ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠦᠷᠡᠨ ᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2023/3/13
    ︽2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︿ᠠᠷᠪᠠᠨ ᠳᠥᠷᠪᠡᠳᠦᠭᠡᠷ ᠲᠠᠪᠤᠨ ᠵᠢᠯ﹀  ᠤᠨ ᠲᠥᠯᠦᠪᠵᠢᠭᠦᠯᠭᠡ ᠶᠢ ᠬᠡᠷᠡᠭᠵᠢᠭᠦᠯᠬᠦ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠨᠡᠩ ᠴᠤ ᠴᠡᠭᠡ ᠪᠣᠭᠤᠮᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠡᠬᠢᠯᠡᠭᠦᠯᠵᠦ᠂ ᠦᠨᠳᠦᠷ ᠲᠤ ᠭᠠᠷᠬᠤ ᠪᠠᠷ ᠬᠦᠴᠦᠯᠡᠨ ᠴᠢᠷᠮᠠᠶᠢᠬᠤ ᠴᠢᠬᠤᠯᠠ ᠨᠢᠭᠡ ᠵᠢᠯ ᠮᠥᠨ᠃ ᠴᠡᠭᠡ ᠪᠣᠭᠤᠮᠲᠠ ᠨᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠵᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢᠨ ᠲᠣᠭᠤᠷᠢᠨ ᠳᠤ ᠢᠲᠡᠭᠡᠯ ᠵᠣᠷᠢᠭ ᠢᠶᠠᠨ ᠬᠥᠪᠴᠢᠯᠡᠵᠦ᠂ ᠶᠡᠬᠡᠪᠡᠷ ᠠᠵᠢᠯᠯᠠᠵᠤ ᠲᠦᠷᠭᠡᠨ ᠤᠷᠤᠭᠰᠢᠯᠠᠵᠤ᠂ ᠪᠣᠭᠤᠮᠲᠠ ᠥᠩᠭᠡᠷᠡᠬᠦ ᠪᠠᠷᠠᠭᠠᠨ ᠤ ᠬᠡᠮᠵᠢᠶ᠎ᠡ ᠪᠠᠨ ᠦᠷᠭᠦᠯᠵᠢᠯᠡᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠬᠦᠴᠦᠯᠡᠨ ᠠᠬᠢᠭᠤᠯᠤᠨ᠎ᠠ︾ ᠭᠡᠪᠡ᠃ ᠣᠶᠢᠷ᠎ᠠ ᠳᠤ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯ ᠤᠨ ᠬᠤᠷᠢᠶ᠎ᠠ ᠶᠢᠨ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠮᠦᠷᠡᠨ  ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠢ ᠰᠣᠷᠪᠤᠯᠵᠢᠯᠠᠭ᠎ᠠ ᠶᠢ ᠬᠦᠯᠢᠶᠡᠪᠡ᠃    ᠮᠦᠷᠡᠨ᠂ ᠴᠡᠭᠡ ᠪᠣᠭᠤᠮᠲᠠ ᠶᠢᠨ ᠠᠵᠤ ᠠᠬᠤᠢ ᠶᠢᠨ ᠨᠡᠭᠡᠭᠡᠯᠲᠡ ᠶᠢᠨ ᠣᠷᠣᠨ ᠤ ᠬᠢᠨ ᠳᠣᠣᠷᠠᠬᠢ ᠬᠡᠳᠦᠨ ᠲᠠᠯ᠎ᠠ ᠪᠠᠷ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠶᠢ ᠭᠤᠣᠯᠳᠠᠯᠭ᠎ᠠ ᠲᠠᠢ ᠠᠬᠢᠭᠤᠯᠤᠨ᠎ᠠ ᠬᠡᠪᠡ᠃    ᠭᠠᠳᠠᠭᠰᠢ ᠨᠡᠭᠡᠭᠡᠯᠲᠡ ᠬᠢᠬᠦ ᠶᠢ ᠥᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠢ ᠠᠬᠢᠭᠤᠯᠣᠨ᠎ᠠ    ᠬᠢᠯᠢ ᠠᠯᠤᠰᠯᠠᠭᠰᠠᠨ ᠲᠡᠭᠡᠭᠡᠪᠦᠷᠢ ᠶᠢᠨ ᠲᠡᠷᠭᠡ ᠬᠥᠰᠬᠡ ᠶᠢᠨ ᠬᠢᠯᠢ ᠳᠤ ᠣᠷᠣᠬᠤ ᠶᠢ ᠡᠮᠬᠢ ᠵᠢᠷᠤᠮ ᠲᠠᠢ ᠠᠬᠢᠭᠤᠯᠵᠤ᠂ ᠪᠣᠭᠤᠮᠲᠠ ᠪᠠᠷ ᠥᠩᠭᠡᠷᠡᠬᠦ ᠬᠡᠪ ᠤᠨ ᠡᠮᠬᠢ ᠳᠢᠭᠯᠢᠮ ᠢ ᠰᠡᠷᠭᠦᠭᠡᠵᠦ᠂ ︽ᠠᠷᠪᠠ ᠶᠢ ᠣᠷᠣᠭᠤᠯᠵᠤ ᠵᠢᠷᠭᠤᠭ᠎ᠠ ᠶᠢ ᠭᠠᠷᠭᠠᠬᠤ︾ ᠲᠡᠭᠡᠭᠡᠪᠦᠷᠢ ᠶᠢᠨ ᠨᠡᠪᠲᠡᠷᠡᠬᠦ ᠵᠠᠮ ᠳᠤ ᠲᠦᠰᠢᠭᠯᠡᠨ᠂ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠳᠥᠭᠦᠮᠴᠢᠯᠡᠵᠦ᠂ ᠴᠠᠭ ᠢ ᠪᠠᠭᠠᠰᠬᠠᠨ᠂ ᠬᠤᠷᠳᠤᠴᠠ ᠶᠢ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠠᠷᠠᠯᠵᠢᠶ᠎ᠠ ᠶᠢ ᠳᠥᠭᠦᠮ ᠳᠥᠲᠡ ᠪᠣᠯᠭᠠᠬᠤ᠂ ᠥᠨᠳᠥᠷ ᠠᠰᠢᠭᠯᠠᠮᠵᠢ ᠲᠠᠢ ᠪᠣᠯᠭᠠᠬᠤ᠂ ᠣᠶᠤᠨᠴᠢᠯᠠᠬᠤ ᠶᠢ ᠠᠬᠢᠭᠤᠯᠤᠨ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠬᠡᠮᠵᠢᠶ᠎ᠡ ᠶᠢᠨ ᠰᠢᠨ᠎ᠡ ᠲᠡᠮᠳᠡᠭᠯᠡᠯ ᠢ ᠡᠭᠦᠳᠬᠦ ᠶᠢ ᠠᠬᠢᠭᠤᠯᠤᠨ᠎ᠠ ᠃ ᠨᠡᠭᠦᠷᠡᠰᠦᠨ ᠤ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ ᠪᠠᠷ ᠭᠤᠣᠯᠳᠠᠯᠭ᠎ᠠ ᠪᠣᠯᠭᠠᠵᠤ᠂ ᠨᠡᠭᠦᠷᠡᠰᠦᠨ ᠤ ᠡᠨᠧᠷᠭᠢ ᠶᠢ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠢᠯᠭᠡᠭᠡᠨ᠂ ᠤᠬᠢᠶᠠᠵᠤ ᠰᠢᠯᠢᠵᠦ ᠡᠳ᠋ᠰᠢᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠡᠭᠵᠢᠭᠦᠯᠵᠦ᠂ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠨᠡᠭᠦᠷᠡᠰᠦ ᠶᠢ ᠤᠬᠢᠶᠠᠵᠤ ᠰᠢᠯᠢᠵᠦ ᠡᠳ᠋ᠰᠢᠭᠦᠯᠬᠦ ᠡᠷᠴᠢᠮ ᠢ ᠴᠢᠩᠭᠠᠷᠠᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ᠬᠢᠯᠢ ᠶᠢᠨ ᠪᠣᠭᠤᠮᠲᠠ ᠶᠢᠨ ᠠᠮᠢᠳᠤ ᠮᠠᠯ᠂ ᠮᠢᠬᠠᠨ ᠤ ᠵᠦᠢᠯ ᠢ ᠭᠠᠳᠠᠭᠠᠳᠤ   ᠠᠴᠠ ᠣᠷᠣᠭᠤᠯᠬᠤ ᠪᠠ ᠳᠤᠮᠳᠠᠳᠤ ᠮᠣᠩᠭᠤᠯ ᠤᠨ ᠬᠢᠯᠢ ᠶᠢᠨ ᠠᠷᠠᠳ ᠤᠨ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠶᠢᠨ ᠲᠣᠭᠤᠷᠢᠭ ᠢ ᠭᠤᠶᠤᠴᠢᠯᠠᠨ ᠮᠡᠳᠡᠭᠦᠯᠵᠦ ᠰᠢᠯᠭᠠᠨ ᠠᠪᠬᠤ ᠶᠢ ᠲᠦᠷᠭᠡᠳᠬᠡᠨ ᠠᠬᠢᠭᠤᠯᠵᠤ᠂ ᠣᠨᠴᠠᠯᠢᠭᠲᠤ ᠲᠠᠸᠠᠷ ᠤᠨ ᠦᠵᠡᠭᠦᠯᠦᠯᠭᠡ ᠶᠢᠨ ᠴᠤᠭᠯᠠᠭᠠᠨ ᠢ ᠪᠠᠶᠢᠩᠭᠤᠵᠢᠭᠤᠯᠤᠨ ᠡᠷᠭᠢᠯᠡᠵᠦ᠂ ᠬᠥᠮᠥᠰ ᠤᠨ ᠠᠩᠬᠠᠷᠤᠯ ᠢ ᠲᠠᠰᠤᠷᠠᠯᠲᠠ ᠦᠭᠡᠢ ᠲᠥᠪᠯᠡᠷᠡᠭᠦᠯᠦᠨ᠂ ᠣᠨᠴᠠᠯᠢᠭ ᠢ ᠳᠣᠪᠤᠶᠢᠯᠭᠠᠵᠤ᠂ ᠬᠢᠯᠢ ᠶᠢᠨ ᠵᠢᠭᠤᠯᠴᠢᠯᠠᠯ ᠤᠨ ᠬᠥᠭᠵᠢᠯᠲᠡ ᠶᠢ ᠠᠬᠢᠭᠤᠯᠤᠨ᠎ᠠ᠃    ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠴᠢᠩᠭᠠᠳᠬᠠᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠭᠦ ᠬᠦᠴᠦᠨ ᠨᠡᠮᠡᠷᠢᠯᠡᠬᠦ ᠶᠢ ᠠᠬᠢᠭᠤᠯᠤᠨ᠎ᠠ    ᠪᠣᠬᠢᠷᠳᠤᠯ ᠦᠭᠡᠢ ᠪᠠᠷ ᠬᠤᠳᠠᠯᠳᠤᠭᠠᠴᠢᠨ ᠤᠷᠢᠬᠤ ᠣᠨᠣᠯᠵᠢᠬᠤᠨ ᠢ ᠪᠠᠷᠢᠮᠲᠠᠯᠠᠵᠤ᠂ ᠨᠥᠭᠡᠴᠡᠯᠡᠬᠦ ᠲᠥᠷᠥᠯ ᠵᠦᠢᠯ ᠤᠨ ᠰᠢᠯᠢᠳᠡᠭ ᠢ ᠰᠣᠩᠭᠤᠨ ᠲᠠᠨᠢᠯᠴᠠᠭᠤᠯᠵᠤ᠂ ᠨᠡᠭᠦᠷᠡᠰᠦ ᠶᠢ ᠤᠬᠢᠶᠠᠨ ᠰᠢᠯᠢᠵᠦ ᠨᠠᠷᠢᠯᠢᠭ ᠡᠳ᠋ᠰᠢᠭᠦᠯᠬᠦ᠂ ᠨᠡᠭᠦᠷᠡᠰᠦᠨ ᠤ ᠪᠠᠷᠠᠭᠠᠨ ᠤ ᠭᠦᠢᠯᠭᠡᠭᠡᠨ ᠤ ᠨᠥᠭᠡᠴᠡᠯᠡᠬᠦ᠂ ᠮᠢᠬᠠᠨ ᠤ ᠵᠦᠢᠯ ᠢ ᠭᠠᠳᠠᠭᠠᠳᠤ   ᠠᠴᠠ ᠣᠷᠣᠭᠤᠯᠵᠤ ᠡᠳ᠋ᠰᠢᠭᠦᠯᠬᠦ᠂ ᠬᠠᠷᠢᠯᠴᠠᠨ ᠮᠠᠶᠢᠮᠠᠶᠢᠯᠠᠬᠤ ᠵᠠᠬ᠎ᠠ ᠳᠡᠯᠭᠡᠭᠦᠷ ᠤᠨ ᠠᠷᠠᠯᠵᠢᠶ᠎ᠠ ᠵᠡᠷᠭᠡ ᠲᠣᠭᠤᠷᠢᠨ ᠳᠤ᠂ ᠠᠷᠭ᠎ᠠ ᠪᠦᠬᠦᠨ ᠢ ᠰᠦᠪᠡᠭᠴᠢᠯᠡᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠰᠠᠶᠢᠲᠤᠷ ᠠᠳᠬᠤᠵᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ ᠨᠠᠷᠢᠯᠢᠭ  ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠬᠤᠯᠪᠣᠯᠳᠤᠭᠰᠠᠨ ᠦᠢᠯᠡᠳᠦᠯ ᠢ ᠪᠣᠶ ᠪᠣᠯᠭᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠢᠨ᠎ᠡ ᠰᠢᠪᠲᠤᠯᠤᠯᠲᠠ ᠲᠠᠢ ᠪᠣᠯᠬᠤ ᠶᠢ ᠬᠦᠴᠦᠯᠡᠨ ᠠᠬᠢᠭᠤᠯᠤᠨ᠎ᠠ᠃︽ᠨᠢᠭᠡ ᠠᠵᠤ ᠠᠬᠤᠶᠢᠯᠠᠯ ᠨᠢᠭᠡ ᠠᠷᠭ᠎ᠠ ᠪᠣᠳᠣᠯᠭ᠎ᠠ︾ ᠶᠢᠨ ᠵᠠᠭᠪᠤᠷ ᠢ ᠬᠡᠷᠡᠭᠯᠡᠨ᠂ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠰᠤᠳᠤᠯᠤᠯᠲᠠ ᠬᠢᠬᠦ ᠪᠠ ᠲᠦᠷᠦᠯ ᠬᠤᠪᠢᠶᠠᠨ ᠵᠢᠯᠤᠭᠤᠳᠴᠤ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ ᠪᠣᠳᠠᠲᠠᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠤᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠦᠢᠯᠡᠴᠢᠯᠡᠭᠡ ᠶᠢ ᠰᠠᠶᠢᠲᠤᠷ ᠬᠢᠵᠦ᠂ ︽ᠰᠠᠶᠢᠨ ᠦᠢᠯᠡᠴᠢᠯᠡᠭᠴᠢ︾ ᠶᠢᠨ ᠠᠵᠢᠯ ᠢ ᠰᠠᠶᠢᠲᠤᠷ ᠬᠢᠵᠦ᠂ ᠠᠵᠤ ᠠᠬᠤᠶᠢᠯᠠᠯ ᠤᠨ ᠢᠲᠡᠭᠡᠯ ᠵᠣᠷᠢᠭ ᠢ ᠨᠡᠮᠡᠭᠳᠡᠭᠦᠯᠦᠨ᠂ ᠬᠥᠭᠵᠢᠯᠲᠡ ᠶᠢ ᠲᠦᠷᠭᠡᠳᠬᠡᠨ᠎ᠡ᠃    ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠬᠦ ᠶᠢ ᠠᠬᠢᠭᠤᠯᠤᠨ᠎ᠠ    ︽ᠠᠰᠢᠭᠯᠠᠯᠲᠠ ᠳᠤ ᠣᠷᠣᠭᠤᠯᠬᠤ ᠲᠥᠷᠥᠯ ᠵᠦᠢᠯ ᠳᠤ ᠦᠷ᠎ᠡ ᠪᠦᠲᠦᠮᠵᠢ ᠣᠯᠬᠤ ᠶᠢ ᠠᠳᠬᠤᠬᠤ᠂ ᠪᠠᠶᠢᠭᠤᠯᠵᠤ ᠪᠠᠶᠢᠭ᠎ᠠ ᠲᠥᠷᠥᠯ ᠵᠦᠢᠯ ᠳᠤ ᠠᠰᠢᠭᠯᠠᠯᠲᠠ ᠳᠤ ᠣᠷᠣᠭᠤᠯᠬᠤ ᠶᠢ ᠠᠳᠬᠤᠬᠤ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠳᠤ ᠠᠵᠢᠯ ᠡᠬᠢᠯᠡᠭᠦᠯᠬᠦ ᠶᠢ ᠠᠳᠬᠤᠬᠤ︾ ᠱᠠᠭᠠᠷᠳᠠᠯᠭ᠎ᠠ ᠶᠣᠰᠣᠭᠠᠷ᠂ AGV ᠶᠢᠨ ᠵᠢᠯᠣᠭᠤᠴᠢ ᠦᠭᠡᠢ᠂ ᠣᠶᠤᠨᠲᠤ ᠬᠦᠨᠳᠦ ᠺᠠᠷᠲ ᠤᠨ ᠲᠡᠭᠡᠭᠡᠪᠦᠷᠢ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠪᠣᠭᠤᠮᠲᠠ ᠪᠠᠷ ᠥᠩᠭᠡᠷᠡᠬᠦ ᠠᠷᠠᠯᠵᠢᠶ᠎ᠠ ᠵᠡᠷᠭᠡ ᠰᠠᠭᠤᠷᠢ ᠪᠡᠯᠡᠳᠬᠡᠮᠵᠢ ᠶᠢᠨ ᠨᠠᠩ ᠲᠡᠭᠦᠯᠳᠡᠷᠵᠢᠬᠦ᠂ ᠴᠢᠳᠠᠮᠵᠢ ᠶᠢᠨ ᠨᠠᠩ ᠪᠦᠷᠢᠨ ᠲᠡᠭᠦᠯᠳᠡᠷ ᠪᠣᠯᠬᠤ ᠶᠢ ᠠᠬᠢᠭᠤᠯᠤᠨ᠎ᠠ᠃ᠤᠰᠤᠨ ᠴᠠᠬᠢᠯᠭᠠᠨ ᠤ ᠵᠠᠮ ᠤᠨ ᠲᠣᠣᠷ ᠢ ᠬᠦᠴᠦᠯᠡᠨ ᠲᠡᠭᠦᠯᠳᠡᠷᠵᠢᠭᠦᠯᠵᠦ᠂ ᠣᠷᠴᠢᠯ ᠠᠵᠤ ᠠᠬᠤᠢ ᠶᠢᠨ ᠬᠥᠭᠵᠢᠯᠲᠡ ᠶᠢᠨ ᠰᠠᠭᠤᠷᠢ ᠶᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ᠪᠣᠭᠤᠮᠲᠠ ᠶᠢᠨ ᠴᠢᠳᠠᠮᠵᠢ ᠶᠢ ᠤᠯᠠᠮ ᠨᠢᠭᠡ ᠠᠯᠬᠤᠮ ᠥᠷᠭᠡᠳᠬᠡᠬᠦ᠂ ᠠᠷᠠᠯᠵᠢᠶᠠᠨ ᠤ ᠪᠦᠲᠦᠴᠡ ᠶᠢ ᠰᠢᠯᠢᠳᠡᠭᠵᠢᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠨ᠎ᠠ᠃    ᠠᠵᠢᠯ ᠤᠨ ᠰᠤᠷᠲᠠᠯ ᠢᠶᠠᠨ ᠦᠷᠭᠦᠯᠵᠢᠯᠡᠨ ᠬᠤᠪᠢᠷᠠᠭᠤᠯᠵᠤ᠂ ᠨᠠᠮ ᠤᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠎ᠠ    ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠲᠡᠷᠢᠭᠦᠨ ᠴᠢᠬᠤᠯᠠ ᠡᠭᠦᠷᠭᠡ ᠪᠣᠯᠭᠠᠵᠤ᠂ ᠪᠦᠬᠦ ᠲᠠᠯ᠎ᠠ ᠪᠠᠷ ᠰᠤᠷᠤᠯᠴᠠᠬᠤ᠂ ᠰᠢᠰᠲ᠋ᠧᠮ ᠲᠠᠢ ᠰᠤᠷᠤᠯᠴᠠᠬᠤ᠂ ᠭᠦᠨᠵᠡᠭᠡᠢ ᠰᠤᠷᠤᠯᠴᠠᠬᠤ ᠶᠢ ᠪᠠᠷᠢᠮᠲᠠᠯᠠᠵᠤ᠂ ᠺᠠᠳ᠋ᠷᠴᠤᠳ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠳᠤ ᠦᠢᠯᠡᠴᠢᠯᠡᠬᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠳᠠᠪᠤᠷᠢ ᠶᠢ ᠲᠠᠰᠤᠷᠠᠯᠲᠠ ᠦᠭᠡᠢ ᠴᠢᠩᠭᠠᠳᠬᠠᠨ᠎ᠠ᠃ ᠲᠥᠪ ᠬᠤᠷᠢᠶᠠᠨ ᠤ ︽ᠨᠠᠢᠮᠠᠨ ᠵᠦᠢᠯ ᠤᠨ ᠲᠣᠭᠲᠠᠭᠠᠯ︾ ᠤᠨ ᠵᠣᠷᠢᠭ ᠰᠠᠨᠠᠭ᠎ᠠ ᠶᠢ ᠡᠷᠡᠰ ᠬᠡᠷᠡᠭᠵᠢᠭᠦᠯᠵᠦ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠠᠷᠠᠯ ᠢ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠦᠨ᠂ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠺᠠᠳ᠋ᠷᠴᠤᠳ ᠤᠨ ᠰᠠᠬᠢᠯᠭ᠎ᠠ ᠪᠠᠲᠤ ᠶᠢᠨ ᠬᠥᠮᠦᠵᠢᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠪᠢᠰᠢᠷᠡᠨ ᠵᠢᠷᠦᠬᠡᠰᠢᠶᠡᠬᠦ ᠶᠢ ᠮᠡᠳᠡᠬᠦ᠂ ᠬᠤᠷᠢᠭ᠎ᠠ ᠱᠤᠭᠤᠮ ᠢ ᠰᠠᠬᠢᠬᠤ ᠶᠢ ᠬᠥᠲᠥᠯᠥᠨ ᠵᠢᠯᠤᠭᠤᠳᠴᠤ᠂ ︽ᠬᠤᠷᠢᠭᠠᠲᠤ ᠣᠷᠣᠨ ᠦᠭᠡᠢ︾᠂ ︽ᠪᠦᠬᠦᠨ ᠢ ᠬᠠᠮᠤᠷᠬᠤ︾᠂ ︽ᠥᠴᠥᠬᠡᠨ ᠴᠦ ᠬᠦᠯᠢᠴᠡᠬᠦ ᠦᠭᠡᠢ︾ ᠪᠠᠶᠢᠬᠤ ᠶᠢ ᠪᠠᠷᠢᠮᠲᠠᠯᠠᠵᠤ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠨ᠎ᠠ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号