ᠢᠯᠢ ᠪᠦᠯᠦᠭᠯᠡᠯ ᠳᠤᠮᠳᠠᠳᠤ ᠤᠯᠤᠰ ᠤᠨ ᠠᠵᠤ ᠦᠢᠯᠡᠳᠪᠤᠷᠢ ᠶᠢᠨ ᠲᠤᠮᠤ ᠱᠠᠩᠨᠠᠯ ᠢ ᠲᠤᠰᠪᠠ
ᠨᠡᠶᠢᠲᠡᠯᠡᠭᠰᠡᠨ ᠴᠠᠭ᠄
2023/3/30
   ᠬᠦᠬᠡᠬᠤᠳᠠ ᠶᠢᠨ ᠠᠵᠤ ᠦᠢᠯᠡᠳᠪᠤᠷᠢ ᠪᠠ ᠮᠡᠳᠡᠭᠡ ᠵᠠᠩᠬᠢᠴᠢᠯᠠᠯᠳᠠ ᠶᠢᠨ ᠲᠤᠪᠴᠢᠶ᠎ᠠ ᠠᠴᠠ ᠤᠶᠢᠯᠠᠭᠠᠭᠰᠠᠨ  ᠢᠶᠠᠷ᠂ ᠮᠠᠨ ᠤ ᠤᠷᠤᠨ ᠤ ᠢᠯᠢ ᠪᠦᠯᠦᠭᠯᠡᠯ ᠳᠤᠯᠤᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠵᠤ ᠦᠢᠯᠡᠳᠪᠤᠷᠢ ᠶᠢᠨ ᠲᠤᠮᠤ ᠱᠠᠩᠨᠠᠯ ᠤᠨ ᠬᠦᠬᠢᠭᠦᠯᠦᠯ ᠤᠨ ᠱᠠᠩᠨᠠᠯ ᠢ ᠬᠦᠷᠳᠡᠪᠡ᠃    ᠤᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠠᠵᠤ ᠦᠢᠯᠡᠳᠪᠤᠷᠢ   ᠶᠢᠨ ᠲᠤᠮᠤ ᠱᠠᠩᠨᠠᠯ ᠪᠤᠯ ᠲᠦᠷᠦ ᠶᠢᠨ ᠶᠠᠪᠤᠳᠠᠯ ᠤᠨ ᠬᠤᠷᠢᠶᠠᠨ ᠤ ᠵᠦᠪᠰᠢᠶᠡᠷᠡᠯ ᠢᠶᠠᠷ ᠭᠠᠷᠭᠠᠭᠰᠠᠨ ᠮᠠᠨ ᠤ ᠤᠯᠤᠰ ᠤᠨ ᠠᠵᠤ ᠦᠢᠯᠡᠳᠪᠤᠷᠢ   ᠶᠢᠨ ᠬᠦᠷᠢᠶᠡᠨ ᠤ ᠬᠠᠮᠤᠭ ᠤᠨ ᠳᠡᠭᠡᠳᠦ ᠱᠠᠩᠨᠠᠯ ᠪᠤᠯᠤᠨ᠎ᠠ᠃ ᠲᠤᠰ ᠬᠤᠭᠤᠴᠠᠭᠠᠨ ᠤ ᠳᠤᠮᠳᠠᠳᠤ ᠤᠯᠤᠰ ᠤᠨ ᠠᠵᠤ ᠦᠢᠯᠡᠳᠪᠤᠷᠢ ᠶᠢᠨ ᠶᠡᠭᠡ ᠱᠠᠩᠨᠠᠯ ᠨᠢ ᠦᠨᠳᠦᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠠ ᠪᠠᠨ ᠳᠠᠭᠠᠭᠠᠵᠤ ᠦᠪᠡᠷ ᠢᠶᠠᠨ ᠬᠦᠴᠦᠷᠬᠡᠭᠵᠢᠬᠦ ᠶᠢ ᠠᠬᠢᠭᠤᠯᠬᠤ᠂ ᠠᠵᠤ ᠦᠢᠯᠡᠰ ᠤᠨ ᠬᠡᠯᠬᠢᠶᠠᠨ ᠤ ᠤᠳᠤᠬᠢᠴᠢᠯᠠᠯᠳᠠ   ᠶᠢᠨ ᠲᠦᠪᠰᠢᠨ ᠢ ᠳᠡᠭᠡᠭᠰᠢᠯᠡᠭᠦᠯᠬᠦ᠂ ᠦᠢᠯᠡᠳᠬᠦ ᠦᠢᠯᠡᠰ ᠤᠨ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠭᠦᠯᠬᠦ ᠪᠠᠷ ᠭᠤᠤᠯᠳᠠᠯᠭ᠎ᠠ ᠪᠤᠯᠭᠠᠨ ᠰᠢᠯᠭᠠᠷᠠᠭᠤᠯᠤᠯᠳᠠ ᠬᠢᠵᠠᠢ᠃ ᠦᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠲᠤᠰ ᠬᠤᠭᠤᠴᠠᠭᠠᠨ ᠤ ᠰᠢᠯᠭᠠᠷᠠᠭᠤᠯᠤᠯᠳ ᠳᠤ ᠱᠠᠩᠨᠠᠯ ᠬᠦᠷᠳᠡᠭᠰᠡᠨ ᠠᠵᠤ ᠠᠬᠤᠶᠢᠯᠠᠯ ᠪᠠ ᠲᠦᠷᠦᠯ ᠵᠦᠢᠯ ᠤᠳ ᠭᠤᠤᠯᠳᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠡᠭᠦᠳᠦᠯᠳᠡ᠂ ᠪᠤᠬᠢᠷᠳᠦᠯ ᠦᠭᠡᠢ ᠪᠠᠭ᠎ᠠ ᠨᠡᠭᠦᠷᠡᠰᠦᠳᠦ᠋ᠷᠦᠭᠴᠢᠳᠦ ᠬᠦᠭᠵᠢᠯᠳᠡ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠭᠤᠷᠪᠠᠨ ᠲᠠᠯ᠎ᠠ ᠪᠠᠷ ᠰᠢᠪᠳᠤᠯᠤᠯᠳᠠ ᠤᠯᠤᠭᠰᠠᠨ ᠪᠤᠶᠤ ᠰᠢᠨ᠎ᠠ ᠢᠢ ᠡᠭᠦᠳᠦᠭᠰᠡᠨ ᠦᠷ᠎ᠠ ᠪᠦᠲᠦᠭᠡᠯ ᠲᠠᠢ ᠪᠠᠶᠢᠵᠤ᠂ ᠮᠠᠨ ᠤ ᠤᠯᠤᠰ ᠤᠨ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠠ ᠶᠢ ᠬᠦᠴᠦᠷᠬᠡᠭᠵᠢᠭᠦᠯᠬᠦ᠂ ᠠᠵᠤ ᠦᠢᠯᠡᠰ ᠤᠨ ᠬᠡᠯᠬᠢᠶ᠎ᠠ ᠶᠢ ᠨᠦᠬᠦᠪᠤᠷᠢᠯᠡᠬᠦ᠂ ᠠᠵᠤ ᠦᠢᠯᠡᠰ ᠤᠨ ᠬᠡᠯᠬᠢᠶ᠎ᠠ ᠵᠢ‌‍ᠪᠠᠬᠢᠵᠢᠭᠦᠯᠬᠦ ᠵᠢᠴᠢ ᠠᠵᠤ ᠦᠢᠯᠡᠰ ᠤᠨ ᠬᠡᠯᠬᠢᠶ᠎ᠠ ᠬᠠᠩᠭᠠᠯᠭ᠎ᠠ ᠶᠢᠨ ᠬᠡᠯᠬᠢᠶᠡᠨ ᠤ ᠤᠶᠠᠨ ᠬᠠᠳᠠᠨ ᠴᠢᠨᠠᠷ ᠪᠠ ᠠᠮᠦᠷ ᠲᠦᠪᠰᠢᠨ ᠤ ᠬᠡᠮᠵᠢᠶ᠎ᠠ ᠵᠢ‌‍ᠴᠢᠩᠭᠠᠳᠬᠠᠬᠤ ᠲᠠᠯ᠎ᠠ ᠪᠠᠷ ᠬᠢ ᠬᠠᠮᠤᠭ ᠤᠨ ᠰᠢᠨ᠎ᠠ ᠦᠷ᠎ᠠ ᠪᠦᠲᠦᠮᠵᠢ ᠶᠢ ᠬᠠᠷᠠᠭᠤᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号