ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ
ᠨᠡᠶᠢᠲᠡᠯᠡᠭᠰᠡᠨ ᠴᠠᠭ᠄
2023/3/29
   3 ᠰᠠᠷ᠎ᠠ ᠶᠢᠨ 28 ᠤ ᠡᠳᠦᠷ᠂ ᠸᠠᠩ ᠯᠢ ᠰᠢᠶᠠ ᠰᠢᠯᠢ ᠶᠢᠨ ᠭᠤᠣᠯ ᠠᠶᠢᠮᠠᠭ ᠲᠤ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠪᠠ᠃    ᠰᠢᠪᠠᠷ ᠱᠠᠯᠴᠢᠭ ᠲᠠᠢ ᠵᠥᠷᠢᠭ ᠵᠠᠮ ᠢᠶᠠᠷ᠂ ᠸᠠᠩ ᠯᠢ ᠰᠢᠶᠠ ᠪᠣᠭᠳᠠ ᠠᠭᠤᠯᠠ ᠶᠢᠨ ᠤᠢ ᠰᠢᠭᠤᠢ ᠶᠢᠨ ᠲᠠᠯᠠᠪᠠᠢ ᠶᠢᠨ ᠲᠦᠢᠮᠡᠷ ᠢ ᠰᠡᠷᠭᠡᠶᠢᠯᠡᠬᠦ ᠪᠠᠶᠢᠴᠠᠭᠠᠯᠲᠠ ᠶᠢᠨ ᠦᠷᠳᠡᠭᠡ ᠳᠤ ᠣᠷᠣᠵᠤ᠂ ᠵᠢᠵᠢᠭᠦᠷᠯᠡᠵᠦ ᠪᠠᠶᠢᠭ᠎ᠠ ᠲᠦᠢᠮᠡᠷ ᠰᠡᠷᠭᠡᠶᠢᠯᠡᠭᠴᠢ ᠶᠢ ᠡᠷᠬᠢᠨ ᠦᠵᠡᠪᠡ᠃ ᠳᠣᠲᠣᠷ ᠥᠷᠥᠭᠡᠨ ᠳᠤᠨᠢ ᠣᠷᠣᠵᠤ ᠢᠷᠡᠭᠡᠳ᠂ ᠲᠡᠷᠡ ᠬᠠᠨᠵᠤ ᠪᠣᠯᠤᠨ ᠳᠤᠯᠠᠭᠠᠮᠵᠢ ᠶᠢ ᠪᠠᠷᠢᠵᠤ᠂ ᠳᠡᠪᠦᠷ᠎ᠡ ᠶᠢ ᠡᠷᠭᠦᠨ ᠵᠤᠤᠬᠠᠨ ᠤ ᠭᠠᠯ ᠳᠦᠷᠡᠯᠵᠡᠵᠦ ᠪᠠᠶᠢᠬᠤ ᠡᠰᠡᠬᠦ ᠶᠢ ᠦᠵᠡᠵᠦ ᠂ ᠭᠠᠯ ᠰᠡᠷᠭᠡᠶᠢᠯᠡᠭᠴᠢ ᠪᠠᠷ ᠤᠲᠠᠰᠤ ᠠᠪᠤᠭᠤᠯᠵᠤ᠂ ᠭᠠᠷ ᠤᠲᠠᠰᠤᠨ ᠤ ᠲᠤᠬᠢᠶ᠎ᠠ ᠨᠢ ᠰᠠᠶᠢᠨ ᠪᠠᠶᠢᠬᠤ ᠡᠰᠡᠬᠦ ᠶᠢ ᠦᠵᠡᠪᠡ᠃ ᠲᠡᠷᠡ ᠳᠠᠭᠠᠵᠤ ᠶᠠᠪᠤᠭ᠎ᠠ ᠠᠵᠢᠯᠲᠠᠳ ᠢ ᠨᠢᠭᠡᠳᠦᠭᠡᠷ ᠹᠷᠣᠨᠲ ᠤᠨ ᠠᠵᠢᠯᠲᠠᠨ ᠠᠵᠢᠯᠴᠢᠨ ᠤ ᠠᠮᠢᠳᠤᠷᠠᠯ ᠢ ᠰᠠᠶᠢᠲᠤᠷ ᠪᠠᠲᠤᠯᠠᠬᠤ ᠬᠡᠷᠡᠭᠲᠡᠶ ᠭᠡᠵᠦ ᠱᠠᠭᠠᠷᠳᠠᠵᠤ᠂ ᠣᠶ ᠰᠢᠭᠤᠶ ᠶᠢ ᠴᠢᠩᠭ᠎ᠠ ᠮᠠᠨᠠᠵᠤ᠂ ᠦᠪᠡᠷ ᠤᠨ ᠠᠮᠤᠷ ᠲᠦᠪᠰᠢᠨ ᠢᠶᠠᠨ ᠠᠩᠬᠠᠷᠬᠤ ᠬᠡᠷᠡᠭᠲᠡᠶ ᠭᠡᠵᠦ ᠭᠠᠯ ᠰᠡᠷᠭᠡᠶᠢᠯᠡᠭᠴᠢᠳ ᠲᠤ ᠵᠠᠬᠢᠪᠠ᠃ᠪᠣᠭᠳᠠ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ᠂ ᠸᠠᠩ ᠯᠢ ᠰᠢᠶᠠ ᠣᠶ ᠰᠢᠭᠤᠶ ᠶᠢᠨ ᠲᠠᠯᠠᠪᠠᠶ ᠵᠢᠴᠢ ᠬᠢᠯᠢ ᠶᠢᠨ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠲᠦᠢᠮᠠᠷ ᠢ ᠤᠨᠲᠠᠷᠠᠭᠠᠬᠤ ᠠᠵᠢᠯ ᠤᠨ ᠶᠡᠷᠦᠩᠬᠡᠶ ᠪᠠᠶᠢᠳᠠᠯ ᠢ ᠨᠠᠷᠢᠨ ᠣᠶᠢᠯᠠᠭᠠᠵᠤ᠂ ᠵᠢᠯᠣᠭᠤᠳᠬᠤ ᠲᠡᠷᠭᠡᠨ ᠳᠤ ᠭᠠᠷᠴᠤ ᠠᠯᠤᠰ ᠡᠵᠡᠮᠰᠢᠯᠲᠦ ᠸᠢᠳᠢᠣ᠋ ᠰᠢᠰᠲ᠋ᠧᠮ ᠢᠶᠠᠷ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠤ ᠲᠦᠢᠮᠠᠷ ᠢ ᠤᠨᠲᠠᠷᠠᠭᠠᠬᠤ ᠶᠢ ᠬᠢᠨᠠᠨ ᠬᠡᠮᠵᠢᠬᠦ ᠴᠡᠭ ᠢ ᠪᠠᠶᠢᠴᠠᠭᠠᠨ ᠦᠵᠡᠪᠡ᠃ ᠲᠡᠷᠡ᠂ ᠴᠠᠭ ᠠᠭᠤᠷ᠂ ᠭᠠᠵᠠᠷ ᠬᠥᠳᠡᠯᠦᠯᠲᠡ᠂ ᠤᠢ ᠰᠢᠭᠤᠢ ᠨᠤᠳᠤᠭ ᠪᠡᠯᠴᠢᠭᠡᠷ᠂ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠰᠠᠯᠠᠭ᠎ᠠ ᠮᠥᠴᠢᠷ ᠤᠨ ᠮᠡᠷᠭᠡᠵᠢᠯ ᠤᠨ ᠰᠡᠷᠭᠡᠶᠢᠯᠡᠯᠲᠡ ᠶᠢᠨ ᠲᠠᠪᠴᠠᠩ ᠢ ᠨᠡᠶᠢᠳᠭᠡᠵᠦ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠪᠡᠶᠡᠯᠡᠭᠦᠯᠵᠦ᠂ ᠳᠠᠪᠬᠤᠷᠳᠠᠭᠤᠯᠤᠨ ᠪᠠᠶᠢᠭᠤᠯᠬᠤ ᠠᠴᠠ ᠵᠠᠶᠢᠯᠠᠰᠭᠢᠬᠦ ᠬᠡᠷᠡᠭᠲᠡᠢ ᠭᠡᠵᠤ ᠬᠡᠯᠡᠪᠡ᠃    ᠪᠣᠭᠳᠠ ᠠᠭᠤᠯᠠ ᠶᠢᠨ ᠣᠶ ᠰᠢᠭᠤᠶ ᠶᠢᠨ ᠲᠠᠯᠠᠪᠠᠶ ᠠᠴᠠ ᠰᠠᠯᠤᠭᠰᠠᠨ ᠤ ᠳᠠᠷᠠᠭ᠎ᠠ᠂ ᠸᠠᠩ ᠯᠢ ᠰᠢᠶᠠ ᠵᠠᠮ ᠳᠠᠭᠠᠤ ᠬᠢᠯᠢ ᠶᠢᠨ ᠲᠦᠢᠮᠠᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢ ᠪᠠᠶᠢᠴᠠᠭᠠᠨ ᠦᠵᠡᠪᠡ᠃ ᠲᠡᠷᠡ᠂ ᠬᠢᠯᠢ ᠥᠩᠭᠡᠷᠡᠬᠦ ᠲᠦᠢᠮᠠᠷ ᠢ ᠡᠷᠲᠡ ‍ᠤᠨᠳᠠᠷᠠᠭᠠᠵᠤ ᠪᠠᠭ᠎ᠠ ᠲᠡᠭᠡᠷ᠎ᠠ ᠨᠢ ᠤᠨᠳᠠᠷᠠᠭᠠᠬᠤ ᠨᠢ ᠮᠠᠰᠢ ᠵᠠᠩᠭᠢᠯᠠᠭ᠎ᠠ ᠪᠣᠯᠤᠨ᠎ᠠ᠂ ᠲᠦᠢᠮᠠᠷ ᠤᠨ ᠡᠬᠢ ᠶᠢ ᠤᠷᠢᠳ ᠢᠶᠠᠷ ᠰᠡᠷᠡᠮᠵᠢᠯᠡᠭᠦᠯᠵᠦ᠂ ᠡᠷᠲᠡᠬᠡᠨ ᠰᠢᠢᠳᠪᠦᠷᠢᠯᠡᠬᠦ ᠬᠡᠷᠡᠭᠲᠡᠶ ᠭᠡᠵᠤ ᠬᠡᠯᠡᠪᠡ᠃    ᠬᠡᠰᠡᠭᠡᠨᠭᠤᠯᠠ ᠲᠠᠷᠢᠶᠠᠯᠠᠩ ᠮᠠᠯᠵᠢᠯ ᠤᠨ ᠲᠠᠯᠠᠪᠠᠢ ᠳᠤ ᠬᠦᠷᠴᠦ᠂ ᠸᠠᠩ ᠯᠢ ᠰᠢᠶᠠ ᠲᠦᠢᠮᠡᠷ ᠢ ᠰᠡᠷᠭᠡᠶᠢᠯᠡᠵᠤ ᠲᠦᠢᠮᠠᠷ ᠢ ᠤᠨᠲᠠᠷᠠᠭᠠᠬᠤ ᠡᠳ᠋ ᠪᠣᠳᠠᠰ ᠤᠨ ᠨᠥᠭᠡᠴᠡ᠂ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠠᠪᠤᠷ ᠤᠨ ᠤᠯᠠᠷᠢᠯ ᠤᠨ ᠭᠠᠯ ᠤᠨ ᠭᠠᠮᠰᠢᠭ ᠡᠭᠦᠰᠬᠦ ᠰᠢᠯᠲᠠᠭᠠᠨ ᠢ ᠠᠰᠠᠭᠤᠪᠠ᠃ ᠲᠡᠷᠡ᠂ ᠣᠯᠠᠨ ᠵᠢᠯ ᠤᠨ ᠬᠠᠶᠢᠨ ᠰᠦᠪᠡᠭᠴᠢᠯᠡᠯᠲᠡ ᠪᠠᠷ ᠪᠦᠷᠢᠯᠳᠦᠭᠰᠡᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠲᠤᠷᠰᠢᠯᠭ᠎ᠠ ᠠᠷᠭ᠎ᠠ ᠬᠢᠳᠡᠯ ᠢ ᠦᠨᠡᠨ ᠪᠣᠳᠠᠲᠠᠶ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠣᠯᠠᠨ ᠡᠭᠦᠰᠭᠦ ᠬᠤᠭᠤᠴᠠᠭ᠎ᠠ ᠶᠢ ᠲᠣᠭᠲᠠᠭᠤᠨ ᠢᠶᠠᠷ ᠳᠤᠭᠤᠯᠬᠤ ᠶᠢ ᠦᠨᠡᠨ ᠬᠦ ᠪᠠᠳᠤᠯᠠᠬᠤ ᠬᠡᠷᠡᠭᠲᠡᠶ ᠭᠡᠵᠤ ᠬᠡᠯᠡᠪᠡ᠃    ᠵᠠᠮ ᠵᠠᠭᠤᠷ᠎ᠠ᠂ ᠸᠠᠩ ᠯᠢ ᠰᠢᠶᠠ ᠤᠷᠢᠳ ᠢᠶᠠᠷ ᠮᠡᠳᠡᠭᠳᠡᠯ ᠦᠭᠡᠢ ᠪᠠᠷ ᠬᠡᠰᠡᠭᠡᠨᠭᠤᠯᠠ ᠶᠢᠨ ᠡᠮᠦᠨᠡᠳᠡᠬᠢ ᠵᠠᠳᠠᠭᠠᠶ ᠨᠡᠭᠦᠷᠡᠰᠦᠨ ᠠᠭᠤᠷᠬᠠᠶ ᠳᠤ ᠰᠢᠭᠤᠳ ᠣᠷᠣᠵᠤ ᠠᠶᠤᠯᠭᠦᠶ ᠦᠢᠯᠡᠳᠪᠦᠷᠢᠯᠡᠯ ᠤᠨ ᠠᠵᠢᠯ ᠢ ᠪᠠᠶᠢᠴᠠᠭᠠᠪᠠ᠃ ᠲᠡᠷᠡ ᠠᠵᠢᠯ ᠤᠨ ᠠᠬᠤᠶ ᠲᠠᠯᠠᠪᠠᠶ ᠳᠤ ᠬᠦᠷᠴᠦ ᠶᠡᠨᠳᠡᠷ ᠤᠨ ᠨᠠᠯᠠᠤᠴᠠ ᠶᠢ ᠣᠶᠢᠯᠠᠭᠠᠵᠤ᠂ ᠲᠣᠭᠤᠷᠢᠨ ᠪᠠᠶᠢᠴᠠᠭᠠᠬᠤ ᠡᠬᠡ ᠲᠠᠩᠰᠠ ᠶᠢ ᠪᠠᠶᠢᠴᠠᠭᠠᠨ ᠦᠵᠡᠵᠦ᠂ ᠰᠢᠨ ᠵᠢᠩ ᠨᠡᠭᠦᠷᠡᠰᠦᠨ ᠤ ᠦᠢᠯᠡᠰ ᠤᠨ ᠵᠠᠳᠠᠭᠠᠶ ᠨᠡᠭᠦᠷᠡᠰᠦᠨ ᠠᠭᠤᠷᠬᠠᠶ ᠶᠢᠨ ᠶᠡᠬᠦᠷᠡᠭᠰᠡᠨ ᠠᠳᠡᠯ ᠢᠶᠠᠷ ᠲᠣᠯᠢ ᠪᠣᠯᠭᠠᠵᠤ᠂ ᠦᠨᠡᠨ ᠬᠦ ᠬᠠᠲᠠᠭᠤ ᠲᠠᠢ ᠨᠢ ᠬᠠᠯᠳᠠᠵᠤ ᠶᠡᠭᠡ ᠵᠢᠭᠰᠠᠭᠠᠨ ᠪᠠᠶᠢᠴᠠᠭᠠᠯᠲᠠ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠵᠢᠷᠤᠮᠵᠢᠯ ᠢ ᠴᠢᠩᠭ᠎ᠠ ᠵᠢᠷᠤᠮᠯᠠᠨ ᠦᠢᠯᠡᠳᠪᠦᠷᠢᠯᠡᠵᠦ᠂ ᠬᠡᠮ ᠰᠣᠭᠤᠭ ᠢ ᠠᠳᠡᠯ ᠪᠣᠯᠭᠠᠨ ᠵᠢᠭᠰᠠᠭᠠᠨ ᠪᠠᠶᠢᠴᠠᠭᠠᠵᠤ᠂ ᠬᠡᠯᠪᠡᠷᠢᠴᠢ ᠦᠵᠡᠯ᠂ ᠶᠣᠰᠣᠨ ᠲᠡᠳᠦᠶ ᠥᠩᠭᠡᠷᠡᠭᠦᠯᠬᠦ ᠶᠢ ᠡᠷᠡᠰ ᠬᠤᠷᠢᠭᠯᠠᠵᠤ᠂ ᠶᠠᠮᠠᠷᠪᠠ ᠠᠶᠤᠯ ᠲᠦᠭᠰᠢᠭᠦᠷᠢ ᠬᠡᠮ ᠰᠣᠭᠤᠭ ᠢ ᠶᠠᠭᠠᠬᠢᠬᠰᠡᠨ ᠴᠤ ᠣᠷᠬᠢᠭᠳᠠᠭᠤᠯᠵᠤ ᠪᠣᠯᠬᠤ ᠥᠬᠡᠶ᠂ ᠪᠠᠭ᠎ᠠ ᠠᠰᠠᠭᠤᠳᠠᠯ ᠢ ᠶᠠᠭᠠᠬᠢᠭᠰᠠᠨ ᠴᠤ ᠶᠡᠭᠡ ᠠᠰᠠᠭᠤᠳᠠᠯ ᠪᠣᠯᠭᠠᠨ ᠬᠤᠪᠢᠷᠠᠭᠤᠯᠵᠤ ᠪᠣᠯᠬᠤ ᠥᠬᠡᠶ ᠭᠡᠵᠦ ᠱᠠᠭᠠᠷᠳᠠᠪᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号