴᠢᠩᠭᠠᠳᠬᠠᠨ᠎ᠠ᠃ᠲᠤᠭ᠎ᠠ ᠪᠦᠷᠢᠳᠬᠡᠯ ᠤᠨ ᠬᠢᠨᠠᠯᠲᠠ ᠶᠢ ᠴᠢᠩᠭᠠᠷᠠᠭᠤᠯᠤᠨ᠂ ᠲᠤᠭ᠎ᠠ ᠪᠦᠷᠢᠳᠬᠡᠯ ᠤᠨ | ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠮᠡᠳᠡᠬᠦᠯᠬᠦ ᠦᠶᠯᠡ ᠠᠵᠢᠯᠯᠠᠭ᠎ᠠ ᠶᠢ | ᠰᠡᠷᠭᠡᠶᠢᠯᠡᠬᠦ ᠪᠠ ᠵᠠᠯᠬᠠᠭᠠᠨ ᠰᠢᠳᠭᠡᠵᠦ᠂ ᠲᠣᠭᠲᠠᠭᠠᠯ ᠳᠡᠭᠡᠷᠡᠬᠢ ᠠᠵᠤ ᠦᠢᠯᠡᠳᠪᠦᠷᠢ ᠶᠢᠨ ᠡᠨᠧᠷᠭᠢ ᠶᠢᠨ | ᠬᠡᠷᠡᠭᠯᠡᠭᠡ ᠶᠢᠨ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ ᠪᠠ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ ᠦᠨᠡᠯᠡᠨ | ᠵᠢᠱᠢᠬᠦ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠪᠥᠬᠦ ᠶᠠᠪᠤᠴᠠ ᠶᠢ ᠬᠠᠮᠢᠶᠠᠷᠤᠨ ᠡᠵᠡᠮᠳᠡᠬᠦ ᠶᠢ | ᠰᠠᠶᠢᠲᠤᠷ ᠬᠢᠨ᠎ᠡ᠃ᠡᠨᠧᠷᠭᠢ ᠶᠢᠨ ᠲᠤᠭ᠎ᠠ ᠪᠦᠷᠢᠳᠬᠡᠯ ᠪᠠ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠲᠣᠭᠠᠴᠠᠭ᠎ᠠ | ᠬᠢᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠮᠢᠶ᠎ᠠ ᠪᠦᠬᠦᠢ ᠪᠠᠶᠢᠭᠤᠯᠤᠮᠵᠢ ᠶᠢ ᠪᠠᠶᠢᠭᠤᠯᠤᠨ | ᠪᠦᠷᠢᠨᠰᠢᠭᠦᠯᠵᠦ᠂ ᠲᠤᠰᠬᠠᠢ ᠮᠡᠷᠭᠡᠵᠢᠯ ᠤᠨ ᠠᠵᠢᠯᠲᠠᠨ ᠢ ᠪᠦᠷᠢᠨ ᠲᠣᠬᠢᠷᠠᠭᠤᠯᠤᠨ᠎ᠠ᠃ᠤᠯᠤᠰ ᠤᠨ ᠡᠯ᠎ᠡ ᠵᠦᠢᠯ ᠤᠨ | ᠪᠣᠬᠢᠷᠳᠤᠯ ᠦᠭᠡᠢ ᠪᠠᠷᠢᠮᠵᠢᠶ᠎ᠠ ᠶᠢ ᠨᠠᠶᠢᠳᠠᠪᠤᠷᠢᠵᠢᠭᠤᠯᠤᠨ᠂ ᠡᠨᠧᠷᠭᠢ ᠠᠷᠪᠢᠯᠠᠬᠤ ᠪᠠᠷᠢᠮᠵᠢᠶ᠎ᠠ ᠶᠢ ᠬᠡᠷᠡᠭᠵᠢᠭᠦᠯᠬᠦ ᠪᠠ | ᠬᠢᠨᠠᠯᠲᠠ ᠲᠠᠯᠪᠢᠬᠤ ᠶᠢ ᠴᠢᠩᠳᠠᠯᠠᠵᠤ᠂ ᠡᠨᠧᠷᠭᠢ ᠠᠷᠪᠢᠯᠠᠬᠤ᠂ ᠳᠠᠬᠢᠨ ᠡᠭᠦᠰᠴᠦ ᠪᠣᠯᠬᠤ ᠡᠨᠧᠷᠭᠢ᠂ ᠠᠵᠤ | ᠦᠢᠯᠡᠳᠪᠦᠷᠢ ᠶᠢᠨ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠡᠷᠭᠡ ᠣᠷᠣᠨ ᠨᠤᠲᠤᠭ ᠤᠨ | ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠠᠬᠢᠭᠤᠯᠵᠤ᠂ ᠠᠯᠠᠱᠠ ᠠᠶᠢᠮᠠᠭ ᠤᠨ ᠪᠣᠬᠢᠷᠳᠤᠯ | ᠦᠭᠡᠢ ᠪᠠᠷᠢᠮᠵᠢᠶ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃︵ᠠᠶᠢᠮᠠᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ | ᠬᠠᠷᠢᠯᠴᠠᠭ᠎ᠠ ᠳᠡᠭᠡᠭᠡᠪᠦᠷᠢ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠨᠠᠢᠮᠠ︶ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ | ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠤᠨ᠎ᠠ᠃ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠡᠩᠨᠡᠭᠡ ᠪᠣᠯᠣᠨ | ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠨᠢ ᠲᠡᠭᠦᠯᠳᠡᠷ ᠪᠤᠰᠤ ᠬᠤᠰᠢᠭᠤ ᠣᠷᠣᠨ ᠳᠤ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ | ᠪᠠᠶᠢᠭᠤᠯᠤᠮᠵᠢ ᠪᠠᠶᠢᠭᠤᠯᠬᠤ ᠶᠢ ᠲᠦᠯᠬᠢᠨ ᠠᠬᠢᠭᠤᠯᠵᠤ᠂ ᠡᠨᠧᠷᠬᠢ ᠠᠷᠪᠢᠯᠠᠬᠤ ᠶᠢ ᠬᠢᠨᠠᠨ ᠪᠠᠶᠢᠴᠠᠭᠠᠬᠤ ᠵᠣᠬᠢᠴᠠᠩᠭᠤᠢ | ᠠᠵᠢᠯᠲᠠᠨ ᠪᠣᠯᠣᠨ ᠲᠥᠬᠦᠭᠡᠷᠦᠮᠵᠢ ᠲᠣᠬᠢᠷᠠᠭᠤᠯᠤᠨ᠎ᠠ᠃ᠬᠤᠰᠢᠭᠤ ᠣᠷᠣᠨ ᠵᠢᠴᠢ ᠰᠤᠮᠤ ᠰᠢᠶᠠᠩ ᠪᠠᠯᠭᠠᠰᠤ ᠶᠢᠨ | ᠦᠨᠳᠦᠰᠦᠨ ᠱᠠᠲᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠪᠣᠬᠢᠷᠳᠤᠯ ᠭᠠᠳᠠᠭᠰᠢᠯᠠᠭᠤᠯᠬᠤ ᠨᠢᠭᠡᠴᠡ ᠳᠤ ᠲᠤᠰᠬᠠᠢ | ᠲᠤᠰᠢᠶᠠᠯᠲᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯᠲᠠᠨ ᠲᠣᠬᠢᠷᠠᠭᠤᠯᠬᠤ᠂ ᠡᠨᠧᠷᠭᠢ ᠠᠷᠪᠢᠯᠠᠨ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢᠲᠠᠨ ᠢ ᠬᠥᠮᠥᠵᠢᠭᠦᠯᠦᠨ ᠬᠡᠷᠡᠭᠯᠡᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠴᠢᠳᠠᠪᠤᠷᠢᠲᠠᠨ ᠢ ᠬᠥᠮᠥᠵᠢᠭᠦᠯᠬᠦ᠂ ᠣᠷᠣᠭᠤᠯᠤᠨ ᠠᠪᠴᠢᠷᠠᠬᠤ | ᠪᠠ ᠬᠡᠷᠡᠭᠯᠡᠬᠦ ᠳᠤᠮᠳᠠᠬᠢ ᠬᠥᠮᠥᠨ ᠬᠡᠷᠡᠭᠯᠡᠬᠦ ᠨᠢᠭᠡᠴᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳ | ᠪᠠᠳᠠᠷᠠᠭᠤᠯᠵᠤ᠂ ᠳᠡᠭᠡᠳᠦ ᠳᠠᠪᠬᠤᠷᠭ᠎ᠠ ᠶᠢᠨ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠪᠠ | ᠦᠨᠳᠦᠰᠦᠨ ᠱᠠᠲᠤᠨ ᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠴᠢᠬᠤᠯᠠ | ᠶᠡᠭᠡ ᠴᠢᠳᠠᠪᠤᠷᠢᠲᠠᠨ ᠤ ᠲᠥᠷᠥᠯ ᠵᠦᠢᠯ ᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠴᠢᠳᠠᠪᠤᠷᠢᠲᠠᠨ ᠤ | ᠲᠠᠪᠴᠠᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠂ ᠡᠯ᠎ᠡ ᠲᠥᠷᠥᠯ ᠤᠨ ᠡᠨᠧᠷᠭᠢ ᠠᠷᠪᠢᠯᠠᠨ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ | ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ᠬᠥᠮᠥᠨ ᠬᠡᠷᠡᠭᠯᠡᠬᠦ ᠨᠢᠭᠡᠴᠡ ᠶᠢᠨ ᠠᠵᠢᠯ ᠤᠨ ᠪᠠᠶᠢᠷᠢ ᠶᠢᠨ ᠲᠤᠬᠠᠶᠢᠯᠠᠭᠰᠠᠨ | ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠷᠠᠭᠤᠯᠬᠤ ᠶᠢᠨ ᠬᠠᠮᠳᠣ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠦᠷᠭᠦᠯᠵᠢᠯᠡᠭᠰᠡᠨ ᠰᠤᠷᠭᠠᠨ ᠬᠥᠮᠦᠵᠢᠯ ᠵᠢᠴᠢ ︽ᠰᠢᠨ᠎ᠡ | ᠵᠠᠭᠤᠨ ᠤ 321 ᠴᠢᠳᠠᠪᠤᠷᠢᠲᠠᠨ ᠤ ᠢᠨᠵᠧᠨᠧᠷᠢᠩ︾᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠮᠡᠳᠡᠯᠭᠡ ᠶᠢ | ᠰᠢᠨᠡᠳᠬᠡᠬᠦ ᠢᠨᠵᠧᠨᠧᠷᠢᠩ ᠵᠡᠷᠭᠡ ᠶᠢ ᠬᠡᠷᠡᠭᠵᠢᠭᠦᠯᠬᠦ ᠡᠯ᠎ᠡ ᠲᠥᠷᠥᠯ ᠤᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠢ | ᠰᠢᠯᠭᠠᠷᠠᠭᠤᠯᠬᠤ ᠪᠠ ᠪᠣᠯᠪᠠᠰᠤᠷᠠᠭᠤᠯᠬᠤ ᠪᠠᠷ ᠳᠠᠮᠵᠢᠭᠤᠯᠤᠨ᠂ ᠡᠨᠧᠷᠭᠢ ᠠᠷᠪᠢᠯᠠᠵᠤ ᠪᠣᠬᠢᠷᠳᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠠᠵᠤ ᠦᠢᠯᠡᠰ ᠤᠨ ᠬᠥᠭᠵᠢᠯᠲᠡ ᠳᠤ ᠪᠠᠴᠢᠮ ᠬᠡᠷᠡᠭᠰᠡᠬᠦ ᠳᠡᠭᠡᠳᠦ ᠳᠠᠪᠬᠤᠷᠭ᠎ᠠ ᠶᠢᠨ | ᠴᠢᠳᠠᠪᠤᠷᠢᠲᠠᠨ ᠤ ᠡᠩᠨᠡᠭᠡ ᠶᠢ ᠲᠠᠰᠤᠷᠠᠯᠳᠠ ᠦᠭᠡᠢ ᠪᠤᠵᠠᠭᠠᠶᠢᠷᠠᠭᠤᠯᠤᠨ᠎ᠠ᠃ᠤᠳᠤᠷᠢᠳᠬᠤ ᠺᠠᠳ᠋ᠷᠴᠤᠳ ᠤᠨ | ᠪᠣᠯᠪᠠᠰᠤᠷᠠᠭᠤᠯᠤᠯ ᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠣᠯᠳᠠ ᠶᠢ ᠣᠷᠭᠢᠯ ᠳᠤ ᠬᠦᠷᠭᠡᠬᠦ᠂ | ᠨᠡᠭᠦᠷᠡᠰᠦᠲᠥ᠋ᠷᠥᠭᠴᠢ ᠶᠢᠨ ᠰᠠᠭᠠᠷᠮᠠᠭᠵᠢᠯ ᠵᠡᠷᠭᠡ ᠠᠭᠤᠯᠭ᠎ᠠ ᠶᠢᠨ ᠲᠣᠭᠤᠷᠢᠨ ᠳᠤ ᠡᠯ᠎ᠡ ᠱᠠᠲᠤᠨ ᠤ ᠺᠠᠳ᠋ᠷᠴᠤᠳ ᠲᠤ | ᠲᠠᠰ ᠲᠥᠷᠥᠯ ᠬᠤᠪᠢᠶᠠᠨ ᠪᠣᠯᠪᠠᠰᠤᠷᠠᠭᠤᠯᠤᠯ ᠥᠷᠨᠢᠭᠦᠯᠦᠨ᠎ᠡ᠃︵ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ | ᠪᠠᠶᠢᠭᠤᠯᠬᠤ ᠬᠡᠯᠲᠡᠰ᠂ ᠠᠶᠢᠮᠠᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠶᠢᠰᠦ︶ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠲᠡᠷᠢᠭᠦᠨ ᠤ | ᠮᠡᠷᠭᠡᠵᠢᠯ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠡᠷᠴᠢᠮ ᠢ ᠴᠢᠩᠭᠠᠷᠠᠭᠤᠯᠤᠨ᠎ᠠ᠃ᠨᠡᠭᠦᠷᠡᠰᠦ ᠶᠢ ᠴᠡᠪᠡᠷ | ᠥᠨᠳᠥᠷ ᠪᠦᠲᠦᠮᠵᠢᠲᠡᠶ ᠪᠠᠷ ᠠᠰᠢᠭᠯᠠᠬᠤ ᠪᠡᠶ᠎ᠡ ᠪᠠᠨ ᠳᠠᠭᠠᠭᠠᠵᠤ ᠰᠤᠳᠤᠯᠬᠤ ᠴᠢᠳᠠᠪᠤᠷᠢ ᠶᠢ ᠳᠡᠭᠡᠭᠰᠢᠯᠡᠭᠦᠯᠵᠦ᠂ | ᠨᠡᠭᠦᠷᠡᠰᠦ ᠰᠢᠲᠠᠭᠠᠬᠤ ᠵᠣᠤᠬ᠎ᠠ ᠶᠢᠨ ᠡᠨᠧᠷᠭᠢ ᠠᠷᠪᠢᠯᠠᠵᠤ ᠣᠷᠴᠢᠨ ᠠᠬᠤᠢ ᠶᠢ ᠬᠠᠮᠠᠭᠠᠯᠠᠬᠤ ᠶᠡᠷᠦᠩᠬᠡᠶᠢᠯᠡᠭᠰᠡᠨ | ᠳᠡᠭᠡᠭᠰᠢᠯᠡᠯᠲᠡ᠂ ᠴᠠᠬᠢᠯᠭᠠᠨ ᠮᠠᠰᠢᠨ ᠤ ᠰᠢᠰᠲ᠋ᠧᠮ ᠤᠨ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ | ᠵᠠᠩᠭᠢᠯᠠᠭ᠎ᠠ ᠶᠢᠨ ᠮᠡᠷᠭᠡᠵᠢᠯ ᠤᠨ ᠰᠤᠳᠤᠯᠭᠠᠨ ᠢ ᠥᠷᠨᠢᠭᠦᠯᠵᠦ᠂ ᠰᠢᠨ᠎ᠡ ᠡᠨᠧᠷᠭᠢ ᠶᠢᠨ ᠰᠤᠷᠪᠤᠯᠵᠢ ᠪᠠᠷ ᠴᠠᠬᠢᠯᠭᠠᠨ | ᠭᠠᠷᠭᠠᠬᠤ᠂ ᠢᠯᠴᠢ ᠬᠠᠩᠭᠠᠬᠤ᠂ ᠬᠡᠢ ᠦᠢᠯᠡᠳᠬᠦ ᠵᠡᠷᠭᠡ ᠲᠡᠷᠢᠭᠦᠨ ᠤ ᠮᠡᠷᠭᠡᠵᠢᠯ ᠢ ᠬᠥᠭᠵᠢᠭᠦᠯᠵᠦ᠂ ᠡᠨᠧᠷᠭᠢ ᠠᠷᠪᠢᠯᠠᠵᠤ | ᠪᠣᠬᠢᠷᠳᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ | ︽4+8+N︾ ᠭᠤᠣᠯ ᠴᠣᠭᠴᠠ ᠯᠤᠭ᠎ᠠ ᠶᠢᠨ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ | ᠤᠷᠳᠤ ᠬᠤᠭᠤᠴᠠᠭᠠᠨ ᠤ ᠪᠦᠲᠦᠮᠵᠢᠲᠡᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠪᠣᠯᠣᠨ | ᠰᠢᠨ᠎ᠡ ᠡᠨᠧᠷᠭᠢ ᠶᠢᠨ ᠬᠦᠷᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠪᠤᠶᠤ ᠶᠡᠭᠡ | ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠬᠠᠮᠵᠢᠯᠴᠠᠨ ᠰᠢᠨ᠎ᠡ ᠶᠢ | ᠡᠭᠦᠳᠬᠦ ᠶᠢ ᠳᠡᠮᠵᠢᠵᠦ᠂ ᠬᠠᠮᠲᠤᠷᠠᠯᠴᠠᠭᠠᠨ ᠤ ᠲᠠᠪᠴᠠᠩ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ | ᠴᠢᠳᠠᠪᠤᠷᠢᠲᠠᠨ ᠢ ᠣᠷᠣᠭᠤᠯᠤᠨ ᠠᠪᠴᠢᠷᠠᠵᠤ ᠬᠥᠮᠥᠵᠢᠭᠦᠯᠬᠦ ᠶᠢ ᠴᠢᠩᠭᠠᠳᠬᠠᠵᠤ᠂ ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠬᠤ ᠶᠢ ᠥᠷᠨᠢᠭᠦᠯᠦᠨ᠎ᠡ᠃ᠰᠢᠨ᠎ᠡ ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ | ᠰᠢᠯᠢᠳᠡᠭᠵᠢᠭᠦᠯᠦᠨ ᠲᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠦᠢᠯᠡᠳᠬᠦ ᠲᠥᠬᠦᠭᠡᠷᠦᠮᠵᠢ ᠶᠢ ᠲᠡᠰ ᠳᠡᠪᠰᠢᠭᠦᠯᠬᠦ | ᠪᠠ ᠰᠢᠨ᠎ᠡ ᠦᠢᠯᠡᠳᠬᠦᠨ ᠢ ᠬᠡᠪᠴᠢᠶᠡᠵᠢᠭᠦᠯᠦᠨ ᠬᠡᠷᠡᠭᠯᠡᠬᠦ ᠶᠢ ᠴᠢᠩᠭᠠᠳᠬᠠᠵᠤ᠂ ᠠᠵᠤ ᠦᠢᠯᠡᠰ ᠤᠨ ᠳᠡᠭᠡᠳᠦ ᠲᠡᠰ ᠤᠨ᠂ | ᠣᠶᠤᠨᠴᠢᠯᠠᠭᠰᠠᠨ᠂ ᠪᠣᠬᠢᠷᠳᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠤᠨ᠎ᠠ᠃︵ᠠᠶᠢᠮᠠᠭ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ | ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠲᠠᠪᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠣᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ᠡᠯ᠎ᠡ ᠬᠤᠰᠢᠭᠤ ᠣᠷᠣᠨ᠂ | ᠡᠯ᠎ᠡ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠲᠣᠰ | ᠭᠠᠵᠠᠷ ᠣᠷᠣᠨ ᠤ ᠪᠠᠨ ᠡᠨᠧᠷᠭᠢ ᠠᠷᠪᠢᠯᠠᠨ ᠪᠣᠬᠢᠷᠳᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠬᠠᠷᠠᠯᠲᠠ ᠶᠢ | ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠠᠪᠤᠨ ᠵᠢᠯ ᠤᠨ ᠲᠥᠯᠦᠪᠵᠢᠭᠦᠯᠭᠡ ᠵᠢᠴᠢ | ᠣᠨ ᠤ ᠲᠥᠯᠥᠪᠯᠡᠭᠡ ᠯᠦᠭᠡ ᠭᠦᠢᠴᠡᠳ ᠵᠣᠯᠭᠠᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ | ᠂ ᠡᠯ᠎ᠡ ᠵᠦᠢᠯ ᠤᠨ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ᠰᠢᠨᠵᠢᠯᠡᠬᠦ | ᠤᠬᠠᠭᠠᠨᠴᠢ ᠪᠠᠷ ᠬᠢᠨᠠᠨ ᠰᠢᠯᠭᠠᠵᠤ᠂ ᠳᠥᠭᠦᠮᠬᠡᠨ ᠢᠶᠠᠷ ᠱᠠᠲᠤ ᠱᠠᠲᠤ ᠪᠠᠷ ᠵᠠᠳᠠᠯᠬᠤ ᠶᠢ ᠰᠡᠷᠭᠡᠶᠢᠯᠡᠬᠦ ᠬᠡᠷᠡᠭᠲᠡᠢ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠳ ᠡᠨᠧᠷᠭᠢ ᠠᠷᠪᠢᠯᠠᠵᠤ ᠪᠣᠬᠢᠷᠳᠤᠯ ᠪᠣᠳᠠᠰ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠬᠠᠷᠠᠯᠲᠠᠲᠤ ᠬᠠᠷᠢᠭᠤᠴᠠᠯᠭ᠎ᠠ ᠶᠢ ᠲᠦᠷᠦᠭᠦᠯᠡᠨ ᠨᠠᠶᠢᠳᠠᠪᠤᠷᠢᠵᠢᠭᠤᠯᠵᠤ᠂ ᠨᠡᠩ ᠴᠢᠩᠭ᠎ᠠ | ᠬᠠᠷᠠᠯᠲᠠᠲᠤ ᠬᠠᠮᠢᠶᠠᠷᠤᠯᠲᠠ ᠶᠢ ᠬᠡᠷᠡᠭᠵᠢᠭᠦᠯᠬᠦ ᠶᠢ ᠵᠣᠷᠢᠭᠵᠢᠭᠤᠯᠬᠤ ᠬᠡᠷᠡᠭᠲᠡᠢ᠃ᠡᠨᠧᠷᠭᠢ ᠠᠷᠪᠢᠯᠠᠬᠤ ᠠᠵᠢᠯ ᠤᠨ | ᠤᠳᠤᠷᠢᠳᠬᠤ ᠳᠤᠭᠤᠶᠢᠯᠠᠩ ᠤᠨ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠭᠦᠷᠭᠡ ᠴᠢᠳᠠᠪᠤᠷᠢ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠵᠣᠬᠢᠴᠠᠯᠳᠤᠬᠤ ᠠᠵᠢᠯ ᠢ ᠰᠠᠶᠢᠲᠤᠷ ᠬᠢᠬᠦ ᠬᠡᠷᠡᠭᠲᠡᠢ᠃ᠠᠶᠢᠮᠠᠭ ᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠨᠢ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠵᠢᠯᠣᠭᠤᠳᠤᠯᠭ᠎ᠠ ᠪᠠᠨ ᠰᠠᠶᠢᠲᠤᠷ ᠬᠢᠵᠦ | ᠂ ᠲᠦᠭᠰᠢᠭᠦᠷᠢ ᠶᠢ ᠴᠠᠭ ᠲᠤᠬᠠᠢ ᠳᠤᠨᠢ ᠰᠡᠷᠭᠡᠶᠢᠯᠡᠨ ᠠᠷᠢᠯᠭᠠᠵᠤ᠂ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ | ᠠᠶᠢᠮᠠᠭ ᠤᠨ ᠵᠠᠬᠢᠷᠭ᠎ᠠ ᠳᠤ ᠮᠡᠳᠡᠭᠦᠯᠬᠦ ᠬᠡᠷᠡᠭᠲᠡᠢ᠃︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠬᠤᠶᠠᠷ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ᠠᠯᠠᠱᠠ ᠠᠶᠢᠮᠠᠭ ᠤᠨ | ᠡᠨᠧᠷᠭᠢ ᠶᠢᠨ ᠬᠤᠷᠣᠭᠳᠠᠭᠤᠯᠭ᠎ᠠ ᠶᠢ ᠡᠵᠡᠮᠳᠡᠨ ᠬᠢᠨᠠᠨ ᠰᠢᠯᠭᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠨᠧᠷᠭᠢ ᠶᠢᠨ | ᠬᠤᠷᠣᠭᠳᠠᠭᠤᠯᠭ᠎ᠠ ᠶᠢᠨ ᠬᠦᠴᠦᠯᠡᠴᠡ ᠶᠢ ᠡᠵᠡᠮᠳᠡᠬᠦ ᠪᠠᠷ ᠭᠤᠣᠯ ᠪᠣᠯᠭᠠᠨ᠂ ᠡᠨᠧᠷᠭᠢ ᠶᠢᠨ ᠬᠡᠷᠡᠭᠯᠡᠭᠡᠨ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠭᠦᠢᠴᠡᠳᠬᠡᠯ ᠲᠤᠭ᠎ᠠ ᠶᠢ ᠬᠠᠮᠲᠤ ᠳᠤᠨᠢ ᠬᠠᠮᠢᠶᠠᠷᠬᠤ᠂ ᠬᠠᠮᠲᠤ ᠳᠤᠨᠢ | ᠵᠠᠳᠠᠯᠬᠤ᠂ ᠬᠠᠮᠲᠤ ᠳᠤᠨᠢ ᠬᠢᠨᠠᠨ ᠰᠢᠯᠭᠠᠬᠤ ᠶᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠭ᠎ᠠ ᠶᠢ ᠡᠵᠡᠮᠳᠡᠬᠦ ᠪᠠ | ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠡᠵᠡᠮᠳᠡᠬᠦ ᠶᠢ ᠶᠡᠷᠦᠩᠬᠡᠶᠢᠯᠡᠨ ᠦᠨᠡᠯᠡᠵᠦ ᠬᠢᠨᠠᠨ ᠰᠢᠯᠭᠠᠬᠤ ᠳᠦᠷᠢᠮ ᠢ | ᠪᠠᠶᠢᠭᠤᠯᠤᠨ ᠪᠦᠷᠢᠨᠰᠢᠭᠦᠯᠦᠨ᠎ᠡ᠃ᠡᠨᠧᠷᠭᠢ ᠠᠷᠪᠢᠯᠠᠬᠤ ᠠᠵᠢᠯ ᠢᠶᠠᠷ ᠰᠤᠯᠠ᠂ ᠡᠨᠧᠷᠭᠢ ᠶᠢᠨ ᠬᠤᠷᠣᠭᠳᠠᠯ ᠤᠨ | ᠠᠰᠠᠭᠤᠳᠠᠯ ᠢᠶᠠᠷ ᠲᠣᠪᠣᠶᠢᠮ᠎ᠠ ᠬᠤᠰᠢᠭᠤ ᠣᠷᠣᠨ ᠪᠣᠯᠣᠨ ᠰᠠᠯᠠᠭ᠎ᠠ ᠮᠥᠴᠢᠷ ᠢ ᠴᠠᠭ ᠲᠤᠬᠠᠢ ᠳᠤᠨᠢ ᠵᠠᠷᠯᠠᠨ | ᠮᠡᠳᠡᠭᠳᠡᠵᠦ ᠪᠣᠯᠵᠣᠨ ᠶᠠᠷᠢᠯᠴᠠᠬᠤ ᠬᠡᠷᠡᠭᠲᠡᠢ᠃ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠬᠡᠴᠡ ᠶᠢᠨ ᠡᠨᠧᠷᠭᠢ | ᠠᠷᠪᠢᠯᠠᠬᠤ ᠢᠲᠡᠭᠡᠮᠵᠢ ᠶᠢᠨ ᠦᠨᠡᠯᠡᠯᠲᠡ ᠶᠢ ᠥᠷᠨᠢᠭᠦᠯᠵᠦ᠂ ᠡᠨᠧᠷᠭᠢ ᠠᠷᠪᠢᠯᠠᠬᠤ ᠢᠲᠡᠭᠡᠮᠵᠢ ᠶᠢᠨ ᠲᠠᠩᠰᠠ ᠡᠪᠬᠡᠮᠡᠯ ᠢ | ᠪᠠᠶᠢᠭᠤᠯᠵᠤ᠂ ᠱᠠᠲᠤ ᠬᠤᠪᠢᠶᠠᠨ ᠲᠦᠷᠦᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ᠃ᠡᠨᠧᠷᠭᠢ ᠠᠷᠪᠢᠯᠠᠬᠤ | ᠬᠦᠷᠢᠶᠡᠨ ᠳᠠᠬᠢ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠲᠦᠯᠬᠢᠨ ᠠᠬᠢᠭᠤᠯᠵᠤ᠂ ᠡᠨᠧᠷᠭᠢ | ᠠᠷᠪᠢᠯᠠᠬᠤ ᠬᠦᠷᠢᠶᠡᠨ ᠳᠠᠬᠢ ᠢᠲᠡᠭᠡᠯ ᠠᠯᠳᠠᠭᠰᠠᠨ ᠮᠡᠳᠡᠭᠡ ᠵᠠᠩᠭᠢ ᠶᠢᠨ ᠨᠡᠶᠢᠭᠡᠮ ᠢ ᠨᠡᠶᠢᠲᠡᠯᠡᠬᠦ ᠡᠷᠴᠢᠮ ᠢ | ᠴᠢᠩᠭᠠᠷᠠᠭᠤᠯᠵᠤ᠂ ᠬᠠᠮᠲᠤᠷᠠᠨ ᠤᠷᠮᠠᠰᠢᠭᠤᠯᠬᠤ ᠪᠠ ᠬᠠᠮᠲᠤᠷᠠᠨ ᠵᠠᠯᠬᠠᠭᠠᠨ ᠴᠡᠭᠡᠷᠯᠡᠭᠦᠯᠬᠦ ᠠᠵᠢᠯ ᠢ ᠬᠠᠤᠯᠢ ᠲᠣᠭᠲᠠᠭᠠᠯ | ᠶᠣᠰᠣᠭᠠᠷ ᠥᠷᠨᠢᠭᠦᠯᠵᠦ᠂ ᠬᠠᠤᠯᠢ ᠶᠣᠰᠣᠨ ᠤ ᠪᠠ ᠲᠣᠭᠲᠠᠭᠠᠯ ᠳᠤ ᠨᠡᠶᠢᠴᠡᠬᠦ᠂ ᠦᠨᠡᠨᠴᠢ ᠢᠲᠡᠭᠡᠮᠵᠢᠲᠡᠢ ᠪᠠᠷ ᠡᠨᠧᠷᠭᠢ | ᠬᠡᠷᠡᠭᠯᠡᠬᠦ ᠶᠢ ᠠᠬᠢᠭᠤᠯᠤᠨ᠎ᠠ᠃︵ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ | ᠣᠷᠴᠢᠨ ᠲᠣᠭᠤᠷᠢᠨ ᠤ ᠲᠣᠪᠴᠢᠶ᠎ᠠ ᠲᠦᠷᠦᠭᠦᠯᠡᠵᠦ᠂ ᠠᠶᠢᠮᠠᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠵᠡᠷᠭᠡ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠭᠤᠷᠪᠠ︶ ᠠᠷᠠᠳ ᠨᠡᠶᠢᠲᠡ ᠶᠢᠨ ᠠᠵᠢᠯᠯᠠᠭ᠎ᠠ ᠶᠢ ᠥᠷᠨᠢᠭᠦᠯᠦᠨ᠎ᠡ᠃ᠪᠣᠬᠢᠷᠳᠤᠯ ᠦᠭᠡᠢ ᠬᠡᠷᠡᠭᠯᠡᠭᠡ ᠶᠢ ᠲᠦᠯᠬᠢᠨ | ᠠᠬᠢᠭᠤᠯᠵᠤ᠂ ᠪᠣᠬᠢᠷᠳᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠬᠦᠨ ᠢ ᠳᠡᠯᠭᠡᠷᠡᠭᠦᠯᠬᠦ | ᠡᠷᠴᠢᠮ ᠢ ᠴᠢᠩᠭᠠᠷᠠᠭᠤᠯᠤᠨ᠎ᠠ᠃ᠪᠦᠬᠦ ᠤᠯᠤᠰ ᠤᠨ ᠡᠨᠧᠷᠭᠢ ᠠᠷᠪᠢᠯᠠᠬᠤ ᠤᠬᠠᠭᠤᠯᠭ᠎ᠠ ᠶᠢᠨ ᠭᠠᠷᠠᠭ᠂ ᠳᠡᠯᠡᠬᠡᠢ ᠶᠢᠨ | ᠣᠷᠴᠢᠨ ᠠᠬᠤᠢ ᠶᠢᠨ ᠡᠳᠦᠷ ᠵᠡᠷᠭᠡ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ | ᠥᠷᠨᠢᠭᠦᠯᠦᠨ᠎ᠡ᠃ᠠᠵᠢᠯ ᠲᠥᠷᠥᠯ ᠤᠨ ᠨᠡᠶᠢᠭᠡᠮᠯᠢᠭ᠂ ᠬᠤᠳᠠᠯᠳᠤᠭᠠᠨ ᠤ ᠪᠦᠯᠬᠦᠮ᠂ ᠨᠡᠶᠢᠲᠡ ᠶᠢᠨ ᠠᠰᠠᠷᠠᠮᠵᠢ ᠶᠢᠨ | ᠵᠣᠬᠢᠶᠠᠨ ᠪᠠᠶᠢᠭᠤᠯᠤᠯᠲᠠ ᠶᠢ ᠬᠥᠲᠥᠯᠥᠨ ᠵᠢᠯᠤᠭᠤᠳᠴᠤ ᠪᠠᠶᠢᠭᠠᠳ ᠡᠨᠧᠷᠭᠢ ᠠᠷᠪᠢᠯᠠᠬᠤ ᠲᠤᠰᠬᠠᠢ ᠮᠡᠷᠭᠡᠵᠢᠯ ᠤᠨ | ᠰᠤᠳᠤᠯᠤᠨ ᠶᠠᠷᠢᠯᠴᠠᠬᠤ᠂ ᠰᠠᠶᠢᠨ ᠳᠤᠷ᠎ᠠ ᠶᠢᠨ ᠠᠵᠢᠯᠯᠠᠭ᠎ᠠ ᠵᠡᠷᠭᠡ ᠶᠢ ᠡᠮᠬᠢ ᠵᠢᠷᠤᠮ ᠲᠠᠢ ᠥᠷᠨᠢᠭᠦᠯᠦᠨ᠎ᠡ᠃ᠪᠥᠬᠦ | ᠠᠶᠢᠮᠠᠭ ᠤᠨ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠤᠯᠭ᠎ᠠ᠂ ᠪᠣᠬᠢᠷᠳᠤᠯ ᠦᠭᠡᠢ ᠭᠡᠷ ᠪᠦᠯᠢ᠂ ᠪᠣᠬᠢᠷᠳᠤᠯ ᠦᠭᠡᠢ | ᠰᠤᠷᠭᠠᠭᠤᠯᠢ᠂ ᠪᠣᠬᠢᠷᠳᠤᠯ ᠦᠭᠡᠢ ᠨᠡᠶᠢᠭᠡᠮ ᠲᠣᠭᠤᠷᠢᠭ᠂ ᠪᠣᠬᠢᠷᠳᠤᠯ ᠦᠭᠡᠢ ᠬᠤᠳᠠᠯᠳᠤᠭᠠᠨ ᠤ ᠲᠠᠯᠠᠪᠤᠷ᠂ | ᠪᠣᠬᠢᠷᠳᠤᠯ ᠦᠭᠡᠢ ᠪᠠᠷᠢᠯᠭ᠎ᠠ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠤᠨ᠎ᠠ᠃ᠡᠨᠧᠷᠭᠢ | ᠠᠷᠪᠢᠯᠠᠬᠤ ᠨᠡᠶᠢᠲᠡ ᠶᠢᠨ ᠠᠰᠠᠷᠠᠮᠵᠢ ᠶᠢᠨ ᠦᠢᠯᠡᠰ ᠢ ᠬᠥᠭᠵᠢᠭᠦᠯᠵᠦ᠂ ᠤᠯᠠᠨ ᠨᠡᠶᠢᠲᠡ ᠶᠢᠨ ᠡᠨᠧᠷᠭᠢ ᠠᠷᠪᠢᠯᠠᠬᠤ | ᠨᠡᠶᠢᠲᠡ ᠶᠢᠨ ᠠᠰᠠᠷᠠᠮᠵᠢ ᠶᠢᠨ ᠠᠵᠢᠯᠯᠠᠭ᠎ᠠ ᠳᠤ ᠣᠷᠤᠯᠴᠠᠬᠤ ᠶᠢ ᠵᠣᠷᠢᠭᠵᠢᠭᠤᠯᠤᠨ᠂ ᠪᠣᠬᠢᠷᠳᠤᠯ ᠦᠭᠡᠢ ᠠᠮᠢᠳᠤᠷᠠᠯ ᠢ | ᠡᠷᠬᠢᠮᠯᠡᠬᠦ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠬᠤ ᠶᠢ ᠲᠦᠯᠬᠢᠨ ᠠᠬᠢᠭᠤᠯᠤᠨ᠎ᠠ᠃︵ᠠᠶᠢᠮᠠᠭ ᠤᠨ ᠨᠠᠮ ᠤᠨ | ᠬᠤᠷᠢᠶ᠎ᠠ ᠶᠢᠨ ᠤᠬᠠᠭᠤᠯᠬᠤ ᠬᠡᠯᠲᠡᠰ᠂ ᠠᠶᠢᠮᠠᠭ ᠤᠨ ᠪᠠᠶᠢᠭᠤᠯᠭ᠎ᠠ ᠶᠢᠨ ᠬᠡᠷᠡᠭ ᠶᠠᠪᠤᠳᠠᠯ ᠤᠨ ᠲᠥᠪ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ | ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠨᠢ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | |