ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ ᠠᠯᠠᠱᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠣᠨ᠎ᠠ
ᠨᠡᠶᠢᠲᠡᠯᠡᠭᠰᠡᠨ ᠴᠠᠭ᠄
2023/3/22
    —— ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦᠶ ᠷᠦᠢ ᠶᠢ ᠰᠤᠷᠪᠤᠯᠵᠢᠯᠠᠭᠰᠠᠨ ᠨᠢ     ᠣᠶᠢᠷ᠎ᠠ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠨᠠᠮ ᠤᠨ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠯᠢᠦᠶ ᠷᠦᠢ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃ ᠲᠡᠷᠡ᠂ ᠠᠶᠢᠮᠠᠭ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠲᠣᠭᠤᠷᠢᠨ ᠳᠤ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠭᠡ ᠪᠠᠷ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠠᠬᠢᠭᠤᠯᠤᠨ ᠪᠣᠳᠠᠲᠠᠶᠢᠵᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠤ᠂ ᠠᠯᠠᠱᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ ᠭᠡᠪᠡ᠃     ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠤᠨ ᠭᠤᠣᠯᠳᠠᠯᠭ᠎ᠠ ᠶᠢᠨ ᠲᠤᠬᠠᠢ ᠯᠢᠦᠶ ᠷᠦᠢ ᠢᠩᠬᠢᠵᠦ ᠬᠡᠯᠡᠪᠡ᠃ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ ᠳᠡᠭᠦᠯᠳᠡᠷᠵᠢᠬᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠣᠨ᠂ ᠮᠠᠨ ᠤ ᠠᠶᠢᠮᠠᠭ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠵᠦᠶ ᠵᠣᠬᠢᠰᠲᠠᠶ ᠪᠠᠶᠢᠷᠢᠰᠢᠭᠤᠯᠵᠦ᠂ ᠬᠡᠰᠡᠭ ᠬᠦᠷᠢᠶᠡᠨ ᠤ ᠮᠡᠷᠭᠡᠵᠢᠯ ᠤᠨ ᠰᠤᠳᠤᠯᠤᠯ ᠢ ᠭᠤᠣᠯᠳᠠᠯᠭ᠎ᠠ ᠲᠠᠢ ᠰᠢᠪᠳᠣᠯᠣᠨ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢ ᠰᠠᠶᠢᠲᠤᠷ ᠪᠠᠶᠢᠭᠤᠯᠵᠤ ᠰᠠᠶᠢᠲᠤᠷ ᠭᠡᠷᠡᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠳᠬᠠᠨ᠂ ᠵᠠᠩᠭᠢᠯᠠᠭ᠎ᠠ ᠶᠢᠨ ᠮᠡᠷᠭᠡᠵᠢᠯ ᠤᠨ ᠪᠡᠷᠬᠡ ᠰᠡᠳᠦᠪ ᠢ ᠰᠢᠢᠳᠪᠦᠷᠢᠯᠡᠬᠦ ᠪᠠ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ᠂ ᠰᠢᠨ᠎ᠡ ᠶᠢ ᠡᠭᠦᠳᠬᠦ ᠡᠬᠢ ᠪᠠᠶᠠᠯᠢᠭ ᠢ ᠴᠤᠭᠯᠠᠷᠠᠭᠤᠯᠬᠤ ᠶᠢ ᠳᠦᠷᠭᠡᠳᠬᠡᠨ᠂ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠬᠦᠯᠦᠨ᠂ ᠰᠢᠨ᠎ᠡ ᠶᠢ ᠡᠭᠦᠳᠬᠦ ᠣᠷᠴᠢᠨ ᠨᠥᠬᠦᠴᠡᠯ ᠢ ᠰᠢᠯᠢᠳᠡᠭᠵᠢᠬᠦᠯᠦᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠮᠠᠶ᠋ᠢᠭ ᠤᠨ ᠠᠵᠤ ᠦᠢᠯᠡᠰ ᠤᠨ ᠳᠤᠮᠳᠠ᠂ ᠭᠤᠤᠯᠳᠠᠯᠭ᠎ᠠ ᠶᠢ ᠳᠣᠪᠤᠶᠢᠯᠭᠠᠬᠤ᠂ ᠣᠨᠣᠪᠴᠢᠳᠠᠢ ᠪᠠᠷ ᠬᠦᠴᠦᠯᠡᠬᠦ᠂ ᠬᠠᠮᠤᠭ ᠤᠨ ᠶᠡᠭᠡ ᠲᠦᠯᠬᠢᠴᠡ ᠲᠠᠢ ᠪᠠᠶᠢᠯᠭᠠᠵᠦ᠂ ᠲᠣᠭᠲᠠᠴᠠ᠂ ᠰᠢᠯᠢᠳᠡᠭ ᠪᠠᠶᠢᠷᠢᠯᠠᠭᠤᠯᠤᠯᠲᠠ᠂ ᠲᠠᠪᠴᠠᠩ ᠪᠠᠶᠢᠭᠤᠯᠬᠤ᠂ ᠴᠢᠳᠠᠪᠤᠷᠢᠲᠠᠨ ᠢ ᠴᠤᠭᠯᠠᠭᠤᠯᠬᠤ᠂ ᠠᠭᠤᠰᠤᠯᠴᠠᠯ ᠢ ᠠᠬᠢᠭᠤᠯᠬᠤ ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠲᠠᠢ ᠪᠣᠯᠵᠦ᠂ ᠮᠠᠨ ᠤ ᠠᠶᠢᠮᠠᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃     ᠯᠢᠦᠶ ᠷᠦᠢ᠂ ᠡᠨᠡ ᠵᠢᠯ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ︽︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠲᠤᠬᠠᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾  ᠢ ᠨᠠᠷᠢᠨ ᠬᠢᠨᠠᠮᠠᠭᠠᠶ ᠳᠣᠣᠱᠯᠠᠭᠤᠯᠣᠨ ᠨᠠᠶᠢᠳᠠᠪᠤᠷᠢᠵᠢᠭᠤᠯᠵᠤ᠂ ︽ᠠᠯᠠᠱᠠ ᠠᠶᠢᠮᠠᠭ ᠤᠨ ︿ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ﹀ ᠠᠵᠢᠯᠯᠠᠭ᠎ᠠ ᠶᠢ ᠲᠦᠷᠭᠡᠳᠬᠡᠨ ᠠᠬᠢᠭᠤᠯᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠳᠡᠮᠵᠢᠬᠦ ᠠᠷᠭ᠎ᠠ ᠬᠡᠮᠵᠢᠶ᠎ᠡ ᠨᠦᠭᠦᠳ︾  ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ ᠠᠰᠢᠭ ᠭᠥᠷᠳᠡᠬᠦ ᠶᠢ ᠠᠬᠢᠭᠤᠯᠵᠤ᠂ ᠡᠳ᠋ ᠤᠨ ᠵᠠᠰᠠᠭ ᠤᠨ ᠵᠠᠪᠠᠯ ᠬᠦᠢᠴᠡᠳᠭᠡᠬᠦ ᠴᠢᠨᠠᠷᠲᠠᠶ ᠣᠷᠣᠭᠤᠯᠤᠯᠲᠠ ᠶᠢᠨ ᠬᠠᠷᠢᠴᠠᠯ ᠢ ᠵᠢᠯ ᠳᠠᠷᠠᠭᠠᠯᠠᠨ ᠨᠡᠮᠡᠭᠳᠡᠭᠦᠯᠵᠦ᠂ ᠪᠥᠬᠦ ᠨᠡᠶᠢᠭᠡᠮ ᠤᠨ ᠰᠤᠳᠤᠯᠭᠠᠨ ᠪᠠ ᠲᠤᠷᠰᠢᠯᠲᠠ ᠬᠥᠭᠵᠢᠯᠲᠡ ᠶᠢᠨ ᠵᠠᠷᠤᠳᠠᠯ ᠤᠨ ᠣᠷᠣᠭᠤᠯᠤᠯᠲᠠ ᠶᠢᠨ ᠡᠷᠴᠢᠮ ᠢ 0 . 38 %  ᠳᠤ ᠬᠦᠷᠭᠡᠬᠦ ᠪᠠᠷ ᠴᠢᠷᠮᠠᠶᠢᠨ᠎ᠠ᠃ ᠰᠢᠨ᠎ᠡ ᠶᠢ ᠡᠭᠦᠳᠬᠦ ᠲᠣᠭᠲᠠᠴᠠ ᠶᠢ ᠲᠦᠷᠬᠡᠨ ᠪᠠᠶᠢᠭᠤᠯᠵᠤ᠂ ︽ᠲᠢᠩᠬᠢᠮ ᠠᠶᠢᠮᠠᠭ ᠬᠠᠮᠲᠤᠷᠠᠨ ᠵᠥᠪᠳᠡᠯᠴᠡᠬᠦ︾ ᠲᠣᠭᠲᠠᠴᠠ ᠶᠢ ᠪᠠᠶᠢᠭᠤᠯᠬᠤ ᠪᠠᠷ ᠶᠡᠷᠦᠩᠬᠡᠶᠢᠯᠡᠨ ᠵᠢᠯᠣᠭᠤᠳᠣᠭᠤᠯᠵᠤ᠂ 4 + 8 + N ᠬᠠᠮᠲᠤᠷᠠᠯᠴᠠᠭᠠᠨ ᠤ ᠵᠠᠭᠪᠤᠷ ᠢ ᠨᠠᠶᠢᠳᠠᠪᠤᠷᠢᠵᠢᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠶ ᠮᠡᠷᠭᠡᠵᠢᠯᠲᠡᠨ ᠵᠥᠪᠯᠡᠭᠴᠢ ᠶᠢᠨ ︽ᠳᠡᠭᠡᠳᠦ ᠲᠠᠰ ᠤᠨ ᠣᠶᠤᠨ ᠤ ᠬᠥᠮᠥᠷᠭᠡ︾ ᠶᠢᠨ ᠦᠢᠯᠡᠳᠦᠯ ᠢ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ 40  ᠠᠴᠠ 50 ᠨᠡᠷᠡᠰ ᠣᠨᠴᠠ ᠳᠣᠮᠢᠯᠠᠭᠳᠠᠭᠴᠢ ᠶᠢ ᠰᠣᠩᠭᠤᠨ ᠲᠣᠮᠢᠯᠠᠵᠤ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠭᠦᠯᠬᠦ ᠳᠤ ᠲᠦᠢᠯ ᠤᠨ ᠣᠨᠣᠪᠴᠢᠲᠠᠶ ᠦᠢᠯᠡᠴᠢᠯᠡᠬᠦᠯᠵᠦ᠂ ᠮᠡᠷᠭᠡᠵᠢᠯ᠂ ᠦᠷ᠎ᠡ ᠪᠦᠲᠦᠭᠡᠯ᠂ ᠴᠢᠳᠠᠪᠤᠷᠢᠲᠠᠨ ᠵᠡᠷᠭᠡ ᠲᠠᠯ᠎ᠠ ᠶᠢᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠂ ᠠᠵᠤ ᠠᠬᠤᠶᠢᠯᠠᠯ ᠢ ᠬᠥᠲᠥᠯᠦᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠵᠠᠷᠯᠠᠯ ᠨᠡᠶᠢᠲᠡᠯᠡᠨ ᠮᠠᠩᠯᠠᠶᠢᠯᠠᠭᠤᠯᠬᠤ︾ ︽ᠮᠣᠷᠢᠨ ᠤᠷᠤᠯᠳᠤᠭᠠᠨ ᠤ ᠲᠦᠷᠢᠮ︾ ᠵᠡᠷᠭᠡ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠳᠤ ᠣᠷᠣᠯᠴᠠᠭᠤᠯᠬᠤ ᠪᠠᠷ ᠢᠳᠡᠪᠬᠢᠲᠡᠶ ᠴᠢᠷᠮᠠᠶᠢᠨ᠎ᠠ᠃    ᠠᠯᠠᠱᠠ ᠳᠡᠭᠡᠳᠦ ᠰᠢᠨ᠎ᠡ ᠮᠡᠷᠭᠡᠵᠢᠯ ᠤᠨ ᠣᠷᠣᠨ ᠢ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠣᠷᠣᠨ ᠪᠣᠯᠭᠠᠨ ᠲᠠᠰ ᠳᠡᠪᠰᠢᠭᠦᠯᠬᠦ ᠠᠵᠢᠯ ᠢ ᠬᠦᠴᠦᠲᠡᠶ ᠠᠬᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠤᠨ ︽ᠬᠤᠤᠰ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ 2023 ᠣᠨ ᠤ ᠡᠴᠦᠰ ᠪᠣᠯᠲᠠᠯ᠎ᠠ ᠪᠥᠬᠦ ᠠᠶᠢᠮᠠᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 46  ᠳᠤ ᠬᠦᠷᠦᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 33  ᠳᠤ ᠬᠦᠷᠦᠭᠦᠯᠵᠦ᠂ ᠠᠯᠠᠱᠠ ᠠᠶᠢᠮᠠᠭ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠳᠡᠭᠡᠳᠦ ᠰᠢᠨ᠎ᠡ ᠮᠡᠷᠭᠡᠵᠢᠯ ᠤᠨ ᠪᠣᠶᠢᠵᠢᠭᠤᠯᠬᠤ ᠬᠦᠷᠢᠶᠡᠯᠡᠩ ᠢ ︽ᠤᠯᠤᠰ ᠤᠨ ᠨᠠᠷᠠᠲᠤ︾ ᠲᠠᠪᠴᠠᠩ ᠪᠣᠯᠭᠠᠨ ᠲᠠᠰ ᠳᠡᠪᠰᠢᠭᠦᠯᠬᠦ ᠪᠠᠷ ᠴᠢᠷᠮᠠᠶᠢᠬᠤ ᠶᠢᠨ ᠬᠠᠮᠲᠤ᠂ ᠠᠯᠠᠱᠠ ᠶᠢᠨ ᠠᠮᠢ ᠠᠬᠤᠶ ᠡᠯᠡᠰᠦᠨ ᠤ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ︽ᠣᠷᠣᠨ ᠪᠦᠰᠡ ᠶᠢ ᠬᠤᠯᠪᠣᠭᠰᠠᠨ ᠠᠵᠦ ᠠᠬᠤᠢ︾ ᠶᠢᠨ ᠰᠤᠳᠤᠯᠤᠨ ᠨᠡᠭᠡᠭᠡᠬᠦ ᠲᠥᠪ ᠢ ᠰᠦᠪᠡᠭᠴᠢᠯᠡᠨ ᠪᠠᠶᠢᠭᠤᠯᠵᠤ᠂ ᠮᠠᠨ ᠤ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠣᠷᠢ ᠪᠠ ᠳᠦᠪᠰᠢᠨ ᠢ ᠳᠡᠭᠡᠭᠰᠢᠯᠡᠬᠦᠯᠦᠨ᠎ᠡ᠃     ᠡᠭᠦᠨ ᠤ ᠬᠠᠮᠲᠤ᠂ ᠪᠢᠳᠡ ᠪᠠᠰᠠ ︽ᠬᠤᠤᠰ ᠬᠡᠯᠬᠢᠶ᠎ᠡ︾ ᠶᠢᠨ ᠠᠭᠤᠰᠤᠯᠴᠠᠯ ᠢ ᠢᠳᠡᠪᠬᠢᠲᠡᠶ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠬᠥᠳᠡᠯᠭᠡᠬᠦ ᠬᠦᠴᠦᠨ︾ ᠢ ᠬᠥᠭᠵᠢᠭᠡᠨ᠎ᠡ᠃ ᠥᠨᠥ ᠵᠢᠯ᠂ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠣᠳᠣᠬᠢᠴᠢᠯᠠᠭᠰᠠᠨ ᠠᠵᠢᠯᠴᠢᠨ ᠤ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠂ ᠰᠢᠨ᠎ᠡ ᠡᠨᠧᠷᠭᠢ ᠶᠢᠨ ᠬᠠᠳᠠᠭᠠᠯᠠᠯᠲᠠ᠂ ᠴᠡᠪᠡᠷ ᠡᠨᠧᠷᠭᠢ ᠶᠢ ᠬᠤᠪᠢᠷᠠᠭᠤᠯᠬᠤ ᠵᠡᠷᠭᠡ ᠲᠠᠯ᠎ᠠ ᠶᠢᠨ ᠮᠡᠷᠭᠡᠵᠢᠯ ᠪᠠ ᠴᠠᠭᠠᠨ ᠭᠤᠶᠣᠣ ᠵᠡᠷᠭᠡ ᠡᠯᠡᠰᠦᠨ ᠤᠷᠭᠤᠮᠠᠯ ᠤᠨ ᠥᠨᠳᠥᠷ ᠨᠡᠮᠡᠯᠲᠡ ᠥᠷᠲᠡᠭᠲᠦ ᠴᠢᠳᠠᠮᠵᠢᠲᠤ ᠦᠢᠯᠡᠳᠬᠦᠨ ᠢ ᠨᠡᠭᠡᠭᠡᠨ ᠬᠥᠭᠵᠢᠭᠦᠯᠬᠦ ᠵᠡᠷᠭᠡ ᠵᠠᠩᠭᠢᠯᠠᠭ᠎ᠠ ᠶᠢᠨ ᠮᠡᠷᠭᠡᠵᠢᠯ ᠢ ᠭᠤᠣᠯᠳᠠᠯᠭ᠎ᠠ ᠲᠠᠢ ᠰᠢᠪᠳᠣᠯᠣᠨ᠂ ᠲᠡᠮᠡᠭᠡᠨ ᠤ ᠬᠡᠷᠡᠭᠰᠡᠬᠦ ᠰᠢᠮ᠎ᠡ ᠲᠡᠵᠢᠭᠡᠯ ᠤᠨ ᠪᠦᠷᠢᠯᠳᠦᠬᠦᠨ ᠤ ᠪᠠᠷᠢᠮᠵᠢᠶ᠎ᠠ ᠶᠢᠨ ᠰᠤᠳᠤᠯᠭᠠᠨ ᠢ ᠭᠡᠷᠡᠭᠵᠢᠬᠦᠯᠵᠦ᠂ ᠣᠷᠣᠭᠤᠯᠤᠨ ᠠᠪᠴᠢᠷᠠᠭᠰᠠᠨ ᠮᠢᠬᠠᠨ ᠤ ᠦᠬᠡᠷ ᠤᠨ ᠰᠢᠨ᠎ᠡ ᠡᠭᠦᠯᠳᠡᠷ ᠤᠨ ᠬᠦᠪᠦᠷᠡᠯ ᠰᠢᠯᠵᠢᠭᠦᠯᠦᠨ ᠤᠷᠭᠤᠭᠤᠯᠬᠤ ᠮᠡᠷᠭᠡᠵᠢᠯ ᠤᠨ ᠲᠤᠷᠰᠢᠯᠲᠠ ᠶᠢᠨ ᠵᠢᠱᠢᠶ᠎ᠡ ᠦᠵᠡᠭᠦᠯᠦᠨ ᠳᠡᠯᠭᠡᠷᠡᠭᠦᠯᠬᠦ ᠪᠠ ᠠᠯᠠᠱᠠ ᠬᠤᠤᠰ ᠪᠥᠬᠦᠲᠦ ᠲᠡᠮᠡᠭᠡ ᠂ ᠴᠠᠭᠠᠨ ᠨᠣᠯᠣᠣᠷᠳᠣ ᠢᠮᠠᠭ᠎ᠠ᠂ ᠪᠠᠭ᠎ᠠ ᠦᠬᠡᠷ ᠤᠨ ︵ᠮᠣᠩᠭᠤᠯ ᠦᠬᠡᠷ ᠤᠨ︶ ᠦᠷ᠎ᠡ ᠶᠢᠨ ᠡᠬᠢ ᠪᠠᠶᠠᠯᠢᠭ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠦ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠲᠣᠭᠤᠷᠢᠨ ᠳᠤ ᠵᠣᠬᠢᠴᠠᠩᠭᠤᠢ ᠠᠮᠢ ᠠᠬᠤᠢ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠰᠡᠷᠭᠦᠭᠡᠬᠦ ᠮᠡᠷᠭᠡᠵᠢᠯ ᠤᠨ ᠰᠤᠳᠤᠯᠭᠠᠨ ᠢ ᠦᠷᠨᠢᠬᠦᠯᠵᠦ᠂ ︽0 ᠠᠴᠠ 1 ᠬᠦᠷᠬᠦ︾ ᠠᠩᠬᠠᠨ ᠤ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠪᠡᠶᠡᠯᠡᠭᠦᠯᠦᠨ᠎ᠡ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠢᠨ᠎ᠡ ᠵᠠᠭᠪᠤᠷ ᠢ ᠪᠠᠶᠢᠭᠤᠯᠵᠤ᠂ ᠠᠶᠢᠮᠠᠭ ᠤᠨ ᠳᠣᠲᠣᠨ᠎ᠠ ᠭᠠᠳᠠᠨᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠪᠠᠶᠢᠭᠤᠯᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠬᠤᠰᠢᠭᠤ ︵ᠣᠷᠣᠨ︶  ᠶᠢᠨ ᠬᠡᠷᠡᠭᠯᠡᠭᠡᠨ ᠤ ᠮᠡᠷᠭᠡᠵᠢᠯ ᠢ ᠰᠤᠳᠤᠯᠤᠨ ᠨᠡᠭᠡᠭᠡᠬᠦ ᠰᠢᠨ᠎ᠡ ᠶᠢ ᠡᠭᠦᠳᠬᠦ ᠴᠢᠳᠠᠪᠤᠷᠢ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠮᠡᠷᠭᠡᠵᠢᠯ ᠤᠨ ᠭᠡᠷ᠎ᠡ ᠶᠢ ᠮᠠᠭᠠᠳᠯᠠᠨ ᠲᠣᠭᠲᠠᠭᠠᠵᠤ ᠳᠡᠩᠰᠡᠯᠡᠨ ᠲᠡᠮᠳᠡᠭᠯᠡᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠩᠰᠡᠯᠡᠨ ᠲᠡᠮᠳᠡᠭᠯᠡᠬᠦ ᠠᠵᠢᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠳᠤ ᠨᠡᠷ᠎ᠡ ᠳᠣᠷᠠᠳᠣᠭᠳᠠᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠶᠢ ᠠᠬᠢᠭᠤᠯᠬᠤ ᠳᠤ ᠰᠠᠭᠤᠷᠢ ᠶᠢ ᠰᠠᠶᠢᠲᠤᠷ ᠲᠠᠯᠪᠢᠨ᠎ᠠ ᠭᠡᠪᠡ᠃
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号