ᠠᠯᠠᠱᠠ ᠠᠶᠢᠮᠠᠭ ᠤᠨ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠲᠥᠰᠦᠯ
ᠨᠡᠶᠢᠲᠡᠯᠡᠭᠰᠡᠨ ᠴᠠᠭ᠄
2023/3/21
    ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2021﹈ 42 ᠳ᠋ᠤᠭᠠᠷ ᠲᠣᠭᠠᠲᠤ︶  ᠤᠨ ᠵᠣᠷᠢᠭ ᠰᠠᠨᠠᠭ᠎ᠠ ᠪᠠ ︽ᠬᠦᠨᠳᠦ ᠣᠨᠴᠠ ᠶᠡᠭᠡ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠳᠦᠷᠢᠮ ᠢ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 41 ᠳ᠋ᠣᠭᠡᠷ ᠲᠣᠭᠠᠲᠤ︶  ᠤᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠣᠷᠢᠵᠢᠭᠤᠯᠵᠦ᠂ ᠬᠦᠴᠢᠷᠳᠡᠯᠲᠡᠶ ᠣᠯᠠᠨ ᠲᠦᠮᠡᠨ ᠪᠠ ᠬᠦᠨᠳᠦ ᠡᠪᠡᠳᠴᠢᠲᠡᠨ ᠤ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠂ ᠡᠪᠡᠳᠴᠢᠨ ᠠᠴᠠ ᠪᠣᠯᠵᠤ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠬᠤᠷᠢᠭ᠎ᠠ ᠱᠤᠭᠤᠮ ᠢ ᠪᠠᠬᠢᠵᠢᠭᠦᠯᠦᠨ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢᠨ ᠲᠤᠰᠠᠳᠠ᠂ ᠲᠤᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠳᠣᠣᠱᠯᠠᠭᠤᠯᠵᠦ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠳᠣᠣᠱᠯᠠᠭᠤᠯᠵᠦ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠮᠲᠤ ᠪᠠᠷ ᠴᠢᠨᠡᠭᠡᠯᠢᠭᠵᠢᠬᠦ ᠴᠢᠭᠯᠡᠯ ᠢ ᠪᠠᠷᠢᠮᠲᠠᠯᠠᠵᠤ᠂ ᠪᠠᠲᠤᠯᠠᠪᠠᠰᠤ ᠵᠣᠬᠢᠬᠤ ᠶᠢ ᠨᠢ ᠪᠦᠬᠦᠨ ᠢ ᠪᠠᠲᠤᠯᠠᠬᠤ᠂ ᠦᠨᠳᠦᠰᠦᠨ ᠵᠦᠢᠯ ᠢ ᠪᠠᠲᠤᠯᠠᠬᠤ᠂ ᠴᠢᠳᠠᠯ ᠢᠶᠠᠷ ᠢᠶᠠᠨ ᠴᠢᠷᠮᠠᠶᠢᠬᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠨᠠᠩ ᠦᠷᠭᠦᠯᠵᠢᠯᠡᠬᠦ᠋ᠢᠴᠡ ᠪᠣᠯᠭᠠᠬᠤ ᠶᠢ ᠠᠬᠢᠭᠤᠯᠣᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠥᠩᠭᠡᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠪᠡᠳᠴᠢᠨ ᠠᠴᠠ ᠪᠣᠯᠵᠣ ᠶᠠᠳᠠᠭᠤᠷᠠᠬᠤ ᠪᠠ ᠳᠠᠬᠢᠨ ᠶᠠᠳᠠᠭᠤᠷᠠᠬᠤ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶᠂ ᠡᠮᠴᠢᠯᠡᠭᠡᠨ ᠤ ᠠᠪᠤᠷᠠᠨ ᠲᠤᠰᠠᠯᠠᠯᠲᠠ ︵ᠳᠣᠷᠣᠭᠰᠢ ᠭᠤᠷᠪᠠᠨ ᠴᠢᠬᠤᠯᠠ ᠲᠦᠷᠢᠮ ᠭᠡᠵᠦ ᠶᠡᠷᠦᠩᠬᠡᠶᠢᠯᠡᠨ ᠨᠡᠷᠡᠶᠢᠳᠦᠨ᠎ᠡ︶  ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢ ᠴᠢᠩᠭᠠᠷᠠᠭᠤᠯᠤᠨ᠂ ᠬᠦᠴᠢᠷᠳᠡᠯᠲᠡᠶ ᠣᠯᠠᠨ ᠲᠦᠮᠡᠨ ᠤ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠪᠠᠷᠢᠮᠵᠢᠶ᠎ᠠ ᠶᠢ ᠦᠨᠡᠨ ᠠᠴᠠ ᠵᠥᠪ ᠢ ᠡᠷᠢᠵᠦ ᠲᠣᠭᠲᠠᠭᠠᠨ᠂ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠡᠮᠴᠢᠯᠡᠭᠡᠨ ᠤ ᠪᠠᠲᠤᠯᠠᠭ᠎ᠠ ᠲᠠᠢ ᠪᠠᠶᠢᠬᠤ᠂ ᠬᠦᠨᠳᠦ ᠣᠨᠴᠠ ᠶᠡᠭᠡ ᠡᠪᠡᠳᠴᠢᠨ ᠡᠮᠭᠡᠭ ᠠᠴᠠ ᠪᠣᠯᠵᠣ ᠦᠨᠳᠦᠰᠦᠨ ᠠᠮᠢᠳᠤᠷᠠᠯ ᠢ ᠨᠥᠯᠥᠭᠡᠯᠡᠬᠦ ᠥᠬᠡᠶ ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ᠂ ᠬᠡᠲᠦ ᠶᠡᠭᠡ ᠪᠠᠲᠤᠯᠠᠭ᠎ᠠ ᠠᠴᠠ ᠵᠠᠶᠢᠯᠠᠰᠬᠢᠨ᠎ᠡ᠃ ᠭᠤᠷᠪᠠᠨ ᠴᠢᠬᠤᠯᠠ ᠲᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠬᠢᠭᠡᠳ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠵᠡᠷᠭᠡ ᠶᠢ ᠵᠣᠬᠢᠴᠠᠭᠤᠯᠤᠨ ᠬᠥᠭᠵᠢᠭᠦᠯᠬᠦ ᠶᠢ ᠠᠬᠢᠭᠤᠯᠵᠤ᠂ ᠪᠦᠲᠦᠮᠵᠢᠲᠡᠶ ᠵᠣᠯᠭᠠᠭᠤᠯᠤᠨ᠂ ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠣᠯᠠᠨ ᠲᠠᠯ᠎ᠠ ᠶᠢᠨ ᠬᠢᠨ ᠣᠷᠣᠯᠴᠠᠭᠰᠠᠨ ᠣᠯᠠᠨ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃    ᠬᠤᠶᠠᠷ᠂ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠳᠣᠭᠳᠠᠭᠠᠨ᠎ᠠ    ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠴᠢᠩᠭᠠᠳᠬᠠᠵᠤ᠂ ᠠᠪᠤᠷᠠᠨ ᠲᠤᠰᠠᠯᠠᠬᠤ ᠡᠲᠡᠭᠡᠳ ᠢ ᠴᠠᠭ ᠲᠤᠬᠠᠶ ᠳᠤᠨᠢ ᠣᠨᠣᠪᠴᠢᠲᠠᠶ ᠢᠯᠭᠠᠨ ᠲᠠᠨᠢᠬᠤ ᠲᠣᠭᠲᠠᠴᠠ ᠶᠢ ᠪᠠᠶᠢᠭᠤᠯᠤᠨ᠎ᠠ᠃ ᠡᠮᠴᠢᠯᠡᠭᠡᠨ ᠤ ᠠᠪᠤᠷᠠᠨ ᠲᠤᠰᠠᠯᠠᠯᠲᠠ ᠨᠢ ᠡᠮᠴᠢᠯᠡᠭᠡᠨ ᠤ ᠵᠠᠷᠤᠳᠠᠯ ᠤᠨ ᠳᠠᠷᠤᠭᠠᠰᠤ ᠨᠡᠯᠢᠶᠡᠳ ᠬᠦᠨᠳᠦ ᠪᠠᠶᠢᠭ᠎ᠠ ᠬᠦᠴᠢᠷᠳᠡᠯᠲᠡᠶ ᠠᠵᠢᠯᠲᠠᠨ ᠠᠵᠢᠯᠴᠢᠨ ᠪᠣᠯᠤᠨ ᠬᠤᠲᠠ ᠬᠥᠳᠡᠭᠡ ᠶᠢᠨ ᠰᠠᠭᠤᠭᠠᠯᠢ ᠠᠷᠠᠳ ᠢ ᠭᠤᠤᠯᠴᠢ ᠪᠠᠷ ᠬᠠᠮᠤᠷᠴᠤ᠂ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢ ᠦᠨᠳᠦᠰᠦᠯᠡᠨ ᠲᠥᠷᠥᠯ ᠬᠤᠪᠢᠶᠠᠨ ᠠᠪᠤᠷᠠᠨ ᠲᠤᠰᠠᠯᠠᠨ᠎ᠠ᠃    ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠬᠡᠷ ᠪᠦᠯᠢ ᠶᠢᠨ ᠪᠦᠷᠢᠯᠳᠦᠬᠦᠨ ᠪᠣᠯᠤᠨ ᠬᠢᠨᠠᠨ ᠬᠡᠮᠵᠢᠬᠦ ᠬᠡᠪᠴᠢᠶᠡᠨ ᠳᠤ ᠣᠷᠣᠭᠤᠯᠤᠭᠰᠠᠨ ᠮᠠᠯᠵᠢᠬᠤ ᠲᠠᠷᠢᠶᠠᠯᠠᠬᠤ ᠣᠷᠣᠨ ᠤ ᠳᠠᠬᠢᠨ ᠶᠠᠳᠠᠭᠤᠷᠠᠭᠰᠠᠨ ᠪᠠ ᠶᠠᠳᠠᠭᠤᠷᠠᠭᠰᠠᠨ ᠬᠥᠮᠦᠨ ᠠᠮᠠ ᠳᠤ ᠲᠣᠭᠲᠠᠭᠠᠯ ᠶᠣᠰᠣᠭᠠᠷ ᠲᠤᠰᠠᠯᠠᠮᠵᠢ ᠣᠯᠭᠤᠨ᠎ᠠ᠃ ᠨᠠᠭᠠᠳᠤ ᠵᠠᠬ᠎ᠠ ᠶᠢᠨ ᠪᠠᠲᠤᠯᠠᠭ᠎ᠠ ᠳᠤ ᠨᠡᠶᠢᠴᠡᠬᠦ ᠦᠭᠡᠢ᠂ ᠣᠨᠴᠠ ᠬᠦᠴᠢᠷᠳᠡᠯᠲᠡᠶ ᠬᠥᠮᠦᠰ ᠢ ᠲᠡᠩᠬᠡᠷᠡᠭᠦᠯᠦᠨ ᠲᠤᠰᠠᠯᠠᠵᠤ ᠠᠰᠠᠷᠠᠨ ᠲᠡᠵᠢᠭᠡᠬᠦ ᠪᠤᠶᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠭᠡᠷ ᠪᠦᠯᠢ ᠶᠢᠨ ᠨᠥᠬᠦᠴᠡᠯ ᠳᠤ ᠨᠡᠶᠢᠴᠡᠵᠦ ᠪᠠᠶᠢᠭ᠎ᠠ᠂ ᠭᠡᠪᠡᠴᠦ ᠶᠡᠭᠡ ᠲᠣᠭᠠᠨ ᠤ ᠡᠮ ᠡᠮᠨᠡᠯᠭᠡ ᠶᠢᠨ ᠵᠠᠷᠤᠳᠠᠯ ᠤᠨ ᠵᠠᠷᠤᠯᠭ᠎ᠠ ᠠᠴᠠ ᠪᠣᠯᠵᠤ ᠭᠡᠷ ᠪᠦᠯᠢ ᠶᠢᠨ ᠦᠨᠳᠦᠰᠦᠨ ᠠᠮᠢᠳᠤᠷᠠᠯ ᠨᠢ ᠬᠦᠨᠳᠦ ᠨᠣᠴᠢᠲᠠᠶ ᠬᠦᠴᠢᠷᠳᠡᠯ ᠳᠤ ᠤᠴᠠᠷᠠᠭᠰᠠᠨ ᠬᠦᠨᠳᠦ ᠡᠪᠡᠳᠴᠢᠲᠡᠨ ︵ᠳᠣᠷᠣᠭᠰᠢ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠭᠡᠨ᠎ᠡ᠂ ᠶᠡᠷᠦ ᠳᠡᠭᠡᠨ ᠲᠤᠬᠠᠶ ᠶᠢᠨ ᠭᠠᠵᠠᠷ ᠤᠨ ᠡᠷᠦᠬᠡ ᠠᠮᠠ ᠶᠢᠨ ᠳᠠᠩᠰᠠ ᠲᠠᠢ ᠪᠠᠶᠢᠬᠤ ᠶᠢ ᠵᠢᠭᠠᠨ᠎ᠠ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠳᠡᠭᠡᠷ᠎ᠡ ᠵᠢᠯ ᠤᠨ ᠲᠤᠬᠠᠶ ᠶᠢᠨ ᠭᠠᠵᠠᠷ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠠᠴᠠ ᠳᠣᠣᠷ᠎ᠠ ᠪᠠᠶᠢᠬᠤ ᠬᠡᠷᠡᠭᠲᠡᠶ᠂ ᠡᠮᠴᠢᠯᠡᠬᠡᠨ ᠤ ᠦᠨᠳᠦᠰᠦᠨ ᠳᠠᠭᠠᠳᠬᠠᠯ ᠢ ᠰᠠᠭᠤᠯᠭᠠᠨ ᠬᠠᠰᠤᠬᠤ᠂ ᠬᠦᠨᠳᠦ ᠡᠪᠡᠳᠴᠢᠨ ᠤ ᠳᠠᠭᠠᠳᠬᠠᠯ᠂ ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ ᠵᠡᠷᠭᠡ ᠶᠢ ᠲᠤᠰᠢᠶᠠᠭᠰᠠᠨ ᠬᠤᠪᠢ ᠬᠥᠮᠦᠨ ᠡᠮᠨᠡᠯᠭᠡ ᠶᠢᠨ ᠵᠠᠷᠤᠳᠠᠯ ᠢ ᠡᠭᠦᠷᠭᠡᠯᠡᠭᠰᠡᠨ ᠤ ᠳᠠᠷᠠᠭ᠎ᠠ᠂ ᠭᠡᠷ ᠪᠦᠯᠢ ᠶᠢᠨ ᠬᠥᠮᠦᠨ ᠪᠦᠷᠢ ᠶᠢᠨ ᠳᠤᠮᠳᠠᠴᠢ ᠣᠷᠣᠯᠭ᠎ᠠ ᠨᠢ ᠲᠤᠬᠠᠶ ᠶᠢᠨ ᠭᠠᠵᠠᠷ ᠤᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢᠨ 1 . 5 ᠳᠠᠬᠢᠨ ᠠᠴᠠ ᠳᠣᠣᠷ᠎ᠠ ᠪᠠᠶᠢᠬᠤ ᠬᠡᠷᠡᠭᠲᠡᠶ᠂ ᠲᠡᠷᠡ ᠮᠥᠷᠲᠡᠭᠡᠨ ᠬᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠨᠢ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠬᠦ ᠬᠦᠨᠳᠦ ᠡᠪᠡᠳᠴᠢᠲᠡᠨ︶᠂ ᠪᠣᠳᠠᠲᠤ ᠪᠠᠶᠢᠳᠠᠯ ᠢ ᠦᠨᠳᠦᠰᠦᠯᠡᠨ ᠵᠣᠬᠢᠬᠤ ᠲᠤᠰᠠᠯᠠᠮᠵᠢ ᠦᠵᠡᠬᠦᠯᠦᠨ᠎ᠡ᠃ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠪᠤᠰᠤᠳ ᠣᠨᠴᠣᠭᠤᠶ ᠬᠦᠴᠢᠷᠳᠡᠯᠲᠡᠶ ᠬᠥᠮᠦᠰ ᠲᠤ ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠤᠨ ᠲᠥᠷᠥᠯ ᠢᠯᠭᠠᠯ ᠢᠶᠠᠷ ᠵᠣᠬᠢᠬᠤ ᠠᠪᠤᠷᠠᠨ ᠲᠤᠰᠠᠯᠠᠯᠲᠠ ᠣᠯᠭᠤᠨ᠎ᠠ᠃     ᠭᠤᠷᠪᠠ᠂ ᠬᠦᠴᠢᠷᠳᠡᠯᠲᠡᠶ ᠣᠯᠠᠨ ᠲᠦᠮᠡᠨ ᠤ ᠪᠠᠲᠤᠯᠠᠪᠠᠰᠤ ᠵᠣᠬᠢᠬᠤ ᠶᠢ ᠨᠢ ᠴᠥᠮ ᠪᠠᠲᠤᠯᠠᠨ᠎ᠠ     ᠪᠥᠬᠦ ᠠᠷᠠᠳ ᠢ ᠬᠠᠮᠤᠷᠤᠭᠰᠠᠨ᠂ ᠬᠠᠤᠯᠢ ᠶᠣᠰᠣᠭᠠᠷ ᠣᠷᠣᠯᠴᠠᠭᠰᠠᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠬᠦ ᠶᠢ ᠪᠠᠷᠢᠮᠲᠠᠯᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 95 %  ᠠᠴᠠ ᠳᠡᠭᠡᠭᠰᠢ ᠳᠤ ᠲᠣᠭᠲᠠᠭᠤᠨ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠪᠠ ᠬᠠᠤᠯᠢ ᠶᠣᠰᠣᠭᠠᠷ ᠳᠠᠭᠠᠳᠬᠠᠯ ᠳᠤ ᠣᠷᠣᠯᠴᠠᠬᠤ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠦ᠂ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠳᠡᠭᠡᠳᠦ ᠳᠣᠣᠷᠠᠳᠤ ᠱᠠᠲᠤ ᠬᠠᠮᠲᠤᠷᠠᠨ ᠬᠥᠳᠡᠯᠦᠯᠴᠡᠬᠦ ᠶᠢ ᠪᠠᠷᠢᠮᠲᠠᠯᠠᠨ᠂ ᠰᠢᠯᠭᠠᠨ ᠬᠢᠨᠠᠬᠤ ᠶᠢ ᠴᠢᠩᠭᠠᠳᠬᠠᠵᠤ᠂ ᠵᠠᠰᠠᠭ ᠤᠨ ᠣᠷᠳᠣᠨ ᠤ ᠭᠤᠤᠯ ᠴᠣᠭᠴᠠ ᠶᠢᠨ ᠬᠠᠷᠢᠭᠤᠴᠠᠯᠭ᠎ᠠ ᠪᠠ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠲᠠᠰᠤᠷᠠᠯᠲᠠ ᠥᠬᠡᠶ ᠴᠢᠩᠭᠠᠷᠠᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠰᠤᠷᠭᠠᠨ ᠬᠥᠮᠦᠵᠢᠯ᠂ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠶᠠᠪᠤᠳᠠᠯ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠭᠠᠶᠢᠯᠢ ᠶᠢᠨ ᠶᠠᠪᠤᠳᠠᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠯᠦᠭᠡ ᠲᠤᠭ᠎ᠠ ᠪᠠᠷᠢᠮᠲᠠ ᠶᠢ ᠬᠠᠮᠲᠤᠪᠠᠷ ᠭᠥᠷᠳᠡᠵᠦ ᠰᠣᠯᠢᠯᠴᠠᠬᠤ ᠲᠣᠭᠲᠠᠴᠠ ᠶᠢ ᠲᠡᠭᠦᠯᠳᠡᠷᠵᠢᠭᠦᠯᠵᠦ᠂ ᠠᠵᠢᠯᠲᠠᠨ ᠤ ᠮᠡᠳᠡᠭᠡ ᠵᠠᠩᠭᠢ ᠶᠢᠨ ᠬᠠᠷᠢᠴᠠᠭᠤᠯᠤᠯ ᠢ ᠴᠢᠩᠭᠠᠳᠬᠠᠨ᠂ ᠦᠨᠳᠦᠰᠦᠨ ᠡᠮᠴᠢᠯᠡᠭᠡᠨ ᠤ ᠳᠠᠭᠠᠳᠬᠠᠯ ᠳᠤ ᠣᠷᠣᠯᠴᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠬᠠᠤᠯᠢ ᠶᠣᠰᠣᠭᠠᠷ ᠣᠷᠣᠯᠴᠠᠵᠤ᠂ ᠲᠣᠭᠲᠠᠭᠠᠯ ᠶᠣᠰᠣᠭᠠᠷ ᠭᠤᠷᠪᠠᠨ ᠴᠢᠬᠤᠯᠠ ᠲᠦᠷᠢᠮ ᠤᠨ ᠪᠠᠲᠤᠯᠠᠭ᠎ᠠ ᠶᠢᠨ ᠡᠷᠬᠡ ᠠᠰᠢᠭ ᠢ ᠭᠥᠷᠳᠡᠨ᠎ᠡ᠃ ᠬᠥᠮᠦᠨ ᠠᠮᠠ ᠶᠢᠨ ᠰᠢᠯᠵᠢᠯᠲᠡ ᠪᠠ ᠳᠠᠭᠠᠳᠬᠠᠯ ᠳᠤ ᠣᠷᠣᠯᠴᠠᠬᠤ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠳᠤ ᠵᠣᠬᠢᠴᠠᠭᠤᠯᠤᠨ᠂ ᠠᠪᠤᠷᠠᠨ ᠲᠤᠰᠠᠯᠠᠬᠤ ᠡᠲᠡᠭᠡᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠠᠷᠭ᠎ᠠ ᠮᠠᠶ᠋ᠢᠭ ᠢ ᠠᠮᠢᠳᠤᠯᠢᠭ ᠢᠶᠠᠷ ᠲᠣᠬᠢᠷᠠᠭᠤᠯᠵᠤ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ  ᠰᠦᠢᠳᠬᠡᠯ ᠲᠤᠰᠢᠶᠠᠬᠤ ᠦᠢᠯᠡᠴᠢᠯᠡᠬᠡᠨ ᠤ ᠲᠣᠭᠲᠠᠴᠠ ᠶᠢ ᠲᠡᠭᠦᠯᠳᠡᠷᠵᠢᠭᠦᠯᠦᠨ᠂ ᠡᠮᠴᠢᠯᠡᠭᠡᠨ ᠤ ᠳᠠᠭᠠᠳᠬᠠᠯ ᠤᠨ ᠬᠠᠷᠢᠴᠠᠭ᠎ᠠ ᠶᠢ ᠰᠢᠯᠵᠢᠭᠦᠯᠦᠨ ᠦᠷᠭᠦᠯᠵᠢᠯᠡᠭᠦᠯᠬᠦ ᠠᠵᠢᠯ ᠢ ᠰᠠᠶᠢᠲᠤᠷ ᠬᠢᠵᠦ᠂ ᠴᠠᠭ ᠲᠤᠬᠠᠶ ᠳᠤᠨᠢ ᠳᠠᠭᠠᠳᠬᠠᠯ ᠳᠤ ᠣᠷᠣᠯᠴᠠᠬᠤ᠂ ᠳᠠᠭᠠᠳᠬᠠᠪᠠᠰᠤ ᠵᠣᠬᠢᠬᠤ ᠶᠢ ᠨᠢ ᠪᠦᠬᠦᠨ ᠢ ᠳᠠᠭᠠᠳᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃     ᠳᠥᠷᠪᠡ᠂ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠣᠯᠠᠨ ᠡᠰᠢᠲᠦ ᠪᠠᠯᠠ ᠴᠤᠭᠯᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ     ︵ᠨᠢᠭᠡ︶ ᠡᠮ ᠡᠮᠨᠡᠯᠭᠡ ᠶᠢᠨ ᠠᠪᠤᠷᠠᠨ ᠲᠤᠰᠠᠯᠠᠬᠤ ᠠᠶᠢᠮᠠᠭ ᠤᠨ ᠱᠠᠲᠤᠨ ᠤ ᠨᠢᠭᠡᠳᠦᠯᠲᠡᠢ ᠲᠥᠯᠥᠪᠵᠢᠭᠦᠯᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ ᠳᠦᠷᠢᠮ ᠲᠥᠷᠥ ᠶᠢᠨ ᠪᠣᠳᠣᠯᠭ᠎ᠠ ᠶᠢ ᠨᠢᠭᠡᠳᠬᠡᠬᠦ᠂ ᠰᠠᠭᠤᠷᠢ ᠮᠥᠩᠭᠦ ᠶᠢ ᠨᠢᠭᠡᠳᠦᠯᠲᠡᠶ ᠬᠤᠷᠢᠶᠠᠵᠤ ᠨᠢᠭᠡᠳᠦᠯᠲᠡᠶ ᠵᠠᠷᠤᠬᠤ᠂ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠪᠠᠷᠢᠮᠵᠢᠶ᠎ᠠ ᠶᠣᠰᠣᠭᠠᠷ᠂ ᠡᠮᠴᠢᠯᠡᠭᠡ ᠪᠠᠷ ᠠᠪᠤᠷᠠᠨ ᠲᠤᠰᠠᠯᠠᠬᠤ ᠠᠶᠢᠮᠠᠭ ᠬᠤᠲᠠ ᠶᠢᠨ ᠱᠠᠲᠤᠨ ᠤ ᠨᠢᠭᠡᠳᠦᠯᠲᠡᠶ ᠲᠥᠯᠥᠪᠯᠡᠬᠦ ᠶᠢ ᠪᠥᠬᠦ ᠲᠠᠯ᠎ᠠ ᠪᠠᠷ ᠪᠣᠳᠠᠲᠠᠶ ᠨᠠᠷᠢᠯᠢᠭ ᠬᠢᠬᠦ ᠬᠡᠷᠡᠭᠲᠡᠶ᠃     ︵ᠬᠤᠶᠠᠷ︶ ᠡᠮᠴᠢᠯᠡᠭᠡ ᠪᠠᠷ ᠠᠪᠤᠷᠠᠨ ᠲᠤᠰᠠᠯᠠᠬᠤ ᠪᠡᠯᠡ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠡᠷᠦᠬᠡ ᠶᠢᠨ ᠬᠠᠮᠢᠶᠠᠷᠤᠯᠲᠠ᠃ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠡᠳ᠋ ᠤᠨ ᠵᠠᠰᠠᠭ ᠤᠨ ᠲᠤᠰᠬᠠᠶ ᠳᠠᠩᠰᠠᠨ ᠳᠤ ᠣᠷᠣᠭᠤᠯᠵᠤ᠂ ᠳᠠᠩᠰᠠ ᠬᠤᠪᠢᠶᠠᠨ ᠲᠣᠭᠠᠴᠠᠭ᠎ᠠ ᠬᠢᠬᠦ ᠶᠢ ᠬᠡᠷᠡᠭᠵᠢᠭᠦᠯᠦᠨ᠎ᠡ᠃ ᠢᠯᠡ᠂ ᠡᠷᠬᠡ ᠲᠡᠭᠰᠢ᠂ ᠲᠥᠪ ᠭᠤᠣᠯᠴᠢ᠂ ᠲᠤᠰᠬᠠᠶ ᠵᠣᠭᠤᠰ ᠢ ᠲᠤᠰᠬᠠᠶ ᠬᠡᠷᠡᠭᠯᠡᠬᠦ᠂ ᠣᠷᠣᠯᠭ᠎ᠠ ᠵᠠᠷᠤᠯᠭ᠎ᠠ ᠶᠢ ᠲᠡᠩᠴᠡᠭᠦᠷᠢ ᠲᠠᠢ ᠪᠠᠶᠢᠯᠭᠠᠬᠤ ᠵᠠᠷᠴᠢᠮ ᠶᠣᠰᠣᠭᠠᠷ ᠬᠠᠮᠢᠶᠠᠷᠬᠤ ᠪᠠ ᠬᠡᠷᠡᠭᠯᠡᠬᠦ ᠬᠡᠷᠡᠭᠲᠡᠶ᠃     ︵ᠭᠤᠷᠪᠠ︶ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢ ᠴᠤᠭᠯᠠᠭᠤᠯᠬᠤ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ ᠶᠢ ᠡᠳ᠋ ᠤᠨ ᠵᠠᠰᠠᠭ ᠤᠨ ᠣᠷᠣᠭᠤᠯᠤᠯᠲᠠ᠂ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠤᠰᠠᠯᠠᠮᠵᠢ᠂ ᠨᠢᠭᠦᠯᠡᠰᠦᠩᠭᠦᠶ ᠶᠢᠨ ᠬᠠᠨᠳᠢᠪ᠂ ᠨᠡᠶᠢᠭᠡᠮ ᠤᠨ ᠲᠤᠰᠠᠯᠠᠮᠵᠢ ᠵᠡᠷᠭᠡ ᠣᠯᠠᠨ ᠠᠷᠭ᠎ᠠ ᠵᠠᠮ ᠢᠶᠠᠷ ᠴᠤᠭᠯᠠᠭᠤᠯᠤᠨ᠎ᠠ᠃ ᠡᠭᠦᠨ ᠳᠤ ᠭᠤᠣᠯᠳᠠᠭᠤ᠄    1 . ᠲᠥᠪ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠨᠥᠬᠦᠪᠥᠷᠢᠯᠡᠭᠰᠡᠨ ᠡᠮ ᠡᠮᠨᠡᠯᠭᠡ ᠶᠢᠨ ᠠᠪᠤᠷᠠᠨ ᠲᠤᠰᠠᠯᠠᠬᠤ ᠪᠡᠯᠡ ᠮᠥᠩᠭᠦ︔    2 . ᠲᠥᠪ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠱᠠᠲᠤᠨ ᠤ ᠠᠰᠠᠷᠠᠮᠵᠢ ᠶᠢᠨ ᠱᠠᠩᠨᠠᠯᠲᠤ ᠰᠤᠭᠤᠯᠤᠭ᠎ᠠ ᠶᠢᠨ ᠨᠡᠶᠢᠲᠡ ᠶᠢᠨ ᠠᠰᠠᠷᠠᠮᠵᠢ ᠶᠢᠨ ᠮᠥᠩᠭᠦ ᠶᠢᠨ ᠲᠤᠰᠠᠯᠠᠮᠵᠢ︔    3 . ᠲᠤᠬᠠᠶ ᠶᠢᠨ ᠭᠠᠵᠠᠷ ᠤᠨ ᠪᠠᠶᠢᠩᠭᠤ ᠰᠠᠭᠤᠭ᠎ᠠ ᠬᠥᠮᠦᠨ ᠠᠮᠠ ᠶᠢᠨ ᠬᠥᠮᠦᠨ ᠪᠦᠷᠢ ᠳᠤ 12 ᠲᠥᠭᠦᠷᠢᠭ ᠠᠴᠠ ᠳᠤᠤᠷ᠎ᠠ ᠥᠬᠡᠶ ᠪᠠᠷᠢᠮᠵᠢᠶ᠎ᠠ ᠪᠠᠷ ᠡᠮ ᠡᠮᠨᠡᠯᠭᠡ ᠶᠢᠨ ᠠᠪᠤᠷᠠᠨ ᠲᠤᠰᠠᠯᠠᠬᠤ ᠪᠠᠯᠠ ᠮᠥᠩᠭᠦ ᠶᠢ ᠢᠵᠢ ᠪᠥᠷᠢᠳᠦᠭᠦᠯᠵᠦ᠂ ᠠᠶᠢᠮᠠᠭ᠂ ᠬᠤᠰᠢᠭᠤ ᠬᠤᠶᠠᠷ ᠱᠠᠲᠤ 2᠄ 8  ᠶᠢᠨ ᠬᠠᠷᠢᠴᠠᠯ ᠢᠶᠠᠷ ᠱᠠᠲᠤ ᠬᠤᠪᠢᠶᠠᠨ ᠡᠭᠦᠷᠭᠡᠯᠡᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠵᠤ᠂ ᠬᠦᠷᠦᠯᠴᠡᠬᠦ ᠥᠬᠡᠶ ᠬᠡᠰᠡᠭ ᠢ ᠬᠤᠰᠢᠭᠤᠨ ︵ᠣᠷᠣᠨ︶  ᠤ ᠡᠳ᠋ ᠤᠨ ᠵᠠᠰᠠᠭ ᠠᠴᠠ ᠳᠠᠭᠠᠭᠠᠨ ᠪᠠᠲᠤᠯᠠᠨ᠎ᠠ︔    4 . ᠠᠶᠢᠮᠠᠭ᠂ ᠬᠤᠰᠢᠭᠤ ᠬᠤᠶᠠᠷ ᠱᠠᠲᠤᠨ ᠤ ᠪᠠᠶᠢᠭᠤᠯᠤᠭᠰᠠᠨ ᠣᠨᠴᠠ ᠬᠦᠨᠳᠦ ᠡᠪᠡᠳᠴᠢᠨ ᠢ ᠨᠢᠭᠦᠯᠡᠰᠦᠩᠭᠦᠶ ᠶᠢᠨ ᠡᠮᠴᠢᠯᠡᠭᠡ ᠪᠠᠷ ᠠᠪᠤᠷᠠᠨ ᠲᠤᠰᠠᠯᠠᠬᠤ ᠲᠤᠰᠬᠠᠶ ᠰᠠᠭᠤᠷᠢ ᠮᠥᠩᠭᠦ ᠶᠢ ᠡᠮᠴᠢᠯᠡᠭᠡ ᠪᠠᠷ ᠠᠪᠤᠷᠠᠨ ᠲᠤᠰᠠᠯᠠᠬᠤ ᠨᠥᠬᠦᠪᠥᠷᠢ ᠪᠠᠯᠠ ᠮᠥᠩᠭᠦ ᠪᠣᠯᠭᠠᠨ᠎ᠠ︔    5 . ᠪᠠᠶᠢᠭᠤᠯᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠣᠯᠠᠨ ᠲᠦᠮᠡᠨ ᠤ ᠪᠦᠯᠬᠦᠮ᠂ ᠨᠢᠭᠦᠯᠡᠰᠦᠩᠭᠦᠶ ᠶᠢᠨ ᠪᠠᠶᠢᠭᠤᠯᠤᠮᠵᠢ ᠵᠡᠷᠭᠡ ᠵᠣᠬᠢᠶᠠᠨ ᠪᠠᠶᠢᠭᠤᠯᠤᠯᠲᠠ ᠪᠣᠯᠤᠨ ᠬᠤᠪᠢ ᠬᠥᠮᠦᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ ᠳᠤ ᠬᠠᠩᠭᠠᠭᠰᠠᠨ ᠪᠡᠯᠡ ᠮᠥᠩᠭᠦ ᠪᠣᠯᠤᠨ ᠡᠳ᠋ ᠪᠣᠳᠠᠰ ᠤᠨ ᠲᠤᠰᠠᠯᠠᠮᠵᠢ ᠶᠢ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠪᠡᠯᠡ ᠮᠥᠩᠭᠦ ᠳᠤ ᠣᠷᠣᠭᠤᠯᠤᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠡᠮ ᠡᠮᠨᠡᠯᠭᠡ ᠶᠢᠨ ᠠᠪᠤᠷᠠᠨ ᠲᠤᠰᠠᠯᠠᠯᠲᠠ ᠶᠢᠨ ᠪᠡᠯᠡ ᠮᠥᠩᠭᠦ ᠶᠢᠨ ᠨᠥᠬᠦᠪᠥᠷᠢ ᠪᠡᠯᠡ ᠮᠥᠩᠭᠦ ᠪᠣᠯᠭᠠᠨ᠎ᠠ︔    6 . ᠡᠮ ᠡᠮᠨᠡᠯᠭᠡ ᠶᠢᠨ ᠠᠪᠤᠷᠠᠨ ᠲᠤᠰᠠᠯᠠᠯᠲᠠ ᠳᠤ ᠬᠡᠷᠡᠭᠯᠡᠵᠦ ᠪᠣᠯᠬᠤ ᠪᠤᠰᠤᠳ ᠪᠡᠯᠡ ᠮᠥᠩᠭᠦ᠃    ᠲᠠᠪᠤ᠂ ᠳᠠᠭᠠᠳᠬᠠᠯ ᠳᠤ ᠣᠷᠣᠯᠴᠠᠬᠤ ᠶᠢ ᠲᠥᠷᠥᠯ ᠬᠤᠪᠢᠶᠠᠨ ᠲᠤᠰᠠᠯᠠᠬᠤ ᠠᠵᠢᠯ ᠢ ᠰᠠᠶᠢᠲᠤᠷ ᠬᠢᠨ᠎ᠡ    ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠡᠳ᠋ ᠤᠨ ᠵᠠᠰᠠᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠤᠪᠢ ᠬᠥᠮᠦᠨ ᠤ ᠰᠦᠢᠳᠬᠡᠯ ᠲᠤᠰᠢᠶᠠᠬᠤ ᠳᠤ ᠦᠨᠡᠨᠬᠦ ᠬᠦᠴᠢᠷᠳᠡᠯᠲᠡᠶ ᠣᠯᠠᠨ ᠲᠦᠮᠡᠨ ᠳᠤ ᠲᠥᠷᠥᠯ ᠬᠤᠪᠢᠶᠠᠨ ᠵᠣᠭᠤᠰ ᠢᠶᠠᠷ ᠲᠤᠰᠠᠯᠠᠬᠤ ᠬᠡᠷᠡᠭᠲᠡᠶ᠃ ᠬᠦᠴᠢᠷᠳᠡᠯᠲᠡᠶ ᠣᠯᠠᠨ ᠲᠦᠮᠡᠨ ᠳᠤ ᠣᠯᠠᠨ ᠳᠠᠪᠬᠤᠷ ᠣᠨᠴᠣᠭᠤᠶ ᠪᠡᠶ᠎ᠡ ᠶᠢᠨ ᠭᠠᠷᠤᠯ ᠤᠨ ᠰᠢᠨᠵᠢ ᠴᠢᠨᠠᠷ ᠲᠠᠢ ᠪᠣᠯ ︽ᠥᠨᠳᠥᠷ ᠢ ᠨᠢ ᠦᠵᠡᠵᠦ ᠳᠤᠤᠷ᠎ᠠ ᠶᠢ ᠨᠢ ᠥᠯᠥ ᠦᠯᠡᠳᠡᠭᠡᠬᠦ︾ ᠵᠠᠷᠴᠢᠮ ᠶᠣᠰᠣᠭᠠᠷ ᠳᠠᠭᠠᠳᠬᠠᠯ ᠳᠤ ᠣᠷᠣᠯᠴᠠᠬᠤ ᠲᠤᠰᠠᠯᠠᠮᠵᠢ ᠶᠢ ᠬᠦᠷᠲᠡᠭᠡᠨ᠎ᠡ᠂ ᠳᠠᠪᠬᠤᠷᠳᠠᠭᠤᠯᠤᠨ ᠲᠤᠰᠠᠯᠠᠵᠤ ᠪᠣᠯᠬᠤ ᠥᠬᠡᠶ᠃    ︵ᠨᠢᠭᠡ︶ ᠳᠠᠭᠠᠳᠬᠠᠯ ᠳᠤ ᠣᠷᠣᠯᠴᠠᠭᠰᠠᠨ ᠪᠥᠬᠦ ᠲᠤᠭ᠎ᠠ ᠪᠠᠷ ᠲᠤᠰᠠᠯᠠᠬᠤ ᠡᠲᠡᠭᠡᠳ    ᠣᠨᠴᠠ ᠬᠦᠴᠢᠷᠳᠡᠯᠲᠡᠶ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠃    ︵ᠬᠤᠶᠠᠷ︶ ᠳᠠᠭᠠᠳᠬᠠᠯ ᠳᠤ ᠣᠷᠣᠯᠴᠠᠭᠰᠠᠨ ᠲᠣᠭᠲᠠᠭᠰᠠᠨ ᠲᠤᠭ᠎ᠠ ᠪᠠᠷ ᠲᠤᠰᠠᠯᠠᠬᠤ ᠡᠲᠡᠭᠡᠳ    ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠳᠠᠬᠢᠨ ᠶᠠᠳᠠᠭᠤᠷᠠᠵᠤ ᠶᠠᠳᠠᠭᠤᠷᠠᠭᠰᠠᠨ ᠬᠥᠮᠦᠨ ᠠᠮᠠ᠃    ᠲᠣᠭᠲᠠᠭᠰᠠᠨ ᠲᠤᠭ᠎ᠠ ᠪᠠᠷ ᠲᠤᠰᠠᠯᠠᠬᠤ ᠪᠠᠷᠢᠮᠵᠢᠶ᠎ᠠ ᠶᠢ ᠲᠤᠬᠠᠶ ᠶᠢᠨ ᠬᠤᠭᠤᠴᠠᠭᠠᠨ ᠤ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠦᠨ ᠤ  ᠰᠦᠢᠳᠬᠡᠯ ᠲᠤᠰᠢᠶᠠᠬᠤ ᠪᠠᠷᠢᠮᠵᠢᠶ᠎ᠠ ᠶᠢᠨ 45 %  ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠪᠣᠳᠠᠲᠠᠶ ᠲᠤᠰᠠᠯᠠᠬᠤ ᠪᠠᠷᠢᠮᠵᠢᠶ᠎ᠠ ᠶᠢ ᠵᠢᠯ ᠪᠦᠷᠢ ᠶᠢᠨ ᠬᠤᠲᠠ ᠬᠥᠳᠡᠭᠡ ᠶᠢᠨ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠦᠯᠡᠳᠡᠪᠦᠷᠢ ᠶᠢᠨ ᠪᠠᠶᠢᠳᠠᠯ ᠢ ᠦᠨᠳᠦᠰᠦᠯᠡᠨ᠂ ᠲᠤᠰ ᠵᠢᠯ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠬᠡᠨ ᠤ ᠳᠠᠭᠠᠳᠬᠠᠯ ᠤᠨ ᠪᠡᠯᠡ ᠴᠤᠭᠯᠠᠭᠤᠯᠬᠤ ᠬᠢᠷᠢ ᠬᠡᠮᠵᠢᠶ᠎ᠡ ᠯᠦᠭᠡ ᠤᠶᠠᠯᠳᠤᠭᠤᠯᠵᠤ᠂ ᠲᠤᠩᠭᠠᠨ ᠲᠣᠭᠲᠠᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠶᠢ ᠪᠣᠳᠠᠲᠠᠶ ᠵᠣᠭᠤᠰ ᠢᠶᠠᠷ ᠲᠤᠰᠠᠯᠠᠵᠤ ᠳᠠᠭᠠᠳᠬᠠᠯ ᠳᠤ ᠣᠷᠣᠯᠴᠠᠭᠤᠯᠬᠤ ᠲᠥᠷᠥ ᠶᠢᠨ ᠪᠣᠳᠣᠯᠭ᠎ᠠ ᠶᠢ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃    ᠵᠢᠷᠭᠤᠭ᠎ᠠ᠂ ᠭᠤᠷᠪᠠᠨ ᠴᠢᠬᠤᠯᠠ ᠪᠠᠲᠤᠯᠠᠭ᠎ᠠ ᠶᠢᠨ ᠲᠦᠷᠢᠮ ᠤᠨ ᠬᠠᠷᠢᠯᠴᠠᠨ ᠨᠥᠬᠦᠪᠥᠷᠢᠯᠡᠵᠦ ᠵᠣᠯᠭᠠᠯᠳᠤᠭᠤᠯᠬᠤ ᠶᠢ ᠠᠬᠢᠭᠤᠯᠤᠨ᠎ᠠ    ︵ᠨᠢᠭᠡ︶ ᠦᠨᠳᠦᠰᠦᠨ ᠡᠮᠴᠢᠯᠡᠭᠡᠨ ᠤ ᠳᠠᠭᠠᠳᠬᠠᠯ ᠤᠨ ᠭᠤᠤᠯ ᠴᠣᠭᠴᠠ ᠶᠢᠨ ᠪᠠᠲᠤᠯᠠᠭ᠎ᠠ ᠶᠢᠨ ᠴᠢᠳᠠᠮᠵᠢ ᠶᠢ ᠪᠠᠳᠠᠷᠠᠭᠤᠯᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠦᠷᠢᠶ᠎ᠡ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠲᠥᠪ ᠭᠤᠤᠯᠴᠢ ᠵᠣᠬᠢᠬᠤ ᠬᠡᠮᠵᠢᠶᠡᠨ ᠤ ᠪᠠᠲᠤᠯᠠᠭ᠎ᠠ ᠶᠢ ᠬᠡᠷᠡᠭᠵᠢᠭᠦᠯᠦᠨ᠎ᠡ︔    ︵ᠬᠤᠶᠠᠷ︶ ᠬᠦᠨᠳᠦ ᠡᠪᠡᠳᠴᠢᠨ ᠤ ᠳᠠᠭᠠᠳᠬᠠᠯ ᠤᠨ ᠳᠠᠷᠤᠭᠠᠰᠤ ᠶᠢ ᠬᠥᠩᠭᠡᠷᠡᠭᠦᠯᠬᠦ ᠴᠢᠳᠠᠮᠵᠢ ᠶᠢ ᠴᠢᠩᠭᠠᠷᠠᠭᠤᠯᠵᠤ᠂ ᠡᠬᠢᠯᠡᠵᠦ ᠥᠭᠬᠦ ᠪᠠᠷᠢᠮᠵᠢᠶ᠎ᠠ ᠶᠢ ᠨᠢᠭᠡᠳᠦᠯᠲᠡᠶ ᠪᠣᠯᠭᠠᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷ᠎ᠠ ᠥᠭᠬᠦ ᠬᠠᠷᠢᠴᠠᠯ ᠢ 60 %  ᠠᠴᠠ ᠳᠤᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ︔ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠭᠰᠡᠳ᠂ ᠳᠠᠬᠢᠨ ᠶᠠᠳᠠᠭᠤᠷᠠᠭᠠᠳ᠂ ᠶᠠᠳᠠᠭᠤᠷᠠᠭᠰᠠᠨ ᠬᠥᠮᠦᠨ ᠠᠮᠠ ᠶᠢᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠳᠥᠯᠥᠬᠦ ᠪᠠᠷᠢᠮᠵᠢᠶ᠎ᠠ ᠶᠢ 50 % ᠪᠠᠷ ᠪᠠᠭᠤᠷᠠᠭᠤᠯᠵᠤ᠂ ᠳᠥᠯᠥᠬᠦ ᠬᠠᠷᠢᠴᠠᠯ ᠢ 5 ᠵᠠᠭᠤᠨ ᠤ ᠨᠢᠭᠡᠴᠢ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠳᠥᠯᠥᠬᠦ ᠬᠢᠵᠠᠭᠠᠷ ᠲᠤᠭ᠎ᠠ ᠶᠢ ᠬᠦᠴᠦᠨ ᠥᠬᠡᠶ ᠪᠣᠯᠭᠠᠨ᠎ᠠ᠃    ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠶᠢᠨ ᠡᠮᠴᠢᠯᠡᠭᠡᠨ ᠤ ᠳᠠᠭᠠᠳᠬᠠᠯ ᠢᠶᠠᠷ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠶᠢ ᠪᠡᠶᠡᠯᠡᠭᠦᠯᠬᠦ ᠶᠢ ᠠᠬᠢᠭᠤᠯᠤᠨ᠎ᠠ᠃    ᠳᠣᠯᠤᠭ᠎ᠠ᠂ ᠠᠪᠤᠷᠠᠨ ᠲᠤᠰᠠᠯᠠᠬᠤ ᠵᠠᠷᠤᠳᠠᠯ ᠤᠨ ᠪᠠᠲᠤᠯᠠᠬᠤ ᠬᠡᠪᠴᠢᠶ᠎ᠡ ᠶᠢ ᠳᠣᠳᠣᠷᠬᠠᠶᠢᠯᠠᠨ᠎ᠠ    ᠦᠨᠳᠦᠰᠦᠨ ᠵᠦᠢᠯ ᠢ ᠪᠠᠲᠤᠯᠠᠬᠤ ᠶᠢ ᠪᠠᠷᠢᠮᠲᠠᠯᠠᠵᠤ᠂ ᠠᠪᠤᠷᠠᠨ ᠲᠤᠰᠠᠯᠠᠬᠤ ᠡᠲᠡᠭᠡᠳ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠦᠨᠳᠦᠰᠦᠨ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠲᠣᠬᠢᠲᠠᠶ ᠰᠢᠢᠳᠪᠦᠷᠢᠯᠡᠨ᠎ᠡ᠃ ᠠᠪᠤᠷᠠᠨ ᠲᠤᠰᠠᠯᠠᠬᠤ ᠵᠠᠷᠤᠳᠠᠯ ᠨᠢ ᠭᠤᠣᠯᠳᠠᠭᠤ ᠠᠪᠤᠷᠠᠨ ᠲᠤᠰᠠᠯᠠᠬᠤ ᠡᠲᠡᠭᠡᠳ ᠤᠨ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠭᠠᠷᠤᠭᠰᠠᠨ ᠡᠮᠨᠡᠯᠭᠡ ᠳᠤ ᠰᠠᠭᠤᠭᠰᠠᠨ ᠵᠠᠷᠤᠳᠠᠯ ᠳᠤ ᠬᠠᠮᠤᠷᠤᠭᠳᠠᠨ᠎ᠠ᠂ ᠤᠳᠠᠭᠠᠨ ᠴᠢᠨᠠᠷᠲᠠᠶ ᠡᠪᠡᠳᠴᠢᠨ ᠠᠴᠠ ᠪᠣᠯᠵᠤ ᠤᠷᠲᠤ ᠬᠤᠭᠤᠴᠠᠭ᠎ᠠ ᠪᠠᠷ ᠡᠮ ᠤᠤᠭᠤᠬᠤ ᠪᠤᠶᠤ ᠬᠦᠨᠳᠦ ᠣᠨᠴᠠ ᠶᠡᠭᠡ ᠡᠪᠡᠳᠴᠢᠨ ᠡᠮᠭᠡᠭ ᠲᠤ ᠨᠡᠷᠪᠡᠭᠳᠡᠵᠦ ᠤᠷᠲᠤ ᠬᠤᠭᠤᠴᠠᠭ᠎ᠠ ᠪᠠᠷ ᠡᠭᠦᠳᠡᠨ ᠡᠮᠨᠡᠯᠭᠡ ᠳᠤ ᠡᠮᠨᠡᠭᠦᠯᠬᠦ ᠴᠢᠬᠤᠯᠠᠲᠠᠶ ᠵᠠᠷᠤᠳᠠᠯ᠃ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠰᠠᠭᠤᠷᠢ ᠮᠥᠩᠭᠦ ᠠᠴᠠ ᠳᠥᠯᠥᠬᠦ ᠡᠮ ᠤᠨ ᠵᠦᠢᠯ᠂ ᠡᠮᠴᠢᠯᠡᠭᠡᠨ ᠤ ᠬᠤᠷᠣᠭᠳᠠᠯ ᠮᠠᠲ᠋ᠧᠷᠢᠶᠠᠯ᠂ ᠣᠨᠣᠰᠢᠯᠠᠨ ᠡᠮᠨᠡᠬᠦ ᠲᠥᠷᠥᠯ ᠵᠦᠢᠯ ᠨᠢ ᠵᠠᠷᠴᠢᠮ ᠳᠡᠭᠡᠷ᠎ᠡ ᠪᠠᠨ ᠤᠯᠤᠰ ᠤᠨ ᠦᠨᠳᠦᠰᠦᠨ ᠡᠮᠴᠢᠯᠡᠭᠡᠨ ᠤ ᠳᠠᠭᠠᠳᠬᠠᠯ ᠤᠨ ᠳᠥᠯᠥᠬᠦ ᠬᠡᠪᠴᠢᠶ᠎ᠡ ᠶᠢᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶  ᠤᠨ ᠡᠬᠢᠯᠡᠵᠦ ᠥᠭᠬᠦ ᠱᠤᠭᠤᠮ ᠠᠴᠠ ᠳᠣᠷᠣᠭᠰᠢᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ ᠵᠠᠷᠤᠳᠠᠯ ᠢ ᠲᠣᠭᠲᠠᠭᠠᠯ ᠶᠣᠰᠣᠭᠠᠷ ᠠᠪᠤᠷᠠᠨ ᠲᠤᠰᠠᠯᠠᠬᠤ ᠪᠠᠲᠤᠯᠠᠭ᠎ᠠ ᠳᠤ ᠣᠷᠣᠭᠤᠯᠤᠨ᠎ᠠ᠃    ᠨᠠᠢᠮᠠ᠂ ᠠᠪᠤᠷᠠᠨ ᠲᠤᠰᠠᠯᠠᠬᠤ ᠪᠠᠷᠢᠮᠵᠢᠶ᠎ᠠ ᠶᠢ ᠵᠦᠶ ᠵᠣᠬᠢᠰᠲᠠᠶ ᠳᠣᠭᠳᠠᠭᠠᠨ᠎ᠠ    ︽ᠤᠷᠢᠳᠠᠪᠠᠷ ᠳᠠᠭᠠᠳᠬᠠᠯ ᠳᠤ ᠣᠷᠣᠭᠤᠯᠵᠤ ᠳᠠᠷᠠᠭ᠎ᠠ ᠨᠢ ᠠᠪᠤᠷᠠᠨ ᠲᠤᠰᠠᠯᠠᠬᠤ︾ ᠵᠠᠷᠴᠢᠮ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠰᠦᠪᠡᠨ ᠲᠤᠰᠢᠶᠠᠬᠤ ᠵᠠᠷᠤᠳᠠᠯ ᠢ ᠡᠭᠦᠳᠡᠨ ᠡᠮᠨᠡᠯᠭᠡ᠂ ᠡᠮᠨᠡᠯᠭᠡ ᠳᠤ ᠰᠠᠭᠤᠬᠤ ᠲᠥᠷᠥᠯ ᠳᠤ ᠬᠤᠪᠢᠶᠠᠨ ᠠᠪᠤᠷᠠᠨ ᠲᠤᠰᠠᠯᠠᠬᠤ ᠬᠡᠷᠡᠭᠲᠡᠶ᠃ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠬᠤ ᠪᠠ ᠶᠠᠳᠠᠭᠤᠷᠠᠭᠰᠠᠨ ᠬᠥᠮᠦᠨ ᠠᠮᠠ ᠳᠤ ᠠᠪᠤᠷᠠᠨ ᠲᠤᠰᠠᠯᠠᠬᠤ ᠲᠦᠪᠰᠢᠨ ᠢ ᠪᠠᠬᠢᠵᠢᠭᠦᠯᠦᠨ ᠥᠷᠭᠡᠳᠬᠡᠬᠦ ᠡᠮᠴᠢᠯᠡᠭᠡᠨ ᠤ ᠪᠠᠲᠤᠯᠠᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ ᠬᠦᠴᠢᠷᠳᠡᠯᠲᠡᠶ ᠣᠯᠠᠨ ᠲᠦᠮᠡᠨ ᠳᠤ ᠣᠯᠠᠨ ᠳᠠᠪᠬᠤᠷ ᠣᠨᠴᠣᠭᠤᠶ ᠪᠡᠶ᠎ᠡ ᠶᠢᠨ ᠭᠠᠷᠤᠯ ᠤᠨ ᠰᠢᠨᠵᠢ ᠴᠢᠨᠠᠷ ᠲᠠᠢ ᠪᠣᠯ ︽ᠥᠨᠳᠥᠷ ᠢ ᠨᠢ ᠦᠵᠡᠵᠦ ᠳᠤᠤᠷ᠎ᠠ ᠶᠢ ᠨᠢ ᠥᠯᠥ ᠬᠠᠷᠠᠭᠠᠯᠵᠠᠬᠤ︾ ᠵᠠᠷᠴᠢᠮ ᠶᠣᠰᠣᠭᠠᠷ ᠠᠪᠤᠷᠠᠨ ᠲᠤᠰᠠᠯᠠᠯᠲᠠ ᠬᠦᠷᠲᠡᠭᠡᠨ᠎ᠡ᠂ ᠳᠠᠪᠬᠤᠷᠳᠠᠭᠤᠯᠤᠨ ᠠᠪᠤᠷᠠᠨ ᠲᠤᠰᠠᠯᠠᠵᠤ ᠪᠣᠯᠬᠤ ᠥᠬᠡᠶ᠃    ︵ᠨᠢᠭᠡ︶ ᠡᠭᠦᠳᠡᠨ ᠡᠮᠨᠡᠯᠭᠡ ᠶᠢᠨ ᠠᠪᠤᠷᠠᠨ ᠲᠤᠰᠠᠯᠠᠬᠤ    1 . ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠪᠠᠷ ᠳᠥᠯᠥᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠰᠦᠪᠡᠨ ᠳᠥᠯᠥᠬᠦ ᠬᠡᠰᠡᠭ ᠲᠤ᠂ ᠡᠬᠢᠯᠡᠵᠦ ᠳᠥᠯᠥᠬᠦ ᠱᠤᠭᠤᠮ ᠲᠣᠭᠲᠠᠭᠠᠬᠤ ᠥᠬᠡᠶ᠂ ᠪᠥᠬᠦ ᠲᠤᠭ᠎ᠠ ᠪᠠᠷ ᠠᠪᠤᠷᠠᠨ ᠲᠤᠰᠠᠯᠠᠨ᠎ᠠ᠃    2 . ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠪᠠᠷ ᠲᠣᠭᠠᠴᠠᠭ᠎ᠠ ᠬᠢᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠲᠤ᠂ ᠡᠬᠢᠯᠡᠵᠦ ᠥᠭᠬᠦ ᠱᠤᠭᠤᠮ ᠭᠠᠷᠭᠠᠬᠤ ᠥᠬᠡᠶ᠂ 70 %  ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 2 ᠲᠦᠮᠡᠨ ᠲᠥᠭᠦᠷᠢᠭ ᠪᠣᠯᠤᠨ᠎ᠠ᠃    3 . ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠠᠪᠤᠷᠠᠨ ᠲᠤᠰᠠᠯᠠᠬᠤ ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ 70 %  ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 1 ᠲᠦᠮᠡᠨ ᠲᠥᠭᠦᠷᠢᠭ ᠪᠣᠯᠤᠨ᠎ᠠ᠃ ᠡᠬᠢᠯᠡᠵᠦ ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃    4 . ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠨ ᠳᠤ ᠨᠡᠷᠪᠡᠭᠳᠡᠭᠰᠡᠳ ᠤᠨ ᠵᠢᠯ ᠤᠨ ᠳᠣᠲᠣᠷ᠎ᠠ ᠡᠭᠦᠰᠦᠭᠰᠡᠨ ᠡᠭᠦᠳᠡᠨ ᠡᠮᠨᠡᠯᠭᠡ ᠶᠢᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠳᠤ 60 %  ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ 5000 ᠲᠥᠭᠦᠷᠢᠭ ᠪᠣᠯᠤᠨ᠎ᠠ᠃ ᠡᠬᠢᠯᠡᠵᠦ ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 25 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃    ︵ᠬᠤᠶᠠᠷ︶ ᠡᠮᠨᠡᠯᠭᠡ ᠳᠤ ᠰᠠᠭᠤᠵᠤ ᠠᠪᠤᠷᠠᠨ ᠲᠤᠰᠠᠯᠠᠬᠤ    1 . ᠣᠨᠴᠠ ᠬᠦᠴᠢᠷᠳᠡᠯᠲᠡᠶ ᠠᠰᠠᠷᠠᠨ ᠲᠡᠵᠢᠭᠡᠵᠦ ᠪᠠᠶᠢᠭ᠎ᠠ ᠬᠥᠮᠦᠰ᠂ ᠥᠨᠥᠴᠢᠨ ᠬᠡᠦᠬᠡᠳ᠂ ᠪᠣᠳᠠᠲᠠᠶ ᠠᠰᠠᠷᠠᠨ ᠲᠡᠵᠢᠭᠡᠬᠦ ᠬᠥᠮᠦᠨ ᠥᠬᠡᠶ ᠬᠡᠦᠬᠡᠳ᠂ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠭᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠪᠢ ᠬᠥᠮᠦᠨ ᠤ ᠥᠪᠡᠷ ᠲᠡᠭᠡᠨ ᠥᠭᠬᠦ ᠬᠡᠰᠡᠭ ᠲᠤ ᠡᠬᠢᠯᠡᠵᠦ ᠥᠭᠬᠦ ᠱᠤᠭᠤᠮ ᠲᠣᠭᠲᠠᠭᠠᠬᠤ ᠥᠬᠡᠶ᠂ ᠪᠥᠬᠦ ᠲᠤᠭ᠎ᠠ ᠪᠠᠷ ᠠᠪᠤᠷᠠᠨ ᠲᠤᠰᠠᠯᠠᠬᠤ ᠬᠡᠷᠡᠭᠲᠡᠶ᠃    2 . ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠵᠦ ᠪᠠᠶᠢᠭ᠎ᠠ ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠭᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠷ ᠲᠡᠭᠡᠨ ᠥᠭᠬᠦ ᠬᠡᠰᠡᠭ ᠲᠤ ᠡᠬᠢᠯᠡᠵᠦ ᠥᠭᠬᠦ ᠱᠤᠭᠤᠮ  ᠳᠣᠭᠳᠠᠭᠠᠬᠤ ᠦᠭᠡᠶ᠂ 75 %  ᠶᠢᠨ ᠬᠠᠷᠢᠴᠠᠯ ᠢᠶᠠᠷ ᠲᠡᠩᠬᠡᠷᠡᠭᠦᠯᠦᠨ ᠲᠤᠰᠠᠯᠠᠵᠤ᠂ ᠵᠢᠯ ᠤᠨ ᠲᠡᠩᠬᠡᠷᠡᠭᠦᠯᠦᠨ ᠲᠤᠰᠠᠯᠠᠬᠤ ᠬᠠᠮᠤᠭ ᠤᠨ ᠥᠨᠳᠥᠷ ᠬᠢᠵᠠᠭᠠᠷ ᠲᠤᠭ᠎ᠠ ᠨᠢ 15 ᠲᠦᠮᠡᠨ ᠲᠥᠭᠦᠷᠢᠭ ᠪᠣᠯᠤᠨ᠎ᠠ᠃    3 . ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠠᠪᠤᠷᠠᠨ ᠲᠤᠰᠠᠯᠠᠬᠤ ᠡᠲᠡᠭᠡᠳ ᠤᠨ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠰᠦᠪᠡᠨ ᠥᠭᠬᠦ ᠬᠡᠰᠡᠭ ᠢ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ 70 %  ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠨᠢ 10 ᠲᠦᠮᠡᠨ ᠲᠥᠭᠦᠷᠢᠭ ᠪᠣᠯᠤᠨ᠎ᠠ᠃ ᠡᠬᠢᠯᠡᠵᠦ ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 10 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ  ᠶᠢ ᠠᠶᠢᠮᠠᠭ  ᠤᠨ ᠡᠮ ᠡᠮᠨᠡᠯᠭᠡ ᠶᠢᠨ ᠪᠠᠲᠤᠯᠠᠭ᠎ᠠ  ᠶᠢᠨ ᠰᠠᠯᠠᠭ᠎ᠠ ᠮᠥᠴᠢᠷ  ᠠᠴᠠ ᠡᠮ ᠡᠮᠨᠡᠯᠭᠡ  ᠶᠢᠨ ᠠᠪᠤᠷᠠᠨ ᠲᠤᠰᠠᠯᠠᠬᠤ ᠰᠠᠭᠤᠷᠢ ᠮᠥᠩᠭᠦ  ᠶᠢᠨ ᠪᠣᠳᠠᠲᠠᠶ ᠠᠵᠢᠯᠯᠠᠭᠠᠨ  ᠤ ᠪᠠᠶᠢᠳᠠᠯ  ᠢ ᠦᠨᠳᠦᠰᠦᠯᠡᠨ ᠲᠣᠭᠲᠠᠭᠠᠨ᠎ᠠ᠃    4 . ᠡᠪᠡᠳᠴᠢᠨ ᠠᠴᠠ ᠪᠣᠯᠵᠤ ᠶᠠᠳᠠᠭᠤᠷᠠᠭᠰᠠᠨ ᠭᠡᠷ ᠪᠦᠯᠢ ᠶᠢᠨ ᠬᠦᠨᠳᠦ ᠡᠪᠡᠳᠴᠢᠲᠡᠨ ᠤ ᠵᠢᠯ ᠤᠨ ᠳᠣᠲᠣᠷ᠎ᠠ ᠡᠭᠦᠰᠦᠭᠰᠡᠨ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠣᠯᠭᠤᠮᠵᠢ ᠥᠭᠭᠦᠭᠰᠡᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠥᠪᠡᠷ ᠲᠡᠭᠡᠨ ᠲᠥᠯᠥᠬᠦ ᠬᠡᠰᠡᠭ ᠲᠤ᠂ ᠡᠬᠢᠯᠡᠵᠦ ᠥᠭᠬᠦ ᠪᠠᠷᠢᠮᠵᠢᠶ᠎ᠠ ᠠᠴᠠ ᠳᠡᠭᠡᠭᠰᠢ᠂ ᠬᠠᠮᠤᠭ ᠤᠨ ᠥᠨᠳᠥᠷ ᠠᠪᠤᠷᠠᠨ ᠲᠤᠰᠠᠯᠠᠬᠤ ᠬᠢᠵᠠᠭᠠᠷ ᠲᠤᠭ᠎ᠠ ᠠᠴᠠ ᠳᠣᠷᠣᠭᠰᠢᠬᠢ ᠵᠠᠷᠤᠳᠠᠯ ᠢ 60 % ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠵᠢᠯ ᠤᠨ ᠬᠠᠮᠤᠭ ᠤᠨ ᠥᠨᠳᠥᠷ ᠠᠪᠤᠷᠠᠨ ᠲᠤᠰᠠᠯᠠᠬᠤ ᠲᠤᠭ᠎ᠠ ᠬᠡᠮᠵᠢᠶ᠎ᠡ ᠨᠢ 8 ᠲᠦᠮᠡᠨ ᠲᠥᠭᠦᠷᠢᠭ᠃ ᠡᠬᠢᠯᠡᠵᠦ ᠥᠭᠬᠦ ᠪᠠᠷᠢᠮᠵᠢᠶ᠎ᠠ ᠶᠢ ᠮᠠᠨ ᠤ ᠠᠶᠢᠮᠠᠭ ᠤᠨ ᠳᠡᠭᠡᠷ᠎ᠡ ᠵᠢᠯ ᠤᠨ ᠪᠥᠬᠦ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 25 % ᠣᠷᠴᠢᠮ ᠢᠶᠠᠷ ᠲᠣᠭᠲᠠᠭᠠᠵᠤ᠂ ᠪᠣᠳᠠᠲᠠᠶ ᠪᠠᠷᠢᠮᠵᠢᠶ᠎ᠠ ᠶᠢ ᠠᠶᠢᠮᠠᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠲᠣᠭᠲᠠᠭᠠᠨ᠎ᠠ᠃    ︵ᠭᠤᠷᠪᠠ︶ ᠬᠠᠷᠠᠭᠠᠯᠵᠠᠨ ᠠᠪᠤᠷᠠᠨ ᠲᠤᠰᠠᠯᠠᠬᠤ    ᠡᠮᠨᠡᠯᠭᠡ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠤ ᠡᠮᠨᠡᠭᠦᠯᠬᠦ ᠲᠡᠩᠬᠡᠷᠡᠭᠦᠯᠦᠨ ᠲᠤᠰᠠᠯᠠᠭᠤᠯᠬᠤ ᠡᠲᠡᠭᠡᠳ ᠲᠤ ᠭᠤᠷᠪᠠᠨ ᠴᠢᠬᠤᠯᠠ ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠪᠠᠷ ᠳᠠᠮᠵᠢᠭᠰᠠᠨ ᠤ ᠳᠠᠷᠠᠭᠠᠬᠢ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠣᠲᠣᠷᠠᠬᠢ ᠬᠤᠪᠢ ᠬᠥᠮᠦᠨ ᠤ ᠡᠭᠦᠷᠭᠡᠯᠡᠬᠦ 7000 ᠲᠥᠭᠦᠷᠢᠭ ᠢ ᠳᠠᠪᠠᠭᠰᠠᠨ ᠵᠠᠷᠤᠳᠠᠯ ᠢ 80 %  ᠶᠢᠨ ᠬᠠᠷᠢᠴᠠᠯ ᠢᠶᠠᠷ ᠲᠡᠩᠬᠡᠷᠡᠭᠦᠯᠦᠨ ᠲᠤᠰᠠᠯᠠᠬᠤ ᠲᠡᠰᠢ ᠬᠡᠯᠪᠠᠶᠢᠯᠭᠡᠵᠦ᠂ ᠣᠨ ᠤ ᠲᠡᠩᠬᠡᠷᠡᠭᠦᠯᠦᠨ ᠲᠤᠰᠠᠯᠠᠬᠤ ᠶᠢ ᠬᠡᠯᠪᠠᠶᠢᠯᠭᠡᠬᠦ ᠬᠢᠵᠠᠭᠠᠷ ᠲᠤᠭ᠎ᠠ ᠨᠢ 5 ᠲᠦᠮᠡᠨ ᠲᠥᠭᠦᠷᠢᠭ ᠪᠣᠯᠤᠨ᠎ᠠ᠃    ︵ᠳᠦᠷᠪᠡ︶ ᠠᠪᠤᠷᠠᠨ ᠲᠤᠰᠠᠯᠠᠬᠤ ᠪᠠᠷᠢᠮᠵᠢᠶ᠎ᠠ ᠶᠢᠨ ᠬᠥᠳᠡᠯᠦᠩᠭᠦᠶ ᠲᠣᠬᠢᠷᠠᠭᠤᠯᠬᠤ ᠲᠣᠭᠲᠠᠴᠠ ᠶᠢ ᠪᠠᠶᠢᠭᠤᠯᠣᠨ᠎ᠠ    ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠪᠠᠷᠢᠮᠵᠢᠶ᠎ᠠ ᠶᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ︶ ᠵᠡᠷᠭᠡ ᠣᠯᠭᠤᠮᠵᠢ ᠥᠭᠬᠦ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠵᠢᠴᠢ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠪᠣᠳᠠᠲᠠᠶ ᠠᠵᠢᠯᠯᠠᠭᠠᠨ ᠤ ᠪᠠᠶᠢᠳᠠᠯ ᠢ ᠦᠨᠳᠦᠰᠦᠯᠡᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠴᠠᠭ ᠲᠤᠨᠢ ᠲᠣᠬᠢᠷᠠᠭᠤᠯᠤᠨ ᠡᠯ᠎ᠡ ᠲᠥᠷᠥᠯ ᠤᠨ ᠲᠡᠩᠬᠡᠷᠡᠭᠦᠯᠦᠨ ᠲᠤᠰᠠᠯᠠᠬᠤ ᠶᠢᠨ ᠡᠬᠢᠯᠡᠵᠦ ᠥᠭᠬᠦ ᠪᠠᠷᠢᠮᠵᠢᠶ᠎ᠠ᠂ ᠲᠡᠩᠬᠡᠷᠡᠭᠦᠯᠦᠨ ᠲᠤᠰᠠᠯᠠᠬᠤ ᠬᠠᠷᠢᠴᠠᠯ᠂ ᠲᠡᠩᠬᠡᠷᠡᠭᠦᠯᠦᠨ ᠲᠤᠰᠠᠯᠠᠬᠤ ᠬᠢᠵᠠᠭᠠᠷ ᠲᠤᠭ᠎ᠠ ᠳᠤ ᠵᠦᠢ ᠵᠣᠬᠢᠰᠲᠠᠶ ᠲᠣᠬᠢᠷᠠᠭᠤᠯᠤᠯᠲᠠ ᠬᠢᠵᠦ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠳᠦᠷᠢᠮ ᠤᠨ ᠥᠨᠳᠥᠷ ᠦᠷ᠎ᠡ ᠪᠦᠲᠦᠮᠵᠢᠲᠡᠶ᠂ ᠲᠣᠭᠲᠠᠭᠤᠨ ᠢᠶᠠᠷ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠣᠳᠠᠲᠠᠶ ᠪᠠᠷ ᠠᠶᠢᠮᠠᠭ ᠤᠨ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠲᠦᠷᠦᠭᠦᠯᠡᠨ ᠨᠠᠶᠢᠳᠠᠪᠤᠷᠢᠵᠢᠭᠤᠯᠤᠨ᠎ᠠ᠃    ᠶᠢᠰᠦ᠂ ᠡᠮᠴᠢᠯᠡᠭᠡᠨ ᠤ ᠥᠨᠳᠥᠷ ᠵᠠᠷᠤᠳᠠᠯ ᠤᠨ ᠵᠠᠷᠤᠯᠭ᠎ᠠ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠰᠢᠨᠵᠢᠬᠦ ᠶᠢ ᠴᠢᠩᠭᠠᠷᠠᠭᠤᠯᠤᠨ᠎ᠠ    ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢᠨ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠪᠡᠳᠴᠢᠨ ᠠᠴᠠ ᠪᠣᠯᠵᠣ ᠶᠠᠳᠠᠭᠤᠷᠠᠬᠤ ᠪᠠ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠥᠷᠥᠯ ᠬᠤᠪᠢᠶᠠᠨ ᠪᠦᠷᠢᠨᠰᠢᠭᠦᠯᠵᠦ᠂ ᠨᠥᠬᠦᠴᠡᠯ ᠳᠤ ᠨᠡᠶᠢᠴᠡᠭᠰᠡᠨ ᠢ ᠨᠢ ᠴᠠᠭ ᠲᠤᠬᠠᠶ ᠳᠤᠨᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠨ᠎ᠠ᠃ ᠣᠨ ᠤ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠴᠢᠯᠡᠭᠡᠨ ᠤ ᠳᠠᠭᠠᠳᠬᠠᠯ︶ ᠵᠡᠷᠭᠡ ᠪᠠᠷ ᠳᠡᠮᠵᠢᠨ ᠥᠭᠭᠦᠭᠰᠡᠨ ᠤ ᠳᠠᠷᠠᠭ᠎ᠠ᠂ ᠬᠤᠪᠢ ᠬᠥᠮᠦᠨ ᠤ ᠨᠡᠶᠢᠲᠡ ᠳᠠᠷᠤᠭᠠᠰᠤ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠴᠠ ᠳᠠᠪᠠᠭᠰᠠᠨ ᠪᠠᠶᠢᠪᠠᠯ ᠂ ᠡᠪᠡᠳᠴᠢᠨ ᠠᠴᠠ ᠪᠣᠯᠵᠣ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ︔ ᠬᠤᠪᠢ ᠬᠥᠮᠦᠨ ᠤ ᠳᠠᠷᠤᠭᠠᠰᠤ ᠨᠢ ᠲᠤᠬᠠᠶ ᠶᠢᠨ ᠭᠠᠵᠠᠷ ᠤᠨ ᠳᠡᠭᠡᠷ᠎ᠡ ᠵᠢᠯ ᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 50 %  ᠠᠴᠠ ᠬᠡᠲᠦᠷᠡᠭᠰᠡᠨ ᠪᠠᠶᠢᠪᠠᠯ᠂ ᠡᠪᠡᠳᠴᠢᠨ ᠠᠴᠠ ᠪᠣᠯᠵᠣ ᠳᠠᠬᠢᠨ ᠶᠠᠳᠠᠭᠤᠷᠠᠬᠤ ᠶᠢ ᠬᠢᠨᠠᠨ ᠰᠢᠨᠵᠢᠬᠦ ᠳᠤ ᠣᠷᠣᠭᠤᠯᠤᠨ᠎ᠠ᠃ ᠦᠨᠳᠦᠰᠦᠨ ᠡᠮᠨᠡᠯᠭᠡ ᠶᠢᠨ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ︵ᠶᠡᠭᠡ ᠲᠣᠭᠠᠨ ᠤ ᠡᠮᠨᠡᠯᠭᠡ ᠶᠢᠨ ᠳᠠᠭᠠᠳᠬᠠᠯ︶ ᠵᠡᠷᠭᠡ ᠪᠠᠷ ᠵᠣᠭᠤᠰ ᠥᠭᠭᠦᠭᠰᠡᠨ ᠤ ᠳᠠᠷᠠᠭ᠎ᠠ ᠬᠤᠪᠢ ᠬᠥᠮᠦᠨ ᠤ ᠣᠨ ᠤ ᠡᠮᠨᠡᠯᠭᠡ ᠶᠢᠨ ᠵᠠᠷᠤᠳᠠᠯ ᠤᠨ ᠳᠠᠷᠤᠭᠠᠰᠤ ᠮᠥᠨ ᠬᠦ ᠨᠡᠯᠢᠶᠡᠳ ᠬᠦᠨᠳᠦ ᠪᠠᠶᠢᠭ᠎ᠠ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠥᠪᠡᠭᠡᠳᠡᠵᠦ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠣᠯᠤᠨ ᠮᠠᠯᠵᠢᠬᠤ ᠲᠠᠷᠢᠶᠠᠯᠠᠬᠤ ᠣᠷᠣᠨ ᠤ ᠬᠢᠯᠪᠠᠷᠬᠠᠨ ᠳᠠᠬᠢᠨ ᠶᠠᠳᠠᠭᠤᠷᠠᠵᠤ ᠶᠠᠳᠠᠭᠤᠷᠠᠭᠰᠠᠨ ᠬᠥᠮᠦᠨ ᠠᠮᠠ ᠶᠢ ᠭᠤᠣᠯᠳᠠᠯᠭ᠎ᠠ ᠲᠠᠢ ᠬᠢᠨᠠᠨ ᠬᠡᠮᠵᠢᠵᠦ᠂ ᠴᠠᠭ ᠲᠤᠬᠠᠶ ᠳᠤᠨᠢ ᠰᠡᠷᠡᠮᠵᠢᠯᠡᠭᠦᠯᠬᠦ ᠬᠡᠷᠡᠭᠲᠡᠶ᠃ ᠡᠮᠴᠢᠯᠡᠭᠡᠨ ᠤ ᠳᠠᠭᠠᠳᠬᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠡᠮᠳᠡᠭᠴᠦᠳ ᠤᠨ ᠬᠤᠯᠪᠣᠭ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠵᠤ᠂ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠬᠤ ᠪᠠ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ᠂ ᠬᠥᠳᠡᠯᠦᠩᠭᠦᠶ ᠪᠠᠷ ᠬᠢᠨᠠᠨ ᠰᠢᠨᠵᠢᠬᠦ᠂ ᠬᠠᠷᠭᠤᠭᠤᠯᠤᠨ ᠪᠠᠶᠢᠴᠠᠭᠠᠵᠤ ᠬᠠᠷᠢᠴᠠᠭᠤᠯᠬᠤ ᠪᠠ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠶᠢ ᠴᠢᠩᠭᠠᠳᠬᠠᠬᠤ ᠬᠡᠷᠡᠭᠲᠡᠶ᠃    ᠠᠷᠪᠠ᠂ ᠭᠤᠶᠤᠴᠢᠯᠠᠯ ᠶᠣᠰᠣᠭᠠᠷ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ    ᠭᠤᠶᠤᠴᠢᠯᠠᠯ ᠢᠶᠠᠷ ᠠᠪᠤᠷᠠᠨ ᠲᠤᠰᠠᠯᠠᠬᠤ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠳᠤ ᠬᠠᠪᠢᠳᠠᠵᠤ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠪᠣᠯᠤᠨ ᠮᠠᠯᠵᠢᠬᠤ ᠲᠠᠷᠢᠶᠠᠯᠠᠬᠤ ᠣᠷᠣᠨ ᠤ ᠠᠮᠠᠷᠬᠠᠨ ᠳᠠᠬᠢᠨ ᠶᠠᠳᠠᠭᠤᠷᠠᠭᠰᠠᠨ ᠬᠥᠮᠦᠨ ᠠᠮᠠ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠠᠪᠤᠷᠠᠨ ᠲᠤᠰᠠᠯᠠᠬᠤ ᠪᠠᠷ ᠭᠤᠶᠤᠴᠢᠯᠠᠬᠤ ᠵᠠᠮ ᠮᠥᠷ ᠢ ᠰᠢᠯᠤᠭᠤᠳᠬᠠᠨ᠂ ᠭᠤᠶᠤᠴᠢᠯᠠᠬᠤ ᠳᠡᠰ ᠳᠠᠷᠠᠭᠠᠯᠠᠯ ᠢ ᠳᠥᠭᠦᠮᠴᠢᠯᠡᠵᠦ᠂ ᠠᠪᠤᠷᠠᠨ ᠲᠤᠰᠠᠯᠠᠬᠤ ᠬᠤᠭᠤᠴᠠᠭᠠᠲᠤ ᠴᠢᠨᠠᠷ ᠢ ᠴᠢᠩᠭᠠᠷᠠᠭᠤᠯᠤᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠢᠶᠠᠷ ᠨᠢᠭᠡᠨᠲᠡ ᠮᠠᠭᠠᠳᠯᠠᠨ ᠲᠣᠭᠲᠠᠭᠠᠭᠰᠠᠨ ᠪᠠᠶᠢᠪᠠᠯ᠂ ᠰᠢᠭᠤᠳ ᠡᠮᠴᠢᠯᠡᠭᠡᠨ ᠤ ᠠᠪᠤᠷᠠᠨ ᠲᠤᠰᠠᠯᠠᠯᠲᠠ ᠬᠦᠷᠲᠡᠭᠡᠨ᠎ᠡ᠃ ᠨᠡᠶᠢᠭᠡᠮ ᠤᠨ ᠬᠦᠴᠦᠨ ᠤ ᠠᠪᠤᠷᠠᠨ ᠲᠤᠰᠠᠯᠠᠬᠤ ᠳᠤ ᠣᠷᠣᠯᠴᠠᠬᠤ ᠶᠢ ᠬᠥᠲᠥᠯᠥᠨ ᠵᠢᠯᠣᠭᠤᠳᠬᠤ ᠲᠣᠭᠲᠠᠴᠠ ᠶᠢ ᠪᠦᠷᠢᠨᠰᠢᠬᠦᠯᠵᠦ᠂ ᠡᠮᠴᠢᠯᠡᠭᠡ ᠪᠠᠷ ᠠᠪᠤᠷᠠᠨ ᠲᠤᠰᠠᠯᠠᠬᠤ᠂ ᠲᠦᠷ ᠴᠠᠭ ᠠᠪᠤᠷᠠᠨ ᠲᠤᠰᠠᠯᠠᠬᠤ᠂ ᠨᠢᠭᠦᠯᠡᠰᠦᠩᠭᠦᠶ ᠶᠢᠨ ᠠᠪᠤᠷᠠᠨ ᠲᠤᠰᠠᠯᠠᠬᠤ ᠵᠡᠷᠭᠡ ᠶᠡᠷᠦᠩᠬᠡᠶᠢᠯᠡᠭᠰᠡᠨ ᠴᠢᠨᠠᠷᠲᠠᠶ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠡᠯ᠎ᠡ ᠭᠠᠵᠠᠷ ᠣᠷᠣᠨ ᠨᠢ ᠠᠪᠤᠷᠠᠨ ᠲᠤᠰᠠᠯᠠᠬᠤ ᠡᠲᠡᠭᠡᠳ ᠤᠨ ᠪᠣᠳᠠᠲᠠᠶ ᠪᠠᠶᠢᠳᠠᠯ ᠢ ᠦᠨᠳᠦᠰᠦᠯᠡᠨ᠂ ︽ᠨᠢᠭᠡ ᠤᠴᠢᠷ ᠢ ᠨᠢᠭᠡ ᠵᠥᠪᠯᠡᠬᠦ︾ ᠠᠷᠭ᠎ᠠ ᠮᠠᠶ᠋ᠢᠭ ᠢ ᠬᠡᠷᠡᠭᠯᠡᠵᠦ᠂ ᠲᠠᠰ ᠳᠠᠪᠬᠤᠷᠭ᠎ᠠ ᠲᠥᠷᠥᠯ ᠬᠤᠪᠢᠶᠠᠨ ᠬᠠᠪᠰᠤᠷᠤᠨ ᠲᠡᠳᠬᠦᠬᠦ ᠶᠢ ᠲᠦᠢᠯ ᠤᠨ ᠣᠨᠣᠪᠴᠢᠲᠠᠶ ᠪᠠᠷ ᠥᠷᠨᠢᠭᠦᠯᠦᠨ᠎ᠡ᠃ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠭᠡᠷ ᠪᠦᠯᠢ ᠶᠢᠨ ᠠᠵᠤ ᠠᠬᠤᠶ ᠶᠢᠨ ᠪᠠᠶᠢᠳᠠᠯ᠂ ᠬᠤᠪᠢ ᠬᠥᠮᠦᠨ ᠤ ᠪᠣᠳᠠᠲᠠᠶ ᠵᠠᠷᠤᠳᠠᠯ ᠤᠨ ᠡᠭᠦᠷᠭᠡᠯᠡᠵᠦ ᠪᠠᠶᠢᠭ᠎ᠠ ᠪᠠᠶᠢᠳᠠᠯ ᠢ ᠦᠨᠳᠦᠰᠦᠯᠡᠨ ᠵᠦᠢ ᠵᠣᠬᠢᠰᠲᠠᠶ ᠲᠣᠭᠲᠠᠭᠠᠬᠤ ᠬᠡᠷᠡᠭᠲᠡᠶ᠃ ᠡᠮ ᠡᠮᠨᠡᠯᠭᠡ ᠶᠢᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠤᠭᠰᠠᠨ ᠬᠥᠮᠦᠰ ᠲᠤ ᠲᠣᠭᠲᠠᠭᠠᠯ ᠶᠣᠰᠣᠭᠠᠷ ᠡᠮ ᠡᠮᠨᠡᠯᠭᠡ ᠶᠢᠨ ᠠᠪᠤᠷᠠᠨ ᠲᠤᠰᠠᠯᠠᠯᠲᠠ ᠣᠯᠭᠤᠨ᠎ᠠ᠃    ᠠᠷᠪᠠᠨ ᠨᠢᠭᠡ᠂ ᠨᠢᠭᠦᠯᠡᠰᠦᠩᠭᠦᠶ ᠶᠢᠨ ᠠᠪᠤᠷᠠᠨ ᠲᠤᠰᠠᠯᠠᠯᠲᠠ ᠶᠢ ᠬᠥᠭᠵᠢᠭᠦᠯᠦᠨ ᠪᠤᠵᠠᠭᠠᠶᠢᠷᠠᠭᠤᠯᠤᠨ᠎ᠠ    ᠨᠢᠭᠦᠯᠡᠰᠦᠩᠭᠦᠶ ᠶᠢᠨ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠪᠤᠰᠤᠳ ᠵᠣᠬᠢᠶᠠᠨ ᠪᠠᠶᠢᠭᠤᠯᠤᠯᠲᠠ ᠶᠢᠨ ᠬᠦᠨᠳᠦ ᠡᠪᠡᠳᠴᠢᠨ ᠢ ᠠᠪᠤᠷᠠᠨ ᠲᠤᠰᠠᠯᠠᠬᠤ ᠵᠦᠢᠯᠡᠰ ᠪᠠᠶᠢᠭᠤᠯᠵᠤ᠂ ᠨᠥᠬᠦᠪᠥᠷᠢᠯᠡᠨ ᠠᠪᠤᠷᠠᠨ ᠲᠤᠰᠠᠯᠠᠬᠤ ᠦᠢᠯᠡᠳᠦᠯ ᠢᠶᠠᠨ ᠪᠠᠳᠠᠷᠠᠭᠤᠯᠬᠤ ᠶᠢ ᠵᠣᠷᠢᠭᠵᠢᠭᠤᠯᠤᠨ᠎ᠠ᠃ ᠢᠨᠲ᠋ᠧᠷ ᠰᠦᠯᠵᠢᠶ᠎ᠡ ᠶᠢᠨ ᠢᠯᠡ ᠪᠠᠷ ᠬᠠᠨᠳᠢᠪ ᠴᠤᠭᠯᠠᠭᠤᠯᠬᠤ ᠮᠡᠳᠡᠭᠡ ᠵᠠᠩᠭᠢ ᠶᠢᠨ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠮᠡᠳᠡᠭᠡ ᠵᠠᠩᠭᠢ ᠨᠡᠶᠢᠲᠡᠯᠡᠬᠦ ᠶᠢ ᠵᠢᠷᠤᠮᠵᠢᠭᠤᠯᠤᠨ᠂ ᠢᠯᠡ ᠪᠣᠯᠭᠠᠬᠤ ᠡᠷᠴᠢᠮ ᠢ ᠴᠢᠩᠭᠠᠷᠠᠭᠤᠯᠵᠤ᠂ ᠢᠯᠡ ᠪᠠᠷ ᠠᠪᠤᠷᠠᠨ ᠲᠤᠰᠠᠯᠠᠬᠤ ᠶᠢ ᠬᠡᠷᠡᠭᠵᠢᠭᠦᠯᠦᠨ᠎ᠡ᠃ ᠡᠮᠴᠢᠯᠡᠭᠡ ᠪᠠᠷ ᠠᠪᠤᠷᠠᠨ ᠲᠤᠰᠠᠯᠠᠬᠤ ᠬᠦᠷᠢᠶ᠎ᠡ ᠶᠢᠨ ᠨᠡᠶᠢᠭᠡᠮ ᠤᠨ ᠠᠵᠢᠯ ᠤᠨ ᠦᠢᠯᠡᠴᠢᠯᠡᠭᠡ ᠪᠠ ᠰᠠᠶᠢᠨ ᠳᠤᠷ᠎ᠠ ᠶᠢᠨ  ᠦᠢᠯᠡᠴᠢᠯᠡᠬᠡᠨ ᠤ ᠬᠥᠭᠵᠢᠯᠲᠡ ᠶᠢ ᠳᠠᠮᠵᠢᠵᠤ᠂ ᠠᠪᠤᠷᠠᠨ ᠲᠤᠰᠠᠯᠠᠬᠤ ᠦᠢᠯᠡᠴᠢᠯᠡᠬᠡᠨ ᠤ ᠠᠭᠤᠯᠭ᠎ᠠ ᠶᠢ ᠪᠠᠶᠠᠯᠢᠭᠵᠢᠭᠤᠯᠤᠨ᠎ᠠ᠃ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠪᠣᠯᠤᠨ ᠡᠯ᠎ᠡ ᠲᠠᠯ᠎ᠠ ᠶᠢᠨ ᠳᠠᠭᠠᠭᠠᠬᠤ ᠴᠢᠳᠠᠪᠤᠷᠢ ᠶᠢ ᠦᠨᠳᠦᠰᠦᠯᠡᠨ᠂ ᠬᠤᠪᠣᠷ ᠲᠣᠬᠢᠶᠠᠯᠳᠤᠬᠤ ᠡᠪᠡᠳᠴᠢᠨ ᠳᠤ ᠡᠮ ᠬᠡᠷᠡᠭᠯᠡᠬᠦ ᠪᠠᠲᠤᠯᠠᠭ᠎ᠠ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠨᠢᠭᠦᠯᠡᠰᠦᠩᠭᠦᠶ ᠶᠢᠨ ᠬᠠᠪᠰᠤᠷᠤᠨ ᠲᠡᠳᠬᠦᠬᠦ ᠵᠡᠷᠭᠡ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠶᠡᠷᠦᠩᠬᠡᠶᠢᠯᠡᠭᠰᠡᠨ ᠪᠠᠲᠤᠯᠠᠭ᠎ᠠ ᠶᠢ ᠬᠡᠷᠡᠭᠵᠢᠭᠦᠯᠦᠨ᠎ᠡ᠃ ᠨᠢᠭᠦᠯᠡᠰᠦᠩᠭᠦᠶ ᠶᠢᠨ ᠠᠵᠢᠯᠯᠠᠭ᠎ᠠ ᠳᠤ ᠣᠷᠣᠯᠴᠠᠬᠤ ᠶᠢ ᠤᠷᠮᠠᠰᠢᠭᠤᠯᠬᠤ ᠲᠣᠭᠲᠠᠴᠠ ᠶᠢ ᠪᠠᠶᠢᠭᠤᠯᠵᠤ᠂ ᠵᠣᠬᠢᠴᠠᠩᠭᠤᠶ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃   ᠠᠷᠪᠠᠨ ᠬᠤᠶᠠᠷ᠂ ᠡᠮᠴᠢᠯᠡᠭᠡᠨ ᠤ ᠬᠠᠷᠢᠯᠴᠠᠨ ᠬᠠᠪᠰᠤᠷᠤᠯᠴᠠᠬᠤ ᠪᠠ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠵᠣᠷᠢᠭᠵᠢᠭᠤᠯᠤᠨ᠎ᠠ    ᠠᠵᠢᠯᠲᠠᠨ ᠠᠵᠢᠯᠴᠢᠨ ᠤ ᠡᠮᠴᠢᠯᠡᠭᠡᠨ ᠤ ᠬᠠᠪᠰᠤᠷᠤᠯᠴᠠᠭ᠎ᠠ ᠥᠷᠨᠢᠭᠦᠯᠬᠦ ᠶᠢ ᠳᠡᠮᠵᠢᠵᠦ᠂ ᠢᠨᠲ᠋ᠧᠷ ᠰᠦᠯᠵᠢᠶᠡᠨ ᠤ ᠲᠠᠪᠴᠠᠩ ᠤᠨ ᠬᠠᠪᠰᠤᠷᠤᠯᠴᠠᠭ᠎ᠠ ᠶᠢ ᠵᠢᠷᠤᠮᠵᠢᠭᠤᠯᠤᠨ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠮᠴᠢᠯᠡᠭᠡᠨ ᠤ ᠬᠠᠪᠰᠤᠷᠤᠯᠴᠠᠭ᠎ᠠ ᠶᠢᠨ ᠡᠷᠡᠭᠦᠯ ᠢᠶᠠᠷ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ ᠣᠯᠠᠨ ᠳᠠᠪᠬᠤᠷᠭ᠎ᠠ ᠶᠢᠨ ᠡᠮᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠳᠠᠬᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠥᠭᠵᠢᠯᠲᠡ ᠶᠢ ᠳᠡᠮᠵᠢᠵᠦ᠂ ᠡᠮᠴᠢᠯᠡᠭᠡᠨ ᠤ ᠰᠢᠨ᠎ᠡ ᠮᠡᠷᠭᠡᠵᠢᠯ᠂ ᠰᠢᠨ᠎ᠡ ᠡᠮ ᠤᠨ ᠵᠦᠢᠯ᠂ ᠰᠢᠨ᠎ᠡ ᠪᠠᠭᠠᠵᠢ ᠬᠡᠷᠡᠭᠰᠡᠯ ᠤᠨ ᠬᠡᠷᠡᠭᠯᠡᠯᠲᠡ ᠶᠢ ᠠᠯᠬᠤᠮ ᠠᠯᠬᠤᠮ ᠢᠶᠠᠷ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ ᠣᠷᠣᠭᠤᠯᠤᠨ᠎ᠠ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠦᠨᠳᠦᠰᠦᠨ ᠡᠮᠴᠢᠯᠡᠭᠡᠨ ᠤ ᠳᠠᠭᠠᠳᠬᠠᠯ ᠯᠤᠭ᠎ᠠ ᠬᠠᠷᠢᠯᠴᠠᠨ ᠵᠣᠯᠭᠠᠯᠳᠤᠭᠰᠠᠨ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠨᠡᠷᠡᠳᠬᠦᠨ ᠢ ᠨᠡᠭᠡᠭᠡᠨ ᠬᠥᠭᠵᠢᠭᠦᠯᠬᠦ ᠶᠢ ᠳᠡᠮᠵᠢᠵᠦ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠥᠭᠬᠦ ᠥᠬᠡᠶ ᠵᠠᠷᠤᠳᠠᠯ ᠢ ᠨᠠᠩ ᠰᠠᠶᠢᠨ ᠬᠠᠮᠤᠷᠤᠭᠤᠯᠤᠨ᠎ᠠ᠃    ᠠᠷᠪᠠᠨ ᠭᠤᠷᠪᠠ᠂ ᠨᠢᠭᠡ ᠴᠣᠭᠴᠠᠵᠢᠭᠤᠯᠤᠭᠰᠠᠨ ᠭᠠᠷᠲᠠᠨ ᠬᠦᠢᠴᠡᠳᠭᠡᠬᠦ ᠬᠠᠮᠢᠶᠠᠷᠤᠯᠲᠠ ᠦᠢᠯᠡᠴᠢᠯᠡᠭᠡ ᠶᠢ ᠲᠦᠷᠬᠡᠨ ᠠᠬᠢᠭᠤᠯᠣᠨ᠎ᠠ    ᠪᠥᠬᠦ ᠣᠷᠣᠨ ᠤ ᠨᠢᠭᠡᠳᠦᠯᠲᠡᠶ ᠡᠮᠴᠢᠯᠡᠭᠡ ᠪᠠᠷ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠬᠠᠮᠢᠶᠠᠷᠤᠯᠲᠠ ᠦᠢᠯᠡᠴᠢᠯᠡᠬᠡᠨ ᠤ ᠲᠦᠷᠢᠮ ᠲᠣᠭᠲᠠᠭᠠᠯ ᠪᠠ  ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ ᠶᠣᠰᠣᠭᠠᠷ᠂ ᠠᠪᠤᠷᠠᠨ ᠲᠤᠰᠠᠯᠠᠬᠤ ᠡᠲᠡᠭᠡᠳ ᠤᠨ ᠮᠡᠳᠡᠭᠡ ᠵᠠᠩᠭᠢ ᠶᠢ ᠬᠠᠮᠲᠤ ᠳᠠᠭᠠᠨ ᠭᠥᠷᠳᠡᠵᠦ ᠬᠠᠷᠢᠯᠴᠠᠨ ᠮᠡᠳᠡᠷᠡᠬᠦ᠂ ᠪᠠᠯᠠ ᠮᠥᠩᠭᠦ ᠪᠠᠷ ᠲᠤᠰᠠᠯᠠᠨ ᠳᠠᠭᠠᠳᠬᠠᠯ ᠳᠤ ᠣᠷᠣᠯᠴᠠᠬᠤ᠂ ᠣᠯᠭᠤᠮᠵᠢ ᠣᠯᠭᠤᠬᠤ ᠵᠡᠷᠭᠡ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠰᠠᠶᠢᠲᠤᠷ ᠬᠢᠬᠦ ᠬᠡᠷᠡᠭᠲᠡᠶ᠃ ᠪᠥᠬᠦ ᠤᠯᠤᠰ ᠤᠨ ᠨᠢᠭᠡᠳᠦᠯᠲᠡᠶ ᠡᠮᠴᠢᠯᠡᠭᠡᠨ ᠤ ᠪᠠᠲᠤᠯᠠᠭ᠎ᠠ ᠶᠢᠨ ᠮᠡᠳᠡᠭᠡ ᠵᠠᠩᠭᠢ ᠶᠢᠨ ᠲᠠᠪᠴᠠᠩ ᠳᠤ ᠲᠦᠰᠢᠭᠯᠡᠨ᠂ ᠲᠤᠭ᠎ᠠ ᠪᠠᠷᠢᠮᠲᠠ ᠶᠢ ᠰᠢᠰᠲ᠋ᠧᠮᠵᠢᠭᠦᠯᠦᠨ ᠬᠠᠮᠢᠶᠠᠷᠬᠤ ᠶᠢ ᠬᠠᠤᠯᠢ ᠲᠣᠭᠲᠠᠭᠠᠯ ᠶᠣᠰᠣᠭᠠᠷ ᠴᠢᠩᠭᠠᠳᠬᠠᠵᠤ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠦᠢᠯᠡᠴᠢᠯᠡᠭᠡ ᠯᠦᠭᠡ ᠠᠭᠤᠰᠤᠯᠴᠠᠭᠤᠯᠬᠤ ᠶᠢ ᠴᠢᠩᠭᠠᠳᠬᠠᠨ᠂ ᠡᠮᠴᠢᠯᠡᠭᠡ ᠪᠠᠷ ᠠᠪᠤᠷᠠᠨ ᠲᠤᠰᠠᠯᠠᠵᠤ ᠳ᠋ᠦᠩᠨᠡᠨ ᠪᠤᠳᠤᠬᠤ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠮᠴᠢᠯᠡᠭᠡᠨ ᠤ ᠳᠠᠭᠠᠳᠬᠠᠯ ᠤᠨ ᠵᠥᠪᠳᠡᠯᠴᠡᠬᠡᠷ ᠤᠨ ᠬᠠᠮᠢᠶᠠᠷᠤᠯᠲᠠ ᠶᠢ ᠨᠢᠭᠡᠳᠬᠡᠵᠦ᠂ ᠡᠮᠴᠢᠯᠡᠭᠡᠨ ᠤ ᠠᠪᠤᠷᠠᠨ ᠲᠤᠰᠠᠯᠠᠬᠤ ᠬᠠᠮᠢᠶᠠᠷᠤᠯᠲᠠ ᠦᠢᠯᠡᠴᠢᠯᠡᠬᠡᠨ ᠤ ᠠᠭᠤᠯᠭ᠎ᠠ ᠶᠢ ᠵᠥᠪᠳᠡᠯᠴᠡᠬᠡᠷ ᠤᠨ ᠬᠡᠪᠴᠢᠶᠡᠨ ᠳᠤ ᠣᠷᠣᠭᠤᠯᠤᠨ᠂ ᠵᠥᠪᠳᠡᠯᠴᠡᠬᠡᠷ ᠤᠨ  ᠬᠦᠢᠴᠡᠳᠭᠡᠬᠦ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠠᠷᠭ᠎ᠠ ᠶᠢ ᠲᠡᠭᠦᠯᠳᠡᠷᠵᠢᠭᠦᠯᠵᠦ᠂ ᠡᠮᠴᠢᠯᠡᠭᠡᠨ ᠤ ᠵᠢᠷᠤᠮᠵᠢᠯ᠂ ᠦᠢᠯᠡᠴᠢᠯᠡᠬᠡᠨ ᠤ ᠶᠠᠰᠤ ᠴᠢᠨᠠᠷ᠂ ᠵᠠᠷᠤᠳᠠᠯ ᠢ ᠡᠵᠡᠮᠳᠡᠬᠦ ᠵᠡᠷᠭᠡ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠬᠦᠢᠴᠡᠳᠭᠡᠯ ᠲᠤᠭ᠎ᠠ ᠶᠢ ᠲᠣᠳᠣᠷᠬᠠᠶᠢᠯᠠᠨ᠂ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠵᠠᠷᠤᠳᠠᠯ ᠢ ᠬᠠᠮᠢᠶᠠᠷᠤᠨ ᠡᠵᠡᠮᠳᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠬᠤ ᠬᠡᠷᠡᠭᠲᠡᠶ᠃ ᠡᠮᠴᠢᠯᠡᠭᠡ ᠪᠠᠷ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠡᠬᠡᠯᠡᠨ ᠳᠠᠭᠠᠳᠬᠠᠭᠤᠯᠬᠤ ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠬᠠᠮᠢᠶᠠᠷᠬᠤ ᠨᠢᠭᠡ ᠴᠣᠭᠴᠠᠵᠢᠭᠤᠯᠤᠭᠰᠠᠨ ᠣᠶᠤᠨᠴᠢ ᠬᠢᠨᠠᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠪᠠᠶᠢᠴᠠᠭᠠᠵᠤ ᠬᠢᠨᠠᠬᠤ ᠠᠵᠢᠯ ᠢ ᠰᠠᠶᠢᠲᠤᠷ ᠬᠢᠵᠦ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠦᠢᠯᠡᠴᠢᠯᠡᠭᠡᠨ ᠢ ᠥᠷᠨᠢᠭᠦᠯᠵᠦ ᠪᠠᠶᠢᠭ᠎ᠠ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠭᠤᠣᠯᠳᠠᠯᠭ᠎ᠠ ᠲᠠᠢ ᠬᠢᠨᠠᠨ ᠡᠵᠡᠮᠳᠡᠬᠦ ᠶᠢ ᠬᠡᠷᠡᠭᠵᠢᠭᠦᠯᠵᠦ᠂ ᠰᠠᠭᠤᠷᠢ ᠮᠥᠩᠭᠦ ᠶᠢ ᠠᠶᠤᠯ ᠦᠭᠡᠶ᠂ ᠥᠨᠳᠥᠷ ᠪᠦᠲᠦᠮᠵᠢᠲᠡᠶ᠂ ᠵᠦᠢ ᠵᠣᠬᠢᠰᠲᠠᠶ ᠬᠡᠷᠡᠭᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠨᠢᠭᠡ ᠥᠷᠲᠡᠭᠡ ᠮᠠᠶ᠋ᠢᠭ ︾  ᠤᠨ ᠦᠢᠯᠡᠴᠢᠯᠡᠭᠡ᠂ ︽ᠨᠢᠭᠡ ᠴᠣᠩᠬᠤᠪᠴᠢ︾ ᠪᠠᠷ ᠬᠦᠢᠴᠡᠳᠭᠡᠬᠦ ᠶᠢ ᠬᠡᠷᠡᠭᠵᠢᠭᠦᠯᠬᠦ ᠶᠢ ᠠᠬᠢᠭᠤᠯᠵᠤ᠂ ᠳ᠋ᠦᠩᠨᠡᠨ ᠪᠤᠳᠤᠬᠤ ᠦᠢᠯᠡᠴᠢᠯᠡᠬᠡᠨ ᠤ ᠳᠥᠭᠦᠮ ᠳᠥᠲᠡ ᠴᠢᠨᠠᠷ ᠢ ᠳᠡᠭᠡᠭᠰᠢᠯᠡᠭᠦᠯᠦᠨ᠎ᠡ᠃    ᠠᠷᠪᠠᠨ ᠳᠥᠷᠪᠡ᠂ ᠠᠪᠤᠷᠠᠨ ᠲᠤᠰᠠᠯᠠᠬᠤ ᠭᠤᠶᠤᠴᠢᠯᠠᠯ ᠢ ᠬᠢᠨᠠᠨ ᠬᠠᠷᠭᠤᠭᠤᠯᠬᠤ ᠲᠠᠰ ᠳᠠᠷᠠᠭᠠᠯᠠᠯ ᠢ ᠰᠢᠯᠢᠳᠡᠭᠵᠢᠭᠦᠯᠦᠨ᠎ᠡ    ᠬᠦᠢᠴᠡᠳᠭᠡᠬᠦ ᠲᠠᠰ ᠳᠠᠷᠠᠭᠠᠯᠠᠯ ᠢ ᠰᠢᠯᠢᠳᠡᠭᠵᠢᠭᠦᠯᠦᠨ᠂ ᠭᠤᠶᠤᠴᠢᠯᠠᠬᠤ᠂ ᠬᠢᠨᠠᠨ ᠬᠠᠷᠭᠤᠭᠤᠯᠬᠤ᠂ ᠠᠪᠤᠷᠠᠨ ᠲᠤᠰᠠᠯᠠᠬᠤ ᠮᠥᠩᠭᠦ ᠣᠯᠭᠤᠬᠤ ᠴᠤᠪᠤᠷᠠᠯ ᠢ ᠳᠥᠭᠦᠮᠴᠢᠯᠡᠵᠦ᠂ ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠬᠦᠷᠢᠶ᠎ᠡ ᠬᠡᠪᠴᠢᠶ᠎ᠡ ᠳᠤ ᠨᠡᠶᠢᠴᠡᠵᠦ ᠪᠠᠶᠢᠪᠠᠯ ︽ᠨᠢᠭᠡ ᠥᠷᠲᠡᠭᠡ ᠮᠠᠶ᠋ᠢᠭ︾  ᠤᠨ ᠳ᠋ᠦᠩᠨᠡᠨ ᠪᠤᠳᠤᠬᠤ ᠳᠤ ᠣᠷᠣᠭᠤᠯᠤᠨ᠎ᠠ᠃ ᠰᠠᠯᠠᠭ᠎ᠠ ᠮᠥᠴᠢᠷ ᠤᠨ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠨᠡᠶᠢᠭᠡᠮ ᠤᠨ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠪᠥᠬᠦ ᠲᠠᠯ᠎ᠠ ᠪᠠᠷ ᠵᠣᠯᠭᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠦᠴᠢᠷᠳᠡᠯᠲᠡᠶ ᠣᠯᠠᠨ ᠲᠦᠮᠡᠨ ᠤ ᠨᠡᠶᠢᠭᠡᠮ ᠤᠨ ᠠᠪᠤᠷᠠᠨ ᠲᠤᠰᠠᠯᠠᠬᠤ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ᠂ ᠬᠤᠪᠢᠳᠠᠨ ᠬᠦᠢᠴᠡᠳᠭᠡᠵᠦ ᠰᠢᠯᠵᠢᠭᠦᠯᠦᠨ ᠬᠦᠢᠴᠡᠳᠭᠡᠬᠦ ᠵᠢᠴᠢ ᠦᠷ᠎ᠡ ᠳ᠋ᠦᠩ ᠤᠨ ᠬᠠᠷᠢᠭᠤ ᠲᠤᠰᠬᠠᠯ ᠢ ᠰᠠᠶᠢᠲᠤᠷ ᠬᠢᠬᠦ ᠬᠡᠷᠡᠭᠲᠡᠶ᠃ ᠦᠨᠳᠦᠰᠦᠨ ᠱᠠᠲᠤᠨ ᠤ ᠺᠠᠳ᠋ᠷ ᠢ ᠳᠠᠶᠢᠴᠢᠯᠠᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠲᠦᠰᠢᠭᠯᠡᠵᠦ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ ᠠᠪᠤᠷᠠᠨ ᠲᠤᠰᠠᠯᠠᠬᠤ ᠭᠤᠶᠤᠴᠢᠯᠠᠯ ᠢ ᠨᠠᠶᠢᠳᠠᠵᠤ ᠣᠷᠣᠯᠠᠨ ᠬᠦᠢᠴᠳᠭᠡᠬᠦᠯᠬᠦ ᠵᠡᠷᠭᠡ ᠶᠢ ᠰᠠᠶᠢᠲᠤᠷ ᠬᠢᠵᠦ᠂ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ ᠰᠠᠨᠠᠭᠠᠴᠢᠯᠠᠭ᠎ᠠ ᠠᠴᠠ ᠪᠠᠨ ᠬᠠᠪᠰᠤᠷᠬᠤ ᠬᠡᠷᠡᠭᠲᠡᠶ᠃    ᠠᠷᠪᠠᠨ ᠲᠠᠪᠤ᠂ ᠶᠡᠷᠦᠩᠬᠡᠶᠢᠯᠡᠭᠰᠡᠨ ᠦᠢᠯᠡᠴᠢᠯᠡᠭᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ    ᠡᠮᠴᠢᠯᠡᠭᠡ ᠪᠠᠷ ᠠᠪᠤᠷᠠᠨ ᠲᠤᠰᠠᠯᠠᠬᠤ ᠡᠲᠡᠭᠡᠳ ᠤᠨ ᠡᠪᠡᠳᠴᠢᠨ ᠦᠵᠡᠭᠦᠯᠬᠦ ᠠᠵᠢᠯᠯᠠᠭ᠎ᠠ ᠶᠢ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠦᠨᠳᠦᠰᠦᠨ ᠱᠠᠲᠤᠨ ᠳᠤ ᠤᠷᠢᠳᠠᠪᠠᠷ ᠡᠮᠨᠡᠭᠦᠯᠬᠦ ᠶᠢ ᠬᠡᠷᠡᠭᠵᠢᠭᠦᠯᠦᠨ᠂ ᠰᠢᠯᠵᠢᠭᠦᠯᠦᠨ ᠡᠮᠨᠡᠭᠦᠯᠬᠦ ᠶᠢ ᠵᠢᠷᠤᠮᠵᠢᠭᠤᠯᠵᠤ᠂ ᠵᠦᠶ ᠵᠣᠬᠢᠰᠲᠠᠶ ᠪᠠᠷ ᠡᠮᠨᠡᠭᠦᠯᠬᠦ ᠶᠢ ᠠᠬᠢᠭᠤᠯᠬᠤ ᠬᠡᠷᠡᠭᠲᠡᠶ᠃ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮᠴᠢᠯᠡᠭᠡ ᠪᠠᠷ ᠠᠪᠤᠷᠠᠨ ᠲᠤᠰᠠᠯᠠᠬᠤ ᠦᠢᠯᠡᠴᠢᠯᠡᠬᠡᠨ ᠤ ᠠᠭᠤᠯᠭ᠎ᠠ ᠶᠢ ᠲᠡᠭᠦᠯᠳᠡᠷᠵᠢᠭᠦᠯᠵᠦ᠂ ᠦᠢᠯᠡᠴᠢᠯᠡᠬᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠲᠣᠭᠲᠠᠭᠠᠯ ᠶᠣᠰᠣᠭᠠᠷ ᠦᠨᠳᠦᠰᠦᠨ ᠡᠮᠴᠢᠯᠡᠭᠡᠨ ᠤ ᠳᠠᠭᠠᠳᠬᠠᠯ ᠪᠠ ᠡᠮᠴᠢᠯᠡᠭᠡ ᠪᠠᠷ ᠠᠪᠤᠷᠠᠨ ᠲᠤᠰᠠᠯᠠᠬᠤ ᠵᠠᠷᠤᠳᠠᠯ ᠢ ᠳ᠋ᠦᠩᠨᠡᠨ ᠪᠤᠳᠤᠬᠤ ᠶᠢ ᠰᠠᠶᠢᠲᠤᠷ ᠬᠢᠨ᠎ᠡ᠃ ᠣᠨᠣᠰᠢᠯᠠᠨ ᠡᠮᠨᠡᠬᠦ ᠲᠥᠰᠦᠯ ᠢ ᠲᠣᠳᠣᠷᠬᠠᠶᠢᠯᠠᠬᠤ᠂ ᠭᠠᠷᠴᠠᠭ ᠠᠴᠠ ᠭᠠᠳᠠᠨᠠᠬᠢ ᠵᠠᠷᠤᠳᠠᠯ ᠢ ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠵᠦᠶ ᠵᠣᠬᠢᠰᠲᠠᠶ᠂ ᠴᠢᠬᠤᠯᠠ ᠪᠥᠬᠦᠶ ᠡᠮᠴᠢᠯᠡᠭᠡᠨ ᠤ ᠦᠢᠯᠡᠴᠢᠯᠡᠭᠡ ᠬᠠᠩᠭᠠᠯᠭᠠᠵᠤ᠂ ᠵᠦᠶ ᠵᠣᠬᠢᠰ ᠥᠬᠡᠶ ᠡᠮᠴᠢᠯᠡᠭᠡᠨ ᠤ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠨ᠂ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠥᠪᠡᠰᠦᠪᠡᠨ ᠲᠤᠰᠢᠶᠠᠬᠤ ᠵᠠᠷᠤᠳᠠᠯ ᠤᠨ ᠬᠠᠷᠢᠴᠠᠯ ᠢ ᠵᠦᠶ ᠵᠣᠬᠢᠰᠲᠠᠶ ᠡᠵᠡᠮᠳᠡᠵᠦ᠂ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠤᠨ ᠳᠠᠷᠤᠭᠠᠰᠤ ᠶᠢ ᠬᠦᠴᠦᠯᠡᠨ ᠬᠥᠩᠭᠡᠷᠡᠭᠦᠯᠦᠨ᠂ ᠬᠤᠶᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 5 %  ᠠᠴᠠ ᠬᠡᠲᠦᠷᠡᠭᠦᠯᠵᠦ ᠪᠣᠯᠬᠤ ᠥᠬᠡᠶ᠂ ᠭᠤᠷᠪᠠᠳᠤᠭᠠᠷ ᠳᠡᠰ ᠤᠨ ᠡᠮᠴᠢᠯᠡᠭᠡᠨ ᠤ ᠪᠠᠶᠢᠭᠤᠯᠤᠮᠵᠢ ᠶᠢᠨ ᠭᠠᠷᠴᠠᠭ ᠠᠴᠠ ᠭᠠᠳᠠᠨᠠᠬᠢ ᠵᠠᠷᠤᠳᠠᠯ ᠤᠨ ᠬᠠᠷᠢᠴᠠᠯ ᠢ 10 %  ᠠᠴᠠ ᠬᠡᠲᠦᠷᠡᠭᠦᠯᠵᠦ ᠪᠣᠯᠬᠤ ᠥᠬᠡᠶ᠃ ᠦᠨᠳᠦᠰᠦᠨ ᠱᠠᠲᠤᠨ ᠳᠤ ᠠᠩᠬ᠎ᠠ ᠣᠨᠣᠰᠢᠯᠠᠭᠤᠯᠵᠤ ᠡᠮᠨᠡᠯᠭᠡ ᠰᠢᠯᠵᠢᠭᠦᠯᠦᠭᠰᠡᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠡᠶ ᠬᠥᠮᠦᠰ ᠬᠤᠲᠠ ᠶᠢᠨ ᠬᠡᠪᠴᠢᠶᠡᠨ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠰᠠᠭᠤᠵᠤ᠂ ︽ᠤᠷᠢᠳᠠᠪᠠᠷ ᠣᠨᠣᠰᠢᠯᠠᠭᠤᠯᠤᠨ ᠡᠮᠨᠡᠭᠦᠯᠵᠦ ᠳᠠᠷᠠᠭ᠎ᠠ ᠨᠢ ᠰᠦᠢᠳᠬᠡᠯ ᠲᠤᠰᠢᠶᠠᠬᠤ︾  ᠶᠢ ᠬᠡᠷᠡᠭᠵᠢᠭᠦᠯᠵᠦ᠂ ᠲᠡᠭᠦᠨ ᠤ ᠡᠮᠨᠡᠯᠭᠡ ᠳᠤ ᠰᠠᠭᠤᠬᠤ ᠪᠠᠷᠢᠴᠠᠭᠠᠨ ᠤ ᠮᠥᠩᠭᠦ ᠶᠢ ᠪᠥᠬᠦ ᠲᠠᠯ᠎ᠠ ᠪᠠᠷ ᠬᠡᠯᠲᠦᠷᠢᠭᠦᠯᠦᠨ᠎ᠡ᠃ ᠣᠨᠳᠣᠣ ᠭᠠᠵᠠᠷ ᠲᠥᠪᠬᠢᠨᠡᠭᠦᠯᠬᠦ ᠪᠠ ᠣᠨᠳᠣᠣ ᠭᠠᠵᠠᠷ ᠰᠢᠯᠵᠢᠭᠦᠯᠦᠨ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠢ ᠳᠠᠩᠰᠠᠯᠠᠨ ᠲᠡᠮᠳᠡᠭᠯᠡᠬᠦ᠂ ᠡᠮᠨᠡᠭᠦᠯᠦᠭᠰᠡᠨ ᠢ ᠳ᠋ᠦᠩᠨᠡᠨ ᠪᠣᠳᠣᠬᠤ ᠶᠢ ᠰᠠᠶᠢᠲᠤᠷ ᠬᠢᠵᠦ᠂ ᠲᠣᠭᠲᠠᠭᠠᠯ ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠠᠪᠤᠷᠠᠨ ᠲᠤᠰᠠᠯᠠᠬᠤ ᠡᠲᠡᠭᠡᠳ ᠲᠤ ᠡᠷᠦᠬᠡ ᠠᠮᠠ ᠶᠢᠨ ᠪᠠᠶᠢᠭ᠎ᠠ ᠭᠠᠵᠠᠷ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠲᠣᠭᠲᠠᠭᠠᠯ ᠶᠣᠰᠣᠭᠠᠷ ᠰᠢᠯᠵᠢᠭᠦᠯᠦᠨ ᠡᠮᠨᠡᠭᠦᠯᠦᠭᠰᠡᠨ ᠦᠭᠡᠢ ᠠᠪᠤᠷᠠᠨ ᠲᠤᠰᠠᠯᠠᠬᠤ ᠡᠲᠡᠭᠡᠳ ᠤᠨ ᠡᠮᠴᠢᠯᠡᠭᠡᠨ ᠤ ᠵᠠᠷᠤᠳᠠᠯ ᠢ ᠵᠠᠷᠴᠢᠮ ᠳᠡᠭᠡᠷ᠎ᠡ ᠪᠠᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠬᠡᠪᠴᠢᠶᠡᠨ ᠳᠤ ᠣᠷᠣᠭᠤᠯᠬᠤ ᠦᠭᠡᠢ᠃    ᠠᠷᠪᠠᠨ ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ    ᠨᠠᠮ ᠤᠨ ᠬᠤᠷᠢᠶ᠎ᠠ ᠤᠳᠤᠷᠢᠳᠬᠤ᠂ ᠵᠠᠰᠠᠭ ᠤᠨ ᠣᠷᠳᠣᠨ ᠭᠤᠣᠯᠯᠠᠬᠤ᠂ ᠰᠠᠯᠠᠭ᠎ᠠ ᠮᠥᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠣᠯᠴᠠᠬᠤ ᠬᠦᠨᠳᠦ ᠣᠨᠴᠠ ᠶᠡᠭᠡ ᠡᠪᠡᠳᠴᠢᠨ ᠡᠮᠭᠡᠭ ᠤᠨ ᠪᠠᠲᠤᠯᠠᠭ᠎ᠠ ᠶᠢᠨ ᠠᠵᠢᠯ ᠤᠨ ᠲᠣᠭᠲᠠᠴᠠ ᠶᠢ ᠴᠢᠩᠭᠠᠷᠠᠭᠤᠯᠤᠨ᠎ᠠ᠃ ᠬᠦᠴᠢᠷᠳᠡᠯᠲᠡᠶ ᠣᠯᠠᠨ ᠲᠦᠮᠡᠨ ᠤ ᠬᠦᠨᠳᠦ ᠣᠨᠴᠠ ᠶᠡᠭᠡ ᠡᠪᠡᠳᠴᠢᠨ ᠢ ᠡᠮᠴᠢᠯᠡᠭᠡ ᠪᠠᠷ ᠠᠪᠤᠷᠠᠨ ᠲᠤᠰᠠᠯᠠᠬᠤ ᠦᠨᠳᠦᠰᠦᠨ ᠵᠦᠢᠯ ᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠷᠠᠳ ᠤᠨ ᠠᠮᠢᠳᠤᠷᠠᠯ ᠢ ᠴᠢᠩᠭᠠᠳᠬᠠᠨ ᠰᠠᠶᠢᠵᠢᠷᠠᠭᠤᠯᠬᠤ ᠴᠢᠬᠤᠯᠠ ᠬᠦᠢᠴᠡᠳᠬᠡᠯ ᠲᠤᠭ᠎ᠠ ᠪᠣᠯᠭᠠᠵᠤ᠂ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠳᠤ ᠣᠷᠣᠭᠤᠯᠤᠨ᠎ᠠ᠃ ᠡᠮᠴᠢᠯᠡᠭᠡᠨ ᠤ ᠪᠠᠲᠤᠯᠠᠭ᠎ᠠ ᠶᠢᠨ ᠣᠯᠭᠤᠮᠵᠢ ᠶᠢᠨ ᠨᠠᠷᠢᠨ ᠬᠠᠭᠤᠳᠠᠰᠤ ᠶᠢᠨ ᠳᠦᠷᠢᠮ ᠢ ᠨᠠᠶᠢᠳᠠᠪᠤᠷᠢᠵᠢᠭᠤᠯᠬᠤ ᠯᠤᠭ᠎ᠠ ᠤᠶᠠᠯᠳᠤᠭᠤᠯᠤᠨ᠂ ᠡᠮᠴᠢᠯᠡᠭᠡᠨ ᠤ ᠠᠪᠤᠷᠠᠨ ᠲᠤᠰᠠᠯᠠᠬᠤ ᠪᠠᠲᠤᠯᠠᠭ᠎ᠠ ᠶᠢᠨ ᠬᠡᠪᠴᠢᠶ᠎ᠡ ᠶᠢ ᠦᠨᠡᠨᠬᠦ ᠵᠢᠷᠤᠮᠵᠢᠭᠤᠯᠵᠤ᠂ ᠦᠨᠳᠦᠰᠦᠨ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠢᠮᠲᠠᠯᠠᠨ᠂ ᠳᠦᠷᠢᠮ ᠤᠨ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠨ᠎ᠠ᠃ ᠲᠣᠰ ᠲᠥᠰᠦᠯ ᠢ 2023 ᠣᠨ ᠤ 1 ᠰᠠᠷ᠎ᠠ ᠶᠢᠨ 1  ᠤ ᠡᠳᠦᠷ ᠠᠴᠠ ᠡᠬᠢᠯᠡᠨ ᠬᠡᠷᠡᠭᠵᠢᠭᠦᠯᠵᠦ᠂ 2024 ᠣᠨ ᠤ ᠵᠢᠯ ᠤᠨ ᠰᠡᠭᠦᠯᠴᠢ ᠠᠴᠠ ᠡᠮᠦᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠨ ᠦᠨᠡᠯᠡᠨ ᠵᠢᠱᠢᠬᠦ ᠠᠵᠢᠯ ᠢ ᠥᠷᠨᠢᠭᠦᠯᠦᠨ᠂ ᠣᠨᠴᠠ ᠬᠦᠨᠳᠦ ᠡᠪᠡᠳᠴᠢᠨ ᠤ ᠡᠮᠴᠢᠯᠡᠭᠡᠨ ᠤ ᠳᠠᠭᠠᠳᠬᠠᠯ ᠪᠠ ᠠᠪᠤᠷᠠᠨ ᠲᠤᠰᠠᠯᠠᠬᠤ ᠲᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃    ᠠᠷᠪᠠᠨ ᠳᠣᠯᠤᠭ᠎ᠠ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠎ᠠ    ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠦᠷᠢᠨᠰᠢᠭᠦᠯᠵᠦ᠂ ᠡᠮᠴᠢᠯᠡᠭᠡᠨ ᠤ ᠪᠠᠲᠤᠯᠠᠭ᠎ᠠ᠂ ᠨᠡᠶᠢᠭᠡᠮ ᠤᠨ ᠠᠪᠤᠷᠠᠨ ᠲᠤᠰᠠᠯᠠᠯᠲᠠ᠂ ᠡᠮᠴᠢᠯᠡᠭᠡ ᠡᠷᠡᠭᠦᠯ ᠬᠠᠮᠠᠭᠠᠯᠠᠯ ᠤᠨ ᠳᠦᠷᠢᠮ ᠤᠨ ᠲᠥᠷᠥ ᠶᠢᠨ ᠪᠣᠳᠣᠯᠭ᠎ᠠ ᠵᠢᠴᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠤᠳ ᠡᠮ ᠡᠮᠨᠡᠯᠭᠡ ᠶᠢᠨ ᠳᠠᠭᠠᠳᠬᠠᠯ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠦᠷᠢᠮ ᠤᠨ ᠥᠭᠡᠷᠡᠴᠢᠯᠡᠯᠲᠡ ᠪᠣᠯᠤᠨ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠲᠡᠬᠦ ᠡᠲᠡᠭᠡᠳ᠂ ᠣᠨᠴᠠ ᠬᠦᠴᠢᠷᠳᠡᠯᠲᠡᠶ ᠬᠥᠮᠦᠰ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠦᠷᠳᠡᠮᠡᠷ ᠪᠠᠶᠢᠭ᠎ᠠ ᠭᠡᠷ ᠪᠦᠯᠢ ᠶᠢᠨ ᠪᠦᠷᠢᠯᠳᠦᠬᠦᠨ ᠵᠡᠷᠭᠡ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ ᠠᠵᠢᠯ ᠢ ᠰᠠᠶᠢᠲᠤᠷ ᠬᠢᠵᠦ᠂ ᠨᠡᠶᠢᠭᠡᠮ ᠤᠨ ᠠᠪᠤᠷᠠᠨ ᠲᠤᠰᠠᠯᠠᠬᠤ ᠶᠢ ᠵᠣᠯᠭᠠᠭᠤᠯᠬᠤ ᠶᠢ ᠴᠢᠩᠭᠠᠳᠬᠠᠨ᠂ ᠡᠪᠡᠳᠴᠢᠨ ᠠᠴᠠ ᠪᠣᠯᠵᠤ ᠶᠠᠳᠠᠭᠤᠷᠠᠭᠰᠠᠨ ᠬᠦᠨᠳᠦ ᠡᠪᠡᠳᠴᠢᠲᠡᠨ ᠢ ᠮᠠᠭᠠᠳᠯᠠᠨ ᠲᠣᠭᠲᠠᠭᠠᠬᠤ ᠪᠠ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠬᠠᠮᠵᠢᠯᠴᠠᠨ ᠰᠠᠶᠢᠲᠤᠷ ᠬᠢᠵᠦ ᠂ ᠨᠢᠭᠦᠯᠡᠰᠦᠩᠭᠦᠶ ᠶᠢᠨ ᠦᠢᠯᠡᠰ ᠤᠨ ᠬᠥᠭᠵᠢᠯᠲᠡ ᠶᠢ ᠳᠠᠮᠵᠢᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠲᠣᠭᠲᠠᠭᠠᠯ ᠶᠣᠰᠣᠭᠠᠷ ᠪᠠᠯᠠ ᠮᠥᠩᠭᠦ ᠶᠢᠨ ᠳᠡᠮᠵᠢᠯᠭᠡ ᠶᠢ ᠰᠠᠶᠢᠲᠤᠷ ᠬᠢᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠳ ᠡᠮᠴᠢᠯᠡᠭᠡᠨ ᠤ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠴᠢᠩᠭᠠᠷᠠᠭᠤᠯᠵᠤ᠂ ᠣᠨᠣᠰᠢᠯᠠᠨ ᠡᠮᠨᠡᠬᠦ ᠠᠷᠭ᠎ᠠ ᠵᠠᠮ ᠢ ᠵᠢᠷᠤᠮᠵᠢᠭᠤᠯᠤᠨ᠂ ᠱᠠᠲᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ ᠬᠡᠷᠡᠭᠲᠡᠶ᠃ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢ ᠲᠠᠲᠠᠪᠤᠷᠢᠯᠠᠨ ᠲᠤᠰᠢᠶᠠᠬᠤ ᠬᠤᠯᠪᠣᠭᠳᠠᠯ ᠪᠥᠬᠦᠶ ᠠᠵᠢᠯ ᠢ ᠰᠠᠶᠢᠲᠤᠷ ᠬᠢᠵᠦ᠂ ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠥᠴᠢᠷ ᠯᠦᠭᠡ ᠨᠢᠭᠲᠠ ᠬᠠᠮᠵᠢᠯᠴᠠᠨ᠂ ᠡᠮᠴᠢᠯᠡᠭᠡᠨ ᠤ ᠳᠠᠭᠠᠳᠬᠠᠯ ᠢ ᠭᠠᠷᠲᠠᠨ ᠬᠦᠢᠴᠡᠳᠭᠡᠬᠦ ᠪᠠ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠳᠥᠭᠦᠮ ᠳᠥᠲᠡ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠳᠠᠭᠠᠳᠬᠠᠯ ᠤᠨ ᠪᠠᠶᠢᠭᠤᠯᠤᠮᠵᠢ ᠶᠢᠨ ᠬᠦᠨᠳᠦ ᠡᠪᠡᠳᠴᠢᠨ ᠤ ᠳᠠᠭᠠᠳᠬᠠᠯ ᠢ ᠳᠠᠭᠠᠭᠠᠨ ᠡᠷᠬᠢᠯᠡᠬᠦ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠳᠠᠭᠠᠳᠬᠠᠯ ᠤᠨ ᠪᠠᠶᠢᠭᠤᠯᠤᠮᠵᠢ ᠶᠢ ᠬᠥᠲᠥᠯᠥᠨ ᠵᠢᠯᠣᠭᠤᠳᠴᠤ ᠪᠠᠶᠢᠭᠠᠳ ᠬᠦᠴᠢᠷᠳᠡᠯᠲᠡᠶ ᠣᠯᠠᠨ ᠲᠦᠮᠡᠨ ᠳᠤ ᠳᠡᠮᠵᠢᠯᠭᠡ ᠦᠵᠡᠭᠦᠯᠦᠨ᠂ ᠲᠥᠯᠥᠪᠦᠷᠢ ᠥᠭᠬᠦ ᠭᠠᠷᠳᠠᠮ ᠢ ᠳᠥᠭᠦᠮᠴᠢᠯᠡᠵᠦ᠂ ᠰᠠᠭᠠᠳ ᠦᠭᠡᠶ ᠨᠡᠪᠲᠡᠷᠡᠬᠦ ᠵᠠᠮ ᠢ ᠨᠡᠪᠲᠡᠷᠡᠭᠦᠯᠦᠨ᠂ ᠬᠦᠴᠢᠷᠳᠡᠯᠲᠡᠶ ᠣᠯᠠᠨ ᠲᠦᠮᠡᠨ ᠤ ᠣᠯᠭᠤᠮᠵᠢ ᠪᠠᠨ ᠴᠠᠭ ᠲᠤᠬᠠᠶ ᠳᠤᠨᠢ᠂ ᠳᠥᠭᠦᠮ ᠳᠥᠲᠡ ᠬᠦᠷᠲᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠯᠠᠭ᠎ᠠ ᠮᠥᠴᠢᠷ ᠤᠨ ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠰᠠᠨ ᠨᠢ ᠲᠣᠭᠲᠠᠭᠤᠨ ᠪᠤᠰᠤ ᠡᠷᠦᠬᠡ᠂ ᠬᠤᠶᠠᠷ ᠤᠨ ᠬᠤᠭᠤᠷᠣᠨᠳᠣ ᠪᠠᠶᠢᠭ᠎ᠠ ᠠᠮᠠᠷᠬᠠᠨ ᠶᠠᠳᠠᠭᠤᠷᠠᠬᠤ ᠡᠷᠦᠬᠡ ᠪᠣᠯᠤᠨ ᠭᠡᠨᠡᠳᠲᠡ ᠶᠢᠨ ᠪᠠᠶᠢᠳᠠᠯ ᠡᠭᠦᠰᠦᠭᠰᠡᠨ ᠬᠦᠨᠳᠦ ᠨᠣᠴᠢᠲᠠᠶ ᠬᠦᠴᠢᠷᠳᠡᠯᠲᠡᠶ ᠡᠷᠦᠬᠡ ᠵᠡᠷᠭᠡ ᠭᠤᠤᠯᠳᠠᠯᠭ᠎ᠠ ᠲᠠᠢ ᠬᠥᠮᠦᠰ ᠢ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠭᠤᠤᠯᠳᠠᠯᠭ᠎ᠠ ᠲᠠᠢ ᠥᠷᠨᠢᠭᠦᠯᠵᠦ᠂ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠬᠡᠷᠡᠭᠲᠡᠶ᠃ ᠠᠵᠢᠯᠴᠢᠨ ᠤ ᠡᠪᠯᠡᠯ ᠨᠢ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠲᠣᠭᠲᠠᠴᠠ ᠶᠢᠨ  ᠦᠢᠯᠡᠳᠦᠯ ᠢᠶᠠᠨ ᠪᠠᠳᠠᠷᠠᠭᠤᠯᠵᠤ᠂ ᠬᠦᠨᠳᠦ ᠡᠪᠡᠳᠴᠢᠨ ᠳᠤ ᠨᠡᠷᠪᠡᠭᠳᠡᠭᠰᠡᠨ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠠᠵᠢᠯᠲᠠᠨ ᠠᠵᠢᠯᠴᠢᠨ ᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠠᠵᠢᠯᠲᠠᠨ ᠠᠵᠢᠯᠴᠢᠨ ᠤ ᠡᠮᠴᠢᠯᠡᠭᠡᠨ ᠤ ᠬᠠᠷᠢᠯᠴᠠᠨ ᠬᠠᠪᠰᠤᠷᠤᠯᠴᠠᠵᠤ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠳᠡᠮᠵᠢᠬᠦ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ᠂ ᠰᠤᠷᠭᠠᠨ ᠬᠥᠮᠦᠵᠢᠯ᠂ ᠵᠡᠮᠳᠡᠭᠴᠦᠳ ᠤᠨ ᠬᠤᠯᠪᠣᠭ᠎ᠠ ᠵᠡᠷᠭᠡ ᠰᠠᠯᠠᠭ᠎ᠠ ᠮᠥᠴᠢᠷ ᠤᠳ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠯᠦᠭᠡ ᠬᠠᠮᠵᠢᠯᠴᠠᠨ ᠬᠥᠮᠦᠰ ᠤᠨ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠠᠵᠢᠯ ᠢ ᠰᠠᠶᠢᠲᠤᠷ ᠬᠢᠬᠦ ᠬᠡᠷᠡᠭᠲᠡᠶ᠃    ᠠᠷᠪᠠᠨ ᠨᠠᠢᠮᠠ᠂ ᠰᠠᠭᠤᠷᠢ ᠮᠥᠩᠭᠦᠨ ᠤ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠎ᠠ    ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠣᠷᠣᠭᠤᠯᠤᠯᠲᠠ ᠶᠢᠨ ᠪᠠᠲᠤᠯᠠᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠲᠥᠰᠦᠪ ᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠵᠣᠬᠢᠶᠠᠵᠤ᠂ ᠲᠥᠰᠦᠪ ᠤᠨ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠮᠨᠡᠯᠭᠡ ᠶᠢᠨ ᠲᠡᠩᠬᠡᠷᠡᠭᠦᠯᠦᠨ ᠲᠤᠰᠠᠯᠠᠬᠤ ᠰᠠᠭᠤᠷᠢ ᠮᠥᠩᠭᠦ ᠶᠢᠨ ᠠᠶᠤᠯ ᠦᠭᠡᠶ ᠠᠵᠢᠯᠯᠠᠭᠠᠨ ᠢ ᠦᠨᠡᠨᠬᠦ ᠪᠠᠲᠤᠯᠠᠨ᠎ᠠ᠃ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠦᠨᠡᠯᠡᠬᠦ ᠪᠠ ᠦᠷ᠎ᠡ ᠳ᠋ᠦᠩ ᠢ ᠬᠡᠷᠡᠭᠯᠡᠬᠦ ᠶᠢ ᠴᠢᠩᠭᠠᠷᠠᠭᠤᠯᠤᠨ᠂ ᠠᠪᠤᠷᠠᠨ ᠲᠤᠰᠠᠯᠠᠬᠤ ᠰᠠᠭᠤᠷᠢ ᠮᠥᠩᠭᠦ ᠶᠢᠨ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃    ᠠᠷᠪᠠ ᠶᠢᠰᠦ᠂ ᠦᠨᠳᠦᠰᠦᠨ ᠱᠠᠲᠤᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ    ᠦᠨᠳᠦᠰᠦᠨ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠭᠠᠷᠲᠠᠨ ᠬᠦᠢᠴᠡᠳᠭᠡᠬᠦ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠡᠮᠴᠢᠯᠡᠭᠡᠨ ᠤ ᠪᠠᠲᠤᠯᠠᠭ᠎ᠠ ᠶᠢᠨ ᠣᠯᠠᠨ ᠨᠡᠶᠢᠲᠡ ᠶᠢᠨ ᠦᠢᠯᠡᠴᠢᠯᠡᠬᠡᠨ ᠤ ᠬᠡᠷᠡᠭᠴᠡᠭᠡ ᠱᠠᠭᠠᠷᠳᠠᠯᠭ᠎ᠠ ᠪᠠ ᠦᠢᠯᠡᠴᠢᠯᠡᠬᠡᠨ ᠤ ᠴᠢᠳᠠᠪᠤᠷᠢ ᠶᠢᠨ ᠲᠣᠬᠢᠷᠠᠭᠤᠯᠤᠯᠲᠠ ᠶᠢ ᠨᠢᠭᠡᠳᠦᠯᠲᠡᠶ ᠲᠥᠯᠥᠪᠯᠡᠨ᠂ ᠵᠣᠬᠢᠬᠤ ᠪᠠᠲᠤᠯᠠᠭ᠎ᠠ ᠶᠢ ᠰᠠᠶᠢᠲᠤᠷ ᠬᠢᠬᠦ ᠬᠡᠷᠡᠭᠲᠡᠶ᠃ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶  ᠢ ᠬᠠᠮᠤᠷᠤᠭᠰᠠᠨ ᠡᠮᠴᠢᠯᠡᠭᠡᠨ ᠤ ᠪᠠᠲᠤᠯᠠᠭ᠎ᠠ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠪᠠᠶᠢᠭᠤᠯᠤᠨ᠎ᠠ᠃ ᠨᠡᠶᠢᠭᠡᠮ ᠤᠨ ᠬᠦᠴᠦᠨ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ ᠭᠠᠷᠲᠠᠨ ᠬᠦᠢᠴᠡᠳᠭᠡᠬᠦ ᠦᠢᠯᠡᠴᠢᠯᠡᠭᠡ ᠳᠤ ᠣᠷᠣᠯᠴᠠᠭᠤᠯᠵᠤ᠂ ᠡᠮᠴᠢᠯᠡᠭᠡ ᠪᠠᠷ ᠠᠪᠤᠷᠠᠨ ᠲᠤᠰᠠᠯᠠᠬᠤ ᠶᠢ ᠭᠠᠷᠲᠠᠨ ᠬᠦᠢᠴᠡᠳᠭᠡᠬᠦ ᠦᠢᠯᠡᠴᠢᠯᠡᠭᠡ ᠶᠢ ᠦᠨᠳᠦᠰᠦᠨ ᠱᠠᠲᠤᠨ ᠳᠤ ᠪᠠᠭᠤᠯᠭᠠᠬᠤ ᠶᠢ ᠶᠡᠬᠡᠪᠡᠷ ᠠᠬᠢᠭᠤᠯᠤᠨ᠂ ᠮᠡᠳᠡᠭᠡ ᠵᠠᠩᠭᠢᠵᠢᠯᠲᠠ ᠪᠠ ᠭᠠᠷᠲᠠᠨ ᠬᠦᠢᠴᠡᠳᠭᠡᠬᠦ ᠦᠢᠯᠡᠴᠢᠯᠡᠬᠡᠨ ᠤ ᠬᠢᠷᠢ ᠬᠡᠮᠵᠢᠶ᠎ᠡ ᠶᠢ ᠭᠤᠤᠯᠳᠠᠯᠭ᠎ᠠ ᠲᠠᠢ ᠳᠡᠭᠡᠭᠰᠢᠯᠡᠭᠦᠯᠬᠦ ᠬᠡᠷᠡᠭᠲᠡᠶ᠃ ᠡᠮᠴᠢᠯᠡᠭᠡ ᠪᠠᠷ ᠠᠪᠤᠷᠠᠨ ᠲᠤᠰᠠᠯᠠᠬᠤ ᠲᠥᠷᠥ ᠶᠢᠨ ᠪᠣᠳᠣᠯᠭ᠎ᠠ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠶᠡᠷᠦᠩᠬᠡᠶᠢᠯᠡᠭᠰᠡᠨ ᠬᠡᠪ ᠴᠢᠨᠠᠷ ᠢᠶᠠᠷ ᠥᠨᠳᠥᠷ᠂ ᠠᠵᠢᠯ ᠤᠨ ᠰᠤᠷᠲᠠᠯ ᠢᠶᠠᠷ ᠰᠠᠶᠢᠨ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠷ ᠴᠢᠩᠭ᠎ᠠ ᠦᠨᠳᠦᠰᠦᠨ ᠱᠠᠲᠤᠨ ᠤ ᠭᠠᠷᠲᠠᠨ  ᠬᠦᠢᠴᠡᠳᠭᠡᠬᠦ ᠡᠩᠨᠡᠭᠡ ᠶᠢ ᠴᠢᠷᠮᠠᠶᠢᠨ ᠪᠠᠶᠢᠭᠤᠯᠤᠨ᠎ᠠ᠃    ᠬᠤᠷᠢ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ  ᠴᠢᠩᠭᠠᠳᠬᠠᠨ᠎ᠠ    ᠮᠡᠳᠡᠭᠡ ᠵᠠᠩᠭᠢ ᠶᠢ ᠢᠯᠡ ᠪᠣᠯᠭᠠᠬᠤ ᠪᠠ ᠰᠣᠨᠢᠨ ᠮᠡᠳᠡᠭᠡ ᠨᠡᠶᠢᠲᠡᠯᠡᠬᠦ ᠠᠵᠢᠯ ᠢ ᠰᠠᠶᠢᠲᠤᠷ ᠬᠢᠵᠦ᠂ ᠨᠠᠶᠢᠳᠠᠪᠣᠷᠢᠳᠠᠢ ᠮᠡᠳᠡᠭᠡ ᠵᠠᠩᠭᠢ ᠶᠢ ᠣᠨᠣᠪᠴᠢᠲᠠᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠭᠦᠨ᠎ᠡ᠃ ᠣᠯᠠᠨ ᠵᠦᠢᠯ ᠤᠨ ᠬᠡᠯᠪᠡᠷᠢ ᠪᠦᠬᠦᠢ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠮᠡᠳᠡᠬᠦ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号