ᠬᠤᠸᠠᠩ ᡁᠢ ᠴᠢᠶᠠᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠠᠯᠠ ᠮᠦᠩᠬᠦ ᠣᠷᠣᠭᠤᠯᠤᠨ ᠠᠪᠴᠢᠷᠠᠬᠤ ᠬᠤᠶᠠᠳᠤᠭᠠᠷ ᠤᠳᠠᠭ᠎ᠠ ᠶᠢᠨ ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠳᠤᠭᠤᠷᠢᠭ ᠰᠢᠷᠡᠭᠡ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/11
    4 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠰᠢᠨ᠎ᠡ ᠡᠨᠧᠷᠭᠢ ᠶᠢᠨ ᠲᠣᠨᠣᠭᠯᠠᠯ ᠦᠢᠯᠡᠳᠬᠦ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠤᠨ ᠠᠪᠴᠢᠷᠠᠬᠤ ᠬᠤᠶᠠᠳᠤᠭᠠᠷ ᠤᠳᠠᠭ᠎ᠠ ᠶᠢᠨ ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠲᠤᠭᠤᠷᠢᠭ ᠰᠢᠷᠡᠭᠡ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠨᠢᠩᠳᠧ ᠴᠠᠭ ᠦᠶ᠎ᠡ᠂ ᠪᠢ ᠶᠠ ᠳ᠋ᠢ ᠵᠡᠷᠭᠡ 11 ᠠᠵᠤ ᠠᠬᠤᠶᠢᠯᠠᠯ ᠲᠠᠢ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠬᠥᠭᠵᠢᠯᠲᠡ ᠶᠢᠨ ᠬᠤᠳᠠᠯᠳᠤᠭᠠᠨ ᠤ ᠰᠢᠨ᠎ᠠ ᠠᠵᠠ ᠲᠣᠬᠢᠶᠠᠯ ᠢ ᠬᠠᠮᠳᠤ ᠪᠠᠷ ᠶᠠᠷᠢᠯᠴᠠᠪᠠ᠃     ᠬᠤᠸᠠᠩ ᡁᠢ ᠴᠢᠶᠠᠩ᠂ ᠡᠨᠡ ᠤᠳᠠᠭ᠎ᠠ ᠶᠢᠨ ᠵᠠᠰᠠᠭ ᠤᠨ ᠤᠷᠳᠤᠨ ᠪᠠ ᠠᠵᠤ ᠠᠬᠤᠶᠢᠯᠠᠯ ᠤᠨ ᠲᠤᠭᠤᠷᠢᠭ ᠰᠢᠷᠡᠭᠡ ᠶᠢᠨ ᠬᠤᠷᠠᠯ ᠨᠢ ᠵᠠᠷᠯᠠᠨ ᠮᠡᠳᠡᠭᠳᠡᠬᠦ ᠬᠤᠷᠠᠯ ᠪᠣᠯᠬᠤ ᠪᠠᠷ ᠪᠠᠷᠠᠬᠤ ᠦᠭᠡᠢ ᠪᠠᠰᠠ ᠰᠤᠳᠤᠯᠤᠨ ᠶᠠᠷᠢᠯᠴᠠᠬᠤ ᠬᠤᠷᠠᠯ ᠪᠣᠯᠤᠨ᠎ᠠ᠂ ᠮᠦᠨ ᠴᠤ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠵᠥᠪᠳᠡᠯᠴᠡ ᠶᠠᠷᠢᠯᠴᠠᠬᠤ ᠬᠤᠷᠠᠯ ᠪᠣᠯᠤᠨ᠎ᠠ᠃ ᠥᠪᠥᠷ ᠮᠣᠩᠭᠤᠯ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠶᠢᠨ ᠠᠵᠢᠯ ᠢ ᠰᠠᠶᠢᠲᠤᠷ ᠬᠢᠵᠦ᠂ ᠰᠢᠨ᠎ᠡ ᠡᠨᠧᠷᠭᠢ ᠶᠢᠨ ᠠᠵᠤ ᠦᠢᠯᠡᠰ ᠢ ᠪᠥᠬᠦ ᠬᠦᠴᠦ ᠪᠠᠷ ᠢᠶᠠᠨ ᠬᠥᠭᠵᠢᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠬᠤ ᠳᠤ᠂ ᠡᠨᠧᠷᠭᠢ ᠬᠠᠳᠠᠭᠠᠯᠠᠬᠤ ᠪᠣᠯ ᠳᠤᠲᠠᠭᠳᠠᠵᠤ ᠪᠣᠯᠤᠰᠢ ᠥᠬᠡᠶ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠬᠤ ᠰᠢᠨ᠎ᠡ ᠨᠡᠮᠡᠭᠳᠡᠯ ᠤᠨ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠤᠯᠤᠰ ᠤᠨ ᠳᠣᠲᠣᠭᠠᠳᠤ ᠶᠢᠨ ᠡᠨᠧᠷᠭᠢ ᠬᠠᠳᠠᠭᠠᠯᠠᠬᠤ ᠲᠣᠨᠣᠭᠯᠠᠯ ᠦᠢᠯᠡᠳᠬᠦ ᠦᠢᠯᠡᠳᠪᠦᠷᠢᠯᠡᠯ ᠤᠨ ᠰᠠᠭᠤᠷᠢᠨ᠂ ᠴᠠᠬᠢᠯᠭᠠᠨ ᠭᠠᠷᠭᠠᠬᠤ ᠰᠠᠭᠤᠷᠢᠨ ᠪᠣᠯᠤᠨ ᠠᠵᠢᠯᠯᠠᠭᠠᠨ ᠤ ᠬᠢᠨᠠᠨ ᠰᠢᠨᠵᠢᠬᠦ ᠪᠠ ᠰᠠᠯᠪᠢᠨ ᠬᠠᠮᠠᠭᠠᠯᠠᠬᠤ ᠰᠠᠭᠤᠷᠢᠨ ᠢ ᠲᠦᠷᠭᠡᠳᠭᠡᠨ ᠪᠠᠶᠢᠭᠤᠯᠬᠤ ᠬᠡᠷᠡᠭᠲᠡᠶ᠃ ᠳᠠᠭᠠᠭᠤᠯᠤᠭᠴᠢ ᠠᠵᠤ ᠠᠬᠤᠶᠢᠯᠠᠯ ᠤᠨ ᠥᠪᠥᠷ ᠮᠣᠩᠭᠤᠯ ᠳᠤ ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠬᠦ ᠶᠢ ᠪᠠᠶᠠᠷᠯᠠᠨ ᠤᠭᠲᠤᠵᠤ ᠪᠠᠶᠢᠨ᠎ᠠ᠂ ᠠᠩᠬ᠎ᠠ ᠪᠠᠶᠢᠭᠤᠯᠤᠭᠳᠠᠬᠰᠠᠨ ᠠᠵᠤ ᠠᠬᠤᠶᠢᠯᠠᠯ ᠤᠨ ᠥᠪᠥᠷ ᠮᠣᠩᠭᠤᠯ ᠳᠤ ᠦᠢᠯᠡᠰ ᠪᠤᠰᠬᠠᠨ ᠦᠰᠦᠨ ᠪᠤᠶᠢᠵᠢᠬᠤ ᠶᠢ ᠴᠤ ᠪᠠᠶᠠᠷᠯᠠᠨ ᠤᠭᠲᠤᠵᠥ ᠪᠠᠶᠢᠨ᠎ᠠ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠴᠢᠯᠠᠭ᠎ᠠ ᠠᠴᠠ ᠪᠠᠨ ᠵᠣᠯᠭᠠᠯᠴᠠᠵᠤ᠂ ︽ᠵᠠᠷᠤᠴᠠ︾ ᠪᠣᠯᠵᠤ ᠰᠠᠶᠢᠳᠤᠷ ᠦᠢᠯᠡᠴᠢᠯᠡᠬᠦ ᠬᠡᠷᠡᠭᠲᠡᠶ ᠬᠡᠪᠡ᠃
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号