ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠲᠤᠭᠤᠰᠢᠯᠠᠭᠤᠯᠪᠠ
ᠨᠡᠶᠢᠲᠡᠯᠡᠭᠰᠡᠨ ᠴᠠᠭ᠄
2023/3/28
    3 ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠪᠤᠯᠤᠨ ᠳᠡᠯᠡᠬᠡᠶ ᠶᠢᠨ ᠲᠥᠷᠥ ᠶᠢᠨ ᠨᠠᠮ ᠤᠨ ᠳᠡᠭᠡᠳᠦ ᠲᠡᠰ ᠤᠨ ᠶᠠᠷᠢᠯᠴᠠᠭᠠᠨ ᠤ ᠬᠤᠷᠠᠯ ᠳᠡᠭᠡᠷᠡᠬᠢ ᠭᠤᠤᠯ ᠵᠤᠷᠢᠯᠳᠠᠳᠤ ᠶᠠᠷᠢᠶ᠎ᠠ᠂ ︽ᠦᠨᠡᠨ︾ ᠰᠡᠳᠬᠦᠯ ᠳᠤ ᠨᠡᠶᠢᠲᠡᠯᠡᠭᠰᠡᠨ ︽ᠬᠦᠳᠡᠭᠡ ᠠᠵᠤ ᠠᠬᠤᠢ ᠶᠢᠨ ᠬᠦᠴᠦᠷᠬᠡᠭ ᠤᠯᠤᠰ ᠢ ᠲᠦᠷᠭᠡᠳᠭᠡᠨ ᠪᠦᠳᠦᠭᠡᠨ ᠪᠠᠶᠢᠭᠤᠯᠵᠤ ᠬᠦᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠲᠦᠢᠮᠠᠷ ᠢ ᠤᠨᠲᠠᠷᠠᠭᠠᠬᠤ ᠠᠵᠢᠯ ᠢ ᠰᠤᠳᠤᠯᠵᠤ᠂ ᠥᠪᠡᠷᠲᠡᠭᠡᠨ ᠵᠠᠰᠠᠬᠤ ᠣᠷᠣᠨ ᠤ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃     ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠤᠨ ᠭᠤᠤᠯ ᠵᠤᠷᠢᠯᠳᠠᠳᠤ ᠶᠠᠷᠢᠶ᠎ᠠ ᠨᠢ ᠳᠡᠯᠡᠬᠡᠶ ᠶᠢᠨ ᠣᠳᠣᠬᠢᠴᠢᠯᠠᠯᠲᠠ ᠶᠢᠨ ᠠᠬᠢᠴᠠ ᠶᠢ ᠠᠬᠢᠭᠤᠯᠬᠤ᠂ ᠬᠥᠮᠦᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢ ᠠᠬᠢᠭᠤᠯᠬᠤ ᠳᠤ ᠳᠤᠮᠳᠠᠳᠤ ᠤᠯᠤᠰ ᠤᠨ ᠲᠥᠰᠦᠯ ᠢ ᠬᠠᠩᠭᠠᠪᠠ᠃ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠠᠭᠤᠯᠤᠭᠳᠠᠬᠤᠨ ᠪᠣᠯᠤᠨ ᠮᠥᠨ ᠴᠢᠨᠠᠷ ᠤᠨ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ ᠬᠦᠴᠦᠨ ᠢᠶᠠᠨ ᠲᠥᠪᠯᠡᠷᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠳᠤ ᠨᠡᠩ ᠤᠯᠠᠨ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠭᠠᠳᠠᠭᠠᠳᠤ ᠯᠤᠭ᠎ᠠ ᠶᠢᠨ ᠰᠣᠯᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠮᠠᠨ ᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠨᠡᠩ ᠰᠠᠶᠢᠲᠤᠷ ᠠᠬᠢᠭᠤᠯᠬᠤ ᠭᠡᠷᠡᠭᠳᠠᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠤᠨ ᠭᠤᠣᠯ ᠠᠭᠤᠯᠭ᠎ᠠ ᠶᠢ ᠭᠦᠨᠵᠡᠭᠡᠢ ᠤᠢᠢᠯᠠᠭᠠᠨ ᠡᠵᠡᠮᠰᠢᠵᠦ᠂ ᠮᠠᠨ ᠤ ᠣᠷᠣᠨ ᠤ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ︽ᠭᠠᠵᠠᠷ᠂ ᠤᠰᠤ ᠂ ᠦᠷ᠎ᠡ ᠪᠠ ᠠᠮᠤ ᠪᠤᠳᠠᠭ᠎ᠠ᠂ ᠮᠢᠬ᠎ᠠ᠂ ᠰᠦ︾ ᠢᠢᠨ ᠠᠵᠢᠯ ᠢ ᠶᠡᠭᠡ ᠬᠦᠴᠦ ᠣᠷᠣᠭᠤᠯᠤᠨ ᠰᠠᠶᠢᠲᠤᠷ ᠬᠢᠵᠦ᠂ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢᠨ ᠨᠠᠩ ᠶᠡᠭᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ ᠬᠠᠪᠤᠷ ᠤᠨ ᠲᠠᠷᠢᠶᠠᠯᠠᠭ᠎ᠠ ᠶᠢᠨ ᠪᠡᠯᠡᠳᠭᠡᠯ ᠠᠵᠢᠯ ᠢ ᠰᠠᠶᠢᠲᠤᠷ ᠵᠣᠬᠢᠶᠠᠨ ᠪᠠᠶᠢᠭᠤᠯᠵᠤ᠂ ᠡᠨᠡ ᠵᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠶᠢ ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠲᠦᠢᠮᠠᠷ ᠢ ᠤᠨᠲᠠᠷᠠᠭᠠᠬᠤ ᠠᠵᠢᠯ ᠢ ᠰᠠᠶᠢᠲᠤᠷ ᠬᠢᠬᠦ ᠶᠢᠨ ᠵᠠᠩᠭᠢᠯᠠᠭ᠎ᠠ ᠨᠢ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠳᠤ ᠪᠠᠶᠢᠵᠤ ᠂ ᠨᠢᠭᠡᠴᠢ ᠶᠢᠨ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠥᠮ ᠪᠣᠳᠠᠲᠠᠶ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠥᠬᠡᠶ ᠠᠴᠠ ᠪᠣᠯᠤᠭᠠᠳ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠪᠠᠶᠢᠪᠠᠯ ᠴᠢᠩᠭ᠎ᠠ ᠰᠢᠢᠳᠪᠦᠷᠢᠯᠡᠬᠦ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ᠂ ᠡᠷᠲᠡ ᠤᠨᠳᠠᠷᠠᠭᠠᠬᠤ ᠪᠠᠭ᠎ᠠ ᠲᠡᠭᠡᠷ᠎ᠠ ᠨᠢ ᠤᠨᠳᠠᠷᠠᠭᠠᠬᠤ ᠶᠢ ᠪᠠᠷᠢᠮᠳᠠᠯᠠᠵᠤ᠂ ᠬᠦᠮᠦᠨ ᠤ ᠰᠡᠷᠭᠡᠶᠢᠯᠡᠯᠳᠠ᠂ ᠪᠣᠳᠠᠰ ᠤᠨ ᠰᠡᠷᠭᠡᠶᠢᠯᠡᠯᠳᠠ᠂ ᠮᠡᠷᠭᠡᠵᠢᠯ ᠤᠨ ᠰᠡᠷᠭᠡᠶᠢᠯᠡᠯᠳᠠ ᠢᠢ ᠨᠢᠭᠡᠳᠦᠯᠲᠡᠢ ᠲᠥᠯᠥᠪᠵᠢᠭᠦᠯᠵᠦ᠂ ᠡᠷᠲᠡ ᠢᠯᠡᠷᠡᠭᠦᠯᠬᠦ᠂ ᠡᠷᠲᠡ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠬᠥᠮᠦᠨ ᠢ ᠬᠠᠮᠢᠶᠠᠷᠴᠤ᠂ ᠭᠠᠯ ᠢ ᠬᠠᠮᠢᠶᠠᠷᠴᠤ᠂ ᠡᠯ᠎ᠡ ᠲᠦᠷᠦᠯ ᠤᠨ ᠭᠠᠯ ᠤᠨ ᠭᠠᠮᠰᠢᠭ ᠤᠨ ᠭᠡᠮ ᠰᠣᠭᠤᠭ ᠢ ᠪᠦᠲᠦᠮᠵᠢᠲᠡᠢ ᠠᠷᠢᠯᠭᠠᠬᠤ ᠬᠡᠷᠡᠭᠲᠡᠢ ᠭᠡᠵᠤ ᠵᠢᠭᠠᠵᠤ ᠭᠠᠷᠭᠠᠪᠠ᠃     ᠬᠤᠷᠠᠯ ᠠᠴᠠ᠂ ᠤᠯᠠᠨ ᠲᠦᠮᠡᠨ ᠤ ᠪᠦᠯᠬᠦᠮ ᠤᠨ ᠠᠵᠢᠯ ᠳᠠᠬᠢ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠶᠢ ᠦᠨᠡᠨ ᠬᠦ ᠴᠢᠩᠭᠠᠳᠬᠠᠵᠤ᠂ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠳᠡᠮᠵᠢᠬᠦ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠲᠤᠰᠤᠯᠳᠠ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠭᠤᠤᠯ ᠲᠡᠶᠢᠨ ᠤ ᠲᠠᠯᠠᠪᠤᠷ ᠲᠤ ᠢᠳᠡᠪᠬᠢᠲᠡᠶ ᠣᠷᠣᠯᠴᠠᠵᠤ᠂ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠬᠡᠷᠡᠭᠲᠡᠶ᠃ ᠤᠳᠠᠯ ᠦᠭᠡᠢ ᠥᠷᠨᠢᠭᠦᠯᠬᠦ ᠪᠠᠷ ᠪᠠᠶᠢᠭ᠎ᠠ ᠭᠤᠣᠯ ᠰᠡᠳᠦᠪᠲᠦ ᠬᠥᠮᠦᠵᠢᠯ ᠲᠠᠢ ᠤᠶᠠᠯᠳᠤᠭᠤᠯᠵᠤ᠂ ᠤᠯᠠᠨ ᠲᠦᠮᠡᠨ ᠤ ᠦᠭᠡ ᠶᠢ ᠢᠯᠡᠭᠦᠬᠡᠨ ᠬᠡᠷᠡᠭᠯᠡᠵᠦ᠂ ᠤᠯᠠᠨ ᠲᠦᠮᠡᠨ ᠤ ᠥᠩᠭᠡᠷᠡᠭᠦᠯᠦᠭᠰᠡᠨ ᠤᠴᠢᠷ ᠶᠠᠪᠤᠳᠠᠯ᠂ ᠳᠡᠷᠭᠡᠳᠡᠬᠢ ᠤᠴᠢᠷ ᠶᠠᠪᠤᠳᠠᠯ ᠢ ᠢᠯᠡᠬᠦᠭᠡᠨ ᠭᠡᠷᠡᠭᠯᠡᠵᠤ ᠲᠣᠭᠠᠴᠢᠨ ᠶᠣᠰᠣ ᠶᠠᠷᠢᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠨᠡᠩ ᠦᠨᠡᠨ ᠰᠡᠳᠭᠢᠯ ᠠᠴᠠ ᠪᠠᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ ᠪᠣᠯᠭᠠᠬᠤ ᠬᠡᠷᠡᠭᠲᠡᠢ᠃ ᠠᠵᠢᠯ ᠤᠨ ᠠᠷᠭ᠎ᠠ ᠬᠡᠯᠪᠡᠷᠢ ᠪᠠᠨ ᠬᠠᠯᠠᠨ ᠰᠠᠶᠢᠵᠢᠷᠠᠭᠤᠯᠵᠤ ᠂ ᠬᠡᠶᠢᠰᠪᠦᠷᠢ ᠵᠦᠯ ᠢ ᠪᠣᠳᠠᠲᠠᠢ ᠬᠢᠬᠦ ᠶᠢ ᠪᠠᠷᠢᠮᠲᠠᠯᠠᠨ᠂ ᠪᠠᠶᠢᠴᠠᠭᠠᠨ ᠰᠤᠳᠤᠯᠤᠯᠲᠠ ᠶᠢ ᠶᠡᠭᠡ ᠪᠠᠷ ᠥᠷᠨᠢᠭᠦᠯᠵᠦ᠂ ᠤᠯᠠᠨ ᠲᠦᠮᠡᠨ ᠢ ᠦᠨᠡᠨ ᠪᠣᠳᠠᠲᠠᠢ ᠪᠠᠷ ᠬᠠᠪᠰᠤᠷᠤᠨ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠤ ᠴᠢᠬᠤᠯᠠᠴᠢᠯᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号