ᠪᠦᠬᠦ ᠤᠷᠤᠨ ᠤ ᠲᠠᠩᠰᠠ ᠡᠪᠬᠡᠮᠡᠯ ᠤᠨ ᠠᠵᠢᠯ ᠤᠨ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2023/3/1
    2 ᠰᠠᠷ᠎ᠠ ᠶᠢᠨ 27 ᠤ ᠡᠳᠦᠷ᠂ ᠪᠦᠬᠦ ᠣᠷᠣᠨ ᠤ ᠲᠠᠩᠰᠠ ᠡᠪᠬᠡᠮᠡᠯ ᠤᠨ ᠠᠵᠢᠯ ᠤᠨ ᠬᠤᠷᠠᠯ ᠬᠥᠬᠡᠬᠤᠲᠠ ᠳᠤ ᠬᠤᠷᠠᠯᠳᠤᠵᠤ᠂ 2022 ᠣᠨ ᠤ ᠲᠠᠩᠰᠠ ᠡᠪᠬᠡᠮᠡᠯ ᠤᠨ ᠠᠵᠢᠯ ᠢᠶᠠᠨ ᠳ᠋ᠦᠩᠨᠡᠵᠦ᠂ 2023 ᠣᠨ ᠤ ᠭᠤᠣᠯᠳᠠᠯᠭ᠎ᠠ ᠲᠠᠢ ᠡᠭᠦᠷᠭᠡ ᠪᠠᠨ ᠪᠠᠶᠢᠷᠢᠯᠠᠭᠤᠯᠪᠠ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠢᠦᠶ ᠯᠢ ᠰᠢᠨ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠲᠠᠩᠰᠠ ᠡᠪᠬᠡᠮᠡᠯ ᠤᠨ ᠲᠣᠪᠴᠢᠶᠠᠨ ᠤ ᠳᠠᠷᠤᠭ᠎ᠠ ᠵᠠᠩ ᠪᠠᠶ ᠴᠧᠩ ᠠᠵᠢᠯ ᠤᠨ ᠮᠡᠳᠡᠭᠦᠯᠦᠯᠲᠡ ᠬᠢᠪᠠ᠃     ᠬᠤᠷᠠᠯ ᠠᠴᠠ᠂ ᠪᠥᠬᠦ ᠣᠷᠣᠨ ᠤ ᠲᠠᠩᠰᠠ ᠡᠪᠬᠡᠮᠡᠯ ᠤᠨ ᠰᠠᠯᠠᠭ᠎ᠠ ᠮᠥᠴᠢᠷ ᠤᠳ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠲᠤᠬᠳᠠᠭᠠᠬᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠶ︔ ᠭᠤᠤᠯ ᠠᠵᠢᠯ ᠤᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠲᠠᠩᠰᠠ ᠡᠪᠬᠡᠮᠡᠯ ᠤᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠬᠠᠤᠯᠢ ᠶᠣᠰᠣᠭᠠᠷ ᠲᠠᠩᠰᠠ ᠡᠪᠬᠡᠮᠡᠯ ᠢ ᠵᠠᠰᠠᠵᠤ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠲᠠᠩᠰᠠ ᠡᠪᠬᠡᠮᠡᠯ ᠤᠨ ᠵᠠᠰᠠᠭ ᠲᠤ ᠲᠤᠰᠠᠯᠠᠬᠤ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠬᠤᠪᠢᠰᠬᠠᠯ ᠤᠨ ᠲᠠᠩᠰᠠ ᠡᠪᠬᠡᠮᠡᠯ ᠤᠨ ᠡᠬᠢ ᠪᠠᠶᠠᠯᠢᠭ ᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ᠂ ᠲᠠᠩᠰᠠ ᠡᠪᠬᠡᠮᠡᠯ ᠤᠨ ᠠᠷᠠᠳ ᠤᠨ ᠠᠮᠢᠳᠤᠷᠠᠯ ᠳᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠶᠢ ᠲᠡᠭᠡᠭᠰᠢᠯᠡᠬᠦᠯᠬᠦ ᠬᠡᠷᠡᠭᠳᠡᠢ︔ ᠲᠠᠩᠰᠠ ᠡᠪᠬᠡᠮᠡᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠨᠡᠨ ᠬᠦ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠤ ᠣᠷᠣᠭᠤᠯᠤᠨ ᠠᠳᠬᠤᠵᠤ᠂ ᠳᠤᠲᠠᠭᠤᠳᠠᠯ ᠲᠠᠢ ᠲᠠᠯ᠎ᠠ ᠶᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ ᠪᠠᠷ ᠴᠢᠷᠮᠠᠶᠢᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠥᠲᠥᠭᠡᠨ ᠪᠠᠶᠢᠭᠤᠯᠤᠯᠲᠠ ᠳᠤ ᠲᠠᠩᠰᠠ ᠡᠪᠬᠡᠮᠡᠯ ᠤᠨ ᠬᠦᠴᠦᠨ ᠴᠢᠳᠠᠯ ᠢᠶᠠᠨ ᠡᠷᠬᠦᠬᠦ ᠬᠡᠷᠡᠭᠳᠡᠢ ᠬᠡᠵᠦ ᠱᠠᠭᠠᠷᠳᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号