︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ | ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠪᠠ ︽ᠬᠦᠨᠳᠦ ᠣᠨᠴᠠ | ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 41 ᠳ᠋ᠣᠭᠡᠷ ᠲᠣᠭᠠᠲᠤ︶ ᠤᠨ | ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ | ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ | ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠬᠢᠵᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠤᠰᠠᠳᠠ᠂ ᠲᠤᠰ | ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ | ᠪᠥᠬᠦ ᠲᠠᠯ᠎ᠠ ᠪᠠᠷ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠠᠷᠠᠳ | ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ | ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ᠂ ᠴᠢᠳᠠᠯ ᠢᠶᠠᠷ ᠢᠶᠠᠨ | ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ | ᠨᠠᠩ ᠦᠷᠭᠦᠯᠵᠢᠯᠡᠬᠦ᠋ᠢᠴᠡ ᠪᠣᠯᠭᠠᠬᠤ ᠶᠢ ᠠᠬᠢᠭᠤᠯᠣᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ | ᠡᠪᠡᠳᠴᠢᠨ ᠡᠮᠭᠡᠭ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ | ᠲᠥᠪᠯᠡᠷᠡᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶᠂ ᠡᠮᠴᠢᠯᠡᠭᠡᠨ ᠤ | ᠠᠪᠤᠷᠠᠨ ᠲᠤᠰᠠᠯᠠᠯᠲᠠ ︵ᠳᠣᠷᠣᠭᠰᠢ ᠭᠤᠷᠪᠠᠨ ᠴᠢᠬᠤᠯᠠ ᠲᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢᠨ | ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠤᠨ᠂ ᠬᠦᠴᠢᠷᠳᠡᠯᠲᠡᠶ ᠣᠯᠠᠨ ᠲᠦᠮᠡᠨ ᠤ ᠡᠮᠴᠢᠯᠡᠭᠡᠨ ᠤ | ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠠᠴᠠ ᠵᠥᠪ ᠢ ᠡᠷᠢᠵᠦ ᠲᠣᠭᠲᠠᠭᠠᠨ᠂ ᠬᠦᠴᠢᠷᠳᠡᠯᠲᠡᠶ ᠣᠯᠠᠨ | ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠪᠠᠶᠢᠬᠤ᠂ ᠬᠦᠨᠳᠦ ᠣᠨᠴᠠ ᠶᠡᠭᠡ ᠡᠪᠡᠳᠴᠢᠨ ᠡᠮᠭᠡᠭ ᠠᠴᠠ | ᠪᠣᠯᠵᠣ ᠦᠨᠳᠦᠰᠦᠨ ᠠᠮᠢᠳᠤᠷᠠᠯ ᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠬᠡᠲᠦ ᠶᠡᠭᠡ | ᠪᠠᠲᠤᠯᠠᠭ᠎ᠠ ᠠᠴᠠ ᠵᠠᠶᠢᠯᠠᠰᠬᠢᠨ᠎ᠡ᠃ ᠭᠤᠷᠪᠠᠨ ᠴᠢᠬᠤᠯᠠ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠬᠢᠭᠡᠳ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢ | ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠵᠤ᠂ ᠪᠦᠲᠦᠮᠵᠢᠲᠡᠶ ᠵᠣᠯᠭᠠᠭᠤᠯᠤᠨ᠂ ᠵᠠᠰᠠᠭ ᠤᠨ ᠣᠷᠳᠣᠨ ᠢᠶᠠᠷ | ᠭᠤᠤᠯᠯᠠᠭᠤᠯᠤᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠯᠠᠨ ᠳᠠᠪᠬᠤᠷᠭ᠎ᠠ ᠶᠢᠨ ᠡᠮᠴᠢᠯᠡᠭᠡᠨ ᠤ | ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ | ᠬᠤᠶᠠᠷ᠂ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ | ᠳᠣᠭᠳᠠᠭᠠᠨ᠎ᠠ | ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠴᠢᠩᠭᠠᠳᠬᠠᠵᠤ᠂ | ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ ᠣᠨᠣᠪᠴᠢᠲᠠᠶ ᠢᠯᠭᠠᠨ ᠲᠠᠨᠢᠬᠤ ᠲᠣᠭᠲᠠᠴᠠ ᠶᠢ ᠪᠠᠶᠢᠭᠤᠯᠤᠨ᠎ᠠ᠃ | ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠡᠯᠢᠶᠡᠳ ᠬᠦᠨᠳᠦ ᠪᠠᠶᠢᠭ᠎ᠠ | ᠬᠦᠴᠢᠷᠳᠡᠯᠲᠡᠶ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠢ ᠭᠤᠤᠯᠴᠢ ᠪᠠᠷ | ᠬᠠᠮᠤᠷᠴᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ | ᠲᠤᠰᠠᠯᠠᠨ᠎ᠠ᠃ | ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠬᠦᠷᠳᠡᠮᠡᠷ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠪᠣᠯᠤᠨ ᠬᠢᠨᠠᠨ ᠬᠡᠮᠵᠢᠬᠦ ᠬᠡᠪᠴᠢᠶᠡᠨ ᠳᠤ | ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠳᠤ | ᠲᠣᠭᠲᠠᠭᠠᠯ ᠶᠣᠰᠣᠭᠠᠷ ᠲᠤᠰᠠᠯᠠᠮᠵᠢ ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠳᠤ ᠨᠡᠶᠢᠴᠡᠬᠦ ᠦᠭᠡᠢ᠂ ᠣᠨᠴᠠ | ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠭᠡᠷ ᠪᠦᠯᠢ ᠶᠢᠨ ᠨᠥᠬᠦᠴᠡᠯ ᠳᠤ ᠨᠡᠶᠢᠴᠡᠵᠦ ᠪᠠᠶᠢᠭ᠎ᠠ᠂ ᠭᠡᠪᠡᠴᠦ ᠶᠡᠭᠡ | ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠵᠠᠷᠤᠯᠭ᠎ᠠ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠨᠢ | ᠬᠦᠨᠳᠦ ᠨᠣᠴᠢᠲᠠᠶ ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠭᠡᠨ᠎ᠡ᠂ ᠶᠡᠷᠦ ᠳᠡᠭᠡᠨ ᠲᠤᠬᠠᠶ ᠶᠢᠨ ᠭᠠᠵᠠᠷ ᠤᠨ ᠡᠷᠦᠬᠡ ᠠᠮᠠ ᠶᠢᠨ | ᠳᠠᠩᠰᠠ ᠲᠠᠢ ᠪᠠᠶᠢᠬᠤ ᠶᠢ ᠵᠢᠭᠠᠨ᠎ᠠ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠳᠡᠭᠡᠷ᠎ᠡ ᠵᠢᠯ ᠤᠨ | ᠲᠤᠬᠠᠶ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ | ᠪᠣᠯᠬᠤ ᠣᠷᠣᠯᠭ᠎ᠠ ᠠᠴᠠ ᠳᠣᠣᠷ᠎ᠠ ᠪᠠᠶᠢᠬᠤ ᠬᠡᠷᠡᠭᠲᠡᠶ᠂ ᠡᠮᠴᠢᠯᠡᠬᠡᠨ ᠤ ᠦᠨᠳᠦᠰᠦᠨ ᠳᠠᠭᠠᠳᠬᠠᠯ ᠢ ᠰᠠᠭᠤᠯᠭᠠᠨ | ᠬᠠᠰᠤᠬᠤ᠂ ᠬᠦᠨᠳᠦ ᠡᠪᠡᠳᠴᠢᠨ ᠤ ᠳᠠᠭᠠᠳᠬᠠᠯ᠂ ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ ᠵᠡᠷᠭᠡ ᠶᠢ ᠲᠤᠰᠢᠶᠠᠭᠰᠠᠨ | ᠬᠤᠪᠢ ᠬᠥᠮᠦᠨ ᠡᠮᠨᠡᠯᠭᠡ ᠶᠢᠨ ᠵᠠᠷᠤᠳᠠᠯ ᠢ ᠡᠭᠦᠷᠭᠡᠯᠡᠭᠰᠡᠨ ᠤ ᠳᠠᠷᠠᠭ᠎ᠠ᠂ ᠭᠡᠷ ᠪᠦᠯᠢ ᠶᠢᠨ ᠬᠥᠮᠦᠨ ᠪᠦᠷᠢ ᠶᠢᠨ | ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠪᠠᠷᠢᠮᠵᠢᠶ᠎ᠠ ᠶᠢᠨ 1 . 5 ᠳᠠᠬᠢᠨ ᠠᠴᠠ ᠳᠣᠣᠷ᠎ᠠ ᠪᠠᠶᠢᠬᠤ ᠬᠡᠷᠡᠭᠲᠡᠶ᠂ ᠲᠡᠷᠡ ᠮᠥᠷᠲᠡᠭᠡᠨ ᠬᠡᠷ ᠪᠦᠯᠢ ᠶᠢᠨ ᠡᠳ᠋ | ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠬᠦ ᠬᠦᠨᠳᠦ ᠡᠪᠡᠳᠴᠢᠲᠡᠨ︶᠂ ᠪᠣᠳᠠᠲᠤ | ᠪᠠᠶᠢᠳᠠᠯ ᠢ ᠦᠨᠳᠦᠰᠦᠯᠡᠨ ᠵᠣᠬᠢᠬᠤ ᠲᠤᠰᠠᠯᠠᠮᠵᠢ ᠦᠵᠡᠬᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠣᠭᠤᠶ ᠬᠦᠴᠢᠷᠳᠡᠯᠲᠡᠶ ᠬᠥᠮᠦᠰ ᠲᠤ ᠳᠡᠭᠡᠷ᠎ᠡ | ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢᠶᠠᠷ ᠵᠣᠬᠢᠬᠤ ᠠᠪᠤᠷᠠᠨ ᠲᠤᠰᠠᠯᠠᠯᠲᠠ | ᠣᠯᠭᠤᠨ᠎ᠠ᠃ | ᠭᠤᠷᠪᠠ᠂ ᠬᠦᠴᠢᠷᠳᠡᠯᠲᠡᠶ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠨ᠎ᠠ | ᠪᠥᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠭᠰᠠᠨ ᠨᠣᠷᠮ᠎ᠠ ᠶᠢ 95 % ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ | ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ | ᠣᠷᠣᠯᠴᠠᠬᠤ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ | ᠮᠥᠴᠢᠷ ᠤᠳ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ᠰᠢᠯᠭᠠᠨ | ᠬᠢᠨᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ | ᠴᠢᠩᠭᠠᠷᠠᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ᠂ ᠳᠣᠲᠣᠭᠠᠳᠤ ᠶᠢ | ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠶᠢᠯᠢ ᠶᠢᠨ ᠶᠠᠪᠤᠳᠠᠯ᠂ ᠵᠡᠮᠳᠡᠭᠴᠦᠳ ᠤᠨ | ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠶᠢ | ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ ᠵᠠᠩᠭᠢ ᠶᠢᠨ ᠬᠠᠷᠢᠴᠠᠭᠤᠯᠤᠯ ᠢ ᠴᠢᠩᠭᠠᠳᠬᠠᠨ᠂ ᠦᠨᠳᠦᠰᠦᠨ | ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ | ᠣᠷᠣᠯᠴᠠᠵᠤ᠂ ᠲᠣᠭᠲᠠᠭᠠᠯ ᠶᠣᠰᠣᠭᠠᠷ ᠭᠤᠷᠪᠠᠨ ᠴᠢᠬᠤᠯᠠ ᠲᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ | ᠭᠥᠷᠳᠡᠨ᠎ᠡ᠃ ᠬᠥᠮᠦᠨ ᠠᠮᠠ ᠶᠢᠨ ᠰᠢᠯᠵᠢᠯᠲᠡ ᠪᠠ ᠳᠠᠭᠠᠳᠬᠠᠯ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢᠨ | ᠬᠤᠪᠢᠷᠠᠯᠲᠠ ᠳᠤ ᠵᠣᠬᠢᠴᠠᠭᠤᠯᠤᠨ᠂ ᠠᠪᠤᠷᠠᠨ ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠣᠯᠴᠠᠵᠤ ᠰᠦᠢᠳᠬᠡᠯ | ᠲᠤᠰᠢᠶᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠲᠣᠬᠢᠷᠠᠭᠤᠯᠵᠤ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ | ᠰᠦᠢᠳᠬᠡᠯ ᠲᠤᠰᠢᠶᠠᠬᠤ ᠦᠢᠯᠡᠴᠢᠯᠡᠬᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ | ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠳᠠᠭᠠᠳᠬᠠᠯ ᠳᠤ | ᠣᠷᠣᠯᠴᠠᠬᠤ᠂ ᠳᠠᠭᠠᠳᠬᠠᠪᠠᠰᠤ ᠵᠣᠬᠢᠬᠤ ᠶᠢ ᠨᠢ ᠪᠦᠬᠦᠨ ᠢ ᠳᠠᠭᠠᠳᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ | ᠳᠥᠷᠪᠡ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠯᠠᠨ ᠡᠰᠢᠲᠦ ᠪᠠᠯᠠ ᠴᠤᠭᠯᠠᠭᠤᠯᠬᠤ ᠲᠣᠭᠲᠠᠴᠠ ᠶᠢ | ᠪᠦᠷᠢᠨᠰᠢᠭᠦᠯᠦᠨ᠎ᠡ | ︵ᠨᠢᠭᠡ︶ ᠡᠮ ᠡᠮᠨᠡᠯᠭᠡ ᠶᠢᠨ ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ ᠨᠢᠭᠡᠳᠦᠯᠲᠡᠢ | ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠦᠷᠢᠮ ᠲᠥᠷᠥ ᠶᠢᠨ ᠪᠣᠳᠣᠯᠭ᠎ᠠ ᠶᠢ ᠨᠢᠭᠡᠳᠬᠡᠬᠦ᠂ | ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ | ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠡᠮᠴᠢᠯᠡᠭᠡ ᠪᠠᠷ ᠠᠪᠤᠷᠠᠨ ᠲᠤᠰᠠᠯᠠᠬᠤ ᠠᠶᠢᠮᠠᠭ ᠬᠤᠲᠠ ᠶᠢᠨ ᠱᠠᠲᠤᠨ ᠤ | ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠪᠣᠳᠠᠲᠠᠶ ᠨᠠᠷᠢᠯᠢᠭ ᠬᠢᠬᠦ ᠬᠡᠷᠡᠭᠲᠡᠶ᠃ | ︵ᠬᠤᠶᠠᠷ︶ ᠡᠮᠴᠢᠯᠡᠭᠡ ᠪᠠᠷ ᠠᠪᠤᠷᠠᠨ ᠲᠤᠰᠠᠯᠠᠬᠤ ᠪᠡᠯᠡ ᠮᠥᠩᠭᠦ ᠶᠢᠨ ᠡᠳ᠋ ᠤᠨ ᠵᠠᠰᠠᠭ ᠤᠨ ᠲᠤᠰᠬᠠᠶ | ᠳᠠᠩᠰᠠᠨ ᠡᠷᠦᠬᠡ ᠶᠢᠨ ᠬᠠᠮᠢᠶᠠᠷᠤᠯᠲᠠ᠃ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠣᠷᠣᠭᠤᠯᠵᠤ᠂ | ᠳᠠᠩᠰᠠ ᠬᠤᠪᠢᠶᠠᠨ ᠲᠣᠭᠠᠴᠠᠭ᠎ᠠ ᠬᠢᠬᠦ ᠶᠢ ᠬᠡᠷᠡᠭᠵᠢᠭᠦᠯᠦᠨ᠎ᠡ᠃ ᠢᠯᠡ᠂ ᠡᠷᠬᠡ ᠲᠡᠭᠰᠢ᠂ ᠲᠥᠪ ᠭᠤᠣᠯᠴᠢ᠂ ᠲᠤᠰᠬᠠᠶ | ᠵᠣᠭᠤᠰ ᠢ ᠲᠤᠰᠬᠠᠶ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢ ᠲᠠᠢ ᠪᠠᠶᠢᠯᠭᠠᠬᠤ ᠵᠠᠷᠴᠢᠮ ᠶᠣᠰᠣᠭᠠᠷ | ᠬᠠᠮᠢᠶᠠᠷᠬᠤ ᠪᠠ ᠬᠡᠷᠡᠭᠯᠡᠬᠦ ᠬᠡᠷᠡᠭᠲᠡᠶ᠃ | ︵ᠭᠤᠷᠪᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢ ᠴᠤᠭᠯᠠᠭᠤᠯᠬᠤ᠃ ᠡᠮ | ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠣᠷᠣᠭᠤᠯᠤᠯᠲᠠ᠂ ᠠᠰᠠᠷᠠᠮᠵᠢ ᠶᠢᠨ | ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠤᠰᠠᠯᠠᠮᠵᠢ᠂ ᠨᠢᠭᠦᠯᠡᠰᠦᠩᠭᠦᠶ ᠶᠢᠨ | ᠬᠠᠨᠳᠢᠪ᠂ ᠨᠡᠶᠢᠭᠡᠮ ᠤᠨ ᠲᠤᠰᠠᠯᠠᠮᠵᠢ ᠵᠡᠷᠭᠡ ᠣᠯᠠᠨ ᠠᠷᠭ᠎ᠠ ᠵᠠᠮ ᠢᠶᠠᠷ ᠴᠤᠭᠯᠠᠭᠤᠯᠤᠨ᠎ᠠ᠃ ᠡᠭᠦᠨ ᠳᠤ ᠭᠤᠣᠯᠳᠠᠭᠤ᠄ | 1 . ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠥᠷᠢᠯᠡᠭᠰᠡᠨ ᠡᠮ ᠡᠮᠨᠡᠯᠭᠡ ᠶᠢᠨ | ᠠᠪᠤᠷᠠᠨ ᠲᠤᠰᠠᠯᠠᠬᠤ ᠪᠡᠯᠡ ᠮᠥᠩᠭᠦ︔ | 2 . ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠠᠰᠠᠷᠠᠮᠵᠢ ᠶᠢᠨ ᠱᠠᠩᠨᠠᠯᠲᠤ | ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠤᠰᠠᠯᠠᠮᠵᠢ︔ | 3 . ᠲᠤᠬᠠᠶ ᠶᠢᠨ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠮᠦᠨ ᠪᠦᠷᠢ ᠳᠤ 12 | ᠲᠥᠭᠦᠷᠢᠭ ᠠᠴᠠ ᠳᠤᠤᠷ᠎ᠠ ᠥᠬᠡᠶ ᠪᠠᠷᠢᠮᠵᠢᠶ᠎ᠠ ᠪᠠᠷ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢ ᠢᠵᠢ | ᠪᠥᠷᠢᠳᠦᠭᠦᠯᠵᠦ᠂ ᠠᠶᠢᠮᠠᠭ᠂ ᠬᠤᠰᠢᠭᠤ ᠬᠤᠶᠠᠷ ᠱᠠᠲᠤ 2᠄ 8 ᠶᠢᠨ ᠬᠠᠷᠢᠴᠠᠯ ᠢᠶᠠᠷ ᠱᠠᠲᠤ ᠬᠤᠪᠢᠶᠠᠨ | ᠡᠭᠦᠷᠭᠡᠯᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠬᠦᠷᠦᠯᠴᠡᠬᠦ ᠥᠬᠡᠶ ᠬᠡᠰᠡᠭ ᠢ | ᠬᠤᠰᠢᠭᠤᠨ ︵ᠣᠷᠣᠨ︶ ᠤ ᠡᠳ᠋ ᠤᠨ ᠵᠠᠰᠠᠭ ᠠᠴᠠ ᠳᠠᠭᠠᠭᠠᠨ ᠪᠠᠲᠤᠯᠠᠨ᠎ᠠ︔ | 4 . ᠠᠶᠢᠮᠠᠭ᠂ ᠬᠤᠰᠢᠭᠤ ᠬᠤᠶᠠᠷ ᠱᠠᠲᠤᠨ ᠤ ᠪᠠᠶᠢᠭᠤᠯᠤᠭᠰᠠᠨ ᠣᠨᠴᠠ ᠬᠦᠨᠳᠦ ᠡᠪᠡᠳᠴᠢᠨ ᠢ | ᠨᠢᠭᠦᠯᠡᠰᠦᠩᠭᠦᠶ ᠶᠢᠨ ᠡᠮᠴᠢᠯᠡᠭᠡ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ ᠶᠢ ᠡᠮᠴᠢᠯᠡᠭᠡ ᠪᠠᠷ ᠠᠪᠤᠷᠠᠨ | ᠲᠤᠰᠠᠯᠠᠬᠤ ᠨᠥᠬᠦᠪᠥᠷᠢ ᠪᠠᠯᠠ ᠮᠥᠩᠭᠦ ᠪᠣᠯᠭᠠᠨ᠎ᠠ︔ | 5 . ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠣᠯᠠᠨ ᠲᠦᠮᠡᠨ ᠤ ᠪᠦᠯᠬᠦᠮ᠂ | ᠨᠢᠭᠦᠯᠡᠰᠦᠩᠭᠦᠶ ᠶᠢᠨ ᠪᠠᠶᠢᠭᠤᠯᠤᠮᠵᠢ ᠵᠡᠷᠭᠡ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠳᠤ ᠬᠠᠩᠭᠠᠭᠰᠠᠨ ᠪᠡᠯᠡ ᠮᠥᠩᠭᠦ ᠪᠣᠯᠤᠨ ᠡᠳ᠋ ᠪᠣᠳᠠᠰ ᠤᠨ ᠲᠤᠰᠠᠯᠠᠮᠵᠢ ᠶᠢ ᠡᠮ ᠡᠮᠨᠡᠯᠭᠡ ᠶᠢᠨ | ᠠᠪᠤᠷᠠᠨ ᠲᠤᠰᠠᠯᠠᠯᠲᠠ ᠶᠢᠨ ᠪᠡᠯᠡ ᠮᠥᠩᠭᠦ ᠳᠤ ᠣᠷᠣᠭᠤᠯᠤᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢᠨ ᠨᠥᠬᠦᠪᠥᠷᠢ ᠪᠡᠯᠡ ᠮᠥᠩᠭᠦ ᠪᠣᠯᠭᠠᠨ᠎ᠠ︔ | 6 . ᠡᠮ ᠡᠮᠨᠡᠯᠭᠡ ᠶᠢᠨ ᠠᠪᠤᠷᠠᠨ ᠲᠤᠰᠠᠯᠠᠯᠲᠠ ᠳᠤ ᠬᠡᠷᠡᠭᠯᠡᠵᠦ ᠪᠣᠯᠬᠤ ᠪᠤᠰᠤᠳ ᠪᠡᠯᠡ ᠮᠥᠩᠭᠦ᠃ | ᠲᠠᠪᠤ᠂ ᠳᠠᠭᠠᠳᠬᠠᠯ ᠳᠤ ᠣᠷᠣᠯᠴᠠᠬᠤ ᠶᠢ ᠲᠥᠷᠥᠯ ᠬᠤᠪᠢᠶᠠᠨ ᠲᠤᠰᠠᠯᠠᠬᠤ ᠠᠵᠢᠯ ᠢ ᠰᠠᠶᠢᠲᠤᠷ ᠬᠢᠨ᠎ᠡ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ | ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ | ᠬᠥᠮᠦᠨ ᠤ ᠰᠦᠢᠳᠬᠡᠯ ᠲᠤᠰᠢᠶᠠᠬᠤ ᠳᠤ ᠦᠨᠡᠨᠬᠦ ᠬᠦᠴᠢᠷᠳᠡᠯᠲᠡᠶ ᠣᠯᠠᠨ ᠲᠦᠮᠡᠨ ᠳᠤ ᠲᠥᠷᠥᠯ ᠬᠤᠪᠢᠶᠠᠨ | ᠵᠣᠭᠤᠰ ᠢᠶᠠᠷ ᠲᠤᠰᠠᠯᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠳᠤ ᠣᠯᠠᠨ ᠳᠠᠪᠬᠤᠷ ᠣᠨᠴᠣᠭᠤᠶ ᠪᠡᠶ᠎ᠡ ᠶᠢᠨ | ᠭᠠᠷᠤᠯ ᠤᠨ ᠰᠢᠨᠵᠢ ᠴᠢᠨᠠᠷ ᠲᠠᠢ ᠪᠣᠯ ︽ᠥᠨᠳᠥᠷ ᠢ ᠨᠢ ᠦᠵᠡᠵᠦ ᠳᠤᠤᠷ᠎ᠠ ᠶᠢ ᠨᠢ ᠥᠯᠥ ᠦᠯᠡᠳᠡᠭᠡᠬᠦ︾ ᠵᠠᠷᠴᠢᠮ | ᠶᠣᠰᠣᠭᠠᠷ ᠳᠠᠭᠠᠳᠬᠠᠯ ᠳᠤ ᠣᠷᠣᠯᠴᠠᠬᠤ ᠲᠤᠰᠠᠯᠠᠮᠵᠢ ᠶᠢ ᠬᠦᠷᠲᠡᠭᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ | ᠥᠬᠡᠶ᠃ | ︵ᠨᠢᠭᠡ︶ ᠳᠠᠭᠠᠳᠬᠠᠯ ᠳᠤ ᠣᠷᠣᠯᠴᠠᠭᠰᠠᠨ ᠪᠥᠬᠦ ᠲᠤᠭ᠎ᠠ ᠪᠠᠷ ᠲᠤᠰᠠᠯᠠᠬᠤ ᠡᠲᠡᠭᠡᠳ | ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ | ᠬᠡᠦᠬᠡᠳ᠃ | ︵ᠬᠤᠶᠠᠷ︶ ᠳᠠᠭᠠᠳᠬᠠᠯ ᠳᠤ ᠣᠷᠣᠯᠴᠠᠭᠰᠠᠨ ᠲᠣᠭᠲᠠᠭᠰᠠᠨ ᠲᠤᠭ᠎ᠠ ᠪᠠᠷ ᠲᠤᠰᠠᠯᠠᠬᠤ ᠡᠲᠡᠭᠡᠳ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠵᠤ ᠶᠠᠳᠠᠭᠤᠷᠠᠭᠰᠠᠨ ᠬᠥᠮᠦᠨ ᠠᠮᠠ᠃ | ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ ᠲᠤᠬᠠᠶ ᠶᠢᠨ ᠬᠤᠭᠤᠴᠠᠭᠠᠨ ᠤ ᠰᠠᠭᠤᠭᠠᠯᠢ ᠠᠷᠠᠳ ᠤᠨ | ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45 % ᠠᠴᠠ | ᠳᠤᠤᠷ᠎ᠠ ᠪᠠᠶᠢᠯᠭᠠᠵᠤ ᠪᠣᠯᠬᠤ ᠥᠬᠡᠶ᠃ ᠪᠣᠳᠠᠲᠠᠶ ᠲᠤᠰᠠᠯᠠᠬᠤ ᠪᠠᠷᠢᠮᠵᠢᠶ᠎ᠠ ᠶᠢ ᠵᠢᠯ ᠪᠦᠷᠢ ᠶᠢᠨ ᠬᠤᠲᠠ ᠬᠥᠳᠡᠭᠡ ᠶᠢᠨ | ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢᠨ | ᠪᠠᠶᠢᠳᠠᠯ ᠢ ᠦᠨᠳᠦᠰᠦᠯᠡᠨ᠂ ᠲᠤᠰ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ | ᠡᠮᠴᠢᠯᠡᠬᠡᠨ ᠤ ᠳᠠᠭᠠᠳᠬᠠᠯ ᠤᠨ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠤᠶᠠᠯᠳᠤᠭᠤᠯᠵᠤ᠂ ᠲᠤᠩᠭᠠᠨ | ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ | ᠠᠮᠠ ᠶᠢ ᠪᠣᠳᠠᠲᠠᠶ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ | ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ | ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠵᠢᠷᠭᠤᠭ᠎ᠠ᠂ ᠭᠤᠷᠪᠠᠨ ᠴᠢᠬᠤᠯᠠ ᠪᠠᠲᠤᠯᠠᠭ᠎ᠠ ᠶᠢᠨ ᠲᠦᠷᠢᠮ ᠤᠨ ᠬᠠᠷᠢᠯᠴᠠᠨ ᠨᠥᠬᠦᠪᠥᠷᠢᠯᠡᠵᠦ | ᠵᠣᠯᠭᠠᠯᠳᠤᠭᠤᠯᠬᠤ ᠶᠢ ᠠᠬᠢᠭᠤᠯᠤᠨ᠎ᠠ | ︵ᠨᠢᠭᠡ︶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠤᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ | ᠪᠠᠳᠠᠷᠠᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠪᠠ | ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠲᠥᠪ ᠭᠤᠤᠯᠴᠢ ᠵᠣᠬᠢᠬᠤ ᠬᠡᠮᠵᠢᠶᠡᠨ ᠤ ᠪᠠᠲᠤᠯᠠᠭ᠎ᠠ ᠶᠢ ᠬᠡᠷᠡᠭᠵᠢᠭᠦᠯᠦᠨ᠎ᠡ︔ | | ︵ᠬᠤᠶᠠᠷ︶ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ | ᠴᠢᠩᠭᠠᠷᠠᠭᠤᠯᠵᠤ᠂ ᠡᠬᠢᠯᠡᠵᠦ ᠥᠭᠬᠦ ᠪᠠᠷᠢᠮᠵᠢᠶ᠎ᠠ ᠶᠢ ᠨᠢᠭᠡᠳᠦᠯᠲᠡᠶ ᠪᠣᠯᠭᠠᠨ᠂ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠣᠲᠣᠷ᠎ᠠ ᠥᠭᠬᠦ ᠬᠠᠷᠢᠴᠠᠯ ᠢ 60 % ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨᠬᠦ | ᠪᠠᠲᠤᠯᠠᠨ᠎ᠠ︔ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ | ᠳᠠᠬᠢᠨ ᠶᠠᠳᠠᠭᠤᠷᠠᠭᠠᠳ᠂ ᠶᠠᠳᠠᠭᠤᠷᠠᠭᠰᠠᠨ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ | ᠳᠥᠯᠥᠬᠦ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ | ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃ | ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ | ᠠᠮᠠ ᠶᠢᠨ ᠡᠮᠴᠢᠯᠡᠭᠡᠨ ᠤ ᠳᠠᠭᠠᠳᠬᠠᠯ ᠢᠶᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ | ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ | ᠵᠣᠯᠭᠠᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ | ᠳᠣᠯᠤᠭ᠎ᠠ᠂ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠬᠤ ᠬᠡᠪᠴᠢᠶ᠎ᠡ ᠶᠢ ᠳᠣᠳᠣᠷᠬᠠᠶᠢᠯᠠᠨ᠎ᠠ | ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠣᠬᠢᠲᠠᠶ | ᠰᠢᠢᠳᠪᠦᠷᠢᠯᠡᠨ᠎ᠡ᠃ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠠᠪᠤᠷᠠᠨ ᠲᠤᠰᠠᠯᠠᠬᠤ ᠡᠲᠡᠭᠡᠳ ᠤᠨ | ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠭᠠᠷᠤᠭᠰᠠᠨ ᠡᠮᠨᠡᠯᠭᠡ ᠳᠤ ᠰᠠᠭᠤᠭᠰᠠᠨ ᠵᠠᠷᠤᠳᠠᠯ ᠳᠤ | ᠬᠠᠮᠤᠷᠤᠭᠳᠠᠨ᠎ᠠ᠂ ᠤᠳᠠᠭᠠᠨ ᠴᠢᠨᠠᠷᠲᠠᠶ ᠡᠪᠡᠳᠴᠢᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ | ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠡᠷᠪᠡᠭᠳᠡᠵᠦ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ | ᠡᠮᠨᠡᠭᠦᠯᠬᠦ ᠴᠢᠬᠤᠯᠠᠲᠠᠶ ᠵᠠᠷᠤᠳᠠᠯ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠠᠴᠠ ᠳᠥᠯᠥᠬᠦ | ᠡᠮ ᠤᠨ ᠵᠦᠢᠯ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢᠯ ᠨᠢ ᠵᠠᠷᠴᠢᠮ | ᠳᠡᠭᠡᠷ᠎ᠡ ᠪᠠᠨ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠥᠯᠥᠬᠦ ᠬᠡᠪᠴᠢᠶ᠎ᠡ ᠶᠢᠨ ᠬᠤᠯᠪᠣᠭᠳᠠᠯ | ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠤᠨ ᠡᠬᠢᠯᠡᠵᠦ ᠥᠭᠬᠦ ᠱᠤᠭᠤᠮ ᠠᠴᠠ | ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ | ᠵᠠᠷᠤᠳᠠᠯ ᠢ ᠲᠣᠭᠲᠠᠭᠠᠯ ᠶᠣᠰᠣᠭᠠᠷ ᠠᠪᠤᠷᠠᠨ ᠲᠤᠰᠠᠯᠠᠬᠤ ᠪᠠᠲᠤᠯᠠᠭ᠎ᠠ ᠳᠤ ᠣᠷᠣᠭᠤᠯᠤᠨ᠎ᠠ᠃ | ᠨᠠᠢᠮᠠ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠶ ᠵᠣᠬᠢᠰᠲᠠᠶ ᠳᠣᠭᠳᠠᠭᠠᠨ᠎ᠠ | ︽ᠤᠷᠢᠳᠠᠪᠠᠷ ᠳᠠᠭᠠᠳᠬᠠᠯ ᠳᠤ ᠣᠷᠣᠭᠤᠯᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ | ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ | ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ | ᠥᠪᠡᠰᠦᠪᠡᠨ ᠲᠤᠰᠢᠶᠠᠬᠤ ᠵᠠᠷᠤᠳᠠᠯ ᠢ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠲᠥᠷᠥᠯ ᠳᠤ ᠬᠤᠪᠢᠶᠠᠨ ᠠᠪᠤᠷᠠᠨ | ᠲᠤᠰᠠᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ | ᠬᠥᠮᠦᠨ ᠠᠮᠠ ᠳᠤ ᠠᠪᠤᠷᠠᠨ ᠲᠤᠰᠠᠯᠠᠬᠤ ᠲᠦᠪᠰᠢᠨ ᠢ ᠪᠠᠬᠢᠵᠢᠭᠦᠯᠦᠨ ᠥᠷᠭᠡᠳᠬᠡᠬᠦ ᠡᠮᠴᠢᠯᠡᠭᠡᠨ ᠤ ᠪᠠᠲᠤᠯᠠᠭ᠎ᠠ ᠶᠢᠨ | ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠳᠤ ᠣᠯᠠᠨ ᠳᠠᠪᠬᠤᠷ ᠣᠨᠴᠣᠭᠤᠶ ᠪᠡᠶ᠎ᠡ ᠶᠢᠨ | ᠭᠠᠷᠤᠯ ᠤᠨ ᠰᠢᠨᠵᠢ ᠴᠢᠨᠠᠷ ᠲᠠᠢ ᠪᠣᠯ ︽ᠥᠨᠳᠥᠷ ᠢ ᠨᠢ ᠦᠵᠡᠵᠦ ᠳᠤᠤᠷ᠎ᠠ ᠶᠢ ᠨᠢ ᠥᠯᠥ ᠬᠠᠷᠠᠭᠠᠯᠵᠠᠬᠤ︾ ᠵᠠᠷᠴᠢᠮ | ᠶᠣᠰᠣᠭᠠᠷ ᠠᠪᠤᠷᠠᠨ ᠲᠤᠰᠠᠯᠠᠯᠲᠠ ᠬᠦᠷᠲᠡᠭᠡᠨ᠎ᠡ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠥᠬᠡᠶ᠃ | ︵ᠨᠢᠭᠡ︶ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠬᠤ | 1 . ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ | ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠪᠠᠷ ᠳᠥᠯᠥᠭᠰᠡᠨ ᠤ ᠳᠠᠷᠠᠭᠠᠬᠢ ᠲᠥᠷᠥ ᠶᠢᠨ | ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠰᠦᠪᠡᠨ ᠳᠥᠯᠥᠬᠦ ᠬᠡᠰᠡᠭ ᠲᠤ᠂ ᠡᠬᠢᠯᠡᠵᠦ ᠳᠥᠯᠥᠬᠦ | ᠱᠤᠭᠤᠮ ᠲᠣᠭᠲᠠᠭᠠᠬᠤ ᠥᠬᠡᠶ᠂ ᠪᠥᠬᠦ ᠲᠤᠭ᠎ᠠ ᠪᠠᠷ ᠠᠪᠤᠷᠠᠨ ᠲᠤᠰᠠᠯᠠᠨ᠎ᠠ᠃ | 2 . ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠵᠢᠯ ᠤᠨ | ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ | ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠪᠠᠷ | ᠲᠣᠭᠠᠴᠠᠭ᠎ᠠ ᠬᠢᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ | ᠥᠪᠡᠰᠦᠪᠡᠨ ᠥᠭᠬᠦ ᠬᠡᠰᠡᠭ ᠲᠤ᠂ ᠡᠬᠢᠯᠡᠵᠦ ᠥᠭᠬᠦ ᠱᠤᠭᠤᠮ ᠭᠠᠷᠭᠠᠬᠤ ᠥᠬᠡᠶ᠂ 70 % ᠶᠢᠨ ᠬᠠᠷᠢᠴᠠᠯ ᠢᠶᠠᠷ | ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 2 ᠲᠦᠮᠡᠨ | ᠲᠥᠭᠦᠷᠢᠭ ᠪᠣᠯᠤᠨ᠎ᠠ᠃ | 3 . ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠠᠪᠤᠷᠠᠨ ᠲᠤᠰᠠᠯᠠᠬᠤ | ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ | ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ | ᠥᠭᠬᠦ ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ | ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ 70 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ | ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 1 ᠲᠦᠮᠡᠨ ᠲᠥᠭᠦᠷᠢᠭ ᠪᠣᠯᠤᠨ᠎ᠠ᠃ ᠡᠬᠢᠯᠡᠵᠦ | ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ 10 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ | ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ | 4 . ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠨ ᠳᠤ ᠨᠡᠷᠪᠡᠭᠳᠡᠭᠰᠡᠳ ᠤᠨ | ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ | ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ | ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ | ᠲᠤᠭ᠎ᠠ ᠠᠴᠠ ᠳᠣᠷᠣᠭᠰᠢᠬᠢ ᠵᠠᠷᠤᠳᠠᠯ ᠳᠤ 60 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ | ᠬᠠᠮᠤᠭ ᠤᠨ ᠥᠨᠳᠥᠷ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ 5000 ᠲᠥᠭᠦᠷᠢᠭ ᠪᠣᠯᠤᠨ᠎ᠠ᠃ ᠡᠬᠢᠯᠡᠵᠦ ᠥᠭᠬᠦ | ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ 25 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ | ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ | ︵ᠬᠤᠶᠠᠷ︶ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ | 1 . ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ | ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ | ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠭᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠬᠤᠪᠢ ᠬᠥᠮᠦᠨ ᠤ ᠥᠪᠡᠷ ᠲᠡᠭᠡᠨ ᠥᠭᠬᠦ ᠬᠡᠰᠡᠭ ᠲᠤ ᠡᠬᠢᠯᠡᠵᠦ ᠥᠭᠬᠦ ᠱᠤᠭᠤᠮ ᠲᠣᠭᠲᠠᠭᠠᠬᠤ | ᠥᠬᠡᠶ᠂ ᠪᠥᠬᠦ ᠲᠤᠭ᠎ᠠ ᠪᠠᠷ ᠠᠪᠤᠷᠠᠨ ᠲᠤᠰᠠᠯᠠᠬᠤ ᠬᠡᠷᠡᠭᠲᠡᠶ᠃ | 2 . ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ ᠤᠨ | ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ | ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ | ᠣᠯᠭᠤᠮᠵᠢ ᠥᠭᠭᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ | ᠥᠪᠡᠷ ᠲᠡᠭᠡᠨ ᠥᠭᠬᠦ ᠬᠡᠰᠡᠭ ᠲᠤ ᠡᠬᠢᠯᠡᠵᠦ ᠥᠭᠬᠦ ᠱᠤᠭᠤᠮ ᠳᠣᠭᠳᠠᠭᠠᠬᠤ ᠦᠭᠡᠶ᠂ 75 % ᠶᠢᠨ | ᠬᠠᠷᠢᠴᠠᠯ ᠢᠶᠠᠷ ᠲᠡᠩᠬᠡᠷᠡᠭᠦᠯᠦᠨ ᠲᠤᠰᠠᠯᠠᠵᠤ᠂ ᠵᠢᠯ ᠤᠨ ᠲᠡᠩᠬᠡᠷᠡᠭᠦᠯᠦᠨ ᠲᠤᠰᠠᠯᠠᠬᠤ ᠬᠠᠮᠤᠭ ᠤᠨ ᠥᠨᠳᠥᠷ ᠬᠢᠵᠠᠭᠠᠷ | ᠲᠤᠭ᠎ᠠ ᠨᠢ 15 ᠲᠦᠮᠡᠨ ᠲᠥᠭᠦᠷᠢᠭ ᠪᠣᠯᠤᠨ᠎ᠠ᠃ | 3 . ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠠᠪᠤᠷᠠᠨ ᠲᠤᠰᠠᠯᠠᠬᠤ | ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠦᠨᠳᠦᠰᠦᠨ | ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ | ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ | ᠥᠭᠬᠦ ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ | ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ 70 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ | ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 10 ᠲᠦᠮᠡᠨ ᠲᠥᠭᠦᠷᠢᠭ ᠪᠣᠯᠤᠨ᠎ᠠ᠃ ᠡᠬᠢᠯᠡᠵᠦ | ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ | ᠡᠵᠡᠮᠳᠡᠵᠦ ᠪᠣᠯᠬᠤ ᠣᠷᠣᠯᠭ᠎ᠠ ᠶᠢᠨ 10 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ | ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ | ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ | 4 . ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠤ ᠵᠢᠯ ᠤᠨ ᠳᠣᠲᠣᠷ᠎ᠠ | ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠭᠦᠭᠰᠡᠨ ᠤ | ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠷ ᠲᠡᠭᠡᠨ ᠲᠥᠯᠥᠬᠦ | ᠬᠡᠰᠡᠭ ᠲᠤ᠂ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ | ᠲᠤᠭ᠎ᠠ ᠠᠴᠠ ᠳᠣᠷᠣᠭᠰᠢᠬᠢ ᠵᠠᠷᠤᠳᠠᠯ ᠢ 60 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ | ᠥᠨᠳᠥᠷ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ 8 ᠲᠦᠮᠡᠨ ᠲᠥᠭᠦᠷᠢᠭ᠃ ᠡᠬᠢᠯᠡᠵᠦ ᠥᠭᠬᠦ ᠪᠠᠷᠢᠮᠵᠢᠶ᠎ᠠ ᠶᠢ | ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 25 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ ᠡᠮ ᠡᠮᠨᠡᠯᠭᠡ ᠶᠢᠨ | ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ | ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃ | ︵ᠭᠤᠷᠪᠠ︶ ᠬᠠᠷᠠᠭᠠᠯᠵᠠᠨ ᠠᠪᠤᠷᠠᠨ ᠲᠤᠰᠠᠯᠠᠬᠤ | ᠡᠮᠨᠡᠯᠭᠡ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ | ᠬᠡᠪᠴᠢᠶᠡᠨ ᠳᠤ ᠡᠮᠨᠡᠭᠦᠯᠬᠦ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠲᠤ ᠭᠤᠷᠪᠠᠨ ᠴᠢᠬᠤᠯᠠ ᠳᠦᠷᠢᠮ ᠤᠨ | ᠶᠡᠷᠦᠩᠬᠡᠶᠢᠯᠡᠭᠰᠡᠨ ᠪᠠᠲᠤᠯᠠᠭ᠎ᠠ ᠪᠠᠷ ᠳᠠᠮᠵᠢᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ | ᠬᠤᠪᠢ ᠬᠥᠮᠦᠨ ᠤ ᠡᠭᠦᠷᠭᠡᠯᠡᠬᠦ 7000 ᠲᠥᠭᠦᠷᠢᠭ ᠢ ᠳᠠᠪᠠᠭᠰᠠᠨ ᠵᠠᠷᠤᠳᠠᠯ ᠢ 80 % ᠶᠢᠨ ᠬᠠᠷᠢᠴᠠᠯ ᠢᠶᠠᠷ | ᠲᠡᠩᠬᠡᠷᠡᠭᠦᠯᠦᠨ ᠲᠤᠰᠠᠯᠠᠬᠤ ᠲᠡᠰᠢ ᠬᠡᠯᠪᠠᠶᠢᠯᠭᠡᠵᠦ᠂ ᠣᠨ ᠤ ᠲᠡᠩᠬᠡᠷᠡᠭᠦᠯᠦᠨ ᠲᠤᠰᠠᠯᠠᠬᠤ ᠶᠢ ᠬᠡᠯᠪᠠᠶᠢᠯᠭᠡᠬᠦ ᠬᠢᠵᠠᠭᠠᠷ | ᠲᠤᠭ᠎ᠠ ᠨᠢ 5 ᠲᠦᠮᠡᠨ ᠲᠥᠭᠦᠷᠢᠭ ᠪᠣᠯᠤᠨ᠎ᠠ᠃ | ︵ᠳᠦᠷᠪᠡ︶ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ | ᠪᠠᠶᠢᠭᠤᠯᠣᠨ᠎ᠠ | ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ | ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ | ᠪᠣᠳᠣᠯᠭ᠎ᠠ ᠶᠢᠨ ᠲᠣᠬᠢᠷᠠᠭᠤᠯᠤᠯᠲᠠ ᠵᠢᠴᠢ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ | ᠠᠵᠢᠯᠯᠠᠭᠠᠨ ᠤ ᠪᠠᠶᠢᠳᠠᠯ ᠢ ᠦᠨᠳᠦᠰᠦᠯᠡᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠨᠢ | ᠲᠣᠬᠢᠷᠠᠭᠤᠯᠤᠨ ᠡᠯ᠎ᠡ ᠲᠥᠷᠥᠯ ᠤᠨ ᠲᠡᠩᠬᠡᠷᠡᠭᠦᠯᠦᠨ ᠲᠤᠰᠠᠯᠠᠬᠤ ᠶᠢᠨ ᠡᠬᠢᠯᠡᠵᠦ ᠥᠭᠬᠦ ᠪᠠᠷᠢᠮᠵᠢᠶ᠎ᠠ᠂ ᠲᠡᠩᠬᠡᠷᠡᠭᠦᠯᠦᠨ | ᠲᠤᠰᠠᠯᠠᠬᠤ ᠬᠠᠷᠢᠴᠠᠯ᠂ ᠲᠡᠩᠬᠡᠷᠡᠭᠦᠯᠦᠨ ᠲᠤᠰᠠᠯᠠᠬᠤ ᠬᠢᠵᠠᠭᠠᠷ ᠲᠤᠭ᠎ᠠ ᠳᠤ ᠵᠦᠢ ᠵᠣᠬᠢᠰᠲᠠᠶ ᠲᠣᠬᠢᠷᠠᠭᠤᠯᠤᠯᠲᠠ | ᠬᠢᠵᠦ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠤᠨ ᠥᠨᠳᠥᠷ ᠦᠷ᠎ᠡ ᠪᠦᠲᠦᠮᠵᠢᠲᠡᠶ᠂ | ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠣᠳᠠᠲᠠᠶ ᠪᠠᠷ ᠠᠶᠢᠮᠠᠭ ᠤᠨ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠨᠠᠶᠢᠳᠠᠪᠤᠷᠢᠵᠢᠭᠤᠯᠤᠨ᠎ᠠ᠃ | ᠶᠢᠰᠦ᠂ ᠡᠮᠴᠢᠯᠡᠭᠡᠨ ᠤ ᠥᠨᠳᠥᠷ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ | ᠰᠢᠨᠵᠢᠬᠦ ᠶᠢ ᠴᠢᠩᠭᠠᠷᠠᠭᠤᠯᠤᠨ᠎ᠠ | ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢ | ᠬᠡᠷᠡᠭᠵᠢᠭᠦᠯᠦᠨ᠎ᠡ᠃ ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ | ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠨᠥᠬᠦᠴᠡᠯ ᠳᠤ | ᠨᠡᠶᠢᠴᠡᠭᠰᠡᠨ ᠢ ᠨᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠣᠨ ᠤ | ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ | ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠪᠠᠷ ᠳᠡᠮᠵᠢᠨ ᠥᠭᠭᠦᠭᠰᠡᠨ ᠤ ᠳᠠᠷᠠᠭ᠎ᠠ᠂ ᠬᠤᠪᠢ ᠬᠥᠮᠦᠨ ᠤ | ᠨᠡᠶᠢᠲᠡ ᠳᠠᠷᠤᠭᠠᠰᠤ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ ᠪᠠᠶᠢᠪᠠᠯ | ᠂ ᠡᠪᠡᠳᠴᠢᠨ ᠠᠴᠠ ᠪᠣᠯᠵᠣ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ︔ ᠬᠤᠪᠢ ᠬᠥᠮᠦᠨ ᠤ | ᠳᠠᠷᠤᠭᠠᠰᠤ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ | ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 % ᠠᠴᠠ ᠬᠡᠲᠦᠷᠡᠭᠰᠡᠨ | ᠪᠠᠶᠢᠪᠠᠯ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ᠃ ᠦᠨᠳᠦᠰᠦᠨ | ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ︶ | ᠵᠡᠷᠭᠡ ᠪᠠᠷ ᠵᠣᠭᠤᠰ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠣᠨ ᠤ ᠡᠮᠨᠡᠯᠭᠡ ᠶᠢᠨ ᠵᠠᠷᠤᠳᠠᠯ ᠤᠨ ᠳᠠᠷᠤᠭᠠᠰᠤ | ᠮᠥᠨ ᠬᠦ ᠨᠡᠯᠢᠶᠡᠳ ᠬᠦᠨᠳᠦ ᠪᠠᠶᠢᠭ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠪᠡᠭᠡᠳᠡᠵᠦ ᠪᠠᠶᠢᠭ᠎ᠠ ᠭᠡᠷ ᠪᠦᠯᠢ ᠶᠢᠨ | ᠪᠦᠷᠢᠯᠳᠦᠬᠦᠨ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠢᠯᠪᠠᠷᠬᠠᠨ ᠳᠠᠬᠢᠨ ᠶᠠᠳᠠᠭᠤᠷᠠᠵᠤ ᠶᠠᠳᠠᠭᠤᠷᠠᠭᠰᠠᠨ ᠬᠥᠮᠦᠨ | ᠠᠮᠠ ᠶᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠡᠮᠴᠢᠯᠡᠭᠡᠨ ᠤ | ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ | ᠴᠢᠩᠭᠠᠳᠬᠠᠵᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ | ᠬᠦᠴᠢᠷᠳᠡᠯᠲᠡᠶ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ ᠰᠢᠨᠵᠢᠬᠦ᠂ | ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠬᠤ | ᠬᠡᠷᠡᠭᠲᠡᠶ᠃ | ᠠᠷᠪᠠ᠂ ᠭᠤᠶᠤᠴᠢᠯᠠᠯ ᠶᠣᠰᠣᠭᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ | ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠣᠯᠤᠨ ᠮᠠᠯᠵᠢᠬᠤ | ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠬᠥᠮᠦᠨ ᠠᠮᠠ᠂ ᠡᠪᠡᠳᠴᠢᠨ ᠠᠴᠠ ᠪᠣᠯᠵᠤ | ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠪᠠᠷ ᠭᠤᠶᠤᠴᠢᠯᠠᠬᠤ ᠵᠠᠮ ᠮᠥᠷ ᠢ ᠰᠢᠯᠤᠭᠤᠳᠬᠠᠨ᠂ | ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠠᠪᠤᠷᠠᠨ ᠲᠤᠰᠠᠯᠠᠬᠤ ᠬᠤᠭᠤᠴᠠᠭᠠᠲᠤ ᠴᠢᠨᠠᠷ ᠢ | ᠴᠢᠩᠭᠠᠷᠠᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ | ᠬᠥᠮᠦᠰ ᠢᠶᠠᠷ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠪᠠᠯ᠂ ᠰᠢᠭᠤᠳ ᠡᠮᠴᠢᠯᠡᠭᠡᠨ ᠤ ᠠᠪᠤᠷᠠᠨ ᠲᠤᠰᠠᠯᠠᠯᠲᠠ | ᠬᠦᠷᠲᠡᠭᠡᠨ᠎ᠡ᠃ ᠨᠡᠶᠢᠭᠡᠮ ᠤᠨ ᠬᠦᠴᠦᠨ ᠤ ᠠᠪᠤᠷᠠᠨ ᠲᠤᠰᠠᠯᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠬᠤ | ᠲᠣᠭᠲᠠᠴᠠ ᠶᠢ ᠪᠦᠷᠢᠨᠰᠢᠬᠦᠯᠵᠦ᠂ ᠡᠮᠴᠢᠯᠡᠭᠡ ᠪᠠᠷ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ᠂ | ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠴᠢᠩᠭᠠᠷᠠᠭᠤᠯᠤᠨ᠂ ᠡᠯ᠎ᠡ ᠭᠠᠵᠠᠷ ᠣᠷᠣᠨ ᠨᠢ ᠠᠪᠤᠷᠠᠨ ᠲᠤᠰᠠᠯᠠᠬᠤ ᠡᠲᠡᠭᠡᠳ ᠤᠨ ᠪᠣᠳᠠᠲᠠᠶ ᠪᠠᠶᠢᠳᠠᠯ ᠢ | ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢ ᠬᠡᠷᠡᠭᠯᠡᠵᠦ᠂ ᠲᠠᠰ ᠳᠠᠪᠬᠤᠷᠭ᠎ᠠ ᠲᠥᠷᠥᠯ | ᠬᠤᠪᠢᠶᠠᠨ ᠬᠠᠪᠰᠤᠷᠤᠨ ᠲᠡᠳᠬᠦᠬᠦ ᠶᠢ ᠲᠦᠢᠯ ᠤᠨ ᠣᠨᠣᠪᠴᠢᠲᠠᠶ ᠪᠠᠷ ᠥᠷᠨᠢᠭᠦᠯᠦᠨ᠎ᠡ᠃ ᠶᠡᠷᠦᠩᠬᠡᠶᠢᠯᠡᠭᠰᠡᠨ ᠠᠪᠤᠷᠠᠨ | ᠲᠤᠰᠠᠯᠠᠬᠤ ᠬᠢᠷᠢ ᠬᠡᠮᠵᠢᠶ᠎ᠡ ᠶᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠬᠤᠪᠢ ᠬᠥᠮᠦᠨ ᠤ ᠪᠣᠳᠠᠲᠠᠶ | ᠵᠠᠷᠤᠳᠠᠯ ᠤᠨ ᠡᠭᠦᠷᠭᠡᠯᠡᠵᠦ ᠪᠠᠶᠢᠭ᠎ᠠ ᠪᠠᠶᠢᠳᠠᠯ ᠢ ᠦᠨᠳᠦᠰᠦᠯᠡᠨ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠡᠮ | ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠭᠰᠠᠨ ᠬᠥᠮᠦᠰ ᠲᠤ ᠲᠣᠭᠲᠠᠭᠠᠯ ᠶᠣᠰᠣᠭᠠᠷ ᠡᠮ | ᠡᠮᠨᠡᠯᠭᠡ ᠶᠢᠨ ᠠᠪᠤᠷᠠᠨ ᠲᠤᠰᠠᠯᠠᠯᠲᠠ ᠣᠯᠭᠤᠨ᠎ᠠ᠃ | ᠠᠷᠪᠠᠨ ᠨᠢᠭᠡ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ | ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ | ᠬᠦᠨᠳᠦ ᠡᠪᠡᠳᠴᠢᠨ ᠢ ᠠᠪᠤᠷᠠᠨ ᠲᠤᠰᠠᠯᠠᠬᠤ ᠵᠦᠢᠯᠡᠰ ᠪᠠᠶᠢᠭᠤᠯᠵᠤ᠂ ᠨᠥᠬᠦᠪᠥᠷᠢᠯᠡᠨ ᠠᠪᠤᠷᠠᠨ ᠲᠤᠰᠠᠯᠠᠬᠤ | ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠢᠨᠲ᠋ᠧᠷ ᠰᠦᠯᠵᠢᠶ᠎ᠡ ᠶᠢᠨ ᠢᠯᠡ ᠪᠠᠷ ᠬᠠᠨᠳᠢᠪ | ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠡᠳᠡᠭᠡ ᠵᠠᠩᠭᠢ | ᠨᠡᠶᠢᠲᠡᠯᠡᠬᠦ ᠶᠢ ᠵᠢᠷᠤᠮᠵᠢᠭᠤᠯᠤᠨ᠂ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠢᠯᠡ ᠪᠠᠷ ᠠᠪᠤᠷᠠᠨ | ᠲᠤᠰᠠᠯᠠᠬᠤ ᠶᠢ ᠬᠡᠷᠡᠭᠵᠢᠭᠦᠯᠦᠨ᠎ᠡ᠃ ᠡᠮᠴᠢᠯᠡᠭᠡ ᠪᠠᠷ ᠠᠪᠤᠷᠠᠨ ᠲᠤᠰᠠᠯᠠᠬᠤ ᠬᠦᠷᠢᠶ᠎ᠡ ᠶᠢᠨ ᠨᠡᠶᠢᠭᠡᠮ ᠤᠨ ᠠᠵᠢᠯ ᠤᠨ | ᠦᠢᠯᠡᠴᠢᠯᠡᠭᠡ ᠪᠠ ᠰᠠᠶᠢᠨ ᠳᠤᠷ᠎ᠠ ᠶᠢᠨ ᠦᠢᠯᠡᠴᠢᠯᠡᠬᠡᠨ ᠤ ᠬᠥᠭᠵᠢᠯᠲᠡ ᠶᠢ ᠳᠠᠮᠵᠢᠵᠤ᠂ ᠠᠪᠤᠷᠠᠨ ᠲᠤᠰᠠᠯᠠᠬᠤ | ᠦᠢᠯᠡᠴᠢᠯᠡᠬᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ | ᠪᠣᠯᠤᠨ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ ᠲᠣᠬᠢᠶᠠᠯᠳᠤᠬᠤ ᠡᠪᠡᠳᠴᠢᠨ ᠳᠤ ᠡᠮ | ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ | ᠠᠪᠤᠷᠠᠨ ᠲᠤᠰᠠᠯᠠᠯᠲᠠ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ ᠢ ᠡᠮᠬᠢᠯᠡᠨ | ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠨᠢᠭᠦᠯᠡᠰᠦᠩᠭᠦᠶ ᠶᠢᠨ ᠠᠵᠢᠯᠯᠠᠭ᠎ᠠ ᠳᠤ | ᠣᠷᠣᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠩᠭᠤᠶ ᠭᠠᠶᠢᠯᠢ ᠲᠠᠲᠠᠪᠤᠷᠢ ᠶᠢᠨ ᠬᠠᠷᠠᠭᠠᠯᠵᠠᠯ | ᠦᠵᠡᠭᠦᠯᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ | ᠠᠷᠪᠠᠨ ᠬᠤᠶᠠᠷ᠂ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠤᠨ᠎ᠠ | ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠭ᠎ᠠ ᠥᠷᠨᠢᠭᠦᠯᠬᠦ ᠶᠢ ᠳᠡᠮᠵᠢᠵᠦ᠂ ᠢᠨᠲ᠋ᠧᠷ | ᠰᠦᠯᠵᠢᠶᠡᠨ ᠤ ᠲᠠᠪᠴᠠᠩ ᠤᠨ ᠬᠠᠪᠰᠤᠷᠤᠯᠴᠠᠭ᠎ᠠ ᠶᠢ ᠵᠢᠷᠤᠮᠵᠢᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ | ᠴᠢᠩᠭᠠᠳᠬᠠᠵᠤ᠂ ᠡᠮᠴᠢᠯᠡᠭᠡᠨ ᠤ ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | ᠣᠯᠠᠨ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ | ᠬᠥᠭᠵᠢᠯᠲᠡ ᠶᠢ ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ ᠪᠠᠭᠠᠵᠢ | ᠬᠡᠷᠡᠭᠰᠡᠯ ᠤᠨ ᠬᠡᠷᠡᠭᠯᠡᠯᠲᠡ ᠶᠢ ᠠᠯᠬᠤᠮ ᠠᠯᠬᠤᠮ ᠢᠶᠠᠷ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ | ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ | ᠦᠨᠳᠦᠰᠦᠨ ᠡᠮᠴᠢᠯᠡᠭᠡᠨ ᠤ ᠳᠠᠭᠠᠳᠬᠠᠯ ᠯᠤᠭ᠎ᠠ ᠬᠠᠷᠢᠯᠴᠠᠨ ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ | ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ | ᠥᠭᠬᠦ ᠥᠬᠡᠶ ᠵᠠᠷᠤᠳᠠᠯ ᠢ ᠨᠠᠩ ᠰᠠᠶᠢᠨ ᠬᠠᠮᠤᠷᠤᠭᠤᠯᠤᠨ᠎ᠠ᠃ | ᠠᠷᠪᠠᠨ ᠭᠤᠷᠪᠠ᠂ ᠨᠢᠭᠡ ᠴᠣᠭᠴᠠᠵᠢᠭᠤᠯᠤᠭᠰᠠᠨ ᠭᠠᠷᠲᠠᠨ ᠬᠦᠢᠴᠡᠳᠭᠡᠬᠦ ᠬᠠᠮᠢᠶᠠᠷᠤᠯᠲᠠ ᠦᠢᠯᠡᠴᠢᠯᠡᠭᠡ ᠶᠢ | ᠲᠦᠷᠬᠡᠨ ᠠᠬᠢᠭᠤᠯᠣᠨ᠎ᠠ | ᠪᠥᠬᠦ ᠣᠷᠣᠨ ᠤ ᠨᠢᠭᠡᠳᠦᠯᠲᠡᠶ ᠡᠮᠴᠢᠯᠡᠭᠡ ᠪᠠᠷ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠬᠠᠮᠢᠶᠠᠷᠤᠯᠲᠠ | ᠦᠢᠯᠡᠴᠢᠯᠡᠬᠡᠨ ᠤ ᠲᠦᠷᠢᠮ ᠲᠣᠭᠲᠠᠭᠠᠯ ᠪᠠ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ ᠶᠣᠰᠣᠭᠠᠷ᠂ | ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤ ᠳᠠᠭᠠᠨ ᠭᠥᠷᠳᠡᠵᠦ ᠬᠠᠷᠢᠯᠴᠠᠨ ᠮᠡᠳᠡᠷᠡᠬᠦ᠂ ᠪᠠᠯᠠ | ᠮᠥᠩᠭᠦ ᠪᠠᠷ ᠲᠤᠰᠠᠯᠠᠨ ᠳᠠᠭᠠᠳᠬᠠᠯ ᠳᠤ ᠣᠷᠣᠯᠴᠠᠬᠤ᠂ ᠣᠯᠭᠤᠮᠵᠢ ᠣᠯᠭᠤᠬᠤ ᠵᠡᠷᠭᠡ ᠭᠠᠷᠲᠠᠨ ᠬᠦᠢᠴᠡᠳᠭᠡᠬᠦ | ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ | ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ | ᠲᠣᠭᠲᠠᠭᠠᠯ ᠶᠣᠰᠣᠭᠠᠷ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠯᠦᠭᠡ | ᠠᠭᠤᠰᠤᠯᠴᠠᠭᠤᠯᠬᠤ ᠶᠢ ᠴᠢᠩᠭᠠᠳᠬᠠᠨ᠂ ᠡᠮᠴᠢᠯᠡᠭᠡ ᠪᠠᠷ ᠠᠪᠤᠷᠠᠨ ᠲᠤᠰᠠᠯᠠᠵᠤ ᠳ᠋ᠦᠩᠨᠡᠨ ᠪᠤᠳᠤᠬᠤ | ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ | ᠵᠥᠪᠳᠡᠯᠴᠡᠬᠡᠷ ᠤᠨ ᠬᠠᠮᠢᠶᠠᠷᠤᠯᠲᠠ ᠶᠢ ᠨᠢᠭᠡᠳᠬᠡᠵᠦ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ | ᠦᠢᠯᠡᠴᠢᠯᠡᠬᠡᠨ ᠤ ᠠᠭᠤᠯᠭ᠎ᠠ ᠶᠢ ᠵᠥᠪᠳᠡᠯᠴᠡᠬᠡᠷ ᠤᠨ ᠬᠡᠪᠴᠢᠶᠡᠨ ᠳᠤ ᠣᠷᠣᠭᠤᠯᠤᠨ᠂ ᠵᠥᠪᠳᠡᠯᠴᠡᠬᠡᠷ ᠤᠨ | ᠬᠦᠢᠴᠡᠳᠭᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ | ᠡᠮᠴᠢᠯᠡᠭᠡᠨ ᠤ ᠵᠢᠷᠤᠮᠵᠢᠯ᠂ ᠦᠢᠯᠡᠴᠢᠯᠡᠬᠡᠨ ᠤ ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠬᠦᠢᠴᠡᠳᠭᠡᠯ ᠲᠤᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠬᠢᠨᠠᠯᠲᠠ | ᠪᠠᠶᠢᠴᠠᠭᠠᠯᠲᠠ ᠶᠢ ᠴᠢᠩᠭᠠᠳᠬᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠬᠠᠮᠢᠶᠠᠷᠤᠨ | ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠡᠮᠴᠢᠯᠡᠭᠡ ᠪᠠᠷ ᠠᠪᠤᠷᠠᠨ | ᠲᠤᠰᠠᠯᠠᠬᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠳᠠᠭᠠᠳᠬᠠᠭᠤᠯᠬᠤ ᠳᠤ | ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ | ᠳᠤᠮᠳᠠ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ | ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠠᠶᠢᠴᠠᠭᠠᠵᠤ ᠬᠢᠨᠠᠬᠤ ᠠᠵᠢᠯ ᠢ ᠰᠠᠶᠢᠲᠤᠷ ᠬᠢᠵᠦ᠂ ᠡᠮ | ᠡᠮᠨᠡᠯᠭᠡ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠢ ᠥᠷᠨᠢᠭᠦᠯᠵᠦ ᠪᠠᠶᠢᠭ᠎ᠠ ᠲᠣᠭᠲᠠᠭᠰᠠᠨ ᠡᠮ ᠡᠮᠨᠡᠯᠭᠡ ᠶᠢᠨ | ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠰᠠᠭᠤᠷᠢ ᠮᠥᠩᠭᠦ ᠶᠢ ᠠᠶᠤᠯ ᠦᠭᠡᠶ᠂ | ᠥᠨᠳᠥᠷ ᠪᠦᠲᠦᠮᠵᠢᠲᠡᠶ᠂ ᠵᠦᠢ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠨᠢᠭᠡ ᠥᠷᠲᠡᠭᠡ ᠮᠠᠶ᠋ᠢᠭ | ︾ ᠤᠨ ᠦᠢᠯᠡᠴᠢᠯᠡᠭᠡ᠂ ︽ᠨᠢᠭᠡ ᠴᠣᠩᠬᠤᠪᠴᠢ︾ ᠪᠠᠷ ᠬᠦᠢᠴᠡᠳᠭᠡᠬᠦ ᠶᠢ ᠬᠡᠷᠡᠭᠵᠢᠭᠦᠯᠬᠦ ᠶᠢ ᠠᠬᠢᠭᠤᠯᠵᠤ᠂ | ᠳ᠋ᠦᠩᠨᠡᠨ ᠪᠤᠳᠤᠬᠤ ᠦᠢᠯᠡᠴᠢᠯᠡᠬᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃ | ᠠᠷᠪᠠᠨ ᠳᠥᠷᠪᠡ᠂ ᠠᠪᠤᠷᠠᠨ ᠲᠤᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ | ᠰᠢᠯᠢᠳᠡᠭᠵᠢᠭᠦᠯᠦᠨ᠎ᠡ | ᠬᠦᠢᠴᠡᠳᠭᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ | ᠲᠤᠰᠠᠯᠠᠬᠤ ᠮᠥᠩᠭᠦ ᠣᠯᠭᠤᠬᠤ ᠴᠤᠪᠤᠷᠠᠯ ᠢ ᠳᠥᠭᠦᠮᠴᠢᠯᠡᠵᠦ᠂ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ | ᠬᠦᠷᠢᠶ᠎ᠡ ᠬᠡᠪᠴᠢᠶ᠎ᠡ ᠳᠤ ᠨᠡᠶᠢᠴᠡᠵᠦ ᠪᠠᠶᠢᠪᠠᠯ ︽ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠳᠤ | ᠣᠷᠣᠭᠤᠯᠤᠨ᠎ᠠ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ | ᠲᠤᠰᠠᠯᠠᠬᠤ ᠶᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠵᠣᠯᠭᠠᠭᠤᠯᠵᠤ᠂ ᠡᠭᠦᠷᠭᠡ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠤᠨ ᠠᠪᠤᠷᠠᠨ | ᠲᠤᠰᠠᠯᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠳᠠᠨ ᠬᠦᠢᠴᠡᠳᠭᠡᠵᠦ ᠰᠢᠯᠵᠢᠭᠦᠯᠦᠨ | ᠬᠦᠢᠴᠡᠳᠭᠡᠬᠦ ᠵᠢᠴᠢ ᠦᠷ᠎ᠡ ᠳ᠋ᠦᠩ ᠤᠨ ᠬᠠᠷᠢᠭᠤ ᠲᠤᠰᠬᠠᠯ ᠢ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠤ | ᠺᠠᠳ᠋ᠷ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠵᠦ | ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ ᠢ ᠨᠠᠶᠢᠳᠠᠵᠤ ᠣᠷᠣᠯᠠᠨ | ᠬᠦᠢᠴᠳᠭᠡᠬᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ | ᠰᠠᠨᠠᠭᠠᠴᠢᠯᠠᠭ᠎ᠠ ᠠᠴᠠ ᠪᠠᠨ ᠬᠠᠪᠰᠤᠷᠬᠤ ᠬᠡᠷᠡᠭᠲᠡᠶ᠃ | ᠠᠷᠪᠠᠨ ᠲᠠᠪᠤ᠂ ᠶᠡᠷᠦᠩᠬᠡᠶᠢᠯᠡᠭᠰᠡᠨ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠡᠪᠡᠳᠴᠢᠨ ᠦᠵᠡᠭᠦᠯᠬᠦ ᠠᠵᠢᠯᠯᠠᠭ᠎ᠠ ᠶᠢ ᠬᠥᠲᠥᠯᠥᠨ | ᠵᠢᠯᠣᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ ᠤᠷᠢᠳᠠᠪᠠᠷ ᠡᠮᠨᠡᠭᠦᠯᠬᠦ ᠶᠢ ᠬᠡᠷᠡᠭᠵᠢᠭᠦᠯᠦᠨ᠂ | ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠵᠤ᠂ ᠵᠦᠶ ᠵᠣᠬᠢᠰᠲᠠᠶ ᠪᠠᠷ ᠡᠮᠨᠡᠭᠦᠯᠬᠦ ᠶᠢ ᠠᠬᠢᠭᠤᠯᠬᠤ ᠬᠡᠷᠡᠭᠲᠡᠶ᠃ | ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠪᠠᠷ ᠠᠪᠤᠷᠠᠨ ᠲᠤᠰᠠᠯᠠᠬᠤ ᠦᠢᠯᠡᠴᠢᠯᠡᠬᠡᠨ ᠤ | ᠠᠭᠤᠯᠭ᠎ᠠ ᠶᠢ ᠲᠡᠭᠦᠯᠳᠡᠷᠵᠢᠭᠦᠯᠵᠦ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠣᠭᠲᠠᠭᠠᠯ ᠶᠣᠰᠣᠭᠠᠷ | ᠦᠨᠳᠦᠰᠦᠨ ᠡᠮᠴᠢᠯᠡᠭᠡᠨ ᠤ ᠳᠠᠭᠠᠳᠬᠠᠯ ᠪᠠ ᠡᠮᠴᠢᠯᠡᠭᠡ ᠪᠠᠷ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ ᠪᠤᠳᠤᠬᠤ ᠶᠢ | ᠰᠠᠶᠢᠲᠤᠷ ᠬᠢᠨ᠎ᠡ᠃ ᠣᠨᠣᠰᠢᠯᠠᠨ ᠡᠮᠨᠡᠬᠦ ᠲᠥᠰᠦᠯ ᠢ ᠲᠣᠳᠣᠷᠬᠠᠶᠢᠯᠠᠬᠤ᠂ ᠭᠠᠷᠴᠠᠭ ᠠᠴᠠ ᠭᠠᠳᠠᠨᠠᠬᠢ ᠵᠠᠷᠤᠳᠠᠯ ᠢ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ | ᠵᠢᠯᠣᠭᠤᠳᠴᠤ ᠪᠠᠶᠢᠭᠠᠳ ᠵᠦᠶ ᠵᠣᠬᠢᠰᠲᠠᠶ᠂ ᠴᠢᠬᠤᠯᠠ ᠪᠥᠬᠦᠶ ᠡᠮᠴᠢᠯᠡᠭᠡᠨ ᠤ ᠦᠢᠯᠡᠴᠢᠯᠡᠭᠡ ᠬᠠᠩᠭᠠᠯᠭᠠᠵᠤ᠂ ᠵᠦᠶ | ᠵᠣᠬᠢᠰ ᠥᠬᠡᠶ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠷᠥ ᠶᠢᠨ ᠪᠣᠳᠣᠯᠭ᠎ᠠ ᠶᠢᠨ | ᠬᠡᠪᠴᠢᠶᠡᠨ ᠳᠠᠬᠢ ᠥᠪᠡᠰᠦᠪᠡᠨ ᠲᠤᠰᠢᠶᠠᠬᠤ ᠵᠠᠷᠤᠳᠠᠯ ᠤᠨ ᠬᠠᠷᠢᠴᠠᠯ ᠢ ᠵᠦᠶ ᠵᠣᠬᠢᠰᠲᠠᠶ ᠡᠵᠡᠮᠳᠡᠵᠦ᠂ ᠠᠪᠤᠷᠠᠨ | ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠦᠨ᠂ ᠬᠤᠶᠠᠳᠤᠭᠠᠷ | ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 5 % ᠠᠴᠠ | ᠬᠡᠲᠦᠷᠡᠭᠦᠯᠵᠦ ᠪᠣᠯᠬᠤ ᠥᠬᠡᠶ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ | ᠭᠠᠳᠠᠨᠠᠬᠢ ᠵᠠᠷᠤᠳᠠᠯ ᠤᠨ ᠬᠠᠷᠢᠴᠠᠯ ᠢ 10 % ᠠᠴᠠ ᠬᠡᠲᠦᠷᠡᠭᠦᠯᠵᠦ ᠪᠣᠯᠬᠤ ᠥᠬᠡᠶ᠃ ᠦᠨᠳᠦᠰᠦᠨ ᠱᠠᠲᠤᠨ ᠳᠤ | ᠠᠩᠬ᠎ᠠ ᠣᠨᠣᠰᠢᠯᠠᠭᠤᠯᠵᠤ ᠡᠮᠨᠡᠯᠭᠡ ᠰᠢᠯᠵᠢᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ | ᠡᠲᠡᠭᠡᠳ᠂ ᠣᠨᠴᠠ ᠬᠦᠴᠢᠷᠳᠡᠯᠲᠡᠶ ᠬᠥᠮᠦᠰ ᠬᠤᠲᠠ ᠶᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ ᠤ | ᠪᠠᠶᠢᠭᠤᠯᠤᠮᠵᠢ ᠳᠤ ᠰᠠᠭᠤᠵᠤ᠂ ︽ᠤᠷᠢᠳᠠᠪᠠᠷ ᠣᠨᠣᠰᠢᠯᠠᠭᠤᠯᠤᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾ | ᠶᠢ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠶᠢ ᠪᠥᠬᠦ ᠲᠠᠯ᠎ᠠ ᠪᠠᠷ | ᠬᠡᠯᠲᠦᠷᠢᠭᠦᠯᠦᠨ᠎ᠡ᠃ ᠣᠨᠳᠣᠣ ᠭᠠᠵᠠᠷ ᠲᠥᠪᠬᠢᠨᠡᠭᠦᠯᠬᠦ ᠪᠠ ᠣᠨᠳᠣᠣ ᠭᠠᠵᠠᠷ ᠰᠢᠯᠵᠢᠭᠦᠯᠦᠨ ᠡᠮᠨᠡᠭᠦᠯᠦᠭᠰᠡᠨ ᠠᠪᠤᠷᠠᠨ | ᠲᠤᠰᠠᠯᠠᠬᠤ ᠡᠲᠡᠭᠡᠳ ᠢ ᠳᠠᠩᠰᠠᠯᠠᠨ ᠲᠡᠮᠳᠡᠭᠯᠡᠬᠦ᠂ ᠡᠮᠨᠡᠭᠦᠯᠦᠭᠰᠡᠨ ᠢ ᠳ᠋ᠦᠩᠨᠡᠨ ᠪᠣᠳᠣᠬᠤ ᠶᠢ ᠰᠠᠶᠢᠲᠤᠷ ᠬᠢᠵᠦ᠂ | ᠲᠣᠭᠲᠠᠭᠠᠯ ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠡᠷᠦᠬᠡ ᠠᠮᠠ ᠶᠢᠨ | ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠭᠲᠠᠭᠠᠯ ᠶᠣᠰᠣᠭᠠᠷ ᠰᠢᠯᠵᠢᠭᠦᠯᠦᠨ | ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠢ ᠵᠠᠷᠴᠢᠮ ᠳᠡᠭᠡᠷ᠎ᠡ ᠪᠠᠨ | ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠬᠤ ᠦᠭᠡᠢ᠃ | ᠠᠷᠪᠠᠨ ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ | ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ ᠮᠥᠴᠢᠷ ᠬᠠᠮᠵᠢᠯᠴᠠᠬᠤ᠂ | ᠨᠡᠶᠢᠭᠡᠮ ᠤᠨ ᠬᠢᠨ ᠣᠷᠣᠯᠴᠠᠬᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠪᠠᠲᠤᠯᠠᠭ᠎ᠠ ᠶᠢᠨ ᠠᠵᠢᠯ ᠤᠨ | ᠲᠣᠭᠲᠠᠴᠠ ᠶᠢ ᠴᠢᠩᠭᠠᠷᠠᠭᠤᠯᠤᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠢ | ᠡᠮᠴᠢᠯᠡᠭᠡ ᠪᠠᠷ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ | ᠬᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠳᠤ ᠣᠷᠣᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠨᠠᠷᠢᠨ ᠬᠠᠭᠤᠳᠠᠰᠤ ᠶᠢᠨ | ᠳᠦᠷᠢᠮ ᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ | ᠬᠡᠪᠴᠢᠶ᠎ᠡ ᠶᠢ ᠦᠨᠡᠨᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠨ᠂ ᠳᠦᠷᠢᠮ ᠤᠨ | ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠨ᠎ᠠ᠃ ᠲᠣᠰ ᠲᠥᠰᠦᠯ ᠢ 2023 ᠣᠨ ᠤ 1 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠭᠦᠯᠵᠦ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠲᠥᠷᠥ ᠶᠢᠨ | ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠣᠨᠴᠠ | ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ | ᠠᠷᠪᠠᠨ ᠳᠣᠯᠤᠭ᠎ᠠ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ | ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ | ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠤᠨ | ᠲᠥᠷᠥ ᠶᠢᠨ ᠪᠣᠳᠣᠯᠭ᠎ᠠ ᠵᠢᠴᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠶᠢ ᠴᠢᠩᠭᠠᠳᠬᠠᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ | ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠪᠣᠯᠤᠨ ᠬᠠᠮᠢᠶᠠᠷᠤᠯᠲᠠ ᠶᠢᠨ | ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ | ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠮᠢᠳᠤᠷᠠᠯ ᠤᠨ | ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ ᠡᠲᠡᠭᠡᠳ ᠢ | ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠣᠯᠭᠠᠭᠤᠯᠬᠤ ᠶᠢ | ᠴᠢᠩᠭᠠᠳᠬᠠᠨ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ | ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠰᠠᠶᠢᠲᠤᠷ ᠬᠢᠵᠦ | ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠠᠮᠵᠢᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠲᠣᠭᠲᠠᠭᠠᠯ ᠶᠣᠰᠣᠭᠠᠷ ᠪᠠᠯᠠ ᠮᠥᠩᠭᠦ ᠶᠢᠨ ᠳᠡᠮᠵᠢᠯᠭᠡ ᠶᠢ ᠰᠠᠶᠢᠲᠤᠷ ᠬᠢᠨ᠎ᠠ᠃ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ | ᠴᠢᠩᠭᠠᠷᠠᠭᠤᠯᠵᠤ᠂ ᠣᠨᠣᠰᠢᠯᠠᠨ ᠡᠮᠨᠡᠬᠦ ᠠᠷᠭ᠎ᠠ ᠵᠠᠮ ᠢ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ | ᠠᠬᠢᠭᠤᠯᠬᠤ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠦᠨᠳᠦᠰᠦᠨ ᠡᠮᠴᠢᠯᠡᠭᠡᠨ ᠤ | ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠵᠦ᠂ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠡᠮᠴᠢᠯᠡᠭᠡᠨ ᠤ ᠳᠠᠭᠠᠳᠬᠠᠯ ᠢ | ᠭᠠᠷᠲᠠᠨ ᠬᠦᠢᠴᠡᠳᠭᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ | ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ | ᠳᠠᠭᠠᠳᠬᠠᠯ ᠢ ᠳᠠᠭᠠᠭᠠᠨ ᠡᠷᠬᠢᠯᠡᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ | ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠬᠦᠴᠢᠷᠳᠡᠯᠲᠡᠶ ᠣᠯᠠᠨ ᠲᠦᠮᠡᠨ ᠳᠤ | ᠳᠡᠮᠵᠢᠯᠭᠡ ᠦᠵᠡᠭᠦᠯᠦᠨ᠂ ᠲᠥᠯᠥᠪᠦᠷᠢ ᠥᠭᠬᠦ ᠭᠠᠷᠳᠠᠮ ᠢ ᠳᠥᠭᠦᠮᠴᠢᠯᠡᠵᠦ᠂ ᠰᠠᠭᠠᠳ ᠦᠭᠡᠶ ᠨᠡᠪᠲᠡᠷᠡᠬᠦ ᠵᠠᠮ ᠢ | ᠨᠡᠪᠲᠡᠷᠡᠭᠦᠯᠦᠨ᠂ ᠬᠦᠴᠢᠷᠳᠡᠯᠲᠡᠶ ᠣᠯᠠᠨ ᠲᠦᠮᠡᠨ ᠤ ᠣᠯᠭᠤᠮᠵᠢ ᠪᠠᠨ ᠴᠠᠭ ᠲᠤᠬᠠᠶ ᠳᠤᠨᠢ᠂ ᠳᠥᠭᠦᠮ ᠳᠥᠲᠡ | ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ | ᠮᠥᠴᠢᠷ ᠤᠨ ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ | ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ | ᠶᠠᠳᠠᠭᠤᠷᠠᠬᠤ ᠡᠷᠦᠬᠡ ᠪᠣᠯᠤᠨ ᠭᠡᠨᠡᠳᠲᠡ ᠶᠢᠨ ᠪᠠᠶᠢᠳᠠᠯ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ | ᠵᠡᠷᠭᠡ ᠭᠤᠤᠯᠳᠠᠯᠭ᠎ᠠ ᠲᠠᠢ ᠬᠥᠮᠦᠰ ᠢ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ | ᠭᠤᠤᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠬᠡᠷᠡᠭᠲᠡᠶ᠃ | ᠠᠵᠢᠯᠴᠢᠨ ᠤ ᠡᠪᠯᠡᠯ ᠨᠢ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠲᠣᠭᠲᠠᠴᠠ ᠶᠢᠨ | ᠦᠢᠯᠡᠳᠦᠯ ᠢᠶᠠᠨ ᠪᠠᠳᠠᠷᠠᠭᠤᠯᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ | ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯᠲᠠᠨ | ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠳᠡᠮᠵᠢᠬᠦ | ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ | ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠮᠵᠢᠯᠴᠠᠨ ᠬᠥᠮᠦᠰ ᠤᠨ ᠮᠡᠳᠡᠭᠡ | ᠵᠠᠩᠭᠢ ᠶᠢ ᠬᠠᠮᠲᠤᠪᠠᠷ ᠬᠦᠷᠲᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠨ ᠨᠠᠢᠮᠠ᠂ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠎ᠠ | ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ | ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠡᠷᠡᠭᠵᠢᠭᠦᠯᠦᠯᠲᠡ ᠳᠤ ᠬᠢᠨᠠᠯᠲᠠ | ᠲᠠᠯᠪᠢᠬᠤ ᠶᠢ ᠴᠢᠩᠭᠠᠳᠬᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠨᠡᠯᠭᠡ ᠶᠢᠨ | ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠠᠶᠤᠯ ᠦᠭᠡᠶ ᠠᠵᠢᠯᠯᠠᠭᠠᠨ ᠢ ᠦᠨᠡᠨᠬᠦ ᠪᠠᠲᠤᠯᠠᠨ᠎ᠠ᠃ | ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ | ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠤᠨ᠂ ᠠᠪᠤᠷᠠᠨ | ᠲᠤᠰᠠᠯᠠᠬᠤ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠠᠷᠪᠠ ᠶᠢᠰᠦ᠂ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ | ᠬᠡᠷᠡᠭᠴᠡᠭᠡ ᠱᠠᠭᠠᠷᠳᠠᠯᠭ᠎ᠠ ᠪᠠ ᠦᠢᠯᠡᠴᠢᠯᠡᠬᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ | ᠵᠣᠬᠢᠬᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠢ | ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ | ᠨᠡᠶᠢᠭᠡᠮ ᠤᠨ ᠬᠦᠴᠦᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠭᠠᠷᠲᠠᠨ ᠬᠦᠢᠴᠡᠳᠭᠡᠬᠦ ᠦᠢᠯᠡᠴᠢᠯᠡᠭᠡ ᠳᠤ | ᠣᠷᠣᠯᠴᠠᠭᠤᠯᠵᠤ᠂ ᠡᠮᠴᠢᠯᠡᠭᠡ ᠪᠠᠷ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠦᠨᠳᠦᠰᠦᠨ | ᠱᠠᠲᠤᠨ ᠳᠤ ᠪᠠᠭᠤᠯᠭᠠᠬᠤ ᠶᠢ ᠶᠡᠬᠡᠪᠡᠷ ᠠᠬᠢᠭᠤᠯᠤᠨ᠂ ᠮᠡᠳᠡᠭᠡ ᠵᠠᠩᠭᠢᠵᠢᠯᠲᠠ ᠪᠠ ᠭᠠᠷᠲᠠᠨ ᠬᠦᠢᠴᠡᠳᠭᠡᠬᠦ | ᠦᠢᠯᠡᠴᠢᠯᠡᠬᠡᠨ ᠤ ᠬᠢᠷᠢ ᠬᠡᠮᠵᠢᠶ᠎ᠡ ᠶᠢ ᠭᠤᠤᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡ ᠪᠠᠷ ᠠᠪᠤᠷᠠᠨ | ᠲᠤᠰᠠᠯᠠᠬᠤ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ | ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠢᠶᠠᠷ ᠰᠠᠶᠢᠨ᠂ | ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠦᠨᠳᠦᠰᠦᠨ ᠱᠠᠲᠤᠨ ᠤ ᠭᠠᠷᠲᠠᠨ ᠬᠦᠢᠴᠡᠳᠭᠡᠬᠦ ᠡᠩᠨᠡᠭᠡ ᠶᠢ | ᠴᠢᠷᠮᠠᠶᠢᠨ ᠪᠠᠶᠢᠭᠤᠯᠤᠨ᠎ᠠ᠃ | ᠬᠤᠷᠢ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ | ᠮᠡᠳᠡᠭᠡ ᠵᠠᠩᠭᠢ ᠶᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ | ᠨᠠᠶᠢᠳᠠᠪᠣᠷᠢᠳᠠᠢ ᠮᠡᠳᠡᠭᠡ ᠵᠠᠩᠭᠢ ᠶᠢ ᠣᠨᠣᠪᠴᠢᠲᠠᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ | ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃ ᠣᠯᠠᠨ ᠵᠦᠢᠯ ᠤᠨ ᠬᠡᠯᠪᠡᠷᠢ ᠪᠦᠬᠦᠢ | ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠮᠡᠳᠡᠬᠦ ᠬᠡᠮᠵᠢᠶ᠎ᠡ ᠶᠢ | ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃ | | |