ᠰᠦᠨ ᠱᠤᠤ ᠴᠧᠩ ᠬᠠᠳᠤᠨ ᠭᠤᠣᠯ ᠤᠨ ᠦᠪᠤᠷ ᠮᠤᠩᠭᠤᠯ ᠳᠠᠬᠢ ᠭᠡᠰᠡᠭ ᠤᠨ ᠶᠡᠭᠡ ᠬᠠᠮᠠᠭᠠᠯᠠᠯᠳᠠ ᠶᠡᠭᠡ ᠵᠠᠰᠠᠯᠳᠠ ᠶᠢᠨ ᠪᠠᠶᠢᠳᠠᠯ ᠢ ︽ᠡᠬᠢᠨ︾ ᠠᠴᠠ ᠨᠢ ︽ᠠᠳᠠᠭ︾ ᠲᠤᠨᠢ ᠲᠤᠯᠳᠠᠯ᠎ᠠ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/3/27
    3 ᠰᠠᠷ᠎ᠠ ᠶᠢᠨ 20 ᠠᠴᠠ 25 ᠤ ᠡᠳᠦᠷ ᠪᠣᠯᠲᠠᠯ᠎ᠠ᠂ ︽ᠳᠡᠯᠡᠬᠡᠶ ᠶᠢᠨ ᠤᠰᠤᠨ ᠤ ᠡᠳᠦᠷ︾ ᠪᠣᠯᠤᠨ ︽ᠳᠤᠮᠳᠠᠳᠤ ᠤᠯᠤᠰ ᠤᠨ ᠤᠰᠤᠨ ᠤ ᠭᠠᠷᠠᠭ︾ ᠬᠦᠷᠴᠦ ᠢᠷᠡᠬᠦ ᠲᠠᠰᠢᠷᠠᠮ ᠢᠶᠠᠷ᠂ ᠰᠦᠨ ᠱᠤᠤ ᠴᠧᠩ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠤᠨ ᠣᠷᠣᠵᠤ ᠢᠷᠡᠬᠦ ᠬᠠᠶᠢᠨᠠᠨ ᠲᠤᠭᠤᠷᠢᠭ ᠤᠨ ᠲᠤᠰᠤᠳᠤ ᠭᠤᠤᠯ ᠠᠴᠠ ᠮᠣᠷᠳᠠᠵᠤ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ᠤᠷᠤᠰᠴᠤ ᠭᠠᠷᠬᠤ ᠵᠠᠮ ᠤᠨ ᠵᠡᠭᠦᠨᠭᠠᠷ ᠬᠤᠰᠢᠭᠤᠨ ᠤ ᠯᠦᠩᠺᠸᠦ ᠪᠠᠯᠭᠠᠰᠤ ᠶᠢᠨ ᠥᠪᠥᠷ ᠮᠣᠩᠭᠤᠯ ᠱᠠᠨ ᠰᠢ ᠱᠠᠨᠰᠢ ᠭᠤᠷᠪᠠᠨ ᠮᠤᠵᠢ ᠣᠷᠣᠨ ᠤ ᠠᠭᠤᠯᠵᠠᠷ ᠲᠤ ᠬᠦᠷᠴᠦ᠂ ᠵᠡᠭᠦᠨ ᠪᠠᠷᠠᠭᠤᠨ ᠡᠷᠭᠢ ᠶᠢᠨ 5 ᠬᠤᠲᠠ ᠶᠢᠨ 10 ᠬᠤᠰᠢᠭᠤ ᠰᠢᠶᠠᠨ ᠲᠣᠭᠤᠷᠢᠭ ᠲᠤ ᠭᠦᠨᠵᠡᠭᠡᠶᠢᠷᠡᠨ᠂ ᠶᠠᠷᠢᠯᠴᠠᠬᠤ ᠬᠤᠷᠠᠯ ᠬᠢᠬᠦ ᠥᠬᠡᠶ᠂ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠥᠬᠡᠶ ᠪᠠᠷ ᠲᠤᠬᠠᠢ ᠶᠢᠨ ᠭᠠᠵᠠᠷ ᠲᠤᠨᠢ ᠠᠮᠢ ᠠᠬᠤᠶ ᠶᠢ ᠪᠠᠶᠢᠴᠠᠭᠠᠵᠤ᠂ ᠤᠰᠤ ᠠᠷᠪᠢᠯᠠᠬᠤ ᠶᠢ ᠦᠵᠡᠵᠦ᠂ ᠲᠠᠷᠢᠶᠠᠴᠢᠨ ᠡᠷᠦᠬᠡ ᠪᠠᠷ ᠠᠶᠢᠯᠴᠢᠯᠠᠨ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃     ᠰᠦᠨ ᠱᠤᠤ ᠴᠧᠩ ᠵᠠᠮ ᠳᠠᠭᠠᠤ ᠬᠠᠲᠤᠨ ᠭᠤᠣᠯ ᠤᠨ ᠡᠷᠭᠢ ᠬᠠᠮᠠᠭᠠᠯᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠪᠣᠯᠤᠨ ᠬᠦᠨᠳᠠᠢ᠂ ᠭᠤᠣᠯ ᠤᠨ ᠬᠡᠪᠡᠯᠢ᠂ ᠵᠢᠵᠢᠭ ᠰᠠᠪᠠ ᠭᠠᠵᠠᠷ ᠤᠨ ᠵᠠᠰᠠᠯᠲᠠ ᠵᠢᠴᠢ ᠰᠦᠩ ᠬᠠᠯᠢᠶ᠎ᠠ ᠦᠶᠡᠷ ᠢ ᠰᠡᠷᠭᠡᠶᠢᠯᠡᠬᠦ᠂ ᠤᠰᠤᠨ ᠵᠦᠢ ᠶᠢᠨ ᠬᠢᠨᠠᠨ ᠡᠵᠡᠮᠳᠡᠯ ᠵᠡᠷᠭᠡ ᠠᠵᠢᠯ ᠢ ᠰᠢᠨᠵᠢᠯᠡᠨ ᠪᠠᠶᠢᠴᠠᠭᠠᠪᠠ᠃ ᠲᠡᠷᠡ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠣᠯ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠪᠠᠶᠢᠷᠢᠯᠠᠭᠤᠯᠤᠭᠰᠠᠨ ᠴᠢᠬᠤᠯᠠ ᠶᠡᠭᠡ ᠤᠯᠤᠰ ᠤᠨ ᠪᠠᠶᠢᠯᠳᠤᠬᠤ ᠪᠣᠳᠣᠯᠭ᠎ᠠ ᠮᠥᠨ᠂ ᠪᠢᠳᠡ ᠡᠷᠬᠡᠪᠰᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠭᠡ ᠬᠠᠮᠠᠭᠠᠯᠠᠯᠲᠠ ᠶᠢ ᠬᠠᠮᠲᠤ ᠪᠠᠷ ᠰᠠᠶᠢᠲᠤᠷ ᠠᠳᠬᠤᠵᠤ᠂ ᠶᠡᠭᠡ ᠵᠠᠰᠠᠯᠲᠠ ᠶᠢ ᠬᠠᠮᠵᠢᠯᠴᠠᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ᠂ ᠬᠠᠲᠤᠨ ᠭᠤᠤᠯ ᠤᠨ ᠥᠨᠢ ᠤᠳᠠᠭᠠᠨ ᠠᠮᠤᠷ ᠲᠣᠭᠲᠠᠭᠤᠨ ᠢ ᠪᠠᠲᠤᠯᠠᠬᠤ᠂ ᠰᠠᠪᠠ ᠭᠠᠵᠠᠷ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠠᠮᠢᠳᠤᠷᠠᠯ ᠢ ᠰᠠᠶᠢᠵᠢᠷᠠᠭᠤᠯᠬᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠠᠲᠤᠨ ᠭᠤᠤᠯ ᠢ ᠠᠷᠠᠳ ᠲᠦᠮᠡᠨ ᠳᠤ ᠪᠤᠶᠠᠨ ᠦᠢᠯᠡᠳᠬᠦ ᠵᠤᠯ ᠵᠢᠷᠭᠠᠯ ᠤᠨ ᠭᠤᠤᠯ ᠪᠣᠯᠭᠠᠬᠤ ᠬᠡᠷᠡᠭᠲᠡᠶ᠃ ᠪᠠᠶᠢᠭᠠᠯᠢ ᠶᠢᠨ ᠵᠢᠮ᠎ᠡ ᠶᠣᠰᠣ ᠶᠢ ᠵᠢᠷᠤᠮᠯᠠᠨ ᠤᠰᠤᠨ ᠠᠰᠢᠭᠯᠠᠯᠲᠠ ᠶᠢᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠩ ᠭᠠᠵᠠᠷ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠰᠢᠨᠵᠢᠯᠡᠬᠦ ᠤᠬᠠᠭᠠᠨᠴᠢ ᠪᠠᠷ ᠬᠡᠷᠡᠭᠵᠢᠭᠦᠯᠵᠦ᠂ ᠬᠠᠲᠤᠨ ᠭᠤᠤᠯ ᠤᠨ ᠡᠷᠭᠢ ᠳᠠᠭᠠᠤ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠶ᠃ ᠡᠯ᠎ᠡ ᠲᠥᠷᠥᠯ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ᠂ ᠨᠠᠷᠢᠨ ᠬᠢᠨᠠᠮᠠᠭᠠᠶ ᠴᠡᠭᠴᠡᠯᠡᠨ ᠰᠠᠶᠢᠵᠢᠷᠠᠭᠤᠯᠵᠤ᠂ ᠰᠠᠶᠢᠨ ᠦᠷ᠎ᠡ ᠪᠦᠲᠦᠮᠵᠢ ᠣᠯᠤᠭᠰᠠᠨ ᠪᠠᠶᠢᠪᠠᠯ᠂ ᠵᠣᠬᠢᠰᠲᠠᠶ ᠠᠷᠭ᠎ᠠ ᠬᠡᠯᠪᠡᠷᠢ ᠪᠠᠷ ᠱᠠᠩᠨᠠᠬᠤ ᠬᠡᠷᠡᠭᠲᠡᠶ ᠭᠡᠵᠤ ᠬᠡᠯᠡᠪᠡ᠃ ᠬᠥᠪᠴᠢ ᠶᠢᠨ ᠡᠯᠡᠰᠦ ᠶᠢᠨ ᠬᠠᠳᠤᠨ ᠭᠤᠣᠯ ᠳᠠᠭᠠᠤ ᠶᠢᠨ ᠠᠮᠢ ᠠᠬᠤᠢ ᠶᠢᠨ ᠪᠦᠰᠡ ᠶᠢᠨ ᠵᠠᠰᠠᠯᠲᠠ᠂ ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠵᠡᠷᠭᠡ ᠪᠠᠶᠢᠳᠠᠯ ᠢ ᠰᠢᠨᠵᠢᠯᠡᠨ ᠪᠠᠶᠢᠴᠠᠭᠠᠬᠤ ᠳᠠᠭᠠᠨ᠂ ᠰᠦᠨ ᠱᠤᠤ ᠴᠧᠩ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠶᠡᠷᠦᠩᠬᠡᠶᠢᠯᠡᠭᠰᠡᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠥᠷᠥᠰᠥ ᠰᠢᠷᠣᠢ ᠶᠢᠨ ᠬᠠᠮᠠᠭᠠᠯᠠᠯᠲᠠ ᠶᠢ ᠰᠠᠶᠢᠲᠤᠷ ᠠᠳᠬᠤᠵᠤ᠂ ᠡᠯ᠎ᠡ ᠲᠦᠷᠦᠯ ᠤᠨ ᠪᠣᠬᠢᠷᠲᠤᠯ ᠢᠯᠠᠩᠭᠤᠶ᠎ᠠ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠪᠦᠲᠦᠮᠵᠢᠲᠡᠢ ᠰᠡᠷᠭᠡᠶᠢᠯᠡᠨ ᠵᠠᠰᠠᠵᠤ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠴᠦᠯᠯᠡᠷᠭᠡᠭᠵᠢᠭᠰᠡᠨ ᠭᠠᠵᠠᠷ ᠣᠷᠣᠨ ᠳᠤ ᠡᠯᠡᠰᠦᠨ ᠪᠤᠷᠭᠠᠰᠤ᠂ ᠨᠠᠶᠢᠯᠵᠠᠭᠤᠷ ᠵᠡᠷᠭᠡ ᠲᠠᠷᠢᠮᠠᠯ ᠢ ᠶᠡᠭᠡ ᠪᠠᠷ ᠳᠡᠯᠭᠡᠷᠡᠭᠦᠯᠵᠦ᠂ ᠠᠮᠢ ᠠᠬᠤᠢ ᠶᠢᠨ ᠦᠷ᠎ᠡ ᠠᠰᠢᠭ ᠪᠣᠯᠤᠨ ᠠᠵᠤ ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠬᠦ ᠬᠡᠷᠡᠭᠲᠡᠢ ᠭᠡᠵᠤ ᠬᠡᠯᠡᠪᠡ᠃     ᠰᠦᠨ ᠱᠤᠤ ᠴᠧᠩ ᠬᠠᠳᠤᠨ ᠭᠤᠣᠯ ᠤᠨ ᠰᠠᠪᠠ ᠭᠠᠵᠠᠷ ᠤᠨ ᠤᠰᠤ ᠠᠷᠪᠢᠯᠠᠬᠤ ᠪᠠᠶᠢᠳᠠᠯ ᠢ ᠮᠠᠰᠢ ᠠᠩᠬᠠᠷᠴᠤ ᠪᠠᠶᠢᠯ᠎ᠠ᠃ ᠲᠡᠷᠡ ᠲᠠᠷᠢᠶᠠᠨ ᠭᠠᠵᠠᠷ᠂ ᠤᠰᠤ ᠴᠡᠪᠡᠷᠰᠢᠭᠦᠯᠬᠦ ᠲᠠᠰᠤᠭ ᠲᠤ ᠬᠦᠷᠴᠦ᠂ ᠲᠣᠰᠬᠤᠨ ᠬᠤᠷᠰᠢᠶ᠎ᠠ ᠶᠢᠨ ᠬᠠᠷᠢᠭᠤᠴᠠᠯᠭᠠᠲᠠᠨ᠂ ᠲᠠᠷᠢᠶᠠᠴᠢᠨ᠂ ᠳᠠᠭᠠᠵᠤ ᠶᠠᠪᠤᠭ᠎ᠠ ᠠᠵᠢᠯᠳᠡᠨ᠂ ᠦᠨᠳᠦᠰᠦᠨ ᠱᠠᠲᠤᠨ ᠤ ᠺᠠᠳ᠋ᠷ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠤᠰᠤ ᠠᠷᠪᠢᠯᠠᠬᠤ ᠰᠠᠶᠢᠨ ᠰᠡᠳᠭᠢᠴᠡ᠂ ᠰᠠᠶᠢᠨ ᠠᠷᠭ᠎ᠠ ᠶᠢ ᠰᠤᠳᠤᠯᠤᠨ ᠶᠠᠷᠢᠯᠴᠠᠪᠠ᠃ ᠲᠡᠷᠡ᠂ ᠥᠪᠥᠷ ᠮᠣᠩᠭᠤᠯ ᠪᠣᠯ ᠤᠰᠤ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠭᠠᠵᠠᠷ ᠣᠷᠣᠨ ᠮᠥᠨ᠂ ᠤᠰᠤ ᠠᠷᠪᠢᠯᠠᠬᠤ ᠪᠠᠷᠢᠮᠵᠢᠶ᠎ᠠ ᠶᠢ ᠪᠥᠬᠦ ᠤᠯᠤᠰ ᠤᠨ ᠳᠤᠮᠳᠠᠴᠢ ᠲᠦᠪᠰᠢᠨ ᠠᠴᠠ ᠥᠨᠳᠥᠷ ᠪᠠᠶᠢᠯᠭᠠᠵᠤ᠂ ᠨᠢᠭᠡᠳᠤᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ᠂ ᠬᠤᠲᠠ ᠬᠥᠳᠡᠭᠡ ᠶᠢᠨ ᠬᠢᠨ ᠤᠰᠤ ᠶᠢ ᠪᠥᠬᠦ ᠲᠠᠯ᠎ᠠ ᠪᠠᠷ ᠠᠷᠪᠢᠯᠠᠨ ᠬᠡᠷᠡᠭᠯᠡᠵᠦ᠂ ᠲᠤᠰᠤᠯ ᠤᠰᠤ ᠶᠢ ᠴᠤ ᠪᠦᠷᠢᠯᠭᠡᠨ ᠰᠦᠢᠳᠭᠡᠵᠦ ᠪᠣᠯᠬᠤ ᠥᠬᠡᠶ᠃ ᠤᠰᠤ ᠠᠷᠪᠢᠯᠠᠬᠤ ᠠᠵᠢᠯ ᠢ ᠰᠠᠶᠢᠲᠤᠷ ᠬᠢᠬᠦ ᠳᠤ ᠵᠠᠩᠭᠢᠯᠠᠭ᠎ᠠ ᠨᠢ ᠭᠤᠷᠪᠠᠨ ᠲᠠᠯ᠎ᠠ ᠶᠢ ᠪᠡᠶᠡᠯᠡᠭᠦᠯᠬᠦ ᠬᠡᠷᠡᠭᠲᠡᠶ᠂ ᠨᠢᠭᠡ ᠳᠤ᠂ ᠤᠰᠤ ᠬᠡᠷᠡᠭᠯᠡᠬᠦ ᠦᠵᠡᠯᠲᠡ ᠪᠠᠨ ᠲᠦᠷᠭᠡᠳᠭᠡᠨ ᠬᠤᠪᠢᠷᠠᠭᠤᠯᠬᠤ ᠭᠡᠷᠡᠭᠳᠠᠢ᠂ ᠬᠤᠶᠠᠷ ᠲᠤ᠂ ᠬᠤᠯᠪᠤᠬᠳᠠᠯ ᠪᠥᠬᠦᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠭᠡᠷᠡᠭᠳᠠᠢ᠂ ᠭᠤᠷᠪᠠ ᠳᠤ᠂ ᠤᠰᠤ ᠠᠷᠪᠢᠯᠠᠬᠤ ᠲᠦᠬᠦᠭᠡᠷᠤᠮᠵᠢ ᠶᠢᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠭᠡᠷᠡᠭᠳᠠᠢ᠃ ᠳᠠᠩ ᠭᠠᠭᠴᠠ ᠵᠠᠰᠠᠭ ᠤᠨ ᠣᠷᠳᠣᠨ ᠤ ᠣᠷᠣᠭᠤᠯᠤᠯᠲᠠ ᠳᠤ ᠲᠦᠰᠢᠭᠯᠡᠬᠦ ᠲᠠᠨᠢᠯᠲᠠ ᠪᠠ ᠠᠷᠭ᠎ᠠ ᠬᠢᠳᠡᠯ ᠢ ᠬᠤᠪᠢᠷᠠᠭᠤᠯᠵᠤ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ᠂ ᠲᠠᠷᠢᠶᠠᠴᠢᠨ ᠡᠷᠦᠬᠡ ᠵᠡᠷᠭᠡ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠬᠡᠷᠡᠭᠲᠡᠢ︔ ᠲᠠᠷᠢᠶᠠᠯᠠᠩ ᠤᠨ ᠶᠡᠭᠡ ᠤᠰᠤ ᠪᠠᠷ ᠨᠠᠯᠦ᠋ᠢᠲᠠᠯ᠎ᠠ ᠤᠰᠤᠯᠠᠬᠤ ᠠᠰᠠᠭᠤᠳᠠᠯ ᠢ ᠵᠣᠷᠢᠭ ᠰᠢᠭᠤᠳᠤᠨ ᠰᠢᠢᠳᠪᠦᠷᠢᠯᠡᠵᠦ᠂ ᠨᠢᠭᠡ ᠭᠡᠷ ᠨᠢᠭᠡ ᠡᠷᠦᠬᠡ ᠪᠠᠷ ᠣᠨᠣᠪᠴᠢᠲᠠᠢ ᠪᠠᠷ ᠰᠦᠢᠳᠭᠡᠯ ᠬᠤᠷᠢᠶᠠᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠵᠣᠬᠢᠰᠲᠠᠢ ᠳᠡᠭᠡᠭᠰᠢᠯᠡᠭᠦᠯᠵᠦ᠂ ᠢᠯᠡᠭᠦᠦ ᠬᠤᠷᠢᠶᠠᠭᠰᠠᠨ ᠤᠰᠤᠨ ᠤ ᠰᠦᠢᠳᠭᠡᠯ ᠢ ᠪᠦᠬᠦᠨ ᠢ ᠲᠠᠷᠢᠶᠠᠯᠠᠩ ᠤᠨ ᠤᠰᠤ ᠠᠷᠪᠢᠯᠠᠬᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ᠂ ᠤᠰᠤ ᠠᠷᠪᠢᠯᠠᠵᠤ ᠦᠷ᠎ᠡ ᠠᠰᠢᠭ ᠢ ᠨᠡᠮᠡᠭᠳᠡᠭᠦᠯᠬᠦ ᠰᠠᠶᠢᠨ ᠣᠷᠴᠢᠯ ᠢ ᠪᠦᠷᠢᠯᠳᠦᠭᠦᠯᠬᠦ ᠬᠡᠷᠡᠭᠲᠡᠢ︔ ᠳᠤᠰᠤᠯᠭᠠᠨ ᠤᠰᠤᠯᠠᠬᠤ ᠰᠦᠷᠴᠢᠨ ᠤᠰᠤᠯᠠᠬᠤ ᠵᠡᠷᠭᠡ ᠤᠰᠤᠯᠠᠯᠲᠠ ᠶᠢᠨ ᠮᠡᠷᠭᠡᠵᠢᠯ ᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠪᠣᠬᠢᠷ ᠤᠰᠤ ᠶᠢ ᠴᠤᠭᠯᠠᠭᠤᠯᠬᠤ᠂ ᠳᠤᠮᠳᠠ ᠤᠰᠤ ᠶᠢ ᠠᠰᠢᠭᠯᠠᠬᠤ ᠶᠢ ᠴᠢᠩᠭᠠᠳᠬᠠᠨ᠂ ᠠᠷᠭ᠎ᠠ ᠪᠦᠬᠦᠨ ᠢ ᠰᠦᠪᠡᠭᠴᠢᠯᠡᠵᠦ ᠪᠠᠶᠢᠭᠠᠳ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠤ ᠬᠡᠯᠡᠪᠡ᠃    ᠱᠣ ᠯᠢᠨ ᠽᠢ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠲᠤᠬᠠᠢ ᠶᠢᠨ ᠭᠠᠵᠠᠷ ᠤᠨ ᠬᠢᠨ ᠬᠠᠳᠤᠨ ᠭᠤᠣᠯ ᠤᠨ ᠤᠰᠤ ᠶᠢ ᠲᠤᠩᠭᠠᠵᠤ ᠲᠤᠰᠤᠯᠭᠠᠨ ᠤᠰᠤᠯᠠᠬᠤ ᠤᠰᠤ ᠪᠤᠷᠳᠤᠭᠤᠷ ᠢ ᠨᠢᠭᠡ ᠴᠤᠬᠴᠠᠵᠢᠭᠤᠯᠬᠤ ᠲᠦᠷᠦᠯ ᠵᠦᠢᠯ ᠢ ᠬᠡᠷᠡᠭᠵᠢᠭᠦᠯᠬᠦ ᠪᠠᠷ ᠲᠠᠮᠵᠢᠨ ᠤᠯᠠᠨ ᠳᠠᠪᠬᠤᠷ ᠦᠷ᠎ᠡ ᠪᠦᠲᠦᠮᠵᠢ ᠣᠯᠤᠭᠰᠠᠨ ᠢ ᠰᠣᠨᠣᠰᠤᠭᠠᠳ᠂ ᠰᠦᠨ ᠱᠤᠤ ᠴᠧᠩ᠂ ᠡᠨᠡ ᠬᠦ ᠲᠦᠷᠦᠯ ᠵᠦᠢᠯ ᠢ ᠬᠡᠷᠡᠭᠵᠢᠭᠦᠯᠬᠦ ᠳᠤ ᠡᠯᠡᠰᠦ ᠰᠢᠪᠠᠷ ᠢ ᠴᠡᠪᠡᠷᠯᠡᠨ ᠠᠷᠢᠯᠭᠠᠬᠤ᠂ ᠤᠰᠤ ᠶᠢ ᠠᠷᠪᠢᠯᠠᠨ ᠬᠡᠷᠡᠭᠯᠡᠬᠦ᠂ ᠳᠠᠪᠤᠰᠤ ᠬᠤᠵᠢᠷ ᠢ ᠰᠠᠭᠠᠷᠮᠠᠭᠵᠢᠭᠤᠯᠬᠤ ᠶᠡᠷᠦᠩᠬᠡᠶᠢᠯᠡᠭᠰᠡᠨ ᠦᠷ᠎ᠡ ᠠᠰᠢᠭ ᠢ ᠣᠯᠵᠤ᠂ ᠨᠢᠭᠡ ᠯᠡ ᠳᠡᠭᠡᠷ᠎ᠡ ᠤᠯᠠᠨ ᠠᠮᠵᠢᠯᠲᠠ ᠣᠯᠵᠠᠢ᠂ ᠬᠤᠯᠪᠣᠭᠳᠠᠯ ᠪᠦᠬᠦᠢ ᠲᠠᠯ᠎ᠠ ᠶᠢᠨ ᠬᠢᠨ ᠨᠠᠷᠢᠨ ᠬᠢᠨᠠᠮᠠᠭᠠᠢ ᠰᠤᠳᠤᠯᠵᠤ᠂ ᠡᠨᠡ ᠬᠦ ᠠᠷᠭ᠎ᠠ ᠬᠢᠳᠡᠯ ᠢ ᠳ᠋ᠦᠩᠨᠡᠵᠦ᠂ ᠲᠡᠷᠡ ᠬᠡᠪ ᠢᠶᠠᠷ ᠨᠢ ᠳᠡᠯᠭᠡᠷᠡᠭᠦᠯᠵᠦ ᠪᠣᠯᠬᠤ ᠵᠠᠭᠪᠤᠷ ᠢ ᠳᠡᠯᠭᠡᠷᠡᠭᠦᠯᠵᠦ᠂ ︽ᠫᠧᠩᠰᠡᠳᠤ ᠦᠵᠡᠮᠵᠢ︾ ᠶᠢ ︽ᠤᠢ ᠰᠢᠭᠤᠢ︾ ᠪᠣᠯᠭᠠᠨ ᠬᠤᠪᠢᠷᠠᠭᠤᠯᠬᠤ ᠬᠡᠷᠡᠭᠲᠡᠢ᠃ ᠤᠰᠤ ᠠᠷᠪᠢᠯᠠᠬᠤ ᠶᠢ ᠠᠳᠬᠤᠬᠤ᠂ ᠰᠠᠶᠢᠨ ᠲᠠᠷᠢᠶ᠎ᠠ ᠪᠠᠶᠢᠭᠤᠯᠬᠤ ᠳᠠᠭᠠᠨ ᠵᠠᠰᠠᠭ ᠤᠨ ᠣᠷᠳᠣᠨ ᠬᠢᠵᠦ᠂ ᠣᠯᠠᠨ ᠲᠦᠮᠡᠨ ᠦᠵᠡᠭᠡᠳ ᠯᠡ ᠪᠠᠶᠢᠵᠤ ᠪᠤᠯᠬᠤ ᠦᠭᠡᠢ᠂ ᠲᠥᠷᠥ ᠶᠢᠨ ᠪᠣᠳᠣᠯᠭ᠎ᠠ ᠶᠢᠨ ᠴᠢᠨᠠᠷᠲᠠᠶ ᠨᠥᠬᠦᠪᠥᠷᠢ ᠶᠢ ᠰᠢᠯᠢᠳᠡᠭᠵᠢᠭᠦᠯᠬᠦ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠤ ᠡᠵᠡᠨ ᠬᠥᠮᠦᠨ ᠤ ᠵᠣᠷᠢᠭ ᠰᠠᠨᠠᠭ᠎ᠠ ᠶᠢ ᠬᠥᠭᠵᠢᠭᠡᠵᠦ᠂ ᠥᠷᠭᠡᠨ ᠣᠯᠠᠨ ᠲᠠᠷᠢᠶᠠᠴᠢᠳ ᠢ ᠴᠥᠮ ᠣᠷᠣᠯᠴᠠᠭᠤᠯᠬᠤ ᠬᠡᠷᠡᠭᠲᠡᠶ ᠭᠡᠵᠤ ᠬᠡᠯᠡᠪᠡ᠃    ᠪᠠᠶᠢᠴᠠᠭᠠᠨ ᠰᠤᠳᠤᠯᠬᠤ ᠬᠤᠭᠤᠴᠠᠭᠠᠨ ᠳᠤ᠂ ᠰᠦᠨ ᠱᠤᠤ ᠴᠧᠩ ᠪᠠᠰᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠽᠠᠨᠳᠠᠨ ᠵᠤᠤ ᠰᠤᠮᠤ ᠶᠢᠨ ᠳ᠋ᠤᠤ ᠯᠤᠤ ᠲᠣᠰᠬᠤᠨ ᠤ ᠨᠠᠮ ᠤᠨ ᠡᠭᠦᠷ ᠤᠨ ᠱᠦᠵᠢ ᠯᠢᠦ ᠱᠢ ᠷᠦᠩ ᠤᠨ ᠳᠠᠭᠠᠭᠤᠯᠤᠨ ᠡᠭᠦᠰᠭᠡᠨ ᠪᠠᠶᠢᠭᠤᠯᠤᠭᠰᠠᠨ ᠯᠠᠵᠤᠤ ᠲᠠᠷᠢᠬᠤ ᠲᠤᠰᠬᠠᠢ ᠬᠤᠷᠰᠢᠶ᠎ᠠ ᠶᠢ ᠲᠣᠭᠤᠷᠢᠨ ᠦᠵᠡᠵᠦ᠂ ᠬᠠᠳᠤᠨ ᠭᠤᠣᠯ ᠤᠨ ᠲᠠᠩ ᠣᠷᠣᠨ ᠤ ᠬᠡᠰᠡᠭ ᠨᠡᠭᠦᠯᠭᠡᠭᠰᠡᠨ ᠰᠠᠭᠤᠭᠠᠯᠢ ᠠᠷᠠᠳ ᠢ ᠡᠷᠬᠢᠨ ᠦᠵᠡᠵᠦ᠂ ᠬᠠᠳᠤᠨ ᠭᠤᠣᠯ ᠳᠠᠭᠠᠤ ᠶᠢᠨ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠲᠤᠬᠠᠢ ᠶᠢᠨ ᠭᠠᠵᠠᠷ ᠤᠨ ᠬᠢᠨ ᠢ ᠲᠦᠬᠦᠭᠡᠷᠤᠮᠵᠢᠳᠤ ᠲᠠᠷᠢᠶᠠᠯᠠᠩ ᠤᠨ ᠬᠥᠭᠵᠢᠯᠲᠡ ᠶᠢ ᠶᠡᠭᠡ ᠪᠠᠷ ᠲᠡᠮᠵᠢᠵᠤ᠂ ᠲᠠᠩ ᠭᠠᠵᠠᠷ ᠢ ᠨᠡᠭᠦᠯᠭᠡᠭᠰᠡᠨ ᠤ ᠲᠠᠷᠠᠭ᠎ᠠ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠠᠵᠢᠯ ᠢ ᠰᠠᠶᠢᠲᠤᠷ ᠬᠢᠵᠦ᠂ ᠭᠠᠵᠠᠷ ᠰᠢᠷᠣᠢ ᠶᠢᠨ ᠭᠦᠢᠴᠡᠳᠭᠡᠯ ᠲᠤᠭ᠎ᠠ ᠶᠢᠨ ᠠᠷᠠᠯᠵᠢᠶ᠎ᠠ ᠶᠢ ᠢᠳᠡᠪᠬᠢᠲᠡᠢ ᠠᠬᠢᠭᠤᠯᠵᠤ᠂ ᠰᠣᠶᠣᠯ ᠪᠠ ᠵᠢᠭᠤᠯᠴᠢᠯᠠᠯ ᠤᠨ ᠠᠵᠤ ᠦᠢᠯᠡᠰ ᠢ ᠥᠨᠳᠥᠷ ᠲᠦᠪᠰᠢᠨ ᠢᠶᠠᠷ ᠲᠥᠯᠥᠪᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠵᠠᠬᠢᠪᠠ᠃ᠪᠠᠶᠢᠴᠠᠭᠠᠨ ᠰᠤᠳᠤᠯᠤᠯᠳᠠ ᠳᠠᠭᠤᠰᠤᠭᠰᠠᠨ ᠤ ᠳᠠᠷᠠᠭ᠎ᠠ᠂ ᠰᠦᠨ ᠱᠤᠤ ᠴᠧᠩ ᠲᠤᠰ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤ ᠤᠢᠢᠯᠠᠭᠠᠭᠰᠠᠠ ᠠᠰᠠᠭᠤᠳᠠᠯ ᠢᠶᠠᠨ ᠡᠮᠬᠢᠯᠡᠵᠦ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃    ᠢᠦᠢ ᠯᠢ ᠰᠢᠨ᠂ ᠶᠠᠩ ᠵᠢᠶᠧ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号