ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠶᠢ ᠰᠣᠷᠪᠣᠯᠵᠢᠯᠠᠭᠰᠠᠨ ᠨᠢ
ᠨᠡᠶᠢᠲᠡᠯᠡᠭᠰᠡᠨ ᠴᠠᠭ᠄
2023/4/12
   ︽ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠠᠶᠢᠮᠠᠭ ᠤᠨ ᠨᠠᠮ ᠤᠨ ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠲᠠᠭᠤᠳᠠᠯ ᠪᠠᠭᠤᠷᠠᠶ ᠲᠠᠯ᠎ᠠ ᠪᠠᠨ ᠣᠨᠣᠪᠴᠢᠲᠠᠶ ᠡᠷᠢᠵᠦ᠂ ᠳᠠᠯᠳᠠ ᠬᠦᠴᠦᠨ ᠤ ᠳᠠᠪᠠᠭᠤᠯᠢᠭ ᠢᠶᠠᠨ ᠭᠦᠨᠵᠡᠭᠡᠶ ᠠᠭᠤᠳᠠᠯᠵᠤ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠬᠥᠪᠴᠢᠯᠡᠵᠦ᠂ ᠬᠥᠭᠵᠢᠯᠲᠡ ᠶᠢᠨ ᠡᠷᠴᠢ ᠵᠣᠷᠢᠭ ᠢᠶᠠᠨ ᠨᠡᠮᠡᠭᠳᠡᠭᠦᠯᠵᠦ᠂ ᠪᠥᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠪᠥᠬᠦ ᠠᠶᠢᠮᠠᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠣᠨ᠎ᠠ᠃︾ ᠲᠦᠷᠦᠭᠦᠬᠡᠨ᠂ ᠠᠶᠢᠮᠠᠭ ᠤᠨ ᠨᠠᠮ ᠤᠨ ᠬᠤᠷᠢᠶ᠎ᠠ ᠶᠢᠨ ︵ᠥᠷᠭᠡᠳᠬᠡᠭᠰᠡᠨ︶ ᠬᠤᠷᠠᠯ ᠵᠢᠴᠢ ᠪᠥᠬᠦ ᠠᠶᠢᠮᠠᠭ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠦᠵᠢ᠂ ᠡᠷᠬᠢᠯᠡᠭᠴᠢ ᠯᠢᠦ ᠰᠢᠶᠠᠨ ᠳ᠋ᠧ ᠲᠤᠰᠬᠠᠶ ᠰᠤᠷᠪᠤᠯᠵᠢᠯᠠᠭ᠎ᠠ ᠶᠢ ᠬᠦᠯᠢᠶᠡᠪᠡ᠃     ᠲᠡᠷᠡ᠂ ᠪᠥᠬᠦ ᠠᠶᠢᠮᠠᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠠᠶᠢᠮᠠᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠬᠤᠶᠢᠰᠢᠳᠠ ᠶᠢᠨ ᠠᠵᠢᠯ ᠤᠨ ᠳᠤᠮᠳᠠ ᠪᠠᠨ ᠠᠵᠤ ᠠᠬᠤᠶ ᠶᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠪᠠᠷ ᠬᠦᠴᠦᠯᠡᠵᠦ᠂ ᠭᠤᠤᠯᠳᠠᠭᠤ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠰᠠᠶᠢᠲᠤᠷ ᠠᠳᠬᠤᠨ᠎ᠠ ᠭᠡᠪᠡ᠃    ᠨᠢᠭᠡ᠂ ᠪᠡᠯᠡ ᠣᠷᠣᠭᠤᠯᠤᠯᠲᠠ ᠶᠢ ᠥᠷᠭᠡᠳᠬᠡᠵᠦ ᠲᠥᠷᠥᠯ ᠵᠦᠢᠯ ᠢ ᠪᠣᠳᠠᠲᠠᠶ ᠠᠳᠬᠤᠨ᠎ᠠ    ᠴᠢᠬᠤᠯᠠ ᠶᠡᠭᠡ ᠲᠥᠷᠥᠯ ᠵᠦᠢᠯ ᠢ ᠲᠣᠭᠲᠠᠭᠰᠠᠨ ᠴᠡᠭ ᠤᠨ ᠳᠠᠭᠠᠭᠠᠴᠢᠯᠠᠨ ᠬᠠᠷᠢᠯᠴᠠᠬᠤ᠂ ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠤᠨ ᠲᠤᠰᠬᠠᠶ ᠠᠩᠭᠢ ᠶᠢ ᠠᠬᠢᠭᠤᠯᠬᠤ ᠵᠡᠷᠭᠡ ᠲᠣᠭᠲᠠᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠦᠶᠡᠯᠡᠯ ᠤᠨ ᠦᠢᠯᠡᠴᠢᠯᠡᠭᠡ ᠪᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠦᠭᠵᠢᠷᠡᠯ ᠤᠨ ᠠᠰᠠᠭᠤᠳᠠᠯ ᠢ ᠪᠥᠬᠦ ᠶᠠᠪᠤᠴᠠ ᠪᠠᠷ ᠮᠥᠷᠳᠡᠨ ᠰᠢᠢᠳᠪᠦᠷᠢᠯᠡᠵᠦ᠂ 123 ᠠᠶᠢᠮᠠᠭ ᠤᠨ ᠲᠠᠰ ᠤᠨ ᠭᠤᠤᠯᠳᠠᠯᠭ᠎ᠠ ᠲᠠᠢ ᠲᠥᠷᠥᠯ ᠵᠦᠢᠯ ᠢ ᠤᠷᠤᠭᠰᠢᠲᠠᠶ ᠬᠡᠷᠡᠭᠵᠢᠭᠦᠯᠬᠦ᠂ ᠪᠥᠸᠧ ᠶᠤᠸᠠᠨ ᠪᠠᠶᠢᠭᠠᠯᠢ ᠶᠢᠨ ᠬᠤᠵᠢᠷ᠂ ᠲᠩᠷᠢ - ᠠᠯᠠᠱᠠ ᠠᠭᠤᠯᠠᠨ ᠤ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠵᠡᠷᠭᠡ 5 ᠵᠠᠭᠤᠨ ᠳ᠋ᠦᠩᠰᠢᠭᠤᠷ ᠲᠥᠭᠦᠷᠢᠭ ᠤᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠵᠤ᠂ ᠵᠢᠯ ᠤᠨ ᠳᠣᠲᠣᠷ᠎ᠠ 500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠠᠯᠠ ᠣᠷᠣᠭᠤᠯᠤᠯᠲᠠ ᠶᠢ ᠪᠡᠶᠡᠯᠡᠭᠦᠯᠬᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠨᠡᠮᠡᠭᠳᠡᠯ ᠢ 50% ᠠᠴᠠ ᠳᠣᠤᠷ᠎ᠠ ᠪᠠᠶᠢᠯᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ ︽ᠪᠡᠯᠡ ᠮᠥᠩᠭᠦ ᠶᠢ ᠲᠥᠷᠥᠯ ᠵᠦᠢᠯ ᠢᠶᠠᠨ ᠳᠠᠭᠠᠬᠤ︾ ᠶᠢ ᠪᠠᠷᠢᠮᠲᠠᠯᠠᠨ᠂ ᠲᠥᠷᠥᠯ ᠵᠦᠢᠯ ᠤᠨ ᠨᠠᠶᠢᠷᠠᠭᠤᠯᠤᠨ ᠵᠣᠬᠢᠶᠠᠬᠤ ᠪᠠ ᠭᠤᠶᠤᠴᠢᠯᠠᠨ ᠮᠡᠳᠡᠭᠦᠯᠬᠦ ᠵᠠᠩᠭᠢᠯᠠᠭ᠎ᠠ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠨᠠᠩ ᠣᠯᠠᠨ ᠲᠥᠷᠥᠯ ᠵᠦᠢᠯ ᠢ ᠤᠯᠤᠰ᠂ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠲᠥᠯᠥᠪᠯᠡᠭᠡ ᠳᠤ ᠣᠷᠣᠭᠤᠯᠬᠤ ᠪᠠᠷ ᠴᠢᠷᠮᠠᠶᠢᠨ᠎ᠠ᠃ ︽ᠤᠯᠠᠭᠠᠨ ᠬᠠᠷ᠎ᠠ ᠲᠠᠩᠰᠠ︾ ᠶᠢᠨ ᠱᠠᠩᠨᠠᠵᠤ ᠲᠣᠷᠭᠠᠬᠤ ᠲᠣᠭᠲᠠᠴᠠ ᠶᠢ ᠨᠠᠶᠢᠳᠠᠪᠤᠷᠢᠵᠢᠭᠤᠯᠵᠤ᠂ ᠨᠢᠭᠡᠨᠲᠡ ᠪᠠᠭᠤᠯᠭᠠᠭᠰᠠᠨ ᠳᠡᠭᠡᠳᠦ ᠱᠠᠲᠤᠨ ᠤ ᠲᠥᠰᠦᠪ ᠤᠨ ᠳᠣᠲᠣᠷᠠᠬᠢ ᠪᠠᠯᠠ ᠮᠥᠩᠭᠦ ᠪᠠ ᠣᠷᠣᠨ ᠨᠤᠲᠤᠭ ᠤᠨ ᠲᠤᠰᠬᠠᠶ ᠵᠢᠭᠡᠯᠡᠯᠭᠡ ᠶᠢᠨ ᠲᠡᠮᠳᠡᠭᠲᠦ ᠶᠢᠨ ᠪᠠᠯᠠ ᠮᠥᠩᠭᠦ ᠶᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠡᠭᠡᠷ᠎ᠡ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠬᠡᠷᠡᠭᠯᠡᠯᠲᠡ ᠶᠢ ᠴᠢᠩᠭᠠᠳᠬᠠᠨ᠎ᠠ ᠃ ᠲᠦᠷᠦᠯ ᠵᠦᠢᠯ ᠢ ᠲᠥᠰᠦᠪᠯᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠪᠠᠷᠢᠮᠵᠢᠶ᠎ᠠ ᠶᠢ ᠴᠢᠩᠭ᠎ᠠ ᠠᠳᠬᠤᠵᠤ᠂ ︽ᠬᠤᠶᠠᠷ ᠰᠢᠨ᠎ᠡ ᠨᠢᠭᠡ ᠴᠢᠬᠤᠯᠠ︾᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠵᠡᠷᠭᠡ ᠬᠦᠷᠢᠶ᠎ᠡ ᠪᠠᠷ ᠭᠤᠣᠯᠳᠠᠯᠭ᠎ᠠ ᠪᠣᠯᠭᠠᠨ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠰᠠᠶᠢᠲᠤᠷ ᠬᠢᠨ᠎ᠡ᠃     ᠬᠤᠶᠠᠷ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ     ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠤᠶᠠᠷ ᠥᠨᠳᠥᠷ﹀ ᠲᠥᠷᠥᠯ ᠵᠦᠢᠯ ᠤᠨ ᠳᠣᠤᠷ᠎ᠠ ᠬᠢᠷᠢ ᠲᠦᠪᠰᠢᠨ ᠢᠶᠠᠷ ᠰᠣᠬᠤᠷ ᠪᠠᠯᠠᠶ ᠪᠠᠷ ᠬᠥᠭᠵᠢᠭᠦᠯᠬᠦ ᠶᠢ ᠬᠠᠮᠢᠶᠠᠷᠤᠨ ᠡᠵᠡᠮᠳᠡᠬᠦ ᠭᠠᠷᠴᠠᠭ﹀ ᠢ ᠴᠢᠩᠭ᠎ᠠ ᠬᠡᠷᠡᠭᠵᠢᠭᠦᠯᠵᠦ᠂ ᠠᠯᠠᠱᠠ ᠶᠢᠨ ᠨᠡᠭᠦᠷᠡᠰᠦᠲᠥ᠋ᠷᠥᠭᠴᠢ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ︽1 NX︾ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠲᠠᠪᠤ ᠶᠢ ᠲᠦᠢᠯᠪᠤᠷᠢᠲᠠᠢ ᠬᠢᠬᠦ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠵᠤ᠂ ︽ᠬᠠᠭᠠᠰ ᠲᠤᠲᠠᠭᠤ ᠤᠷᠬᠢᠭᠰᠠᠨ︾ ᠪᠠᠷᠢᠯᠭ᠎ᠠ ᠶᠢ ᠰᠢᠢᠳᠪᠥᠷᠢᠯᠡᠬᠦ ᠠᠬᠢᠴᠠ ᠶᠢ ᠲᠦᠷᠭᠡᠳᠬᠡᠨ᠎ᠡ᠃ ᠭᠤᠷᠪᠠᠨ ᠶᠡᠭᠡ ᠡᠯᠡᠰᠦ ᠪᠣᠯᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠦᠯ ᠢ ᠶᠡᠷᠦᠩᠬᠡᠶᠢᠯᠡᠨ ᠵᠠᠰᠠᠬᠤ ᠵᠡᠷᠭᠡ ᠠᠮᠢ ᠠᠬᠤᠢ ᠶᠢᠨ ᠲᠦᠷᠦᠯ ᠵᠦᠢᠯ ᠢ ᠰᠠᠶᠢᠲᠤᠷ ᠠᠳᠬᠤᠵᠤ᠂ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ᠂ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠬᠦ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠴᠢᠬᠤᠯᠠ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠵᠦ᠂ ᠠᠯᠠᠱᠠ ᠠᠭᠤᠯᠠ ᠶᠢᠨ ᠬᠠᠯᠬᠠᠪᠴᠢ ᠶᠢ ᠪᠠᠬᠢᠵᠢᠭᠦᠯᠦᠨ᠎ᠡ᠃     ᠭᠤᠷᠪᠠ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠤᠶ ᠪᠣᠯᠭᠠᠨ᠎ᠠ     ᠪᠥᠬᠦ ᠤᠯᠤᠰ ᠤᠨ ᠴᠢᠬᠤᠯᠠ ᠳ᠋ᠦᠩᠰᠢᠭᠤᠷ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠲᠣᠮᠣ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠤᠨ ᠳᠣᠲᠣᠷ᠎ᠠ ᠰᠢᠨ᠎ᠡ ᠡᠨᠧᠷᠭᠢ ᠶᠢᠨ ᠠᠵᠢᠯ ᠢ ᠡᠬᠢᠯᠡᠭᠦᠯᠬᠦ ᠬᠡᠪᠴᠢᠶ᠎ᠡ ᠶᠢ 2000 ᠲᠦᠮᠡᠨ ᠺᠢᠯᠣᠸᠠᠲ ᠠᠴᠠ ᠳᠠᠪᠠᠭᠤᠯᠵᠤ᠂ ᠰᠢᠨ᠎ᠡ ᠪᠠᠷ ᠨᠡᠮᠡᠭᠳᠡᠭᠰᠡᠨ ᠲᠣᠤᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠬᠡᠪᠴᠢᠶ᠎ᠡ ᠶᠢ 500 ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃ ᠪᠥᠬᠦ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠴᠠᠬᠢᠯᠭᠠᠨ ᠡᠭᠦᠰᠭᠡᠭᠴᠢ᠂ ᠴᠠᠬᠢᠯᠭᠠᠨ ᠲᠣᠤᠷ ᠤᠨ ᠲᠥᠬᠦᠭᠡᠷᠦᠮᠵᠢ᠂ ᠤᠰᠤ ᠲᠠᠲᠠᠵᠤ ᠡᠨᠧᠷᠭᠢ ᠬᠠᠳᠠᠭᠠᠯᠠᠬᠤ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ᠂ ᠪᠣᠬᠢᠷᠲᠤᠯ ᠥᠬᠡᠶ ᠡᠨᠧᠷᠭᠢ ᠪᠠᠷ ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠢ ᠨᠢᠭᠡᠳᠦᠯᠲᠡᠶ ᠲᠥᠯᠥᠪᠯᠡᠨ ᠪᠠᠶᠢᠷᠢᠰᠢᠭᠤᠯᠵᠤ᠂ ᠲᠣᠨᠤᠭ ᠲᠥᠬᠦᠭᠡᠷᠦᠮᠵᠢ ᠦᠢᠯᠡᠳᠬᠦ ᠪᠠ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠡ ᠶᠢ ᠬᠤᠯᠪᠣᠭᠠᠯᠠᠨ ᠬᠥᠭᠵᠢᠭᠦᠯᠦᠨ᠎ᠡ᠃ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠡᠨᠧᠷᠭᠢ ᠪᠠᠭ᠎ᠠ ᠭᠠᠳᠠᠭᠰᠢᠯᠠᠭᠤᠯᠬᠤ ᠠᠵᠤ ᠦᠢᠯᠡᠰ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠠᠶᠢᠮᠠᠭ ᠤᠨ ᠳᠣᠲᠣᠷᠠᠬᠢ ᠤᠯᠤᠰ ᠤᠨ ᠥᠮᠴᠢᠯᠡᠯᠲᠦ ᠠᠵᠤ ᠠᠬᠤᠶᠢᠯᠠᠯ ᠬᠢᠭᠡᠳ ᠲᠥᠪ ᠤᠨ ᠠᠵᠤ ᠠᠬᠤᠶᠢᠯᠠᠯ᠂ ᠣᠷᠣᠨ ᠤ ᠬᠠᠷᠢᠶ᠎ᠠ ᠠᠵᠤ ᠠᠬᠤᠶᠢᠯᠠᠯ ᠵᠡᠷᠭᠡ ᠶᠢᠨ ᠬᠠᠮᠲᠤᠷᠠᠯᠴᠠᠨ ᠨᠡᠭᠡᠭᠡᠨ ᠬᠥᠭᠵᠢᠭᠦᠯᠵᠦ ᠡᠵᠡᠩᠨᠡᠬᠦ ᠶᠢ ᠳᠡᠮᠵᠢᠵᠦ᠂ ᠪᠥᠬᠦ ᠠᠶᠢᠮᠠᠭ ᠤᠨ ᠠᠵᠤ ᠦᠢᠯᠡᠰ ᠤᠨ ᠰᠢᠰᠲ᠋ᠧᠮ ᠤᠨ ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠬᠥᠲᠥᠯᠦᠨ ᠳᠠᠭᠠᠭᠤᠯᠤᠨ᠎ᠠ᠃     ᠳᠥᠷᠪᠡ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ  ᠳᠦᠷᠭᠡᠳᠭᠡᠨ᠎ᠡ     ᠵᠤᠨ ᠤ ᠠᠮᠤ ᠪᠤᠳᠠᠭ᠎ᠠ᠂ ᠨᠠᠮᠤᠷ ᠤᠨ ᠠᠮᠤ ᠪᠤᠳᠠᠭ᠎ᠠ ᠬᠤᠳᠠᠯᠳᠤᠨ ᠠᠪᠬᠤ ᠪᠠ ᠠᠮᠤ ᠲᠣᠰᠣ ᠨᠥᠭᠡᠴᠡᠯᠡᠬᠦ ᠠᠵᠢᠯ ᠢ ᠰᠠᠶᠢᠲᠤᠷ ᠠᠳᠬᠤᠵᠤ᠂ ᠠᠮᠤ ᠪᠤᠳᠠᠭᠠᠨ ᠤ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ 418 ᠲᠦᠮᠡᠨ ᠮᠥ ᠲᠠᠷᠢᠶᠠᠨ ᠭᠠᠵᠠᠷ ᠤᠨ ᠪᠡᠯᠡᠳᠬᠡᠯ ᠡᠬᠢ ᠪᠠᠶᠠᠯᠢᠭ ᠢ ᠬᠡᠪᠴᠢᠶᠡᠵᠢᠭᠦᠯᠦᠨ ᠨᠡᠭᠡᠭᠡᠨ ᠠᠰᠢᠭᠯᠠᠬᠤ ᠲᠥᠷᠥᠯ ᠵᠦᠢᠯ ᠢ ᠠᠬᠢᠭᠤᠯᠵᠤ᠂ ᠪᠥᠬᠦ ᠠᠶᠢᠮᠠᠭ ᠤᠨ ︽ᠢᠳᠡᠰᠢᠨ ᠨᠣᠭᠤᠭ᠎ᠠ︾ ᠶᠢᠨ ᠥᠪᠡᠷ ᠢ ᠪᠠᠨ ᠬᠠᠩᠭᠠᠬᠤ ᠬᠠᠩᠭᠠᠯᠭ᠎ᠠ ᠶᠢ ᠪᠠᠲᠤᠯᠠᠬᠤ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠪᠡᠯᠡᠳᠬᠡᠮᠵᠢᠲᠦ ᠢᠳᠡᠰᠢᠨ ᠨᠣᠭᠤᠭ᠎ᠠ ᠶᠢᠨ ᠪᠠᠷᠢᠮᠵᠢᠶᠠᠵᠢᠭᠰᠠᠨ ᠪᠣᠰᠤᠭ᠎ᠠ ᠴᠣᠭᠴᠠᠲᠤ ᠲᠠᠷᠢᠮᠠᠯ ᠤᠨ ᠰᠢᠰᠲ᠋ᠧᠮᠵᠢ ᠶᠢ ᠪᠤᠶᠢᠵᠢᠭᠤᠯᠤᠨ ᠪᠦᠷᠢᠯᠳᠦᠭᠦᠯᠦᠨ᠎ᠡ᠃ ᠤᠯᠤᠰ ᠤᠨ ᠲᠠᠰ ᠤᠨ ᠠᠯᠠᠱᠠ ᠶᠢᠨ ᠲᠡᠮᠡᠭᠡᠨ ᠤ ᠠᠵᠤ ᠦᠢᠯᠡᠰ ᠤᠨ ᠬᠦᠷᠢᠶᠡᠯᠡᠩ᠂ ᠡᠯᠡᠰᠦᠨ ᠤ ᠠᠵᠤ ᠦᠢᠯᠡᠰ ᠤᠨ ᠬᠦᠷᠢᠶᠡᠯᠡᠩ᠂ ᠣᠲᠣ ᠦᠶ᠎ᠡ ᠶᠢᠨ ᠲᠦᠬᠦᠭᠡᠷᠦᠮᠵᠢᠲᠦ ᠲᠠᠷᠢᠶᠠᠯᠠᠩ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠢᠩᠭ᠎ᠠ ᠠᠩᠬᠠᠷᠴᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰᠵᠢᠯᠳᠡ᠂ ᠵᠦᠷᠢᠶᠡᠴᠢᠯᠡᠯᠲᠡ᠂ ᠨᠠᠷᠢᠯᠢᠭ ᠭᠦᠨᠵᠡᠭᠡᠶᠢᠷᠡᠭᠦᠯᠬᠦ᠂ ᠳᠡᠭᠡᠳᠦ ᠲᠠᠰ ᠤᠨ ᠬᠥᠭᠵᠢᠯᠲᠡ ᠶᠢ ᠠᠬᠢᠭᠤᠯᠤᠨ᠎ᠠ᠃     ᠲᠠᠪᠤ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠠᠶᠢᠭᠤᠯᠤᠨ᠎ᠠ     ᠢᠷᠭᠠᠢ ᠠᠴᠠ ᠪᠠᠶᠠᠨᠬᠤᠲᠠ ᠬᠦᠷᠬᠦ ᠲᠡᠮᠦᠷ ᠵᠠᠮ ︵ᠥᠪᠥᠷ ᠮᠣᠩᠭᠤᠯ ᠤᠨ ᠬᠡᠰᠡᠭ︶ ᠤᠨ ᠴᠢᠳᠠᠮᠵᠢ ᠪᠠᠨ ᠥᠷᠭᠡᠳᠬᠡᠨ ᠥᠭᠡᠷᠡᠴᠢᠯᠡᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠠᠱᠠ ᠵᠡᠭᠦᠨ ᠬᠤᠰᠢᠭᠤᠨ ᠤ ᠨᠢᠰᠬᠡᠯ ᠤᠨ ᠪᠠᠭᠤᠳᠠᠯ ᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠪᠣᠯᠭᠠᠨ ᠳᠡᠰ ᠳᠡᠪᠰᠢᠬᠦᠯᠬᠦ ᠢᠨᠵᠧᠨᠧᠷᠢᠩ᠂ ᠥᠯᠵᠡᠶ - ᠪᠠᠶᠠᠨᠬᠤᠲᠠ - ᠳᠡᠷᠡᠰᠦᠨ ᠤ ᠲᠡᠮᠦᠷ ᠵᠠᠮ ᠵᠡᠷᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠤᠨ᠎ᠠ᠃ ᠴᠡᠭᠡ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠳᠡᠭᠡᠭᠰᠢᠯᠡᠭᠦᠯᠵᠦ᠂ ᠥᠯᠵᠡᠶ ᠪᠣᠭᠤᠮᠲᠠ ᠶᠢᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠦᠨ᠂ ᠤᠶᠤᠨᠴᠢᠯᠠᠭᠰᠠᠨ ᠪᠣᠭᠤᠮᠲᠠ ᠶᠢᠨ ᠪᠥᠲᠥᠭᠡᠨ ᠪᠠᠶᠢᠭᠤᠯᠤᠯᠲᠠ ᠪᠠ ᠡᠬᠢ ᠪᠠᠶᠠᠯᠢᠭ ᠢ ᠪᠣᠳᠠᠲᠠᠶᠢᠵᠢᠭᠤᠯᠤᠨ ᠡᠳ᠋ᠰᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ︽ᠪᠣᠭᠤᠮᠲᠠ ᠪᠠᠷ ᠳᠠᠶᠢᠴᠢᠯᠠᠬᠤ᠂ ᠲᠤᠳᠤᠷ᠎ᠠ ᠭᠠᠵᠠᠷ ᠲᠤ ᠲᠤᠯᠭᠠᠭᠤᠷᠢᠯᠠᠬᠤ᠂ ᠬᠢᠯᠢ ᠳᠣᠲᠣᠷ᠎ᠠ ᠭᠠᠵᠠᠷ ᠬᠠᠷᠢᠯᠴᠠᠨ ᠬᠥᠳᠡᠯᠦᠯᠴᠡᠬᠦ︾ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃    ᠵᠢᠷᠭᠤᠭ᠎ᠠ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠦᠨ᠎ᠡ    ᠮᠠᠨ ᠤ ᠠᠶᠢᠮᠠᠭ ᠤᠨ 2023 ᠣᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ ᠳᠡᠭᠡᠭᠰᠢᠯᠡᠭᠦᠯᠬᠦ ᠲᠥᠰᠦᠯ ᠳᠤ ᠵᠠᠰᠠᠪᠤᠷᠢ ᠣᠷᠣᠭᠤᠯᠵᠤ᠂ ︽ᠲᠦᠢᠯ ᠤᠨ ᠳᠥᠭᠦᠮ︾ ᠬᠢᠨᠠᠨ ᠵᠥᠪᠰᠢᠶᠡᠷᠡᠬᠦ᠂ ︽ᠲᠦᠢᠯ ᠤᠨ ᠰᠢᠯᠢᠳᠡᠭ︾ ᠦᠢᠯᠡᠴᠢᠯᠡᠭᠡ᠂ ︽ᠲᠦᠢᠯ ᠤᠨ ᠣᠨᠣᠪᠴᠢᠲᠠᠶ︾ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠪᠠ ᠲᠥᠪᠯᠡᠷᠡᠭᠦᠯᠦᠨ ᠦᠢᠯᠡᠴᠢᠯᠡᠬᠦ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠵᠠᠬ᠎ᠠ ᠳᠡᠯᠭᠡᠭᠦᠷ ᠢ ᠰᠢᠯᠤᠭᠤᠳᠬᠠᠨ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ︾ ᠲᠤᠰᠬᠠᠶ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ︽ᠠᠵᠤ ᠠᠬᠤᠶᠢᠯᠠᠯ ᠤᠨ ᠬᠠᠪᠰᠤᠷᠤᠨ ᠲᠡᠳᠬᠦᠬᠦ ᠬᠠᠮᠢᠶᠠᠷᠤᠭᠴᠢ︾ ᠶᠢᠨ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠢ ᠬᠠᠪᠰᠤᠷᠤᠨ ᠪᠠᠯᠠ ᠮᠥᠩᠭᠦ ᠡᠷᠢᠵᠦ᠂ ᠲᠦᠭᠦᠬᠡᠶ ᠮᠠᠲ᠋ᠧᠷᠢᠶᠠᠯ ᠡᠷᠢᠵᠦ᠂ ᠠᠵᠢᠯᠴᠢᠨ ᠡᠷᠢᠵᠦ᠂ ᠵᠠᠬ᠎ᠠ ᠳᠡᠯᠭᠡᠭᠦᠷ ᠡᠷᠢᠨ᠎ᠡ᠃    
 
ᠢᠷᠡᠯᠲᠡ᠄ ᠠᠯᠠᠱᠠ ᠠᠶᠢᠮᠠᠭ ᠤᠨ ᠵᠠᠬᠢᠷᠭ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号