ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠰᠦᠪᠡᠭᠴᠢᠯᠡᠵᠦ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠵᠦ ᠠᠵᠤ ᠦᠢᠯᠡᠰ ᠢ ᠬᠦᠴᠦᠷᠬᠡᠭᠵᠢᠭᠦᠯᠦᠨ᠎ᠡ
ᠨᠡᠶᠢᠲᠡᠯᠡᠭᠰᠡᠨ ᠴᠠᠭ᠄
2023/3/20
    ︱ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠯᠢᠦ ᠴᠥᠩ ᠰᠢᠶᠣᠣ ᠶᠢ ᠰᠤᠷᠪᠤᠯᠵᠢᠯᠠᠭᠰᠠᠨ ᠨᠢ    ︽ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠦᠬᠦ ᠠᠶᠢᠮᠠᠭ ᠤᠨ ᠠᠵᠤ ᠠᠬᠤᠢ ᠶᠢᠨ ᠠᠵᠢᠯ ᠤᠨ ᠬᠤᠷᠠᠯ ᠤᠨ ᠬᠤᠷᠠᠯᠳᠤᠭᠰᠠᠨ ᠨᠢ ᠪᠢᠳᠡᠨ ᠤ ᠬᠥᠭᠵᠢᠯᠲᠡ ᠶᠢ ᠶᠡᠬᠡᠪᠡᠷ ᠠᠳᠬᠤᠬᠤ᠂ ᠬᠥᠭᠵᠢᠯᠲᠡ ᠶᠢ ᠲᠦᠷᠭᠡᠳᠬᠡᠬᠦ᠂ ᠬᠥᠭᠡᠭᠡᠵᠦ ᠭᠦᠢᠴᠡᠨ ᠳᠠᠪᠠᠵᠤ ᠲᠡᠷᠢᠭᠦᠯᠡᠬᠦ ᠪᠠᠷ ᠲᠡᠮᠡᠴᠡᠬᠦ ᠢᠲᠡᠭᠡᠯ ᠵᠣᠷᠢᠭ ᠢ ᠨᠡᠩ ᠪᠠᠲᠤᠳᠬᠠᠵᠠᠢ᠃ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ   ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠦᠪᠵᠢᠭᠦᠯᠭᠡ ᠶᠢᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠬᠦ ᠵᠠᠩᠭᠢᠯᠠᠭ᠎ᠠ ᠶᠢᠨ ᠵᠢᠯ ᠮᠥᠨ᠂ ᠠᠯᠠᠱᠠ ᠪᠠᠷᠠᠭᠤᠨ ᠬᠤᠰᠢᠭᠤᠨ ᠤ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠶᠢᠨ ᠲᠣᠭᠲᠠᠭᠠᠭᠰᠠᠨ ᠲᠦᠷᠦ ᠶᠢᠨ ᠪᠣᠳᠣᠯᠭ᠎ᠠ ᠶᠢᠨ ᠤᠳᠤᠷᠢᠳᠤᠮᠵᠢ᠂ ᠬᠠᠷᠠᠯᠲᠠ ᠡᠭᠦᠷᠭᠡ᠂ ᠪᠣᠳᠠᠲᠠᠢ ᠱᠠᠭᠠᠷᠳᠠᠯᠭ᠎ᠠ ᠲᠠᠢ ᠬᠠᠷᠢᠴᠠᠭᠤᠯᠵᠤ ᠪᠠᠶᠢᠭᠠᠳ ︿ᠶᠡᠭᠡ ᠪᠠᠷ ᠠᠵᠢᠯᠯᠠᠵᠤ ᠲᠦᠷᠭᠡᠨ ᠬᠥᠭᠵᠢᠭᠦᠯᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠲᠡᠷᠢᠭᠦᠨ ᠳᠤ ᠣᠷᠣᠬᠤ ᠪᠠᠷ ᠴᠢᠷᠮᠠᠶᠢᠬᠤ﹀ ᠪᠠᠷ ᠠᠵᠢᠯ ᠤᠨ ᠵᠢᠯᠣᠭᠤᠳᠤᠮᠵᠢ ᠪᠣᠯᠭᠠᠵᠤ᠂ ᠰᠡᠳᠬᠢᠯ ᠰᠠᠨᠠᠭ᠎ᠠ ᠪᠠᠨ ᠬᠥᠭᠵᠢᠯᠲᠡ ᠶᠢ ᠠᠬᠢᠭᠤᠯᠬᠤ ᠳᠡᠭᠡᠷ᠎ᠡ ᠲᠥᠪᠯᠡᠷᠡᠭᠦᠯᠬᠦ ᠶᠢ ᠪᠠᠷᠢᠮᠲᠠᠯᠠᠵᠤ᠂ ᠬᠠᠷᠠᠴᠠ ᠪᠠᠨ ᠣᠨᠴᠠᠯᠢᠭᠲᠤ ᠳᠠᠪᠠᠭᠤᠯᠢᠭ ᠠᠵᠤ ᠦᠢᠯᠡᠰ ᠢ ᠪᠣᠶᠢᠵᠢᠭᠤᠯᠬᠤ ᠳᠡᠭᠡᠷ᠎ᠡ ᠲᠥᠪᠯᠡᠷᠡᠭᠦᠯᠵᠦ᠂ ᠬᠦᠴᠦᠨ ᠴᠢᠳᠠᠯ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠡᠭᠡᠷ᠎ᠡ ᠲᠥᠪᠯᠡᠷᠡᠭᠦᠯᠵᠦ᠂ ᠺᠠᠳ᠋ᠷᠴᠤᠳ ᠢ ᠬᠥᠲᠥᠯᠥᠨ ᠳᠠᠭᠠᠭᠤᠯᠵᠤ ᠬᠠᠷᠢᠭᠤᠴᠠᠯᠭ᠎ᠠ ᠡᠭᠦᠷᠭᠡᠯᠡᠭᠦᠯᠬᠦ ᠶᠢ ᠦᠶᠯᠡ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠡᠷᠡᠯᠬᠡᠭᠯᠡᠨ ᠤᠷᠤᠭᠰᠢᠯᠠᠵᠤ᠂ ᠰᠢᠨ᠎ᠡ ᠠᠶᠠᠨ ᠵᠠᠮ ᠳᠤ ᠠᠯᠠᠱᠠ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃︾  ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠪᠤᠶᠢᠵᠢᠯᠲᠠ ᠳᠤ ᠰᠠᠭᠤᠷᠢᠯᠠᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠤᠬᠠᠢ ᠠᠯᠠᠱᠠ ᠪᠠᠷᠠᠭᠤᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠯᠢᠦ ᠴᠥᠩ ᠰᠢᠶᠣᠣ ᠲᠤᠰᠬᠠᠢ ᠰᠣᠷᠪᠤᠯᠵᠢᠯᠠᠭ᠎ᠠ ᠶᠢ ᠬᠦᠯᠢᠶᠡᠪᠡ᠃     ᠠᠯᠠᠱᠠ ᠪᠠᠷᠠᠭᠤᠨ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ     ᠣᠷᠣᠨ ᠨᠣᠳᠤᠭ ᠤᠨ ᠦᠢᠯᠡᠳᠪᠦᠷᠢᠯᠡᠯ ᠤᠨ ᠪᠥᠬᠦ ᠥᠷᠲᠡᠭ ᠢ 20% ᠪᠠᠷ᠂ ᠡᠩ ᠤᠨ ᠤᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ 10% ᠪᠠᠷ᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 20% ᠨᠡᠮᠡᠭᠳᠡᠭᠦᠯᠦᠨ᠎ᠡ︔ ᠬᠤᠳᠠ ᠬᠥᠳᠡᠭᠡ ᠶᠢᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠳᠤᠰ ᠳᠤᠰ 7%  ᠪᠠ 8%  ᠪᠠᠷ ᠨᠡᠮᠡᠭᠳᠡᠭᠦᠯᠦᠨ᠎ᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠪᠦᠬᠦ ᠲᠤᠭ᠎ᠠ ᠶᠢ 6% ᠪᠠᠷ ᠨᠡᠮᠡᠭᠳᠡᠭᠦᠯᠦᠨ᠎ᠡ᠃     ᠳᠣᠣᠷᠠᠬᠢ ᠬᠡᠳᠦᠨ ᠲᠠᠯ᠎ᠠ   ᠶᠢᠨ ᠠᠵᠢᠯ   ᠢ ᠬᠦᠴᠦ ᠲᠠᠯᠪᠢᠨ ᠰᠠᠶᠢᠲᠤᠷ ᠬᠢᠨ᠎ᠡ᠃    1. ᠪᠥᠬᠦ ᠠᠵᠤ ᠦᠢᠯᠡᠰ ᠤᠨ ᠦᠢᠯᠡᠳᠬᠦᠨ ᠤ ᠰᠢᠰᠲ᠋ᠧᠮᠵᠢ ᠶᠢ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ︽ᠲᠡᠮᠡᠭᠡᠨ ᠤ ᠠᠵᠤ ᠦᠢᠯᠡᠰ ᠤᠨ ᠲᠥᠪᠯᠡᠷᠡᠭᠦᠯᠵᠦ ᠲᠠᠷᠬᠠᠭᠠᠬᠤ ᠴᠢᠬᠤᠯᠠ ᠲᠥᠪ︾ ᠤᠨ ᠲᠠᠰ ᠳᠡᠪᠰᠢᠬᠦ ᠶᠢ ᠠᠬᠢᠭᠤᠯᠤᠨ᠎ᠠ     ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ︽ᠰᠠᠭᠠᠯᠢ ᠶᠢᠨ ᠬᠥᠮᠥᠷᠭᠡ︾ ᠶᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠪᠠ ᠪᠥᠬᠦ ᠠᠶᠢᠮᠠᠭ ᠤᠨ ︽ᠶᠡᠷᠦᠩᠬᠡᠶᠢᠯᠡᠭᠰᠡᠨ ᠲᠤᠯᠭᠠᠭᠤᠷᠢᠯᠠᠯ + ᠭᠤᠣᠯᠯᠠᠬᠤ ᠠᠵᠤ ᠦᠢᠯᠡᠰ + ᠡᠭᠦᠰᠦᠮᠡᠯ ᠠᠵᠤ ᠦᠢᠯᠡᠰ + ᠢᠵᠢ ᠪᠦᠷᠢᠳᠦᠭᠦᠯᠬᠦ ᠰᠠᠭᠤᠷᠢᠨ ᠭᠠᠵᠠᠷ︾ ᠢ ᠪᠠᠶᠢᠭᠤᠯᠬᠤ   ᠶᠢ ᠳᠦᠷᠭᠡᠳᠭᠡᠵᠦ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠤᠨ ᠬᠠᠷᠠᠯᠲᠠ ᠶᠢᠨ ᠲᠣᠭᠤᠷᠢᠨ ᠳᠤ᠂ ᠶᠡᠷᠦᠩᠬᠡᠢ ᠪᠡᠯᠡ ᠣᠷᠣᠭᠤᠯᠤᠯᠲᠠ ᠨᠢ 10 ᠳ᠋ᠦᠩᠰᠢᠭᠤᠷ ᠲᠥᠭᠦᠷᠢᠭ ᠤᠨ ︽ᠤᠯᠤᠰ ᠤᠨ ᠲᠠᠰ ᠤᠨ ᠠᠯᠠᠱᠠ ᠶᠢᠨ ᠣᠲᠣ ᠦᠶ᠎ᠡ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ︾ ᠤᠨ ᠲᠥᠷᠥᠯ ᠵᠦᠢᠯ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠤᠨ᠎ᠠ᠃ ᠦᠢᠯᠡᠳᠬᠦᠨ ᠤ ᠰᠤᠳᠤᠯᠤᠨ ᠨᠡᠭᠡᠭᠡᠬᠦ ᠦᠢᠯᠡᠳᠪᠦᠷᠢᠯᠡᠯ ᠢ ᠨᠡᠮᠡᠭᠳᠡᠭᠦᠯᠵᠦ᠂ ᠰᠢᠩᠭᠡᠨ ᠲᠤᠯᠤᠪᠲᠤ ᠰᠦ᠂ ᠰᠦᠨ ᠲᠠᠯᠬ᠎ᠠ᠂ ᠠᠰᠢᠭᠲᠤ ᠮᠥᠭᠦ ᠪᠠᠷ ᠭᠤᠣᠯᠯᠠᠭᠤᠯᠤᠭᠰᠠᠨ ᠲᠡᠮᠡᠭᠡᠨ ᠰᠦ ᠶᠢᠨ ᠪᠦᠲᠦᠭᠡᠭᠳᠡᠬᠦᠨ ᠤ ᠰᠢᠰᠲ᠋ᠧᠮᠵᠢ᠂ ᠲᠡᠮᠡᠭᠡᠨ ᠮᠢᠬ᠎ᠠ ᠶᠢ ᠨᠠᠷᠢᠯᠢᠭᠵᠢᠭᠤᠯᠤᠨ ᠰᠠᠯᠭᠠᠬᠤ᠂ ᠲᠡᠮᠡᠭᠡᠨ ᠮᠢᠬ᠎ᠠ ᠲᠠᠢ ᠱᠠᠯᠪᠢᠩ᠂ ᠲᠡᠮᠡᠭᠡᠨ ᠮᠢᠬ᠎ᠠ ᠶᠢᠨ ᠰᠢᠷᠢᠰ ᠪᠦᠳᠦᠭᠡᠭᠳᠡᠬᠦᠨ ᠢᠶᠠᠷ ᠭᠤᠣᠯᠯᠠᠭᠤᠯᠤᠭᠰᠠᠨ ᠲᠡᠮᠡᠭᠡᠨ ᠮᠢᠬᠠᠨ ᠤ ᠪᠦᠲᠦᠭᠡᠭᠳᠡᠬᠦᠨ ᠤ ᠰᠢᠰᠲ᠋ᠧᠮᠵᠢ᠂ ᠦᠨᠦᠷᠲᠦ ᠰᠠᠪᠤᠩ᠂ ᠨᠢᠳᠦᠨ ᠤ ᠲᠣᠰᠣ᠂ ᠨᠢᠭᠤᠷ ᠤᠬᠢᠶᠠᠬᠤ ᠰᠢᠩᠬᠡᠨ ᠵᠡᠷᠭᠡ ᠪᠠᠷ ᠭᠤᠣᠯᠯᠠᠭᠤᠯᠤᠭᠰᠠᠨ ᠲᠡᠮᠡᠭᠡᠨ ᠥᠭᠡᠬᠦ᠂ ᠲᠡᠮᠡᠭᠡᠨ ᠪᠥᠬᠦ ᠲᠣᠰᠣᠨ ᠤ ᠭᠤᠶᠣᠯᠠᠯ ᠤᠨ ᠡᠳ᠋ ᠤᠨ ᠪᠦᠲᠦᠭᠡᠭᠳᠡᠬᠦᠨ ᠤ ᠰᠢᠰᠲ᠋ᠧᠮᠵᠢ᠂ ᠲᠡᠮᠡᠭᠡᠨ ᠨᠣᠣᠰᠣ᠂ ᠲᠡᠮᠡᠭᠡᠨ ᠨᠣᠣᠰᠣ ᠵᠡᠷᠭᠡ ᠪᠠᠷ ᠭᠤᠣᠯᠯᠠᠭᠤᠯᠤᠭᠰᠠᠨ ᠬᠤᠪᠴᠠᠰᠤᠨ ᠤ ᠪᠦᠲᠦᠭᠡᠭᠳᠡᠬᠦᠨ ᠤ ᠰᠢᠰᠲ᠋ᠧᠮᠵᠢ ᠶᠢ ᠭᠤᠣᠯᠳᠠᠯᠭ᠎ᠠ ᠲᠠᠢ ᠪᠠᠶᠢᠭᠤᠯᠤᠨ᠎ᠠ᠃ᠥᠪᠥᠷ ᠮᠣᠩᠭᠤᠯ ᠤᠨ ᠢᠯᠢ ᠪᠦᠯᠦᠭᠯᠡᠯ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠯᠤᠭ᠎ᠠ ᠶᠢᠨ ᠨᠡᠪᠲᠡᠷᠡᠯᠴᠡᠭᠡ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠲᠡᠮᠡᠭᠡᠨ ᠰᠤᠳᠤᠯᠭᠠᠨ ᠤ ᠬᠦᠷᠢᠶᠡᠯᠡᠩ᠂ ᠲᠡᠮᠡᠭᠡᠨ ᠤ ᠠᠵᠤ ᠦᠢᠯᠡᠰ ᠤᠨ ᠬᠦᠷᠢᠶᠡᠯᠡᠩ ᠳᠤ ᠲᠦᠰᠢᠭᠯᠡᠨ᠂ ᠰᠤᠷᠭᠠᠭᠤᠯᠢ ᠠᠵᠤ ᠠᠬᠤᠶᠢᠯᠠᠯ ᠳᠡᠭᠡᠳᠦ ᠰᠤᠷᠭᠠᠭᠤᠯᠢ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ ᠤᠨ ᠦᠢᠯᠡᠳᠬᠦᠨ ᠢ ᠰᠤᠳᠤᠯᠤᠨ ᠨᠡᠭᠡᠭᠡᠬᠦ᠂ ᠮᠡᠷᠭᠡᠵᠢᠯ ᠢ ᠬᠤᠷᠠᠮᠳᠤᠭᠤᠯᠬᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠂ ᠲᠡᠵᠢᠭᠡᠯ ᠪᠣᠷᠳᠤᠭ᠎ᠠ ᠶᠢᠨ ᠵᠣᠷ ᠵᠡᠷᠭᠡ ᠭᠤᠣᠯᠳᠠᠯᠭ᠎ᠠ ᠶᠢᠨ ᠲᠣᠭᠤᠷᠢᠨ ᠳᠤ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠪᠠ ᠦᠷ᠎ᠡ ᠪᠦᠲᠦᠭᠡᠯ ᠢ ᠤᠯᠠᠷᠢᠭᠤᠯᠬᠤ ᠶᠢ ᠲᠦᠷᠭᠡᠳᠬᠡᠵᠦ᠂ ᠰᠢᠷᠢᠰ ᠡᠷᠡᠭᠦᠯᠵᠢᠯ ᠤᠨ ᠪᠦᠲᠦᠭᠡᠭᠳᠡᠬᠦᠨ᠂ ᠠᠮᠢᠳᠤ ᠪᠣᠳᠠᠰ ᠤᠨ ᠡᠮ ᠦᠶᠯᠡᠳᠬᠦ ᠵᠡᠷᠭᠡ ᠳᠡᠭᠡᠳᠦ ᠲᠠᠰ ᠤᠨ ᠦᠢᠯᠡᠳᠬᠦᠨ ᠢ ᠨᠡᠭᠡᠭᠡᠨ ᠬᠥᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠠᠰᠢᠭ ᠲᠤᠰᠠ ᠶᠢᠨ ᠬᠡᠯᠬᠢᠶ᠎ᠡ᠂ ᠬᠠᠮᠲᠤ ᠪᠠᠷ ᠡᠳ᠋ᠯᠡᠬᠦ ᠥᠷᠲᠡᠭ ᠤᠨ ᠬᠡᠯᠬᠢᠶ᠎ᠡ ᠶᠢ ᠪᠠᠬᠢᠵᠢᠭᠦᠯᠵᠦ᠂ ᠲᠡᠮᠡᠭᠡᠨ ᠤ ᠠᠵᠤ ᠦᠢᠯᠡᠰ ᠢ ᠦᠨᠡᠨ ᠬᠦ ᠠᠯᠠᠱᠠ ᠪᠠᠷᠠᠭᠤᠨ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠯᠭᠠᠭᠤᠷᠢ ᠠᠵᠤ ᠦᠢᠯᠡᠰ ᠪᠣᠯᠭᠠᠨ ᠪᠦᠲᠦᠭᠡᠨ ᠪᠠᠶᠢᠭᠤᠯᠬᠤ ᠶᠢ ᠵᠣᠷᠢᠭᠵᠢᠭᠤᠯᠤᠨ᠎ᠠ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ ᠢ ᠪᠠᠲᠤ ᠪᠣᠶ ᠪᠣᠯᠭᠠᠵᠤ᠂ ᠶᠠᠰᠤ ᠴᠢᠨᠠᠷ ᠤᠨ ᠪᠠᠲᠤᠯᠠᠭ᠎ᠠ ᠶᠢ ᠴᠢᠩᠭᠠᠳᠬᠠᠨ᠂ ᠭᠠᠷᠤᠯᠲᠠ ᠶᠢᠨ ᠣᠷᠣᠨ ᠤ ᠪᠠᠷᠢᠮᠵᠢᠶ᠎ᠠ᠂ ᠪᠦᠲᠦᠭᠡᠭᠳᠡᠬᠦᠨ ᠤ ᠪᠠᠷᠢᠮᠵᠢᠶ᠎ᠠ ᠪᠠ ᠦᠢᠯᠡᠳᠪᠦᠷᠢᠯᠡᠵᠦ ᠡᠳ᠋ᠰᠢᠭᠦᠯᠬᠦ ᠪᠠᠷᠢᠮᠵᠢᠶ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠰᠢᠨ᠂ ᠲᠡᠮᠡᠭᠡᠨ ᠤ ᠠᠵᠤ ᠦᠢᠯᠡᠰ ᠤᠨ ᠬᠥᠭᠵᠢᠯᠲᠡ ᠶᠢᠨ ᠡᠮᠦᠨ᠎ᠡ ᠡᠩᠨᠡᠭᠡᠨ ᠳᠤ ᠶᠠᠪᠤᠬᠤ ᠶᠢ ᠠᠬᠢᠭᠤᠯᠤᠨ᠎ᠠ᠃    2. ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ ᠪᠠᠷ ᠦᠨᠳᠦᠰᠦ ᠪᠣᠯᠭᠠᠬᠤ ᠶᠢ ᠠᠬᠢᠭᠤᠯᠵᠤ᠂ ︽ᠪᠠᠶᠢᠭᠠᠯᠢ ᠶᠢᠨ ᠬᠤᠵᠢᠷ ᠢ ᠦᠢᠯᠡᠳᠪᠦᠷᠢᠯᠡᠵᠦ ᠡᠳ᠋ᠰᠢᠭᠦᠯᠬᠦ ᠪᠣᠷᠤᠯᠠᠭᠤᠯᠭ᠎ᠠ ᠶᠢᠨ ᠴᠢᠬᠤᠯᠠ ᠲᠥᠪ︾ ᠢ ᠲᠠᠰ ᠳᠡᠪᠰᠢᠭᠦᠯᠬᠦ ᠶᠢ ᠠᠬᠢᠭᠤᠯᠤᠨ᠎ᠠ    ᠦᠷᠭᠦᠯᠵᠢᠯᠡᠨ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠢ ᠡᠨᠡ ᠵᠢᠯ ᠤᠨ 5 ᠰᠠᠷ᠎ᠠ ᠳᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠨ᠎ᠠ᠃ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ ᠂ ︽ᠲᠥᠯᠦᠪᠵᠢᠭᠦᠯᠭᠡ ᠶᠢ ᠨᠢᠭᠡ ᠯᠡ ᠳᠡᠭᠡᠷ᠎ᠡ ᠪᠣᠳᠠᠲᠠᠶᠢᠵᠢᠭᠤᠯᠵᠤ᠂ ᠪᠦᠲᠦᠭᠡᠨ ᠪᠠᠶᠢᠭᠤᠯᠤᠯᠲᠠ ᠶᠢ ᠠᠯᠬᠤᠮ ᠬᠤᠪᠢᠶᠠᠨ ᠬᠡᠷᠡᠭᠵᠢᠭᠦᠯᠬᠦ︾ ᠵᠠᠷᠴᠢᠮ ᠶᠣᠰᠣᠭᠠᠷ᠂ ᠵᠠᠰᠠᠭ ᠤᠨ ᠶᠠᠪᠤᠳᠠᠯ ᠤᠨ ᠠᠯᠪᠠᠯᠠᠬᠤ᠂ ᠠᠵᠤ ᠦᠢᠯᠡᠳᠪᠦᠷᠢ ᠶᠢᠨ ᠡᠳ᠋ᠰᠢᠭᠦᠯᠬᠦ᠂ ᠪᠠᠷᠠᠭᠠᠨ ᠤ ᠭᠦᠢᠯᠭᠡᠭᠡᠨ ᠤ ᠬᠥᠮᠥᠷᠭᠡᠯᠡᠨ ᠬᠠᠳᠠᠭᠠᠯᠠᠬᠤ᠂ ᠵᠤᠭᠠᠴᠠᠨ ᠲᠣᠭᠤᠷᠢᠬᠤ ᠵᠡᠷᠭᠡ ᠴᠢᠳᠠᠮᠵᠢ ᠶᠢ ᠨᠢᠭᠡ ᠴᠣᠭᠴᠠᠵᠢᠭᠤᠯᠤᠭᠰᠠᠨ ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠣᠭᠤᠷᠢᠭ ᠢ ᠥᠨᠳᠥᠷ ᠡᠬᠢᠯᠡᠯᠲᠡ ᠲᠠᠢ ᠪᠠᠷ ᠪᠦᠲᠦᠭᠡᠨ ᠪᠠᠶᠢᠭᠤᠯᠤᠨ᠎ᠠ᠃ ᠲᠥᠷᠥᠯ ᠵᠦᠢᠯ ᠤᠨ ᠣᠷᠣᠨ ᠤ ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠬᠠᠲᠤᠨ ᠭᠤᠣᠯ ᠤᠨ ᠤᠰᠤ ᠶᠢ ᠲᠠᠲᠠᠬᠤ ᠬᠤᠶᠠᠳᠤᠭᠠᠷ ᠬᠤᠭᠤᠴᠠᠭᠠᠨ ᠤ ᠤᠰᠤᠨ ᠤ ᠡᠷᠬᠡ ᠶᠢ ᠨᠠᠶᠢᠳᠠᠪᠤᠷᠢᠵᠢᠭᠤᠯᠬᠤ ᠪᠠᠷ ᠢᠳᠡᠪᠬᠢᠲᠡᠢ ᠴᠢᠷᠮᠠᠶᠢᠨ᠎ᠠ᠃ᠯᠢᠨ ᠬᠠ ᠲᠡᠮᠦᠷ ᠵᠠᠮ ᠤᠨ ᠠᠯᠠᠱᠠ ᠪᠠᠷᠠᠭᠤᠨ ᠬᠤᠰᠢᠭᠤᠨ ᠤ ᠬᠢᠯᠢ ᠳᠣᠲᠣᠷᠠᠬᠢ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠵᠢᠴᠢ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠪᠠᠷᠠᠭᠠᠨ ᠤ ᠲᠡᠭᠡᠭᠡᠪᠦᠷᠢ ᠶᠢᠨ ᠲᠤᠰᠬᠠᠢ ᠱᠤᠭᠤᠮ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠣᠷᠣᠨ   ᠠᠴᠠ G307 ᠱᠤᠭᠤᠮ ᠬᠦᠷᠬᠦ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠲᠡᠢ ᠰᠠᠶᠢᠲᠤᠷ ᠬᠢᠵᠦ᠂ ᠵᠡᠭᠦᠨ ᠪᠠᠷᠠᠭᠤᠨ ᠢ ᠬᠤᠯᠪᠣᠭᠰᠠᠨ᠂ ᠡᠮᠦᠨ᠎ᠡ ᠤᠮᠠᠷ᠎ᠠ ᠶᠢ ᠬᠤᠯᠪᠣᠭᠰᠠᠨ ᠲᠡᠮᠦᠷ ᠵᠠᠮ ᠤᠨ ᠲᠣᠣᠷ᠂ ᠵᠠᠰᠠᠮᠠᠯ ᠵᠠᠮ ᠤᠨ ᠲᠣᠣᠷ ᠢ ᠪᠠᠶᠢᠭᠤᠯᠵᠤ᠂ ᠲᠥᠷᠥᠯ ᠵᠦᠢᠯ ᠤᠨ ᠣᠷᠣᠨ ᠤ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢ ᠶᠡᠬᠡᠰᠬᠡᠨ᠎ᠡ᠃ᠴᠡᠭᠡ ᠪᠣᠭᠤᠮᠲᠠ᠂  ᠦᠯᠵᠡᠢ ᠪᠣᠭᠤᠮᠲᠠ ᠶᠢᠨ ᠳᠠᠶᠢᠴᠢᠯᠠᠨ ᠨᠦᠯᠦᠬᠡᠯᠡᠬᠦ ᠦᠢᠯᠡᠳᠦᠯ ᠢ ᠰᠠᠨᠠᠭᠠᠴᠢᠯᠠᠭ᠎ᠠ ᠠᠴᠠ ᠪᠠᠨ ᠵᠠᠯᠭᠠᠨ ᠠᠪᠴᠤ᠂ ᠨᠡᠪᠲᠡᠷᠡᠬᠦ ᠵᠠᠮ ᠤᠨ ᠠᠵᠤ ᠠᠬᠤᠢ᠂ ᠪᠣᠳᠠᠲᠠᠶᠢᠵᠢᠭᠰᠠᠨ ᠠᠵᠤ ᠠᠬᠤᠢ ᠵᠢᠴᠢ ᠪᠠᠷᠠᠭᠠᠨ ᠤ ᠭᠦᠢᠯᠭᠡᠭᠡᠨ ᠤ ᠠᠵᠤ ᠦᠢᠯᠡᠰ ᠢ ᠲᠣᠭᠲᠠᠭᠤᠨ ᠢᠶᠠᠷ ᠬᠥᠭᠵᠢᠭᠦᠯᠦᠨ᠎ᠡ᠃ᠪᠠᠶᠢᠭᠠᠯᠢ ᠶᠢᠨ ᠬᠤᠵᠢᠷ ᠤᠨ ᠠᠵᠤ ᠦᠢᠯᠡᠰ ᠤᠨ ᠳᠣᠣᠷᠠᠳᠤ ᠭᠡᠯᠭᠢᠶᠡᠨ ᠤ ᠦᠢᠯᠡᠳᠬᠦᠨ ᠵᠢᠴᠢ ᠴᠡᠪᠡᠷ ᠡᠨᠧᠷᠭᠢ ᠶᠢᠨ ᠨᠠᠷᠢᠯᠢᠭ ᠣᠨᠣᠪᠴᠢᠳᠠᠢ ᠪᠠᠷ ᠬᠤᠳᠠᠯᠳᠤᠭᠠᠴᠢᠨ ᠤᠷᠢᠬᠤ ᠲᠣᠭᠤᠷᠢᠨ ᠳᠤ᠂ ᠠᠵᠤ ᠦᠢᠯᠡᠳᠪᠦᠷᠢ ᠶᠢᠨ ᠲᠠᠰ ᠤᠨ ᠴᠡᠪᠡᠷ ᠬᠤᠵᠢᠷ ᠢ ᠡᠯᠧᠺᠲᠷᠣᠨ ᠲᠠᠰ᠂ ᠡᠮ ᠡᠮᠨᠡᠯᠭᠡ ᠶᠢᠨ ᠲᠠᠰ᠂ ᠢᠳᠡᠭᠡᠨ ᠤ ᠲᠠᠰ ᠤᠨ ᠴᠡᠪᠡᠷ ᠬᠤᠵᠢᠷ ᠳᠠᠰᠢ ᠬᠥᠭᠵᠢᠭᠦᠯᠬᠦ ᠶᠢ ᠠᠬᠢᠭᠤᠯᠵᠤ᠂ ᠬᠡᠷᠡᠯ ᠸᠣᠯᠲ ᠤᠨ ᠰᠢᠯ᠂ ᠡᠮ ᠡᠮᠨᠡᠯᠭᠡ᠂ ᠡᠳᠦᠷ ᠲᠤᠲᠤᠮ ᠤᠨ ᠬᠡᠷᠡᠭᠯᠡᠭᠡᠨ ᠤ ᠵᠦᠢᠯ ᠵᠡᠷᠭᠡ ᠠᠵᠤ ᠦᠢᠯᠡᠰ ᠳᠠᠰᠢ ᠤᠷᠲᠤᠳᠬᠠᠨ᠂ ᠣᠲᠣ ᠦᠶ᠎ᠡ ᠶᠢᠨ ᠴᠡᠪᠡᠷ ᠬᠤᠵᠢᠷ ᠤᠨ ᠠᠵᠤ ᠦᠢᠯᠡᠰ ᠤᠨ ᠬᠡᠯᠬᠢᠶ᠎ᠡ ᠶᠢ ᠲᠦᠷᠭᠡᠳᠬᠡᠨ ᠪᠠᠶᠢᠭᠤᠯᠤᠨ᠎ᠠ᠃ᠪᠠᠶᠢᠭᠠᠯᠢ ᠶᠢᠨ ᠬᠤᠵᠢᠷ ᠤᠨ ᠠᠵᠤ ᠦᠢᠯᠡᠰ ᠢ ᠲᠤᠬᠠᠢ ᠶᠢᠨ ᠭᠠᠵᠠᠷ  ᠲᠤᠨᠢ ᠬᠤᠪᠢᠷᠠᠭᠤᠯᠬᠤ ᠨᠣᠷᠮ᠎ᠠ ᠪᠠ ᠦᠢᠯᠡᠳᠬᠦᠨ ᠤ ᠨᠡᠮᠡᠯᠲᠡ ᠥᠷᠲᠡᠭ ᠢ ᠬᠦᠴᠦᠯᠡᠨ ᠳᠡᠭᠡᠭᠰᠢᠯᠡᠭᠦᠯᠵᠦ᠂ ᠨᠠᠩ ᠣᠯᠠᠨ ᠦᠢᠯᠡᠳᠬᠦᠨ ᠤ ᠥᠷᠲᠡᠭ ᠨᠡᠮᠡᠭᠳᠡᠯ ᠤᠨ ᠠᠰᠢᠭ ᠣᠷᠣᠯᠭ᠎ᠠ ᠶᠢ ᠠᠯᠠᠱᠠ ᠪᠠᠷᠠᠭᠤᠨ ᠬᠤᠰᠢᠭᠤᠨ ᠳᠤ ᠦᠯᠡᠳᠡᠭᠡᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠥᠨᠳᠦᠷᠯᠢᠭ ᠢ ᠪᠠᠶᠢᠭᠤᠯᠤᠨ᠎ᠠ᠃    3. ᠴᠢᠬᠤᠯᠠ ᠶᠡᠭᠡ ᠪᠠᠶᠠᠷ ᠳᠤᠷᠠᠰᠬᠠᠯ ᠤᠨ ᠴᠤᠭᠯᠠᠭᠠᠨ ᠤ ᠠᠵᠢᠯᠯᠠᠭ᠎ᠠ ᠶᠢ ᠡᠷᠭᠢᠯᠡᠬᠦ ᠪᠠᠷ ᠬᠥᠲᠥᠯᠥᠮᠵᠢ ᠪᠣᠯᠭᠠᠵᠤ᠂ ︽ᠡᠯᠡᠰᠦᠨ ᠴᠥᠯ ᠤᠨ ᠵᠢᠭᠤᠯᠴᠢᠯᠠᠯ ᠤᠨ ᠴᠢᠬᠤᠯᠠ ᠵᠣᠷᠢᠭᠰᠠᠨ ᠭᠠᠵᠠᠷ ᠪᠠ ᠵᠢᠭᠤᠯᠴᠢᠯᠠᠯ ᠤᠨ ᠲᠥᠪᠯᠡᠷᠡᠭᠦᠯᠦᠨ ᠲᠠᠷᠬᠠᠭᠠᠬᠤ ᠲᠥᠪ︾ ᠤᠨ ᠲᠠᠰ ᠳᠡᠪᠰᠢᠬᠦ ᠶᠢ ᠠᠬᠢᠭᠤᠯᠤᠨ᠎ᠠ    ᠬᠡᠭᠡᠷᠡᠯᠡᠨ ᠠᠶᠠᠯᠠᠬᠤ e ᠠᠩᠬᠢ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ︽5·1︾  ᠤ ᠬᠤᠭᠤᠴᠠᠭᠠᠨ ᠳᠤ ᠬᠤᠶᠠᠷ ᠬᠤᠭᠤᠴᠠᠭᠠᠨ ᠤ ᠬᠡᠭᠡᠷᠡᠯᠡᠨ ᠠᠶᠠᠯᠠᠬᠤ e ᠠᠩᠬᠢ ᠶᠢᠨ ᠪᠠᠭᠠᠲᠤᠷᠴᠤᠳ ᠤᠨ ᠴᠤᠭᠯᠠᠭᠠᠨ ᠢ ᠡᠷᠬᠢᠯᠡᠬᠦ ᠶᠢᠨ ᠬᠠᠮᠲᠤ ᠪᠠᠳᠠᠢ ᠶᠢᠨ ᠵᠢᠷᠠᠨ ᠤ ᠰᠣᠶᠣᠯ ᠵᠢᠭᠤᠯᠴᠢᠯᠠᠯ ᠤᠨ ᠨᠠᠶᠢᠷ᠂ ᠨᠠᠭᠠᠳᠤᠮ ᠤᠨ ᠶᠡᠭᠡ ᠬᠤᠷᠠᠯ ᠵᠡᠷᠭᠡ ᠪᠠᠶᠠᠷ ᠳᠤᠷᠠᠰᠬᠠᠯ ᠤᠨ ᠠᠵᠢᠯᠯᠠᠭ᠎ᠠ ᠲᠠᠢ ᠣᠷᠭᠠᠨᠢᠭ ᠢᠶᠠᠷ ᠠᠭᠤᠰᠤᠯᠴᠠᠵᠤ᠂ ᠲᠦᠷᠪᠡᠨ ᠤᠯᠠᠷᠢᠯ ᠤᠨ ᠵᠢᠭᠤᠯᠴᠢᠯᠠᠯ ᠢ ᠬᠥᠭᠵᠢᠭᠦᠯᠵᠦ᠂ ᠬᠥᠮᠥᠰ ᠤᠨ ᠬᠦᠷᠢᠶᠡᠯᠡᠯ ᠢ ᠣᠯᠵᠤ᠂ ᠨᠡᠷᠡᠳᠤ ᠲᠡᠮᠳᠡᠭ ᠢᠶᠠᠨ ᠭᠠᠶᠢᠬᠠᠭᠤᠯᠤᠨ᠎ᠠ᠃ ᠰᠣᠶᠣᠯ ᠢᠶᠠᠷ ᠵᠢᠭᠤᠯᠴᠢᠯᠠᠯ ᠢ ᠪᠣᠢ ᠪᠣᠯᠭᠠᠬᠤ᠂ ᠵᠢᠭᠤᠯᠴᠢᠯᠠᠯ ᠢᠶᠠᠷ ᠰᠣᠶᠣᠯ ᠢ ᠲᠤᠪᠤᠶᠢᠯᠭᠠᠬᠤ ᠶᠢ ᠪᠠᠷᠢᠮᠲᠠᠯᠠᠵᠤ᠂ ᠤᠳᠬ᠎ᠠ ᠤᠷᠠᠯᠢᠭ᠂ ᠤᠳᠬ᠎ᠠ ᠵᠣᠬᠢᠶᠠᠯ᠂ ᠲᠡᠦᠬᠡ ᠶᠢᠨ ᠳᠤᠷᠠᠰᠬᠠᠯᠲᠤ ᠵᠦᠢᠯ᠂ ᠪᠣᠳᠠᠰ ᠤᠨ ᠪᠤᠰᠤ ᠰᠣᠶᠣᠯ ᠤᠨ ᠥᠪ ᠵᠡᠷᠭᠡ ᠤᠯᠠᠨ ᠨᠡᠶᠢᠲᠡ ᠶᠢᠨ ᠰᠣᠶᠣᠯ ᠤᠨ ᠪᠦᠬᠦ ᠲᠠᠯ᠎ᠠ ᠶᠢᠨ ᠬᠥᠭᠵᠢᠯᠲᠡ ᠪᠠᠷ ᠳᠠᠮᠵᠢᠭᠤᠯᠤᠨ᠂ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠪᠡᠶᠡᠯᠡᠭᠦᠯᠦᠨ᠎ᠡ᠃ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠵᠢᠭᠤᠯᠴᠢᠯᠠᠯ ᠢ ᠬᠥᠭᠵᠢᠭᠦᠯᠬᠦ ᠶᠢ ᠪᠠᠷᠢᠮᠲᠠᠯᠠᠵᠤ᠂ ᠪᠠᠷᠲᠠᠭ᠎ᠠ ᠬᠠᠶᠢᠬᠤ᠂ ᠬᠠᠳᠠᠭᠠᠯᠠᠭᠤᠯᠵᠤ ᠠᠷᠠᠴᠢᠯᠠᠨ ᠬᠠᠮᠠᠭᠠᠯᠠᠬᠤ᠂ ᠰᠡᠯᠪᠢᠨ ᠵᠠᠰᠠᠬᠤ ᠦᠢᠯᠡᠴᠢᠯᠡᠭᠡ ᠵᠡᠷᠭᠡ ︽ᠬᠡᠯᠬᠢᠶ᠎ᠡ︾ ᠪᠠᠷ ᠡᠵᠡᠩᠨᠡᠭᠰᠡᠨ ᠬᠡᠭᠡᠷᠡᠯᠡᠭᠴᠢ ᠰᠣᠶᠣᠯ ᠤᠨ ᠰᠢᠨ᠎ᠡ ᠪᠠᠷ ᠪᠣᠶ ᠪᠣᠯᠤᠭᠰᠠᠨ ᠠᠵᠤ ᠦᠢᠯᠡᠰ ᠢ ᠲᠦᠷᠭᠡᠳᠬᠡᠨ ᠪᠣᠢ ᠪᠣᠯᠭᠠᠨ᠎ᠠ᠃ ᠲᠣᠮᠣ ᠵᠢᠭᠤᠯᠴᠢᠯᠠᠯ ᠤᠨ ᠪᠠᠶᠢᠷᠢᠰᠢᠯ ᠢ ᠪᠠᠶᠢᠭᠤᠯᠬᠤ ᠶᠢ ᠪᠣᠳᠣᠯᠬᠢᠯᠠᠨ᠂ ︽ᠦᠪᠦᠷ ᠮᠣᠩᠭᠤᠯ ᠭᠠᠨᠰᠤ ᠬᠥᠬᠡᠨᠠᠭᠤᠷ︾ ᠤᠨ ᠵᠢᠭᠤᠯᠴᠢᠯᠠᠯ ᠤᠨ ᠠᠵᠤ ᠠᠬᠤᠢ ᠶᠢᠨ ᠲᠣᠭᠤᠷᠢᠭ ᠲᠤ ᠢᠳᠡᠪᠬᠢᠲᠡᠢ ᠪᠠᠷ ᠠᠭᠤᠰᠤᠯᠴᠠᠵᠤ᠂ ᠬᠥᠷᠰᠢ ᠵᠡᠷᠭᠡᠯᠡᠳᠡᠭᠡ ᠭᠠᠵᠠᠷ ᠣᠷᠣᠨ ᠤ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭᠲᠠᠢ ᠪᠠᠶᠢᠬᠤ᠂ ᠭᠠᠷ ᠬᠤᠯᠪᠣᠨ ᠬᠠᠮᠲᠤᠪᠠᠷ ᠠᠰᠢᠭ ᠭᠥᠷᠳᠡᠬᠦ ᠶᠢ ᠠᠬᠢᠭᠤᠯᠤᠨ᠎ᠠ᠃ᠦᠷᠭᠦᠯᠵᠢᠯᠡᠨ ᠬᠤᠲᠠ ᠶᠢᠨ ᠦᠵᠡᠮᠵᠢ ᠶᠢ ᠨᠢᠭᠡ ᠴᠣᠭᠴᠠᠵᠢᠭᠤᠯᠬᠤ ᠴᠢᠭᠯᠡᠯ ᠢᠶᠠᠷ ᠦᠵᠡᠮᠵᠢ ᠶᠢᠨ ᠣᠷᠣᠨ᠂ ᠬᠤᠲᠠ ᠪᠠᠯᠭᠠᠰᠤ ᠶᠢᠨ ᠵᠢᠭᠤᠯᠴᠢᠯᠠᠯ ᠤᠨ ᠴᠢᠳᠠᠮᠵᠢ ᠪᠠ ᠴᠢᠨᠠᠷ ᠲᠠᠰ ᠢ ᠳᠡᠭᠡᠭᠰᠢᠯᠡᠭᠦᠯᠵᠦ᠂ ᠨᠠᠩ ᠣᠯᠠᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠴᠢᠨᠠᠷ ᠴᠢᠨᠰᠠᠭ᠎ᠠ ᠲᠠᠢ ᠳᠡᠭᠡᠳᠦ ᠲᠠᠰ ᠤᠨ ᠠᠷᠠᠳ ᠤᠨ ᠣᠷᠣᠨ ᠰᠠᠭᠤᠴᠠ ᠵᠢᠴᠢ ︽ᠲᠠᠷᠢᠶᠠᠴᠢᠨ ᠠᠶᠢᠯ ᠤᠨ ᠵᠢᠭᠤᠯᠴᠢᠯᠠᠯ︾ ︽ᠮᠠᠯᠴᠢᠨ ᠠᠶᠢᠯ ᠤᠨ ᠵᠢᠭᠤᠯᠴᠢᠯᠠᠯ︾ ᠢ ᠬᠥᠭᠵᠢᠭᠦᠯᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠬᠡᠷᠡᠭᠯᠡᠭᠡ ᠶᠢ ᠳᠠᠶᠢᠴᠢᠯᠠᠨ᠂ ᠣᠷᠣᠯᠭ᠎ᠠ ᠶᠢ ᠨᠡᠮᠡᠭᠳᠡᠭᠦᠯᠵᠦ᠂ ᠠᠰᠢᠭ ᠲᠤᠰᠠ ᠶᠢ ᠬᠠᠮᠲᠤᠪᠠᠷ ᠡᠳ᠋ᠯᠡᠭᠦᠯᠦᠨ᠎ᠡ᠃    ᠡᠭᠦᠨ ᠤ ᠬᠠᠮᠲᠤ᠂ ᠴᠡᠪᠡᠷ ᠡᠨᠧᠷᠭᠢ᠂ ᠳᠠᠪᠤᠰᠤ ᠱᠡᠦ ᠬᠢᠮᠢ ᠶᠢᠨ ᠠᠵᠤ ᠦᠢᠯᠡᠳᠪᠦᠷᠢ᠂ ᠡᠯᠡᠰᠦᠨ ᠤ ᠠᠵᠤ ᠦᠢᠯᠡᠰ ᠵᠡᠷᠭᠡ ᠣᠨᠴᠠᠯᠢᠭᠲᠤ ᠠᠵᠤ ᠦᠢᠯᠡᠰ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠤᠯᠠᠨ ᠡᠰᠢᠴᠢᠯᠡᠨ ᠬᠥᠭᠵᠢᠭᠰᠡᠨ᠂ ᠤᠯᠠᠨ ᠲᠤᠶᠢᠯ ᠢᠶᠠᠷ ᠲᠤᠯᠭᠠᠭᠤᠷᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃ ᠴᠡᠪᠡᠷ ᠡᠨᠧᠷᠭᠢ ᠶᠢ ᠪᠡᠶ᠎ᠡ ᠪᠠᠨ ᠳᠠᠭᠠᠭᠠᠵᠤ ᠰᠢᠩᠭᠡᠭᠡᠬᠦ ᠪᠠ ᠭᠠᠳᠠᠭᠰᠢ ᠬᠦᠷᠭᠡᠬᠦ ︽ᠬᠤᠶᠠᠷ ᠠᠵᠢᠯ︾ ᠢ ᠭᠦᠨᠵᠡᠭᠡᠢ ᠪᠥᠭᠡᠳ ᠪᠣᠳᠠᠲᠠᠢ ᠪᠠᠷ ᠰᠦᠪᠡᠭᠴᠢᠯᠡᠵᠦ᠂ ᠥᠪᠡᠷᠲᠡᠭᠡᠨ ᠵᠠᠰᠠᠬᠤ ᠣᠷᠣᠨ ᠲᠠᠢ ᠬᠤᠯᠪᠣᠭᠳᠠᠬᠤ ᠠᠶᠢᠮᠠᠭ ᠬᠤᠲᠠ᠂ ᠾᠧᠰᠢ ᠶᠢᠨ ᠬᠤᠩᠭᠢᠯ ᠤᠨ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠵᠠᠮ ᠱᠣᠭᠤᠮ ᠢ ᠨᠡᠪᠲᠡᠷᠡᠭᠦᠯᠦᠨ᠎ᠡ᠃ ᠪᠥᠸᠧ ᠶᠤᠸᠠᠨ ᠪᠠᠶᠢᠭᠠᠯᠢ ᠶᠢᠨ ᠬᠤᠵᠢᠷ ᠤᠨ ᠲᠥᠷᠥᠯ ᠵᠦᠢᠯ ᠤᠨ ᠣᠷᠣᠨ᠂ ᠶᠠᠪᠠᠷᠠᠢ ᠠᠵᠤ ᠦᠢᠯᠡᠳᠪᠦᠷᠢ ᠲᠥᠪᠯᠡᠷᠡᠭᠰᠡᠨ ᠣᠷᠣᠨ ᠤ ᠴᠠᠬᠢᠯᠭᠠᠨ ᠬᠦᠴᠦᠨ ᠤ ᠰᠢᠰᠲ᠋ᠧᠮ ᠯᠦᠭᠡ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠵᠤ᠂ ᠪᠡᠶ᠎ᠡ ᠪᠠᠨ ᠳᠠᠭᠠᠭᠠᠵᠤ ᠰᠢᠩᠭᠡᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠭᠦᠷᠡᠰᠦᠨ ᠤ ᠴᠡᠪᠡᠷ ᠥᠨᠳᠥᠷ ᠪᠦᠲᠦᠮᠵᠢᠲᠡᠶ ᠠᠰᠢᠭᠯᠠᠯᠲᠠ ᠶᠢ ᠴᠢᠩᠭᠠᠳᠬᠠᠵᠤ ᠂ ᠳᠤᠮᠳᠠᠳᠤ ᠤᠯᠤᠰ ᠤᠨ ᠨᠡᠭᠦᠷᠡᠰᠦᠨ ᠤ ᠪᠦᠯᠦᠭᠯᠡᠯ ᠵᠡᠷᠭᠡ ᠠᠵᠤ ᠠᠬᠤᠶᠢᠯᠠᠯ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ 2×100 ᠲᠦᠮᠡᠨ ᠺᠢᠯᠣᠸᠠᠲ ᠤᠨ ᠣᠷᠭᠢᠯ ᠦᠶ᠎ᠡ ᠳᠤ ᠲᠣᠬᠢᠷᠠᠭᠤᠯᠤᠯᠲᠠ ᠬᠢᠬᠦ ᠢᠯᠴᠢ ᠶᠢᠨ ᠴᠠᠬᠢᠯᠭᠠᠨ ᠤ ᠲᠥᠷᠥᠯ ᠵᠦᠢᠯ ᠢ ᠤᠯᠤᠰ ᠤᠨ ᠲᠥᠯᠦᠪᠵᠢᠭᠦᠯᠭᠡ ᠶᠢᠨ ᠪᠠᠶᠢᠷᠢᠰᠢᠭᠤᠯᠤᠯᠲᠠ ᠳᠤ ᠣᠷᠣᠭᠤᠯᠬᠤ ᠶᠢ ᠠᠬᠢᠭᠤᠯᠤᠨ᠎ᠠ᠃ᠳᠠᠪᠤᠰᠤ ᠱᠡᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠰᠢᠯᠢᠳᠡᠭᠵᠢᠭᠦᠯᠦᠨ ᠪᠤᠵᠠᠭᠠᠶᠢᠷᠠᠭᠤᠯᠵᠤ᠂ ᠳᠡᠭᠡᠳᠦ ᠲᠠᠰ ᠤᠨ ᠪᠤᠳᠤᠭ᠂ ᠡᠮ ᠡᠮᠨᠡᠯᠭᠡ᠂ ᠲᠠᠷᠢᠶᠠᠨ ᠡᠮ ᠤᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠶᠠᠪᠠᠷᠠᠢ ᠠᠵᠤ ᠦᠢᠯᠡᠳᠪᠦᠷᠢ ᠲᠥᠪᠯᠡᠷᠡᠭᠰᠡᠨ ᠣᠷᠣᠨ ᠢ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠳᠤ ᠣᠷᠣᠭᠤᠯᠬᠤ ᠶᠢ ᠠᠬᠢᠭᠤᠯᠤᠨ᠎ᠠ᠃ᠠᠭᠤᠷᠬᠠᠢ ᠶᠢᠨ ᠠᠵᠤ ᠠᠬᠤᠢᠯᠠᠯ ᠤᠨ ᠲᠧᠭᠨᠢᠭ ᠮᠡᠷᠭᠡᠵᠢᠯ ᠤᠨ ᠥᠭᠡᠷᠡᠴᠢᠯᠡᠯᠲᠡ ᠶᠢ ᠢᠳᠡᠪᠬᠢᠲᠡᠢ ᠰᠠᠶᠢᠳᠣᠷ ᠠᠳᠬᠤᠵᠤ᠂ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠬᠠᠶᠢᠨ ᠰᠦᠪᠡᠭᠴᠢᠯᠡᠵᠦ᠂ ᠡᠯᠡᠰᠦᠨ ᠤ ᠠᠵᠤ ᠦᠢᠯᠡᠰ ᠢ ᠬᠡᠪᠴᠢᠶᠡᠵᠢᠭᠦᠯᠦᠨ᠂ ᠨᠠᠷᠠᠲᠤ ᠲᠡᠮᠳᠡᠭᠵᠢᠭᠦᠯᠦᠨ ᠬᠥᠭᠵᠢᠭᠦᠯᠬᠦ ᠶᠢ ᠠᠬᠢᠭᠤᠯᠵᠤ᠂ ᠲᠢᠶᠠᠨᠵᠢᠨ ᠤ ᠬᠢᠲᠠᠳ ᠡᠮ ᠡᠮᠨᠡᠯᠭᠡ ᠶᠢᠨ ᠶᠡᠭᠡ ᠰᠤᠷᠭᠠᠭᠤᠯᠢ ᠲᠠᠢ ᠬᠠᠮᠲᠤᠷᠠᠨ᠂ ᠠᠯᠠᠱᠠ ᠪᠠᠷᠠᠭᠤᠨ ᠬᠤᠰᠢᠭᠤᠨ ᠤ ᠡᠯᠡᠰᠦᠨ ᠤ ᠠᠵᠤ ᠦᠢᠯᠡᠰ ᠤᠨ ᠬᠦᠷᠢᠶᠡᠯᠡᠩ ᠢ ᠥᠨᠳᠥᠷ ᠪᠠᠷᠢᠮᠵᠢᠶ᠎ᠠ ᠪᠠᠷ ᠰᠦᠪᠡᠭᠴᠢᠯᠡᠨ ᠪᠠᠶᠢᠭᠤᠯᠵᠤ ᠂ ᠡᠯᠡᠰᠦᠨ ᠤ ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠪᠠᠶᠢᠷᠢ ᠶᠢ ᠡᠵᠡᠯᠡᠨ᠎ᠡ᠃    ᠯᠢᠦ ᠴᠥᠩ ᠰᠢᠶᠣᠣ᠂ ᠠᠯᠠᠱᠠ ᠪᠠᠷᠠᠭᠤᠨ ᠬᠤᠰᠢᠭᠤᠨ ᠤ ᠬᠥᠭᠵᠢᠯᠲᠡ ᠶᠢᠨ ᠪᠣᠳᠠᠲᠠᠢ ᠲᠦᠰᠢᠭ ᠲᠤᠯᠭᠠᠭᠤᠷᠢ  ᠨᠢ ᠠᠵᠤ ᠦᠢᠯᠡᠰ ᠲᠤ ᠪᠠᠶᠢᠨ᠎ᠠ᠂ ᠢᠷᠡᠭᠡᠳᠦᠢ ᠨᠢ ᠠᠵᠤ ᠦᠢᠯᠡᠰ ᠲᠤ ᠪᠠᠶᠢᠨ᠎ᠠ᠂ ᠲᠦᠰᠢᠭ ᠲᠤᠯᠭᠠᠭᠤᠷᠢ ᠨᠢ ᠠᠵᠤ ᠦᠢᠯᠡᠰ ᠲᠤ ᠪᠠᠶᠢᠨ᠎ᠠ᠃ ᠠᠯᠠᠱᠠ ᠪᠠᠷᠠᠭᠤᠨ ᠬᠤᠰᠢᠭᠤᠨ ᠤ ᠬᠢᠨ ᠦᠵᠡᠯ ᠰᠠᠨᠠᠭ᠎ᠠ ᠪᠠᠨ ᠴᠢᠯᠦᠭᠡᠯᠡᠵᠦ᠂ ᠰᠡᠳᠬᠢᠬᠦᠢ ᠪᠠᠨ ᠰᠢᠨᠡᠴᠢᠯᠡᠵᠦ᠂ ︽ᠴᠠᠭ ᠦᠶ᠎ᠡ ᠳᠤ ᠲᠣᠬᠢᠷᠠᠬᠤ ᠦᠭᠡᠢ ᠳᠣᠯᠣᠭᠠᠨ ᠵᠦᠢᠯ ᠤᠨ ᠬᠥᠭᠵᠢᠯᠲᠡ ᠶᠢᠨ ᠦᠵᠡᠯᠲᠡ︾ ᠶᠢ ᠡᠷᠡᠰ ᠲᠠᠶᠠᠭᠳᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠬᠦᠴᠦ ᠲᠠᠯᠪᠢᠨ ᠰᠠᠶᠢᠲᠤᠷ ᠰᠢᠢᠳᠪᠦᠷᠢᠯᠡᠵᠦ᠂ ︽ᠳᠠᠪᠤ ᠶᠢ ᠳᠣᠶᠢᠯᠪᠣᠷᠢᠳᠠᠢ ᠪᠡᠶᠡᠯᠡᠬᠦᠯᠬᠦ︾ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠬᠦᠴᠦᠯᠡᠨ ᠴᠢᠷᠮᠠᠶᠢᠵᠤ ᠦᠢᠯᠡᠰ ᠪᠦᠲᠦᠭᠡᠬᠦ ᠤᠶᠤᠨ ᠰᠠᠨᠠᠭᠠᠨ ᠤ ᠳᠦᠷᠰᠦ ᠪᠠᠶᠢᠳᠠᠯ ᠪᠣᠯᠣᠨ ᠴᠠᠭ ᠪᠢᠳᠡᠨ ᠢ ᠬᠦᠯᠢᠶᠡᠬᠦ ᠦᠭᠡᠢ ᠬᠠᠷᠢᠭᠤᠴᠠᠯᠭᠠᠲᠤ ᠤᠬᠠᠮᠰᠠᠷ ᠢᠶᠠᠷ ᠣᠨᠴᠠᠯᠢᠭ ᠲᠠᠢ ᠳᠠᠪᠠᠭᠤᠯᠢᠭ ᠠᠵᠤ ᠦᠢᠯᠡᠰ ᠢ ᠪᠦᠬᠦ ᠬᠦᠴᠦᠨ ᠢᠶᠠᠷ ᠢᠶᠠᠨ ᠪᠣᠶᠢᠵᠢᠭᠤᠯᠤᠨ ᠬᠦᠴᠦᠷᠬᠡᠭᠵᠢᠭᠦᠯᠵᠦ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠳᠠᠰᠤᠷᠠᠯᠳᠠ ᠦᠭᠡᠢ ᠪᠤᠵᠠᠭᠠᠶᠢᠷᠠᠭᠤᠯᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠣᠳᠣᠬᠢᠴᠢᠯᠠᠭᠰᠠᠨ ᠠᠯᠠᠱᠠ ᠪᠠᠷᠠᠭᠤᠨ ᠬᠤᠰᠢᠭᠤ ᠶᠢ ᠲᠦᠷᠭᠡᠨ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠳᠡᠮᠡᠴᠡᠨ᠎ᠡ ᠬᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号