ᠥᠪᠥᠷ ᠮᠣᠩᠭᠤᠯ ᠳᠤ ᠪᠠᠶᠢᠭ᠎ᠠ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠤᠬᠰᠠᠨ ᠲᠥᠰᠦᠯ ᠢ ᠲᠥᠪᠯᠡᠷᠡᠭᠦᠯᠦᠨ ᠰᠤᠳᠤᠯᠤᠨ ᠶᠠᠷᠢᠯᠴᠠᠵᠠᠢ
ᠨᠡᠶᠢᠲᠡᠯᠡᠭᠰᠡᠨ ᠴᠠᠭ᠄
2023/2/9
    ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠬᠢᠷᠠᠭᠤᠯᠤᠯᠲᠠ ᠶᠣᠰᠣᠭᠠᠷ᠂ 2 ᠰᠠᠷ᠎ᠠ ᠶᠢᠨ 7 ᠤ ᠡᠳᠦᠷ᠂ ᠥᠪᠥᠷ ᠮᠣᠩᠭᠤᠯ ᠳᠤ ᠪᠠᠶᠢᠭ᠎ᠠ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠬᠠᠤᠯᠢ ᠲᠣᠭᠲᠠᠭᠠᠬᠤ ᠬᠠᠤᠯᠢ ︵ᠵᠠᠰᠠᠪᠤᠷᠢ ᠣᠷᠣᠭᠤᠯᠤᠬᠰᠠᠨ ᠲᠥᠰᠦᠯ︶ ᠶᠢ ᠰᠤᠳᠤᠯᠤᠨ ᠶᠠᠷᠢᠯᠴᠠᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠵᠠᠩ ᠱᠤᠤ ᠴᠦᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠲᠡᠭᠡᠷ᠎ᠠ᠂ ᠲᠥᠯᠥᠭᠡᠯᠡᠭᠴᠢᠳ ᠸᠢᠳᠢᠣ᠋ ᠪᠠᠷ ᠳᠠᠮᠵᠢᠨ ᠲᠤᠰᠬᠠᠢ ᠰᠡᠳᠦᠪᠲᠦ ᠬᠠᠪᠰᠤᠷᠤᠨ ᠵᠢᠯᠣᠭᠤᠳᠬᠤ ᠮᠡᠳᠡᠭᠦᠯᠦᠯᠲᠡ ᠶᠢ ᠲᠥᠪᠯᠡᠷᠡᠭᠦᠯᠦᠨ ᠰᠤᠷᠤᠯᠴᠠᠭᠰᠠᠨ ᠪᠥᠭᠡᠳ ᠬᠠᠤᠯᠢ ᠲᠣᠭᠲᠠᠭᠠᠬᠤ ᠬᠠᠤᠯᠢ ︵ᠵᠠᠰᠠᠪᠤᠷᠢ ᠣᠷᠣᠭᠤᠯᠤᠬᠰᠠᠨ ᠲᠥᠰᠦᠯ︶ ᠶᠢᠨ ᠲᠤᠬᠠᠢ ᠰᠠᠨᠠᠯ ᠳᠤᠷᠠᠳᠴᠠᠢ᠃ ᠬᠤᠷᠠᠯ ᠠᠴᠠ᠂ ᠲᠥᠯᠥᠭᠡᠯᠡᠭᠴᠢᠳ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠥᠯᠥᠭᠡᠯᠡᠭᠴᠢᠳ ᠤᠨ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠭᠡᠬᠦ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠤᠬᠰᠠᠨ ᠲᠥᠰᠦᠯ ᠢ ᠰᠤᠳᠤᠯᠤᠨ ᠤᠩᠰᠢᠵᠤ ᠶᠠᠷᠢᠯᠴᠠᠬᠤ ᠳᠤᠮᠳᠠ ᠠᠭᠤᠰᠤᠯᠴᠠᠭᠤᠯᠵᠤ᠂ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠭᠤᠣᠯ ᠠᠭᠤᠯᠭ᠎ᠠ ᠶᠢ ᠣᠨᠣᠪᠴᠢᠲᠠᠢ ᠡᠵᠡᠮᠳᠡᠵᠦ᠂ ᠢᠳᠡᠪᠬᠢᠲᠡᠢ ᠪᠠᠷ ᠰᠠᠨᠠᠯ ᠰᠠᠨᠠᠭᠤᠯᠭ᠎ᠠ ᠳᠤᠷᠠᠳᠴᠤ᠂ ᠬᠠᠤᠯᠢ ᠲᠣᠭᠲᠠᠭᠠᠬᠤ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠬᠠᠤᠯᠢ ᠲᠣᠭᠲᠠᠭᠠᠬᠤ ᠬᠠᠤᠯᠢ ᠳᠤ ᠵᠠᠰᠠᠪᠤᠷᠢ ᠣᠷᠣᠭᠤᠯᠬᠤ ᠠᠵᠢᠯ ᠢ ᠰᠠᠶᠢᠲᠤᠷ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号