ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ ᠠᠵᠤ ᠠᠬᠤᠶ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠡ
ᠨᠡᠶᠢᠲᠡᠯᠡᠭᠰᠡᠨ ᠴᠠᠭ᠄
2023/3/1
    — ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠸᠧᠨ ᠢ ᠰᠤᠷᠪᠤᠯᠵᠢᠯᠠᠭᠰᠠᠨ ᠨᠢ     ︽ᠵᠢᠱᠢᠶ᠎ᠡ ᠦᠵᠡᠭᠦᠯᠬᠦ ᠣᠷᠣᠨ ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠤᠬᠠᠮᠰᠠᠷ ᠢ ᠪᠠᠲᠤ ᠪᠣᠶ ᠪᠣᠯᠭᠠᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠠ ᠠᠶᠤᠯ ᠥᠬᠡᠶ  ᠦᠢᠯᠡᠳᠪᠦᠷᠢᠯᠡᠯ ᠤᠨ ᠬᠠᠮᠢᠶᠠᠷᠤᠯᠲᠠ ᠶᠢᠨ ᠴᠢᠳᠠᠪᠤᠷᠢ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠤ ᠦᠢᠯᠡᠰ ᠤᠨ ᠬᠥᠭᠵᠢᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ᠂ ᠳᠡᠭᠡᠳᠦ ᠲᠠᠰ ᠤᠨ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠭᠢ ᠪᠠ ᠠᠮᠢ ᠠᠬᠤᠶ ᠶᠢᠨ ᠵᠢᠭᠤᠯᠴᠢᠯᠠᠯ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠠᠵᠤ ᠠᠬᠤᠶ ᠶᠢᠨ ᠶᠠᠰᠤ ᠴᠢᠨᠠᠷ ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ ᠤ ᠵᠣᠬᠢᠰᠲᠠᠶ ᠨᠡᠮᠡᠭᠳᠡᠯ ᠢ ᠪᠡᠶᠡᠯᠡᠭᠦᠯᠬᠦ ᠶᠢ ᠠᠬᠢᠭᠤᠯᠤᠨ᠎ᠠ᠃︾ ᠣᠶᠢᠷ᠎ᠠ ᠳᠤ᠂ ᠬᠤᠶᠠᠷᠬᠤᠳᠳᠤᠭ ᠤᠨ ᠬᠦᠳᠡᠭᠡ ᠠᠮᠢ ᠠᠬᠤᠶ ᠨᠡᠭᠦᠳᠡᠯ ᠠᠷᠠᠳ ᠤᠨ ᠵᠢᠱᠢᠶ᠎ᠡ ᠦᠵᠡᠭᠦᠯᠬᠦ ᠣᠷᠣᠨ ᠤ ᠨᠠᠮ ᠤᠨ ᠠᠵᠢᠯ ᠤᠨ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠢᠶᠠᠨ ᠰᠢᠤᠸᠠᠢ ᠸᠧᠨ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠲᠢᠶᠠᠨ ᠰᠢᠤᠸᠠᠢ ᠸᠧᠨ᠂ ᠵᠢᠱᠢᠶ᠎ᠡ ᠦᠵᠡᠭᠦᠯᠬᠦ ᠣᠷᠣᠨ ᠳᠤᠤᠷᠠᠬᠢ ᠬᠡᠳᠦᠨ ᠲᠠᠯ᠎ᠠ ᠶᠢᠨ ᠠᠵᠢᠯ ᠢ ᠬᠦᠴᠦᠯᠡᠨ ᠰᠠᠶᠢᠲᠤᠷ ᠬᠢᠨ᠎ᠠ ᠭᠡᠪᠡ᠃     ᠨᠢᠭᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠣᠨ᠎ᠠ᠃ ︽ᠶᠡᠭᠡ ᠪᠠᠷ ᠠᠵᠢᠯᠯᠠᠵᠤ ᠲᠦᠷᠭᠡᠨ ᠠᠬᠢᠭᠤᠯᠬᠤ᠂ ᠴᠠᠭ ᠮᠥᠴᠡ ᠶᠢ ᠠᠯᠳᠠᠯ ᠥᠬᠡᠶ ᠴᠢᠷᠮᠠᠶᠢᠬᠤ︾ ᠰᠥᠰᠥ ᠵᠣᠷᠢᠭ ᠪᠠ ᠡᠷᠡᠰ ᠵᠣᠷᠢᠭ ᠢᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾  ᠤᠨ ᠲᠥᠯᠥᠪᠵᠢᠭᠦᠯᠭᠡ ᠶᠢᠨ ᠴᠢᠬᠤᠯᠠ ᠶᠡᠭᠡ ᠲᠥᠷᠥᠯ ᠵᠦᠢᠯ ᠪᠠ ᠣᠨ ᠤ ᠭᠤᠤᠯᠳᠠᠯᠭ᠎ᠠ ᠲᠠᠢ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠣᠨ᠎ᠠ᠃ ᠭᠤᠤᠯᠳᠠᠯᠭ᠎ᠠ ᠲᠠᠢ ᠲᠥᠷᠥᠯ  ᠵᠦᠢᠯ ᠤᠨ ᠤᠳᠤᠷᠢᠳᠤᠯᠭ᠎ᠠ ᠳᠠᠭᠠᠭᠠᠴᠢᠯᠠᠨ ᠬᠠᠷᠢᠯᠴᠠᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠬᠦᠢᠴᠡᠳᠭᠡᠬᠦ ᠬᠤᠷᠳᠤᠴᠠ ᠶᠢ ᠲᠦᠷᠭᠡᠳᠬᠡᠨ᠂ ᠬᠦᠴᠦᠨ ᠵᠦᠢᠯ ᠤᠨ ᠪᠠᠲᠤᠯᠠᠭ᠎ᠠ ᠶᠢᠨ ᠡᠷᠴᠢᠮ ᠢ ᠨᠡᠮᠡᠭᠳᠡᠭᠦᠯᠵᠦ᠂ ᠵᠢᠯ ᠡᠬᠢᠯᠡᠮᠡᠭᠴᠡ ᠰᠢᠪᠲᠤᠯᠤᠯᠲᠠ ᠬᠢᠵᠦ᠂ ᠡᠬᠢᠯᠡᠯᠲᠡ ᠪᠠᠨ ᠲᠦᠷᠭᠡᠳᠬᠡᠭᠡᠳ᠂ ᠵᠢᠯ ᠤᠨ ᠳᠣᠲᠣᠷ᠎ᠠ 32 ᠭᠤᠤᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠡᠬᠡᠪᠡᠷ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠵᠤ᠂ ᠶᠡᠬᠡᠪᠡᠷ ᠨᠡᠮᠡᠭᠳᠡᠭᠦᠯᠬᠦ ᠶᠢ ᠪᠡᠶᠡᠯᠡᠭᠦᠯᠦᠨ᠎ᠡ᠃ ︽ᠲᠠᠪᠤ ᠶᠢ ᠳᠣᠶᠢᠯᠪᠣᠷᠢᠳᠠᠢ ᠪᠡᠶᠡᠯᠡᠬᠦᠯᠬᠦ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠢ ᠨᠠᠶᠢᠳᠠᠪᠤᠷᠢᠵᠢᠭᠤᠯᠵᠤ᠂ ᠰᠤᠯᠠ ᠪᠠᠶᠢᠭ᠎ᠠ ᠡᠬᠢ ᠪᠠᠶᠠᠯᠢᠭ᠂ ᠡᠯᠧᠮᠧᠨ᠋ᠲ᠂ ᠪᠡᠯᠡ ᠮᠥᠩᠭᠦ ᠶᠢ ᠪᠦᠲᠦᠮᠵᠢᠲᠡᠢ ᠠᠮᠢᠯᠠᠭᠤᠯᠵᠤ᠂ ᠬᠥᠭᠵᠢᠯᠲᠡ ᠶᠢᠨ ᠰᠠᠭᠤᠷᠢ ᠶᠢ ᠲᠠᠰᠤᠷᠠᠯᠳᠠ ᠦᠭᠡᠢ ᠪᠠᠬᠢᠵᠢᠬᠦᠯᠦᠨ᠎ᠡ᠃     ᠬᠤᠶᠠᠷ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ︽ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠪᠠᠷ ᠭᠠᠵᠠᠷ ᠢ ᠲᠣᠭᠲᠠᠭᠠᠬᠤ ︾  ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠣᠪᠴᠢᠲᠠᠢ ᠡᠵᠡᠮᠳᠡᠨ᠂ ᠲᠠᠷᠢᠮᠠᠯ ᠤᠨ ᠪᠦᠲᠦᠴᠡ ᠳᠤ ᠦᠷᠭᠦᠯᠵᠢᠯᠡᠨ ᠲᠣᠬᠢᠷᠠᠭᠤᠯᠤᠯᠲᠠ ᠬᠢᠵᠦ᠂ ᠰᠤᠯᠠ ᠪᠠᠶᠢᠭ᠎ᠠ ᠳᠤᠯᠠᠭᠠᠨ ᠬᠦᠯᠡᠮᠵᠢ 115 ᠶᠢ ᠠᠮᠢᠯᠠᠭᠤᠯᠵᠤ᠂ ᠬᠥᠲᠥᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ ᠢᠳᠡᠰᠢᠨ ᠨᠣᠭᠤᠭ᠎ᠠ ᠭᠤᠸᠠ ᠵᠢᠮᠢᠰ ᠲᠠᠷᠢᠭᠤᠯᠵᠤ᠂ ᠭᠤᠸᠠ᠂ ︽ᠡᠷᠳᠡᠨᠢ ᠰᠢᠰᠢ ᠶᠢ ᠲᠣᠬᠤᠵᠤ ᠲᠠᠷᠢᠬᠤ︾᠂ ᠴᠠᠷᠭᠠᠰᠤ ᠲᠠᠷᠢᠬᠤ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠠᠶᠢᠮᠠᠭ ᠤᠨ  ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠬᠤ ᠲᠠᠯ᠎ᠠ ᠪᠠᠷ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢ ᠪᠠᠳᠠᠷᠠᠭᠤᠯᠤᠨ᠎ᠠ᠃ ᠨᠤᠲᠤᠭ ᠪᠡᠯᠴᠢᠭᠡᠷ ᠤᠨ ᠮᠠᠯ ᠠᠵᠤ ᠠᠬᠤᠶ ᠶᠢ ᠬᠠᠰᠢᠶᠠᠯᠠᠨ ᠲᠡᠵᠢᠭᠡᠵᠦ ᠦᠷᠡᠵᠢᠭᠦᠯᠬᠦ ᠦᠢᠯᠡᠰ ᠲᠡᠰᠢ ᠬᠤᠪᠢᠷᠠᠭᠤᠯᠬᠤ ᠶᠢ ᠠᠬᠢᠭᠤᠯᠵᠤ᠂ ᠣᠨᠴᠠᠯᠢᠭᠲᠤ ᠰᠠᠭᠠᠯᠢ ᠶᠢᠨ ᠮᠠᠯ ᠤᠨ ᠨᠡᠷᠡᠲᠦ ᠲᠥᠷᠥᠯ ᠲᠡᠮᠳᠡᠭᠲᠦ ᠶᠢ ᠬᠦᠴᠦᠯᠡᠨ ᠪᠤᠶᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠮᠠᠯᠴᠢᠨ ᠲᠠᠷᠢᠶᠠᠴᠢᠨ ᠤ ᠠᠵᠤ  ᠦᠢᠯᠡᠰᠵᠢᠭᠰᠡᠨ ᠣᠷᠣᠯᠭ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠹᠦ᠋ ᠷᠦᠨ ᠶᠤᠸᠠᠨ ᠰᠠᠭᠠᠯᠢ ᠶᠢᠨ ᠦᠨᠢᠶᠡᠨ ᠤ ᠲᠥᠷᠥᠯ ᠵᠦᠢᠯ ᠳᠤ ᠲᠦᠰᠢᠭᠯᠡᠨ ᠂ 1 ᠰᠠᠭᠤᠷᠢ ᠴᠢᠨᠠᠷ ᠰᠠᠶᠢᠲᠠᠶ ᠲᠡᠵᠢᠭᠡᠯ ᠡᠪᠡᠰᠦ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠠᠯᠠᠰᠢᠨ ᠦᠬᠡᠷ᠂ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠤᠭ᠎ᠠ ᠶᠢ ᠲᠣᠰ ᠲᠣᠰ 5000 ᠪᠠ 10000 ᠳᠤ ᠬᠦᠷᠦᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠰᠠᠭᠤᠷᠢ ᠮᠥᠩᠭᠦ ᠶᠢ ᠪᠠᠶᠢᠭᠤᠯᠤᠨ᠂ ᠪᠠᠯᠠ ᠮᠥᠩᠭᠦ ᠶᠢᠨ ᠳᠡᠮᠵᠢᠯᠭᠡ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢᠨ ᠬᠥᠭᠵᠢᠨ ᠪᠤᠵᠠᠭᠠᠶᠢᠷᠬᠠᠤ ᠶᠢ ᠠᠬᠢᠭᠤᠯᠤᠨ᠂ ᠶᠠᠰᠤ ᠴᠢᠨᠠᠷ ᠢᠶᠠᠷ ᠲᠠᠷᠢᠶᠠᠯᠠᠩ ᠢ ᠬᠦᠴᠦᠷᠬᠡᠭᠵᠢᠭᠦᠯᠬᠦ᠂ ᠪᠣᠬᠢᠷᠲᠤᠯ ᠥᠬᠡᠶ ᠪᠠᠷ ᠲᠠᠷᠢᠶᠠᠯᠠᠩ ᠢ ᠬᠥᠭᠵᠢᠭᠦᠯᠬᠦ᠂ ᠨᠠᠷᠠᠲᠤ ᠲᠥᠷᠥᠯ ᠲᠡᠮᠳᠡᠭᠲᠦ ᠪᠠᠷ ᠲᠠᠷᠢᠶᠠᠴᠢᠨ ᠢ  ᠪᠠᠶᠠᠵᠢᠭᠤᠯᠬᠤ ᠶᠢ ᠬᠦᠴᠦᠯᠡᠨ ᠠᠬᠢᠭᠤᠯᠤᠨ᠎ᠠ᠃     ᠭᠤᠷᠪᠠ᠂ ᠠᠵᠤ ᠦᠢᠯᠡᠳᠪᠦᠷᠢ ᠶᠢᠨ ᠬᠥᠭᠵᠢᠯᠲᠡ ᠶᠢᠨ ᠬᠥᠳᠡᠯᠭᠡᠭᠴᠢ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠦᠨ᠎ᠡ᠃ ᠵᠢᠱᠢᠶ᠎ᠡ ᠦᠵᠡᠭᠦᠯᠬᠦ ᠣᠷᠣᠨ ᠤ ᠪᠦᠬᠦ ᠠᠵᠢᠯᠲᠠᠨ ᠢ ᠪᠦᠬᠦ ᠶᠠᠪᠤᠴᠠ ᠪᠠᠷ ᠮᠥᠷᠳᠡᠨ ᠦᠢᠯᠡᠴᠢᠯᠡᠬᠦ ᠶᠢ ᠬᠡᠷᠡᠭᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠬᠦᠴᠢᠷ᠂ ᠲᠦᠭᠵᠢᠷᠡᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠯᠠᠨ ᠵᠦᠸᠧ ᠰᠢᠨᠵᠢᠯᠡᠬᠦ ᠤᠬᠠᠭᠠᠨ ᠮᠡᠷᠭᠡᠵᠢᠯ ᠵᠡᠷᠭᠡ 8 ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠵᠤ᠂ ᠫᠷᠣᠫᠠ ᠠᠽᠤᠯᠤᠪᠳᠤᠨ ᠵᠡᠷᠭᠡ ᠵᠠᠬ᠎ᠠ ᠳᠡᠯᠭᠡᠭᠦᠷ ᠤᠨ ᠡᠵᠡᠯᠡᠬᠦ ᠨᠣᠷᠮ᠎ᠠ ᠪᠠᠷ ᠥᠨᠳᠥᠷ 10 ᠳᠠᠩ ᠪᠦᠲᠦᠭᠡᠭᠳᠡᠬᠦᠨ ᠢ ᠪᠤᠶᠢᠵᠢᠭᠤᠯᠵᠤ᠂ ᠦᠢᠯᠡᠳᠬᠦᠨ ᠤ ᠨᠠᠷᠢᠨ ᠬᠤᠪᠢᠶᠠᠬᠤ ᠵᠠᠬ᠎ᠠ ᠳᠡᠯᠭᠡᠭᠦᠷ ᠲᠠᠬᠢ ᠬᠤᠪᠢᠳᠠᠴᠠ ᠪᠠ ᠦᠭᠡ ᠬᠡᠯᠡᠬᠦ ᠡᠷᠬᠡ ᠶᠢ ᠳᠡᠭᠡᠭᠰᠢᠯᠡᠭᠦᠯᠦᠨ᠎ᠡ᠃ ᠨᠢᠲᠷᠤᠵᠢᠭᠤᠯᠬᠤ ᠳᠤ ᠬᠤᠯᠪᠣᠭᠳᠠᠭᠰᠠᠨ ᠭᠠᠷ ᠤᠷᠠᠯᠠᠯ ᠤᠨ ᠲᠥᠷᠥᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠲᠷᠤ ᠳᠤ ᠬᠤᠯᠪᠣᠭᠳᠠᠭᠰᠠᠨ ᠵᠠᠪᠰᠠᠷ ᠤᠨ ᠪᠦᠲᠦᠭᠡᠭᠳᠡᠬᠦᠨ ᠢ ᠲᠤᠬᠠᠶ ᠶᠢᠨ ᠭᠠᠵᠠᠷ ᠲᠤᠨᠢ ᠤᠯᠠᠷᠢᠭᠤᠯᠬᠤ ᠨᠣᠷᠮ᠎ᠠ ᠶᠢ ᠳᠡᠭᠡᠭᠰᠢᠯᠡᠭᠦᠯᠵᠦ᠂ ᠢᠯᠡᠭᠦᠳᠡᠯ ᠬᠥᠷᠥᠰᠥ ᠶᠢᠨ ᠪᠦᠯᠦᠭᠯᠡᠯ᠂ ᠳ᠋ᠢᠩ ᠯᠦᠩ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢ ᠠᠬᠢᠭᠤᠯᠵᠤ᠂ ᠪᠥᠬᠦ ᠪᠥᠮᠪᠥᠷᠴᠡᠭ ᠤᠨ ᠬᠠᠮᠤᠭ ᠤᠨ ᠶᠡᠭᠡ ᠬᠠᠮᠤᠭ ᠤᠨ ᠲᠡᠷᠢᠭᠦᠨ ᠤ ᠳᠡᠭᠡᠳᠦ ᠴᠢᠳᠠᠪᠬᠢᠲᠤ ᠰᠢᠷᠬᠡᠭᠯᠢᠭ ᠮᠠᠲ᠋ᠧᠷᠢᠶᠠᠯ ᠦᠢᠯᠡᠳᠪᠦᠷᠢᠯᠡᠬᠦ ᠰᠠᠭᠤᠷᠢᠨ ᠢ ᠪᠠᠶᠢᠭᠤᠯᠤᠨ᠎ᠠ᠃ ︽ᠶᠠᠰᠤ ᠴᠢᠨᠠᠷ ᠢᠶᠠᠷ ᠣᠷᠣᠨ ᠢᠶᠠᠨ ᠬᠦᠴᠦᠷᠬᠡᠭᠵᠢᠭᠦᠯᠬᠦ︾ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ ︾ ᠪᠠᠶᠢᠯᠳᠤᠬᠤ ᠪᠣᠳᠣᠯᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠠᠷᠠᠮᠥ᠋ᠷᠡᠨ ᠶᠡᠭᠡ ᠰᠤᠷᠭᠠᠭᠤᠯᠢ ᠶᠢᠨ ᠲᠠᠷᠢᠶᠠᠨ ᠡᠮ ᠤᠨ ᠢᠨᠵᠧᠨᠧᠷᠢᠩ ᠤᠨ ᠲᠥᠪ ᠬᠢᠭᠡᠳ ᠪᠠᠶ ᠷᠦᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰᠵᠢᠯᠳᠡ ᠶᠢᠨ ᠰᠠᠭᠤᠷᠢᠨ ᠭᠠᠵᠠᠷ᠂ ᠨᠠᠨᠵᠢᠩ ᠤᠨ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ ᠬᠢᠭᠡᠳ ᠯᠠᠶ ᠺᠧ ᠲᠠᠷᠢᠮᠠᠯ ᠤᠨ ᠬᠠᠮᠠᠭᠠᠯᠠᠯᠲᠠ ᠶᠢᠨ ᠬᠢᠵᠠᠭᠠᠷᠲᠤ ᠺᠣᠮᠫᠠᠨᠢ ᠵᠡᠷᠭᠡ ᠰᠤᠷᠭᠠᠭᠤᠯᠢ ᠠᠵᠤ ᠠᠬᠤᠶᠢᠯᠠᠯ ᠤᠨ ᠬᠤᠭᠤᠷᠣᠨᠳᠣᠬᠢ ᠦᠢᠯᠡᠳᠪᠦᠷᠢᠯᠡᠬᠦ ᠵᠢᠭᠠᠬᠤ ᠰᠤᠳᠤᠯᠬᠤ ᠬᠠᠮᠲᠤᠷᠠᠯᠴᠠᠭ᠎ᠠ ᠪᠠᠨ ᠦᠷᠭᠦᠯᠵᠢᠯᠡᠨ ᠠᠬᠢᠭᠤᠯᠤᠨ᠎ᠠ︔ ᠤᠯᠠᠨ ᠲᠡᠰ ᠳᠠᠪᠬᠤᠷᠭ᠎ᠠ ᠪᠦᠬᠦᠢ ᠬᠦᠷᠦᠩᠭᠡ ᠶᠢᠨ ᠵᠠᠬ᠎ᠠ ᠳᠡᠯᠭᠡᠭᠦᠷ ᠢ ᠢᠳᠡᠪᠬᠢᠲᠡᠢ ᠪᠠᠶᠢᠭᠤᠯᠵᠤ᠂ ᠱᠧᠨᠵᠧᠨ ᠤ ᠦᠨᠡᠲᠦ ᠲᠡᠮᠳᠡᠭᠲᠦ ᠶᠢᠨ ᠠᠷᠠᠯᠵᠢᠶᠠᠨ ᠤ ᠭᠠᠵᠠᠷ ᠤᠨ ᠵᠠᠬ᠎ᠠ ᠳᠡᠯᠭᠡᠭᠦᠷ ᠲᠤ ᠣᠷᠣᠬᠤ ᠡᠮᠦᠨᠡᠬᠢ ᠬᠤᠭᠤᠴᠠᠭᠠᠨ ᠳᠠᠬᠢ ᠹᠠᠩᠯᠦ᠋ᠨ ᠤ ᠵᠦᠢᠯᠡᠰ ᠤᠨ ᠠᠵᠢᠯ ᠢ ᠡᠬᠢᠯᠡᠭᠦᠯᠦᠨ᠎ᠡ᠃ ᠰᠢᠨ᠎ᠡ ᠡᠨᠧᠷᠭᠢ ᠶᠢᠨ ᠲᠥᠷᠦᠯ ᠵᠦᠢᠯ ᠢ ᠠᠰᠢᠭᠯᠠᠯᠲᠠ ᠳᠤ ᠣᠷᠣᠭᠤᠯᠬᠤ ᠳᠤ ᠪᠦᠬᠦ ᠬᠦᠴᠦᠨ ᠢᠶᠠᠷ ᠦᠢᠯᠡᠴᠢᠯᠡᠵᠦ᠂ 3 ᠡᠷᠦᠬᠡ 5 ᠲᠦᠮᠡᠨ ᠺᠢᠯᠣᠸᠠᠲ ᠤᠨ ᠲᠠᠷᠠᠬᠠᠢ ᠬᠡᠯᠪᠡᠷᠢ ᠶᠢᠨ ᠰᠠᠯᠬᠢᠨ ᠴᠠᠬᠢᠯᠭᠠᠨ ᠤ ᠠᠵᠤ ᠠᠬᠤᠶᠢᠯᠠᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ᠂ 2 ᠡᠷᠦᠬᠡ 85 ᠲᠦᠮᠡᠨ ᠺᠢᠯᠣᠸᠠᠲ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ ᠲᠥᠷᠦᠯ ᠵᠦᠢᠯ ᠢ ᠡᠬᠢᠯᠡᠨ ᠪᠠᠶᠢᠭᠤᠯᠵᠤ᠂ ᠲᠩᠷᠢ ᠡᠯᠡᠰᠦᠨ ᠴᠦᠯ ᠤᠨ ᠮᠢᠩᠭᠠᠨ ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠤᠨ ᠲᠥᠷᠦᠯ ᠵᠦᠢᠯ ᠢ ᠮᠠᠨ ᠤ ᠣᠷᠣᠨ ᠳᠤ ᠨᠤᠲᠤᠭᠰᠢᠭᠤᠯᠵᠤ᠂ ᠪᠣᠬᠢᠷᠲᠤᠯ ᠦᠭᠡᠢ ᠳᠡᠭᠡᠳᠦ ᠲᠡᠰ ᠤᠨ ᠬᠢᠮᠢ ᠶᠢᠨ ᠠᠵᠤ ᠦᠢᠯᠡᠳᠪᠦᠷᠢ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠤᠨ᠎ᠠ᠃     ᠳᠥᠷᠪᠡ᠂ ᠠᠵᠠ ᠲᠣᠬᠢᠶᠠᠯ ᠢ ᠠᠮᠵᠢᠨ ᠰᠣᠶᠣᠯ ᠵᠢᠭᠤᠯᠴᠢᠯᠠᠯ ᠤᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃ ︽ᠪᠥᠬᠦ ᠣᠷᠣᠨ ᠪᠦᠰᠡ ᠪᠥᠬᠦ ᠤᠯᠠᠷᠢᠯ ᠢᠶᠠᠷ᠂ ᠵᠦᠷᠢᠶᠡᠴᠢᠯᠡᠭᠰᠡᠨ ᠳᠡᠭᠡᠳᠦ ᠲᠠᠰ ᠤᠨ ᠬᠥᠭᠵᠢᠯᠲᠡ ᠶᠢ ᠠᠬᠢᠭᠤᠯᠬᠤ︾  ᠪᠠᠷ ᠵᠢᠯᠣᠭᠤᠳᠣᠯᠭ᠎ᠠ ᠪᠣᠯᠭᠠᠵᠤ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ ᠬᠡᠷᠡᠯ ᠵᠢᠷᠤᠭ ᠤᠨ ᠰᠠᠭᠤᠷᠢᠨ ᠪᠠ ᠥᠪᠡᠷᠮᠢᠴᠡ ᠣᠨᠴᠠᠯᠢᠭ ᠲᠠᠢ ᠠᠷᠠᠳ ᠤᠨ ᠰᠠᠭᠤᠴᠠ ᠶᠢᠨ ᠪᠦᠷᠢᠳᠭᠡᠬᠦᠯᠬᠦ ᠭᠠᠵᠠᠷ ᠢ ᠪᠥᠲᠥᠭᠡᠨ ᠪᠠᠶᠢᠭᠤᠯᠬᠤ ᠪᠠᠷ ᠬᠠᠷᠠᠯᠲᠠ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠪᠠ ᠦᠷ᠎ᠡ ᠠᠰᠢᠭ ᠢ ᠨᠡᠮᠡᠭᠳᠡᠭᠦᠯᠬᠦ ︽ᠬᠤᠶᠠᠷ ᠬᠥᠯ︾  ᠢᠶᠠᠷ ᠵᠠᠮᠨᠠᠬᠤ ᠶᠢ ᠪᠠᠷᠢᠮᠲᠠᠯᠠᠵᠤ᠂ ᠨᠢᠩᠰᠢᠶᠠ ᠶᠢᠨ ᠳᠡᠷᠡᠰᠦᠨ ᠬᠤᠲᠠ ᠯᠤᠭ᠎ᠠ ᠪᠠᠶᠢᠷᠢ ᠰᠣᠯᠪᠢᠴᠠᠨ ᠥᠷᠢᠰᠥᠯᠳᠦᠬᠦ᠂ ᠬᠠᠷᠢᠯᠴᠠᠨ ᠨᠥᠬᠦᠪᠥᠷᠢᠯᠡᠨ ᠬᠥᠭᠵᠢᠭᠦᠯᠵᠦ᠂ ᠵᠢᠭᠤᠯᠴᠢᠯᠠᠯ ᠤᠨ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠲᠩᠷᠢ ᠡᠯᠡᠰᠦᠨ ᠴᠥᠯ ᠤᠨ ᠬᠡᠭᠡᠷ᠎ᠡ ᠪᠠᠭᠤᠳᠠᠯᠯᠠᠬᠤ ᠭᠠᠵᠠᠷ ᠤᠨ ᠵᠢᠭᠤᠯᠴᠢᠯᠠᠭᠴᠢᠳ ᠢ ᠲᠥᠪᠯᠡᠷᠡᠭᠦᠯᠵᠦ ᠲᠠᠷᠬᠠᠭᠠᠬᠤ ᠲᠥᠪ ᠪᠠ ᠣᠷᠣᠵᠤ ᠢᠷᠡᠬᠦ ᠲᠣᠰᠬᠤᠨ ᠢ ᠥᠭᠡᠷᠡᠴᠢᠯᠡᠨ ᠪᠠᠶᠢᠭᠤᠯᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ︽ᠰᠢᠨ᠎ᠡ ᠨᠠᠭᠠᠳᠬᠤ ᠠᠷᠭ᠎ᠠ︾ ︽ᠰᠢᠨ᠎ᠡ ᠴᠡᠭ︾ ︽ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ︾  ᠢ ᠪᠤᠶᠢᠵᠢᠭᠤᠯᠤᠨ᠎ᠠ᠃ ᠳᠣᠩᠬᠤ ᠶᠢᠨ ᠳᠠᠯ᠎ᠠ 4 A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠲᠠᠰ ᠳᠡᠪᠰᠢᠭᠦᠯᠬᠦ ᠲᠥᠷᠥᠯ ᠵᠦᠢᠯ ᠢ ᠬᠡᠷᠡᠭᠵᠢᠭᠦᠯᠵᠦ᠂ ᠳᠡᠭᠡᠳᠦ ᠲᠠᠰ ᠤᠨ ᠡᠯᠡᠰᠦᠨ ᠴᠥᠯ ᠤᠨ ᠠᠮᠠᠷᠠᠯᠲᠠ ᠶᠢᠨ ᠪᠠᠭᠤᠳᠠᠯ ᠪᠠ ᠪᠥᠬᠦ ᠭᠠᠵᠠᠷ ᠤᠨ ᠭᠠᠳᠠᠷᠭᠤ ᠶᠢᠨ ᠲᠡᠷᠭᠡ ᠶᠢᠨ ᠰᠡᠯᠡᠭᠦᠴᠡᠯ ᠤᠨ ᠬᠥᠳᠡᠯᠭᠡᠭᠡᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠵᠢᠭᠤᠯᠴᠢᠯᠠᠯ ᠤᠨ ᠠᠵᠢᠯ ᠲᠥᠷᠥᠯ ᠤᠨ ᠲᠤᠰᠬᠠᠶ ᠴᠡᠭᠴᠡᠯᠡᠨ ᠵᠠᠰᠠᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠵᠦ᠂ ︽ᠨᠢᠭᠡ ᠲᠣᠭᠤᠷᠢᠯ ᠳᠥᠷᠪᠡᠨ ᠣᠷᠣᠨ︾  ᠤ ᠰᠢᠨ᠎ᠡ ᠪᠠᠶᠢᠷᠢᠰᠢᠯ ᠢ ᠪᠣᠶ ᠪᠣᠯᠭᠠᠬᠤ ᠶᠢ ᠠᠬᠢᠭᠤᠯᠵᠤ᠂ ︽ᠳᠤᠮᠳᠠᠳᠤ ᠤᠯᠤᠰ ᠤᠨ ᠬᠠᠮᠤᠭ ᠠᠴᠠ ᠲᠠᠲᠠᠬᠤ ᠬᠦᠴᠦᠨ ᠲᠠᠢ᠂ ᠬᠠᠮᠤᠭ ᠠᠴᠠ ᠠᠮᠠᠷᠬᠠᠨ ᠬᠥᠷᠬᠦ ᠡᠯᠡᠰᠦᠨ ᠴᠥᠯ ᠤᠨ ᠪᠠᠭᠤᠳᠠᠯᠯᠠᠬᠤ ᠰᠠᠭᠤᠷᠢᠨ ᠭᠠᠵᠠᠷ︾ ᠪᠠ ︽ᠠᠮᠢ ᠠᠬᠤᠶ ᠶᠢᠨ ᠵᠢᠭᠤᠯᠴᠢᠯᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠵᠢᠱᠢᠶ᠎ᠡ ᠦᠵᠡᠭᠦᠯᠬᠦ ᠣᠷᠣᠨ︾  ᠢ ᠬᠦᠴᠦᠯᠡᠨ ᠪᠠᠶᠢᠭᠤᠯᠤᠨ᠎ᠠ᠃     ᠲᠠᠪᠤ᠂ ᠠᠷᠠᠳ ᠤᠨ ᠠᠮᠢᠳᠤᠷᠠᠯ ᠢ ᠣᠨᠣᠪᠴᠢᠲᠠᠶ ᠪᠥᠭᠡᠳ ᠪᠦᠲᠦᠮᠵᠢᠲᠡᠶ ᠪᠠᠲᠤᠯᠠᠨ ᠰᠠᠶᠢᠵᠢᠷᠠᠭᠤᠯᠤᠨ᠎ᠠ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠷᠬᠡᠨ ᠬᠥᠭᠵᠢᠭᠦᠯᠵᠦ᠂ ᠪᠠᠭᠰᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠰᠢᠰᠲ᠋ᠧᠮ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠡᠮᠡᠭᠳᠡᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠮᠦᠨ᠎ᠡ ᠹᠷᠣᠨᠲ ᠤᠨ ᠪᠠᠭᠰᠢ ᠶᠢᠨ ᠵᠢᠭᠠᠨ ᠰᠤᠷᠭᠠᠯᠲᠠ ᠶᠢᠨ ᠢᠳᠡᠪᠬᠢᠵᠢᠯ ᠢ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠯᠲᠠ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ︽ᠡᠷᠬᠢᠨ ᠬᠠᠷᠠᠬᠤ︾ ᠲᠤᠰᠬᠠᠶ ᠠᠵᠢᠯᠯᠠᠭ᠎ᠠ ᠶᠢ ᠬᠢᠨᠠᠮᠠᠭᠠᠶ ᠥᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠤᠭᠰᠠᠨ ᠨᠢ ᠲᠣᠭᠲᠠᠭᠤᠨ ᠪᠤᠰᠤ ᠬᠥᠮᠦᠨ ᠠᠮᠠ ᠶᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠪᠦᠬᠦᠨ ᠢ ᠣᠷᠣᠭᠤᠯᠬᠤ ᠶᠢ ᠦᠨᠡᠨᠬᠦ ᠪᠠᠲᠤᠯᠠᠨ᠎ᠠ᠃ 8800 ᠭᠠᠷᠤᠶ ᠲᠦᠮᠡᠨ ᠲᠥᠭᠦᠷᠢᠭ ᠤᠨ ᠪᠠᠯᠠ ᠣᠷᠣᠭᠤᠯᠵᠤ 9 ᠵᠦᠢᠯ ᠤᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠣᠯᠠᠨ ᠲᠦᠮᠡᠨ ᠤ ︽ᠴᠢᠬᠤᠯᠠ ᠶᠠᠪᠤᠳᠠᠯ᠂ ᠰᠡᠳᠬᠢᠯ ᠵᠣᠪᠠᠵᠤ ᠪᠠᠶᠢᠭ᠎ᠠ ᠶᠠᠪᠤᠳᠠᠯ᠂ ᠵᠠᠩᠭᠢᠯᠠᠭ᠎ᠠ ᠶᠢᠨ ᠶᠠᠪᠤᠳᠠᠯ︾ ᠢ ᠦᠨᠡᠨ ᠬᠦ  ᠰᠢᠢᠳᠪᠦᠷᠢᠯᠡᠨ᠎ᠡ᠃     ᠵᠢᠷᠭᠤᠭ᠎ᠠ᠂ ᠭᠤᠣᠯᠳᠠᠯᠭ᠎ᠠ ᠲᠠᠢ ᠠᠵᠤ ᠦᠢᠯᠡᠰ ᠲᠤ ᠠᠩᠬᠠᠷᠤᠯ ᠢᠶᠠᠨ ᠳᠦᠪᠯᠡᠷᠡᠬᠦᠯᠦᠨ᠎ᠡ᠃ ᠨᠠᠩ ᠣᠯᠠᠨ ᠵᠠᠩᠭᠢᠯᠠᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠦᠷᠢᠯᠳᠦᠭᠦᠯᠵᠦ᠂ ᠨᠠᠩ ᠣᠯᠠᠨ ᠣᠷᠣᠨ ᠪᠠ ᠤᠯᠤᠰ ᠤᠨ ᠨᠡᠷ᠎ᠡ ᠲᠡᠮᠳᠡᠭᠲᠦ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠢᠯ ᠤᠨ ᠳᠣᠲᠣᠷ᠎ᠠ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 2᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ 2 ᠢ ᠮᠠᠭᠠᠳᠯᠠᠨ ᠲᠣᠭᠲᠠᠭᠠᠬᠤ ᠪᠠᠷ ᠴᠢᠷᠮᠠᠶᠢᠨ᠎ᠠ᠃ ᠬᠦᠷᠢᠶᠡᠯᠡᠩ ᠲᠣᠭᠤᠷᠢᠭ᠂ ᠤᠶᠤᠨᠲᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠠᠭᠪᠤᠷ ᠢ ᠲᠡᠭᠦᠯᠳᠡᠷᠵᠢᠭᠦᠯᠵᠦ᠂ ᠰᠠᠶᠢᠷ ᠴᠣᠨᠵᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ᠂ ᠲᠩᠷᠢ ᠪᠠᠯᠭᠠᠰᠤᠨ ᠤ ᠬᠤᠭ ᠨᠣᠪᠰᠢ ᠰᠢᠢᠳᠪᠦᠷᠢᠯᠡᠬᠦ ᠲᠥᠪ᠂ ᠬᠦᠷᠢᠶᠡᠯᠡᠩ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠵᠡᠷᠭᠡ ᠰᠠᠭᠤᠷᠢ ᠲᠥᠬᠦᠭᠡᠷᠦᠮᠵᠢ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠲᠠᠷᠢᠶᠠᠯᠠᠩ ᠤᠨ ᠤᠰᠤ ᠠᠷᠪᠢᠯᠠᠵᠤ ᠦᠷ᠎ᠡ ᠠᠰᠢᠭ ᠢᠶᠠᠨ ᠨᠡᠮᠡᠭᠳᠡᠭᠦᠯᠬᠦ ᠡᠷᠴᠢᠮ ᠢ ᠨᠡᠮᠡᠭᠳᠡᠭᠦᠯᠦᠨ᠂ ᠤᠰᠤᠨ ᠤ ᠡᠷᠬᠡ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ ᠥᠭᠬᠦ ᠬᠤᠪᠢ ᠶᠢᠨ ᠲᠤᠭ᠎ᠠ ᠶᠢ ᠪᠦᠬᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠠᠵᠤ ᠦᠢᠯᠡᠳᠪᠦᠷᠢ ᠶᠢᠨ ᠬᠥᠭᠵᠢᠯᠲᠡ ᠳᠤ ᠬᠡᠷᠡᠭᠯᠡᠬᠦ ᠤᠰᠤᠨ ᠤ ᠪᠣᠭᠤᠮᠢ ᠶᠢ ᠰᠢᠢᠳᠪᠦᠷᠢᠯᠡᠨ᠎ᠡ᠃ ᠭᠦᠶᠦᠬᠦ ᠡᠷᠴᠢᠮ ᠢᠶᠠᠨ ᠨᠡᠮᠡᠭᠳᠡᠭᠦᠯᠦᠨ᠂ X 762 ᠴᠢᠩ ᠲᠦᠩ ᠰᠢᠶᠠ ᠠᠴᠠ ᠰᠠᠶᠢᠷ ᠴᠣᠨᠵᠢ ᠬᠦᠷᠬᠦ᠂ X 761 ᠱᠠᠩ ᠤᠨ ᠳᠠᠯᠠᠶ ᠠᠴᠠ ᠵᠤᠤ ᠪᠢ ᠱᠠᠨ ᠬᠦᠷᠬᠦ ᠮᠤᠵᠢ ᠶᠢᠨ ᠵᠠᠰᠠᠮᠠᠯ ᠵᠠᠮ ᠢ ᠳᠡᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠢᠯ ᠢ ᠢᠳᠡᠪᠬᠢᠲᠡᠶ ᠪᠠᠷ ᠴᠢᠷᠮᠠᠶᠢᠨ ᠬᠡᠷᠡᠭᠵᠢᠭᠦᠯᠵᠦ᠂ ᠭᠠᠵᠠᠷ ᠣᠷᠣᠨ ᠤ ᠵᠠᠰᠠᠮᠠᠯ ᠵᠠᠮ ᠤᠨ ᠳᠡᠰ ᠢ ᠳᠡᠭᠡᠭᠰᠢᠯᠡᠬᠦᠯᠦᠨ᠎ᠡ᠃     ᠳᠣᠯᠤᠭ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠭᠤᠶᠢᠪᠢᠰᠢ ᠦᠭᠡᠶ ᠰᠠᠶᠢᠲᠤᠷ ᠠᠳᠬᠤᠨ᠎ᠠ᠃ ︽ᠭᠤᠷᠪᠠᠨ ᠱᠤᠭᠤᠮ ᠨᠢᠭᠡ ᠬᠠᠭᠤᠳᠠᠰᠤ︾  ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠠᠵᠤ ᠦᠢᠯᠡᠰ ᠤᠨ ᠳᠡᠰ ᠳᠠᠪᠬᠤᠷᠭ᠎ᠠ ᠶᠢ ᠳᠡᠭᠡᠭᠰᠢᠯᠡᠭᠦᠯᠬᠦ᠂ ᠠᠵᠤ  ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠬᠦᠴᠦᠷᠬᠡᠭᠵᠢᠭᠦᠯᠬᠦ ᠳᠤᠮᠳᠠᠬᠢ ᠦᠢᠯᠡᠳᠦᠯ ᠢ ᠪᠠᠳᠠᠷᠠᠭᠤᠯᠵᠤ᠂ ᠣᠳᠣ ᠪᠠᠶᠢᠭ᠎ᠠ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠳᠡᠰ ᠳᠡᠪᠰᠢᠭᠦᠯᠦᠨ ᠥᠭᠡᠷᠡᠴᠢᠯᠡᠨ᠎ᠡ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠰᠦᠯᠵᠢᠶᠡᠨ ᠳᠡᠭᠡᠷ᠎ᠡ ᠬᠢᠨᠠᠨ ᠰᠢᠨᠵᠢᠬᠦ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠰᠢᠨ᠎ᠡ ᠪᠠᠷ ᠪᠠᠶᠢᠭᠤᠯᠤᠭᠰᠠᠨ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠦᠢᠯ ᠢ ᠵᠢᠯᠣᠭᠤᠳᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠤᠨ ᠶᠡᠷᠦᠩᠬᠡᠶ ᠬᠡᠮᠵᠢᠶ᠎ᠡ ᠶᠢ ᠪᠠᠭᠠᠰᠬᠠᠬᠤ ᠶᠢ ᠡᠵᠡᠮᠳᠡᠬᠦ ᠲᠦᠷᠢᠮ ᠢ ᠨᠠᠶᠢᠳᠠᠪᠤᠷᠢᠵᠢᠭᠤᠯᠤᠨ᠎ᠠ᠃ ᠤᠤᠭᠤᠬᠤ ᠤᠰᠤᠨ ᠤ ᠤᠰᠤᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠵᠢᠷᠤᠮᠵᠢᠭᠰᠠᠨ ᠪᠥᠲᠥᠭᠡᠨ ᠪᠠᠶᠢᠭᠤᠯᠤᠯᠲᠠ ᠵᠢᠴᠢ ᠭᠠᠵᠠᠷ ᠳᠡᠭᠡᠷᠡᠬᠢ ᠤᠰᠤ᠂ ᠭᠠᠵᠠᠷ ᠳᠤᠤᠷᠠᠬᠢ ᠤᠰᠤᠨ ᠤ ᠴᠢᠨᠠᠷ ᠢ ᠬᠢᠨᠠᠨ ᠰᠢᠨᠵᠢᠬᠦ ᠠᠵᠢᠯ ᠢ ᠰᠠᠶᠢᠲᠤᠷ ᠬᠢᠵᠦ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠲᠣᠭᠲᠠᠭᠤᠨ ᠢᠶᠠᠷ ᠠᠵᠢᠯᠯᠠᠬᠤ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠬᠥᠷᠥᠰᠥ ᠰᠢᠷᠣᠢ ᠶᠢᠨ ᠠᠮᠢ ᠠᠬᠤᠢ ᠶᠢᠨ ᠣᠷᠴᠢᠨ ᠨᠥᠬᠦᠴᠡᠯ ᠤᠨ ᠠᠶᠤᠯ ᠲᠦᠭᠰᠢᠭᠦᠷᠢ ᠶᠢ ᠣᠷᠣᠨ ᠬᠤᠪᠢᠶᠠᠨ ᠬᠠᠮᠢᠶᠠᠷᠬᠤ ᠶᠢ ᠲᠦᠯᠬᠢᠨ ᠠᠬᠢᠭᠤᠯᠵᠤ᠂ ᠪᠤᠷᠳᠤᠭᠤᠷ ᠢ ᠬᠢᠵᠠᠭᠠᠷᠯᠠᠬᠤ᠂ ᠡᠮ ᠢ ᠬᠢᠵᠠᠭᠠᠷᠯᠠᠬᠤ᠂ ᠰᠦᠯᠢᠶᠣᠣ ᠪᠦᠷᠬᠦᠪᠴᠢ ᠶᠢ ᠬᠢᠵᠠᠭᠠᠷᠯᠠᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠎ᠡ᠃ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ︽ᠨᠢᠭᠡ ᠦᠢᠯᠡᠳᠪᠦᠷᠢ ᠨᠢᠭᠡ ᠲᠥᠷᠥ ᠶᠢᠨ ᠪᠣᠳᠣᠯᠭ᠎ᠠ︾  ᠶᠢᠨ ᠲᠥᠰᠦᠪ ᠤᠨ ᠬᠠᠮᠢᠶᠠᠷᠤᠯᠲᠠ ᠶᠢᠨ ᠡᠬᠡ ᠲᠠᠩᠰᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠢᠱᠢᠶ᠎ᠡ ᠦᠵᠡᠭᠦᠯᠬᠦ ᠣᠷᠣᠨ ᠤ ᠡᠨᠧᠷᠭᠢ ᠶᠢ ᠵᠣᠬᠢᠰᠲᠠᠶ ᠬᠡᠪᠴᠢᠶᠡᠨ ᠳᠤ ᠬᠡᠷᠡᠭᠯᠡᠬᠦ ᠶᠢ ᠪᠠᠲᠤᠯᠠᠨ᠎ᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠰᠢᠨ᠎ᠡ ᠨᠢᠭᠡ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠤᠨ᠂ 4000 ᠮᠥ ᠲᠠᠴᠢᠷᠳᠠᠭᠰᠠᠨ ᠣᠶ ᠰᠢᠭᠤᠶ ᠶᠢ ᠰᠡᠷᠭᠦᠭᠡᠬᠦ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠢᠨᠵᠧᠨᠧᠷᠢᠩ ᠵᠡᠷᠭᠡ ᠭᠤᠤᠯᠳᠠᠯᠭ᠎ᠠ ᠲᠠᠢ ᠣᠷᠣᠨ ᠪᠦᠰᠡ ᠶᠢᠨ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠲᠥᠷᠥᠯ ᠵᠦᠢᠯ ᠢ ᠬᠡᠷᠡᠭᠵᠢᠭᠦᠯᠦᠨ᠎ᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号